ᠠᠯᠠᠱᠡ ᠠᠶᠢᠮᠠᠭ ᠣᠶ ᠰᠢᠭᠤᠶ ᠶᠢᠨ ᠭᠠᠯ ᠰᠡᠷᠭᠡᠶᠢᠯᠡᠬᠦ ᠲᠤᠰᠬᠠᠶ ᠨᠢᠰᠬᠡᠯ ᠢ ᠰᠢᠯᠵᠢᠭᠦᠯᠬᠦ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/6/13
     6 ᠰᠠᠷ᠎ᠠ ᠶᠢᠨ 7᠎ ᠤ ᠡᠳᠦᠷ ᠤᠨ ᠦᠳᠡ ᠶᠢᠨ ᠡᠮᠦᠨ᠎ᠡ᠂ ︽ᠠᠭᠠᠷ ᠠᠶᠠᠯᠠᠯ ᠤᠨ ᠣᠶ ᠰᠢᠭᠤᠶ ᠶᠢᠨ ᠬᠠᠮᠠᠭᠠᠯᠠᠯᠲᠠ︾  ᠬᠡᠮᠡᠬᠦ AS332 ᠬᠡᠯᠪᠡᠷᠢ ᠶᠢᠨ ᠡᠭᠴᠡ ᠨᠢᠰᠬᠡᠯ ᠡᠵᠡᠨ᠎ᠡ ᠬᠤᠰᠢᠭᠤᠨ ᠤ ᠨᠢᠰᠬᠡᠯ ᠤᠨ ᠪᠠᠭᠤᠳᠠᠯ ᠳᠤ ᠪᠠᠭᠤᠪᠠ᠃      ᠣᠶᠢᠷ᠎ᠠ ᠳᠤ᠂ ᠠᠯᠠᠱᠠ ᠠᠭᠤᠯᠠᠨ ᠤ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠤᠷ᠎ᠠ ᠲᠤᠨᠳᠠᠰᠤ ᠨᠡᠮᠡᠭᠳᠡᠬᠦ ᠶᠢ ᠳᠠᠭᠠᠯᠳᠤᠨ᠂ ᠰᠢᠭᠤᠶᠢᠲᠤ ᠣᠷᠣᠨ ᠤ ᠭᠠᠯ ᠤᠨ ᠠᠶᠤᠯ ᠤᠨ ᠳᠡᠰ ᠪᠠᠭᠤᠷᠠᠪᠠ᠃ ᠭᠡᠪᠡᠴᠦ ᠡᠵᠡᠨ᠎ᠡ ᠬᠤᠰᠢᠭᠤᠨ ᠤ ᠶᠡᠬᠡᠩᠬᠢ ᠭᠠᠵᠠᠷ ᠤᠨ ᠠᠭᠠᠷ ᠤᠨ ᠳᠤᠯᠠᠭᠠᠨ ᠦᠳᠲᠡᠷ ᠲᠦᠷᠭᠡᠨ ᠳᠡᠭᠡᠭᠰᠢᠯᠡᠵᠦ᠂ ᠶᠡᠭᠡ ᠰᠠᠯᠬᠢᠨ ᠲᠠᠢ ᠠᠭᠤᠷ ᠠᠮᠢᠰᠬᠤᠯ ᠢᠯᠡᠳᠲᠡ  ᠨᠡᠮᠡᠭᠳᠡᠵᠦ᠂  ᠵᠢᠭᠤᠯᠴᠢᠯᠠᠯ ᠤᠨ ᠣᠷᠣᠨ ᠤ ᠵᠤᠭᠠᠴᠠᠭᠰᠠᠳ ᠡᠳᠦᠷ ᠢᠷᠡᠬᠦᠶ᠎ᠡ ᠨᠡᠮᠡᠭᠳᠡᠭᠰᠡᠨ ᠠᠴᠠ ᠲᠤᠤᠷᠠᠶ ᠶᠢᠨ ᠣᠶ ᠶᠢᠨ ᠣᠷᠣᠨ ᠎ ᠳᠠᠬᠢ ᠵᠢᠭᠤᠯᠴᠢᠯᠠᠭᠴᠢᠳ ᠪᠣᠯᠤᠨ ᠭᠠᠯ ᠤᠨ ᠰᠤᠷᠪᠤᠯᠵᠢ ᠶᠢ ᠬᠠᠮᠢᠶᠠᠷᠤᠨ ᠡᠵᠡᠮᠳᠡᠬᠦ ᠠᠵᠢᠯ ᠤᠨ ᠬᠦᠴᠢᠷᠳᠡᠯ ᠨᠡᠮᠡᠭᠳᠡᠵᠦ᠂ ᠲᠤᠤᠷᠠᠶ ᠶᠢᠨ ᠣᠶ ᠶᠢᠨ ᠭᠠᠯ ᠤᠨ ᠠᠶᠤᠯ ᠤᠨ ᠲᠦᠭᠰᠢᠭᠦᠷᠢ ᠶᠢᠨ ᠲᠠᠰ ᠳᠡᠭᠡᠭᠰᠢᠯᠡᠭᠰᠡᠨ ᠪᠠᠶᠢᠨ᠎ᠠ᠃ ᠣᠶ ᠰᠢᠭᠤᠶ ᠶᠢᠨ ᠭᠠᠯ ᠰᠡᠷᠭᠡᠶᠢᠯᠡᠯᠲᠡ ᠶᠢᠨ ᠴᠠᠭᠳᠠᠨ ᠬᠠᠮᠠᠭᠠᠯᠠᠬᠤ ᠴᠢᠳᠠᠪᠤᠷᠢ ᠪᠠ ᠤᠷᠢᠳᠴᠢᠯᠠᠨ ᠰᠡᠷᠡᠮᠵᠢᠯᠡᠭᠦᠯᠬᠦ ᠬᠤᠷᠳᠤᠴᠠ ᠶᠢ ᠪᠦᠲᠦᠮᠵᠢᠲᠡᠶ ᠳᠡᠭᠡᠭᠰᠢᠯᠡᠭᠦᠯᠵᠦ᠂ ᠣᠨᠴᠠ ᠶᠡᠭᠡ ᠣᠶ ᠰᠢᠭᠤᠶ ᠶᠢᠨ ᠭᠠᠯ ᠤᠨ ᠭᠠᠮᠰᠢᠭ ᠡᠭᠦᠰᠬᠦ ᠶᠢ ᠰᠡᠷᠭᠡᠶᠢᠯᠡᠬᠦ ᠶᠢᠨ ᠲᠥᠯᠥᠭᠡ᠂ ᠠᠶᠢᠮᠠᠭ ᠤᠨ ᠠᠭᠠᠷ ᠠᠶᠠᠯᠠᠯ ᠤᠨ ᠣᠶ ᠰᠢᠭᠤᠶ ᠶᠢᠨ ᠬᠠᠮᠠᠭᠠᠯᠠᠯᠲᠠ ᠶᠢᠨ ᠥᠷᠲᠡᠭᠡ ᠨᠢ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠵᠤ᠂ ᠠᠯᠠᠱᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠶ ᠰᠢᠭᠤᠶ ᠶᠢᠨ ᠭᠠᠯ ᠰᠡᠷᠭᠡᠶᠢᠯᠡᠬᠦ 2 ᠲᠤᠰᠬᠠᠶ ᠡᠭᠴᠡ ᠨᠢᠰᠬᠡᠯ ᠢ ᠲᠦᠷ ᠴᠠᠭ ᠡᠵᠡᠨ᠎ᠡ ᠬᠤᠰᠢᠭᠤᠨ ᠳᠤ ᠰᠢᠯᠵᠢᠬᠦᠯᠦᠨ ᠣᠶ ᠰᠢᠭᠤᠶ ᠶᠢᠨ ᠠᠭᠠᠷ ᠤᠨ ᠠᠶᠠᠯᠠᠯ ᠤᠨ ᠴᠠᠭᠳᠠᠨ ᠬᠠᠮᠠᠭᠠᠯᠠᠬᠤ ᠡᠭᠦᠷᠭᠡ ᠶᠢ ᠬᠦᠢᠴᠡᠳᠬᠡᠵᠦ ᠪᠠᠶᠢᠨ᠎ᠠ᠃ AS 332 ᠬᠡᠯᠪᠡᠷᠢ ᠶᠢᠨ ᠡᠭᠴᠡ ᠨᠢᠰᠬᠡᠯ ᠎ ᠨᠢ ᠲᠤᠮᠦ ᠬᠡᠯᠪᠡᠷᠢ ᠶᠢᠨ ᠡᠭᠴᠡ ᠨᠢᠰᠬᠡᠯ ᠪᠠᠶᠢᠵᠦ᠂ ᠧᠦ᠋ᠷᠣᠫᠠ ᠲᠢᠪ ᠤᠨ ᠠᠭᠠᠷ ᠤᠨ ᠠᠶᠠᠨᠴᠢᠳ ᠤᠨ ᠺᠣᠮᠫᠠᠨᠢ ᠠᠴᠠ ᠦᠢᠯᠡᠳᠪᠦᠷᠢᠯᠡᠭᠰᠡᠨ  ᠪᠥᠭᠡᠳ ᠠᠶᠠᠯᠠᠯ ᠤᠨ ᠬᠤᠭᠤᠴᠠᠭ᠎ᠠ ᠤᠷᠲᠦ ᠪᠦᠬᠡᠳ ᠨᠡᠯᠢᠶᠠᠳ ᠰᠠᠶᠢᠨ ᠲᠡᠭᠡᠭᠡᠪᠦᠷᠢᠯᠡᠯᠳᠠ ᠶᠢᠨ ᠴᠢᠳᠠᠪᠤᠷᠢ ᠲᠠᠢ ᠪᠠᠶᠢᠳᠠᠭ᠃  
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号