ᠲᠦᠷᠦ ᠶᠢᠨ ᠪᠣᠳᠣᠯᠭ᠎ᠠ ᠶᠢᠨ Q&A | ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 4 ᠳ᠋ᠦ᠋ᠭᠡᠷ ᠰᠠᠷ᠎ᠠ ᠶᠢᠨ 28 ᠤ | ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠨᠡᠶᠢᠲᠡᠯᠡᠬᠦ ᠵᠤᠷᠰᠢᠯ ᠬᠤᠷᠠᠯ ᠬᠢᠵᠦ᠂ | ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠬᠠᠮᠢᠶ᠎ᠠ | ᠪᠦᠬᠦᠢ ᠪᠠᠶᠢᠳᠠᠯ ᠢ ᠲᠠᠨᠢᠯᠴᠠᠭᠤᠯᠪᠠ᠃ ᠬᠠᠮᠲᠤ ᠪᠠᠷ ᠠᠩᠬᠠᠷᠴᠠᠭᠠᠶ᠎ᠠ︕ | Q1 | Q᠄ ᠬᠦᠴᠢᠷᠳᠡᠯ ᠢ ᠲᠠᠶᠢᠯᠬᠤ᠂ ᠭᠠᠶᠢᠯᠢ ᠪᠤᠴᠠᠭᠠᠬᠤ ᠵᠡᠷᠭᠡ ᠲᠠᠯ᠎ᠠ ᠪᠠᠷ ᠶᠠᠮᠠᠷ ᠰᠢᠨ᠎ᠡ ᠲᠥᠷᠥ ᠶᠢᠨ | ᠪᠣᠳᠣᠯᠭ᠎ᠠ ᠪᠠᠶᠢᠬᠤ ᠪᠤᠶ︖ | A᠄ 10 ᠰᠠᠯᠠᠭ᠎ᠠ ᠮᠥᠴᠢᠷ 4 ᠳ᠋ᠦ᠋ᠭᠡᠷ ᠰᠠᠷ᠎ᠠ ᠶᠢᠨ 20 ᠤ ᠡᠳᠦᠷ ᠬᠠᠮᠲᠤᠷᠠᠨ ︽ᠭᠠᠳᠠᠭᠠᠳᠤ | ᠭᠠᠷᠭᠠᠯᠲᠠ ᠶᠢᠨ ᠭᠠᠶᠢᠯᠢ ᠪᠤᠴᠠᠭᠠᠯᠲᠠ ᠶᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ | ᠭᠠᠳᠠᠭᠠᠳᠤ ᠠᠷᠠᠯᠵᠢᠶᠠᠨ ᠤ ᠲᠣᠭᠲᠠᠭᠤᠨ ᠬᠥᠭᠵᠢᠯᠲᠡ ᠶᠢ ᠠᠬᠢᠭᠤᠯᠬᠤ ᠲᠤᠬᠠᠢ ᠮᠡᠳᠡᠭᠳᠡᠯ︾ ᠢ ᠲᠣᠭᠲᠠᠭᠠᠨ | ᠲᠠᠷᠬᠠᠭᠠᠪᠠ᠂ ᠡᠭᠦᠨ ᠳᠤ ᠭᠤᠷᠪᠠᠨ ᠲᠠᠯ᠎ᠠ 15 ᠵᠦᠢᠯ ᠤᠨ ᠠᠷᠭ᠎ᠠ ᠬᠡᠮᠵᠢᠶ᠎ᠡ ᠪᠠᠭᠲᠠᠨ᠎ᠠ᠂ ᠪᠣᠳᠠᠲᠠᠢ ᠪᠠᠷ ᠬᠡᠯᠡᠪᠡᠯ᠄ | ᠲᠥᠷᠥ ᠶᠢᠨ ᠪᠣᠳᠣᠯᠭ᠎ᠠ ᠪᠠᠷ ᠬᠦᠴᠢᠷᠳᠡᠯ ᠢ ᠰᠢᠢᠳᠪᠦᠷᠢᠯᠡᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ | ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠳᠠᠷᠤᠭᠠᠰᠤ ᠶᠢ ᠬᠦᠴᠦᠯᠡᠨ ᠬᠥᠩᠭᠡᠷᠡᠭᠦᠯᠬᠦ ᠲᠠᠯ᠎ᠠ ᠪᠠᠷ᠂ | ︽ᠮᠡᠳᠡᠭᠳᠡᠯ︾ ᠳᠤ 3 ᠵᠦᠢᠯ ᠤᠨ ᠳᠡᠮᠵᠢᠬᠦ ᠲᠥᠷᠥ ᠶᠢᠨ ᠪᠣᠳᠣᠯᠭ᠎ᠠ ᠶᠢ ᠲᠣᠳᠣᠷᠬᠠᠢ ᠲᠣᠭᠲᠠᠭᠠᠪᠠ᠄ · | ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠬᠢᠭᠡᠳ ᠭᠠᠳᠠᠭᠠᠳᠤ ᠭᠠᠷᠭᠠᠯᠲᠠ ᠶᠢᠨ ᠭᠠᠶᠢᠯᠢ | ᠪᠤᠴᠠᠭᠠᠯᠲᠠ ᠶᠢᠨ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠳᠠᠭᠠᠳᠬᠠᠯ ᠤᠨ | ᠲᠥᠯᠥᠪᠦᠷᠢ ᠶᠢᠨ ᠵᠣᠭᠤᠰ ᠢ ᠭᠤᠪᠢᠭᠤᠯᠭ᠎ᠠ ᠶᠢᠨ ᠣᠷᠣᠯᠭ᠎ᠠ ᠲᠠᠢ ᠠᠳᠠᠯᠢ ᠪᠠᠷ ᠦᠵᠡᠵᠦ ᠭᠠᠶᠢᠯᠢ ᠪᠤᠴᠠᠭᠠᠯᠲᠠ ᠶᠢ | ᠭᠦᠢᠴᠡᠳᠬᠡᠨ᠎ᠡ︔ | · ᠡᠳ᠋ᠰᠢᠭᠦᠯᠬᠦ ᠠᠷᠠᠯᠵᠢᠶ᠎ᠠ ᠶᠢᠨ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢᠨ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠵᠦ᠂ ᠡᠳ᠋ᠰᠢᠭᠦᠯᠬᠦ ᠠᠷᠠᠯᠵᠢᠶ᠎ᠠ ᠶᠢᠨ ᠠᠵᠤ ᠠᠬᠤᠶᠢᠯᠠᠯ ᠤᠨ ᠥᠩᠭᠡᠷᠡᠭᠰᠡᠨ ᠳᠤ | ᠭᠠᠳᠠᠭᠠᠳᠤ ᠳᠤ ᠭᠠᠷᠭᠠᠭᠰᠠᠨ ᠦᠢᠯᠡᠳᠬᠦᠨ ᠤ ᠭᠠᠶᠢᠯᠢ ᠲᠠᠲᠠᠪᠤᠷᠢᠯᠠᠬᠤ ᠪᠠ ᠪᠤᠴᠠᠭᠠᠬᠤ ᠨᠣᠷᠮ᠎ᠠ ᠨᠢ ᠨᠢᠭᠡᠳᠦᠯ | ᠦᠭᠡᠢ ᠠᠴᠠ ᠪᠣᠯᠵᠤ ᠲᠤᠯᠭᠠᠨ ᠰᠠᠭᠤᠯᠭᠠᠵᠤ ᠳᠡᠶᠢᠯᠬᠦ ᠦᠭᠡᠢ ᠪᠣᠯᠤᠭᠰᠠᠨ ᠣᠷᠣᠯᠭ᠎ᠠ ᠶᠢᠨ ᠭᠠᠶᠢᠯᠢ ᠶᠢᠨ ᠨᠣᠷᠮ᠎ᠠ ᠶᠢ | ᠣᠳᠣ ᠣᠷᠣᠯᠭ᠎ᠠ ᠶᠢᠨ ᠭᠠᠶᠢᠯᠢ ᠶᠢᠨ ᠨᠣᠷᠮ᠎ᠠ ᠪᠠᠷ ᠥᠷᠲᠡᠭ ᠨᠡᠮᠡᠭᠳᠡᠯ ᠤᠨ ᠭᠠᠶᠢᠯᠢ ᠶᠢ ᠲᠤᠯᠭᠠᠨ ᠰᠠᠭᠤᠯᠭᠠᠵᠤ | ᠪᠣᠯᠬᠤ ᠶᠢ ᠵᠥᠪᠰᠢᠶᠡᠷᠡᠪᠡ︔ | · ᠬᠢᠯᠢ ᠠᠴᠠ ᠭᠠᠷᠴᠤ ᠭᠠᠶᠢᠯᠢ ᠪᠤᠴᠠᠭᠠᠬᠤ ᠲᠥᠷᠥ ᠶᠢᠨ ᠪᠣᠳᠣᠯᠭ᠎ᠠ ᠶᠢᠨ ᠳᠠᠯᠳᠠ ᠬᠦᠴᠦᠨ ᠢ ᠠᠭᠤᠳᠠᠯᠵᠤ᠂ | ᠲᠥᠷᠥ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠭᠠᠶᠢᠯᠢ ᠪᠤᠴᠠᠭᠠᠬᠤ | ᠳᠡᠯᠭᠡᠭᠦᠷ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠶᠡᠭᠡ ᠪᠠᠷ | ᠬᠡᠷᠡᠭᠵᠢᠭᠦᠯᠦᠨ᠎ᠡ᠃ | ᠳᠥᠭᠦᠮ ᠳᠥᠲᠡ ᠪᠠᠷ ᠭᠠᠶᠢᠯᠢ ᠪᠤᠴᠠᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠯᠡ ᠮᠥᠩᠭᠦᠨ ᠤ | ᠡᠷᠭᠢᠯᠲᠡ ᠶᠢᠨ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠲᠠᠯ᠎ᠠ ᠪᠠᠷ᠂ | ︽ᠮᠡᠳᠡᠭᠳᠡᠯ︾ ᠳᠤ 7 ᠵᠦᠢᠯ ᠤᠨ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠳᠤᠷᠠᠳᠪᠠ᠄ | · ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ︽ᠥᠯᠥ ᠣᠶᠢᠷᠠᠲᠤᠯᠴᠠᠬᠤ︾ ᠪᠠᠷ ᠭᠦᠢᠴᠡᠳᠬᠡᠬᠦ ᠶᠢ | ᠶᠡᠭᠡ ᠪᠠᠷ ᠳᠡᠯᠭᠡᠷᠡᠭᠦᠯᠵᠦ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢᠨ ᠮᠡᠳᠡᠭᠦᠯᠬᠦ᠂ ᠬᠢᠨᠠᠨ | ᠬᠠᠷᠭᠤᠭᠤᠯᠬᠤ᠂ ᠬᠠᠷᠢᠭᠤ ᠲᠤᠰᠬᠠᠬᠤ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠪᠣᠯᠭᠠᠨ᠎ᠠ︔ | · ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ ᠶᠢ ᠴᠢᠩᠭᠠᠳᠬᠠᠵᠤ᠂ ᠭᠠᠳᠠᠭᠠᠳᠤ ᠭᠠᠷᠭᠠᠯᠲᠠ ᠶᠢᠨ ᠭᠠᠶᠢᠯᠢ | ᠪᠤᠴᠠᠭᠠᠯᠲᠠ ᠶᠢᠨ ᠮᠡᠳᠡᠭᠦᠯᠦᠨ ᠬᠦᠷᠭᠡᠬᠦ ᠮᠠᠲ᠋ᠧᠷᠢᠶᠠᠯ ᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠳᠥᠭᠦᠮᠴᠢᠯᠡᠨ᠎ᠡ︔ | | · ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢ ᠳᠠᠩᠰᠠᠯᠠᠭᠤᠯᠬᠤ ᠪᠢᠴᠢᠭ ᠪᠠᠷᠢᠮᠲᠠ ᠶᠢ | ᠡᠯᠧᠺᠲᠷᠤᠨᠵᠢᠬᠦᠯᠬᠦ ᠶᠢ ᠢᠳᠡᠪᠬᠢᠲᠡᠢ ᠬᠡᠷᠡᠭᠵᠢᠭᠦᠯᠵᠦ᠂ ᠠᠵᠤ ᠠᠬᠤᠶᠢᠯᠠᠯ ᠲᠣᠰ ᠪᠡᠶ᠎ᠡ ᠶᠢᠨ ᠪᠣᠳᠠᠲᠤ ᠪᠠᠶᠢᠳᠠᠯ ᠢᠶᠠᠨ | ᠦᠨᠳᠦᠰᠦᠯᠡᠨ ᠲᠣᠭᠠᠴᠢᠯᠠᠬᠤ᠂ ᠳᠦᠷᠢᠴᠢᠯᠡᠬᠦ ᠪᠤᠶᠤ ᠴᠠᠭᠠᠰᠤᠵᠢᠭᠤᠯᠬᠤ ᠪᠢᠴᠢᠭ ᠪᠠᠷᠢᠮᠲᠠ ᠶᠢ ᠦᠯᠡᠳᠡᠭᠡᠨ | ᠬᠠᠳᠠᠭᠠᠯᠠᠬᠤ ᠠᠷᠭ᠎ᠠ ᠶᠢ ᠠᠮᠢᠳᠤᠯᠢᠭ ᠢᠶᠠᠷ ᠰᠣᠩᠭᠤᠬᠤ ᠶᠢ ᠨᠢ ᠳᠡᠮᠵᠢᠨ᠎ᠡ︔ | · ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢᠨ ᠣᠶᠤᠨᠴᠢ ᠮᠡᠳᠡᠭᠦᠯᠦᠯᠲᠡ ᠶᠢᠨ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠵᠦ᠂ ᠪᠣᠭᠤᠮᠲᠠ ᠳᠤ ᠮᠡᠳᠡᠭᠦᠯᠬᠦ ᠪᠢᠴᠢᠭ᠂ ᠪᠠᠷᠢᠮᠲᠠ ᠶᠢᠨ ᠮᠡᠳᠡᠭᠡ ᠵᠠᠩᠭᠢ ᠶᠢ ᠲᠠᠭᠯᠠᠨ | ︽ᠮᠡᠳᠡᠭᠦᠯᠬᠦ ᠠᠴᠠ ᠬᠡᠯᠲᠦᠷᠢᠭᠦᠯᠬᠦ︾ ᠪᠡᠶᠡᠯᠡᠭᠳᠡᠯ ᠢ ᠠᠬᠢᠭᠤᠯᠤᠨ᠎ᠠ︔ | · ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠠᠵᠢᠯ ᠤᠨ ᠴᠢᠨᠠᠷ ᠪᠠ ᠪᠦᠲᠦᠮᠵᠢ ᠶᠢ ᠳᠡᠭᠡᠭᠰᠢᠯᠡᠭᠦᠯᠵᠦ᠂ | 2022 ᠣᠨ ᠳᠤ ᠪᠥᠬᠦ ᠤᠯᠤᠰ ᠤᠨ ᠬᠡᠪ ᠤᠨ ᠭᠠᠶᠢᠯᠢ ᠪᠤᠴᠠᠭᠠᠯᠲᠠ ᠶᠢ ᠭᠦᠢᠴᠡᠳᠬᠡᠬᠦ ᠳᠤᠮᠳᠠᠴᠢ ᠴᠠᠭ ᠢ 6 | ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠬᠦ ᠪᠣᠯᠭᠠᠨ ᠪᠣᠭᠤᠨᠢᠰᠬᠠᠨ᠎ᠠ︔ | · ᠪᠣᠭᠤᠮᠲᠠ ᠪᠠ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠭᠠᠳᠠᠭᠠᠳᠤ ᠭᠠᠷᠭᠠᠯᠲᠠ ᠶᠢᠨ ᠪᠠᠷᠠᠭ᠎ᠠ ᠶᠢ ᠪᠤᠴᠠᠭᠠᠨ ᠲᠡᠭᠡᠭᠡᠪᠦᠷᠢᠯᠡᠬᠦ ᠳᠤ ᠪᠣᠭᠤᠮᠲᠠ ᠪᠠᠷ ᠥᠩᠭᠡᠷᠡᠭᠦᠯᠬᠦ | ᠪᠦᠲᠦᠮᠵᠢ ᠶᠢ ᠳᠡᠭᠡᠭᠰᠢᠯᠡᠭᠦᠯᠦᠨ᠎ᠡ︔ | · ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠵᠦᠢᠯᠡᠰ ᠢ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠦᠨ | ᠳᠥᠭᠦᠮᠴᠢᠯᠡᠵᠦ᠂ ︽ᠳᠤᠲᠠᠭᠤ ᠪᠠᠷ ᠨᠢ ᠵᠥᠪᠰᠢᠶᠡᠷᠡᠨ ᠭᠦᠢᠴᠡᠳᠬᠡᠬᠦ︾ ᠶᠢ ᠲᠤᠬᠠᠢ ᠶᠢᠨ ᠭᠠᠵᠠᠷ ᠲᠤ ᠨᠢ | ᠬᠠᠷᠭᠤᠭᠤᠯᠤᠨ ᠪᠠᠶᠢᠴᠠᠭᠠᠬᠤ ᠶᠢ ᠪᠠᠶᠢᠩᠭᠤᠵᠢᠭᠤᠯᠤᠨ ᠬᠡᠷᠡᠭᠵᠢᠭᠦᠯᠵᠦ᠂ ᠭᠠᠳᠠᠭᠠᠳᠤ ᠭᠠᠷᠭᠠᠯᠲᠠ ᠶᠢᠨ ᠭᠠᠶᠢᠯᠢ | ᠪᠤᠴᠠᠭᠠᠬᠤ ᠭᠡᠷᠡᠴᠢᠯᠡᠭᠡ ᠶᠢᠨ ᠪᠥᠬᠦ ᠴᠤᠪᠤᠷᠠᠯ ᠳᠤ ᠴᠠᠭᠠᠰᠤ ᠦᠭᠡᠶᠢᠵᠢᠭᠦᠯᠬᠦ ᠶᠢ ᠢᠳᠡᠪᠬᠢᠲᠡᠢ ᠠᠬᠢᠭᠤᠯᠤᠨ᠂ ᠭᠠᠶᠢᠯᠢ | ᠪᠤᠴᠠᠭᠠᠯᠲᠠ ᠶᠢ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠭᠠᠳᠠᠭᠠᠳᠤ | ᠭᠠᠷᠭᠠᠯᠲᠠ ᠶᠢᠨ ᠠᠵᠤ ᠠᠬᠤᠶᠢᠯᠠᠯ ᠤᠨ ᠪᠡᠯᠡ ᠮᠥᠩᠭᠦ ᠶᠢᠨ ᠡᠷᠭᠢᠯᠲᠡ ᠶᠢ ᠲᠦᠷᠭᠡᠳᠬᠡᠨ᠎ᠡ᠃ | ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠳᠠᠭᠠᠳᠤ ᠠᠷᠠᠯᠵᠢᠶᠠᠨ ᠤ | ᠲᠣᠭᠲᠠᠭᠤᠨ ᠬᠥᠭᠵᠢᠯᠲᠡ ᠶᠢ ᠬᠦᠴᠦᠯᠡᠨ ᠠᠬᠢᠭᠤᠯᠬᠤ ᠲᠠᠯ᠎ᠠ ᠪᠠᠷ᠂ | ︽ᠮᠡᠳᠡᠭᠳᠡᠯ︾ ᠳᠤ 5 ᠵᠦᠢᠯ ᠤᠨ ᠳᠡᠮᠵᠢᠬᠦ ᠠᠷᠭ᠎ᠠ ᠬᠡᠮᠵᠢᠶ᠎ᠡ ᠨᠡᠶᠢᠲᠡᠯᠡᠪᠡ᠄ | · ᠤᠬᠠᠭᠤᠯᠭ᠎ᠠ ᠶᠢᠨ ᠠᠷᠭ᠎ᠠ ᠵᠠᠮ ᠵᠢᠴᠢ ᠨᠠᠷᠢᠯᠢᠭ ᠣᠨᠣᠴᠠᠲᠠᠢ ᠰᠠᠨᠠᠭᠤᠯᠬᠤ ᠠᠭᠤᠯᠭ᠎ᠠ ᠶᠢ ᠪᠠᠶᠠᠯᠢᠭᠵᠢᠭᠤᠯᠵᠤ | ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ | ᠭᠦᠢᠴᠡᠳᠬᠡᠬᠦ ᠦᠷ᠎ᠡ ᠪᠦᠲᠦᠮᠵᠢ ᠶᠢ ᠨᠢ ᠳᠡᠭᠡᠭᠰᠢᠯᠡᠭᠦᠯᠦᠨ᠎ᠡ︔ | · ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠡᠷᠡᠭᠦᠯ᠂ ᠦᠷᠭᠦᠯᠵᠢᠯᠡᠬᠦ᠋ᠢᠴᠡ᠂ ᠰᠢᠨᠡᠴᠢᠯᠡᠭᠰᠡᠨ | ᠬᠥᠭᠵᠢᠯᠲᠡ ᠶᠢ ᠨᠢ ᠳᠡᠮᠵᠢᠨ᠎ᠡ︔ | · ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠭᠠᠶᠢᠯᠢ | ᠪᠤᠴᠠᠭᠠᠯᠲᠠ ᠶᠢᠨ ᠲᠥᠪᠯᠡᠷᠡᠭᠦᠯᠵᠦ ᠣᠷᠣᠯᠠᠨ ᠭᠦᠢᠴᠡᠳᠬᠡᠬᠦ ᠶᠢ ᠳᠠᠩᠰᠠᠯᠠᠬᠤ ᠴᠤᠪᠤᠷᠠᠯ ᠢ ᠳᠥᠭᠦᠮᠴᠢᠯᠡᠵᠦ᠂ | ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠬᠥᠭᠵᠢᠯᠲᠡ ᠳᠤ ᠲᠥᠬᠦᠮ | ᠨᠥᠬᠦᠴᠡᠯ ᠪᠦᠷᠢᠯᠳᠦᠭᠦᠯᠵᠦ ᠥᠭᠭᠦᠨ᠎ᠡ︔ | · ᠢᠲᠡᠭᠡᠮᠵᠢ ᠶᠢ ᠬᠠᠮᠲᠤ ᠳᠤ ᠪᠠᠨ ᠬᠦᠷᠲᠡᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠢᠲᠡᠭᠡᠮᠵᠢᠲᠡᠢ | ᠡᠵᠡᠩᠨᠡᠬᠦ ᠶᠢ ᠵᠢᠯᠣᠭᠤᠳᠴᠤ᠂ ᠨᠢᠭᠡᠨᠲᠡ ᠭᠠᠶᠢᠯᠢ ᠲᠤᠰᠢᠶᠠᠬᠤ ᠢᠲᠡᠭᠡᠮᠵᠢ ᠪᠠᠨ ᠰᠡᠷᠭᠦᠭᠡᠭᠰᠡᠨ ᠠᠵᠤ ᠠᠬᠤᠶᠢᠯᠠᠯ ᠤᠨ | ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢᠨ ᠲᠥᠷᠥᠯ ᠬᠤᠪᠢᠶᠠᠭᠰᠠᠨ ᠬᠠᠮᠢᠶᠠᠷᠤᠯᠲᠠ ᠶᠢᠨ ᠲᠥᠷᠥᠯ ᠢ | ᠳᠠᠬᠢᠨ ᠲᠣᠭᠲᠠᠭᠠᠬᠤ ᠶᠢ ᠨᠢ ᠵᠥᠪᠰᠢᠶᠡᠷᠡᠨ᠎ᠡ︔ | · ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠬᠤ ᠶᠢᠨ ᠬᠠᠮᠲᠤ ᠬᠤᠳᠠᠯ ᠬᠡᠯᠡᠵᠦ ᠭᠠᠶᠢᠯᠢ ᠮᠡᠬᠡᠯᠡᠨ | ᠠᠪᠬᠤ ᠠᠵᠢᠯᠯᠠᠭ᠎ᠠ ᠳᠤ ᠬᠤᠯᠪᠣᠭᠠᠯᠠᠨ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠡᠷᠬᠡ ᠲᠡᠭᠰᠢ ᠲᠥᠪ | ᠭᠤᠣᠯᠴᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠢᠳᠡᠪᠬᠢᠲᠡᠢ ᠪᠣᠶ ᠪᠣᠯᠭᠠᠨ᠎ᠠ᠃ | Q2 Q᠄ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠥᠭᠡᠷᠡᠴᠢᠯᠡᠯᠲᠡ ᠶᠢᠨ ᠲᠠᠯ᠎ᠠ ᠪᠠᠷ ᠶᠠᠮᠠᠷ ᠰᠢᠨ᠎ᠡ | ᠠᠷᠭ᠎ᠠ ᠬᠡᠮᠵᠢᠶ᠎ᠡ ᠪᠠᠶᠢᠬᠤ ᠪᠤᠶ︖ | A᠄ ᠮᠡᠳᠡᠭᠦᠯᠬᠦ ᠳᠤ ᠲᠥᠬᠦᠮ ᠦᠵᠡᠭᠦᠯᠬᠦ ᠲᠠᠯ᠎ᠠ ᠪᠠᠷ᠂ ︽ᠤᠷᠢᠳᠴᠢᠯᠠᠨ ᠮᠡᠳᠡᠭᠦᠯᠬᠦ︾ ︽ᠬᠤᠶᠠᠷ | ᠠᠯᠬᠤᠮ ᠢᠶᠠᠷ ᠮᠡᠳᠡᠭᠦᠯᠬᠦ︾ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠠᠵᠤ ᠠᠬᠤᠶᠢᠯᠠᠯ ᠤᠳ ᠲᠤ ᠠᠳᠠᠯᠢ ᠪᠤᠰᠤ ᠠᠵᠤ ᠠᠬᠤᠶᠢᠯᠠᠯ ᠳᠤ ᠲᠣᠬᠢᠷᠠᠭᠰᠠᠨ ᠮᠡᠳᠡᠭᠦᠯᠬᠦ | ᠵᠠᠭᠪᠤᠷ ᠤᠨ ᠰᠣᠩᠭᠤᠯᠲᠠ ᠬᠠᠩᠭᠠᠨ᠎ᠠ᠃ | ᠪᠠᠷᠠᠭᠠᠨ ᠤ ᠭᠦᠢᠯᠭᠡᠭᠡ ᠶᠢ ᠰᠠᠭᠠᠳ ᠦᠭᠡᠢ ᠨᠡᠪᠲᠡᠷᠡᠭᠦᠯᠬᠦ ᠲᠠᠯ᠎ᠠ ᠪᠠᠷ᠂ | ︽ᠬᠤᠶᠠᠷ ᠬᠡᠰᠡᠭ ᠲᠤ ᠵᠥᠪᠰᠢᠶᠡᠷᠡᠨ ᠣᠷᠣᠭᠤᠯᠬᠤ︾ ︽ᠵᠣᠷᠢᠭᠰᠠᠨ ᠭᠠᠵᠠᠷ ᠪᠠᠶᠢᠴᠠᠭᠠᠬᠤ︾ ᠵᠡᠷᠭᠡ ᠠᠷᠭ᠎ᠠ | ᠬᠡᠮᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠪᠣᠭᠤᠮᠲᠠ ᠠᠴᠠ ᠪᠠᠷᠠᠭ᠎ᠠ ᠪᠠᠨ | ᠲᠦᠷᠭᠡᠨ ᠭᠠᠷᠭᠠᠨ ᠠᠪᠬᠤ ᠳᠤ ᠲᠥᠬᠦᠮ ᠦᠵᠡᠭᠦᠯᠦᠨ᠎ᠡ᠃ ᠡᠭᠦᠨ ᠤ ᠵᠡᠷᠭᠡ ᠪᠠᠷ᠂ ᠣᠩᠭᠤᠴᠠᠨ ᠤ ᠳᠡᠷᠭᠡᠳᠡ ︽ | ᠰᠢᠭᠤᠳ ᠠᠪᠴᠤ ᠰᠢᠭᠤᠳ ᠲᠡᠭᠡᠭᠡᠪᠦᠷᠢᠯᠡᠬᠦ︾ ᠲᠤᠷᠰᠢᠯᠲᠠ ᠶᠢ ᠪᠥᠬᠦ ᠤᠯᠤᠰ ᠤᠨ ᠨᠥᠬᠦᠴᠡᠯ ᠪᠦᠷᠢᠳᠦᠭᠰᠡᠨ | ᠰᠢᠭᠤᠳ ᠬᠠᠷᠢᠶ᠎ᠠ ᠪᠣᠭᠤᠮᠲᠠ ᠳᠤ ᠴᠥᠮ ᠪᠦᠷᠬᠦᠭᠦᠯᠬᠦ ᠶᠢ ᠠᠬᠢᠭᠤᠯᠤᠨ᠎ᠠ᠃ ᠬᠥᠬᠡᠮᠥ᠋ᠷᠡᠨ ᠤ ᠭᠤᠷᠪᠠᠯᠵᠢᠨ ᠬᠤᠶᠢᠭ᠂ | ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠵᠡᠷᠭᠡ ᠣᠷᠣᠨ ᠪᠦᠰᠡ ᠳᠤ ᠠᠶᠤᠯ | ᠲᠦᠭᠰᠢᠭᠦᠷᠢ ᠶᠢ ᠪᠠᠶᠢᠷᠢᠯᠠᠭᠤᠯᠤᠨ ᠡᠵᠡᠮᠳᠡᠬᠦ᠂ ᠡᠳ᠋ ᠪᠠᠷᠠᠭ᠎ᠠ ᠶᠢ ᠬᠢᠨᠠᠨ ᠬᠠᠮᠢᠶᠠᠷᠬᠤ ᠪᠠ ᠭᠠᠶᠢᠯᠢ ᠲᠤᠰᠢᠶᠠᠬᠤ ᠠᠵᠤ | ᠠᠬᠤᠶᠢᠯᠠᠯ ᠤᠨ ᠬᠠᠮᠢᠶᠠᠷᠤᠯᠲᠠ ᠶᠢᠨ ᠪᠣᠭᠤᠮᠲᠠ ᠪᠠ ᠣᠷᠣᠨ ᠠᠯᠤᠰᠯᠠᠨ ᠬᠠᠮᠵᠢᠯᠴᠠᠨ ᠬᠠᠮᠢᠶᠠᠷᠬᠤ ᠶᠢ ᠤᠷᠢᠳ ᠢᠶᠠᠷ | ᠠᠬᠢᠭᠤᠯᠵᠤ᠂ ᠪᠣᠭᠤᠮᠲᠠ ᠳᠤ ᠮᠡᠳᠡᠭᠦᠯᠬᠦ ᠨᠢᠭᠡᠴᠢ ᠶᠢᠨ ᠳᠠᠩᠰᠠᠯᠠᠯ ᠤᠨ ᠴᠠᠭᠠᠰᠤ ᠦᠭᠡᠶᠢᠵᠢᠭᠦᠯᠬᠦ ᠶᠢ ᠪᠡᠶᠡᠯᠡᠭᠦᠯᠵᠦ᠂ | ︽ᠪᠦᠬᠦ ᠶᠠᠪᠤᠴᠠ ᠶᠢ ᠰᠦᠯᠵᠢᠶᠡᠨ ᠳᠤ ᠭᠦᠢᠴᠡᠳᠬᠡᠬᠦ︾ ︽ᠪᠦᠬᠦ ᠤᠯᠤᠰ ᠲᠤ ᠨᠡᠶᠢᠳᠡᠮ ᠭᠦᠢᠴᠡᠳᠬᠡᠬᠦ︾ ᠶᠢ | ᠪᠡᠶᠡᠯᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠤ ᠪᠣᠭᠤᠮᠲᠠ ᠪᠠᠷ ᠳᠥᠭᠦᠮ ᠳᠥᠲᠡ ᠥᠩᠭᠡᠷᠡᠬᠦ ᠪᠠ | ᠪᠠᠶᠢᠳᠠᠯ ᠳᠤ ᠨᠢ ᠲᠣᠬᠢᠷᠠᠭᠤᠯᠤᠨ ᠬᠢᠨᠠᠨ ᠬᠠᠮᠢᠶᠠᠷᠬᠤ ᠶᠢ ᠠᠬᠢᠭᠤᠯᠤᠨ᠎ᠠ᠃ ᠪᠣᠭᠤᠮᠲᠠ ᠶᠢᠨ ᠶᠡᠷᠦᠩᠬᠡᠢ ᠵᠠᠬᠢᠷᠭ᠎ᠠ ᠪᠠᠰᠠ | ᠰᠢᠭᠤᠳ ᠬᠠᠷᠢᠶ᠎ᠠ ᠪᠣᠭᠤᠮᠲᠠ ᠨᠤᠭᠤᠳ ᠢ ᠵᠢᠯᠤᠭᠤᠳᠴᠤ ᠪᠠᠶᠢᠭᠠᠳ ᠠᠳᠠᠯᠢ ᠪᠤᠰᠤ ᠲᠡᠭᠡᠭᠡᠪᠦᠷᠢ ᠶᠢᠨ ᠠᠷᠭ᠎ᠠ ᠮᠠᠶ᠋ᠢᠭ᠂ | ᠠᠳᠠᠯᠢ ᠪᠤᠰᠤ ᠠᠵᠢᠯ ᠲᠦᠢᠷᠦᠯ ᠪᠠ ᠦᠢᠯᠡᠳᠬᠦᠨ ᠤ ᠣᠨᠴᠠᠯᠢᠭ ᠢ ᠦᠨᠳᠦᠰᠦᠯᠡᠨ ᠠᠷᠭ᠎ᠠ ᠬᠡᠮᠵᠢᠶ᠎ᠡ ᠠᠪᠴᠤ᠂ | ᠠᠵᠤ ᠠᠬᠤᠶᠢᠯᠠᠯ ᠢ ᠬᠠᠪᠰᠤᠷᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ | ᠪᠣᠭᠤᠮᠲᠠ ᠪᠠᠷ ᠥᠩᠭᠡᠷᠡᠭᠦᠯᠬᠦ ᠶᠠᠪᠤᠴᠠ ᠳᠠᠬᠢ ᠬᠦᠴᠢᠷᠳᠡᠯ ᠢ ᠨᠢ ᠰᠢᠢᠳᠪᠦᠷᠢᠯᠡᠵᠦ ᠥᠭᠭᠦᠨ᠎ᠡ᠃ ᠵᠢᠱᠢᠶᠡᠯᠡᠪᠡᠯ᠂ | ᠠᠷᠠᠳ ᠤᠨ ᠠᠮᠢᠳᠤᠷᠠᠯ ᠤᠨ ᠴᠢᠬᠤᠯᠠ ᠡᠳ᠋ ᠪᠣᠳᠠᠰ ᠢ ᠭᠠᠳᠠᠭᠠᠳᠤ ᠠᠴᠠ ᠣᠷᠣᠭᠤᠯᠬᠤ ︽ᠰᠠᠭᠠᠳ ᠦᠭᠡᠢ ᠨᠡᠪᠲᠡᠷᠡᠬᠦ | ᠵᠠᠮ︾ ᠢ ᠨᠡᠭᠡᠭᠡᠵᠦ᠂ ᠠᠭᠠᠷ ᠠᠶᠠᠯᠠᠯ᠂ ᠬᠤᠷᠠᠮᠠᠯ ᠴᠠᠬᠢᠯᠭᠠᠨ ᠬᠡᠯᠬᠢᠶ᠎ᠡ᠂ ᠮᠠᠰᠢᠨ ᠲᠡᠷᠭᠡ ᠦᠢᠯᠡᠳᠬᠦ ᠵᠡᠷᠭᠡ ᠠᠵᠤ | ᠦᠢᠯᠡᠰ ᠲᠤ ᠪᠣᠭᠤᠮᠲᠠ ᠪᠠᠷ ᠥᠩᠭᠡᠷᠡᠭᠦᠯᠬᠦ ᠳᠡᠮᠵᠢᠯᠭᠡ ᠬᠠᠩᠭᠠᠵᠤ᠂ ᠵᠠᠩᠭᠢᠯᠠᠭ᠎ᠠ ᠶᠢᠨ ᠰᠡᠯᠪᠢᠭ ᠲᠤᠨᠤᠭ ᠢ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠪᠠᠲᠤᠯᠠᠵᠤ᠂ ᠠᠵᠤ ᠦᠢᠯᠡᠰ ᠤᠨ ᠬᠡᠯᠬᠢᠶ᠎ᠡ ᠪᠠ | ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠬᠤ ᠳᠤ ᠬᠦᠴᠦᠨ | ᠨᠡᠮᠡᠷᠢᠯᠡᠨ᠎ᠡ᠃ | Q3 Q᠄ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠪᠠᠷᠠᠭ᠎ᠠ ᠪᠠᠨ ᠪᠤᠴᠠᠭᠠᠬᠤ ᠰᠣᠯᠢᠬᠤ ᠬᠠᠮᠢᠶᠠᠷᠤᠯᠲᠠ ᠳᠤ ᠶᠠᠮᠠᠷ ᠶᠠᠮᠠᠷ ᠲᠤᠰᠠᠲᠠᠢ ᠠᠷᠭ᠎ᠠ | ᠬᠡᠮᠵᠢᠶ᠎ᠡ ᠪᠠᠶᠢᠬᠤ ᠪᠣᠶ︖ | A᠄ 2020 ᠣᠨ ᠠᠴᠠ ᠣᠲᠣ ᠪᠣᠯᠲᠠᠯ᠎ᠠ ᠣᠯᠠᠨ ᠠᠯᠪᠠᠨ ᠵᠠᠷ ᠨᠡᠶᠢᠲᠡᠯᠡᠵᠦ᠂ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠵᠢᠵᠢᠭᠯᠡᠨ ᠬᠤᠳᠠᠯᠳᠤᠬᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠲᠠᠸᠠᠷ ᠤᠨ ᠪᠠᠷᠠᠭ᠎ᠠ ᠪᠤᠴᠠᠭᠠᠬᠤ ᠴᠤᠪᠤᠷᠠᠯ ᠢ ᠰᠢᠯᠢᠳᠡᠭᠵᠢᠭᠦᠯᠪᠡ᠃ 2021 ᠣᠨ ᠤ 9 ᠳ᠋ᠦ᠋ᠭᠡᠷ ᠰᠠᠷ᠎ᠠ ᠳᠤ᠂ | ᠪᠣᠭᠤᠮᠲᠠ ᠶᠢᠨ ᠶᠡᠷᠦᠩᠬᠡᠢ ᠵᠠᠬᠢᠷᠭ᠎ᠠ ᠪᠠᠰᠠ ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠵᠢᠵᠢᠭᠯᠡᠨ ᠬᠤᠳᠠᠯᠳᠤᠬᠤ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠪᠠᠷᠠᠭ᠎ᠠ ᠪᠤᠴᠠᠭᠠᠬᠤ ᠲᠥᠪ ᠬᠥᠮᠥᠷᠭᠡ ᠶᠢᠨ | ᠵᠠᠭᠪᠤᠷ ᠢ ᠪᠥᠬᠦ ᠲᠠᠯ᠎ᠠ ᠪᠠᠷ ᠳᠡᠯᠭᠡᠷᠡᠭᠦᠯᠬᠦ ᠲᠤᠬᠠᠢ ᠠᠯᠪᠠᠨ ᠵᠠᠷ︾ ᠢ ᠨᠡᠶᠢᠲᠡᠯᠡᠨ ᠬᠡᠷᠡᠭᠵᠢᠭᠦᠯᠵᠦ᠂ ᠪᠠᠷᠠᠭ᠎ᠠ | ᠪᠤᠴᠠᠭᠠᠬᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠪᠠᠷᠠᠭ᠎ᠠ ᠪᠤᠴᠠᠭᠠᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠠᠵᠤ | ᠠᠬᠤᠶᠢᠯᠠᠯ ᠤᠨ ᠡᠵᠡᠩᠨᠡᠯᠲᠡ ᠶᠢᠨ ᠥᠷᠲᠡᠭ ᠪᠠ ᠴᠠᠭ ᠤᠨ ᠥᠷᠲᠡᠭ ᠢ ᠪᠠᠭᠤᠷᠠᠭᠤᠯᠤᠨ᠂ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠬᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ | ᠠᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ ᠠᠳᠡ ᠬᠡᠯᠡᠵᠦ ᠪᠠᠶᠢᠭ᠎ᠠ ︽ᠪᠠᠷᠠᠭ᠎ᠠ ᠪᠤᠴᠠᠭᠠᠬᠤ ᠲᠥᠪ | ᠬᠥᠮᠥᠷᠭᠡ︾ ᠭᠡᠳᠡᠭ ᠨᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠬᠢᠯᠢ ᠶᠢᠨ | ᠳᠣᠲᠣᠷᠠᠬᠢ ᠣᠷᠣᠯᠠᠭᠴᠢ ᠪᠤᠶᠤ ᠲᠡᠭᠦᠨ ᠤ ᠨᠠᠶᠢᠳᠠᠭᠰᠠᠨ ᠪᠣᠭᠤᠮᠲᠠ ᠶᠢᠨ ᠣᠨᠴᠠᠭᠠᠶ ᠬᠢᠨᠠᠨ ᠬᠠᠮᠢᠶᠠᠷᠬᠤ ᠣᠷᠣᠨ | ᠪᠦᠰᠡ ᠶᠢᠨ ᠳᠣᠲᠣᠷᠠᠬᠢ ᠬᠥᠮᠥᠷᠭᠡᠯᠡᠨ ᠬᠠᠳᠠᠭᠠᠯᠠᠬᠤ ᠠᠵᠤ ᠠᠬᠤᠶᠢᠯᠠᠯ ᠢ ᠵᠢᠭᠠᠵᠤ ᠪᠣᠶ᠃ ᠪᠣᠭᠤᠮᠲᠠ ᠶᠢᠨ ᠣᠨᠴᠠᠭᠠᠢ | ᠬᠢᠨᠠᠯᠲᠠ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷ᠎ᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠵᠢᠵᠢᠭᠯᠡᠨ ᠬᠤᠳᠠᠯᠳᠤᠬᠤ ᠭᠠᠳᠠᠭᠠᠳᠤ ᠠᠴᠠ ᠣᠷᠣᠭᠤᠯᠤᠭᠰᠠᠨ ᠲᠠᠸᠠᠷ ᠢ ᠬᠠᠳᠠᠭᠠᠯᠠᠬᠤ ᠳᠤ ᠲᠤᠰᠬᠠᠢ ᠬᠡᠷᠡᠭᠯᠡᠬᠦ | ᠪᠠᠷᠠᠭ᠎ᠠ ᠪᠤᠴᠠᠭᠠᠬᠤ ᠲᠤᠰᠬᠠᠢ ᠬᠡᠷᠡᠭᠯᠡᠭᠡᠨ ᠤ ᠬᠠᠳᠠᠭᠠᠯᠠᠬᠤ ᠭᠠᠵᠠᠷ ᠢ ᠪᠠᠶᠢᠭᠤᠯᠵᠤ᠂ ᠪᠤᠴᠠᠭᠠᠭᠰᠠᠨ ᠲᠠᠸᠠᠷ ᠢ | ᠭᠥᠯᠢᠶᠡᠨ ᠠᠪᠬᠤ ᠪᠠ ᠢᠯᠭᠠᠬᠤ ᠵᠡᠷᠭᠡ ᠴᠤᠪᠤᠷᠠᠯ ᠢ ᠪᠣᠭᠤᠮᠲᠠ ᠶᠢᠨ ᠣᠨᠴᠠᠭᠠᠢ ᠬᠢᠨᠠᠯᠲᠠ ᠬᠠᠮᠢᠶᠠᠷᠤᠯᠲᠠ ᠶᠢᠨ | ᠣᠷᠣᠨ ᠪᠦᠰᠡ ᠶᠢᠨ ᠳᠣᠲᠣᠷ᠎ᠠ ᠥᠷᠨᠢᠭᠦᠯᠵᠦ᠂ ᠭᠠᠳᠠᠭᠠᠳᠤ ᠠᠴᠠ ᠬᠤᠳᠠᠯᠳᠤᠨ ᠠᠪᠤᠭᠰᠠᠨ ᠪᠠᠷᠠᠭ᠎ᠠ ᠶᠢ | ᠪᠤᠴᠠᠭᠠᠬᠤ ᠳᠤ ᠪᠣᠭᠤᠮᠲᠠ ᠪᠠᠷ ᠳᠥᠭᠦᠮ ᠳᠥᠲᠡ ᠥᠩᠭᠡᠷᠡᠭᠦᠯᠬᠦ ᠦᠢᠯᠡᠴᠢᠯᠡᠭᠡ ᠬᠠᠩᠭᠠᠵᠤ ᠪᠣᠯᠣᠨ᠎ᠠ᠃ | Q4 Q᠄ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠳᠤ ᠳᠥᠭᠦᠮ ᠦᠵᠡᠭᠦᠯᠬᠦ ᠬᠡᠮᠵᠢᠶ᠎ᠡ ᠶᠢ | ᠬᠡᠷᠬᠢᠨ ᠳᠡᠭᠡᠭᠰᠢᠯᠡᠭᠦᠯᠬᠦ ᠪᠤᠢ︖ | A᠄ ᠡᠨᠡ ᠵᠢᠯ ︽ᠭᠤᠷᠪᠠ ᠶᠢ ᠬᠠᠰᠤᠬᠤ᠂ ᠭᠤᠷᠪᠠ ᠶᠢ ᠨᠡᠮᠡᠬᠦ᠂ ᠭᠤᠷᠪᠠ ᠶᠢ ᠲᠦᠷᠭᠡᠳᠬᠡᠬᠦ︾ ᠰᠢᠨ᠎ᠡ | ᠠᠷᠭ᠎ᠠ ᠬᠡᠮᠵᠢᠶ᠎ᠡ ᠶᠢ ᠨᠡᠶᠢᠲᠡᠯᠡᠵᠦ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢ ᠭᠦᠢᠴᠡᠳᠬᠡᠬᠦ ᠳᠤ | ᠲᠥᠬᠦᠮ ᠦᠵᠡᠭᠦᠯᠬᠦ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ︽ᠭᠤᠷᠪᠠ ᠶᠢ ᠬᠠᠰᠤᠬᠤ︾ | ᠭᠡᠳᠡᠭ ᠨᠢ ᠮᠠᠲ᠋ᠧᠷᠢᠶᠠᠯ ᠢ ᠬᠠᠰᠤᠬᠤ᠂ ᠤᠴᠢᠷ ᠶᠠᠪᠤᠳᠠᠯ ᠢ ᠬᠠᠰᠤᠬᠤ᠂ ᠴᠠᠭᠠᠰᠤᠨ ᠭᠡᠷᠡᠴᠢᠯᠡᠭᠡ ᠶᠢ ᠬᠠᠰᠤᠬᠤ ᠶᠢ | ᠵᠢᠭᠠᠵᠤ ᠪᠠᠶᠢᠨ᠎ᠠ᠃ | · ᠮᠠᠲ᠋ᠧᠷᠢᠶᠠᠯ ᠢ ᠬᠠᠰᠤᠬᠤ ᠭᠡᠳᠡᠭ ᠨᠢ ᠭᠠᠶᠢᠯᠢ ᠲᠠᠲᠠᠪᠤᠷᠢ ᠶᠢᠨ ᠲᠣᠮᠣ ᠳ᠋ᠠᠶᠢᠲ᠋ᠠ ᠪᠠᠷ ᠲᠦᠰᠢᠭ ᠪᠣᠯᠭᠠᠵᠤ᠂ | ᠭᠠᠳᠠᠭᠠᠳᠤ ᠳᠤ ᠭᠠᠷᠭᠠᠭᠰᠠᠨ ᠦᠢᠯᠡᠳᠬᠦᠨ ᠤ ᠭᠠᠶᠢᠯᠢ ᠪᠤᠴᠠᠭᠠᠯᠲᠠ ᠪᠠᠷ ᠮᠡᠳᠡᠭᠦᠯᠬᠦ᠂ ᠭᠡᠷᠡᠴᠢᠯᠡᠭᠦᠯᠬᠦ ᠵᠡᠷᠭᠡ ᠤᠴᠢᠷ | ᠶᠠᠪᠤᠳᠠᠯ ᠳᠤ ᠮᠡᠳᠡᠭᠦᠯᠦᠨ ᠬᠦᠷᠭᠡᠬᠦ ᠴᠢᠬᠤᠯᠠᠲᠠᠢ ᠣᠯᠠᠨ ᠵᠦᠢᠯ ᠤᠨ ᠴᠠᠭᠠᠰᠤᠨ ᠮᠠᠲ᠋ᠧᠷᠢᠶᠠᠯ ᠢ ᠬᠦᠴᠦᠨ ᠦᠭᠡᠢ | ᠪᠣᠯᠭᠠᠬᠤ ᠪᠤᠶᠤ ᠲᠣᠬᠢᠷᠠᠭᠤᠯᠬᠤ ᠶᠠᠪᠤᠳᠠᠯ ᠪᠣᠯᠣᠨ᠎ᠠ᠃ | · ᠤᠴᠢᠷ ᠶᠠᠪᠤᠳᠠᠯ ᠢ ᠬᠠᠰᠤᠬᠤ ᠭᠡᠳᠡᠭ ᠨᠢ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠭᠰᠠᠨ ᠪᠠᠷᠠᠭ᠎ᠠ ᠶᠢ | ᠬᠤᠷᠢᠶᠠᠨ ᠭᠤᠪᠢᠭᠤᠯᠬᠤ ᠶᠢᠨ ᠠᠷᠭ᠎ᠠ ᠦᠭᠡᠢ ᠦᠶᠡᠰ ᠳᠠᠭᠢᠵᠤ ᠬᠡᠷᠡᠭ ᠤᠨ ᠡᠮᠦᠨ᠎ᠡ ᠮᠡᠳᠡᠭᠦᠯᠬᠦ ᠶᠢ ᠱᠠᠭᠠᠷᠳᠠᠬᠤ | ᠦᠭᠡᠢ᠂ ᠠᠵᠤ ᠠᠬᠤᠶᠢᠯᠠᠯ ᠨᠢ ᠬᠤᠯᠪᠣᠭᠳᠠᠯ ᠪᠦᠬᠦᠢ ᠮᠠᠲ᠋ᠧᠷᠢᠶᠠᠯ ᠢ ᠥᠪᠡᠷᠲᠡᠭᠡᠨ ᠦᠯᠡᠳᠡᠭᠡᠨ ᠬᠠᠳᠠᠭᠠᠯᠠᠵᠤ᠂ ᠬᠢᠨᠠᠨ | ᠪᠠᠶᠢᠴᠠᠭᠠᠬᠤ ᠳᠤ ᠪᠡᠯᠡᠳᠬᠡᠬᠦ ᠶᠢ ᠬᠡᠯᠡᠨ᠎ᠡ᠃ | · ᠴᠠᠭᠠᠰᠤᠨ ᠭᠡᠷᠡᠴᠢᠯᠡᠭᠡ ᠶᠢ ᠬᠠᠰᠤᠬᠤ ᠭᠡᠳᠡᠭ ᠨᠢ ︽ᠪᠠᠷᠠᠭ᠎ᠠ ᠶᠢ ᠭᠠᠳᠠᠭᠠᠳᠤ ᠳᠤ ᠣᠷᠣᠯᠠᠨ ᠭᠠᠷᠭᠠᠬᠤ | ᠭᠡᠷᠡᠴᠢᠯᠡᠭᠡ︾ ᠵᠡᠷᠭᠡ 6 ᠲᠥᠷᠥᠯ ᠤᠨ ᠭᠠᠷᠭᠠᠯᠲᠠ ᠶᠢᠨ ᠭᠠᠶᠢᠯᠢ ᠪᠤᠴᠠᠭᠠᠯᠲᠠ ᠶᠢᠨ ᠭᠡᠷᠡᠴᠢᠯᠡᠭᠡ ᠭᠠᠷᠭᠠᠬᠤ | ᠠᠷᠭ᠎ᠠ ᠶᠢ ᠴᠠᠭᠠᠰᠤᠨ ᠭᠡᠷᠡᠴᠢᠯᠡᠭᠡ ᠠᠴᠠ ᠨᠢ ᠡᠯᠧᠺᠲᠷᠣᠨ ᠭᠡᠷᠡᠴᠢᠯᠡᠭᠡ ᠪᠣᠯᠭᠠᠵᠤ᠂ ᠠᠵᠤ ᠠᠬᠤᠶᠢᠯᠠᠯ | ᠬᠤᠶᠢᠰᠢᠳᠠ ᠶᠢᠨ ᠭᠠᠶᠢᠯᠢ ᠳᠤ ᠬᠤᠯᠪᠣᠭᠳᠠᠬᠤ ᠤᠴᠢᠷ ᠶᠠᠪᠤᠳᠠᠯ ᠢ ᠰᠢᠢᠳᠪᠦᠷᠢᠯᠡᠬᠦ ᠳᠤ ᠪᠠᠨ ᠴᠠᠭᠠᠰᠤᠨ | ᠭᠡᠷᠡᠴᠢᠯᠡᠭᠡ ᠶᠢ ᠠᠰ ᠲᠤ ᠨᠢ ᠮᠡᠳᠡᠭᠦᠯᠦᠨ ᠬᠦᠷᠭᠡᠬᠦ ᠴᠢᠬᠤᠯᠠ ᠦᠭᠡᠢ᠂ ᠬᠠᠷᠢᠨ ᠭᠠᠶᠢᠯᠢ ᠶᠢᠨ ᠶᠠᠪᠤᠳᠠᠯ ᠤᠨ ᠰᠠᠯᠠᠭ᠎ᠠ | ᠮᠥᠴᠢᠷ ᠡᠯᠧᠺᠳ᠋ᠷᠣᠨ ᠭᠡᠷᠡᠴᠢᠯᠡᠭᠡ ᠶᠢᠨ ᠮᠡᠳᠡᠭᠡ ᠵᠠᠩᠭᠢ ᠶᠢ ᠪᠠᠶᠢᠴᠠᠭᠠᠬᠤ ᠶᠢ ᠬᠡᠯᠡᠨ᠎ᠡ᠃ ︽ᠭᠤᠷᠪᠠ ᠶᠢ ᠨᠡᠮᠡᠬᠦ︾ | ᠭᠡᠳᠡᠭ ᠨᠢ ᠡᠷᠴᠢᠮ ᠢ ᠴᠢᠩᠭᠠᠷᠠᠭᠤᠯᠵᠤ᠂ ᠠᠷᠭ᠎ᠠ ᠮᠠᠶ᠋ᠢᠭ ᠨᠡᠮᠡᠬᠦ᠂ ᠳᠥᠭᠦᠮ ᠦᠢᠯᠡᠴᠢᠯᠡᠭᠡ ᠨᠡᠮᠡᠬᠦ ᠶᠢ ᠵᠢᠭᠠᠵᠤ | ᠪᠠᠶᠢᠨ᠎ᠠ᠃ · ᠡᠷᠴᠢᠮ ᠢᠶᠠᠨ ᠴᠢᠩᠭᠠᠷᠠᠭᠤᠯᠬᠤ ᠭᠡᠳᠡᠭ ᠨᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ ︽ | ᠥᠯᠥ ᠣᠶᠢᠷᠠᠲᠤᠯᠴᠠᠬᠤ︾ ᠭᠦᠢᠴᠡᠳᠬᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ | ᠭᠠᠳᠠᠭᠠᠳᠤ ᠭᠠᠷᠭᠠᠯᠲᠠ ᠶᠢᠨ ᠦᠢᠯᠡᠳᠬᠦᠨ ᠤ ᠭᠠᠶᠢᠯᠢ ᠪᠤᠴᠠᠭᠠᠯᠲᠠ ᠶᠢᠨ ᠮᠡᠳᠡᠭᠦᠯᠬᠦ᠂ ᠬᠢᠨᠠᠨ ᠬᠠᠷᠭᠤᠭᠤᠯᠬᠤ᠂ | ᠬᠠᠷᠢᠭᠤ ᠲᠤᠰᠬᠠᠬᠤ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠬᠡᠷᠡᠭᠵᠢᠭᠦᠯᠬᠦ ᠶᠠᠪᠤᠳᠠᠯ ᠪᠣᠯᠣᠨ᠎ᠠ᠃ | | · ᠠᠷᠭ᠎ᠠ ᠮᠠᠶ᠋ᠢᠭ ᠨᠡᠮᠡᠬᠦ ᠭᠡᠳᠡᠭ ᠨᠢ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠳᠠᠩᠰᠠᠯᠠᠯᠲᠠ ᠶᠢᠨ | ᠪᠢᠴᠢᠭ ᠪᠠᠷᠢᠮᠲᠠ ᠶᠢ ᠦᠯᠡᠳᠡᠭᠡᠨ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠬᠦ ᠠᠷᠭ᠎ᠠ ᠮᠠᠶ᠋ᠢᠭ ᠢ ᠨᠡᠮᠡᠭᠳᠡᠭᠦᠯᠵᠦ᠂ | ᠠᠵᠤ ᠠᠬᠤᠶᠢᠯᠠᠯ ᠤᠨ ᠥᠪᠡᠷᠰᠡᠳ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠴᠠᠭᠠᠰᠤᠵᠢᠭᠤᠯᠬᠤ᠂ ᠳᠦᠷᠢᠴᠢᠯᠡᠬᠦ | ᠂ ᠲᠣᠭᠠᠴᠢᠯᠠᠬᠤ ᠠᠷᠭ᠎ᠠ ᠮᠠᠶ᠋ᠢᠭ ᠢ ᠠᠮᠢᠳᠤᠯᠢᠭ ᠢᠶᠠᠷ ᠰᠣᠩᠭᠤᠵᠤ ᠳᠠᠩᠰᠠᠯᠠᠯᠲᠠ ᠶᠢᠨ ᠪᠢᠴᠢᠭ ᠪᠠᠷᠢᠮᠲᠠ ᠪᠠᠨ | ᠦᠯᠡᠳᠡᠭᠡᠨ ᠬᠠᠳᠠᠭᠠᠯᠠᠬᠤ ᠶᠢ ᠨᠢ ᠳᠡᠮᠵᠢᠨ᠎ᠡ᠃ | · ᠳᠥᠭᠦᠮ ᠦᠢᠯᠡᠴᠢᠯᠡᠭᠡ ᠨᠡᠮᠡᠬᠦ ᠭᠡᠳᠡᠭ ᠨᠢ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ | ᠮᠡᠳᠡᠭᠦᠯᠦᠯᠲᠡ ᠶᠢᠨ ︽ᠲᠠᠭᠯᠠᠨ ᠮᠡᠳᠡᠭᠦᠯᠬᠦ ᠠᠴᠠ ᠬᠡᠯᠲᠦᠷᠢᠭᠦᠯᠬᠦ︾ ᠵᠦᠢᠯ ᠢ ᠨᠡᠮᠡᠵᠦ᠂ ᠭᠠᠳᠠᠭᠠᠳᠤ ᠭᠠᠷᠭᠠᠯᠲᠠ ᠶᠢᠨ | ᠭᠠᠶᠢᠯᠢ ᠪᠤᠴᠠᠭᠠᠬᠤ ᠠᠵᠢᠯ ᠢ ᠭᠦᠢᠴᠡᠳᠬᠡᠬᠦ ᠠᠬᠢᠴᠠ ᠵᠡᠷᠭᠡ ᠳᠤ ᠰᠠᠨᠠᠭᠤᠯᠬᠤ ᠦᠢᠯᠡᠴᠢᠯᠡᠭᠡ ᠨᠡᠮᠡᠬᠦ ᠶᠠᠪᠤᠳᠠᠯ | ᠪᠣᠯᠣᠨ᠎ᠠ᠃ ︽ᠭᠤᠷᠪᠠ ᠶᠢ ᠲᠦᠷᠭᠡᠳᠬᠡᠬᠦ︾ ᠭᠡᠳᠡᠭ ᠨᠢ ᠭᠠᠶᠢᠯᠢ ᠪᠤᠴᠠᠭᠠᠯᠲᠠ ᠶᠢᠨ ᠭᠦᠢᠴᠡᠳᠬᠡᠬᠦ ᠬᠤᠷᠳᠤᠴᠠ ᠶᠢ | ᠲᠦᠷᠭᠡᠳᠬᠡᠵᠦ᠂ ᠪᠤᠴᠠᠭᠠᠨ ᠲᠡᠭᠡᠭᠡᠪᠦᠷᠢᠯᠡᠬᠦ ᠳᠤ ᠪᠣᠭᠤᠮᠲᠠ ᠪᠠᠷ ᠥᠩᠭᠡᠷᠡᠬᠦ ᠶᠢ ᠲᠦᠷᠭᠡᠳᠬᠡᠵᠦ᠂ ᠲᠤᠬᠠᠢ ᠶᠢᠨ | ᠭᠠᠵᠠᠷ ᠲᠤ ᠨᠢ ᠬᠠᠷᠭᠤᠭᠤᠯᠤᠨ ᠪᠠᠶᠢᠴᠠᠭᠠᠬᠤ ᠶᠢ ᠲᠦᠷᠭᠡᠳᠬᠡᠬᠦ ᠶᠢ ᠵᠢᠭᠠᠵᠤ ᠪᠣᠶ᠃ | · ᠭᠠᠶᠢᠯᠢ ᠪᠤᠴᠠᠭᠠᠯᠲᠠ ᠶᠢᠨ ᠭᠦᠢᠴᠡᠳᠬᠡᠬᠦ ᠬᠤᠷᠳᠤᠴᠠ ᠶᠢ ᠲᠦᠷᠭᠡᠳᠬᠡᠬᠦ ᠭᠡᠳᠡᠭ ᠨᠢ ᠭᠠᠳᠠᠭᠠᠳᠤ | ᠭᠠᠷᠭᠠᠯᠲᠠ ᠶᠢᠨ ᠭᠠᠶᠢᠯᠢ ᠪᠤᠴᠠᠭᠠᠬᠤ ᠡᠯ᠎ᠡ ᠵᠦᠢᠯ ᠤᠨ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠨᠠᠷᠢᠯᠢᠭ | ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠠᠬᠢᠴᠠ ᠶᠢ | ᠦᠷᠭᠦᠯᠵᠢᠯᠡᠭᠦᠯᠦᠨ ᠲᠦᠷᠭᠡᠳᠬᠡᠬᠦ ᠶᠠᠪᠤᠳᠠᠯ ᠪᠣᠯᠣᠨ᠎ᠠ᠃ | · ᠪᠤᠴᠠᠭᠠᠨ ᠲᠡᠭᠡᠭᠡᠪᠦᠷᠢᠯᠡᠬᠦ ᠳᠤ ᠪᠣᠭᠤᠮᠲᠠ ᠪᠠᠷ ᠥᠩᠭᠡᠷᠡᠬᠦ ᠬᠤᠷᠳᠤᠴᠠ ᠶᠢ ᠲᠦᠷᠭᠡᠳᠬᠡᠬᠦ ᠭᠡᠳᠡᠭ ᠨᠢ ︽ | ᠭᠠᠳᠠᠭᠠᠳᠤ ᠳᠤ ᠭᠠᠷᠭᠠᠬᠤ ᠪᠠᠷᠠᠭᠠᠨ ᠤ ᠭᠠᠶᠢᠯᠢ ᠨᠥᠬᠦᠪᠦᠷᠢᠯᠡᠭᠰᠡᠨ / ᠭᠠᠶᠢᠯᠢ ᠦᠯᠦ ᠪᠤᠴᠠᠭᠠᠭᠰᠠᠨ ᠭᠡᠷᠡᠴᠢᠯᠡᠭᠡ︾ | ᠶᠢᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠢᠳᠡᠪᠬᠢᠲᠡᠢ ᠪᠠᠷ ᠠᠬᠢᠭᠤᠯᠵᠤ᠂ ᠭᠠᠳᠠᠭᠠᠳᠤ ᠳᠤ ᠭᠠᠷᠭᠠᠬᠤ | ᠪᠠᠷᠠᠭᠠᠨ ᠤ ᠪᠤᠴᠠᠭᠠᠨ ᠲᠡᠭᠡᠭᠡᠪᠦᠷᠢᠯᠡᠵᠦ ᠪᠣᠭᠤᠮᠲᠠ ᠪᠠᠷ ᠥᠩᠭᠡᠷᠡᠬᠦ ᠳᠤ ᠮᠡᠳᠡᠭᠡ ᠵᠠᠩᠭᠢ ᠶᠢ ᠪᠠᠶᠢᠴᠠᠭᠠᠨ ᠰᠢᠯᠭᠠᠵᠤ | ᠪᠣᠯᠬᠤᠶᠢᠴᠠ ᠵᠦᠢᠯ ᠳᠤ ᠴᠠᠭᠠᠰᠤᠨ ᠭᠡᠷᠡᠴᠢᠯᠡᠭᠡ ᠶᠢ ᠳᠠᠭᠢᠵᠤ ᠮᠡᠳᠡᠭᠦᠯᠦᠨ ᠬᠦᠷᠭᠡᠭᠦᠯᠬᠦ ᠪᠠᠷ ᠱᠠᠭᠠᠷᠳᠠᠬᠤ ᠦᠭᠡᠢ | ᠪᠠᠶᠢᠵᠤ᠂ ᠪᠤᠴᠠᠭᠠᠨ ᠲᠡᠭᠡᠭᠡᠪᠦᠷᠢᠯᠡᠬᠦ ᠳᠤ ᠪᠣᠭᠤᠮᠲᠠ ᠪᠠᠷ ᠥᠩᠭᠡᠷᠡᠬᠦ ᠶᠢ ᠲᠦᠷᠭᠡᠳᠬᠡᠬᠦ ᠶᠠᠪᠤᠳᠠᠯ ᠪᠣᠯᠣᠨ᠎ᠠ᠃ | · ᠲᠤᠬᠠᠢ ᠶᠢᠨ ᠭᠠᠵᠠᠷ ᠲᠤ ᠨᠢ ᠬᠠᠷᠭᠤᠭᠤᠯᠤᠨ ᠪᠠᠶᠢᠴᠠᠭᠠᠬᠤ ᠶᠢ ᠲᠦᠷᠭᠡᠳᠬᠡᠬᠦ ᠭᠡᠳᠡᠭ ᠨᠢ ᠲᠤᠬᠠᠢ ᠶᠢᠨ | ᠭᠠᠵᠠᠷ ᠲᠤ ᠨᠢ ︽ᠳᠤᠲᠠᠭᠤ ᠶᠢ ᠨᠢ ᠭᠦᠢᠴᠡᠳᠬᠡᠬᠦ︾ ᠬᠠᠷᠭᠤᠭᠤᠯᠤᠨ ᠪᠠᠶᠢᠴᠠᠭᠠᠯᠲᠠ ᠶᠢ ᠢᠳᠡᠪᠬᠢᠲᠡᠢ | ᠬᠡᠷᠡᠭᠵᠢᠭᠦᠯᠵᠦ᠂ ᠭᠠᠶᠢᠯᠢ ᠪᠤᠴᠠᠭᠠᠯᠲᠠ ᠶᠢ ᠲᠤᠬᠠᠢ ᠶᠢᠨ ᠭᠠᠵᠠᠷ ᠲᠤ ᠨᠢ ᠬᠠᠷᠭᠤᠭᠤᠯᠤᠨ ᠪᠠᠶᠢᠴᠠᠭᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠠᠪᠤᠳᠠᠯ ᠪᠣᠯᠣᠨ᠎ᠠ᠃ | Q5 Q᠄ ᠡᠨᠡ ᠵᠢᠯ ᠳᠤᠮᠳᠠ ᠵᠢᠵᠢᠭ ᠪᠢᠴᠢᠯ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠴᠤ | ᠬᠦᠴᠢᠷᠳᠡᠯ ᠢ ᠨᠢ ᠰᠢᠢᠳᠪᠦᠷᠢᠯᠡᠬᠦ ᠲᠠᠯ᠎ᠠ ᠪᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠤᠢ︖ | A᠄ ᠢᠲᠡᠭᠡᠮᠵᠢ ᠶᠢᠨ ᠳᠠᠭᠠᠳᠬᠠᠯ ᠤᠨ ᠳᠡᠮᠵᠢᠯᠭᠡ ᠶᠢ ᠨᠡᠮᠡᠭᠳᠡᠭᠦᠯᠵᠦ᠂ ᠠᠵᠤ ᠠᠬᠤᠶᠢᠯᠠᠯ ᠤᠨ | ᠭᠤᠪᠢᠭᠤᠯᠭ᠎ᠠ ᠶᠢᠨ ᠠᠮᠤᠷ ᠲᠦᠪᠰᠢᠨ ᠢ ᠪᠠᠲᠤᠯᠠᠨ᠎ᠠ᠃ ᠡᠨᠡ ᠵᠢᠯ ᠤᠨ 2 ᠳ᠋ᠤᠭᠠᠷ ᠰᠠᠷ᠎ᠠ ᠳᠤ᠂ ᠬᠤᠳᠠᠯᠳᠤᠭᠠᠨ ᠤ | ᠶᠠᠪᠤᠳᠠᠯ ᠤᠨ ᠶᠠᠮᠤᠨ ᠪᠣᠯᠣᠨ ᠳᠤᠮᠳᠠᠳᠤ ᠤᠯᠤᠰ ᠤᠨ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ | ᠺᠣᠮᠫᠠᠨᠢ ᠬᠤᠯᠪᠣᠭᠠᠯᠠᠨ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠳᠡᠮᠵᠢᠯᠭᠡ ᠶᠢ ᠨᠡᠮᠡᠭᠳᠡᠭᠦᠯᠵᠦ | ᠭᠠᠳᠠᠭᠠᠳᠤ ᠠᠷᠠᠯᠵᠢᠶ᠎ᠠ ᠶᠢᠨ ᠠᠵᠢᠯ ᠢ ᠤᠯᠠᠮ ᠨᠢᠭᠡ ᠠᠯᠬᠤᠮ ᠲᠣᠭᠲᠠᠪᠤᠷᠢᠵᠢᠭᠤᠯᠬᠤ ᠲᠤᠬᠠᠢ ᠮᠡᠳᠡᠭᠳᠡᠯ ᠳᠠᠷᠤᠮᠠᠯᠯᠠᠨ | ᠲᠠᠷᠬᠠᠭᠠᠪᠠ᠃ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠪᠠᠶᠢᠭᠤᠯᠤᠮᠵᠢ ᠶᠢᠨ ᠭᠠᠳᠠᠭᠠᠳᠤ | ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠳᠠᠭᠠᠳᠬᠠᠯ ᠬᠦᠯᠢᠶᠡᠬᠦ ᠪᠠ ᠲᠥᠯᠥᠪᠦᠷᠢ ᠥᠭᠬᠦ ᠨᠥᠬᠦᠴᠡᠯ ᠢ | ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢ ᠠᠬᠢᠭᠤᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ | ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ | · ᠲᠤᠰᠬᠠᠢ ᠪᠡᠯᠡ ᠮᠥᠩᠭᠦ ᠶᠢᠨ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠵᠠᠬ᠎ᠠ | ᠳᠡᠯᠭᠡᠭᠦᠷ ᠢ ᠨᠢ ᠥᠷᠭᠡᠳᠬᠡᠨ᠎ᠡ᠃ ᠡᠯ᠎ᠡ ᠭᠠᠵᠠᠷ ᠢ ᠵᠢᠯᠣᠭᠤᠳᠴᠤ ᠭᠠᠳᠠᠭᠠᠳᠤ ᠠᠵᠤ ᠠᠬᠤᠢ ᠠᠷᠠᠯᠵᠢᠶᠠᠨ ᠤ | ᠬᠥᠭᠵᠢᠯᠲᠡ ᠶᠢᠨ ᠲᠤᠰᠬᠠᠢ ᠪᠡᠯᠡ ᠮᠥᠩᠭᠦ ᠶᠢᠨ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠣᠯᠠᠨ | ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠦᠵᠡᠰᠬᠦᠯᠡᠩ ᠳᠤ ᠣᠷᠤᠯᠴᠠᠬᠤ ᠶᠢ | ᠳᠡᠮᠵᠢᠬᠦ ᠪᠠᠷ ᠳᠠᠮᠵᠢᠭᠤᠯᠤᠨ᠂ ᠠᠷᠠᠯᠵᠢᠶᠠᠨ ᠤ ᠲᠣᠭᠠᠴᠢᠯᠠᠭᠰᠠᠨ ᠬᠥᠭᠵᠢᠯᠲᠡ ᠶᠢ ᠲᠦᠷᠭᠡᠳᠬᠡᠵᠦ᠂ ᠤᠯᠤᠰ ᠤᠨ | ᠳᠣᠲᠣᠭᠠᠳᠤ ᠭᠠᠳᠠᠭᠠᠳᠤ ᠶᠢᠨ ᠬᠠᠩᠭᠠᠨ ᠪᠣᠷᠣᠯᠠᠭᠤᠯᠬᠤ ᠠᠷᠭ᠎ᠠ ᠵᠠᠮ ᠢ ᠬᠤᠯᠪᠣᠬᠤ ᠵᠡᠷᠭᠡ ᠪᠣᠯᠣᠨ᠎ᠠ᠃ | · ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠨᠡᠶᠢᠯᠡᠭᠦᠯᠵᠦ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ | ᠠᠷᠭ᠎ᠠ ᠵᠠᠮ ᠢ ᠥᠷᠭᠡᠳᠬᠡᠨ᠎ᠡ᠃ ᠡᠯ᠎ᠡ ᠭᠠᠵᠠᠷ ᠤᠨ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠬᠤ ᠶᠢ ᠨᠢ | ᠵᠢᠯᠤᠭᠤᠳᠴᠤ᠂ ᠵᠣᠯᠭᠠᠭᠤᠯᠬᠤ ᠲᠠᠪᠴᠠᠩ ᠪᠠᠶᠢᠭᠤᠯᠬᠤ᠂ ᠲᠤᠭ᠎ᠠ ᠪᠠᠷᠢᠮᠲᠠ ᠶᠢᠨ ᠢᠲᠡᠭᠡᠮᠵᠢ ᠶᠢ ᠨᠡᠮᠡᠭᠳᠡᠭᠦᠯᠬᠦ | ᠳᠡᠮᠵᠢᠯᠭᠡ ᠦᠵᠡᠭᠦᠯᠬᠦ᠂ ᠰᠠᠭᠠᠳ ᠦᠭᠡᠢ ᠨᠡᠪᠲᠡᠷᠡᠬᠦ ᠵᠠᠮ ᠪᠠᠶᠢᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ᠂ | ᠭᠠᠳᠠᠭᠠᠳᠤ ᠠᠷᠠᠯᠵᠢᠶ᠎ᠠ ᠶᠢᠨ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠬᠤ ᠶᠢ ᠨᠢ ᠠᠬᠢᠭᠤᠯᠵᠤ᠂ ᠪᠠᠩᠬᠢ ᠬᠢᠭᠡᠳ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ | ᠳᠠᠭᠠᠳᠬᠠᠯ ᠤᠨ ᠪᠠᠶᠢᠭᠤᠯᠤᠮᠵᠢ ᠶᠢᠨ ᠵᠣᠯᠭᠠᠭᠤᠯᠬᠤ ᠪᠠᠨ ᠴᠢᠩᠭᠠᠳᠬᠠᠬᠤ ᠶᠢ ᠵᠣᠷᠢᠭᠵᠢᠭᠤᠯᠤᠨ᠂ ᠳᠠᠭᠠᠳᠬᠠᠯ ᠤᠨ | ᠬᠠᠭᠤᠳᠠᠰᠤ ᠶᠢᠨ ᠪᠡᠯᠡ ᠲᠣᠬᠢᠷᠠᠭᠤᠯᠭ᠎ᠠ ᠶᠢᠨ ᠬᠡᠪᠴᠢᠶ᠎ᠡ ᠶᠢ ᠥᠷᠭᠡᠳᠬᠡᠨ᠎ᠡ᠃ | · ᠭᠠᠳᠠᠭᠠᠳᠤ ᠭᠤᠪᠢᠭᠤᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ | ᠠᠶᠤᠯ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠢᠳᠤᠨᠤᠨ ᠠᠴᠠ ᠨᠠᠭᠠᠰᠢ᠂ ᠬᠤᠳᠠᠯᠳᠤᠭᠠᠨ ᠤ | ᠶᠠᠪᠤᠳᠠᠯ ᠤᠨ ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠰᠦᠯᠵᠢᠶᠡᠨ ᠳᠡᠭᠡᠷᠡᠬᠢ ᠪᠣᠯᠪᠠᠰᠤᠷᠠᠯ | ᠡᠷᠬᠢᠯᠡᠵᠦ᠂ ᠭᠤᠪᠢᠭᠤᠯᠭ᠎ᠠ ᠶᠢᠨ ᠨᠤᠷᠮ᠎ᠠ ᠶᠢᠨ ᠠᠶᠤᠯ ᠠᠴᠠ ᠵᠠᠶᠢᠯᠠᠬᠤ ᠭᠠᠷ ᠳᠡᠪᠲᠡᠷ ᠢ ᠨᠠᠶᠢᠷᠠᠭᠤᠯᠤᠨ ᠲᠠᠷᠬᠠᠭᠠᠵᠤ᠂ | ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠢ ᠬᠠᠪᠰᠤᠷᠤᠨ ᠭᠤᠪᠢᠭᠤᠯᠭ᠎ᠠ ᠶᠢᠨ ᠨᠤᠷᠮ᠎ᠠ ᠶᠢᠨ | ᠲᠦᠭᠰᠢᠭᠦᠷᠢ ᠶᠢᠨ ᠬᠠᠮᠢᠶᠠᠷᠤᠯᠲᠠ ᠶᠢᠨ ᠴᠢᠳᠠᠪᠤᠷᠢ ᠶᠢ ᠨᠢ ᠳᠡᠭᠡᠭᠰᠢᠯᠡᠭᠦᠯᠵᠦ᠂ ᠢᠳᠡᠪᠬᠢᠲᠡᠢ ᠦᠷ᠎ᠡ ᠪᠦᠲᠦᠮᠵᠢ ᠣᠯᠪᠠ᠃ | ᠲᠠᠷᠠᠭᠠᠴᠢ ᠶᠢᠨ ᠠᠯᠬᠤᠮ ᠳᠤ ᠠᠶᠤᠯ ᠠᠴᠠ ᠵᠠᠶᠢᠯᠠᠬᠤ ᠦᠢᠯᠡᠳᠬᠦᠨ ᠤ ᠦᠢᠯᠡᠴᠢᠯᠡᠭᠡ ᠶᠢ ᠲᠡᠭᠦᠯᠳᠡᠷᠵᠢᠭᠦᠯᠬᠦ ᠶᠢ | ᠠᠬᠢᠭᠤᠯᠬᠤ᠂ ᠪᠠᠩᠬᠢ ᠪᠠ ᠠᠵᠤ ᠠᠬᠤᠶᠢᠯᠠᠯ ᠤᠨ ᠵᠣᠯᠭᠠᠯᠴᠠᠭ᠎ᠠ ᠶᠢ ᠠᠬᠢᠭᠤᠯᠬᠤ᠂ ᠠᠷᠠᠳ ᠤᠨ ᠵᠣᠭᠤᠰ ᠤᠨ ᠬᠢᠯᠢ | ᠠᠯᠤᠰᠯᠠᠨ ᠲᠡᠰᠦᠯᠦᠨ ᠪᠤᠳᠤᠬᠤ ᠶᠢᠨ ᠲᠥᠬᠦᠮ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠤᠯᠪᠣᠭᠳᠠᠯ ᠪᠦᠬᠦᠢ | ᠠᠵᠢᠯ ᠢ ᠦᠷᠭᠦᠯᠵᠢᠯᠡᠨ ᠠᠬᠢᠭᠤᠯᠤᠨ᠎ᠠ᠃ | |