ᠦᠬᠠᠶ ᠬᠤᠲᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠭᠢᠭᠯᠢᠭ ᠭᠠᠵᠠᠷ ᠢ ᠬᠠᠮᠠᠭᠠᠯᠠᠬᠤ ᠬᠠᠤᠯᠢ︾᠎ ᠶᠢᠨ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2022/6/13
    2022 ᠣᠨ ᠤ 6 ᠰᠠᠷ᠎ᠠ ᠶᠢᠨ 1᠎ ᠤ ᠡᠳᠦᠷ ᠠᠴᠠ ᠡᠬᠢᠯᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠭᠢᠭᠯᠢᠭ ᠭᠠᠵᠠᠷ ᠢ ᠬᠠᠮᠠᠭᠠᠯᠠᠬᠤ ᠬᠠᠤᠯᠢ︾᠎ ᠶᠢ ᠵᠢᠩᠬᠢᠨᠢ ᠪᠠᠷ ᠬᠡᠷᠡᠭᠵᠢᠬᠦᠯᠪᠡ᠃  ᠡᠨᠡ ᠨᠢ ᠮᠠᠨ ᠤ ᠤᠯᠤᠰ ᠤᠨ ᠠᠩᠬᠠᠳᠠᠭᠴᠢ ᠴᠢᠭᠢᠭᠯᠢᠭ ᠭᠠᠵᠠᠷ ᠢ ᠬᠠᠮᠠᠭᠠᠯᠠᠬᠤ ᠲᠤᠰᠬᠠᠢ ᠬᠠᠤᠯᠢ ᠴᠠᠭᠠᠵᠠ ᠪᠣᠯᠤᠨ᠎ᠠ᠃      ᠴᠢᠭᠢᠭᠯᠢᠭ ᠭᠠᠵᠠᠷ ᠢ ᠬᠠᠮᠠᠭᠠᠯᠠᠬᠤ ᠬᠠᠤᠯᠢ ᠴᠠᠭᠠᠵᠠ ᠶᠢᠨ ᠤᠬᠠᠭᠤᠯᠭ᠎ᠠ ᠶᠢ ᠴᠢᠩᠭᠠᠳᠬᠠᠬᠤ ᠶᠢᠨ ᠲᠥᠯᠥᠭᠡ᠂ ᠤᠶᠢᠷ᠎ᠠ ᠳᠤ᠂ ᠦᠬᠠᠶ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠬᠢᠵᠢᠭ ᠪᠠᠶᠢᠴᠠᠭᠠᠵᠤ ᠰᠡᠷᠭᠡᠶᠢᠯᠡᠨ ᠵᠠᠰᠠᠬᠤ ᠪᠠ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠲᠥᠪ ᠬᠤᠲᠠ ᠶᠢᠨ ᠠᠷᠠᠳ ᠤᠨ ᠴᠡᠴᠡᠷᠯᠢᠭ ᠪᠠ ᠯᠦᠩ ᠶᠢᠦ ᠸᠠᠨ ᠤ ᠤᠯᠤᠰ ᠤᠨ ᠴᠢᠭᠢᠭᠯᠢᠭ ᠭᠠᠵᠠᠷ ᠤᠨ ᠴᠡᠴᠡᠷᠯᠢᠭ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠭᠢᠭᠯᠢᠭ ᠭᠠᠵᠠᠷ ᠢ ᠬᠠᠮᠠᠭᠠᠯᠠᠬᠤ ᠬᠠᠤᠯᠢ︾᠎ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠶᠠᠪᠤᠭᠳᠠᠭᠤᠯᠪᠠ᠃ ᠦᠬᠠᠶ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠠᠷᠢᠨ ᠬᠢᠨᠠᠮᠠᠭᠠᠶ ᠪᠠᠶᠢᠷᠢᠯᠠᠭᠤᠯᠤᠯᠲᠠ ᠬᠢᠵᠦ᠂ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠠᠶᠢᠭᠤᠯᠭ᠎ᠠ ᠶᠢᠨ ᠪᠠ ᠴᠢᠭᠢᠭᠯᠢᠭ ᠭᠠᠵᠠᠷ ᠤᠨ ᠴᠡᠴᠡᠷᠯᠢᠭ ᠤᠨ ᠠᠵᠢᠯᠲᠠᠨ ᠠᠵᠢᠯᠴᠢᠨ ᠤᠬᠠᠭᠤᠯᠭ᠎ᠠ ᠶᠢᠨ ᠪᠢᠴᠢᠭᠡᠰᠦ ᠡᠯᠭᠦᠬᠦ᠂ ᠬᠠᠤᠯᠢ ᠲᠦᠷᠢᠮ ᠤᠨ ᠲᠠᠶᠢᠯᠤᠮᠵᠢ ᠬᠢᠬᠦ᠂  ᠬᠠᠦᠯᠢ ᠲᠦᠷᠢᠮ ᠪᠠ ᠴᠢᠭᠢᠭᠯᠢᠭ ᠭᠠᠵᠠᠷ ᠤᠨ ᠲᠤᠬᠠᠢ ᠲᠠᠨᠢᠯᠴᠠᠭᠤᠯᠭ᠎ᠠ ᠶᠢᠨ ᠬᠠᠭᠤᠳᠠᠰᠤ ᠳᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠤᠬᠠᠭᠤᠯᠭ᠎ᠠ ᠬᠢᠪᠡ ᠃ ᠡᠬᠦᠨ ᠤ ᠬᠠᠮᠲᠦ᠂ ᠴᠢᠭᠢᠭᠯᠢᠭ ᠭᠠᠵᠠᠷ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠣᠯᠠᠨ ᠲᠦᠮᠡᠨ ᠤ ᠴᠢᠭᠢᠭᠯᠢᠭ ᠭᠠᠵᠠᠷ ᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠢᠳᠡᠪᠬᠢᠵᠢᠯ ᠢ ᠲᠠᠶᠢᠴᠢᠯᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号