ᠠᠮᠢ ᠠᠬᠤᠢ ᠶᠢᠨ ᠰᠠᠭᠤᠷᠢ ᠶᠢ ᠪᠠᠲᠤᠳᠬᠠᠨ  ᠨᠤᠮᠢᠨ ᠨᠤᠭᠤᠭᠠᠨ ᠪᠤᠭᠤᠲᠤ ᠶᠢ ᠪᠦᠲᠦᠭᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2022/6/13
     ᠰᠠᠶᠢᠨ ᠰᠠᠶᠢᠬᠠᠨ ᠠᠮᠢ ᠠᠬᠤᠶ ᠶᠢᠨ ᠣᠷᠴᠢᠨ ᠨᠥᠬᠦᠴᠡᠯ ᠪᠣᠯ ᠬᠠᠮᠤᠭ ᠠᠴᠠ ᠲᠦᠭᠡᠮᠡᠯ ᠠᠰᠢᠭ  ᠬᠦᠷᠲᠡᠭᠡᠭᠰᠡᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠪᠤᠯᠤᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ  ᠬᠤᠷᠠᠯ ᠠᠴᠠ ᠨᠠᠭᠠᠰᠢ᠂ ᠪᠤᠭᠤᠲᠤ ᠬᠤᠲᠠ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ  ᠮᠥᠨ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠵᠡᠷᠭᠡ  ᠴᠢᠬᠤᠯᠠ ᠠᠮᠢ ᠠᠬᠤᠶ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠡᠷᠴᠢᠮ ᠢᠶᠠᠨ ᠦᠨᠡᠨ ᠬᠦ ᠴᠢᠩᠭᠠᠳᠬᠠᠵᠤ᠂  ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶ ᠦᠷᠨᠢᠭᠦᠯᠵᠦ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ  ᠪᠦᠲᠦᠭᠡᠨ  ᠪᠠᠶᠢᠭᠤᠯᠬᠤ ᠳᠤ  ᠨᠡᠮᠡᠷᠢ ᠬᠠᠨᠳᠢᠪᠯᠠᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠠᠮᠢ  ᠠᠬᠤᠶ ᠶᠢᠨ ᠰᠠᠭᠤᠷᠢ ᠶᠢ  ᠪᠠᠲᠤᠳᠬᠠᠭᠰᠠᠨ ᠪᠠᠶᠢᠨ᠎ᠠ᠃
           ᠰᠢ ᠸᠠᠨ ᠲᠣᠰᠬᠤᠨ ᠤ ᠰᠢᠨᠡᠲᠦᠯ ᠬᠤᠪᠢᠷᠠᠯᠲᠠ            ᠮᠤᠨᠢ ᠠᠭᠤᠯᠠ ᠶᠢ ᠲᠦᠰᠢᠵᠦ᠂ ᠬᠠᠲᠤᠨ ᠭᠤᠤᠯ ᠲᠠᠢ ᠨᠢᠭᠤᠷᠯᠠᠭᠰᠠᠨ ᠲᠦᠮᠡᠳ ᠪᠠᠷᠠᠭᠤᠨ ᠬᠤᠰᠢᠭᠤᠨ ᠤ ᠰᠢ ᠸᠠᠨ ᠲᠣᠰᠬᠤᠨ ᠤ ᠳ᠋ᠠ ᠶᠠᠨ ᠲᠠᠨ ᠳᠠᠬᠢ ᠤᠯᠤᠰ ᠤᠨ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠬᠦᠷᠢᠶᠡᠯᠡᠩ ᠳᠤ᠂ ᠲᠦᠮᠡᠨ ᠮᠥ  ᠬᠦᠢᠯᠡᠰᠦᠨ ᠴᠡᠴᠡᠭ ᠵᠠᠲᠠᠷᠠᠨ ᠳᠡᠯᠭᠡᠷᠡᠵᠦ᠂ ᠵᠤᠭᠠᠴᠠᠭᠰᠠᠳ ᠴᠤᠪᠤᠷᠠᠯᠲᠤᠨ᠎ᠠ᠃ ᠵᠢᠮᠢᠰ ᠤᠨ ᠲᠠᠷᠢᠶᠠᠴᠢᠨ ᠵᠢᠶᠠ ᡁᠢ ᠯᠠᠨ᠄ ︽ᠡᠨᠡ ᠭᠦᠢᠯᠡᠰᠦᠨ ᠴᠡᠴᠡᠭ ᠤᠨ ᠰᠠᠶᠢᠬᠠᠨ ᠳᠡᠯᠭᠡᠷᠡᠭᠰᠡᠨ ᠢ ᠦᠵᠡ᠂  ᠶᠠᠭᠠᠨ ᠴᠠᠭᠠᠨ ᠠᠯᠠᠭᠯᠠᠭᠠᠳ ᠬᠡᠴᠢᠨᠡᠨ ᠰᠠᠶᠢᠬᠠᠨ ᠪᠤᠢ︾ ᠭᠡᠵᠦ ᠪᠠᠶᠠᠷ ᠲᠠᠢ ᠶᠠᠷᠢᠨ᠎ᠠ᠃            2014 ᠣᠨ ᠠᠴᠠ ᠡᠮᠦᠨ᠎ᠡ᠂ ᠮᠦᠨ ᠡᠨᠡ ᠬᠦ ᠬᠦᠢᠯᠡᠰᠦᠨ ᠤᠢ ᠳᠤ᠂ ᠬᠦᠢᠯᠡᠰᠦᠨ ᠴᠡᠴᠡᠭ ᠤᠨ ᠦᠩᠭᠡ ᠪᠦᠲᠡᠬᠢᠷᠡᠵᠦ᠂ ᠤᠲᠤᠭ᠎ᠠ ᠲᠣᠭᠤᠰᠣᠨ ᠳᠤ ᠲᠠᠷᠤᠭᠲᠠᠵᠤ᠂ ᠦᠵᠡᠵᠦ ᠰᠣᠨᠢᠷᠬᠠᠬᠤ ᠬᠥᠮᠦᠨ ᠦᠭᠡᠢ ᠡᠯᠦᠢ ᠬᠤᠯᠤᠢ ᠪᠠᠶᠢᠪᠠ᠃            ᠲᠤᠬᠠᠢ ᠶᠢᠨ ᠦᠶ᠎ᠡ ᠳᠤ ᠰᠢ ᠸᠠᠨ ᠲᠣᠰᠬᠤᠨ ᠲᠠᠢ ᠬᠥᠷᠰᠢᠯᠡᠵᠦ ᠪᠠᠶᠢᠭᠰᠠᠨ ᠨᠢ G6 ᠲᠦᠷᠭᠡᠨ ᠤ ᠵᠠᠮ  ᠪᠣᠯᠤᠨ 110 ᠤᠯᠤᠰ ᠤᠨ ᠵᠠᠮ ᠤᠨ ᠬᠤᠶᠠᠷ ᠬᠠᠵᠠᠭᠤ ᠪᠠᠷ  ᠲᠠᠷᠬᠠᠭᠰᠠᠨ 300 ᠭᠠᠷᠤᠢ ᠵᠢᠵᠢᠭ ᠨᠡᠭᠦᠷᠡᠰᠦ  ᠬᠠᠳᠠᠭᠠᠯᠠᠬᠤ ᠲᠠᠯᠠᠪᠠᠢ ᠪᠣᠯᠤᠨ᠎ᠠ᠃ ᠨᠡᠭᠦᠷᠡᠰᠦᠨ ᠤ ᠨᠤᠨᠲᠠᠭ  ᠪᠤᠯᠤᠨ ᠤᠲᠤᠭ᠎ᠠ ᠲᠣᠭᠤᠰᠣᠨ ᠤ ᠪᠣᠬᠢᠷᠲᠤᠯ ᠨᠢ  ᠰᠠᠭᠤᠭᠠᠯᠢ ᠠᠷᠠᠳ ᠤᠨ ᠣᠷᠣᠰᠢᠨ ᠠᠮᠢᠳᠤᠷᠠᠬᠤ ᠣᠷᠴᠢᠨ ᠨᠦᠬᠦᠴᠡᠯ ᠪᠠ ᠡᠷᠬᠢᠨ ᠲᠣᠭᠤᠷᠢᠨ ᠤ ᠬᠤᠲᠠ   ᠲᠣᠭᠤᠷᠢᠭ ᠤᠨ ᠠᠭᠠᠷ  ᠮᠠᠨᠳᠠᠯ ᠤᠨ ᠴᠢᠨᠠᠷ ᠴᠢᠨᠰᠠᠭ᠎ᠠ ᠶᠢ ᠬᠦᠨᠳᠦ ᠨᠣᠴᠢᠲᠠᠶ ᠨᠥᠯᠥᠭᠡᠯᠡᠵᠦ  ᠪᠠᠶᠢᠯ᠎ᠠ᠃            ᠠᠭᠤᠯᠠ ᠤᠰᠤ ᠪᠠᠨ ᠬᠦᠬᠡᠮᠳᠦᠭ ᠨᠤᠭᠤᠭᠠᠨ ᠢᠶᠠᠷ ᠬᠠᠮᠠᠭᠠᠯᠠᠵᠤ᠂ ᠠᠭᠠᠷ ᠲᠡᠭᠷᠢ ᠪᠠᠨ ᠴᠡᠩᠭᠡᠷ ᠢᠶᠠᠷ ᠨᠢ ᠪᠠᠶᠢᠬᠤ ᠶᠢ ᠪᠠᠲᠤᠯᠠᠵᠤ᠂ ᠦᠵᠡᠰᠬᠦᠯᠡᠩ ᠰᠠᠶᠢᠬᠠᠨ ᠢ  ᠦᠨᠡᠨᠬᠦ ᠬᠠᠷᠠᠭᠠᠨ ᠳᠤ ᠦᠷᠲᠦᠬᠦᠯᠵᠦ᠂ ᠵᠣᠯ ᠵᠢᠷᠭᠠᠯ ᠢ ᠮᠡᠲᠡᠷᠡᠬᠦᠯᠬᠦ ᠬᠡᠷᠡᠭᠲᠡᠢ᠃            ᠪᠤᠭᠤᠲᠤ ᠶᠢᠨ ᠬᠢᠨ ᠪᠠᠭᠠᠲᠤᠷ ᠡᠷ᠎ᠡ ᠪᠠᠭᠤᠤ ᠪᠠᠨ ᠴᠠᠪᠴᠢᠬᠤ ᠵᠣᠷᠢᠭ ᠢᠶᠠᠷ ᠬᠦᠬᠡ ᠣᠭᠲᠠᠷᠭᠤᠢ ᠶᠢ  ᠬᠠᠮᠠᠭᠠᠯᠠᠬᠤ ᠳᠠᠶᠢᠯᠠᠯᠳᠤᠭᠠᠨ᠂ ᠬᠥᠬᠡᠮᠳᠦᠭ ᠤᠰᠤ ᠶᠢ ᠬᠠᠮᠠᠭᠠᠯᠠᠬᠤ ᠳᠠᠶᠢᠯᠠᠯᠳᠤᠭᠠᠨ᠂ ᠴᠡᠪᠡᠷ ᠬᠥᠷᠥᠰᠥ ᠶᠢ  ᠬᠠᠮᠠᠭᠠᠯᠠᠬᠤ ᠳᠠᠶᠢᠯᠠᠯᠳᠤᠭᠠᠨ ᠢ ᠪᠦᠬᠦ ᠲᠠᠯ᠎ᠠ ᠪᠠᠷ ᠡᠬᠢᠯᠡᠭᠦᠯᠪᠡ᠃            ᠨᠠᠮ ᠤᠨ ᠠᠷᠪᠠᠨ  ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂  ᠪᠤᠭᠤᠲᠤ ᠬᠤᠲᠠ ᠨᠡᠶᠢᠲᠡ 447.4  ᠳ᠋ᠦᠩᠰᠢᠭᠤᠷ ᠲᠥᠭᠦᠷᠢᠭ ᠪᠠᠯᠠ ᠣᠷᠣᠭᠤᠯᠵᠤ 1161 ᠲᠦᠷᠦᠯ ᠤᠨ ᠪᠣᠬᠢᠷᠲᠤᠯ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠲᠦᠷᠦᠭᠦᠦ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠵᠢᠴᠢ ︽ᠡᠷᠬᠢᠨ ᠬᠠᠷᠠᠬᠤ︾᠎ ᠳᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃            ᠲᠦᠮᠡᠳ ᠪᠠᠷᠠᠭᠤᠨ ᠬᠤᠰᠢᠭᠤᠨ ᠤ ᠵᠢᠵᠢᠭ ᠨᠡᠭᠦᠷᠡᠰᠦ ᠬᠠᠳᠠᠭᠠᠯᠠᠬᠤ ᠲᠠᠯᠠᠪᠠᠶ ᠶᠢ ᠪᠦᠬᠦᠨ ᠢ ᠴᠡᠪᠡᠷᠯᠡᠨ   ᠦᠭᠡᠶᠢᠰᠬᠡᠵᠦ᠂ ᠪᠦᠷᠢᠮᠦᠰᠦᠨ ᠪᠢᠲᠡᠭᠦᠮᠵᠢᠯᠡᠭᠰᠡᠨ ᠲᠣᠮᠣ ᠬᠡᠯᠪᠡᠷᠢ ᠶᠢᠨ ᠨᠡᠭᠦᠷᠡᠰᠦ ᠬᠠᠳᠠᠭᠠᠯᠠᠬᠤ ᠬᠥᠮᠥᠷᠭᠡ ᠪᠠᠷ ᠣᠷᠣᠯᠠᠵᠤ᠂ ᠪᠤᠬᠢᠷᠲᠤᠯ ᠢ ᠵᠠᠰᠠᠬᠤ ᠬᠦᠴᠦᠯᠡᠴᠡ ᠤᠷᠢᠳ ᠭᠠᠷᠤᠭ᠎ᠠ ᠦᠭᠡᠢ  ᠴᠢᠩᠭᠠᠷᠠᠪᠠ᠃            ᠰᠢ ᠸᠠᠨ ᠲᠣᠰᠬᠤᠨ ᠤ ᠳ᠋ᠠ ᠶᠠᠨ ᠲᠠᠨ ᠳᠤ  ᠲᠠᠬᠢᠨᠲᠠ ᠰᠢᠪᠠᠭᠤᠳ ᠤᠨ ᠵᠢᠷᠭᠢᠬᠦ ᠲᠠᠭᠤᠨ  ᠲᠤᠭᠤᠯᠲᠠᠵᠤ᠂ ᠴᠡᠴᠡᠭ ᠤᠨ ᠠᠩᠬᠢᠯᠤᠮ᠎ᠠ ᠦᠨᠦᠷ᠂ ᠮᠦᠰᠢᠶᠡᠯ ᠢ ᠴᠦ ᠣᠯᠵᠤ  ᠬᠠᠷᠠᠬᠤ ᠪᠤᠯᠪᠠ᠃ ᠰᠢᠯᠦᠭ ᠵᠢᠷᠤᠭ ᠰᠢᠭ᠋ ᠦᠵᠡᠮᠵᠢ ᠲᠠᠢ ᠪᠣᠯᠤᠭᠰᠠᠨ ᠠᠴᠠ ᠠᠳᠡ ᠢᠷᠡᠬᠦ ᠵᠢᠭᠤᠯᠴᠢᠳ ᠴᠦ ᠵᠠᠯᠭᠠᠭ᠎ᠠ ᠪᠠᠷ ᠴᠤᠪᠤᠷᠠᠬᠤ ᠪᠣᠯᠵᠠᠶ᠃ ᠰᠢ ᠸᠠᠨ ᠲᠣᠰᠬᠤᠨ ᠴᠤ ᠤᠷᠢᠳ ᠬᠤᠵᠢᠳ ᠪᠥᠬᠦ ᠤᠯᠤᠰ ᠤᠨ ᠪᠣᠯᠪᠠᠰᠤᠨ ᠲᠣᠰᠬᠤᠨ᠂ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ᠂ ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠲᠣᠰᠬᠤᠨ᠂ ᠪᠥᠬᠦ ᠤᠯᠤᠰ ᠤᠨ ︽ᠨᠢᠭᠡ ᠲᠣᠰᠬᠤᠨ ᠨᠢᠭᠡ ᠦᠢᠯᠡᠳᠬᠦᠨ︾᠎ ᠤ ᠵᠢᠱᠢᠶ᠎ᠡ ᠦᠵᠡᠭᠦᠯᠬᠦ ᠲᠣᠰᠬᠤᠨ᠂ ᠳᠤᠮᠳᠠᠳᠤ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠡᠭᠦᠳᠦᠭᠴᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠦᠨᠡᠯᠡᠭᠳᠡᠪᠡ᠃ ᠵᠢᠭᠤᠯᠴᠢᠯᠠᠯ᠂ ᠲᠠᠷᠢᠶᠠᠯᠠᠩ ᠤᠨ ᠪᠦᠲᠦᠭᠡᠭᠳᠡᠬᠦᠨ ᠦᠢᠯᠡᠳᠪᠦᠷᠢᠯᠡᠬᠦ᠂ ᠪᠣᠯᠪᠠᠰᠤᠷᠠᠭᠤᠯᠬᠤ᠂ ᠪᠣᠷᠣᠯᠠᠭᠤᠯᠬᠤ ᠵᠡᠷᠭᠡ ᠪᠠᠷ ᠳᠠᠮᠵᠢᠭᠤᠯᠤᠨ ᠡᠷᠭᠢᠨ ᠲᠣᠭᠤᠷᠢᠨ ᠤ 2 ᠲᠦᠮᠡ ᠭᠠᠷᠤᠶ ᠲᠣᠰᠬᠤᠨ ᠤ ᠠᠷᠠᠳ ᠢ ᠳᠠᠶᠢᠴᠢᠯᠠᠨ ᠪᠠᠶᠠᠵᠢᠭᠤᠯᠵᠤ᠂ ᠬᠥᠮᠦᠨ ᠪᠦᠷᠢ ᠶᠢᠨ ᠵᠢᠯ ᠤᠨ ᠣᠷᠣᠯᠭ᠎ᠠ 3000 ᠲᠥᠭᠦᠷᠢᠭ  ᠨᠡᠮᠡᠭᠳᠡᠭᠰᠡᠨ ᠪᠠᠶᠢᠨ᠎ᠠ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠦᠨᠡᠬᠡᠷ ᠠᠯᠳᠠ  ᠮᠥᠩᠭᠦᠨ ᠠᠭᠤᠯᠠ ᠮᠥᠨ  ︾  ᠭᠡᠵᠦ ᠲᠣᠰᠬᠤᠨ ᠤ ᠠᠷᠠᠳ ᠢᠨᠢᠶᠡᠳᠦ ᠪᠢᠯᠬᠠᠭᠤᠯᠤᠨ ᠶᠠᠷᠢᠨ᠎ᠠ᠃      
           ᠴᠡᠯᠮᠡᠭ ᠲᠡᠭᠷᠢ  ᠴᠡᠪᠡᠷ ᠬᠦᠷᠦᠰᠦ ᠲᠤᠩᠭᠠᠯᠠᠭ ᠤᠰᠤ ᠪᠠᠨ ᠬᠠᠮᠠᠭᠠᠯᠠᠨ᠎ᠠ                  ᠠᠮᠢ ᠠᠬᠤᠢ ᠰᠠᠶᠢᠵᠢᠷᠠᠵᠤ᠂ ᠣᠷᠴᠢᠨ ᠲᠣᠭᠤᠷᠢᠨ  ᠭᠤᠶᠤᠵᠢᠯ᠎ᠠ᠂ ᠡᠨᠡ  ᠪᠣᠯ ᠤᠯᠠᠨ ᠲᠦᠮᠡᠨ ᠤ ᠨᠢᠲᠦ ᠪᠠᠷ  ᠦᠵᠡᠵᠦ ᠰᠡᠳᠬᠢᠯ ᠢᠶᠠᠷ ᠮᠡᠳᠡᠷᠡᠭᠰᠡᠨ ᠰᠢᠭᠤᠳ ᠲᠦᠷᠦᠭᠳᠡᠯ ᠪᠣᠯᠬᠤ ᠪᠠᠷ ᠪᠠᠷᠠᠬᠤ ᠦᠭᠡᠢ᠂ ᠨᠡᠩ ᠴᠤ ᠦᠨᠡᠨ  ᠪᠣᠳᠠᠲᠠᠢ ᠲᠤᠭ᠎ᠠ ᠪᠠᠷᠢᠮᠲᠠ ᠪᠠᠷ ᠭᠡᠷᠡᠴᠢᠯᠡᠭᠳᠡᠭᠰᠡᠨ  ᠶᠤᠮ ----           ᠬᠥᠬᠡ ᠲᠡᠭᠷᠢ ᠪᠠᠨ ᠬᠠᠮᠠᠭᠠᠯᠠᠨ᠎ᠠ᠃      ᠡᠨᠡ ᠵᠢᠯ ᠤᠨ ᠨᠢᠭᠡᠳᠦᠭᠡᠷ ᠤᠯᠠᠷᠢᠯ ᠳᠤ  ᠪᠤᠭᠤᠲᠤ ᠬᠤᠲᠠ ᠶᠢᠨ  ᠠᠭᠠᠷ ᠤᠨ ᠴᠢᠨᠠᠷ ᠴᠢᠨᠰᠠᠭ᠎ᠠ ᠳᠠᠬᠢᠨ ᠰᠢᠨ᠎ᠡ ᠳᠡᠭᠲᠡᠷ ᠲᠤ ᠭᠠᠷᠪᠠ᠃ 3 ᠰᠠᠷ᠎ᠠ ᠶᠢᠨ ᠰᠡᠭᠦᠯᠴᠢ ᠪᠣᠯᠲᠠᠯ᠎ᠠ᠂ ᠲᠤᠩᠭᠠᠯᠠᠭ ᠡᠳᠦᠷ ᠤᠨ ᠲᠤᠭ᠎ᠠ 74 ᠡᠳᠦᠷ ᠪᠣᠯᠵᠤ᠂ ᠲᠤᠩᠭᠠᠯᠠᠭ ᠡᠳᠦᠷ ᠤᠨ ᠬᠠᠷᠢᠴᠠᠯ 82.2% ᠪᠣᠯᠵᠤ᠂ ᠠᠳᠠᠯᠢ ᠬᠤᠭᠤᠴᠠᠭᠠᠨ ᠠᠴᠠ 11.1% ᠳᠡᠭᠡᠭᠰᠢᠯᠡᠵᠦ᠂ ᠠᠭᠠᠷ ᠤᠨ  ᠴᠢᠨᠠᠷ ᠴᠢᠨᠰᠠᠭ᠎ᠠ ᠶᠢᠨ ᠶᠡᠷᠦᠩᠬᠡᠶᠢᠯᠡᠭᠰᠡᠨ   ᠢᠯᠡᠳᠭᠡᠮᠵᠢ 4.43 ᠪᠣᠯᠵᠤ᠂  ᠳᠡᠭᠡᠷ᠎ᠡ ᠵᠢᠯ ᠤᠨ ᠠᠳᠠᠯᠢ ᠬᠤᠭᠤᠴᠠᠭᠠᠨ ᠠᠴᠠ ᠪᠠᠨ 8.1% ᠰᠠᠶᠢᠵᠢᠷᠠᠵᠠᠶ᠃  ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠤᠭᠤᠲᠤ ᠬᠤᠲᠠ ︽ᠬᠡᠯᠪᠡᠷᠢ ᠪᠠᠨ ᠬᠤᠪᠢᠷᠠᠭᠤᠯᠬᠤ᠂ ᠰᠢᠲᠠᠮᠠᠬᠠᠶ ᠬᠡᠢ ᠶᠢ ᠵᠠᠰᠠᠬᠤ᠂ ᠨᠡᠭᠦᠷᠡᠰᠦ ᠶᠢ ᠪᠠᠭᠠᠰᠬᠠᠬᠤ᠂ ᠮᠠᠰᠢᠨ ᠲᠡᠷᠭᠡ ᠶᠢ ᠬᠢᠵᠠᠭᠠᠷᠯᠠᠬᠤ᠂ ᠲᠣᠭᠤᠰᠣ ᠶᠢ ᠬᠤᠷᠢᠭᠯᠠᠬᠤ᠂ ᠴᠢᠩᠭ᠎ᠠ ᠬᠠᠮᠢᠶᠠᠷᠬᠤ ︾ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ 741 ᠵᠦᠢᠯ ᠤᠨ ᠭᠦᠨᠵᠡᠭᠡᠶ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠴᠠᠬᠢᠯᠭᠠᠨ ᠵᠠᠳᠠᠯᠤᠯ ᠤᠨ ᠬᠥᠩᠭᠡᠨ ᠴᠠᠭᠠᠨ᠂ ᠱᠦᠢᠨᠢ ᠵᠡᠷᠭᠡ ᠠᠵᠢᠯ ᠲᠥᠷᠥᠯ ᠤᠨ ᠠᠵᠤ ᠠᠬᠤᠶᠢᠯᠠᠯ ᠪᠦᠬᠦᠨ ᠢᠶᠠᠷ ᠢᠶᠠᠨ ᠣᠨᠴᠠ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠱᠠᠭᠠᠷᠳᠠᠯᠭ᠎ᠠ ᠳᠤ ᠬᠦᠷᠴᠦ᠂ ᠢᠯᠴᠢ ᠴᠠᠬᠢᠯᠭᠠᠨ ᠤ ᠠᠵᠢᠯ ᠲᠥᠷᠥᠯ ᠬᠡᠲᠦ ᠳᠤᠤᠷ᠎ᠠ ᠭᠠᠳᠠᠭᠰᠢᠯᠠᠭᠤᠯᠤᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠪᠣᠯᠣᠳ ᠲᠡᠮᠦᠷ ᠤᠨ ᠠᠵᠢᠯ ᠲᠥᠷᠥᠯ ᠬᠡᠲᠦ ᠳᠤᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠡᠬᠢᠯᠡᠭᠦᠯᠵᠦ᠂ ︽ᠲᠠᠷᠠᠬᠠᠶ ᠪᠤᠲᠠᠷᠬᠠᠶ᠂  ᠡᠮᠬᠢ ᠵᠠᠮᠪᠠᠷᠠᠭ᠎ᠠ ᠥᠬᠡᠶ᠂ ᠪᠣᠬᠢᠷᠲᠤᠯ ᠶᠡᠬᠡᠲᠡᠶ︾ 516 ᠠᠵᠤ ᠠᠬᠤᠶᠢᠯᠠᠯ ᠢ ᠴᠡᠭᠴᠡᠯᠡᠨ ᠵᠠᠰᠠᠵᠤ᠂ 2238  ᠨᠡᠭᠦᠷᠡᠰᠦ ᠰᠢᠲᠠᠭᠠᠬᠤ ᠭᠦᠸᠧᠯᠦ ᠶᠢ ᠴᠡᠭᠴᠡᠯᠡᠨ ᠵᠠᠰᠠᠵᠤ᠂ 103 ᠨᠦᠬᠡᠨ ᠵᠤᠤᠬ᠎ᠠ ᠶᠢ ᠴᠡᠪᠡᠷ ᠡᠨᠧᠷᠭᠢ ᠪᠣᠯᠭᠠᠨ ᠵᠠᠰᠠᠬᠤ ᠶᠢ ᠪᠡᠶᠡᠯᠡᠬᠦᠯᠪᠡ  ᠃ ︽ᠲᠠᠷᠠᠬᠠᠶ ᠪᠤᠲᠠᠷᠬᠠᠶ ᠶᠢ ᠲᠥᠪᠯᠡᠷᠡᠭᠦᠯᠬᠦ + ᠰᠢᠨ᠎ᠡ ᠡᠨᠧᠷᠭᠢ︾᠎ ᠶᠢᠨ ᠨᠡᠭᠦᠷᠡᠰᠦᠨ ᠤ ᠲᠡᠭᠡᠭᠡᠪᠦᠷᠢ ᠶᠢᠨ ᠵᠠᠭᠪᠤᠷ ᠲᠤ ᠰᠢᠨ᠎ᠡ ᠶᠢ ᠡᠭᠦᠳᠦᠨ ᠠᠰᠢᠭᠯᠠᠪᠠ᠃ ᠭᠤᠤᠯ ᠪᠣᠯᠬᠤ ᠵᠠᠮ ᠱᠤᠭᠤᠮ ᠢ ᠬᠠᠮᠤᠷᠤᠭᠰᠠᠨ ᠠᠯᠤᠰ ᠰᠡᠷᠡᠯ ᠢᠶᠠᠷ ᠬᠢᠨᠠᠨ ᠬᠡᠮᠵᠢᠬᠦ‍ ᠴᠢᠭ ᠢ ᠪᠦᠲᠦᠭᠡᠨ ᠪᠠᠶᠢᠭᠤᠯᠵᠤ᠂ ᠪᠣᠬᠢᠷᠲᠤᠯ ᠶᠡᠬᠡᠲᠡᠶ ᠲᠡᠷᠭᠡ  ᠬᠥᠰᠬᠡ ᠶᠢ ᠴᠢᠩᠭ᠎ᠠ ᠬᠠᠮᠢᠶᠠᠷᠤᠨ ᠡᠵᠡᠮᠳᠡᠪᠡ᠃ ᠪᠠᠶᠢᠭᠤᠯᠤᠭᠰᠠᠨ ᠲᠣᠭᠤᠷᠢᠭ ᠤᠨ ᠮᠠᠰᠢᠨ ᠢᠶᠠᠷ ᠰᠢᠷᠪᠢᠬᠦ ᠨᠣᠷᠮ᠎ᠠ ᠶᠢ  80%᠎ ᠠᠴᠠ ᠳᠡᠭᠡᠭᠰᠢ ᠳᠤ ᠬᠦᠷᠭᠡᠪᠡ᠃ 2021 ᠣᠨ ᠳᠤ ᠵᠢᠷᠭᠤᠭᠠᠨ ᠵᠦᠢᠯ ᠤᠨ ᠪᠣᠬᠢᠷᠲᠤᠯ ᠪᠣᠳᠠᠰ ᠢ ᠠᠩᠬ᠎ᠠ ᠤᠳᠠᠭ᠎ᠠ ᠪᠥᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠵᠦ᠂ ᠪᠥᠬᠦ ᠵᠢᠯ ᠤᠨ ᠰᠢᠯᠢᠳᠡᠭ ᠰᠠᠶᠢᠨ ᠡᠳᠦᠷ ᠤᠨ ᠪᠠᠷᠢᠮᠵᠢᠶ᠎ᠠ ᠳᠤ  ᠬᠦᠷᠦᠭᠰᠡᠨ ᠬᠠᠷᠢᠴᠠᠯ 83%᠎ ᠳᠤ ᠬᠦᠷᠴᠦ᠂ ᠠᠭᠠᠷ ᠤᠨ ᠶᠠᠰᠤ ᠴᠢᠨᠠᠷ ᠤᠨ ᠰᠠᠶᠢᠵᠢᠷᠠᠯᠲᠠ ᠶᠢᠨ ᠬᠡᠮᠵᠢᠶ᠎ᠡ ᠨᠢ ᠪᠥᠬᠦ  ᠤᠯᠤᠰ ᠤᠨ 339 ᠭᠠᠵᠠᠷ ᠤᠨ ᠲᠠᠰ ᠤᠨ ᠬᠤᠲᠠᠳ ᠤᠨ ᠳᠤᠲᠤᠷ᠎ᠠ ᠡᠮᠦᠨ᠎ᠡ ᠡᠩᠨᠡᠭᠡᠨ ᠳᠤ  ᠵᠢᠬᠰᠠᠭᠠᠵᠤ᠂ PM  2.5᠎ ᠶᠢᠨ ᠥᠳᠬᠡᠴᠡ ᠶᠢᠨ ᠰᠠᠶᠢᠵᠢᠷᠠᠯᠲᠠ ᠶᠢᠨ ᠬᠡᠮᠵᠢᠶ᠎ᠡ ᠨᠢ 168 ᠭᠤᠤᠯᠳᠠᠯᠭ᠎ᠠ ᠲᠠᠢ ᠬᠤᠲᠠ ᠶᠢᠨ ᠳᠣᠲᠣᠷ᠎ᠠ  ᠨᠢᠭᠡᠳᠦᠭᠡᠷ ᠲᠤ ᠣᠷᠣᠪᠠ᠃            ᠴᠡᠩᠭᠡᠭ ᠤᠰᠤ ᠶᠢ  ᠬᠠᠮᠠᠭᠠᠯᠠᠨ᠎ᠠ᠃      ︽ᠡᠬᠢ ᠰᠤᠷᠪᠤᠯᠵᠢ ᠶᠢ ᠨᠢ ᠴᠡᠪᠡᠷᠯᠡᠬᠦ᠂ ᠤᠰᠤ ᠴᠡᠪᠡᠷᠰᠢᠭᠦᠯᠬᠦ᠂  ᠳᠠᠷᠤᠭᠠᠰᠤ ᠶᠢ ᠬᠥᠩᠭᠡᠷᠡᠭᠦᠯᠬᠦ᠂ ᠤᠷᠤᠰᠬᠠᠯ ᠢ ᠨᠢ ᠠᠷᠪᠢᠯᠠᠬᠤ᠂ ᠴᠢᠩᠭ᠎ᠠ ᠬᠠᠮᠢᠶᠠᠷᠬᠤ︾ ᠠᠷᠭ᠎ᠠ ᠬᠡᠮᠵᠢᠶ᠎ᠡ ᠶᠢ  ᠨᠠᠶᠢᠳᠠᠪᠤᠷᠢᠵᠢᠭᠤᠯᠤᠨ᠂  ᠵᠠᠰᠠᠯᠲᠠ ᠶᠢᠨ ᠢᠨᠵᠧᠨᠧᠷᠢᠩ ᠢ ᠨᠡᠶᠢᠲᠡ 195  ᠵᠦᠢᠯ ᠬᠡᠷᠡᠭᠵᠢᠭᠦᠯᠵᠦ᠂ ᠬᠠᠲᠤᠨ ᠭᠤᠤᠯ ᠤᠨ ᠰᠠᠪᠠ ᠭᠠᠵᠠᠷ ᠳᠠᠭᠠᠤ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ  ᠬᠤᠭᠤᠯᠠᠢ ᠶᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠥᠷᠨᠢᠭᠦᠯᠦᠨ᠂ ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠦᠬᠦᠨ ᠢ ᠨᠢᠭᠡᠳᠦᠭᠡᠷ ᠳᠡᠰ ᠤᠨ A ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠭᠡᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠦᠬᠦᠨ ᠳᠤ ᠪᠣᠬᠢᠷ ᠤᠰᠤ ᠶᠢ ᠲᠥᠪᠯᠡᠷᠡᠭᠦᠯᠦᠨ  ᠰᠢᠢᠳᠪᠦᠷᠢᠯᠡᠬᠦ  ᠲᠦᠬᠦᠭᠡᠷᠦᠮᠵᠢ ᠪᠠᠶᠢᠭᠤᠯᠤᠭᠰᠠᠨ ᠪᠤᠶᠤ ᠦᠨᠡᠯᠡᠨ ᠵᠢᠱᠢᠬᠦ ᠪᠠᠷ ᠳᠡᠮᠵᠢᠨ ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ  ᠦᠢᠯᠡᠳᠪᠦᠷᠢ ᠳᠤ ᠲᠦᠰᠢᠭᠯᠡᠨ ᠰᠢᠢᠳᠪᠦᠷᠢᠯᠡᠪᠡ᠃ 2021 ᠣᠨ ᠤ ᠭᠠᠵᠠᠷ ᠳᠡᠭᠡᠷᠡᠬᠢ ᠤᠰᠤᠨ ᠤ ᠤᠯᠤᠰ ᠤᠨ ᠰᠢᠯᠭᠠᠨ ᠪᠠᠶᠢᠴᠠᠭᠠᠯᠲᠠ ᠳᠤ ᠤᠰᠤᠨ ᠤ ᠴᠢᠨᠠᠷ ᠤᠨ ᠰᠢᠯᠢᠳᠡᠭ ᠰᠠᠶᠢᠨ ᠬᠠᠷᠢᠴᠠᠯ 87.5%᠎ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.5% ᠳᠡᠭᠡᠭᠰᠢᠯᠡᠪᠡ᠃ 9 ᠬᠤᠲᠠ ᠶᠢᠨ ᠲᠥᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠎ ᠲᠠᠬᠢ ᠤᠰᠤᠨ ᠤ ᠴᠢᠨᠠᠷ ᠢ 100%᠎ ᠪᠠᠷ ᠪᠠᠷᠢᠮᠵᠢᠶ᠎ᠠ ᠳᠤ ᠬᠦᠷᠭᠡᠵᠦ᠂ ᠠᠮᠵᠢᠯᠲᠠ ᠲᠠᠢ ᠪᠠᠷ ᠤᠯᠤᠰ ᠤᠨ ᠪᠣᠬᠢᠷ ᠦᠮᠡᠬᠡᠶ ᠤᠰᠤᠨ ᠴᠣᠭᠴᠠ ᠶᠢ ᠵᠠᠰᠠᠬᠤ ᠵᠢᠱᠢᠶ᠎ᠡ ᠦᠵᠡᠭᠦᠯᠬᠦ ᠬᠤᠲᠠ ᠪᠠᠷ ᠰᠣᠩᠭᠤᠭᠳᠠᠵᠤ᠂ 1.22 ᠲᠦᠮᠡᠨ ᠾᠧᠺᠲ᠋ᠠᠷ ᠲᠠᠯᠠᠪᠠᠢ ᠪᠦᠬᠦᠢ ᠪᠤᠭᠤᠲᠤ  ᠬᠤᠲᠠ ᠶᠢᠨ ᠬᠠᠲᠤᠨ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠢ ᠪᠠᠶᠢᠭᠤᠯᠪᠠ᠃            ᠴᠡᠪᠡᠷ ᠬᠦᠷᠦᠰᠦ ᠶᠢ ᠬᠠᠮᠠᠭᠠᠯᠠᠨ᠎ᠠ᠃      ︽ᠬᠠᠶᠠᠭᠳᠠᠮᠠᠯ ᠪᠣᠳᠠᠰ ᠥᠬᠡᠶ ᠬᠤᠲᠠ︾᠎ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠥᠷᠥᠰᠥ ᠰᠢᠷᠣᠶ ᠵᠢᠴᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠵᠠᠰᠠᠬᠤ 225 ᠵᠦᠢᠯ ᠤᠨ ᠢᠨᠵᠧᠨᠧᠷᠢᠩ ᠢ ᠬᠡᠷᠡᠭᠵᠢᠭᠦᠯᠵᠦ᠂ ᠠᠶᠤᠯᠲᠠᠶ ᠬᠠᠶᠠᠭᠳᠠᠮᠠᠯ ᠪᠣᠳᠠᠰ ᠢ 100  %᠎ ᠪᠠᠷ ᠠᠮᠤᠷ ᠲᠦᠪᠰᠢᠨ ᠢᠶᠠᠷ ᠰᠢᠢᠳᠪᠦᠷᠢᠯᠡᠨ ᠠᠰᠢᠭᠯᠠᠵᠤ᠂ ᠡᠩ ᠤᠨ ᠠᠵᠤ  ᠦᠢᠯᠡᠳᠪᠦᠷᠢ ᠶᠢᠨ ᠬᠠᠲᠠᠭᠤ  ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 50%᠎ ᠳᠤ ᠬᠦᠷᠲᠡᠯ᠎ᠡ ᠳᠡᠭᠡᠭᠰᠢᠯᠡᠭᠦᠯᠵᠦ᠂  ᠮᠡᠷᠭᠡᠵᠢᠯ ᠤᠨ ᠵᠢᠷᠤᠮᠵᠢᠯ ᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠪᠣᠯᠭᠠᠵᠤ᠂  ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠠᠶᠠᠭᠳᠠᠮᠠᠯ ᠪᠣᠳᠠᠰ ᠥᠬᠡᠶ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠵᠠᠭᠪᠤᠷ᠂ ᠳᠠᠯᠠᠨ ᠬᠠᠷ᠎ᠠ ᠠᠭᠤᠯᠠ ᠶᠢᠨ ᠠᠮᠢ ᠠᠬᠤᠶ ᠶᠢ ᠵᠠᠰᠠᠨ ᠰᠡᠷᠭᠦᠭᠡᠵᠦ  ᠬᠠᠮᠵᠢᠯᠴᠠᠨ ᠬᠥᠭᠵᠢᠭᠦᠯᠬᠦ ᠵᠠᠭᠪᠤᠷ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠤᠤᠰ ᠬᠥᠳᠡᠯᠭᠡᠭᠦᠷ ᠲᠠᠢ ᠪᠠᠷ  ᠶᠡᠷᠦᠩᠬᠡᠶᠢᠯᠡᠨ ᠠᠰᠢᠭᠯᠠᠬᠤ ᠵᠡᠷᠭᠡ 3 ᠵᠦᠢᠯ ᠤᠨ ︽ᠪᠤᠭᠤᠲᠤ ᠶᠢᠨ ᠵᠠᠭᠪᠤᠷ︾᠎ ᠢ ᠪᠥᠬᠦ ᠤᠯᠤᠰ ᠤᠨ ᠬᠡᠪᠴᠢᠶᠡᠨ ᠳᠤ ᠳᠡᠯᠭᠡᠷᠡᠭᠦᠯᠵᠦ᠂ ᠤᠯᠤᠰ ᠤᠨ ᠶᠡᠭᠡ ᠬᠡᠮᠵᠢᠶᠡᠨ ᠤ ᠠᠵᠤ ᠦᠢᠯᠡᠳᠪᠦᠷᠢ ᠶᠢᠨ ᠬᠠᠲᠠᠭᠤ ᠪᠡᠶᠡᠲᠦ  ᠬᠠᠶᠠᠭᠳᠠᠮᠠᠯ ᠪᠣᠳᠠᠰ ᠢ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠵᠥᠪᠰᠢᠶᠡᠷᠡᠭᠳᠡᠪᠡ᠃ 98  ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠪᠠ᠃ ᠤᠯᠤᠰ ᠤᠨ ᠭᠠᠵᠠᠷ ᠳᠣᠣᠷᠠᠬᠢ  ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠤᠷᠰᠢᠯᠲᠠ ᠶᠢᠨ ᠣᠷᠣᠨ ᠢ ᠠᠮᠵᠢᠯᠲᠠ ᠲᠠᠢ ᠪᠠᠷ ᠮᠡᠳᠡᠭᠦᠯᠪᠡ᠃            ᠡᠭᠦᠨ ᠠᠴᠠ ᠭᠠᠳᠠᠨ᠎ᠠ᠂ ᠮᠠᠨ ᠤ ᠬᠤᠲᠠ ᠨᠡᠭᠦᠷᠡᠰᠦᠳᠦᠷᠦᠭᠴᠢ ᠶᠢᠨ ᠭᠠᠲᠠᠭᠰᠢᠯᠠᠭᠤᠯᠤᠯᠲᠠ ᠶᠢ ᠤᠷᠬᠢᠯ  ᠬᠡᠮᠵᠢᠭᠳᠡᠯ ᠳᠤ ᠬᠦᠷᠭᠡᠬᠦ ᠨᠡᠬᠦᠷᠡᠰᠦᠲᠦᠷᠦᠭᠴᠢ ᠰᠠᠭᠠᠷᠮᠠᠬᠵᠢᠭᠤᠯᠬᠤ ᠬᠤᠰᠢᠭᠤᠴᠢ ᠬᠤᠲᠠ᠂ ᠵᠢᠱᠢᠶᠡᠴᠢ ᠬᠤᠲᠠ ᠶᠢ ᠬᠦᠴᠦᠯᠡᠨ ᠪᠠᠶᠢᠭᠤᠯᠵᠤ᠂ ᠰᠢᠨ᠎ᠡ ᠡᠨᠧᠷᠭᠢ ᠶᠢᠨ ᠦᠢᠯᠡᠳᠪᠦᠷᠢᠯᠡᠯ ᠠᠰᠢᠭᠯᠠᠯᠲᠠ ᠶᠢᠨ ᠬᠢᠷᠢ ᠲᠦᠪᠰᠢᠨ ᠢ ᠲᠦᠷᠭᠡᠳᠬᠡᠨ ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠦᠢᠯᠡᠳᠪᠦᠷᠢᠯᠡᠯ ᠠᠰᠢᠭᠯᠠᠯᠲᠠ ᠶᠢᠨ ᠶᠡᠷᠦᠩᠬᠡᠶᠢᠯᠡᠭᠰᠡᠨ  ᠵᠢᠱᠢᠶ᠎ᠡ ᠦᠵᠡᠭᠦᠯᠬᠦ ᠣᠷᠣᠨ᠂ ᠣᠯᠠᠨ ᠤᠯᠤᠰ ᠤᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠵᠢᠱᠢᠶ᠎ᠡ  ᠦᠵᠡᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠥᠬᠦ ᠬᠤᠲᠠ ᠶᠢᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 635.6 ᠲᠦᠮᠡᠨ ᠬᠢᠯᠦᠸᠠᠲ ᠲᠤ ᠬᠦᠷᠴᠦ᠂ ᠡᠵᠡᠯᠡᠬᠦ ᠬᠠᠷᠢᠴᠠᠯ ᠨᠢ 37.4 %᠎ ᠳᠤ ᠬᠥᠷᠪᠡ᠃ ᠴᠡᠪᠡᠷ ᠡᠨᠧᠷᠭᠢ ᠶᠢᠨ ᠰᠤᠷᠪᠤᠯᠵᠢ ᠲᠣᠨᠤᠭ ᠲᠥᠬᠦᠭᠡᠷᠦᠮᠵᠢ  ᠦᠢᠯᠡᠳᠬᠦ ᠦᠢᠯᠡᠰ ᠢ ᠶᠡᠬᠡᠪᠡᠷ  ᠬᠦᠭᠵᠢᠬᠦᠯᠪᠡ᠃ ᠭᠡᠷᠡᠯᠴᠢ ᠴᠡᠨᠡᠭ᠂ ᠰᠠᠯᠬᠢᠨ ᠬᠦᠴᠦᠨ ᠤ ᠮᠠᠰᠢᠨ ᠦᠢᠯᠡᠳᠬᠦ ᠠᠵᠤ ᠦᠢᠯᠡᠰ ᠤᠨ ᠬᠡᠯᠬᠢᠶ᠎ᠡ ᠶᠢ ᠲᠦᠷᠭᠡᠳᠬᠡᠨ ᠪᠠᠶᠢᠭᠤᠯᠵᠤ᠂ ᠴᠠᠬᠢᠭᠤᠷ ᠮᠠᠲ᠋ᠧᠷᠢᠶᠠᠯ ᠠᠴᠠ ᠠᠪᠤᠭᠠᠳ ᠲᠡᠪᠬᠡ ᠴᠢᠳᠬᠤᠬᠤ  ᠂ ᠲᠠᠯᠠᠰᠵᠢᠭᠤᠯᠬᠤ᠂ ᠬᠡᠷᠴᠢᠬᠦ᠂ ᠲᠣᠨᠣᠭᠯᠠᠬᠤ ᠵᠡᠷᠭᠡ ᠭᠡᠷᠡᠯᠴᠢ ᠴᠡᠨᠡᠭ ᠤᠨ ᠠᠵᠤ ᠦᠢᠯᠡᠰ ᠤᠨ ᠬᠡᠯᠬᠢᠶ᠎ᠡ ᠶᠢ ᠪᠣᠶ  ᠪᠣᠯᠭᠠᠵᠤ᠂ ᠤᠰᠤᠲᠥ᠋ᠷᠥᠭᠴᠢ ᠡᠨᠧᠷᠭᠢ ᠶᠢᠨ  ᠲᠤᠨᠤᠭᠯᠠᠯ ᠦᠢᠯᠡᠳᠬᠦ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠥᠪᠥᠷ ᠮᠣᠩᠭᠤᠯ ᠤᠨ ᠠᠩᠬᠠᠳᠠᠭᠴᠢ ᠤᠰᠤᠲᠥ᠋ᠷᠥᠭᠴᠢ ᠰᠢᠳᠠᠭᠠᠬᠤ ᠬᠦᠨᠳᠦ ᠠᠴᠢᠶᠠᠨ ᠤ ᠮᠠᠰᠢᠨ ᠢ ᠠᠮᠵᠢᠯᠲᠠ ᠲᠠᠢ ᠦᠢᠯᠡᠳᠪᠦᠷᠢᠯᠡᠵᠦ᠂ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠰᠣᠯᠢᠬᠤ ᠵᠠᠭᠪᠤᠷ ᠤᠨ  ᠬᠡᠷᠡᠭᠯᠡᠭᠡᠨ ᠤ ᠲᠤᠷᠰᠢᠯᠲᠠ ᠶᠢᠨ ᠴᠡᠭ ᠬᠤᠲᠠ ᠪᠠᠷ ᠵᠥᠪᠰᠢᠶᠡᠷᠡᠭᠳᠡᠵᠦ᠂  ᠰᠢᠲᠠᠭᠠᠯᠭ᠎ᠠ ᠶᠢᠨ ᠳ᠋ᠢᠶᠠᠨ ᡂᠢ ᠶᠢᠨ  ᠮᠠᠰᠢᠨ ᠲᠡᠷᠭᠡᠨ ᠤ ᠵᠢᠱᠢᠶ᠎ᠡ ᠦᠵᠡᠭᠦᠯᠬᠦ ᠬᠡᠷᠡᠭᠯᠡᠭᠡᠨ ᠤ ᠭᠤᠸᠠᠩᠳᠦ᠋ᠩ ᠤᠨ ᠬᠤᠲᠠ ᠶᠢᠨ ᠪᠥᠭᠡᠮᠨᠡᠷᠡᠯ ᠳᠤ ᠣᠷᠣᠭᠤᠯᠪᠠ  ᠃            ᠲᠩᠷᠢ ᠴᠡᠯᠮᠡᠭᠰᠢᠨ᠂ ᠤᠰᠤ ᠲᠤᠩᠭᠠᠯᠠᠬᠰᠢᠵᠤ᠂ ᠬᠥᠷᠥᠰᠥ ᠰᠢᠷᠣᠶ ᠨᠠᠩ ᠴᠡᠪᠡᠷ ᠪᠣᠯᠵᠣ᠂ ᠣᠯᠠᠨ ᠲᠦᠮᠡᠨ ᠤ  ᠵᠣᠯ ᠵᠢᠷᠭᠠᠯ ᠤᠨ ᠬᠦᠷᠲᠡᠮᠵᠢ ᠶᠢᠨ ᠲᠥᠷᠥᠭᠳᠡᠯ ᠲᠠᠰᠤᠷᠠᠯᠲᠠ ᠥᠬᠡᠶ ᠴᠢᠩᠭᠠᠷᠠᠪᠠ᠃
     ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠤᠬᠴᠠᠯᠠᠨ᠎ᠠ            4 ᠰᠠᠷ᠎ᠠ ᠶᠢᠨ 18᠎ ᠤ ᠡᠳᠦᠷ᠂ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ᠂  ᠮᠠᠨ ᠤ ᠬᠤᠲᠠ ᠶᠢᠨ ᠬᠡᠰᠡᠭ ᠺᠠᠳ᠋ᠷ ᠠᠵᠢᠯᠲᠠᠨ᠂ ᠰᠠᠶᠢᠨ ᠳᠤᠷᠠᠴᠤᠳ ᠬᠠᠲᠤᠨ ᠭᠤᠤᠯ ᠤᠨ ᠨᠤᠭᠤ ᠭᠠᠵᠠᠷ ᠤᠨ  ᠴᠡᠴᠡᠷᠯᠢᠭ ᠲᠤ ᠭᠠᠴᠤᠷ᠎ᠠ᠂ ᠬᠠᠭᠤᠷᠠᠶ ᠤᠳᠠ᠂ ᠤᠯᠠᠭᠠᠨ ᠪᠤᠷᠭᠠᠰᠤ᠂ ᠴᠢᠨ᠋ᠸ᠎ᠠ ᠶᠢᠨ ᠬᠠᠷᠮᠠᠭ ᠵᠡᠷᠭᠡ 2000  ᠭᠠᠷᠤᠶ ᠰᠠᠭᠤᠷᠢ ᠮᠣᠳᠣ ᠵᠠᠶᠢᠯᠠᠵᠤ᠂ ᠪᠤᠭᠤᠲᠤ ᠶᠢᠨ ᠬᠠᠪᠤᠷ ᠤᠨ ᠤᠯᠠᠷᠢᠯ ᠳᠤ ᠥᠩᠭᠡ  ᠨᠡᠮᠡᠷᠢᠯᠡᠪᠡ᠃            ᠣᠷᠴᠢᠨ ᠲᠣᠭᠤᠷᠢᠨ ᠤ ᠵᠠᠰᠠᠯᠲᠠ ᠳᠤ ᠬᠠᠰᠤᠬᠤ ᠠᠷᠭ᠎ᠠ ᠬᠡᠷᠡᠭᠯᠡᠵᠦ᠂ ᠠᠮᠢ ᠠᠬᠤᠢ ᠶᠢᠨ ᠪᠠᠶᠢᠭᠤᠯᠤᠯᠲᠠ ᠳᠤ ᠨᠡᠮᠡᠬᠦ ᠠᠷᠭ᠎ᠠ ᠶᠢ ᠬᠡᠷᠡᠭᠯᠡᠪᠡ᠃ ᠮᠣᠳᠣ ᠶᠢ ᠥᠨᠳᠥᠷ ᠤᠷᠭᠤᠭᠤᠯᠬᠤ ᠭᠡᠪᠡᠯ ᠡᠷᠬᠡᠪᠰᠢ ᠦᠨᠳᠦᠰᠦ ᠶᠢ ᠨᠢ ᠪᠠᠬᠢᠵᠢᠭᠦᠯᠬᠦ ᠬᠡᠷᠡᠭᠲᠡᠢ᠃ 2013 ᠣᠨ ᠠᠴᠠ ᠨᠠᠭᠠᠰᠢ᠂ ᠮᠠᠨ ᠤ ᠬᠤᠲᠠ ᠤᠯᠤᠰ ᠤᠨ ᠣᠶ ᠰᠢᠭᠤᠶ ᠡᠪᠡᠰᠦ ᠪᠡᠯᠴᠢᠭᠡᠷ ᠤᠨ ᠭᠤᠤᠯᠳᠠᠯᠭ᠎ᠠ ᠲᠠᠢ ᠢᠨᠵᠧᠨᠧᠷᠢᠩ ᠢ ᠨᠡᠶᠢᠲᠡ 598.7 ᠲᠦᠮᠡᠨ ᠮᠥ ︵ᠡᠭᠦᠨ ᠳᠤ᠄ ᠣᠶ ᠰᠢᠭᠤᠶ ᠶᠢᠨ ᠭᠤᠤᠯᠳᠠᠯᠭ᠎ᠠ ᠲᠠᠢ ᠢᠨᠵᠧᠨᠧᠷᠢᠩ 419 ᠲᠦᠮᠡᠨ ᠮᠥ᠂ ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ ᠢᠨᠵᠧᠨᠧᠷᠢᠩ  179.7 ᠲᠦᠮᠡᠨ ᠮᠥ︶ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ 35.3 ᠲᠦᠮᠡᠨ ᠮᠥ ᠬᠡᠷᠡᠭᠵᠢᠭᠦᠯᠵᠦ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠪᠣᠯᠤᠨ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ︽ ᠬᠤᠤᠰ ᠳᠡᠭᠡᠭᠰᠢᠯᠡᠯᠲᠡ︾᠎ ᠶᠢ ᠪᠡᠶᠡᠯᠡᠭᠦᠯᠵᠦ᠂ ᠡᠯᠡᠰᠦᠷᠬᠡᠭᠵᠢᠭᠰᠡᠨ᠂ ᠲᠠᠴᠢᠷᠰᠢᠬᠰᠠᠨ ᠭᠠᠵᠠᠷ ᠰᠢᠷᠣᠶ ᠶᠢᠨ ︽ ᠬᠤᠤᠰ  ᠬᠠᠰᠤᠭᠳᠠᠯ︾᠎ ᠢ ᠪᠡᠶᠡᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠭᠰᠡᠨ ᠬᠠᠤᠯᠢ ᠠᠴᠠ  ᠵᠥᠷᠢᠴᠡᠭᠰᠡᠨ ᠦᠢᠯᠡ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠪᠠ᠃ ᠴᠢᠬᠤᠯᠠ ᠠᠮᠢ ᠠᠬᠤᠢ ᠶᠢᠨ ᠰᠢᠰᠲ᠋ᠧᠮ ᠤᠨ  ᠴᠢᠳᠠᠮᠵᠢ ᠢᠯᠡᠳᠲᠡ ᠳᠡᠭᠡᠭᠰᠢᠯᠡᠵᠦ᠂ ᠠᠮᠢ ᠠᠬᠤᠢ ᠬᠡᠪᠡᠷᠡᠭ ᠣᠷᠣᠨ ᠤ  ᠪᠠᠶᠢᠳᠠᠯ  ᠢᠳᠡᠭ ᠢᠳᠡᠭ ᠢᠶᠠᠷ  ᠰᠠᠶᠢᠵᠢᠷᠠᠵᠤ᠂ ᠪᠣᠬᠢᠷᠲᠤᠯ ᠦᠭᠡᠢ ᠨᠤᠮᠢᠨ ᠨᠤᠭᠤᠭᠠᠨ  ᠦᠩᠭᠡ ᠨᠢ  ᠠᠭᠠᠵᠢᠮ ᠢᠶᠠᠷ ᠪᠦᠬᠦ ᠬᠤᠲᠠ ᠶᠢᠨ  ᠬᠥᠭᠵᠢᠯᠲᠡ ᠶᠢᠨ  ᠳᠡᠪᠢᠰᠭᠡᠷ ᠦᠩᠭᠡ  ᠪᠤᠯᠪᠠ᠃            ᠡᠨᠡ ᠵᠢᠯ 67 ᠨᠠᠰᠤᠲᠠᠢ ᠹᠠᠨ ᠳ᠋ᠦᠩ ᠶᠦᠨ᠂ 1976 ᠣᠨ ᠳᠤ ᠬᠥᠳᠡᠭᠡ ᠪᠠᠭᠤᠭᠰᠠᠨ ᠰᠡᠬᠡᠭᠡᠲᠡᠨ ᠤ  ᠬᠤᠪᠢ ᠎ ᠪᠠᠷ ᠾᠧᠪᠸᠢ ᠠᠴᠠ ᠪᠤᠭᠤᠲᠤ ᠶᠢᠨ ᠭᠦᠶᠡᠩ ᠳᠤ ᠢᠷᠡᠪᠡ᠃ ︽ ᠭᠠᠩ ᠬᠠᠭᠤᠷᠠᠶ᠂  ᠡᠵᠡᠬᠦᠢ ᠠᠲᠠᠷ᠂ ᠣᠲᠤᠭ᠎ᠠ  ᠲᠤᠭᠤᠰᠣ︾ ᠪᠣᠯ ᠹᠠᠨ ᠳ᠋ᠦᠩ ᠶᠦᠨ ᠤ ᠭᠦᠶᠡᠩ ᠤᠨ ᠲᠤᠬᠠᠢ ᠠᠩᠬᠠᠨ ᠤ ᠰᠠᠭᠤᠭᠳᠠᠯ ᠪᠣᠯᠤᠨ᠎ᠠ᠃ ᠣᠢ ᠰᠢᠭᠤᠢ ᠶᠢᠨ ᠨᠢᠭᠡᠳᠦᠭᠡᠷ ᠹᠷᠣᠨᠲ ᠲᠤ 40 ᠭᠠᠷᠤᠢ ᠵᠢᠯ  ᠠᠵᠢᠯᠯᠠᠭᠰᠠᠨ ᠹᠠᠨ ᠳ᠋ᠦᠩ ᠶᠦᠨ ᠭᠦᠶᠡᠩ ᠤᠨ ᠠᠭᠤᠯᠠᠷᠬᠠᠭ  ᠭᠠᠵᠠᠷ᠂ ᠳᠤᠪᠤ ᠳᠤᠪᠤᠴᠠᠭ  ᠪᠣᠯᠣᠨ ᠭᠤᠣᠯ ᠤᠨ ᠰᠠᠶᠢᠷᠭᠠᠯ  ᠢᠳᠡᠭ ᠢᠳᠡᠭ ᠢᠶᠠᠷ ᠨᠣᠭᠤᠭᠠᠷᠠᠵᠤ᠂ ᠦᠵᠡᠰᠭᠦᠯᠡᠩ ᠰᠠᠶᠢᠬᠠᠨ ᠪᠤᠯᠤᠭᠰᠠᠨ ᠢ ᠨᠢᠲᠦ ᠪᠠᠷ ᠢᠶᠠᠨ ᠦᠵᠡᠭᠰᠡᠨ ᠶᠤᠮ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠭᠦᠶᠡᠩ ᠰᠢᠶᠠᠨ 143 ᠲᠦᠮᠡᠨ ᠮᠥ ᠰᠢᠨ᠎ᠡ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠲᠤᠬᠠᠶ ᠶᠢᠨ ᠭᠠᠵᠠᠷ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠬᠦᠴᠦᠨ ᠨᠡᠮᠡᠷᠢᠯᠡᠭᠰᠡᠨ ᠢᠶᠠᠷ ᠪᠠᠷᠠᠬᠤ ᠥᠬᠡᠶ ᠴᠢᠬᠤᠯᠠ ᠠᠮᠢ  ᠠᠬᠤᠶ ᠶᠢᠨ ᠴᠢᠳᠠᠮᠵᠢᠲᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠪᠠᠬᠢᠵᠢᠭᠦᠯᠪᠡ᠃ 2019 ᠣᠨ ᠳᠤ  ᠭᠦᠶᠡᠩ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠪᠥᠬᠦ ᠤᠯᠤᠰ ᠤᠨ ᠠᠮᠢ ᠠᠬᠤᠶ ᠶᠢᠨ  ᠪᠥᠲᠥᠭᠡᠨ ᠪᠠᠶᠢᠭᠤᠯᠤᠯᠲᠠ ᠶᠢᠨ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠬᠠᠮᠲᠤ  ᠨᠢᠭᠡᠴᠢ  ᠶᠢᠨ  ᠱᠠᠩᠨᠠᠯ ᠭᠥᠷᠳᠡᠪᠡ᠃ ᠹᠠᠨ ᠳ᠋ᠦᠩ ᠶᠦᠨ ᠰᠡᠳᠬᠢᠯ ᠳᠣᠭᠳᠣᠯᠤᠨ᠄ ᠬᠥᠬᠡᠮᠳᠦᠭ  ᠠᠭᠤᠯᠠᠨ ᠳᠤ ᠬᠠᠪᠤᠷ ᠰᠠᠭᠠᠲᠠᠵᠤ᠂ ᠨᠣᠮᠢᠨ ᠨᠣᠭᠤᠭᠠᠨ  ᠦᠵᠡᠮᠵᠢ ᠬᠠᠷᠠᠭ᠎ᠠ ᠲᠦᠭᠦᠷᠭᠡᠨ ᠠᠩᠬᠢᠯᠤᠮ᠎ᠠ ᠦᠨᠦᠷ  ᠬᠠᠩᠬᠤᠯᠤᠨ᠎ᠠ ᠭᠡᠵᠦ ᠶᠠᠷᠢᠨ᠎ᠠ᠃            ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠬᠤᠲᠠ ᠪᠠᠶᠢᠭᠠᠯᠢ ᠶᠢᠨ ᠣᠶ ᠶᠢᠨ ᠡᠬᠢ  ᠪᠠᠶᠠᠯᠢᠭ ᠢ ᠬᠠᠮᠠᠭᠠᠯᠠᠬᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠰᠢᠨ᠎ᠡ  ᠡᠭᠡᠯᠵᠢ ᠶᠢᠨ  ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠵᠡᠷᠭᠡ ᠤᠯᠤᠰ ᠤᠨ ᠣᠶ ᠰᠢᠭᠤᠶ ᠶᠢᠨ ᠭᠤᠤᠯᠳᠠᠯᠭ᠎ᠠ ᠲᠠᠢ  ᠢᠨᠵᠧᠨᠧᠷᠢᠩ ᠢ ᠨᠡᠶᠢᠲᠡ 341.9 ᠲᠦᠮᠡᠨ ᠮᠥ ᠬᠡᠷᠡᠭᠵᠢᠭᠦᠯᠬᠦ ᠪᠠᠷ ᠴᠢᠷᠮᠠᠶᠢᠪᠠ︔ 868 ᠬᠥᠳᠡᠭᠡ ᠲᠣᠰᠬᠤᠨ ᠢ  ᠨᠣᠭᠤᠭᠠᠷᠠᠭᠤᠯᠵᠤ ᠭᠤᠶᠤᠵᠢᠭᠤᠯᠪᠠ︔ 1433.7 ᠺᠢᠯᠣᠮᠧᠲᠷ ᠤᠨ ᠡᠯ᠎ᠡ ᠲᠥᠷᠥᠯ ᠤᠨ ᠵᠠᠰᠠᠮᠠᠯ ᠵᠠᠮ ᠤᠨ ᠠᠮᠢ  ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠪᠠ︔ ᠦᠢᠯᠡᠳᠪᠦᠷᠢ ᠠᠭᠤᠷᠬᠠᠢ ᠶᠢᠨ ᠲᠣᠭᠤᠷᠢᠭ ᠢ 2 ᠲᠦᠮᠡᠨ  ᠮᠦ ᠨᠤᠭᠤᠭᠠᠷᠠᠭᠤᠯᠵᠤ᠂ ᠬᠤᠲᠠ ᠪᠠᠯᠭᠠᠰᠤᠨ ᠤ ᠡᠷᠭᠢᠨ ᠲᠣᠭᠤᠷᠢᠨ ᠤ 10 ᠲᠦᠮᠡᠨ ᠮᠦ ᠨᠣᠭᠤᠭᠠᠷᠠᠭᠤᠯᠤᠯᠲᠠ ᠶᠢ  ᠪᠡᠶᠡᠯᠡᠭᠦᠯᠪᠡ︔ ᠪᠣᠬᠢᠷᠲᠤᠯ ᠥᠬᠡᠶ 90 ᠠᠮᠢ ᠠᠬᠤᠶ ᠶᠢᠨ  ᠦᠢᠯᠡᠳᠪᠦᠷᠢ ᠲᠣᠭᠤᠷᠢᠭ ᠪᠠᠶᠢᠭᠤᠯᠵᠤ᠂ ᠥᠩᠭᠡ  ᠦᠵᠡᠮᠵᠢ ᠰᠣᠯᠪᠢᠴᠠᠨ᠂ ᠣᠶ ᠮᠣᠳᠣ ᠬᠥᠬᠡᠷᠡᠨ ᠨᠤᠭᠤᠭᠠᠷᠠᠪᠠ᠃            ︽ᠠᠮᠢ ᠠᠬᠤᠢ ᠪᠠᠷ ᠬᠤᠲᠠ ᠪᠠᠨ ᠴᠢᠮᠡᠭᠯᠡᠬᠦ︾ ᠲᠣᠬᠢᠷᠠᠭᠤᠯᠤᠯᠲᠠ ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ᠴᠢᠩᠱᠠᠨ ᠲᠣᠭᠤᠷᠢᠭ᠂ ᠵᠢᠦᠶᠤᠸᠠᠨ ᠲᠣᠭᠤᠷᠢᠭ᠂ ᠳ᠋ᠦᠩ ᠾᠧ ᠲᠣᠭᠤᠷᠢᠭ᠂ ᠲᠦᠮᠡᠳ ᠪᠠᠷᠠᠭᠤᠨ ᠬᠤᠰᠢᠭᠤᠨ ᠤ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠳᠠᠬᠢ ᠬᠡᠰᠡᠭ  ᠭᠠᠵᠠᠷ ᠢ ᠭᠤᠤᠯᠳᠠᠯᠭ᠎ᠠ ᠲᠠᠢ ᠨᠤᠭᠤᠭᠠᠷᠠᠭᠤᠯᠵᠤ᠂ ᠭᠤᠶᠤᠵᠢᠭᠤᠯᠬᠤ ᠪᠠ ᠳᠡᠰ  ᠳᠡᠪᠰᠢᠭᠦᠯᠪᠡ᠃ 2013 ᠣᠨ ᠠᠴᠠ ᠨᠠᠭᠠᠰᠢ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ 10.5 ᠲᠦᠮᠡᠨ ᠮᠥ ᠨᠣᠭᠤᠭᠠᠷᠠᠭᠤᠯᠤᠯᠲᠠ ᠶᠢ ᠰᠢᠨ᠎ᠡ ᠪᠠᠷ ᠨᠡᠮᠡᠭᠳᠡᠭᠦᠯᠦᠭᠰᠡᠨ ᠪᠥᠭᠡᠳ ᠬᠠᠲᠤᠨ ᠭᠤᠤᠯ ᠤᠨ ᠤᠰᠤ ᠶᠢ ᠲᠠᠲᠠᠵᠤ ᠠᠭᠤᠯᠠᠨ ᠳᠤ ᠭᠠᠷᠭᠠᠬᠤ᠂ ᠤᠰᠤ ᠠᠷᠪᠢᠯᠠᠬᠤ ᠳᠤᠰᠤᠯᠭᠠᠨ ᠤᠰᠤᠯᠠᠬᠤ ᠪᠡᠯᠡᠳᠬᠡᠮᠵᠢ ᠶᠢ ᠪᠥᠲᠥᠭᠡᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠤᠤᠯ ᠤᠨ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠥᠨᠳᠥᠷ ᠪᠠᠷᠢᠮᠵᠢᠶ᠎ᠠ ᠪᠠᠷ ᠠᠷᠠᠴᠢᠯᠠᠨ  ᠬᠠᠮᠠᠭᠠᠯᠠᠵᠤ ᠲᠠᠰ  ᠳᠡᠪᠰᠢᠭᠦᠯᠪᠡ᠃            2021 ᠣᠨ ᠳᠤ ᠮᠠᠨ ᠤ ᠬᠤᠲᠠ ᠠᠴᠠ ᠠᠩᠬ᠎ᠠ ᠤᠳᠠᠭ᠎ᠠ ᠳᠡᠯᠡᠬᠡᠶ ᠶᠢᠨ ᠬᠤᠪᠣᠷ ᠴᠤᠬᠠᠭ ᠰᠢᠪᠠᠭᠤᠨ ᠤ  ᠲᠥᠷᠥᠯ ᠤᠨ ᠬᠥᠬᠡ ᠲᠣᠯᠣᠭᠠᠶᠢᠲᠤ ᠱᠤᠩᠭᠤᠯ ᠨᠤᠭᠤᠰᠤ ᠪᠠ ᠤᠯᠤᠰ ᠤᠨ ᠬᠤᠶᠠᠳᠤᠭᠠᠷ ᠲᠠᠰ ᠤᠨ  ᠬᠠᠮᠠᠭᠠᠯᠠᠯᠲᠠ ᠶᠢᠨ ᠰᠢᠪᠠᠭᠤᠨ ᠤ ᠲᠥᠷᠥᠯ ᠤᠨ ᠠᠯᠠᠭ ᠴᠢᠷᠠᠶᠢᠲᠤ ᠨᠤᠭᠤᠰᠤ ᠶᠢ ᠢᠯᠡᠷᠡᠭᠦᠯᠪᠡ᠃ ᠪᠤᠭᠤᠲᠤ   ᠬᠤᠲᠠ ᠶᠢᠨ ᠬᠠᠲᠤᠨ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠪᠣᠯᠤᠨ ᠪᠤᠭᠤᠲᠤ ᠶᠢᠨ ᠬᠥᠨᠳᠡᠯᠡᠨ  ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ  ᠎ ᠨᠢ ᠤᠯᠤᠰ ᠤᠨ ᠰᠢᠯᠭᠠᠨ ᠪᠠᠶᠢᠴᠠᠭᠠᠯᠲᠠ ᠶᠢ  ᠢᠯᠭᠤᠮ   ᠲᠤᠭᠤᠯᠵᠤ ᠥᠪᠡᠷᠲᠡᠭᠡᠨ ᠵᠠᠰᠠᠬᠤ ᠣᠷᠣᠨ ᠤ ᠴᠢᠬᠤᠯᠠ ᠨᠤᠭᠤ ᠭᠠᠵᠠᠷ ᠲᠤ ᠪᠦᠷᠢᠳᠭᠡᠬᠦᠯᠪᠡ᠃ ᠨᠤᠭᠤ ᠭᠠᠵᠠᠷ ᠤᠨ  ᠲᠠᠯᠠᠪᠠᠶ 140 ᠲᠦᠮᠡᠨ ᠮᠥ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠨᠤᠭᠤ ᠭᠠᠵᠠᠷ ᠎ ᠳᠠᠬᠢ ᠬᠡᠭᠡᠷ᠎ᠡ ᠶᠢᠨ  ᠰᠢᠪᠠᠭᠤᠨ ᠤ ᠲᠥᠷᠥᠯ 237 ᠲᠦᠷᠦᠯ ᠪᠠᠶᠢᠵᠤ᠂ 2011 ᠣᠨ ᠤ ᠬᠢ ᠠᠴᠠ 36  ᠲᠦᠷᠦᠯ ᠨᠡᠮᠡᠭᠳᠡᠵᠡᠶ᠂  ᠡᠭᠦᠨ ᠳᠤ ᠴᠠᠬᠤᠯᠠᠶ᠂ ᠬᠠᠷ᠎ᠠ ᠥᠷᠪᠢ᠂ ᠬᠤᠨ ᠭᠠᠯᠠᠭᠤ ᠵᠡᠷᠭᠡ ᠤᠯᠤᠰ  ᠨᠢᠭᠡᠲᠦᠭᠡᠷ  ᠬᠤᠶᠠᠳᠤᠭᠠᠷ ᠲᠠᠰ ᠤᠨ  ᠬᠠᠮᠠᠭᠠᠯᠠᠯᠲᠠ ᠶᠢᠨ  ᠰᠢᠪᠠᠭᠤ 49 ᠲᠦᠷᠦᠯ᠂ ᠤᠷᠭᠤᠮᠠᠯ ᠤᠨ ᠲᠥᠷᠥᠯ 217 ᠪᠠᠶᠢᠵᠤ᠂ 2011  ᠣᠨ ᠤ ᠬᠢ ᠠᠴᠠ 84  ᠲᠦᠷᠦᠯ ᠨᠡᠮᠡᠭᠳᠡᠵᠡᠶ᠃          2021 ᠣᠨ ᠤ 10 ᠰᠠᠷ᠎ᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠤᠯᠤᠰ ᠤᠨ ᠲᠠᠪᠤᠳᠤᠭᠠᠷ  ᠪᠦᠯᠦᠭ ᠤᠨ ᠠᠮᠢ ᠠᠬᠤᠶ ᠶᠢᠨ ᠪᠣᠯᠪᠠᠰᠤᠨ ᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠣᠷᠣᠨ ᠤ ᠢᠷᠠᠭᠤ  ᠠᠯᠳᠠᠷ ᠢ ᠭᠥᠷᠳᠡᠵᠦ᠂  ᠮᠠᠨ ᠤ ᠣᠷᠣᠨ ᠤ ᠴᠣᠷ ᠤᠨ ᠭᠠᠭᠴᠠ ᠰᠣᠩᠭᠤᠭᠳᠠᠭᠰᠠᠨ ᠭᠠᠵᠠᠷ  ᠪᠣᠯᠵᠠᠶ᠃ ᠪᠤᠭᠤᠲᠤ  ᠬᠤᠲᠠ᠂ ᠬᠤᠲᠠ᠂ ᠰᠢᠶᠠᠨ᠂ ᠪᠠᠯᠭᠠᠰᠤ᠂ ᠲᠣᠰᠬᠤᠨ ᠳᠥᠷᠪᠡᠨ ᠱᠠᠲᠤᠨ ᠤ ᠣᠶ ᠰᠢᠭᠤᠶ ᠶᠢᠨ ᠳᠠᠷᠤᠭ᠎ᠠ ᠶᠢᠨ  ᠳᠦᠷᠢᠮ ᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠦᠬᠦ ᠲᠠᠯ᠎ᠠ ᠪᠠᠷ ᠪᠠᠶᠢᠭᠤᠯᠵᠤ᠂ 2013 ᠣᠨ ᠠᠴᠠ  ᠨᠠᠭᠠᠰᠢ᠂ ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠰᠠᠯᠬᠢ ᠡᠯᠡᠰᠦᠨ ᠤ ᠡᠬᠢ ᠶᠢ ᠵᠠᠰᠠᠬᠤ ︵ᠨᠤᠲᠤᠭ ᠪᠡᠯᠴᠢᠭᠡᠷ︶  ᠨᠡᠶᠢᠲᠡ 144.83 ᠲᠦᠮᠡᠨ ᠮᠦ ︵ᠡᠭᠦᠨ ᠳᠤ   ᠲᠤᠤᠷ ᠬᠦᠷᠢᠶ᠎ᠡ 121 ᠲᠦᠮᠡᠨ ᠮᠦ᠂ ᠲᠠᠷᠢᠮᠠᠯ ᠡᠪᠡᠰᠦ  ᠪᠣᠷᠳᠣᠭᠠᠨ ᠤ ᠰᠠᠭᠤᠷᠢᠨ 23.28 ᠲᠦᠮᠡᠨ ᠮᠦ᠂ ᠡᠪᠡᠰᠦᠨ ᠦᠷ᠎ᠡ ᠶᠢᠨ ᠰᠠᠭᠤᠷᠢᠨ 0.55 ᠲᠦᠮᠡᠨ ᠮᠦ︶᠂  ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠲᠥᠷᠥᠯ ᠵᠦᠢᠯ 18.47 ᠲᠦᠮᠡᠨ ᠮᠦ᠂ ᠲᠠᠷᠢᠶᠠᠯᠠᠬᠤ ᠶᠢ  ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ 16.3 ᠲᠦᠮᠡᠨ ᠮᠦ  ᠬᠡᠷᠡᠭᠵᠢᠭᠦᠯᠪᠡ᠃ ᠬᠢᠨᠠᠨ ᠬᠡᠮᠵᠢᠯᠲᠡ ᠠᠴᠠ  ᠦᠵᠡᠪᠡᠯ᠂ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢᠯᠡᠳᠲᠡ ᠰᠡᠷᠭᠦᠵᠦ᠂ ᠨᠤᠲᠤᠭ  ᠪᠡᠯᠴᠢᠭᠡᠷ ᠤᠨ ᠠᠮᠢ ᠠᠬᠤᠶ ᠮᠠᠭᠤᠳᠠᠬᠤ ᠬᠠᠨᠳᠤᠰᠢ  ᠶᠢ ᠬᠤᠷᠢᠭᠯᠠᠨ᠂ ᠬᠡᠰᠡᠭ ᠭᠠᠵᠠᠷ ᠣᠷᠣᠨ ᠎ ᠳᠤ ᠰᠠᠶᠢᠵᠢᠷᠠᠬᠤ  ᠬᠠᠨᠳᠤᠰᠢ ᠢᠯᠡᠷᠡᠪᠡ᠃            2021 ᠣᠨ ᠳᠤ᠂ ᠪᠤᠭᠤᠲᠤ ᠬᠤᠲᠠ ᠨᠡᠭᠦᠷᠡᠰᠦᠲᠥ᠋ᠷᠥᠭᠴᠢ ᠎ ᠶᠢᠨ ᠭᠠᠲᠠᠭᠰᠢᠯᠠᠭᠤᠯᠤᠯᠲᠠ ᠶᠢ ᠤᠷᠬᠢᠯ  ᠬᠡᠮᠵᠢᠭᠳᠡᠯ ᠳᠤ ᠬᠦᠷᠭᠡᠬᠦ ᠨᠡᠬᠦᠷᠡᠰᠦᠲᠦᠷᠦᠭᠴᠢ ᠶᠢ ᠰᠠᠭᠠᠷᠮᠠᠬᠵᠢᠭᠤᠯᠬᠤ  ᠪᠠ ᠨᠡᠭᠦᠷᠡᠰᠦᠲᠥ᠋ᠷᠥᠭᠴᠢ ᠎ ᠶᠢᠨ  ᠳᠠᠪᠬᠤᠷ  ᠢᠰᠦᠯ ᠢ ᠰᠢᠩᠭᠡᠭᠡᠨ ᠠᠪᠬᠤ ︵ᠪᠤᠭᠤᠲᠤ︶ ᠲᠤᠷᠰᠢᠯᠲᠠ ᠶᠢᠨ ᠣᠷᠣᠨ ᠢ ᠤᠷᠢᠳ ᠢᠶᠠᠷ ᠲᠤᠷᠰᠢᠨ ᠪᠥᠲᠥᠭᠡᠨ  ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠣᠶ ᠰᠢᠭᠤᠶ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ  ᠳᠠᠪᠬᠤᠷ ᠢᠰᠦᠯ ᠢ ᠰᠢᠩᠭᠡᠭᠡᠨ ᠠᠪᠬᠤ ᠠᠩᠬᠠᠳᠠᠭᠴᠢ ᠲᠤᠷᠰᠢᠯᠲᠠ ᠶᠢᠨ ᠴᠡᠭ ᠢᠶᠠᠷ ᠲᠣᠭᠲᠠᠭᠠᠭᠰᠠᠨ ᠪᠥᠭᠡᠳ ︽ ᠳᠤᠮᠳᠠᠳᠤ ᠤᠯᠤᠰ ᠤᠨ ᠥᠭᠡᠷᠡᠴᠢᠯᠡᠯᠲᠡ ᠶᠢᠨ 2021 ᠣᠨ ᠤ ᠣᠷᠣᠨ ᠨᠤᠲᠤᠭ ᠤᠨ ᠥᠭᠡᠷᠡᠴᠢᠯᠡᠯᠲᠡ ᠶᠢ ᠪᠥᠬᠦ  ᠲᠠᠯ᠎ᠠ ᠪᠠᠷ ᠭᠦᠨᠵᠡᠭᠡᠶᠢᠷᠡᠭᠦᠯᠦᠭᠰᠡᠨ ᠨᠡᠶᠢᠲᠡᠯᠢᠭ ᠵᠢᠱᠢᠶ᠎ᠡ︾᠎ ᠪᠠᠷ  ᠦᠨᠡᠯᠡᠭᠳᠡᠵᠦ᠂ ᠪᠥᠬᠦ ᠤᠯᠤᠰ ᠤᠨ  ᠣᠷᠣᠨ  ᠨᠤᠲᠤᠭ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ 90 ᠨᠡᠶᠢᠲᠡᠯᠢᠭ ᠵᠢᠱᠢᠶ᠎ᠡ  ᠳᠤᠲᠤᠷᠠᠬᠢ  ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠬᠤ ᠪᠠᠷ ᠭᠤᠤᠯ ᠰᠡᠳᠦᠪ ᠪᠣᠯᠭᠠᠭᠰᠠᠨ ᠴᠣᠷ ᠤᠨ  ᠭᠠᠭᠴᠠ ᠵᠢᠱᠢᠶ᠎ᠡ  ᠪᠣᠯᠣᠭᠰᠠᠨ ᠪᠠᠶᠢᠨ᠎ᠠ᠃ ᠪᠤᠭᠤᠲᠤ ᠬᠤᠲᠠ ᠶᠢᠨ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ  ᠶᠠᠰᠤ ᠴᠢᠨᠠᠷ ᠪᠣᠯᠤᠨ ᠨᠡᠭᠦᠷᠡᠰᠦᠲᠥ᠋ᠷᠥᠭᠴᠢ  ᠶᠢᠨ ᠳᠠᠪᠬᠤᠷ ᠢᠰᠦᠯ ᠰᠢᠩᠭᠡᠭᠡᠬᠦ ᠴᠢᠳᠠᠪᠤᠷᠢ  ᠶᠠᠭ   ᠣᠯᠠᠮ ᠪᠠᠬᠢᠵᠢᠨ  ᠳᠡᠭᠡᠭᠰᠢᠯᠡᠵᠦ ᠪᠤᠢ᠃          ᠦᠨᠦᠳᠦᠷ ᠪᠤᠭᠤᠲᠤ  ᠬᠤᠲᠠ  ᠴᠡᠯᠮᠡᠭ ᠲᠩᠷᠢ ᠨᠤᠮᠢᠨ ᠨᠤᠭᠤᠭᠠᠨ ᠠᠭᠤᠯᠠ ᠤᠰᠤ᠂ ᠠᠮᠢ ᠠᠬᠤᠢ ᠶᠢᠨ  ᠣᠷᠴᠢᠨ ᠲᠣᠭᠤᠷᠢᠨ ᠬᠡᠭᠡᠨᠴᠢᠷ ᠰᠠᠶᠢᠬᠠᠨ᠂ ᠣᠷᠣᠰᠢᠨ ᠠᠮᠢᠳᠤᠷᠠᠬᠤ ᠳᠤ ᠲᠠᠭᠠᠯᠠᠮᠵᠢᠲᠠᠢ ᠠᠵᠢᠯᠯᠠᠵᠤ  ᠵᠢᠭᠤᠯᠴᠢᠯᠠᠬᠤ ᠳᠤ ᠲᠣᠬᠢᠷᠠᠮᠵᠢᠲᠠᠢ ᠬᠦᠰᠡᠯᠡᠩ ᠢᠶᠠᠨ  ᠪᠡᠶᠡᠯᠡᠬᠦᠯᠬᠦ ᠪᠠᠷ ᠬᠦᠴᠦᠯᠡᠨ  ᠤᠷᠤᠭᠰᠢᠯᠠᠭᠰᠠᠭᠠᠷ᠃    ︵ᠪᠤᠭᠤᠲᠤ ᠶᠢᠨ ᠡᠳᠦᠷ ᠤᠨ ᠰᠣᠨᠢᠨ ᠤ ᠬᠤᠷᠢᠶ᠎ᠠ ᠶᠢᠨ  ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠵᠢᠶ  ᠬᠤᠶ ᠴᠦᠨ︶᠃                          
 
ᠢᠷᠡᠯᠲᠡ᠄ ᠪᠤᠭᠤᠲᠤ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号