ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠴᠠ ︽ | 2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ | ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ | ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠤᠨ ᠬᠠᠷᠢᠭᠤᠴᠠᠯᠭᠠᠲᠠᠨ ︽ᠬᠡᠷᠡᠭᠵᠢᠭᠦᠯᠬᠦ ᠰᠠᠨᠠᠯ︾ ᠤᠨ ᠬᠤᠯᠪᠣᠭᠳᠠᠯ ᠪᠦᠬᠦᠢ | ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠠᠰᠠᠭᠤᠯᠲᠠ᠄ ︽ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠮᠠᠷ ᠪᠣᠶ︖ | ᠬᠠᠷᠢᠭᠤᠯᠲᠠ᠄ | ᠰᠢ ᠶᠢᠨ ᠫᠢᠩ ᠶᠡᠷᠦᠩᠬᠡᠢ ᠱᠦᠵᠢ ᠴᠢᠬᠤᠯᠠᠴᠢᠯᠠᠬᠤ ᠳᠤ ᠪᠠᠨ᠂ ᠡᠯ᠎ᠡ ᠵᠦᠢᠯ ᠤᠨ ᠲᠦᠭᠰᠢᠭᠦᠷᠢ ᠶᠢᠨ | ᠰᠢᠯᠭᠠᠯᠲᠠ ᠶᠢ ᠠᠷᠭᠠᠴᠠᠭᠠᠬᠤ ᠳᠤ ᠡᠷᠬᠡᠪᠰᠢ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠶᠢ ᠪᠣᠳᠣᠯᠬᠢᠯᠠᠨ᠂ | ᠲᠠᠷᠢᠶᠠᠯᠠᠩ ᠤᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠤ᠂ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ | ︾ ᠤ ᠠᠵᠢᠯ ᠢ ᠰᠠᠶᠢᠲᠤᠷ ᠬᠢᠵᠦ᠂ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠭᠠᠷᠤᠯᠲᠠ ᠶᠢ | ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠦᠨᠡᠨ ᠬᠦ ᠪᠠᠲᠤᠯᠠᠵᠤ᠂ ᠲᠠᠷᠢᠶᠠᠯᠠᠩ ᠬᠥᠳᠡᠭᠡ ᠲᠣᠰᠬᠤᠨ ᠤ | ᠲᠣᠭᠲᠠᠭᠤᠨ ᠢᠶᠠᠷ ᠬᠥᠭᠵᠢᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | 2021 ᠣᠨ ᠳᠤ᠂ ᠮᠠᠨ ᠤ ᠣᠷᠣᠨ ᠶᠡᠷᠦᠩᠬᠡᠢ ᠱᠦᠵᠢ ᠰᠢ ᠶᠢᠨ ᠫᠢᠩ ᠤ ︽ᠲᠠᠷᠢᠶᠠᠯᠠᠩ ᠬᠥᠳᠡᠭᠡ | ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠳᠤ | ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ | ᠳᠤᠭᠤᠰᠢᠯᠠᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠦᠬᠦ | ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠳᠤ ︽ᠠᠷᠪᠠᠨ ᠨᠠᠢᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ | ︾ ᠶᠢ ᠪᠡᠶᠡᠯᠡᠭᠦᠯᠵᠦ᠂ ᠮᠠᠯ ᠠᠵᠤ ᠠᠬᠤᠢ ᠶᠢᠨ ᠦᠢᠯᠡᠳᠪᠦᠷᠢᠯᠡᠯ ᠳᠤ ︽ᠠᠷᠪᠠᠨ ᠳᠣᠯᠣᠭᠠᠨ ᠵᠢᠯ ᠳᠠᠷᠠᠭᠠᠯᠠᠨ | ᠲᠣᠭᠲᠠᠭᠤᠨ ᠪᠠᠶᠢᠬᠤ︾ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ 18337 ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 10.7% ᠪᠠᠷ ᠨᠡᠮᠡᠭᠳᠡᠪᠡ᠃ ᠨᠡᠮᠡᠭᠳᠡᠯ ᠤᠨ ᠬᠤᠷᠳᠤᠴᠠ ᠨᠢ ᠬᠤᠲᠠ | ᠪᠠᠯᠭᠠᠰᠤᠨ ᠤ ᠰᠠᠭᠤᠭᠠᠯᠢ ᠠᠷᠠᠳ ᠠᠴᠠ 3.4 ᠵᠠᠭᠤᠨ ᠤ ᠨᠢᠭᠡᠴᠢ ᠥᠨᠳᠥᠷ ᠪᠠᠶᠢᠵᠤ᠂ ᠮᠠᠯᠵᠢᠬᠤ ᠲᠠᠷᠢᠶᠠᠯᠠᠬᠤ | ᠣᠷᠣᠨ ᠤ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ ᠬᠥᠳᠡᠭᠡ | ᠲᠣᠰᠬᠤᠨ ᠤ ᠵᠠᠰᠠᠯᠲᠠ ᠶᠢᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠨ᠂ ᠲᠠᠷᠢᠶᠠᠯᠠᠩ ᠮᠠᠯ ᠠᠵᠤ ᠠᠬᠤᠢ | ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠪᠠᠶᠢᠳᠠᠯ ᠦᠷᠭᠦᠯᠵᠢᠯᠡᠨ ᠰᠠᠶᠢᠵᠢᠷᠠᠵᠤ᠂ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠲᠤᠯᠠᠨ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠢ ᠯᠠᠪᠳᠠᠭᠤᠨ ᠪᠠᠲᠤᠲᠠᠢ ᠠᠯᠬᠤᠵᠤ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠰᠠᠶᠢᠨ ᠡᠬᠢᠯᠡᠯᠲᠡ ᠶᠢ ᠪᠡᠶᠡᠯᠡᠭᠦᠯᠬᠦ ᠳᠤ | ᠬᠦᠴᠦᠲᠡᠢ ᠲᠤᠯᠭᠠᠭᠤᠷᠢᠯᠠᠯ ᠬᠠᠩᠭᠠᠵᠠᠢ᠃ ᠣᠳᠣᠬᠠᠨ ᠳᠤ᠂ ᠵᠠᠭᠤᠨ ᠵᠢᠯ ᠤᠨ ᠬᠤᠪᠢᠷᠠᠯᠲᠠ ᠪᠠ ᠵᠠᠭᠤᠨ ᠵᠢᠯ ᠤᠨ | ᠬᠢᠵᠢᠭ ᠤᠨ ᠪᠠᠶᠢᠳᠠᠯ ᠰᠣᠯᠪᠢᠴᠠᠨ ᠳᠠᠪᠬᠤᠴᠠᠵᠤ᠂ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠭᠠᠳᠠᠭᠠᠳᠤ | ᠣᠷᠴᠢᠨ ᠨᠥᠬᠦᠴᠡᠯ ᠤᠨ ᠡᠮᠦᠨ᠎ᠡ᠂ ᠲᠠᠷᠢᠶᠠᠯᠠᠩ ᠤᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠤ᠂ ᠲᠠᠷᠢᠶᠠᠯᠠᠩ | ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠤᠨᠠᠯᠲᠠ ᠶᠢ | ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ | ᠂ ᠬᠥᠳᠡᠭᠡ ᠲᠣᠰᠬᠤᠨ ᠤ ᠠᠮᠤᠷ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠨᠢ ᠠᠵᠤ ᠠᠬᠤᠢ ᠨᠡᠶᠢᠭᠡᠮ ᠤᠨ | ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠳᠤ ᠣᠨᠴᠠᠭᠠᠶ ᠴᠢᠬᠤᠯᠠ ᠠᠴᠢ | ᠬᠤᠯᠪᠣᠭᠳᠠᠯ ᠲᠠᠢ ᠶᠤᠮ᠃ ᠡᠨᠡ ᠵᠢᠯ ᠤᠨ 1 ᠰᠠᠷ᠎ᠠ ᠶᠢᠨ 5 ᠤ ᠡᠳᠦᠷ᠂ ᠨᠠᠮ ᠤᠨ ᠲᠥᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶᠠᠨ ᠠᠴᠠ ︽2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶᠠᠨ ᠤ ᠰᠠᠨᠠᠯ︾ ᠢ ᠳᠠᠷᠤᠮᠠᠯᠯᠠᠨ ᠲᠠᠷᠬᠠᠭᠠᠵᠤ᠂ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ | ︾ ᠤ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠣᠯᠣᠨ ᠵᠠᠰᠠᠭ ᠤᠨ ᠣᠷᠳᠣᠨ ᠨᠠᠮ ᠤᠨ ᠲᠥᠪ ᠬᠤᠷᠢᠶᠠᠨ ᠤ ᠰᠢᠨ᠎ᠡ ᠬᠥᠭᠵᠢᠯᠲᠡ ᠶᠢᠨ ᠱᠠᠲᠤᠨ ᠳᠠᠬᠢ ︽ | ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ | ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ | ᠣᠷᠣᠨ ᠤ ᠪᠣᠳᠠᠲᠤ ᠪᠠᠶᠢᠳᠠᠯ ᠢ ᠲᠤᠭᠤᠰᠢᠯᠠᠭᠤᠯᠬᠤ ᠲᠠᠢ ᠤᠶᠠᠯᠳᠤᠭᠤᠯᠵᠤ᠂ ᠲᠥᠪ ᠤᠨ ︽ᠰᠠᠨᠠᠯ︾ ᠳᠤ | ᠳᠤᠷᠠᠳᠤᠭᠰᠠᠨ ᠴᠢᠬᠤᠯᠠ ᠶᠡᠭᠡ ᠡᠭᠦᠷᠭᠡ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠨᠠᠷᠢᠯᠢᠭᠵᠢᠭᠤᠯᠤᠨ ᠪᠠᠶᠢᠷᠢᠯᠠᠭᠤᠯᠵᠤ᠂ | ︽ᠬᠡᠷᠡᠭᠵᠢᠭᠦᠯᠬᠦ ᠰᠠᠨᠠᠯ︾ ᠢ ᠲᠣᠭᠲᠠᠭᠠᠨ ᠨᠡᠶᠢᠲᠡᠯᠡᠪᠡ᠃ | ᠠᠰᠠᠭᠤᠯᠲᠠ᠄ ︽ᠬᠡᠷᠡᠭᠵᠢᠭᠦᠯᠬᠦ ᠰᠠᠨᠠᠯ︾ ᠤᠨ ᠭᠤᠣᠯ ᠠᠭᠤᠯᠭ᠎ᠠ ᠨᠢ ᠶᠠᠭᠤ ᠪᠣᠶ︖ | ᠬᠠᠷᠢᠭᠤᠯᠲᠠ᠄ ︽ᠬᠡᠷᠡᠭᠵᠢᠭᠦᠯᠬᠦ ᠰᠠᠨᠠᠯ︾ ᠳᠤ 37 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠤᠨ | ᠭᠠᠷᠭᠠᠵᠤ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ᠂ ᠲᠠᠷᠢᠶᠠᠨ ᠭᠠᠵᠠᠷ ᠢ | ᠬᠠᠮᠠᠭᠠᠯᠠᠬᠤ ᠪᠠ ᠪᠦᠲᠦᠭᠡᠨ ᠪᠠᠶᠢᠭᠤᠯᠬᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠠᠵᠤ | ᠦᠢᠯᠡᠰᠵᠢᠭᠦᠯᠦᠨ ᠬᠥᠭᠵᠢᠭᠦᠯᠬᠦ᠂ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭ ᠢ ᠳᠡᠭᠡᠭᠰᠢᠯᠡᠭᠦᠯᠬᠦ᠂ | ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠵᠡᠷᠭᠡ | ᠵᠢᠷᠭᠤᠭᠠᠨ ᠶᠡᠭᠡ ᠠᠵᠢᠯᠯᠠᠭ᠎ᠠ ᠵᠡᠷᠭᠡ ᠪᠣᠳᠠᠲᠠᠢ ᠠᠷᠭ᠎ᠠ ᠬᠡᠮᠵᠢᠶ᠎ᠡ ᠶᠢ ᠭᠦᠨᠵᠡᠭᠡᠢ ᠬᠡᠷᠡᠭᠵᠢᠭᠦᠯᠬᠦ ᠪᠠᠷ ᠲᠣᠳᠣᠷᠬᠠᠢ | ᠲᠣᠭᠲᠠᠭᠠᠵᠤ᠂ 55 ᠵᠦᠢᠯ ᠤᠨ ᠪᠣᠳᠠᠲᠠᠢ ᠭᠦᠢᠴᠡᠳᠬᠡᠯ ᠲᠤᠭ᠎ᠠ ᠶᠢ ᠵᠢᠭᠰᠠᠭᠠᠵᠠᠢ᠃ ︽ᠬᠡᠷᠡᠭᠵᠢᠭᠦᠯᠬᠦ ᠰᠠᠨᠠᠯ︾ ᠤᠨ | ᠭᠤᠣᠯ ᠠᠭᠤᠯᠭ᠎ᠠ ᠶᠢ ᠬᠤᠷᠢᠶᠠᠩᠭᠤᠶᠢᠯᠠᠪᠠᠯ᠄ ︽ᠬᠤᠶᠠᠷ ᠬᠤᠷᠢᠭ᠎ᠠ ᠱᠤᠭᠤᠮ︾ ᠢ ᠪᠠᠲᠤ ᠰᠠᠬᠢᠵᠤ᠂ ︽ᠭᠤᠷᠪᠠᠨ | ᠵᠦᠢᠯ ᠤᠨ ᠭᠤᠣᠯᠳᠠᠯᠭ᠎ᠠ︾ ᠶᠢ ᠰᠠᠶᠢᠲᠤᠷ ᠠᠳᠬᠤᠵᠤ᠂ ︽ᠳᠥᠷᠪᠡᠨ ᠵᠦᠢᠯ ᠤᠨ ᠲᠤᠯᠭᠠᠭᠤᠷᠢᠯᠠᠯ︾ ᠢ | ᠴᠢᠩᠭᠠᠷᠠᠭᠤᠯᠤᠨ᠂ ︽ᠨᠢᠭᠡ ᠶᠢ ᠴᠢᠩᠭᠠᠳᠬᠠᠬᠤ︾ ᠶᠢ ᠪᠠᠷᠢᠮᠲᠠᠯᠠᠬᠤ ᠪᠤᠯᠤᠨ᠎ᠠ᠃ ︽ᠬᠤᠶᠠᠷ ᠬᠤᠷᠢᠭ᠎ᠠ ᠱᠤᠭᠤᠮ︾ | ᠢ ᠪᠠᠲᠤ ᠰᠠᠬᠢᠬᠤ ᠪᠣᠯ ᠳᠠᠷᠤᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠ | ᠬᠡᠪᠴᠢᠶᠡᠵᠢᠭᠰᠡᠨ ᠴᠢᠨᠠᠷᠲᠠᠢ ᠪᠠᠷ ᠲᠠᠬᠢᠨ ᠶᠠᠳᠠᠭᠤᠷᠠᠬᠤ ᠦᠭᠡᠢ ᠪᠠᠶᠢᠬᠤ ᠬᠤᠶᠠᠷ ᠬᠤᠷᠢᠭ᠎ᠠ ᠱᠤᠭᠤᠮ ᠢ ᠪᠠᠲᠤ ᠰᠠᠬᠢᠬᠤ | ᠶᠠᠪᠤᠳᠠᠯ ᠪᠣᠯᠣᠨ᠎ᠠ᠃ ᠠᠮᠤ ᠪᠤᠳᠠᠭᠠᠨ ᠤ ᠦᠢᠯᠡᠳᠪᠦᠷᠢᠯᠡᠯ ᠪᠣᠯᠣᠨ ᠴᠢᠬᠤᠯᠠ ᠪᠣᠯᠬᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠠᠷᠢᠶᠠᠨ | ᠭᠠᠵᠠᠷ ᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠬᠠᠲᠠᠭᠤ ᠠᠷᠭ᠎ᠠ ᠬᠡᠮᠵᠢᠶ᠎ᠡ ᠶᠢ ᠨᠡᠩ ᠶᠡᠭᠡ ᠡᠷᠴᠢᠮ ᠢᠶᠠᠷ | ᠰᠠᠶᠢᠲᠤᠷ ᠨᠠᠶᠢᠳᠠᠪᠤᠷᠢᠵᠢᠭᠤᠯᠤᠨ᠂ ᠠᠮᠤ ᠪᠤᠳᠠᠭ᠎ᠠ ᠲᠠᠷᠢᠬᠤ ᠲᠠᠯᠠᠪᠠᠢ ᠶᠢ 10290 ᠲᠦᠮᠡᠨ ᠮᠦ ᠳᠤ | ᠲᠣᠭᠲᠠᠪᠤᠷᠢᠵᠢᠭᠤᠯᠵᠤ᠂ ᠤᠨᠠᠯᠲᠠ ᠶᠢ 750 ᠳ᠋ᠦᠩᠰᠢᠭᠤᠷ ᠵᠢᠩ ᠣᠷᠴᠢᠮ ᠳᠤ ᠲᠣᠭᠲᠠᠪᠤᠷᠢᠵᠢᠭᠤᠯᠬᠤ ᠶᠢ ᠪᠠᠲᠤᠯᠠᠨ᠂ | ︽ᠢᠳᠡᠰᠢᠨ ᠨᠤᠭᠤᠭ᠎ᠠ︾ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠬᠡᠷᠡᠭᠲᠡᠢ︔ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠦᠨ | ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠭᠠᠵᠠᠷ ᠣᠷᠣᠨ ᠢ ᠬᠠᠪᠰᠤᠷᠤᠨ ᠲᠡᠳᠬᠦᠬᠦ ᠡᠷᠴᠢᠮ ᠢᠶᠠᠨ | ᠴᠢᠩᠭᠠᠷᠠᠭᠤᠯᠤᠨ᠂ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠣᠯᠬᠤ ᠶᠢ ᠠᠬᠢᠭᠤᠯᠵᠤ᠂ ᠬᠡᠪᠴᠢᠶᠡᠵᠢᠭᠰᠡᠨ ᠴᠢᠨᠠᠷᠲᠠᠢ ᠪᠠᠷ ᠲᠠᠬᠢᠨ ᠶᠠᠳᠠᠭᠤᠷᠠᠬᠤ ᠪᠠᠶᠢᠳᠠᠯ ᠡᠭᠦᠰᠬᠦ ᠦᠭᠡᠢ | ᠪᠠᠶᠢᠬᠤ ᠶᠢ ᠪᠠᠲᠤᠯᠠᠨ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢ ᠦᠷᠭᠦᠯᠵᠢᠯᠡᠨ | ᠨᠡᠮᠡᠭᠳᠡᠭᠦᠯᠬᠦ ᠶᠢ ᠠᠬᠢᠭᠤᠯᠤᠨ᠎ᠠ᠃ ︽ᠭᠤᠷᠪᠠᠨ ᠭᠤᠣᠯᠳᠠᠯᠭ᠎ᠠ︾ ᠶᠢ ᠰᠠᠶᠢᠲᠤᠷ ᠠᠳᠬᠤᠬᠤ ᠪᠣᠯ ᠳᠠᠷᠤᠢ ᠬᠥᠳᠡᠭᠡ | ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ | ᠵᠠᠰᠠᠯᠲᠠ ᠶᠢᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠡᠮᠬᠢ ᠳᠢᠭᠯᠢᠮ ᠲᠠᠢ ᠰᠠᠶᠢᠲᠤᠷ ᠬᠢᠬᠦ ᠶᠠᠪᠤᠳᠠᠯ | ᠪᠣᠯᠣᠨ᠎ᠠ᠃ ᠬᠥᠳᠡᠭᠡ ᠲᠣᠰᠬᠤᠨ ᠤ ᠬᠥᠭᠵᠢᠯᠲᠡ ᠶᠢᠨ ᠲᠠᠯ᠎ᠠ ᠪᠠᠷ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ | ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠵᠡᠷᠭᠡ ᠲᠠᠯ᠎ᠠ ᠶᠢᠨ ᠬᠠᠷᠢᠴᠠᠩᠭᠤᠢ | ᠳᠠᠪᠠᠭᠤᠯᠢᠭ ᠢ ᠪᠠᠳᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ | ᠦᠢᠯᠡᠰ ᠤᠨ ᠠᠭᠤᠰᠤᠯᠴᠠᠨ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠮᠠᠯᠴᠢᠨ ᠲᠠᠷᠢᠶᠠᠴᠢᠨ ᠢ ᠳᠠᠶᠢᠴᠢᠯᠠᠨ | ᠲᠤᠬᠠᠢ ᠶᠢᠨ ᠭᠠᠵᠠᠷ ᠪᠤᠶᠤ ᠣᠶᠢᠷ᠎ᠠ ᠬᠠᠪᠢ ᠳᠤ ᠪᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠦᠨ᠎ᠡ︔ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠬᠡᠷᠡᠭᠵᠢᠭᠦᠯᠬᠦ ᠲᠣᠭᠲᠠᠴᠠ ᠶᠢ ᠪᠦᠷᠢᠨᠰᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ | ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ | ᠪᠣᠳᠠᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ︔ ᠬᠥᠳᠡᠭᠡ ᠲᠣᠰᠬᠤᠨ ᠤ ᠵᠠᠰᠠᠯᠲᠠ ᠶᠢᠨ ᠲᠠᠯ᠎ᠠ ᠪᠠᠷ᠂ | ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ | ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷᠠᠬᠢ ᠥᠪᠡᠷᠲᠡᠭᠡᠨ ᠵᠠᠰᠠᠬᠤ᠂ | ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ | ᠰᠢᠰᠲ᠋ᠧᠮᠵᠢ ᠶᠢ ᠪᠦᠷᠢᠨᠰᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠮᠤᠷ ᠲᠠᠶᠢᠪᠤᠩ ᠲᠣᠭᠲᠠᠭᠤᠨ ᠢ | ᠦᠨᠡᠨ ᠬᠦ ᠬᠠᠮᠠᠭᠠᠯᠠᠨ᠎ᠠ᠃ ︽ᠳᠥᠷᠪᠡᠨ ᠵᠦᠢᠯ ᠤᠨ ᠪᠠᠲᠤᠯᠠᠭ᠎ᠠ︾ ᠶᠢ ᠴᠢᠩᠭᠠᠳᠬᠠᠬᠤ ᠭᠡᠳᠡᠭ ᠨᠢ ᠳᠠᠷᠤᠢ | ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ | ᠪᠡᠯᠡ ᠮᠥᠩᠭᠦ ᠶᠢᠨ ᠣᠷᠣᠭᠤᠯᠤᠯᠲᠠ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠴᠢᠳᠠᠪᠤᠷᠢᠲᠠᠨ ᠤ ᠡᠩᠨᠡᠭᠡ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠥᠷᠪᠡᠨ ᠲᠠᠯ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠬᠤ ᠶᠠᠪᠤᠳᠠᠯ ᠪᠣᠯᠣᠨ᠎ᠠ᠃ ︽ᠨᠢᠭᠡ ᠶᠢ | ᠴᠢᠩᠭᠠᠳᠬᠠᠬᠤ︾ ᠶᠢ ᠪᠠᠷᠢᠮᠲᠠᠯᠠᠬᠤ ᠪᠣᠯ ᠳᠠᠷᠤᠢ ᠨᠠᠮ ᠠᠴᠠ ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ | ᠮᠠᠯᠵᠢᠬᠤ ᠣᠷᠣᠨ ᠮᠠᠯᠴᠢᠨ ᠲᠠᠷᠢᠶᠠᠴᠢᠨ︾ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠬᠤ ᠶᠠᠪᠤᠳᠠᠯ ᠪᠣᠯᠣᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠬᠢᠨᠠᠨ ᠰᠢᠯᠭᠠᠬᠤ ᠲᠣᠭᠲᠠᠴᠠ ᠶᠢ ᠪᠦᠷᠢᠨᠰᠢᠭᠦᠯᠬᠦ᠂ ᠨᠠᠮ ᠤᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ | ᠪᠠᠶᠢᠭᠤᠯᠤᠮᠵᠢ ᠶᠢ ᠪᠠᠶᠢᠭᠤᠯᠤᠨ ᠬᠦᠴᠦᠷᠬᠡᠭᠵᠢᠭᠦᠯᠬᠦ᠂ ᠴᠡᠭ ᠢ ᠠᠳᠬᠤᠨ ᠪᠦᠬᠦ ᠲᠠᠯ᠎ᠠ ᠶᠢ ᠳᠠᠶᠢᠴᠢᠯᠠᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠥᠷᠨᠢᠭᠦᠯᠬᠦ ᠶᠢ ᠠᠬᠢᠭᠤᠯᠬᠤ ᠵᠡᠷᠭᠡ ᠲᠠᠯ᠎ᠠ ᠪᠠᠷ | ᠲᠣᠳᠣᠷᠬᠠᠢ ᠱᠠᠭᠠᠷᠳᠠᠯᠭ᠎ᠠ ᠳᠤᠷᠠᠳᠪᠠ᠃ | ᠠᠰᠠᠭᠤᠯᠲᠠ᠄ ᠥᠪᠥᠷ ᠮᠣᠩᠭᠤᠯ ᠤᠯᠤᠰ ᠤᠨ ︽ᠠᠮᠤ ᠪᠤᠳᠠᠭᠠᠨ ᠤ ᠬᠥᠮᠥᠷᠭᠡ︾᠂ ︽ᠰᠦ ᠶᠢᠨ ᠬᠦᠮᠦᠷᠭᠡ | ︾᠂ ︽ᠮᠢᠬᠠᠨ ᠤ ᠬᠥᠮᠥᠷᠭᠡ︾ ᠪᠣᠯᠤᠭᠰᠠᠨ ᠤ ᠬᠤᠪᠢ ᠳᠤ᠂ ᠡᠨᠡ ᠵᠢᠯ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠪᠠ ᠴᠢᠬᠤᠯᠠ ᠪᠣᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ | ᠪᠠᠲᠤᠯᠠᠬᠤ ᠲᠠᠯ᠎ᠠ ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠤᠭᠰᠠᠨ ᠪᠣᠶ︖ | ᠬᠠᠷᠢᠭᠤᠯᠲᠠ᠄ ︽ᠬᠡᠷᠡᠭᠵᠢᠭᠦᠯᠬᠦ ᠰᠠᠨᠠᠯ︾ ᠳᠤ ᠭᠤᠣᠯᠳᠠᠭᠤ ᠳᠥᠷᠪᠡᠨ ᠲᠠᠯ᠎ᠠ ᠪᠠᠷ ᠪᠠᠶᠢᠷᠢᠯᠠᠭᠤᠯᠤᠯᠲᠠ | ᠲᠣᠬᠢᠷᠠᠭᠤᠯᠤᠯᠲᠠ ᠬᠢᠪᠡ᠄ ᠨᠢᠭᠡ ᠳᠤ ᠠᠮᠤ ᠪᠤᠳᠠᠭᠠᠨ ᠤ ᠦᠢᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠰᠠᠶᠢᠲᠤᠷ | ᠠᠳᠬᠤᠨ᠎ᠠ᠃ ᠤᠯᠤᠰ ᠤᠨ 13 ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠨᠢᠭᠡ ᠪᠣᠯᠤᠭᠰᠠᠨ ᠤ | ᠬᠤᠪᠢ ᠳᠤ᠂ ᠪᠢᠳᠡ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭ᠎ᠠ | ᠡᠭᠦᠷᠭᠡᠯᠡᠬᠦ ᠪᠠᠨ ᠴᠢᠩᠭᠠᠳᠬᠠᠵᠤ᠂ ᠠᠮᠤ ᠪᠤᠳᠠᠭᠠᠨ ᠤ ᠠᠮᠤᠷ ᠲᠦᠪᠰᠢᠨ ᠤ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ | ᠪᠠᠶᠢᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠯᠲᠠ ᠶᠢ ᠥᠷᠨᠢᠭᠦᠯᠵᠦ᠂ ᠠᠮᠤ ᠪᠤᠳᠠᠭᠠᠨ ᠤ ᠤᠨᠠᠯᠲᠠ ᠶᠢ | ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠠᠮᠤ ᠪᠤᠳᠠᠭ᠎ᠠ ᠲᠠᠷᠢᠬᠤ ᠲᠠᠯᠠᠪᠠᠢ | ᠪᠣᠯᠣᠨ ᠠᠮᠤ ᠪᠤᠳᠠᠭᠠᠨ ᠤ ᠤᠨᠠᠯᠲᠠ ᠶᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠲᠠᠷᠢᠶᠠᠯᠠᠩ ᠤᠨ | ᠪᠦᠲᠦᠴᠡ ᠶᠢ ᠤᠯᠠᠮ ᠨᠢᠭᠡ ᠠᠯᠬᠤᠮ ᠲᠣᠬᠢᠷᠠᠭᠤᠯᠤᠨ ᠰᠢᠯᠢᠳᠡᠭᠵᠢᠭᠦᠯᠵᠦ᠂ ᠰᠢᠷ᠎ᠠ ᠪᠤᠷᠴᠠᠭ ᠪᠠ ᠡᠷᠳᠡᠨᠢ ᠰᠢᠰᠢ ᠶᠢᠨ | ᠪᠦᠰᠡᠯᠢᠭ ᠬᠡᠯᠪᠡᠷᠢᠲᠡᠢ ᠰᠣᠯᠢᠪᠴᠠᠯ ᠲᠠᠷᠢᠶᠠᠯᠠᠭ᠎ᠠ ᠶᠢ ᠶᠡᠭᠡ ᠪᠠᠷ ᠬᠥᠭᠵᠢᠭᠦᠯᠵᠦ᠂ ᠰᠢᠷ᠎ᠠ ᠪᠤᠷᠴᠠᠭ ᠪᠠ ᠲᠣᠰᠣᠯᠢᠭ | ᠲᠠᠷᠢᠮᠠᠯ ᠤᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠢ ᠬᠦᠴᠦᠷᠬᠡᠭᠵᠢᠭᠦᠯᠦᠨ | ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠤᠨ ᠪᠦᠷᠢᠨ ᠥᠪᠡᠷ ᠤᠨ ᠦᠷᠲᠡᠭ ᠤᠨ ᠳᠠᠭᠠᠳᠬᠠᠯ ᠪᠠ ᠲᠠᠷᠢᠮᠠᠯ ᠤᠨ | ᠣᠷᠣᠯᠭ᠎ᠠ ᠶᠢᠨ ᠳᠠᠭᠠᠳᠬᠠᠯ᠂ ᠠᠮᠤ ᠪᠤᠳᠠᠭᠠᠨ ᠤ ᠭᠠᠷᠤᠯᠲᠠ ᠶᠢᠨ ᠲᠣᠮᠣ ᠰᠢᠶᠠᠨ ᠢ ᠪᠦᠬᠦᠨ ᠢ ᠬᠠᠮᠤᠷᠬᠤ ᠶᠢ | ᠪᠡᠶᠡᠯᠡᠭᠦᠯᠵᠦ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠲᠦᠷᠭᠡᠪᠴᠢᠯᠡᠨ ᠬᠥᠭᠵᠢᠭᠦᠯᠵᠦ᠂ | ᠲᠠᠷᠢᠶᠠᠴᠢᠳ ᠤᠨ ᠠᠮᠤ ᠪᠤᠳᠠᠭ᠎ᠠ ᠳᠠᠷᠢᠭᠰᠠᠨ ᠤ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠡᠯ᠎ᠡ ᠭᠠᠵᠠᠷ ᠤᠨ ᠲᠠᠷᠢᠶᠠᠯᠠᠩ ᠢ ᠴᠢᠬᠤᠯᠠᠴᠢᠯᠠᠨ ᠠᠮᠤ ᠪᠤᠳᠠᠭ᠎ᠠ ᠶᠢ ᠠᠳᠬᠤᠬᠤ᠂ | ᠲᠠᠷᠢᠶᠠᠴᠢᠳ ᠤᠨ ᠲᠠᠷᠢᠶᠠᠨ ᠠᠵᠢᠯ ᠬᠢᠵᠦ ᠠᠮᠤ ᠪᠤᠳᠠᠭ᠎ᠠ ᠲᠠᠷᠢᠬᠤ ᠢᠳᠡᠪᠬᠢᠵᠢᠯ ᠢ ᠭᠦᠢᠴᠡᠳ ᠳᠠᠶᠢᠴᠢᠯᠠᠨ᠎ᠠ᠃ | ᠬᠤᠶᠠᠷ ᠲᠤ ︽ᠬᠤᠯᠢᠰᠢᠨ ᠢᠳᠡᠭᠡ︾ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠨ᠎ᠠ᠃ ︽ᠢᠳᠡᠰᠢᠨ | ᠨᠣᠭᠤᠭ᠎ᠠ︾ ᠶᠢᠨ ᠠᠶᠢᠮᠠᠭ ᠬᠤᠲᠠ ᠶᠢᠨ ᠳᠠᠷᠤᠭ᠎ᠠ ᠬᠠᠷᠢᠭᠤᠴᠠᠬᠤ ᠳᠦᠷᠢᠮ ᠤᠨ ᠰᠢᠯᠭᠠᠨ ᠬᠢᠨᠠᠬᠤ ᠶᠢ ᠥᠷᠨᠢᠭᠦᠯᠵᠦ᠂ | ᠴᠢᠬᠤᠯᠠ ᠪᠣᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ | ᠰᠦ ᠶᠢᠨ ᠦᠢᠯᠡᠰ ᠤᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠪᠥᠬᠦ | ᠣᠷᠣᠨ ᠤ ᠰᠦ ᠶᠢᠨ ᠭᠠᠷᠤᠯᠲᠠ ᠶᠢ 720 ᠲᠦᠮᠡᠨ ᠲᠣᠨ ᠠᠴᠠ ᠳᠠᠪᠠᠭᠤᠯᠬᠤ ᠪᠠᠷ ᠴᠢᠷᠮᠠᠶᠢᠨ᠎ᠠ᠃ ᠠᠯᠠᠰᠢᠨ ᠦᠬᠡᠷ | ᠠᠯᠠᠰᠢᠨ ᠬᠤᠨᠢᠨ ᠤ ᠬᠥᠭᠵᠢᠯᠲᠡ ᠶᠢᠨ ᠲᠠᠪᠤᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠭᠠᠭ᠋ᠠᠢ ᠶᠢᠨ | ᠦᠢᠯᠡᠳᠪᠦᠷᠢᠯᠡᠯ ᠤᠨ ᠣᠷᠳᠣ ᠬᠤᠭᠤᠴᠠᠭᠠᠨ ᠤ ᠪᠦᠲᠦᠮᠵᠢᠲᠡᠶ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠲᠡᠵᠢᠭᠡᠯ ᠡᠪᠡᠰᠦ ᠪᠣᠷᠳᠣᠭᠠᠨ ᠤ ᠲᠤᠰᠬᠠᠶᠢᠵᠢᠭᠰᠠᠨ ᠦᠢᠯᠡᠳᠪᠦᠷᠢᠯᠡᠯ ᠢ ᠬᠥᠭᠵᠢᠭᠦᠯᠵᠦ᠂ | ᠦᠬᠡᠷ ᠬᠤᠨᠢᠨ ᠮᠢᠬ᠎ᠠ ᠶᠢᠨ 180 ᠲᠦᠮᠡᠨ ᠲᠣᠨ ᠣᠷᠴᠢᠮ ᠳᠤ ᠲᠣᠭᠲᠠᠭᠤᠨ ᠪᠠᠶᠢᠯᠭᠠᠬᠤ ᠶᠢ ᠦᠨᠡᠨ ᠬᠦ | ᠪᠠᠲᠤᠯᠠᠨ᠎ᠠ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠲᠦᠬᠦᠭᠡᠷᠦᠮᠵᠢᠲᠦ ᠲᠠᠷᠢᠶᠠᠯᠠᠩ ᠮᠠᠯ | ᠠᠵᠤ ᠠᠬᠤᠢ ᠶᠢ ᠲᠦᠷᠭᠡᠳᠬᠡᠨ ᠬᠥᠭᠵᠢᠭᠦᠯᠵᠦ᠂ ᠨᠡᠯᠢᠶᠡᠳ ᠴᠢᠩᠭ᠎ᠠ ᠣᠷᠣᠨ ᠪᠦᠰᠡ ᠶᠢᠨ ᠥᠷᠢᠰᠦᠯᠳᠦᠬᠦ | ᠬᠦᠴᠦᠨ ᠲᠠᠢ ᠪᠠ ᠪᠥᠬᠦ ᠤᠯᠤᠰ ᠲᠤ ᠨᠥᠯᠥᠭᠡᠯᠡᠬᠦ ᠬᠦᠴᠦᠨ ᠲᠠᠢ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠰᠦᠪᠡᠭᠴᠢᠯᠡᠨ ᠪᠠᠶᠢᠭᠤᠯᠤᠨ᠎ᠠ᠃ ᠭᠤᠷᠪᠠ ᠳᠤ ᠲᠠᠷᠢᠶᠠᠨ ᠭᠠᠵᠠᠷ ᠢ ᠬᠠᠮᠠᠭᠠᠯᠠᠬᠤ ᠵᠠᠭᠤᠮᠠᠭᠠᠢ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠲᠠᠷᠢᠶᠠᠨ ᠭᠠᠵᠠᠷ ᠤᠨ ᠬᠠᠮᠠᠭᠠᠯᠠᠯᠲᠠ ᠪᠠ ᠪᠦᠲᠦᠭᠡᠨ | ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠲᠠᠷᠢᠶᠠᠨ ᠭᠠᠵᠠᠷ ᠤᠨ ᠬᠠᠮᠠᠭᠠᠯᠠᠯᠲᠠ ᠳᠤ ᠨᠠᠮ | ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠶᠢ ᠬᠡᠷᠡᠭᠵᠢᠭᠦᠯᠦᠨ᠂ ᠲᠠᠷᠢᠶᠠᠨ ᠭᠠᠵᠠᠷ ᠤᠨ ᠪᠠᠶᠢᠬᠤ ᠬᠡᠮᠵᠢᠶ᠎ᠡ ᠪᠠ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠷᠠᠯᠲᠠᠲᠤ ᠡᠭᠦᠷᠭᠡ ᠶᠢ ᠲᠤᠭ᠎ᠠ ᠶᠣᠰᠣᠭᠠᠷ | ᠣᠷᠣᠨ ᠪᠠᠶᠢᠷᠢ ᠲᠠᠢ ᠱᠠᠲᠤ ᠳᠠᠷᠠᠭᠠᠯᠠᠨ ᠬᠤᠪᠢᠶᠠᠷᠢᠯᠠᠨ ᠪᠠᠭᠤᠯᠭᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ | ᠬᠠᠲᠠᠭᠤ ᠭᠦᠢᠴᠡᠳᠬᠡᠬᠦ ᠲᠤᠭ᠎ᠠ ᠪᠣᠯᠭᠠᠨ ᠴᠢᠩᠭ᠎ᠠ ᠬᠢᠨᠠᠨ ᠰᠢᠯᠭᠠᠵᠤ᠂ ᠨᠢᠭᠡ ᠯᠡ ᠫᠢᠶᠣᠣ ᠪᠠᠷ ᠦᠭᠡᠶᠢᠰᠬᠡᠬᠦ᠂ | ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠬᠦ ᠶᠢ ᠬᠡᠷᠡᠭᠵᠢᠭᠦᠯᠦᠨ᠎ᠡ᠃ ᠲᠠᠷᠢᠶᠠᠨ ᠭᠠᠵᠠᠷ ᠤᠨ ᠬᠡᠷᠡᠭᠯᠡᠯᠲᠡ ᠶᠢᠨ | ᠵᠠᠬᠢᠷᠤᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ | ᠪᠠᠶᠢᠯᠭᠠᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠱᠠᠲᠤ ᠦᠶ᠎ᠡ ᠶᠢᠨ ᠴᠢᠨᠠᠷᠲᠠᠢ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠬᠠᠷ᠎ᠠ ᠬᠥᠷᠥᠰᠥ ᠶᠢ | ᠬᠠᠮᠠᠭᠠᠯᠠᠬᠤ ᠪᠠ ᠬᠤᠵᠢᠷᠯᠢᠭ ᠭᠠᠵᠠᠷ ᠢ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠲᠠᠷᠢᠶᠠᠨ ᠭᠠᠵᠠᠷ ᠤᠨ | ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠠᠷᠢᠶᠠᠨ ᠭᠠᠵᠠᠷ ᠪᠣᠯ ᠳᠠᠷᠤᠢ ᠲᠠᠷᠢᠶᠠᠨ ᠭᠠᠵᠠᠷ ᠮᠥᠨ | ᠪᠥᠭᠡᠳ ᠡᠷᠬᠡᠪᠰᠢ ᠰᠢᠯᠢᠳᠡᠭ ᠲᠠᠷᠢᠶᠠᠨ ᠭᠠᠵᠠᠷ ᠪᠠᠶᠢᠬᠤ ᠬᠡᠷᠡᠭᠲᠡᠢ ᠭᠡᠳᠡᠭ ᠢ ᠦᠨᠡᠨ ᠬᠦ ᠪᠡᠶᠡᠯᠡᠭᠦᠯᠬᠦ ᠬᠡᠷᠡᠭᠲᠡᠢ᠃ | ᠳᠥᠷᠪᠡ ᠳᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠲᠣᠨᠤᠭ | ᠲᠥᠬᠦᠭᠡᠷᠦᠮᠵᠢ ᠶᠢᠨ ᠲᠤᠯᠭᠠᠭᠤᠷᠢᠯᠠᠯ ᠢ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ᠤᠳᠤᠮᠰᠢᠯ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ᠂ ᠳᠠᠪᠠᠭᠤᠯᠢᠭ | ᠣᠨᠴᠠᠯᠢᠭᠲᠤ ᠡᠭᠦᠯᠳᠡᠷ ᠢ ᠪᠤᠶᠢᠵᠢᠭᠤᠯᠬᠤ᠂ ᠰᠠᠶᠢᠨ ᠡᠭᠦᠯᠳᠡᠷᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ | ᠲᠦᠯᠬᠢᠨ ᠠᠬᠢᠭᠤᠯᠵᠤ᠂ ᠪᠤᠶᠢᠵᠢᠭᠤᠯᠤᠨ ᠦᠷᠡᠵᠢᠭᠦᠯᠵᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ | ᠲᠦᠯᠬᠢᠨ ᠠᠬᠢᠭᠤᠯᠤᠨ᠎ᠠ᠃ ᠡᠪᠡᠰᠦᠨ ᠤ ᠦᠢᠯᠡᠰ᠂ ᠰᠠᠭᠠᠯᠢ ᠶᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ᠂ | ᠲᠥᠮᠥᠰᠥ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠢᠶᠠᠷ ᠭᠤᠣᠯᠳᠠᠯᠭ᠎ᠠ ᠪᠣᠯᠭᠠᠨ᠂ ︽ᠵᠠᠷᠯᠠᠨ | ᠮᠠᠩᠯᠠᠶᠢᠯᠠᠭᠤᠯᠬᠤ︾ ᠳᠦᠷᠢᠮ ᠢ ᠬᠡᠷᠡᠭᠵᠢᠭᠦᠯᠵᠦ᠂ ᠡᠭᠦᠯᠳᠡᠷ ᠤᠨ ᠦᠢᠯᠡᠰ ᠤᠨ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠦᠨ᠎ᠡ᠃ ᠰᠢᠨ᠎ᠡ ᠨᠢᠭᠡᠨ ᠡᠭᠡᠯᠵᠢ ᠶᠢᠨ ᠲᠠᠷᠢᠶᠠᠯᠠᠩ ᠤᠨ ᠮᠠᠰᠢᠨ | ᠬᠤᠳᠠᠯᠳᠤᠨ ᠠᠪᠬᠤ ᠪᠠ ᠬᠡᠷᠡᠭᠯᠡᠬᠦ ᠳᠤ ᠨᠥᠬᠦᠪᠦᠷᠢ ᠥᠭᠬᠦ ᠲᠦᠷᠦ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ | ᠬᠡᠷᠡᠭᠵᠢᠭᠦᠯᠵᠦ᠂ ᠲᠠᠷᠢᠶᠠᠯᠠᠩ ᠤᠨ ᠮᠠᠰᠢᠨ ᠪᠠᠭᠠᠵᠢ ᠶᠢ ᠰᠤᠳᠤᠯᠤᠨ ᠨᠡᠭᠡᠭᠡᠵᠦ ᠳᠡᠯᠭᠡᠷᠡᠭᠦᠯᠦᠨ ᠬᠡᠷᠡᠭᠯᠡᠬᠦ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ | ᠠᠰᠠᠭᠤᠯᠲᠠ᠄ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠦᠷᠭᠡᠳᠭᠡᠵᠦ᠂ ᠬᠡᠪᠴᠢᠶᠡᠵᠢᠭᠰᠡᠨ ᠴᠢᠨᠠᠷᠲᠠᠢ ᠪᠠᠷ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ | ᠰᠠᠬᠢᠬᠤ ᠲᠠᠯ᠎ᠠ ᠪᠠᠷ᠂ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠤᠭᠰᠠᠨ ᠪᠤᠢ︖ | ᠬᠠᠷᠢᠭᠤᠯᠲᠠ᠄ ᠶᠡᠷᠦᠩᠬᠡᠢ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢᠨ ᠤᠷᠢᠲᠠᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ | ᠦᠷ᠎ᠡ ᠪᠦᠲᠦᠭᠡᠯ ᠢ ᠪᠠᠬᠢᠵᠢᠭᠦᠯᠬᠦ ᠶᠠᠪᠤᠳᠠᠯ ᠪᠣᠯᠣᠨ᠎ᠠ᠂ ᠦᠷᠭᠦᠯᠵᠢᠯᠡᠨ ᠴᠢᠩᠭ᠎ᠠ ᠠᠳᠬᠤᠵᠤ ᠰᠠᠶᠢᠲᠤᠷ ᠠᠳᠬᠤᠵᠤ᠂ | ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠠᠮᠢᠳᠤᠷᠠᠯ ᠢ ᠨᠡᠩ ᠦᠨᠳᠦᠷ ᠳᠡᠭᠲᠡᠷ ᠲᠤ ᠭᠠᠷᠭᠠᠬᠤ ᠬᠡᠷᠡᠭᠲᠡᠢ | ᠭᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠶᠢ | ᠣᠯᠣᠭᠰᠠᠨ ᠤ ᠳᠠᠷᠠᠭ᠎ᠠ᠂ ᠠᠵᠢᠯ ᠤᠨ ᠲᠣᠭᠲᠠᠴᠠ᠂ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠪᠠᠶᠢᠭᠤᠯᠤᠮᠵᠢ | ᠡᠩᠨᠡᠭᠡ ᠵᠡᠷᠭᠡ ᠶᠢ ᠵᠣᠯᠭᠠᠭᠤᠯᠬᠤ ᠠᠵᠢᠯ ᠡᠮᠬᠢ ᠵᠢᠷᠤᠮ ᠲᠠᠢ ᠠᠬᠢᠵᠤ᠂ ᠮᠠᠨ ᠤ ᠣᠷᠣᠨ ᠤ ᠶᠠᠳᠠᠭᠤ ᠠᠴᠠ | ᠠᠩᠭᠢᠵᠢᠷᠠᠭᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠪᠣᠯᠪᠠᠴᠤ ᠬᠡᠰᠡᠭ ᠶᠠᠳᠠᠭᠤ ᠠᠴᠠ | ᠠᠩᠭᠢᠵᠢᠷᠠᠭᠤᠯᠬᠤ ᠭᠠᠵᠠᠷ ᠣᠷᠣᠨ ᠤ ᠬᠥᠭᠵᠢᠯᠲᠡ ᠶᠢᠨ ᠰᠠᠭᠤᠷᠢ ᠮᠦᠨ ᠬᠦ ᠨᠡᠯᠢᠶᠡᠳ ᠪᠠᠭᠤᠷᠠᠢ ᠪᠠᠶᠢᠵᠤ᠂ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠡᠭᠦᠷᠭᠡ ᠮᠦᠨ ᠬᠦ ᠨᠡᠯᠢᠶᠡᠳ ᠬᠦᠨᠳᠦ ᠪᠠᠶᠢᠨ᠎ᠠ᠃ ᠪᠢᠳᠡ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠬᠡᠪᠴᠢᠶᠡᠵᠢᠭᠰᠡᠨ ᠴᠢᠨᠠᠷᠲᠠᠢ ᠪᠠᠷ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠰᠠᠬᠢᠬᠤ ᠶᠠᠪᠤᠳᠠᠯ ᠢ ᠮᠠᠯᠵᠢᠬᠤ | ᠲᠠᠷᠢᠶᠠᠯᠠᠬᠤ ᠣᠷᠣᠨ ᠤ ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠨ ᠴᠢᠩᠭ᠎ᠠ ᠠᠳᠬᠤᠵᠤ ᠪᠣᠳᠠᠲᠠᠢ ᠪᠠᠷ | ᠠᠳᠬᠤᠬᠤ ᠬᠡᠷᠡᠭᠲᠡᠢ᠃ ᠲᠦᠷᠪᠡᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ ᠨᠢᠭᠡ ᠳᠤ ᠭᠤᠣᠯ | ᠪᠣᠯᠬᠤ ᠬᠠᠮᠲᠤᠯᠢᠭ ᠲᠤ ᠠᠩᠬᠠᠷᠤᠯ ᠢᠶᠠᠨ ᠲᠥᠪᠯᠡᠷᠡᠭᠦᠯᠦᠨ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠪᠠᠨ | ᠲᠡᠭᠦᠯᠳᠡᠷᠵᠢᠭᠦᠯᠦᠨ᠎ᠡ᠃ ᠵᠢᠭᠰᠠᠭᠠᠨ ᠪᠠᠶᠢᠴᠠᠭᠠᠬᠤ ᠪᠠ ᠭᠤᠶᠤᠴᠢᠯᠠᠨ ᠮᠡᠳᠡᠭᠦᠯᠬᠦ ᠲᠣᠭᠲᠠᠴᠠ ᠶᠢ ᠰᠢᠯᠢᠳᠡᠭᠵᠢᠭᠦᠯᠵᠦ᠂ | ᠳᠠᠬᠢᠨ ᠶᠠᠳᠠᠭᠤᠷᠠᠬᠤ᠂ ᠶᠠᠳᠠᠭᠤᠷᠠᠬᠤ ᠲᠦᠭᠰᠢᠭᠦᠷᠢ ᠲᠠᠢ ᠪᠠ ᠭᠡᠨᠡᠳᠲᠡ ᠬᠦᠨᠳᠦ ᠨᠣᠴᠢᠲᠠᠢ ᠬᠦᠴᠢᠷᠳᠡᠯ ᠲᠤᠯᠭᠠᠷᠠᠬᠤ | ᠮᠠᠯᠴᠢᠨ ᠲᠠᠷᠢᠶᠠᠴᠢᠨ ᠡᠷᠦᠬᠡ ᠶᠢ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠤᠨ᠎ᠠ᠃ ᠬᠢᠨᠠᠨ ᠬᠡᠮᠵᠢᠭᠳᠡᠬᠦ | ᠡᠲᠡᠭᠡᠳ ᠤᠨ ᠲᠦᠭᠰᠢᠭᠦᠷᠢ ᠶᠢᠨ ᠲᠦᠷᠦᠯ ᠢᠯᠭᠠᠯ ᠢ ᠦᠨᠳᠦᠰᠦᠯᠡᠨ᠂ ᠬᠥᠭᠵᠢᠯᠲᠡ ᠶᠢᠨ ᠬᠡᠷᠡᠭᠴᠡᠭᠡ ᠶᠢ ᠤᠨᠢᠨ | ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠠᠬᠢᠨ ᠶᠠᠳᠠᠭᠤᠷᠠᠬᠤ ᠶᠠᠳᠠᠭᠤᠷᠠᠬᠤ ᠲᠦᠭᠰᠢᠭᠦᠷᠢ ᠶᠢ | ᠲᠣᠭᠲᠠᠭᠤᠨ ᠢᠶᠠᠷ ᠠᠷᠢᠯᠭᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠰᠠᠶᠢᠲᠤᠷ ᠬᠢᠵᠦ᠂ ᠬᠠᠪᠰᠤᠷᠤᠨ ᠲᠡᠳᠬᠦᠬᠦ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ | ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠲᠠᠢ ᠬᠦᠷᠢᠶᠡᠨ ᠳᠤ | ᠠᠩᠬᠠᠷᠤᠯ ᠢᠶᠠᠨ ᠲᠥᠪᠯᠡᠷᠡᠭᠦᠯᠵᠦ ᠪᠠᠶᠢᠭᠠᠳ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢ | ᠦᠷᠭᠦᠯᠵᠢᠯᠡᠨ ᠲᠤᠭᠲᠠᠭᠤᠨ ᠢᠶᠠᠷ ᠨᠡᠮᠡᠭᠳᠡᠭᠦᠯᠦᠨ᠎ᠡ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ | ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠡᠮᠡᠭᠳᠡᠭᠦᠯᠵᠦ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠰᠠᠶᠢᠲᠤᠷ ᠬᠢᠵᠦ᠂ ᠵᠣᠯᠭᠠᠭᠤᠯᠬᠤ ᠪᠡᠯᠡ ᠮᠥᠩᠭᠦ ᠶᠢᠨ ᠠᠵᠤ ᠦᠢᠯᠡᠰ ᠤᠨ ᠬᠥᠭᠵᠢᠯᠲᠡ ᠳᠤ | ᠬᠡᠷᠡᠭᠯᠡᠬᠦ ᠬᠤᠪᠢ ᠶᠢᠨ ᠵᠢᠩ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠦᠢᠯᠡᠰ ᠢᠶᠠᠷ ᠳᠠᠶᠢᠴᠢᠯᠠᠬᠤ ᠪᠠᠷ | ᠳᠡᠮᠵᠢᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠭᠡᠷ ᠪᠦᠯᠢ ᠶᠢᠨ ᠡᠵᠡᠩᠨᠡᠯᠲᠡ ᠶᠢᠨ ᠴᠢᠨᠠᠷᠲᠠᠢ | ᠣᠷᠣᠯᠭ᠎ᠠ ᠶᠢ ᠨᠡᠮᠡᠭᠳᠡᠭᠦᠯᠦᠨ᠎ᠡ᠃ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠢ ᠬᠥᠭᠵᠢᠭᠦᠯᠬᠦ᠂ | ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠴᠢᠩᠭᠠᠳᠬᠠᠬᠤ᠂ ᠬᠠᠪᠰᠤᠷᠤᠨ | ᠲᠡᠳᠬᠦᠬᠦ ᠦᠢᠯᠡᠳᠪᠦᠷᠢ ᠶᠢᠨ ᠲᠠᠰᠤᠭ ᠤᠨ ᠬᠥᠭᠵᠢᠯᠲᠡ ᠶᠢ ᠳᠡᠮᠵᠢᠬᠦ᠂ ᠨᠡᠶᠢᠲᠡ ᠶᠢᠨ ᠠᠰᠠᠷᠠᠮᠵᠢ ᠶᠢᠨ ᠠᠵᠢᠯ ᠤᠨ | ᠪᠠᠶᠢᠷᠢ ᠶᠢ ᠰᠢᠯᠢᠳᠡᠭᠵᠢᠭᠦᠯᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠬᠤ ᠠᠷᠭ᠎ᠠ ᠵᠠᠮ ᠢ ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ | ᠬᠥᠳᠡᠯᠮᠦᠷᠢ ᠬᠦᠴᠦᠨ ᠤ ᠠᠵᠢᠯ ᠣᠯᠬᠤ ᠬᠡᠪᠴᠢᠶ᠎ᠡ ᠶᠢ ᠲᠤᠭᠲᠠᠪᠤᠷᠢᠵᠢᠭᠤᠯᠬᠤ ᠬᠡᠷᠡᠭᠲᠡᠢ᠃ ᠭᠤᠷᠪᠠ ᠳᠤ | ᠭᠤᠣᠯᠳᠠᠯᠭ᠎ᠠ ᠲᠠᠢ ᠭᠠᠵᠠᠷ ᠣᠷᠣᠨ ᠳᠤ ᠠᠩᠬᠠᠷᠤᠯ ᠢᠶᠠᠨ ᠲᠥᠪᠯᠡᠷᠡᠭᠦᠯᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ | ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠢᠭᠡ ᠪᠦᠯᠦᠭ | ᠳᠤᠲᠠᠭᠤᠳᠠᠯ ᠢ ᠨᠥᠬᠦᠪᠦᠷᠢᠯᠡᠵᠦ ᠬᠥᠭᠵᠢᠯᠲᠡ ᠶᠢ ᠠᠬᠢᠭᠤᠯᠬᠤ ᠲᠥᠷᠥᠯ ᠵᠦᠢᠯ ᠢ ᠬᠡᠷᠡᠭᠵᠢᠭᠦᠯᠦᠨ᠂ ᠪᠡᠯᠡ ᠮᠥᠩᠭᠦ᠂ | ᠴᠢᠳᠠᠪᠤᠷᠢᠲᠠᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠬᠥᠭᠵᠢᠯᠲᠡ ᠶᠢ ᠬᠢᠨᠠᠨ ᠬᠡᠮᠵᠢᠵᠦ ᠦᠨᠡᠯᠡᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠰᠢᠨ᠎ᠡ ᠠᠶᠠᠨ ᠵᠠᠮ ᠳᠤ ᠡᠩᠨᠡᠭᠡ ᠠᠴᠠ ᠪᠠᠨ ᠬᠤᠴᠣᠷᠬᠤ | ᠦᠭᠡᠢ ᠪᠠᠶᠢᠬᠤ ᠶᠢ ᠦᠨᠠᠨ ᠬᠦ ᠪᠠᠲᠤᠯᠠᠬᠤ ᠬᠡᠷᠡᠭᠲᠡᠢ᠃ ᠣᠨᠳᠣᠣ ᠭᠠᠵᠠᠷ ᠲᠤ ᠨᠡᠭᠦᠯᠭᠡᠵᠦ ᠲᠥᠪᠯᠡᠷᠡᠭᠦᠯᠦᠨ | ᠲᠥᠪᠬᠢᠨᠡᠭᠦᠯᠬᠦ ᠣᠷᠣᠨ ᠤ ᠦᠷᠭᠦᠯᠵᠢᠯᠡᠨ ᠲᠡᠳᠬᠦᠬᠦ ᠶᠢ ᠴᠢᠩᠭᠠᠷᠠᠭᠤᠯᠵᠤ᠂ ᠨᠡᠭᠦᠯᠭᠡᠬᠦ ᠨᠡᠶᠢᠭᠡᠮ ᠲᠣᠭᠤᠷᠢᠭ ᠤᠨ | ᠰᠠᠭᠤᠷᠢ ᠲᠦᠭᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠨᠡᠭᠦᠯᠭᠡᠭᠰᠡᠨ ᠣᠯᠠᠨ ᠲᠦᠮᠡᠨ ᠤ ᠯᠠᠪᠳᠠᠭᠤᠨ ᠲᠣᠭᠲᠠᠭᠤᠨ᠂ ᠠᠭᠤᠰᠤᠯᠴᠠᠵᠤ ᠳᠡᠶᠢᠯᠬᠦ᠂ | ᠠᠯᠬᠤᠮ ᠠᠯᠬᠤᠮ ᠢᠶᠠᠷ ᠪᠠᠶᠠᠵᠢᠨ ᠴᠢᠨᠡᠭᠡᠯᠢᠭᠵᠢᠬᠦ ᠶᠢ ᠦᠨᠠᠨ ᠬᠦ ᠪᠠᠲᠤᠯᠠᠬᠤ ᠬᠡᠷᠡᠭᠲᠡᠢ᠃ ᠳᠥᠷᠪᠡ ᠳᠤ ᠬᠠᠪᠰᠤᠷᠤᠨ | ᠲᠡᠳᠬᠦᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠯᠬᠢᠨ | ᠠᠬᠢᠭᠤᠯᠤᠨ᠎ᠠ᠃ ᠬᠠᠪᠰᠤᠷᠤᠨ ᠲᠡᠳᠬᠦᠬᠦ ᠭᠤᠣᠯ ᠲᠦᠷᠦ ᠶᠢᠨ ᠪᠣᠳᠣᠯᠭ᠎ᠠ ᠶᠢ ᠶᠡᠷᠦᠩᠬᠡᠢ ᠳᠤ ᠪᠠᠨ ᠲᠣᠭᠲᠠᠭᠤᠨ | ᠪᠠᠶᠢᠯᠭᠠᠵᠤ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠭᠵᠢᠯᠲᠡ ᠶᠢᠨ ᠴᠢᠳᠠᠪᠤᠷᠢ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠤᠨ ᠬᠦᠷᠢᠶ᠎ᠡ ᠴᠠᠷᠠᠭ᠎ᠠ ᠶᠢ ᠥᠷᠭᠡᠳᠬᠡᠨ᠂ | ᠬᠡᠷᠡᠭᠯᠡᠭᠡ ᠪᠠᠷ ᠬᠠᠪᠰᠤᠷᠤᠨ ᠲᠡᠳᠬᠦᠬᠦ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ︽ᠲᠦᠮᠡᠨ ᠠᠵᠤ | ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠵᠡᠷᠭᠡ ᠬᠠᠪᠰᠤᠷᠤᠨ ᠲᠡᠳᠬᠦᠬᠦ | ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠭᠡᠮ ᠢᠶᠠᠷ ᠢᠶᠠᠨ ᠬᠠᠪᠰᠤᠷᠤᠨ ᠲᠡᠳᠬᠦᠬᠦ ᠬᠦᠴᠦᠷᠬᠡᠭ ᠶᠡᠭᠡ | ᠨᠡᠶᠢᠯᠡᠯ ᠬᠦᠴᠦᠨ ᠢ ᠨᠢᠭᠲᠠᠷᠠᠭᠤᠯᠤᠨ᠎ᠠ᠃ | ᠠᠰᠠᠭᠤᠯᠲᠠ᠄ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠬᠡᠷᠬᠢᠨ ᠠᠬᠢᠭᠤᠯᠬᠤ ᠪᠤᠢ︖ | ᠶᠠᠮᠠᠷ ᠶᠠᠮᠠᠷ ᠭᠤᠣᠯᠳᠠᠯᠭ᠎ᠠ ᠲᠠᠢ ᠡᠭᠦᠷᠭᠡ ᠪᠠᠶᠢᠬᠤ ᠪᠤᠢ︖ | ᠬᠠᠷᠢᠭᠤᠯᠲᠠ᠄ ᠶᠡᠷᠦᠩᠬᠡᠢ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ᠂ ᠠᠵᠤ ᠦᠢᠯᠡᠰ ᠢ | ᠬᠥᠭᠵᠢᠭᠦᠯᠬᠦ ᠪᠣᠯ ᠬᠥᠳᠡᠭᠡ ᠲᠣᠰᠬᠤᠨ ᠤ ᠠᠯᠢᠪᠠ ᠠᠰᠠᠭᠤᠳᠠᠯ ᠢ ᠰᠢᠢᠳᠪᠦᠷᠢᠯᠡᠬᠦ ᠶᠢᠨ ᠤᠷᠢᠲᠠᠯ ᠮᠥᠨ ᠭᠡᠵᠡᠢ᠃ | ᠭᠠᠭᠴᠠ ᠬᠦ ᠬᠥᠳᠡᠭᠡ ᠲᠣᠰᠬᠤᠨ ᠤ ᠠᠵᠤ ᠦᠢᠯᠡᠰ ᠢ ᠲᠦᠷᠭᠡᠨ ᠬᠥᠭᠵᠢᠭᠦᠯᠪᠡᠯ ᠰᠠᠶ᠋ᠢ ᠮᠠᠯ ᠠᠵᠤ ᠠᠬᠤᠢ | ᠲᠠᠷᠢᠶᠠᠯᠠᠩ ᠤᠨ ᠪᠦᠬᠦ ᠲᠠᠯ᠎ᠠ ᠪᠠᠷ ᠲᠡᠰ ᠳᠡᠪᠰᠢᠬᠦ᠂ ᠮᠠᠯᠵᠢᠬᠤ ᠲᠠᠷᠢᠶᠠᠯᠠᠬᠤ ᠣᠷᠣᠨ ᠤ ᠪᠦᠬᠦ ᠲᠠᠯ᠎ᠠ ᠪᠠᠷ ᠲᠠᠪᠰᠢᠬᠤ᠂ | ᠮᠠᠯᠴᠢᠨ ᠲᠠᠷᠢᠶᠠᠴᠢᠨ ᠤ ᠪᠦᠬᠦ ᠲᠠᠯ᠎ᠠ ᠪᠠᠷ ᠬᠥᠭᠵᠢᠬᠦ ᠶᠢ ᠨᠡᠩ ᠰᠠᠶᠢᠲᠤᠷ ᠠᠬᠢᠭᠤᠯᠵᠤ ᠴᠢᠳᠠᠨ᠎ᠠ᠃ ᠣᠶᠢᠷ᠎ᠠ ᠶᠢᠨ | ᠵᠢᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠴᠠ ᠶᠡᠷᠦᠩᠬᠡᠢ | ᠱᠦᠵᠢ ᠰᠢ ᠶᠢᠨ ᠫᠢᠩ ᠶᠢᠨ ᠥᠪᠥᠷ ᠮᠣᠩᠭᠤᠯ ᠳᠤ ᠶᠠᠷᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ | ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠮᠢᠩᠭᠠᠨ ᠳ᠋ᠦᠩᠰᠢᠭᠤᠷ ᠤᠨ ᠲᠠᠰ ᠤᠨ ᠰᠦ ᠶᠢᠨ | ᠦᠢᠯᠡᠰ ᠪᠠ ᠡᠷᠳᠡᠨᠢ ᠰᠢᠰᠢ᠂ ᠵᠠᠭᠤᠨ ᠳ᠋ᠦᠩᠰᠢᠭᠤᠷ ᠤᠨ ᠲᠠᠰ ᠤᠨ ᠠᠯᠠᠰᠢᠨ ᠦᠬᠡᠷ᠂ ᠠᠯᠠᠰᠢᠨ ᠬᠤᠨᠢ᠂ ᠲᠥᠮᠥᠰᠥ᠂ | ᠡᠯᠳᠡᠪ ᠠᠮᠤ᠂ ᠪᠤᠭᠤᠳᠠᠢ᠂ ᠨᠡᠷᠡᠨ ᠬᠤᠸᠠᠷ᠂ ᠢᠳᠡᠰᠢᠨ ᠨᠣᠭᠤᠭ᠎ᠠ᠂ ᠢᠮᠠᠭᠠᠨ ᠨᠣᠣᠯᠣᠭᠤᠷ᠂ ᠰᠢᠷ᠎ᠠ ᠪᠤᠷᠴᠠᠭ᠂ | ᠲᠡᠵᠢᠭᠡᠯ ᠡᠪᠡᠰᠦ ᠵᠡᠷᠭᠡ 12 ᠵᠦᠢᠯ ᠤᠨ ᠦᠢᠯᠡᠳᠪᠦᠷᠢᠯᠡᠬᠦ ᠪᠣᠯᠪᠠᠰᠤᠷᠠᠭᠤᠯᠬᠤ ᠪᠣᠷᠣᠯᠠᠭᠤᠯᠬᠤ ᠶᠢ ᠨᠢᠭᠡ | ᠴᠣᠭᠴᠠᠵᠢᠭᠤᠯᠤᠭᠰᠠᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠡᠯᠬᠢᠶ᠎ᠡ ᠶᠢ ᠠᠩᠬ᠎ᠠ ᠠᠯᠬᠤᠮ ᠪᠠᠶᠢᠭᠤᠯᠵᠤ᠂ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠴᠢᠨᠠᠷ | ᠰᠠᠶᠢᠲᠠᠢ ᠥᠨᠳᠥᠷ ᠦᠷ᠎ᠡ ᠪᠦᠲᠦᠮᠵᠢᠲᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ | ᠲᠠᠷᠠᠭᠠᠴᠢ ᠶᠢᠨ ᠠᠯᠬᠤᠮ ᠳᠤ᠂ ᠭᠤᠷᠪᠠᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ᠨᠢᠭᠡ ᠳᠤ ᠠᠵᠤ ᠦᠢᠯᠡᠰᠵᠢᠭᠦᠯᠬᠦ ᠪᠠ ᠨᠠᠷᠠᠲᠤ ᠲᠡᠮᠳᠡᠭᠵᠢᠭᠦᠯᠬᠦ ᠬᠤᠶᠠᠷ ᠵᠠᠩᠭᠢᠯᠠᠭ᠎ᠠ ᠶᠢ ᠪᠥᠬᠦ ᠬᠦᠴᠦᠨ ᠢᠶᠠᠷ ᠢᠶᠠᠨ | ᠰᠠᠶᠢᠲᠤᠷ ᠠᠳᠬᠤᠨ᠎ᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠠᠵᠤ ᠦᠢᠯᠡᠰᠵᠢᠭᠦᠯᠦᠨ | ᠬᠥᠭᠵᠢᠭᠦᠯᠬᠦ ᠠᠵᠢᠯᠯᠠᠭ᠎ᠠ ᠶᠢ ᠰᠠᠭᠠᠯᠢ ᠶᠢᠨ ᠦᠢᠯᠡᠰ᠂ ᠠᠯᠠᠰᠢᠨ ᠦᠬᠡᠷ᠂ ᠠᠯᠠᠰᠢᠨ ᠬᠤᠨᠢ᠂ ᠲᠥᠮᠥᠰᠥ ᠵᠡᠷᠭᠡ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠠᠵᠤ ᠦᠢᠯᠡᠰ ᠤᠨ ᠪᠦᠰᠡ ᠪᠠ ᠠᠵᠤ | ᠦᠢᠯᠡᠰ ᠤᠨ ᠰᠦᠷᠦᠭᠵᠢᠯ ᠢ ᠬᠦᠴᠦᠯᠡᠨ ᠪᠣᠶ ᠪᠣᠯᠭᠠᠵᠤ᠂ ᠰᠦ ᠶᠢᠨ ᠦᠢᠯᠡᠰ᠂ ᠠᠯᠠᠰᠢᠨ ᠦᠬᠡᠷ᠂ ᠠᠯᠠᠰᠢᠨ ᠬᠤᠨᠢ᠂ | ᠲᠥᠮᠥᠰᠥ᠂ ᠢᠮᠠᠭᠠᠨ ᠨᠣᠣᠯᠣᠭᠤᠷ ᠵᠡᠷᠭᠡ 5 ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ | ᠠᠵᠤ ᠦᠢᠯᠡᠰ ᠤᠨ ᠬᠡᠯᠬᠢᠶ᠎ᠡ ᠶᠢ ᠪᠦᠲᠦᠭᠡᠨ ᠪᠠᠶᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠪᠣᠯᠪᠠᠰᠤᠷᠠᠭᠤᠯᠤᠨ ᠬᠤᠪᠢᠷᠠᠭᠤᠯᠬᠤ ᠨᠣᠷᠮ᠎ᠠ ᠪᠠ ᠥᠷᠲᠡᠭ ᠨᠡᠮᠡᠭᠳᠡᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ | ︽ᠮᠧᠩ︾ ᠥᠰᠥᠭ ᠤᠨ ᠲᠡᠮᠳᠡᠭ ᠢᠶᠠᠷ ᠬᠥᠲᠥᠯᠥᠨ ᠳᠠᠭᠠᠭᠤᠯᠤᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠂ ᠨᠠᠷᠠᠲᠤ ᠲᠥᠷᠥᠯ ᠲᠡᠮᠳᠡᠭ ᠢ ᠤᠬᠠᠭᠤᠯᠤᠨ ᠳᠡᠯᠭᠡᠷᠡᠭᠦᠯᠬᠦ ᠡᠷᠴᠢᠮ ᠢ ᠦᠷᠭᠦᠯᠵᠢᠯᠡᠨ | ᠴᠢᠩᠭᠠᠷᠠᠭᠤᠯᠵᠤ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠥᠬᠦ ᠤᠯᠤᠰ ᠲᠤ | ᠪᠣᠷᠤᠯᠠᠭᠤᠯᠭ᠎ᠠ ᠰᠠᠶᠢᠲᠠᠢ᠂ ᠳᠡᠯᠡᠬᠡᠢ ᠳᠤ ᠬᠠᠨᠳᠤᠬᠤ ᠶᠢ ᠠᠬᠢᠭᠤᠯᠤᠨ᠎ᠠ᠃ ᠬᠤᠶᠠᠷ ᠲᠤ ᠮᠠᠯᠵᠢᠬᠤ ᠲᠠᠷᠢᠶᠠᠯᠠᠬᠤ | ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠦᠷᠭᠦᠯᠵᠢᠯᠡᠨ | ᠠᠬᠢᠭᠤᠯᠤᠨ᠎ᠠ᠃ ᠰᠢᠶᠠᠨ ᠤ ᠬᠡᠪᠴᠢᠶᠡᠨ ᠳᠠᠬᠢ ᠬᠠᠷᠢᠴᠠᠩᠭᠤᠢ ᠳᠠᠪᠠᠭᠤᠯᠢᠭ ᠢᠶᠠᠷ ᠢᠯᠡᠷᠬᠡᠢ᠂ ᠳᠠᠶᠢᠴᠢᠯᠠᠬᠤ | ᠴᠢᠳᠠᠪᠤᠷᠢ ᠪᠠᠷ ᠴᠢᠩᠭ᠎ᠠ᠂ ᠠᠵᠢᠯ ᠣᠯᠭᠤᠬᠤ ᠪᠠᠭᠲᠠᠭᠠᠮᠵᠢ ᠪᠠᠷ ᠶᠡᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ | ᠪᠣᠯᠪᠠᠰᠤᠷᠠᠭᠤᠯᠬᠤ ᠨᠢ ᠰᠢᠶᠠᠨ ᠰᠢᠶᠠᠩ ᠳᠤ ᠪᠣᠢ᠂ ᠰᠠᠭᠤᠷᠢᠨ ᠭᠠᠵᠠᠷ ᠨᠢ ᠭᠠᠴᠠᠭ᠎ᠠ ᠲᠣᠰᠬᠤᠨ ᠳᠤ ᠪᠣᠢ᠂ ᠣᠷᠣᠯᠭ᠎ᠠ | ᠨᠡᠮᠡᠭᠳᠡᠬᠦ ᠨᠢ ᠮᠠᠯᠴᠢᠨ ᠲᠠᠷᠢᠶᠠᠴᠢᠨ ᠡᠷᠦᠬᠡ ᠳᠤ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ | ᠣᠷᠣᠨ ᠤ ᠢᠯᠡᠭᠡᠯᠲᠡ ᠶᠢᠨ ᠲᠣᠣᠷ ᠰᠦᠯᠵᠢᠶ᠎ᠡ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠢᠭᠤᠳ | ᠨᠡᠪᠲᠡᠷᠡᠭᠦᠯᠭᠡ ᠪᠠ ᠪᠠᠷᠠᠭ᠎ᠠ ᠶᠢᠨ ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠤᠭᠤᠳᠴᠤ᠂ ᠲᠠᠷᠢᠶᠠᠯᠠᠩ ᠮᠠᠯ ᠠᠵᠤ | ᠠᠬᠤᠢ ᠶᠢᠨ ᠣᠯᠠᠨ ᠵᠦᠢᠯ ᠤᠨ ᠴᠢᠳᠠᠮᠵᠢ ᠶᠢ ᠠᠭᠤᠳᠠᠯᠵᠤ᠂ ᠮᠠᠯᠴᠢᠨ ᠲᠠᠷᠢᠶᠠᠴᠢᠨ ᠢ ᠳᠠᠶᠢᠴᠢᠯᠠᠨ ᠲᠤᠬᠠᠢ ᠶᠢᠨ | ᠭᠠᠵᠠᠷ ᠭᠡᠷ ᠣᠶᠢᠷ᠎ᠠ ᠬᠠᠪᠢ ᠳᠤ ᠪᠠᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠳᠠᠶᠢᠴᠢᠯᠠᠨ᠎ᠠ᠃ ᠮᠠᠯᠴᠢᠨ | ᠲᠠᠷᠢᠶᠠᠴᠢᠨ ᠬᠦᠴᠦ ᠶᠠᠪᠤᠭᠰᠠᠳ ᠲᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠡᠯ᠎ᠡ | ᠲᠥᠷᠥᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠬᠤ | ᠲᠣᠭᠲᠠᠴᠠ ᠶᠢ ᠲᠡᠭᠦᠯᠳᠡᠷᠵᠢᠭᠦᠯᠦᠨ᠂ ᠨᠢᠭᠡ ᠪᠦᠯᠦᠭ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠳᠠᠭᠠᠭᠤᠯᠤᠭᠴᠢ ᠶᠢ ᠪᠤᠶᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠡᠮᠬᠢ | ᠵᠢᠷᠤᠮ ᠲᠠᠢ ᠪᠠᠷ ᠰᠢᠯᠵᠢᠵᠦ ᠠᠵᠢᠯ ᠣᠯᠬᠤ ᠶᠢ ᠠᠬᠢᠭᠤᠯᠤᠨ᠎ᠠ᠃ ᠭᠤᠷᠪᠠ ᠳᠤ ᠬᠥᠭᠵᠢᠭᠦᠯᠬᠦ ᠪᠠ ᠬᠠᠮᠠᠭᠠᠯᠠᠬᠤ ᠶᠢᠨ | ᠬᠠᠷᠢᠴᠠᠭ᠎ᠠ ᠶᠢ ᠨᠢᠭᠡᠳᠦᠯᠲᠡᠢ ᠲᠥᠯᠥᠪᠯᠡᠨ᠎ᠡ᠃ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠶᠡᠷᠦᠩᠬᠡᠶᠢᠯᠡᠨ | ᠵᠠᠰᠠᠬᠤ ᠶᠢ ᠴᠢᠩᠭᠠᠳᠬᠠᠵᠤ᠂ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ | ᠬᠡᠷᠡᠭᠵᠢᠭᠦᠯᠦᠨ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷ ᠥᠨᠵᠢᠭᠦᠯᠬᠦ᠂ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ | ᠣᠷᠣᠨ ᠤ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ᠃ | ᠠᠰᠠᠭᠤᠯᠲᠠ᠄ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠠᠯ᠎ᠠ ᠪᠠᠷ | ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠤᠭᠰᠠᠨ ᠪᠤᠢ︖ | ᠬᠠᠷᠢᠭᠤᠯᠲᠠ᠄ ᠰᠢ ᠶᠢᠨ ᠫᠢᠩ ᠶᠡᠷᠦᠩᠬᠡᠢ ᠱᠦᠵᠢ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠠᠵᠢᠯᠯᠠᠭ᠎ᠠ ᠶᠢ ᠬᠡᠷᠡᠭᠵᠢᠭᠦᠯᠵᠦ᠂ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠭᠤᠣᠯᠳᠠᠯᠭ᠎ᠠ ᠶᠢ ᠦᠷᠭᠦᠯᠵᠢᠯᠡᠨ ᠬᠥᠳᠡᠭᠡ ᠲᠣᠰᠬᠤᠨ ᠳᠤ ᠲᠠᠯᠪᠢᠵᠤ᠂ ᠬᠤᠳᠠ ᠬᠥᠳᠡᠭᠡ ᠶᠢᠨ | ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠬᠤ ᠲᠠᠯ᠎ᠠ ᠪᠠᠷ | ᠦᠷᠭᠦᠯᠵᠢᠯᠡᠨ ᠬᠦᠴᠦᠯᠡᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ᠂ | ᠰᠠᠭᠤᠷᠢ ᠴᠢᠨᠠᠷᠲᠠᠢ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠢ ᠴᠢᠬᠤᠯᠠᠴᠢᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ ︽ᠬᠡᠷᠡᠭᠵᠢᠭᠦᠯᠬᠦ ᠰᠠᠨᠠᠯ︾ ᠳᠤ᠂ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠳᠤᠷᠠᠳᠤᠪᠠ᠃ ᠨᠢᠭᠡ ᠳᠤ ᠬᠡᠷᠡᠭᠵᠢᠭᠦᠯᠬᠦ | ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ ᠨᠢᠭᠡ ᠵᠦᠢᠯ ᠤᠨ | ᠤᠷᠲᠤ ᠬᠤᠭᠤᠴᠠᠭᠠᠨ ᠤ ᠡᠭᠦᠷᠭᠡ ᠪᠠ ᠰᠢᠰᠲ᠋ᠧᠮᠲᠦ ᠢᠨᠵᠧᠨᠧᠷᠢᠩ ᠮᠥᠨ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠮᠠᠯᠴᠢᠨ ᠲᠠᠷᠢᠶᠠᠴᠢᠨ ᠤ ᠲᠥᠯᠥᠭᠡ ᠬᠥᠭᠵᠢᠭᠦᠯᠬᠦ᠂ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠮᠠᠯᠴᠢᠨ ᠲᠠᠷᠢᠶᠠᠴᠢᠨ ᠤ ᠲᠥᠯᠥᠭᠡ ᠪᠠᠶᠢᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠳᠣᠣᠷ᠎ᠠ ᠠᠴᠠ ᠳᠡᠭᠡᠭᠰᠢ᠂ ᠲᠣᠰᠬᠤᠨ ᠤ ᠠᠷᠠᠳ ᠥᠪᠡᠷᠲᠡᠭᠡᠨ ᠵᠠᠰᠠᠬᠤ᠂ ᠮᠠᠯᠴᠢᠨ ᠲᠠᠷᠢᠶᠠᠴᠢᠨ ᠣᠷᠤᠯᠴᠠᠬᠤ᠂ | ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠪᠠᠷᠢᠮᠲᠠᠯᠠᠵᠤ᠂ | ᠠᠶᠢᠯ ᠲᠣᠰᠬᠤᠨ ᠤ ᠪᠦᠬᠦᠯᠢ ᠴᠣᠭᠴᠠ ᠶᠢᠨ ᠣᠷᠴᠢᠨ ᠲᠣᠭᠤᠷᠢᠨ ᠢ ᠠᠯᠬᠤᠮ ᠠᠯᠬᠤᠮ ᠢᠶᠠᠷ ᠰᠠᠶᠢᠵᠢᠷᠠᠭᠤᠯᠵᠤ᠂ | ᠠᠶᠢᠯ ᠲᠣᠰᠬᠤᠨ ᠤ ᠲᠥᠬᠦᠭᠡᠷᠦᠮᠵᠢ ᠶᠢᠨ ᠲᠦᠪᠰᠢᠨ ᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ | ᠴᠢᠳᠠᠪᠬᠢ ᠶᠢ ᠴᠢᠩᠭᠠᠳᠬᠠᠵᠤ᠂ ᠦᠨᠡᠨᠬᠦ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ | ᠬᠢᠨ᠎ᠡ᠃ ᠬᠤᠶᠠᠷ ᠲᠤ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ | ᠲᠤᠬᠠᠢ ᠶᠢᠨ ᠭᠠᠵᠠᠷ ᠤᠨ ᠪᠣᠳᠠᠲᠠᠢ ᠨᠥᠬᠦᠴᠡᠯ ᠪᠠ ᠮᠠᠯᠴᠢᠨ ᠲᠠᠷᠢᠶᠠᠴᠢᠨ ᠤ ᠪᠣᠳᠠᠲᠠᠢ ᠬᠡᠷᠡᠭᠴᠡᠭᠡ | ᠱᠠᠭᠠᠷᠳᠠᠯᠭ᠎ᠠ ᠠᠴᠠ ᠡᠭᠦᠰᠴᠦ᠂ ᠮᠠᠯᠵᠢᠬᠤ ᠲᠠᠷᠢᠶᠠᠯᠠᠬᠤ ᠣᠷᠣᠨ ᠤ ᠠᠷᠢᠭᠤᠨ ᠴᠡᠪᠡᠷ ᠵᠣᠷᠯᠣᠩ ᠢ ᠰᠢᠨ᠎ᠡ ᠪᠠᠷ | ᠪᠠᠶᠢᠭᠤᠯᠬᠤ ᠥᠭᠡᠷᠡᠴᠢᠯᠡᠯᠲᠡ ᠶᠢ ᠯᠠᠪᠳᠠᠭᠤᠨ ᠢᠶᠠᠷ ᠥᠷᠨᠢᠭᠦᠯᠵᠦ᠂ ︽ᠠᠰᠠᠭᠤᠳᠠᠯ ᠲᠠᠢ ᠡᠷᠦᠬᠡ ᠶᠢᠨ ᠵᠣᠷᠯᠣᠩ︾ ᠢ | ᠴᠡᠭᠴᠡᠯᠡᠨ ᠰᠠᠶᠢᠵᠢᠷᠠᠭᠤᠯᠵᠤ ᠬᠠᠰᠤᠬᠤ ᠶᠢ ᠦᠨᠠᠨ ᠬᠦ ᠰᠠᠶᠢᠲᠤᠷ ᠬᠢᠨ᠎ᠡ᠃ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ᠂ ᠪᠣᠬᠢᠷ ᠤᠰᠤ ᠶᠢ ᠵᠠᠰᠠᠬᠤ ᠵᠡᠷᠭᠡ ᠶᠢ | ᠦᠷᠭᠦᠯᠵᠢᠯᠡᠨ ᠠᠬᠢᠭᠤᠯᠵᠤ᠂ ᠠᠶᠢᠯ ᠲᠣᠰᠬᠤᠨ ᠢ ᠴᠡᠪᠡᠷᠯᠡᠬᠦ ᠠᠵᠢᠯᠯᠠᠭ᠎ᠠ ᠪᠠ ᠬᠥᠳᠡᠭᠡ ᠲᠣᠰᠬᠤᠨ ᠢ | ᠨᠣᠭᠤᠭᠠᠷᠠᠭᠤᠯᠵᠤ ᠭᠤᠶᠣᠵᠢᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠰᠠᠶᠢᠨ ᠰᠠᠶᠢᠬᠠᠨ ᠠᠮᠢ | ᠠᠬᠤᠢ ᠶᠢᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠪᠣᠶ ᠪᠣᠯᠭᠠᠨ᠎ᠠ᠃ ᠭᠤᠷᠪᠠ ᠳᠤ | ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ | ᠠᠷᠠᠳ ᠤᠨ ᠠᠮᠢᠳᠤᠷᠠᠯ ᠤᠨ ᠪᠠᠶᠢᠭᠤᠯᠤᠯᠲᠠ ᠳᠤ ᠠᠩᠬᠠᠷᠤᠯ ᠢᠶᠠᠨ ᠲᠦᠪᠯᠡᠷᠡᠭᠦᠯᠦᠨ᠎ᠡ᠃ ᠮᠠᠯᠵᠢᠬᠤ ᠲᠠᠷᠢᠶᠠᠯᠠᠬᠤ | ᠣᠷᠣᠨ ᠤ ᠵᠠᠮ᠂ ᠤᠰᠤ ᠬᠠᠩᠭᠠᠬᠤ᠂ ᠴᠠᠬᠢᠯᠭᠠᠨ ᠬᠡᠷᠡᠭᠯᠡᠬᠦ᠂ ᠲᠣᠣᠷ ᠰᠦᠯᠵᠢᠶ᠎ᠡ᠂ ᠣᠷᠣᠨ ᠰᠠᠭᠤᠴᠠ ᠶᠢᠨ ᠠᠮᠤᠷ | ᠲᠦᠪᠰᠢᠨ᠂ ᠲᠣᠭᠠᠴᠢᠯᠠᠭᠰᠠᠨ ᠬᠥᠳᠡᠭᠡ ᠲᠣᠰᠬᠤᠨ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠰᠢᠶᠠᠨ ᠤ ᠬᠡᠪᠴᠢᠶ᠎ᠡ ᠶᠢ ᠨᠢᠭᠡᠳᠦᠯᠲᠡᠢ ᠲᠥᠯᠥᠪᠯᠡᠬᠦ ᠶᠢ ᠴᠢᠩᠭᠠᠷᠠᠭᠤᠯᠤᠨ᠂ ᠮᠠᠯᠴᠢᠨ ᠲᠠᠷᠢᠶᠠᠴᠢᠨ | ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠦᠨᠡᠨ ᠬᠦ ᠰᠠᠶᠢᠵᠢᠷᠠᠭᠤᠯᠤᠨ᠎ᠠ᠃ | ᠠᠰᠠᠭᠤᠯᠲᠠ᠄ ᠥᠪᠡᠷᠲᠡᠭᠡᠨ ᠵᠠᠰᠠᠬᠤ ᠣᠷᠣᠨ ᠠᠴᠠ ᠬᠥᠳᠡᠭᠡ ᠲᠣᠰᠬᠤᠨ ᠤ ᠵᠠᠰᠠᠯᠲᠠ ᠶᠢᠨ ᠠᠵᠢᠯ ᠢ ᠬᠡᠷᠬᠢᠨ | ᠠᠬᠢᠭᠤᠯᠬᠤ ᠪᠤᠢ︖ | ᠬᠠᠷᠢᠭᠤᠯᠲᠠ᠄ ᠬᠥᠳᠡᠭᠡ ᠲᠣᠰᠬᠤᠨ ᠤ ᠵᠠᠰᠠᠯᠲᠠ ᠪᠣᠯ ᠤᠯᠤᠰ ᠤᠨ ᠵᠠᠰᠠᠯᠲᠠ ᠶᠢᠨ ᠰᠠᠭᠤᠷᠢ ᠮᠥᠨ᠃ | ᠬᠥᠳᠡᠭᠡ ᠲᠣᠰᠬᠤᠨ ᠤ ᠪᠦᠲᠦᠮᠵᠢᠲᠡᠢ ᠵᠠᠰᠠᠯᠲᠠ ᠪᠠᠶᠢᠬᠤ ᠦᠭᠡᠢ ᠪᠣᠯ ᠬᠥᠳᠡᠭᠡ ᠲᠣᠰᠬᠤᠨ ᠤ ᠪᠦᠬᠦ ᠲᠠᠯ᠎ᠠ ᠶᠢᠨ | ᠬᠥᠭᠵᠢᠯ ᠮᠠᠨᠳᠤᠯ ᠪᠠᠶᠢᠵᠤ ᠴᠢᠳᠠᠬᠤ ᠦᠭᠡᠢ ᠶᠤᠮ᠃ ᠰᠢᠨ᠎ᠡ ᠱᠠᠲᠤ ᠦᠶ᠎ᠡ ᠰᠢᠨ᠎ᠡ ᠠᠶᠠᠨ ᠵᠠᠮ ᠳᠤ᠂ ᠪᠢᠳᠡᠨ ᠳᠤ | ᠲᠤᠯᠭᠠᠷᠠᠵᠤ ᠪᠠᠶᠢᠭ᠎ᠠ ᠭᠠᠳᠠᠭᠠᠳᠤ ᠣᠷᠴᠢᠨ ᠨᠥᠬᠦᠴᠡᠯ ᠨᠡᠩ ᠡᠭᠡᠳᠡᠷᠡᠭᠡᠨ ᠪᠤᠳᠤᠯᠢᠶᠠᠨᠲᠠᠢ ᠪᠣᠯᠵᠤ᠂ ᠥᠭᠡᠷᠡᠴᠢᠯᠡᠯᠲᠡ | ᠬᠥᠭᠵᠢᠯᠲᠡ ᠲᠣᠭᠲᠠᠭᠤᠨ ᠤ ᠡᠭᠦᠷᠭᠡ ᠨᠡᠩ ᠬᠠᠲᠠᠭᠤ ᠪᠡᠷᠬᠡ ᠪᠥᠭᠡᠳ ᠨᠦᠰᠡᠷ ᠬᠦᠨᠳᠦ ᠪᠣᠯᠵᠤ᠂ ᠬᠥᠳᠡᠭᠡ | ᠲᠣᠰᠬᠤᠨ ᠤ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠵᠤ᠂ ᠬᠥᠳᠡᠭᠡ ᠲᠣᠰᠬᠤᠨ ᠢ ᠴᠢᠳᠠᠮᠠᠭᠠᠢ ᠪᠠᠷ ᠵᠠᠰᠠᠬᠤ ᠪᠠᠷ | ᠰᠢᠨ᠎ᠡ ᠪᠠᠶᠢᠳᠠᠯ ᠢ ᠨᠡᠭᠡᠭᠡᠬᠦ᠂ ᠪᠠᠴᠢᠮ ᠪᠠᠶᠢᠳᠠᠯ ᠢ ᠠᠷᠭᠠᠴᠠᠭᠠᠬᠤ᠂ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠳᠤ | ᠰᠠᠭᠤᠷᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠨᠢᠭᠡ ᠳᠤ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ | ᠪᠠᠳᠠᠷᠠᠭᠤᠯᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠨᠠᠮ ᠤᠨ ᠬᠤᠷᠢᠶ᠎ᠠ ᠶᠢᠨ ᠰᠢᠶᠠᠩ ᠢ ᠠᠳᠬᠤᠵᠤ | ᠲᠣᠰᠬᠤᠨ ᠢ ᠠᠬᠢᠭᠤᠯᠬᠤ ᠡᠭᠦᠷᠭᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠨᠢᠭᠡᠳᠦᠯᠲᠡᠢ ᠵᠢᠯᠤᠭᠤᠳᠬᠤ ᠪᠠ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠵᠦ᠂ ᠭᠠᠴᠠᠭ᠎ᠠ ᠲᠣᠰᠬᠤᠨ ᠤ | ᠳᠠᠭᠠᠭᠤᠯᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠨᠠᠷᠢᠨ ᠲᠠᠩᠰᠠ ᠶᠢᠨ ᠳᠦᠷᠢᠮ᠂ ᠬᠤᠪᠢ | ᠬᠤᠷᠠᠮᠳᠤᠭᠤᠯᠬᠤ ᠳᠦᠷᠢᠮ ᠵᠡᠷᠭᠡ ᠵᠠᠰᠠᠯᠲᠠ ᠶᠢᠨ ᠠᠷᠭ᠎ᠠ ᠮᠠᠶ᠋ᠢᠭ ᠢ ᠳᠡᠯᠭᠡᠷᠡᠭᠦᠯᠵᠦ᠂ ᠲᠣᠰᠬᠤᠨ ᠳᠤ ᠰᠠᠭᠤᠭ᠎ᠠ | ᠨᠢᠭᠡᠳᠦᠭᠡᠷ ᠱᠦᠵᠢ ᠪᠠ ᠠᠵᠢᠯᠯᠠᠬᠤ ᠠᠩᠭᠢ ᠶᠢᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ ᠶᠢ | ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠬᠤᠶᠠᠷ ᠲᠤ | ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠪᠦᠲᠦᠮᠵᠢᠲᠡᠶ ᠲᠠᠪᠴᠠᠩ ᠤᠨ | ᠠᠴᠢᠶᠠᠯᠠᠪᠤᠷᠢ ᠶᠢᠨ ᠨᠠᠮ ᠤᠨ ᠮᠠᠯᠵᠢᠬᠤ ᠲᠠᠷᠢᠶᠠᠯᠠᠬᠤ ᠣᠷᠣᠨ ᠳᠠᠬᠢ ᠦᠵᠡᠯ ᠰᠠᠨᠠᠭ᠎ᠠ ᠤᠯᠤᠰ ᠲᠥᠷᠥ ᠶᠢᠨ | ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠩ ᠳᠠᠳᠬᠠᠯ ᠢ ᠥᠭᠡᠷᠡᠴᠢᠯᠡᠬᠦ ᠶᠢ | ᠦᠷᠭᠦᠯᠵᠢᠯᠡᠨ ᠠᠬᠢᠭᠤᠯᠵᠤ᠂ ᠥᠨᠳᠥᠷ ᠦᠨ᠎ᠡ ᠲᠠᠢ ᠪᠣᠭᠲᠣᠯᠠᠬᠤ ᠪᠡᠯᠡᠭ᠂ ᠶᠡᠭᠡ ᠪᠠᠷ ᠪᠠᠵᠠᠭᠠᠵᠤ ᠶᠡᠭᠡ ᠪᠠᠷ ᠡᠷᠭᠢᠯᠡᠬᠦ | ᠂ ᠠᠰᠠᠷᠠᠯ ᠢ ᠬᠦᠩᠭᠡᠪᠴᠢᠯᠡᠨ ᠤᠷᠤᠰᠢᠭᠤᠯᠭ᠎ᠠ ᠶᠢ ᠬᠦᠨᠳᠦᠳᠭᠡᠬᠦ ᠵᠡᠷᠭᠡ ᠬᠠᠭᠤᠴᠢᠨ ᠶᠣᠰᠣ ᠪᠦᠳᠦᠭᠦᠯᠢᠭ ᠳᠠᠳᠬᠠᠯ ᠢ | ᠴᠡᠭᠴᠡᠯᠡᠨ ᠵᠠᠰᠠᠨ᠎ᠠ᠃ ᠭᠤᠷᠪᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠤᠭᠴᠠᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ | ᠦᠵᠡᠯ ᠤᠬᠠᠮᠰᠠᠷ ᠤᠨ ᠬᠥᠮᠦᠵᠢᠯ ᠢ ᠭᠦᠨᠵᠡᠭᠡᠶᠢᠷᠡᠭᠦᠯᠦᠨ ᠪᠠᠬᠢᠵᠢᠭᠦᠯᠵᠦ᠂ ᠳᠤᠮᠳᠠᠳᠤ ᠶᠢᠨ ᠦᠨᠳᠦᠰᠦᠲᠡᠨ ᠤ | ᠲᠡᠦᠬᠡ ᠶᠢᠨ ᠦᠵᠡᠯᠲᠡ ᠶᠢᠨ ᠬᠥᠮᠦᠵᠢᠯ ᠢ ᠴᠢᠩᠭᠠᠳᠬᠠᠨ᠂ ᠮᠠᠯᠴᠢᠨ ᠲᠠᠷᠢᠶᠠᠴᠢᠨ ᠣᠯᠠᠨ ᠲᠦᠮᠡᠨ ᠤ ᠳᠤᠮᠳᠠᠳᠤ ᠶᠢᠨ | ᠦᠨᠳᠦᠰᠦᠲᠡᠨ ᠢᠶᠠᠨ ᠮᠡᠳᠡᠷᠡᠬᠦ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ᠂ ᠣᠮᠤᠭ ᠪᠠᠭ᠋ᠠᠳᠤᠯᠲᠤ ᠰᠡᠳᠬᠢᠯᠭᠡ ᠶᠢ | ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ | ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠬᠡᠷᠡᠭᠯᠡᠬᠦ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠦᠨ᠎ᠡ᠃ ᠳᠥᠷᠪᠡ ᠳᠤ᠂ ᠮᠠᠯᠵᠢᠬᠤ ᠲᠠᠷᠢᠶᠠᠯᠠᠬᠤ ᠣᠷᠣᠨ ᠤ | ᠨᠡᠶᠢᠭᠡᠮ ᠤᠨ ᠠᠮᠤᠷ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠨ᠎ᠠ᠃ ᠰᠢᠨ᠎ᠡ ᠴᠠᠭ ᠦᠶ᠎ᠡ ᠶᠢᠨ ︽ | ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠨᠠᠩ ᠥᠨᠳᠥᠷ ᠬᠢᠷᠢ ᠲᠦᠪᠰᠢᠨ ᠪᠦᠬᠦᠢ ᠠᠮᠤᠷ | ᠠᠮᠤᠭᠤᠯᠠᠩ ᠬᠠᠤᠯᠢ ᠪᠠᠷ ᠵᠠᠰᠠᠬᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ | ᠭᠤᠣᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠲᠤᠰᠬᠠᠢ | ᠵᠦᠢᠯ ᠢᠶᠠᠷ ᠵᠠᠰᠠᠬᠤ ᠶᠢ ᠥᠷᠨᠢᠭᠦᠯᠦᠨ᠎ᠡ᠃ | ᠠᠰᠠᠭᠤᠯᠲᠠ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠡᠯ᠎ᠡ | ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠬᠡᠷᠬᠢᠨ ᠪᠠᠲᠤᠯᠠᠬᠤ | ᠪᠤᠢ︖ | ᠬᠠᠷᠢᠭᠤᠯᠲᠠ᠄ ᠣᠳᠣᠬᠠᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠬᠤ ᠠᠵᠢᠯ ᠨᠢᠭᠡᠨᠲᠡ ᠲᠥᠯᠥᠪᠵᠢᠭᠦᠯᠦᠨ ᠪᠠᠶᠢᠷᠢᠰᠢᠭᠤᠯᠵᠤ ᠪᠠᠶᠢᠭᠰᠠᠨ ᠠᠴᠠ ᠪᠠᠨ ᠪᠣᠳᠠᠲᠠᠢ ᠪᠠᠷᠢᠯᠭ᠎ᠠ | ᠪᠠᠷᠢᠬᠤ ᠱᠠᠲᠤᠨ ᠳᠤ ᠣᠷᠣᠵᠤ᠂ ᠪᠦᠬᠦ ᠨᠠᠮ ᠪᠦᠬᠦ ᠨᠡᠶᠢᠭᠡᠮ ᠢᠶᠠᠷ ᠢᠶᠠᠨ ᠶᠡᠷᠦᠩᠬᠡᠢ ᠳᠠᠶᠢᠴᠢᠯᠠᠯᠲᠠ ᠬᠢᠵᠦ᠂ ᠰᠠᠯᠠᠭ᠎ᠠ | ᠮᠥᠴᠢᠷ ᠪᠣᠯᠣᠨ ᠣᠷᠣᠨ ᠨᠤᠲᠤᠭ ᠤᠨ ᠬᠢᠨ ᠵᠡᠷᠭᠡᠪᠡᠷ ᠬᠦᠴᠦᠯᠡᠵᠦ᠂ ᠦᠨᠡᠨ ᠪᠣᠳᠠᠲᠠᠢ ᠪᠠᠷ ᠠᠵᠢᠯᠯᠠᠵᠤ᠂ ᠰᠦᠷ | ᠬᠦᠴᠦᠨ ᠢ ᠢᠯᠡᠷᠡᠭᠦᠯᠵᠦ᠂ ᠠᠵᠢᠯᠯᠠᠭ᠎ᠠ ᠶᠢ ᠥᠷᠨᠢᠭᠦᠯᠬᠦ ᠴᠢᠬᠤᠯᠠᠲᠠᠢ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ | ᠪᠢᠳᠡ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠳᠡᠭᠡ ᠲᠣᠰᠬᠤᠨ ᠤ ᠠᠵᠢᠯ ᠤᠨ ᠳᠦᠷᠢᠮ︾ ᠵᠢᠴᠢ | ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠵᠣᠬᠢᠶᠠᠨ ᠪᠠᠶᠢᠭᠤᠯᠤᠯᠲᠠ ᠪᠠᠷ ᠠᠬᠢᠭᠤᠯᠬᠤ᠂ ᠡᠯᠧᠮᠧᠨ᠋ᠲ ᠢ ᠪᠠᠲᠤᠯᠠᠬᠤ᠂ | ᠬᠢᠨᠠᠨ ᠰᠢᠯᠭᠠᠵᠤ ᠦᠨᠡᠯᠡᠬᠦ᠂ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠲᠠᠯ᠎ᠠ ᠠᠴᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠣᠭᠲᠠᠴᠠ ᠶᠢ ᠪᠦᠷᠢᠨᠰᠢᠭᠦᠯᠬᠦ ᠶᠢ ᠠᠬᠢᠭᠤᠯᠵᠤ᠂ ᠥᠷᠭᠡᠨ | ᠳᠡᠯᠭᠡᠷᠡᠩᠭᠦᠢ ᠳᠠᠶᠢᠴᠢᠯᠠᠵᠤ᠂ ᠬᠦᠴᠦᠨ ᠢᠶᠠᠨ ᠲᠥᠪᠯᠡᠷᠡᠭᠦᠯᠦᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠬᠤᠶᠠᠷ ᠲᠠᠯ᠎ᠠ ᠶᠢᠨ ᠠᠵᠢᠯ ᠢ ᠭᠤᠣᠯᠳᠠᠯᠭ᠎ᠠ ᠲᠠᠢ | ᠰᠠᠶᠢᠲᠤᠷ ᠠᠳᠬᠤᠬᠤ ᠬᠡᠷᠡᠭᠲᠡᠢ᠄ ᠨᠢᠭᠡ ᠲᠠᠯ᠎ᠠ ᠪᠠᠷ᠂ ᠨᠠᠮ ᠤᠨ ︽ᠲᠠᠷᠢᠶᠠᠯᠠᠩ ᠮᠠᠯ ᠠᠵᠤ ᠠᠬᠤᠢ ᠮᠠᠯᠵᠢᠬᠤ | ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠬᠤ ᠬᠡᠷᠡᠭᠲᠡᠢ᠃ ᠬᠥᠳᠡᠭᠡ ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠬᠤ ᠳᠤ ᠡᠴᠦᠰ ᠤᠨ ᠡᠴᠦᠰ ᠲᠤ ᠪᠠᠨ ᠨᠠᠮ ᠤᠨ ᠤᠳᠤᠷᠢᠳᠤᠯᠭ᠎ᠠ ᠳᠤ ᠲᠦᠰᠢᠭᠯᠡᠬᠦ | ᠬᠡᠷᠡᠭᠲᠡᠢ᠃ ᠨᠢᠭᠡ ᠳᠤ ᠬᠠᠷᠢᠭᠤᠴᠠᠯᠭ᠎ᠠ ᠶᠢ ᠪᠤᠲᠠᠲᠠᠶᠢᠵᠢᠭᠤᠯᠬᠤ ᠬᠡᠷᠡᠭᠲᠡᠢ᠃ ᠲᠠᠪᠤᠨ ᠱᠠᠲᠤᠨ ᠤ ᠱᠦᠵᠢ ᠶᠢᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠪᠣᠳᠠᠲᠠᠢ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠤᠭᠰᠠᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠶᠢ ᠰᠦᠪᠡᠭᠴᠢᠯᠡᠨ ᠥᠷᠨᠢᠭᠦᠯᠵᠦ᠂ ᠠᠶᠢᠮᠠᠭ ᠬᠤᠲᠠ ᠶᠢᠨ | ᠨᠠᠮ ᠵᠠᠰᠠᠭ ᠤᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷᠴᠤᠳ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠤᠭᠰᠠᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠶᠢ ᠲᠡᠭᠦᠯᠳᠡᠷᠵᠢᠭᠦᠯᠵᠦ᠂ | ᠲᠥᠪᠯᠡᠷᠡᠭᠦᠯᠦᠨ ᠬᠤᠭᠤᠴᠠᠭ᠎ᠠ ᠰᠣᠯᠢᠭᠰᠠᠨ ᠤ ᠳᠠᠷᠠᠭᠠᠬᠢ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠬᠤ ᠺᠠᠳ᠋ᠷ | ᠢᠯᠠᠩᠭᠤᠶ᠎ᠠ ︽ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ | ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠬᠤ ᠺᠠᠳ᠋ᠷᠴᠤᠳ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠨᠠᠮ ᠤᠨ | ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠬᠠᠮᠢᠶᠠᠷᠴᠤ ᠪᠠᠶᠢᠭ᠎ᠠ ᠤᠯᠤᠰ ᠲᠥᠷᠥ ᠶᠢᠨ ᠳᠠᠪᠠᠭᠤᠯᠢᠭ ᠢ ᠤᠯᠠᠮ ᠨᠢᠭᠡ | ᠠᠯᠬᠤᠮ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠦᠴᠦᠷᠬᠡᠭ ᠶᠡᠭᠡ | ᠬᠦᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠬᠤᠶᠠᠷ ᠲᠤ ᠪᠠᠶᠢᠭᠤᠯᠤᠮᠵᠢ ᠶᠢ ᠬᠦᠴᠦᠷᠬᠡᠭᠵᠢᠭᠦᠯᠬᠦ | ᠬᠡᠷᠡᠭᠲᠡᠢ᠃ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠦᠷᠦᠭᠦᠯᠡᠨ | ᠶᠡᠷᠦᠩᠬᠡᠶᠢᠯᠡᠨ ᠠᠳᠬᠤᠬᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢᠯᠡᠳᠦᠯ ᠢ ᠴᠢᠩᠭᠠᠷᠠᠭᠤᠯᠵᠤ᠂ ᠡᠯ᠎ᠡ | ᠱᠠᠲᠤᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠯᠪᠠᠨ ᠭᠡᠷ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠭᠤᠣᠯᠳᠠᠯᠭ᠎ᠠ ᠲᠠᠢ ᠡᠭᠦᠷᠭᠡ ᠶᠢ ᠬᠤᠪᠢᠶᠠᠷᠢᠯᠠᠨ ᠨᠠᠶᠢᠳᠠᠪᠤᠷᠢᠵᠢᠭᠤᠯᠬᠤ ᠪᠠ | ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠲᠣᠭᠲᠠᠴᠠ ᠶᠢ ᠪᠦᠷᠢᠨᠰᠢᠭᠦᠯᠵᠦ᠂ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠭᠤᠷᠪᠠ ᠳᠤ᠂ ᠴᠡᠭ ᠢ ᠠᠳᠬᠤᠵᠤ ᠨᠡᠶᠢᠳᠡᠮ ᠢ ᠳᠠᠶᠢᠴᠢᠯᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠱᠠᠲᠤ ᠬᠤᠪᠢᠶᠠᠨ ᠥᠷᠨᠢᠭᠦᠯᠵᠦ᠂ ︽ᠲᠦᠮᠡᠨ | ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠢ | ᠠᠬᠢᠭᠤᠯᠵᠤ᠂ ᠲᠣᠭᠲᠠᠭᠠᠯ ᠶᠣᠰᠣᠭᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠬᠢᠭᠦᠯᠦᠨ | ᠵᠣᠷᠢᠭᠵᠢᠭᠤᠯᠬᠤ ᠳᠦᠷᠢᠮ ᠢ ᠪᠠᠶᠢᠭᠤᠯᠵᠤ᠂ ᠪᠦᠬᠦ ᠨᠡᠶᠢᠭᠡᠮ ᠢᠶᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠠᠮᠲᠤ ᠪᠠᠷ ᠣᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ | ᠨᠦᠭᠦᠭᠡ ᠲᠠᠯ᠎ᠠ ᠪᠠᠷ᠂ ᠲᠦᠷᠦ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠡᠷᠴᠢᠮ ᠪᠠ ᠪᠠᠶᠢᠭᠤᠯᠤᠯ ᠲᠣᠭᠲᠠᠴᠠ ᠶᠢᠨ | ᠲᠠᠯ᠎ᠠ ᠪᠠ ᠰᠢᠨ᠎ᠡ ᠶᠢ ᠡᠭᠦᠳᠬᠦ ᠪᠡᠯᠡ ᠮᠥᠩᠭᠦ ᠶᠢᠨ ᠣᠷᠣᠭᠤᠯᠤᠯᠲᠠ ᠶᠢᠨ ᠲᠠᠯ᠎ᠠ ᠪᠠᠷ᠂ ᠲᠠᠷᠢᠶᠠᠯᠠᠩ ᠮᠠᠯ ᠠᠵᠤ | ᠠᠬᠤᠢ ᠮᠠᠯᠵᠢᠬᠤ ᠲᠠᠷᠢᠶᠠᠯᠠᠬᠤ ᠣᠷᠣᠨ ᠢ ᠦᠷᠭᠦᠯᠵᠢᠯᠡᠨ ᠡᠩ ᠤᠨ ᠣᠯᠠᠨ ᠨᠡᠶᠢᠲᠡ ᠶᠢᠨ ᠲᠥᠰᠥᠪ ᠤᠨ ᠤᠷᠢᠳᠠᠪᠠᠷ | ᠪᠠᠲᠤᠯᠠᠬᠤ ᠬᠦᠷᠢᠶ᠎ᠡ ᠪᠣᠯᠭᠠᠵᠤ᠂ ᠭᠠᠵᠠᠷ ᠰᠢᠷᠣᠢ ᠶᠢ ᠰᠢᠯᠵᠢᠭᠦᠯᠦᠨ ᠥᠭᠭᠦᠭᠰᠡᠨ ᠣᠷᠣᠯᠭ᠎ᠠ ᠶᠢᠨ ᠲᠠᠷᠢᠶᠠᠯᠠᠩ ᠮᠠᠯ | ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠳᠤ ᠬᠡᠷᠡᠭᠯᠡᠬᠦ ᠬᠠᠷᠢᠴᠠᠯ ᠢ ᠲᠣᠭᠲᠠᠭᠤᠨ ᠢᠶᠠᠷ ᠳᠡᠭᠡᠭᠰᠢᠯᠡᠭᠦᠯᠦᠨ᠂ | ᠵᠢᠭᠡᠯᠡᠯᠭᠡ ᠶᠢᠨ ᠲᠡᠮᠳᠡᠭᠲᠦ ᠪᠠ ᠰᠠᠭᠤᠷᠢ ᠮᠥᠩᠭᠦ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠣᠷᠣᠭᠤᠯᠤᠯᠲᠠ ᠶᠢᠨ | ᠡᠷᠴᠢᠮ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠠᠯᠲᠠᠲᠤ ᠡᠭᠦᠷᠭᠡ ᠯᠦᠭᠡ ᠬᠠᠷᠢᠯᠴᠠᠨ | ᠵᠣᠬᠢᠴᠠᠭᠤᠯᠬᠤ ᠶᠢ ᠦᠨᠠᠨ ᠬᠦ ᠪᠠᠲᠤᠯᠠᠬᠤ ᠬᠡᠷᠡᠭᠲᠡᠢ︔ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠠᠯ᠎ᠠ ᠪᠠᠷ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠦᠢᠯᠡᠴᠢᠯᠡᠬᠦ ᠶᠢ ᠬᠢᠨᠠᠨ ᠰᠢᠯᠭᠠᠵᠤ ᠦᠨᠡᠯᠡᠨ ᠵᠢᠱᠢᠬᠦ ᠶᠢ ᠥᠷᠨᠢᠭᠦᠯᠵᠦ᠂ ᠢᠲᠡᠭᠡᠮᠵᠢᠲᠦ ᠵᠢᠭᠡᠯᠡᠯᠭᠡ ᠲᠠᠯᠪᠢᠬᠤ | ᠡᠷᠴᠢᠮ ᠢ ᠴᠢᠩᠭᠠᠷᠠᠭᠤᠯᠵᠤ᠂ ᠠᠯᠠᠰᠢᠨ ᠦᠬᠡᠷ᠂ ᠠᠯᠠᠰᠢᠨ ᠬᠤᠨᠢ᠂ ᠣᠨᠴᠠᠯᠢᠭᠲᠤ ᠰᠦ᠂ ᠲᠡᠮᠡᠭᠡ ᠵᠡᠷᠭᠡ ᠣᠷᠣᠨ | ᠨᠤᠲᠤᠭ ᠤᠨ ᠳᠠᠪᠠᠭᠤᠯᠢᠭ ᠣᠨᠴᠠᠯᠢᠭᠲᠤ ᠳᠠᠭᠠᠳᠬᠠᠯ ᠤᠨ ᠲᠤᠷᠰᠢᠯᠲᠠ ᠶᠢ ᠥᠷᠨᠢᠭᠦᠯᠦᠨ᠎ᠡ︔ ᠴᠢᠳᠠᠪᠤᠷᠢᠲᠠᠨ ᠤ | ᠡᠩᠨᠡᠭᠡ ᠶᠢᠨ ᠲᠠᠯ᠎ᠠ ᠪᠠᠷ᠂ ᠤᠷᠮᠠᠰᠢᠭᠤᠯᠬᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠡᠯ᠎ᠡ ᠲᠦᠷᠦᠯ ᠤᠨ | ᠴᠢᠳᠠᠪᠤᠷᠢᠲᠠᠨ ᠤ ᠦᠨᠳᠦᠰᠦᠨ ᠱᠠᠲᠤᠨ ᠳᠤ ᠭᠦᠨᠵᠡᠭᠡᠶᠢᠷᠡᠬᠦ᠂ ᠬᠥᠳᠡᠭᠡ ᠲᠣᠰᠬᠤᠨ ᠳᠤ ᠦᠢᠯᠡᠴᠢᠯᠡᠬᠦ ᠶᠢ ᠬᠥᠲᠥᠯᠥᠨ | ᠵᠢᠯᠤᠭᠤᠳᠴᠤ᠂ ᠣᠷᠣᠨ ᠨᠤᠲᠤᠭ ᠤᠨ ᠴᠢᠳᠠᠪᠤᠷᠢᠲᠠᠨ ᠢ ᠶᠡᠭᠡ ᠪᠠᠷ ᠬᠥᠮᠥᠵᠢᠭᠦᠯᠬᠦ ᠬᠡᠷᠡᠭᠲᠡᠢ︔ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠠᠯ᠎ᠠ ᠪᠠᠷ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ | ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠬᠢᠨ 30 ᠵᠢᠯ ᠤᠷᠲᠤᠳᠬᠠᠬᠤ ᠲᠤᠷᠰᠢᠯᠲᠠ᠂ ᠮᠠᠯᠵᠢᠬᠤ ᠲᠠᠷᠢᠶᠠᠯᠠᠬᠤ | ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ᠂ ᠣᠷᠣᠨ ᠰᠠᠭᠤᠴᠠ ᠶᠢᠨ | ᠰᠠᠭᠤᠷᠢ ᠭᠠᠵᠠᠷ ᠤᠨ ᠥᠭᠡᠷᠡᠴᠢᠯᠡᠯᠲᠡ ᠵᠡᠷᠭᠡ ᠡᠯ᠎ᠡ ᠲᠥᠷᠥᠯ ᠤᠨ ᠭᠤᠣᠯᠳᠠᠯᠭ᠎ᠠ ᠲᠠᠢ ᠥᠭᠡᠷᠡᠴᠢᠯᠡᠯᠲᠡ ᠶᠢᠨ | ᠡᠭᠦᠷᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ | |