ᠲᠦᠷᠦ ᠶᠢᠨ ᠪᠣᠳᠣᠯᠭ᠎ᠠ Q&A ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ | 5 ᠳ᠋ᠤᠭᠠᠷ ᠰᠠᠷ᠎ᠠ ᠶᠢᠨ 31 ᠤ ᠡᠳᠦᠷ ᠤᠨ ᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠪᠠᠶᠢᠷᠢᠯᠠᠭᠤᠯᠤᠭᠰᠠᠨ | ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠬᠠᠮᠢᠶ᠎ᠠ | ᠪᠦᠬᠦᠢ ᠪᠠᠶᠢᠳᠠᠯ ᠳᠤ ᠲᠠᠶᠢᠯᠤᠮᠵᠢ ᠬᠢᠪᠡ᠃ | ᠬᠠᠮᠲᠤ ᠪᠠᠷ ᠠᠩᠬᠠᠷᠤᠯ ᠳᠤ ᠪᠠᠨ ᠠᠪᠴᠠᠭᠠᠶ᠎ᠠ — | Q1 Q᠄ ᠳᠠᠷᠠᠭᠠᠴᠢ ᠶᠢᠨ ᠠᠯᠬᠤᠮ ᠳᠤ ᠶᠠᠭᠠᠬᠢᠵᠤ ᠬᠢᠬᠦ ᠪᠣᠢ︖ | A᠄ ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ ᠠᠯᠢ ᠲᠦᠷᠭᠡᠨ ᠢᠶᠠᠷ ᠦᠷ᠎ᠡ ᠪᠦᠲᠦᠮᠵᠢ ᠭᠠᠷᠭᠠᠬᠤ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠬᠤᠷᠸ᠎ᠠ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢᠨ ᠡᠷᠴᠢᠮ ᠢ | ᠴᠢᠩᠭᠠᠷᠠᠭᠤᠯᠵᠤ᠂ ᠤᠷᠢᠳ ᠢᠶᠠᠷ ᠬᠦᠴᠦᠯᠡᠵᠦ᠂ ᠵᠦᠢ ᠵᠣᠬᠢᠰᠲᠠᠢ ᠬᠦᠴᠦ ᠨᠡᠮᠡᠨ᠂ ᠠᠵᠤ ᠠᠬᠤᠢ ᠶᠢᠨ ᠡᠷᠭᠢᠯᠲᠡ ᠶᠢ | ᠬᠢᠵᠠᠭᠠᠷᠯᠠᠵᠤ ᠪᠠᠶᠢᠭ᠎ᠠ ᠬᠤᠷᠢᠭ᠎ᠠ ᠲᠦᠭᠵᠢᠷᠡᠯ ᠢ ᠬᠦᠴᠦᠯᠡᠨ ᠨᠠᠪᠲᠠᠷᠡᠭᠦᠯᠵᠦ᠂ ᠪᠦᠲᠦᠮᠵᠢᠲᠡᠶ ᠬᠡᠷᠡᠭᠴᠡᠭᠡ ᠶᠢ | ᠵᠣᠬᠢᠰᠲᠠᠢ ᠥᠷᠭᠡᠳᠬᠡᠨ᠂ ᠠᠮᠤ ᠪᠤᠳᠠᠭ᠎ᠠ᠂ ᠡᠨᠧᠷᠭᠢ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ | ᠬᠡᠯᠬᠢᠶ᠎ᠡ ᠶᠢᠨ ᠠᠮᠤᠷ ᠲᠣᠭᠲᠠᠭᠤᠨ ᠪᠠᠶᠢᠬᠤ ᠶᠢ ᠪᠠᠲᠤᠯᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠳᠤ ᠣᠷᠣᠭᠤᠯᠬᠤ ᠶᠢ ᠠᠬᠢᠭᠤᠯᠤᠨ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ | ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠠᠵᠤ | ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠪᠠᠲᠤᠯᠠᠨ᠎ᠠ᠃ | Q2 Q᠄ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠲᠠᠯ᠎ᠠ ᠪᠠᠷ᠂ ᠭᠦᠢᠯᠭᠡᠭᠡᠨ ᠲᠠᠢ ᠪᠣᠯᠭᠠᠭᠰᠠᠨ | ᠦᠯᠡᠳᠡᠭᠡᠯ ᠡᠳ᠋ ᠬᠥᠷᠥᠩᠭᠡ ᠶᠢ ᠬᠠᠮᠢᠭᠠᠰᠢ ᠪᠠᠨ ᠣᠷᠣᠭᠤᠯᠬᠤ ᠪᠣᠢ︖ ᠪᠦᠲᠦᠮᠵᠢᠲᠡᠢ ᠪᠡᠯᠡ ᠣᠷᠣᠭᠤᠯᠤᠯᠲᠠ ᠶᠢ | ᠬᠡᠷᠬᠢᠨ ᠪᠡᠶᠡᠯᠡᠭᠦᠯᠬᠦ ᠪᠤᠢ︖ | A᠄ ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠣᠶᠢᠷ᠎ᠠ ᠳᠤ ᠤᠯᠤᠰ ᠤᠨ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠳᠤ ︽ | ᠦᠯᠡᠳᠡᠭᠡᠯ ᠡᠳ᠋ ᠬᠥᠷᠥᠩᠭᠡ ᠶᠢ ᠤᠯᠠᠮ ᠨᠢᠭᠡ ᠠᠯᠬᠤᠮ ᠭᠦᠢᠯᠭᠡᠭᠡᠨ ᠲᠠᠢ ᠪᠣᠯᠭᠠᠵᠤ ᠪᠦᠲᠦᠮᠵᠢᠲᠡᠶ ᠪᠡᠯᠡ | ᠣᠷᠣᠭᠤᠯᠤᠯᠲᠠ ᠶᠢ ᠥᠷᠭᠡᠳᠬᠡᠬᠦ ᠲᠤᠬᠠᠢ ᠰᠠᠨᠠᠯ︾ ᠢ ᠨᠡᠶᠢᠲᠡᠯᠡᠨ ᠬᠡᠷᠡᠭᠵᠢᠭᠦᠯᠬᠦ ᠪᠠᠷ ᠳᠡᠪᠰᠢᠭᠦᠯᠦᠨ ᠮᠡᠳᠡᠭᠦᠯᠪᠡ᠃ | ᠦᠯᠡᠳᠡᠭᠡᠯ ᠡᠳ᠋ ᠬᠥᠷᠥᠩᠭᠡ ᠶᠢ ᠭᠦᠢᠯᠭᠡᠭᠡᠨ ᠲᠠᠢ ᠪᠣᠯᠭᠠᠬᠤ ᠳᠤ᠂ ᠡᠭᠡᠭᠦᠯᠦᠨ ᠬᠤᠷᠢᠶᠠᠭᠰᠠᠨ ᠪᠡᠯᠡ ᠮᠥᠩᠭᠦ ᠶᠢ | ᠭᠤᠣᠯᠳᠠᠯᠭ᠎ᠠ ᠲᠠᠢ ᠬᠦᠷᠢᠶᠡᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ ᠰᠢᠨ᠎ᠡ ᠪᠦᠲᠦᠮᠵᠢᠲᠡᠶ ᠪᠡᠯᠡ | ᠣᠷᠣᠭᠤᠯᠤᠯᠲᠠ ᠶᠢ ᠪᠣᠶ ᠪᠣᠯᠭᠠᠵᠤ᠂ ᠰᠠᠶᠢᠨ ᠣᠷᠴᠢᠯ ᠢ ᠪᠡᠶᠡᠯᠡᠭᠦᠯᠬᠦ ᠬᠡᠷᠡᠭᠲᠡᠢ᠃ ᠨᠢᠭᠡ ᠳᠤ᠂ ᠪᠡᠯᠡ | ᠣᠷᠣᠭᠤᠯᠤᠯᠲᠠ ᠶᠢᠨ ᠴᠢᠭᠯᠡᠯ ᠢ ᠪᠠᠲᠤ ᠡᠵᠡᠮᠳᠡᠬᠦ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠪᠤᠶᠤ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠦᠢᠯᠭᠡᠭᠡᠨ ᠲᠠᠢ ᠪᠣᠯᠭᠠᠭᠰᠠᠨ ᠦᠯᠡᠳᠡᠭᠡᠯ ᠡᠳ᠋ ᠬᠥᠷᠥᠩᠭᠡ ᠶᠢᠨ | ᠪᠤᠴᠠᠭᠠᠨ ᠬᠤᠷᠢᠶᠠᠬᠤ ᠪᠡᠯᠡ ᠮᠥᠩᠭᠦ ᠶᠢ ᠭᠤᠣᠯᠳᠠᠭᠤ ᠭᠤᠣᠯᠳᠠᠯᠭ᠎ᠠ ᠲᠠᠢ ᠬᠦᠷᠢᠶᠡᠨ ᠤ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠶᠢ ᠦᠨᠡᠨ ᠬᠦ ᠪᠠᠲᠤᠯᠠᠵᠤ᠂ 102 ᠵᠦᠢᠯ ᠤᠨ ᠴᠢᠬᠤᠯᠠ ᠶᠡᠭᠡ | ᠢᠨᠵᠧᠨᠧᠷᠢᠩ ᠵᠡᠷᠭᠡ ᠶᠢ ᠨᠠᠷᠢᠯᠢᠭ ᠣᠨᠣᠴᠠᠲᠠᠢ ᠪᠠᠷ ᠪᠦᠲᠦᠮᠵᠢᠲᠡᠶ ᠳᠡᠮᠵᠢᠵᠦ᠂ ᠪᠦᠲᠦᠮᠵᠢᠲᠡᠶ ᠪᠡᠯᠡ | ᠣᠷᠣᠭᠤᠯᠤᠯᠲᠠ ᠶᠢ ᠪᠣᠶ ᠪᠣᠯᠭᠠᠬᠤ ᠬᠡᠷᠡᠭᠲᠡᠢ᠃ ᠬᠤᠶᠠᠷ ᠲᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠠᠵᠢᠯ ᠢ ᠲᠦᠷᠭᠡᠳᠬᠡᠬᠦ ᠬᠡᠷᠡᠭᠲᠡᠢ᠃ ᠡᠭᠡᠭᠦᠯᠦᠨ ᠬᠤᠷᠢᠶᠠᠭᠰᠠᠨ ᠪᠡᠯᠡ ᠮᠥᠩᠭᠦ ᠶᠢ ᠰᠢᠨ᠎ᠡ ᠪᠠᠷ ᠪᠠᠶᠢᠭᠤᠯᠬᠤ ᠲᠥᠷᠥᠯ | ᠵᠦᠢᠯ ᠳᠤ ᠬᠡᠷᠡᠭᠯᠡᠬᠦ ᠳᠤ᠂ ᠡᠮᠦᠨᠡᠬᠢ ᠬᠤᠭᠤᠴᠠᠭᠠᠨ ᠤ ᠠᠵᠢᠯ ᠢ ᠲᠥᠷᠭᠡᠳᠬᠡᠨ ᠠᠬᠢᠭᠤᠯᠵᠤ᠂ ᠲᠥᠷᠥᠯ ᠵᠦᠢᠯ ᠢ | ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠠᠬᠢᠭᠤᠯᠤᠨ᠂ ᠪᠣᠳᠠᠲᠤ ᠵᠦᠢᠯ ᠤᠨ ᠠᠵᠢᠯ ᠤᠨ ᠬᠡᠮᠵᠢᠶ᠎ᠡ ᠶᠢ ᠲᠦᠷᠭᠡᠬᠡᠨ ᠪᠣᠶ | ᠪᠣᠯᠭᠠᠵᠤ᠂ ᠡᠭᠡᠭᠦᠯᠦᠨ ᠬᠤᠷᠢᠶᠠᠭᠰᠠᠨ ᠪᠡᠯᠡ ᠮᠥᠩᠭᠦ ᠶᠢᠨ ᠦᠷ᠎ᠡ ᠠᠰᠢᠭ ᠢ ᠡᠷᠲᠡᠬᠡᠨ ᠪᠠᠳᠠᠷᠠᠭᠤᠯᠬᠤ ᠬᠡᠷᠡᠭᠲᠡᠢ᠃ | ᠭᠤᠷᠪᠠ ᠳᠤ᠂ ᠢᠵᠢ ᠪᠦᠷᠢᠳᠦᠭᠦᠯᠬᠦ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠬᠤ ᠬᠡᠷᠡᠭᠲᠡᠢ᠃ ᠲᠥᠪ ᠤᠨ | ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠵᠡᠷᠭᠡ ᠪᠡᠯᠡ ᠮᠥᠩᠭᠦ ᠶᠢ ᠲᠣᠬᠢᠷᠠᠭᠤᠯᠬᠤ ᠳᠤ ᠪᠠᠨ ᠡᠭᠡᠭᠦᠯᠦᠨ | ᠬᠤᠷᠢᠶᠠᠭᠰᠠᠨ ᠪᠡᠯᠡ ᠮᠥᠩᠭᠦ ᠶᠢᠨ ᠣᠷᠣᠭᠤᠯᠤᠭᠰᠠᠨ ᠰᠢᠨ᠎ᠡ ᠲᠥᠷᠥᠯ ᠵᠦᠢᠯ ᠳᠤ ᠠᠳᠠᠯᠢ ᠨᠥᠬᠦᠴᠡᠯ ᠤᠨ ᠳᠣᠣᠷ᠎ᠠ | ᠤᠷᠢᠳ ᠢᠶᠠᠷ ᠳᠡᠮᠵᠢᠯᠭᠡ ᠦᠵᠡᠭᠦᠯᠵᠦ ᠪᠣᠯᠣᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ | ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠪᠠᠰᠠ ᠲᠣᠭᠲᠠᠭᠠᠯ ᠶᠣᠰᠣᠭᠠᠷ ᠰᠢᠨ᠎ᠡ ᠲᠥᠷᠥᠯ ᠵᠦᠢᠯ ᠢ ᠳᠡᠮᠵᠢᠬᠦ ᠳᠤ | ᠬᠡᠷᠡᠭᠯᠡᠵᠦ ᠪᠣᠯᠣᠨ᠎ᠠ᠃ ᠡᠭᠦᠨ ᠤ ᠬᠠᠮᠲᠤ᠂ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠠᠬ᠎ᠠ | ᠳᠡᠯᠭᠡᠭᠦᠷᠴᠢᠯᠡᠬᠦ ᠵᠠᠷᠴᠢᠮ ᠶᠣᠰᠣᠭᠠᠷ ᠢᠵᠢ ᠪᠦᠷᠢᠳᠦᠭᠦᠯᠬᠦ ᠪᠡᠯᠡ ᠲᠣᠬᠢᠷᠠᠭᠤᠯᠭ᠎ᠠ ᠶᠢᠨ ᠳᠡᠮᠵᠢᠯᠭᠡ ᠬᠠᠩᠭᠠᠬᠤ ᠶᠢ | ᠵᠣᠷᠢᠭᠵᠢᠭᠤᠯᠤᠨ᠎ᠠ᠃ | Q3 Q᠄ ᠶᠠᠮᠠᠷ ᠶᠠᠮᠠᠷ ᠠᠵᠢᠯ ᠲᠦᠷᠦᠯ᠂ ᠶᠠᠮᠠᠷ ᠶᠠᠮᠠᠷ ᠭᠠᠵᠠᠷ ᠣᠷᠣᠨ ᠤ ᠬᠢᠨ ᠨᠡᠶᠢᠭᠡᠮ ᠤᠨ | ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠵᠤ ᠪᠣᠯᠬᠤ ᠪᠤᠢ︖ | A᠄ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ | ᠪᠣᠯ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠴᠢᠬᠤᠯᠠ ᠠᠷᠭ᠎ᠠ ᠬᠡᠮᠵᠢᠶ᠎ᠡ ᠮᠥᠨ᠃ ᠡᠮᠦᠨᠡᠬᠢ | ᠬᠤᠭᠤᠴᠠᠭᠠᠨ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠴᠠ | ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠲᠠᠢ ᠬᠠᠮᠲᠤᠷᠠᠨ ᠢᠳᠡᠭᠡᠨ | ᠤᠮᠳᠠᠭᠠᠨ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ᠂ ᠠᠷᠠᠳ ᠤᠨ ᠠᠭᠠᠷ ᠤᠨ ᠲᠡᠭᠡᠭᠡᠪᠦᠷᠢ᠂ ᠵᠠᠰᠠᠮᠠᠯ ᠵᠠᠮ ᠤᠰᠤᠨ | ᠵᠠᠮ ᠲᠡᠮᠦᠷ ᠵᠠᠮ ᠤᠨ ᠲᠡᠭᠡᠭᠡᠪᠦᠷᠢ ᠵᠡᠷᠭᠡ 5 ᠣᠨᠴᠠ ᠬᠦᠴᠢᠷᠳᠡᠯᠲᠡᠢ ᠠᠵᠢᠯ ᠲᠥᠷᠥᠯ ᠳᠤ ᠨᠡᠶᠢᠭᠡᠮ ᠤᠨ | ᠳᠠᠭᠠᠳᠬᠠᠯ ᠤᠨ ᠰᠦᠢᠳᠬᠡᠯ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠭᠤᠷᠪᠠᠨ ᠵᠦᠢᠯ ᠤᠨ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠡᠭᠦᠨ ᠳᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠨᠢ 3 ᠰᠠᠷ᠎ᠠ ᠪᠠᠶᠢᠵᠤ᠂ ᠠᠵᠢᠯ ᠠᠯᠳᠠᠯᠲᠠ ᠶᠢᠨ | ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ | ᠲᠤᠰᠢᠶᠠᠬᠤ ᠬᠤᠭᠤᠴᠠᠭ᠎ᠠ ᠨᠢ 1 ᠵᠢᠯ ᠠᠴᠠ ᠬᠡᠲᠦᠷᠡᠬᠦ ᠦᠭᠡᠢ᠃ ᠲᠣᠰ ᠤᠳᠠᠭ᠎ᠠ ᠶᠢᠨ ᠬᠤᠶᠢᠰᠢᠯᠠᠭᠤᠯᠤᠨ | ᠲᠤᠰᠢᠶᠠᠬᠤ ᠬᠡᠪᠴᠢᠶ᠎ᠡ ᠶᠢ ᠥᠷᠭᠡᠳᠬᠡᠬᠦ ᠳᠤ ᠭᠤᠣᠯᠳᠠᠭᠤ ᠬᠤᠶᠠᠷ ᠲᠠᠯ᠎ᠠ ᠪᠠᠷ ᠢᠯᠡᠷᠡᠵᠦ ᠪᠣᠶ᠄ ᠨᠢᠭᠡ ᠳᠤ᠂ | ᠬᠢᠵᠢᠭ ᠤᠨ ᠪᠠᠶᠢᠳᠠᠯ ᠤᠨ ᠨᠥᠯᠥᠭᠡ ᠶᠢ ᠬᠦᠨᠳᠦ ᠨᠣᠴᠢᠲᠠᠢ ᠬᠦᠷᠲᠡᠭᠰᠡᠨ ᠭᠠᠵᠠᠷ ᠣᠷᠣᠨ ᠤ ᠦᠢᠯᠡᠳᠪᠦᠷᠢᠯᠡᠯ | ᠡᠵᠡᠩᠨᠡᠯᠲᠡ ᠳᠤ ᠲᠦᠷ ᠴᠠᠭ ᠬᠦᠴᠢᠷᠳᠡᠯ ᠳᠤ ᠲᠤᠯᠭᠠᠷᠠᠭᠰᠠᠨ ᠪᠣᠶ ᠪᠦᠬᠦᠢ ᠳᠤᠮᠳᠠ ᠵᠢᠵᠢᠭ ᠪᠢᠴᠢᠯ ᠠᠵᠤ | ᠠᠬᠤᠶᠢᠯᠠᠯ ᠪᠠ ᠪᠠᠶᠢᠭᠤᠯᠭ᠎ᠠ ᠨᠢᠭᠡᠴᠢ ᠶᠢᠨ ᠬᠡᠯᠪᠡᠷᠢ ᠪᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠭᠤᠷᠪᠠᠨ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠪᠠᠶᠢᠭᠤᠯᠭ᠎ᠠ | ᠨᠢᠭᠡᠴᠢ ᠶᠢᠨ ᠲᠤᠰᠢᠶᠠᠬᠤ ᠬᠡᠰᠡᠭ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ | 2022 ᠣᠨ ᠤ ᠵᠢᠯ ᠤᠨ ᠡᠴᠦᠰ ᠪᠣᠯᠲᠠᠯ᠎ᠠ ᠬᠡᠷᠡᠭᠵᠢᠭᠦᠯᠦᠨ᠎ᠡ᠃ ᠬᠤᠶᠠᠷ ᠲᠤ᠂ 5 ᠣᠨᠴᠠ ᠬᠦᠴᠢᠷᠳᠡᠯ ᠲᠠᠢ | ᠠᠵᠢᠯ ᠲᠥᠷᠥᠯ ᠳᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ | ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠬᠢᠵᠢᠭ ᠤᠨ ᠪᠠᠶᠢᠳᠠᠯ ᠤᠨ ᠬᠦᠨᠳᠦ | ᠨᠣᠴᠢᠲᠠᠢ ᠳᠠᠭᠠᠷᠢᠯᠲᠠ ᠳᠤ ᠤᠴᠠᠷᠠᠭᠰᠠᠨ᠂ ᠠᠵᠢᠯ ᠲᠥᠷᠥᠯ ᠤᠨ ᠳᠣᠲᠣᠭᠠᠳᠤ ᠳᠠᠬᠢ ᠶᠡᠭᠡ ᠬᠡᠪᠴᠢᠶ᠎ᠡ ᠪᠠᠷ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠨᠢ ᠬᠦᠴᠢᠷᠳᠡᠯ ᠲᠠᠢ ᠪᠣᠯᠤᠭᠰᠠᠨ᠂ ᠤᠯᠤᠰ ᠤᠨ ᠠᠵᠤ ᠦᠢᠯᠡᠰ ᠤᠨ | ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠳᠤ ᠨᠡᠶᠢᠴᠡᠭᠰᠡᠨ ᠪᠤᠰᠤᠳ ᠣᠨᠴᠠ ᠬᠦᠴᠢᠷᠳᠡᠯ ᠲᠠᠢ ᠠᠵᠢᠯ | ᠲᠥᠷᠥᠯ ᠳᠤ ᠬᠦᠷᠲᠡᠯ᠎ᠡ ᠤᠯᠠᠮ ᠨᠢᠭᠡ ᠠᠯᠬᠤᠮ ᠥᠷᠭᠡᠳᠬᠡᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ 2022 ᠣᠨ ᠤ ᠵᠢᠯ ᠤᠨ ᠡᠴᠦᠰ ᠪᠣᠯᠲᠠᠯ᠎ᠠ | ᠬᠡᠷᠡᠭᠵᠢᠭᠦᠯᠵᠦ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠤᠨ | ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ ᠨᠢᠭᠡ ᠵᠢᠯ ᠠᠴᠠ ᠬᠡᠲᠦᠷᠡᠭᠦᠯᠬᠦ ᠦᠭᠡᠢ᠃ ᠤᠤᠯ ᠤᠨ | ᠲᠣᠳᠣᠷᠬᠠᠢ ᠲᠣᠭᠲᠠᠭᠠᠭᠰᠠᠨ 5 ᠣᠨᠴᠠ ᠬᠦᠴᠢᠷᠳᠡᠯᠲᠡᠢ ᠠᠵᠢᠯ ᠲᠥᠷᠥᠯ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ ᠵᠢᠯ ᠤᠨ ᠡᠴᠦᠰ ᠪᠣᠯᠲᠠᠯ᠎ᠠ | ᠵᠣᠬᠢᠴᠠᠩᠭᠤᠢ ᠪᠠᠷ ᠤᠷᠲᠤᠳᠬᠠᠨ᠎ᠠ᠃ ᠣᠷᠣᠨ ᠪᠦᠰᠡ ᠶᠢᠨ ᠲᠠᠯ᠎ᠠ ᠠᠴᠠ ᠠᠪᠴᠤ ᠬᠡᠯᠡᠪᠡᠯ᠂ ᠬᠢᠵᠢᠭ ᠤᠨ | ᠪᠠᠶᠢᠳᠠᠯ ᠳᠤ ᠰᠢᠭᠤᠳ ᠨᠥᠯᠥᠭᠡᠯᠡᠭᠳᠡᠭᠰᠡᠨ ᠭᠠᠵᠠᠷ ᠣᠷᠣᠨ ᠤ ᠳᠤᠮᠳᠠ ᠵᠢᠵᠢᠭ ᠪᠢᠴᠢᠯ ᠠᠵᠤ ᠠᠬᠤᠶᠢᠯᠠᠯ᠂ | ᠪᠠᠶᠢᠭᠤᠯᠭ᠎ᠠ ᠨᠢᠭᠡᠴᠢ ᠶᠢᠨ ᠬᠡᠯᠪᠡᠷᠢ ᠪᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢ ᠬᠢᠵᠢᠭ ᠤᠨ ᠪᠠᠶᠢᠳᠠᠯ ᠬᠦᠨᠳᠦ ᠨᠣᠴᠢᠲᠠᠢ ᠭᠠᠵᠠᠷ ᠣᠷᠣᠨ ᠤ ᠬᠤᠶᠢᠰᠢᠯᠠᠭᠤᠯᠤᠨ | ᠲᠤᠰᠢᠶᠠᠬᠤ ᠲᠥᠷᠥ ᠶᠢᠨ ᠪᠣᠳᠣᠯᠭ᠎ᠠ ᠶᠢᠨ ᠬᠦᠷᠢᠶ᠎ᠡ ᠬᠡᠪᠴᠢᠶ᠎ᠡ ᠳᠤ ᠪᠠᠭᠲᠠᠭᠠᠵᠤ ᠪᠣᠯᠣᠨ᠎ᠠ︔ ᠠᠵᠢᠯ ᠲᠥᠷᠥᠯ ᠤᠨ | ᠲᠠᠯ᠎ᠠ ᠠᠴᠠ ᠠᠪᠴᠤ ᠬᠡᠯᠡᠪᠡᠯ᠂ ᠬᠡᠳᠦ᠋ᠢᠪᠡᠷ ᠬᠢᠵᠢᠭ ᠤᠨ ᠪᠠᠶᠢᠳᠠᠯ ᠬᠦᠨᠳᠦ ᠨᠣᠴᠢᠲᠠᠢ ᠭᠠᠵᠠᠷ ᠣᠷᠣᠨ ᠳᠤ ᠪᠠᠶᠢᠬᠤ | ᠦᠭᠡᠢ ᠪᠣᠯᠪᠠᠴᠤ ᠪᠦᠬᠦ᠋ᠢᠯᠡ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠨᠥᠯᠥᠭᠡ ᠠᠴᠠ | ᠪᠣᠯᠵᠤ᠂ ᠦᠢᠯᠡᠳᠪᠦᠷᠢᠯᠡᠯ ᠡᠵᠡᠩᠨᠡᠯᠲᠡ ᠨᠢ ᠲᠦᠷ ᠴᠠᠭ ᠤᠨ ᠬᠦᠴᠢᠷᠳᠡᠯ ᠳᠤ ᠲᠤᠯᠭᠠᠷᠠᠭᠰᠠᠨ ᠠᠵᠤ ᠠᠬᠤᠶᠢᠯᠠᠯ ᠳᠤ | ᠠᠵᠢᠯ ᠲᠥᠷᠥᠯ ᠤᠨ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠣᠯᠣᠨ᠎ᠠ᠃ | Q4 Q᠄ ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ | ᠡᠷᠴᠢᠮ ᠢ ᠴᠢᠩᠭᠠᠷᠠᠭᠤᠯᠬᠤ ᠳᠤ ᠶᠠᠮᠠᠷ ᠶᠠᠮᠠᠷ ᠰᠢᠨ᠎ᠡ ᠪᠠᠶᠢᠷᠢᠯᠠᠭᠤᠯᠤᠯᠲᠠ ᠪᠠᠶᠢᠬᠤ ᠪᠣᠶ︖ | A᠄ ᠨᠢᠭᠡ ᠳᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠠᠷᠢᠮᠵᠢᠶ᠎ᠠ ᠶᠢ ᠨᠡᠩ ᠥᠨᠳᠥᠷ | ᠪᠣᠯᠭᠠᠪᠠ᠃ ᠠᠵᠤ ᠠᠬᠤᠶᠢᠯᠠᠯ ᠢ ᠵᠣᠷᠢᠭᠵᠢᠭᠤᠯᠤᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠭᠦᠯᠵᠦ᠂ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ | ᠲᠤᠰᠠᠳᠠ᠂ ᠡᠮᠦᠨᠡᠬᠢ ᠬᠤᠭᠤᠴᠠᠭᠠᠨ ᠳᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠪᠤᠴᠠᠭᠠᠬᠤ ᠬᠠᠷᠢᠴᠠᠯ ᠢ 60% ᠪᠠᠶᠢᠭᠰᠠᠨ ᠠᠴᠠ 90% ᠪᠣᠯᠭᠠᠨ ᠳᠡᠭᠡᠭᠰᠢᠯᠡᠭᠦᠯᠦᠭᠰᠡᠨ | ᠰᠠᠭᠤᠷᠢᠨ ᠳᠡᠭᠡᠷ᠎ᠡ᠂ ᠬᠡᠰᠡᠭ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠪᠣᠳᠠᠲᠠᠢ ᠪᠠᠶᠢᠳᠠᠯ ᠢ ᠪᠣᠳᠣᠯᠬᠢᠯᠠᠨ᠂ ᠲᠣᠰ | ᠤᠳᠠᠭ᠎ᠠ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠪᠤᠴᠠᠭᠠᠬᠤ ᠬᠠᠷᠢᠴᠠᠯ ᠢ 30% ᠪᠠᠶᠢᠭᠰᠠᠨ ᠠᠴᠠ 50% | ᠪᠣᠯᠭᠠᠨ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠨ ᠡᠯ᠎ᠡ ᠲᠥᠷᠥᠯ ᠤᠨ ᠠᠵᠤ ᠠᠬᠤᠶᠢᠯᠠᠯ ᠤᠨ ᠬᠢᠵᠢᠭ ᠤᠨ | ᠪᠠᠶᠢᠳᠠᠯ ᠤᠨ ᠨᠥᠯᠥᠭᠡ ᠶᠢ ᠠᠷᠭᠠᠴᠠᠭᠠᠬᠤ ᠶᠢ ᠳᠡᠮᠵᠢᠪᠡ᠃ ᠬᠤᠶᠠᠷ ᠲᠤ᠂ ᠠᠵᠢᠯᠴᠢᠨ ᠢ ᠦᠯᠡᠳᠡᠭᠡᠬᠦ ᠨᠥᠬᠦᠪᠦᠷᠢ ᠶᠢᠨ | ᠬᠡᠪᠴᠢᠶ᠎ᠡ ᠶᠢ ᠨᠡᠩ ᠥᠷᠭᠡᠨ ᠪᠣᠯᠭᠠᠪᠠ᠃ ᠨᠡᠩ ᠣᠯᠠᠨ ᠠᠵᠤ ᠠᠬᠤᠶᠢᠯᠠᠯ ᠤᠨ ᠠᠵᠢᠯ ᠤᠨ ᠪᠠᠶᠢᠷᠢ ᠪᠠᠨ | ᠲᠣᠭᠲᠠᠪᠤᠷᠢᠵᠢᠭᠤᠯᠤᠨ ᠠᠵᠢᠯᠴᠢᠨ ᠢ ᠦᠯᠡᠳᠡᠭᠡᠵᠦ᠂ ᠬᠦᠴᠢᠷᠳᠡᠯ ᠢᠶᠠᠨ ᠰᠢᠢᠳᠪᠦᠷᠢᠯᠡᠬᠦ ᠶᠢ ᠳᠡᠮᠵᠢᠬᠦ ᠶᠢᠨ ᠲᠥᠯᠥᠭᠡ᠂ | ᠨᠢᠭᠡ ᠯᠡ ᠤᠳᠠᠭ᠎ᠠ ᠶᠢᠨ ᠴᠢᠨᠠᠷᠲᠠᠢ ᠠᠵᠢᠯᠴᠢᠨ ᠦᠯᠡᠳᠡᠭᠡᠬᠦ ᠨᠥᠬᠦᠪᠦᠷᠢ ᠶᠢᠨ ᠠᠰᠢᠭ ᠭᠥᠷᠳᠡᠬᠦ ᠬᠡᠪᠴᠢᠶ᠎ᠡ ᠶᠢ | ᠥᠷᠭᠡᠳᠬᠡᠵᠦ᠂ ᠳᠤᠮᠳᠠ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ ᠳᠤᠮᠳᠠ ᠵᠢᠵᠢᠭ ᠪᠢᠴᠢᠯ ᠠᠵᠤ | ᠠᠬᠤᠶᠢᠯᠠᠯ ᠠᠴᠠ ᠲᠣᠰ ᠭᠠᠵᠠᠷ ᠣᠷᠣᠨ ᠤ ᠲᠣᠮᠣ ᠬᠡᠯᠪᠡᠷᠢ ᠶᠢᠨ ᠠᠵᠤ ᠠᠬᠤᠶᠢᠯᠠᠯ ᠬᠦᠷᠲᠡᠯ᠎ᠡ ᠥᠷᠭᠡᠳᠬᠡᠬᠦ ᠶᠢᠨ | ᠬᠠᠮᠲᠤ᠂ ᠡᠯ᠎ᠡ ᠮᠤᠵᠢ ᠶᠢᠨ ᠬᠢᠨ ᠬᠢᠵᠢᠭ ᠤᠨ ᠪᠠᠶᠢᠳᠠᠯ ᠤᠨ ᠨᠥᠯᠥᠭᠡ ᠪᠠ ᠰᠠᠭᠤᠷᠢ ᠮᠥᠩᠭᠦᠨ ᠤ ᠦᠯᠡᠳᠡᠪᠦᠷᠢ ᠶᠢᠨ | ᠪᠠᠶᠢᠳᠠᠯ ᠢ ᠦᠨᠳᠦᠰᠦᠯᠡᠨ᠂ ᠪᠠᠰᠠ ᠳᠤᠮᠳᠠ ᠥᠨᠳᠥᠷ ᠳᠡᠰ ᠤᠨ ᠲᠦᠭᠰᠢᠭᠦᠷᠢᠲᠦ ᠬᠢᠵᠢᠭ ᠤᠨ ᠪᠠᠶᠢᠳᠠᠯ ᠭᠠᠷᠤᠭᠰᠠᠨ | ᠦᠭᠡᠢ ᠭᠠᠵᠠᠷ ᠣᠷᠣᠨ ᠤ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ᠂ ᠠᠷᠠᠳ ᠤᠨ ᠠᠭᠠᠷ ᠤᠨ | ᠲᠡᠭᠡᠭᠡᠪᠦᠷᠢ ᠪᠠ ᠵᠠᠰᠠᠮᠠᠯ ᠵᠠᠮ ᠤᠰᠤᠨ ᠵᠠᠮ ᠲᠡᠮᠦᠷ ᠵᠠᠮ ᠤᠨ ᠲᠡᠭᠡᠭᠡᠪᠦᠷᠢ ᠵᠡᠷᠭᠡ 5 ᠣᠨᠴᠠ ᠬᠦᠴᠢᠷᠳᠡᠯᠲᠡᠢ ᠠᠵᠢᠯ | ᠲᠥᠷᠥᠯ ᠤᠨ ᠠᠵᠤ ᠠᠬᠤᠶᠢᠯᠠᠯ ᠳᠤ ᠬᠦᠷᠲᠡᠯ᠎ᠡ ᠥᠷᠭᠡᠳᠬᠡᠵᠦ ᠪᠣᠯᠣᠨ᠎ᠠ᠃ ᠭᠤᠷᠪᠠ ᠳᠤ᠂ ᠠᠵᠢᠯ ᠤᠨ ᠪᠠᠶᠢᠷᠢ ᠶᠢ | ᠥᠷᠭᠡᠳᠬᠡᠬᠦ ᠠᠷᠭ᠎ᠠ ᠬᠡᠮᠵᠢᠶ᠎ᠡ ᠶᠢᠨ ᠰᠢᠨᠡᠴᠢᠯᠡᠯᠲᠡ ᠶᠢ ᠳᠡᠮᠵᠢᠪᠡ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ | ᠪᠤᠴᠠᠭᠠᠬᠤ᠂ ᠠᠵᠢᠯᠴᠢᠨ ᠦᠯᠡᠳᠡᠭᠡᠬᠦ ᠨᠢᠭᠡ ᠯᠠ ᠤᠳᠠᠭ᠎ᠠ ᠶᠢᠨ ᠴᠢᠨᠠᠷᠲᠠᠢ ᠨᠥᠬᠦᠪᠦᠷᠢ ᠥᠭᠬᠦ ᠵᠡᠷᠭᠡ ᠠᠵᠤ | ᠠᠬᠤᠶᠢᠯᠠᠯ ᠤᠨ ᠬᠥᠮᠥᠨ ᠢᠶᠠᠨ ᠬᠠᠰᠤᠬᠤ ᠦᠭᠡᠢ᠂ ᠬᠥᠮᠥᠨ ᠢᠶᠠᠨ ᠴᠥᠭᠡᠨ ᠬᠠᠰᠤᠬᠤ ᠶᠢ ᠤᠷᠮᠠᠰᠢᠭᠤᠯᠬᠤ | ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠠᠵᠤ ᠠᠬᠤᠶᠢᠯᠠᠯ ᠤᠨ ᠣᠶᠤᠲᠠᠳ ᠤᠨ ᠠᠵᠢᠯ | ᠣᠯᠭᠤᠯᠲᠠ ᠶᠢ ᠰᠢᠩᠭᠡᠬᠡᠨ ᠠᠪᠬᠤ ᠶᠢ ᠤᠷᠮᠠᠰᠢᠭᠤᠯᠬᠤ ᠠᠵᠢᠯ ᠤᠨ ᠪᠠᠶᠢᠷᠢ ᠶᠢ ᠥᠷᠭᠡᠳᠬᠡᠬᠦ ᠲᠦᠷᠦ ᠶᠢᠨ | ᠪᠣᠳᠣᠯᠭ᠎ᠠ ᠶᠢ ᠰᠢᠨ᠎ᠡ ᠪᠠᠷ ᠨᠡᠮᠡᠪᠡ᠃ ᠠᠵᠤ ᠠᠬᠤᠶᠢᠯᠠᠯ ᠲᠡᠭᠦᠰᠬᠦ ᠣᠨ ᠤ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠢ ᠡᠯᠰᠡᠨ ᠬᠡᠷᠡᠭᠯᠡᠵᠦ᠂ ᠬᠥᠳᠡᠯᠮᠦᠷᠢ ᠶᠢᠨ ᠭᠡᠷ᠎ᠡ ᠲᠣᠭᠲᠠᠭᠰᠠᠨ ᠤ ᠬᠠᠮᠲᠤ ᠠᠵᠢᠯ ᠠᠯᠳᠠᠭᠰᠠᠳ ᠤᠨ | ᠳᠠᠭᠠᠳᠬᠠᠯ ᠳᠤ ᠣᠷᠣᠯᠴᠠᠭᠤᠯᠤᠭᠰᠠᠨ ᠪᠣᠯ ᠬᠥᠮᠥᠨ ᠪᠦᠷᠢ ᠳᠤ 1500 ᠲᠥᠭᠦᠷᠢᠭ ᠠᠴᠠ ᠬᠡᠲᠦᠷᠡᠬᠦ ᠦᠭᠡᠢ | ᠪᠠᠷᠢᠮᠵᠢᠶ᠎ᠠ ᠪᠠᠷ ᠠᠵᠤ ᠠᠬᠤᠶᠢᠯᠠᠯ ᠳᠤ ᠨᠢᠭᠡ ᠯᠠ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢ ᠥᠷᠭᠡᠳᠬᠡᠬᠦ | ᠨᠥᠬᠦᠪᠦᠷᠢ ᠣᠯᠭᠤᠵᠤ ᠪᠣᠯᠣᠨ᠎ᠠ᠂ ᠪᠣᠳᠠᠲᠠᠢ ᠨᠥᠬᠦᠪᠦᠷᠢ ᠶᠢᠨ ᠪᠠᠷᠢᠮᠵᠢᠶ᠎ᠠ ᠶᠢ ᠡᠯ᠎ᠡ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠠᠴᠠ ᠲᠣᠭᠲᠠᠭᠠᠨ᠎ᠠ᠃ ᠣᠳᠣᠬᠠᠨ ᠳᠤ᠂ ᠡᠮᠦᠨᠡᠬᠢ ᠬᠤᠭᠤᠴᠠᠭᠠᠨ ᠳᠤ | ᠨᠡᠶᠢᠲᠡᠯᠡᠨ ᠬᠡᠷᠡᠭᠵᠢᠭᠦᠯᠦᠭᠰᠡᠨ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ | ᠪᠠ ᠠᠵᠢᠯᠴᠢᠨ ᠦᠯᠡᠳᠡᠭᠡᠬᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠢᠭᠡᠨᠲᠡ ᠠᠯᠬᠤᠮ ᠠᠯᠬᠤᠮ ᠢᠶᠠᠷ | ᠨᠠᠶᠢᠳᠠᠪᠤᠷᠢᠵᠢᠭᠤᠯᠵᠤ᠂ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠡᠯᠡ | ᠮᠥᠩᠭᠦ ᠶᠢ ᠨᠢᠭᠡᠨᠲᠡ ᠠᠵᠤ ᠠᠬᠤᠶᠢᠯᠠᠯ ᠳᠤ ᠰᠢᠭᠤᠳ ᠬᠦᠷᠭᠡᠪᠡ᠃ ᠡᠨᠡ ᠤᠳᠠᠭ᠎ᠠ ᠶᠢᠨ ᠨᠡᠶᠢᠲᠡᠯᠡᠭᠰᠡᠨ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠣᠳᠣ ᠶᠠᠭ ᠱᠠᠯᠠᠪᠳᠠᠨ ᠨᠠᠶᠢᠳᠠᠪᠤᠷᠢᠵᠢᠭᠤᠯᠵᠤ ᠪᠠᠶᠢᠨ᠎ᠠ᠃ | Q5 Q᠄ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠴᠤ ᠬᠦᠴᠢᠷᠳᠡᠯ ᠢ ᠨᠢ ᠰᠢᠢᠳᠪᠦᠷᠢᠯᠡᠬᠦ ᠳᠤ | ᠶᠠᠮᠠᠷ ᠶᠠᠮᠠᠷ ︽ᠬᠠᠮ ᠠᠷᠭ᠎ᠠ ᠪᠣᠳᠣᠯᠭ᠎ᠠ︾ ᠪᠠᠶᠢᠬᠤ ᠪᠣᠶ︖ | A᠄ ᠨᠢᠭᠡ ᠳᠤ᠂ ᠲᠦᠷᠦ ᠶᠢᠨ ᠪᠣᠳᠣᠯᠭ᠎ᠠ ᠶᠢᠨ ︽ᠬᠠᠮ ᠠᠷᠭ᠎ᠠ ᠪᠣᠳᠣᠯᠭ᠎ᠠ︾᠃ ᠡᠨᠡ ᠵᠢᠯ ᠠᠴᠠ ᠨᠠᠭᠠᠰᠢ᠂ | ᠤᠯᠤᠰ ᠤᠨ ᠲᠠᠰ ᠳᠠᠪᠬᠤᠷᠭ᠎ᠠ ᠠᠴᠠ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ 20 ᠭᠠᠷᠤᠢ | ᠨᠡᠶᠢᠲᠡᠯᠡᠵᠦ᠂ ᠨᠡᠶᠢᠯᠡᠮᠡᠯ ᠮᠠᠶ᠋ᠢᠭ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠢ ᠬᠡᠷᠡᠭᠵᠢᠭᠦᠯᠬᠦ᠂ ᠨᠠᠰᠤᠵᠢᠯ ᠤᠨ | ᠠᠰᠠᠷᠠᠮᠵᠢ ᠵᠡᠷᠭᠡ ᠭᠤᠷᠪᠠᠨ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ᠂ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠠᠬᠢᠭᠤᠯᠬᠤ᠂ ᠤᠯᠤᠰ ᠤᠨ ᠥᠮᠴᠢᠯᠡᠯᠲᠦ | ᠠᠳᠠᠯ ᠠᠬᠤᠢ ᠶᠢᠨ ᠭᠡᠷ ᠤᠨ ᠲᠦᠷᠢᠶᠡᠰᠦ ᠶᠢ ᠬᠠᠰᠤᠵᠤ ᠬᠡᠯᠲᠦᠷᠢᠭᠦᠯᠬᠦ ᠵᠡᠷᠭᠡ ᠣᠯᠠᠨ ᠲᠠᠯ᠎ᠠ ᠠᠴᠠ ᠳᠤᠮᠳᠠ ᠵᠢᠵᠢᠭ | ᠪᠢᠴᠢᠯ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠪᠠ᠃ | 5 ᠳ᠋ᠤᠭᠠᠷ ᠰᠠᠷ᠎ᠠ ᠶᠢᠨ 9 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠳᠤᠮᠳᠠ ᠵᠢᠵᠢᠭ ᠠᠵᠤ | ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ︽ | ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠬᠦᠴᠦᠯᠡᠨ ᠲᠡᠳᠬᠦᠵᠦ ᠬᠦᠴᠢᠷᠳᠡᠯ ᠢ ᠨᠢ ᠰᠢᠢᠳᠪᠦᠷᠢᠯᠡᠵᠦ | ᠲᠦᠪᠡᠭᠳᠡᠯ ᠢ ᠨᠢ ᠲᠠᠶᠢᠯᠬᠤ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠵᠤ᠂ ᠪᠡᠯᠡ ᠮᠥᠩᠭᠦ ᠶᠢᠨ | ᠳᠡᠮᠵᠢᠯᠭᠡ ᠶᠢ ᠨᠡᠮᠡᠭᠳᠡᠭᠦᠯᠬᠦ᠂ ᠪᠡᠯᠡ ᠲᠣᠬᠢᠷᠠᠭᠤᠯᠬᠤ ᠳᠤ ᠬᠦᠴᠢᠷᠲᠡᠢ ᠵᠣᠭᠤᠰ ᠪᠤᠴᠠᠭᠠᠬᠤ ᠳᠤ ᠬᠦᠴᠢᠷᠲᠡᠢ ᠪᠠᠶᠢᠬᠤ | ᠠᠰᠠᠭᠤᠳᠠᠯ ᠢ ᠨᠠᠮᠳᠠᠭᠤᠯᠬᠤ᠂ ᠥᠪᠡᠷ ᠤᠨ ᠥᠷᠲᠡᠭ ᠢ ᠪᠠᠭᠤᠷᠠᠭᠤᠯᠤᠨ ᠬᠡᠷᠡᠭᠴᠡᠭᠡ ᠶᠢ ᠥᠷᠭᠡᠳᠬᠡᠬᠦ ᠶᠢ ᠠᠬᠢᠭᠤᠯᠬᠤ | ᠪᠠ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠬᠤ ᠵᠡᠷᠭᠡ 4 ᠲᠠᠯ᠎ᠠ ᠪᠠᠷ 10 ᠵᠦᠢᠯ ᠤᠨ ᠪᠣᠳᠠᠲᠠᠢ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠵᠠᠢ᠃ ᠡᠳ᠋ ᠤᠨ ᠵᠠᠰᠠᠭ ᠤᠨ ᠶᠠᠮᠤᠨ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠠᠷᠠᠳ ᠤᠨ ᠪᠠᠩᠬᠢ ᠵᠡᠷᠭᠡ ᠰᠠᠯᠠᠭ᠎ᠠ ᠮᠥᠴᠢᠷ ᠠᠴᠠ | ᠤᠷᠢᠳ ᠬᠤᠵᠢᠳ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠡᠶᠢᠲᠡᠯᠡᠵᠦ᠂ ᠠᠵᠤ ᠠᠬᠤᠶᠢᠯᠠᠯ ᠢ | ᠳᠡᠮᠵᠢᠨ ᠬᠦᠴᠢᠷᠳᠡᠯ ᠢ ᠲᠠᠶᠢᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠪᠠ᠃ ᠣᠶᠢᠷ᠎ᠠ ᠳᠤ᠂ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠬᠡᠷᠡᠭᠵᠢᠭᠦᠯᠬᠦ ᠪᠠᠷ ᠲᠣᠭᠲᠠᠭᠠᠭᠰᠠᠨ ᠠᠵᠤ | ᠠᠬᠤᠢ ᠶᠢ ᠲᠣᠭᠲᠠᠪᠤᠷᠢᠵᠢᠭᠤᠯᠬᠤ 6 ᠲᠠᠯ᠎ᠠ ᠶᠢᠨ 33 ᠵᠦᠢᠯ ᠤᠨ ᠠᠷᠭ᠎ᠠ ᠬᠡᠮᠵᠢᠶ᠎ᠡ ᠶᠢᠨ ᠳᠣᠲᠣᠷ᠎ᠠ ᠨᠡᠶᠢᠲᠡ 14 | ᠵᠣᠷᠪᠣᠰ 24 ᠵᠦᠢᠯ ᠨᠢ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠳᠡᠮᠵᠢᠵᠦ ᠪᠤᠢ᠃ ᠵᠢᠱᠢᠶᠡᠯᠡᠪᠡᠯ ᠥᠷᠲᠡᠭ | ᠨᠡᠮᠡᠭᠳᠡᠯ ᠤᠨ ᠭᠠᠶᠢᠯᠢ ᠶᠢᠨ ᠦᠯᠡᠳᠡᠭᠡᠬᠦ ᠪᠠ ᠰᠠᠭᠤᠳᠬᠠᠨ ᠪᠤᠴᠠᠭᠠᠬᠤ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ | ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ︽ᠲᠤᠰᠬᠠᠢ ᠨᠠᠷᠢᠯᠢᠭ ᠣᠨᠴᠠᠭᠠᠶ ᠰᠢᠨ᠎ᠡ︾ ᠳᠤᠮᠳᠠ ᠵᠢᠵᠢᠭ | ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠵᠡᠷᠭᠡ ᠪᠣᠯᠣᠨ᠎ᠠ᠃ ᠬᠤᠶᠠᠷ ᠲᠤ᠂ ᠦᠢᠯᠡᠴᠢᠯᠡᠭᠡᠨ ᠤ ︽ᠬᠠᠮ | ᠠᠷᠭ᠎ᠠ ᠪᠣᠳᠣᠯᠭ᠎ᠠ︾᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠠᠴᠠ 5 ᠳ᠋ᠤᠭᠠᠷ ᠰᠠᠷ᠎ᠠ ᠳᠤ | ᠪᠥᠬᠦ ᠤᠯᠤᠰ ᠲᠤ ︽ᠬᠦᠴᠢᠷᠳᠡᠯ ᠢ ᠰᠢᠢᠳᠪᠦᠷᠢᠯᠡᠵᠦ᠂ ᠬᠥᠭᠵᠢᠯᠲᠡ ᠳᠤ ᠬᠦᠴᠦᠨ ᠨᠡᠮᠡᠷᠢᠯᠡᠬᠦ︾ ᠪᠠᠷ ᠭᠤᠣᠯ | ᠰᠡᠳᠦᠪ ᠪᠣᠯᠭᠠᠭᠰᠠᠨ ᠳᠤᠮᠳᠠ ᠵᠢᠵᠢᠭ ᠠᠵᠤ ᠠᠬᠤᠶᠢᠯᠠᠯ ᠤᠨ ᠦᠢᠯᠡᠴᠢᠯᠡᠭᠡᠨ ᠤ ᠰᠠᠷ᠎ᠠ ᠶᠢᠨ ᠠᠵᠢᠯᠯᠠᠭ᠎ᠠ ᠶᠢ | ᠥᠷᠨᠢᠭᠦᠯᠪᠡ᠃ ᠡᠭᠦᠨ ᠤ ᠵᠡᠷᠭᠡᠴᠡᠭᠡ ᠪᠠᠷ᠂ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ | ᠵᠣᠭᠤᠰ ᠢ ᠰᠡᠷᠭᠡᠶᠢᠯᠡᠨ ᠨᠠᠮᠳᠠᠭᠤᠯᠬᠤ ᠵᠡᠷᠭᠡ 4 ᠲᠤᠰᠬᠠᠢ ᠵᠦᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠪᠡ᠃ | ᠡᠭᠦᠨ ᠠᠴᠠ ᠭᠠᠳᠠᠨ᠎ᠠ᠂ ᠬᠦᠴᠢᠷᠳᠡᠯ ᠢ ᠰᠢᠢᠳᠪᠦᠷᠢᠯᠡᠬᠦ ᠪᠠ ᠰᠢᠯᠢᠳᠡᠭ ᠢ ᠬᠥᠮᠥᠵᠢᠭᠦᠯᠬᠦ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠵᠤ᠂ ᠲᠣᠰ ᠭᠠᠷᠠᠭ ᠲᠤ ︽ᠴᠢᠨᠠᠷ ᠰᠠᠶᠢᠲᠠᠢ ᠳᠤᠮᠳᠠ ᠵᠢᠵᠢᠭ ᠠᠵᠤ ᠠᠬᠤᠶᠢᠯᠠᠯ ᠤᠨ | ᠱᠠᠲᠤᠯᠢᠭ ᠪᠤᠶᠢᠵᠢᠯᠲᠠ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠵᠤ᠂ | ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ︽ᠲᠤᠰᠬᠠᠢ ᠨᠠᠷᠢᠯᠢᠭ ᠣᠨᠴᠠᠭᠠᠢ ᠰᠢᠨ᠎ᠡ︾ | ᠳᠤᠮᠳᠠ ᠵᠢᠵᠢᠭ ᠠᠵᠤ ᠠᠬᠤᠶᠢᠯᠠᠯ᠂ ᠲᠤᠰᠬᠠᠢ ᠨᠠᠷᠢᠯᠢᠭ ᠣᠨᠴᠠᠭᠠᠢ ᠰᠢᠨ᠎ᠡ ︽ᠵᠢᠵᠢᠭ ᠠᠪᠤᠷᠭᠤ︾ ᠠᠵᠤ | ᠠᠬᠤᠶᠢᠯᠠᠯ ᠢ ᠬᠠᠮᠤᠷᠤᠭᠰᠠᠨ ᠴᠢᠨᠠᠷ ᠰᠠᠶᠢᠲᠠᠢ ᠳᠤᠮᠳᠠ ᠵᠢᠵᠢᠭ ᠠᠵᠤ ᠠᠬᠤᠶᠢᠯᠠᠯ ᠤᠨ ᠱᠠᠲᠤᠯᠢᠭ ᠪᠤᠶᠢᠵᠢᠯᠲᠠ ᠶᠢᠨ | ᠰᠢᠰᠲ᠋ᠧᠮ ᠢ ᠲᠦᠷᠭᠡᠳᠬᠡᠨ ᠪᠠᠶᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠶᠡᠷᠦᠩᠬᠡᠶᠢᠯᠡᠭᠰᠡᠨ | ᠪᠣᠳᠠᠲᠤ ᠬᠦᠴᠦᠨ ᠪᠠ ᠭᠤᠣᠯᠯᠠᠬᠤ ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠨ ᠤ | ᠬᠠᠮᠲᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ | ᠬᠥᠭᠵᠢᠯᠲᠡ ᠶᠢ ᠠᠬᠢᠭᠤᠯᠬᠤ ᠶᠡᠷᠦᠩᠬᠡᠶᠢᠯᠡᠭᠰᠡᠨ ᠰᠢᠮᠳᠠᠭᠤᠯᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠠᠵᠤ | ᠠᠬᠤᠶᠢᠯᠠᠯ ᠳᠤ ᠬᠤᠯᠪᠣᠭᠳᠠᠭᠰᠠᠨ ᠳᠤᠷ᠎ᠠ ᠪᠠᠷ ᠰᠦᠢᠳᠬᠡᠯ ᠬᠤᠷᠢᠶᠠᠬᠤ ᠪᠠᠶᠢᠳᠠᠯ ᠢ ᠴᠡᠭᠴᠡᠯᠡᠨ ᠵᠠᠰᠠᠬᠤ᠂ ᠥᠷᠢᠲᠦᠵᠦ | ᠪᠠᠶᠢᠭ᠎ᠠ ᠲᠠᠩᠰᠠᠨ ᠵᠣᠭᠤᠰ ᠢ ᠴᠡᠭᠴᠡᠯᠡᠨ ᠢᠯᠭᠠᠷᠠᠭᠤᠯᠬᠤ ᠵᠡᠷᠭᠡ ᠠᠵᠢᠯ ᠤᠨ ᠡᠷᠴᠢᠮ ᠢ ᠴᠢᠩᠭᠠᠷᠠᠭᠤᠯᠵᠤ᠂ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃ | Q6 Q᠄ ᠣᠳᠣᠬᠠᠨ ᠤ ᠮᠠᠨ ᠤ ᠤᠯᠤᠰ ᠤᠨ ᠡᠨᠧᠷᠭᠢ ᠶᠢᠨ ᠬᠠᠩᠭᠠᠯᠭ᠎ᠠ ᠬᠡᠷᠡᠭᠯᠡᠭᠡ ᠨᠢ ᠶᠠᠮᠠᠷ ᠪᠠᠶᠢᠳᠠᠯ ᠲᠠᠢ | ᠪᠤᠶ︖ ᠬᠡᠷᠬᠢᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠪᠤᠢ︖ | A᠄ ᠶᠡᠷᠦᠩᠬᠡᠢ ᠳᠤ ᠨᠢ ᠠᠪᠴᠤ ᠦᠵᠡᠪᠡᠯ᠂ ᠡᠨᠡ ᠵᠢᠯ ᠠᠴᠠ ᠨᠠᠭᠠᠰᠢ ᠮᠠᠨ ᠤ ᠤᠯᠤᠰ ᠤᠨ ᠡᠨᠧᠷᠭᠢ ᠶᠢᠨ | ᠰᠤᠷᠪᠤᠯᠵᠢ ᠶᠢᠨ ᠬᠠᠩᠭᠠᠯᠭ᠎ᠠ ᠬᠡᠷᠡᠭᠴᠡᠭᠡ ᠶᠡᠷᠦᠩᠬᠡᠢ ᠳᠤ ᠪᠠᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠵᠤ | ᠪᠤᠢ᠃ ᠣᠳᠣᠬᠠᠨ ᠳᠤ᠂ ᠮᠠᠨ ᠤ ᠤᠯᠤᠰ ᠤᠨ ᠭᠤᠣᠯ ᠪᠣᠯᠬᠤ ᠴᠢᠯᠠᠭᠤᠨ ᠲᠣᠰᠣ ᠰᠢᠲᠠᠮᠠᠬᠠᠢ ᠬᠡᠢ ᠶᠢᠨ ᠠᠵᠤ | ᠠᠬᠤᠶᠢᠯᠠᠯ ᠤᠨ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠬᠥᠮᠥᠷᠭᠡ ᠶᠢᠨ ᠬᠠᠳᠠᠭᠠᠯᠠᠯᠲᠠ ᠢᠮᠠᠭᠲᠠ ᠥᠨᠳᠥᠷ | ᠪᠠᠶᠢᠷᠢᠨ ᠳᠤ ᠪᠠᠶᠢᠵᠤ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ᠬᠠᠳᠠᠭᠠᠯᠠᠯᠲᠠ᠂ ᠰᠠᠪᠠ ᠶᠢᠨ | ᠬᠠᠳᠠᠭᠠᠯᠠᠯᠲᠠ ᠴᠥᠮ ᠥᠨᠳᠥᠷ ᠪᠠᠶᠢᠷᠢᠨ ᠳᠤ ᠪᠠᠶᠢᠵᠤ᠂ ᠬᠡᠷᠡᠭᠴᠡᠭᠡ ᠶᠢ ᠪᠦᠲᠦᠮᠵᠢᠲᠡᠶ ᠪᠠᠲᠤᠯᠠᠵᠤ ᠴᠢᠳᠠᠨ᠎ᠠ᠃ | ᠨᠡᠭᠦᠷᠡᠰᠦᠨ ᠤ ᠭᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠲᠠᠯ᠎ᠠ ᠪᠠᠷ᠂ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠭᠤᠷᠪᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ | ᠥᠷᠨᠢᠭᠦᠯᠪᠡ᠃ ᠨᠢᠭᠡ ᠳᠤ᠂ ᠲᠡᠷᠢᠭᠦᠨ ᠤ ᠦᠢᠯᠡᠳᠪᠦᠷᠢᠯᠡᠬᠦ ᠴᠢᠳᠠᠪᠤᠷᠢ ᠶᠢ ᠭᠦᠢᠴᠡᠳ ᠪᠠᠳᠠᠷᠠᠭᠤᠯᠪᠠ᠃ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ ᠨᠡᠭᠦᠷᠡᠰᠦ ᠴᠠᠬᠢᠯᠭᠠᠨ ᠲᠣᠰᠣ | ᠬᠡᠢ ᠲᠡᠭᠡᠭᠡᠪᠦᠷᠢ ᠶᠢᠨ ᠲᠤᠬᠠᠢ ᠶᠠᠮᠤᠨ ᠤ ᠬᠤᠭᠤᠷᠣᠨᠳᠣᠬᠢ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠰᠠᠶᠢᠲᠤᠷ | ᠪᠠᠳᠠᠷᠠᠭᠤᠯᠵᠤ᠂ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠬᠦ᠂ ᠦᠢᠯᠡᠳᠪᠦᠷᠢᠯᠡᠯ ᠢ ᠥᠷᠭᠡᠳᠬᠡᠬᠦ᠂ ᠰᠢᠨ᠎ᠡ ᠪᠠᠷ | ᠠᠰᠢᠭᠯᠠᠯᠲᠠ ᠳᠤ ᠣᠷᠣᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠨᠡᠭᠦᠷᠡᠰᠦᠨ ᠤ ᠦᠢᠯᠡᠳᠪᠦᠷᠢᠯᠡᠯ ᠤᠨ | ᠴᠢᠳᠠᠪᠤᠷᠢ ᠶᠢ 3 ᠳ᠋ᠦᠩᠰᠢᠭᠤᠷ ᠲᠣᠨ ᠰᠢᠨ᠎ᠡ ᠪᠠᠷ ᠨᠡᠮᠡᠭᠳᠡᠭᠦᠯᠵᠦ᠂ ᠡᠭᠦᠨ ᠤ ᠬᠠᠮᠲᠤ ᠦᠢᠯᠡᠳᠪᠦᠷᠢᠯᠡᠯ ᠤᠨ | ᠴᠢᠳᠠᠪᠤᠷᠢ ᠪᠣᠯᠣᠨ ᠭᠠᠷᠤᠯᠲᠠ ᠶᠢᠨ ᠬᠠᠷᠠᠯᠲᠠ ᠶᠢ ᠨᠡᠭᠦᠷᠡᠰᠦ ᠭᠠᠷᠭᠠᠬᠤ ᠪᠤᠢ ᠪᠦᠬᠦᠢ ᠮᠤᠵᠢ ᠣᠷᠣᠨ ᠳᠤ ᠬᠦᠷᠲᠡᠯ᠎ᠡ | ᠲᠣᠳᠣᠷᠬᠠᠶᠢᠯᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠣᠯᠣᠨ | ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠨ ᠨᠤᠲᠤᠭ ᠪᠣᠯᠣᠨ | ᠠᠵᠤ ᠠᠬᠤᠶᠢᠯᠠᠯ ᠠᠴᠠ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠳᠠᠷᠠᠭᠤᠯᠬᠤ ᠶᠢ ᠠᠬᠢᠭᠤᠯᠵᠤ᠂ 1 - 4 | ᠳ᠋ᠦ᠋ᠭᠡᠷ ᠰᠠᠷ᠎ᠠ ᠳᠤ᠂ ᠪᠦᠬᠦ ᠤᠯᠤᠰ ᠤᠨ ᠨᠡᠭᠦᠷᠡᠰᠦᠨ ᠤ ᠭᠠᠷᠤᠯᠲᠠ 14.48 ᠳ᠋ᠦᠩᠰᠢᠭᠤᠷ ᠲᠣᠨ ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 10.5% ᠪᠠᠷ ᠨᠡᠮᠡᠭᠳᠡᠵᠦ᠂ ᠵᠣᠬᠢᠰᠲᠠᠢ ᠨᠡᠭᠦᠷᠡᠰᠦ ᠬᠡᠷᠡᠭᠯᠡᠬᠦ ᠬᠡᠷᠡᠭᠴᠡᠭᠡ ᠶᠢ | ᠪᠠᠲᠤᠯᠠᠵᠤ ᠴᠢᠳᠠᠪᠠ᠃ ᠦᠢᠯᠡᠳᠪᠦᠷᠢᠯᠡᠯ ᠤᠨ ᠴᠢᠳᠠᠪᠤᠷᠢ ᠶᠢ ᠦᠷᠭᠦᠯᠵᠢᠯᠡᠨ ᠨᠡᠮᠡᠭᠳᠡᠭᠦᠯᠬᠦ ᠶᠢ ᠳᠠᠭᠠᠯᠳᠤᠨ᠂ | ᠦᠷᠭᠦᠯᠵᠢᠯᠡᠨ ᠬᠠᠩᠭᠠᠬᠤ ᠴᠢᠳᠠᠪᠤᠷᠢ ᠪᠠᠰᠠ ᠤᠯᠠᠮ ᠴᠢᠨᠠᠭᠰᠢᠳᠠ ᠨᠡᠮᠡᠭᠳᠡᠬᠦ ᠪᠣᠯᠣᠨ᠎ᠠ᠃ ᠬᠤᠶᠠᠷ ᠲᠤ᠂ ᠨᠡᠭᠦᠷᠡᠰᠦ | ᠲᠡᠭᠡᠭᠡᠪᠦᠷᠢᠯᠡᠬᠦ ᠪᠠ ᠨᠥᠭᠡᠴᠡᠯᠡᠬᠦ ᠴᠢᠳᠠᠪᠤᠷᠢ ᠶᠢ ᠲᠠᠰᠤᠷᠠᠯᠲᠠ ᠦᠭᠡᠢ ᠨᠡᠮᠡᠭᠳᠡᠭᠦᠯᠪᠡ᠃ ᠣᠶᠢᠷ᠎ᠠ ᠶᠢᠨ ᠵᠢᠯ ᠤᠳ ᠲᠤ᠂ | ᠨᠡᠭᠦᠷᠡᠰᠦ ᠶᠢ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ᠵᠠᠰᠠᠮᠠᠯ ᠵᠠᠮ ᠲᠡᠮᠦᠷ ᠵᠠᠮ ᠤᠰᠤᠨ ᠵᠠᠮ ᠤᠨ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢ | ᠠᠬᠢᠭᠤᠯᠵᠤ᠂ ᠨᠡᠭᠦᠷᠡᠰᠦ ᠲᠡᠭᠡᠭᠡᠪᠦᠷᠢᠯᠡᠬᠦ ᠴᠢᠳᠠᠪᠤᠷᠢ ᠶᠢ ᠶᠡᠭᠡ ᠪᠠᠷ ᠴᠢᠩᠭᠠᠷᠠᠭᠤᠯᠪᠠ᠃ ᠡᠭᠦᠨ ᠤ ᠬᠠᠮᠲᠤ᠂ | ᠨᠡᠭᠦᠷᠡᠰᠦ ᠨᠥᠭᠡᠴᠡᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠤᠣᠯᠳᠠᠯᠭ᠎ᠠ ᠲᠠᠢ ᠭᠠᠵᠠᠷ | ᠣᠷᠣᠨ ᠤ ᠨᠥᠭᠡᠴᠡᠯᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠲᠣᠬᠢᠷᠠᠭᠤᠯᠵᠤ | ᠪᠣᠯᠬᠤᠶᠢᠴᠠ ᠨᠥᠭᠡᠴᠡᠯᠡᠬᠦ ᠡᠬᠢ ᠪᠠᠶᠠᠯᠢᠭ ᠢ ᠶᠡᠭᠡ ᠪᠠᠷ ᠨᠡᠮᠡᠭᠳᠡᠭᠦᠯᠵᠦ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ | ᠶᠠᠪᠤᠴᠠ ᠳᠠᠬᠢ ᠴᠢᠬᠤᠯᠠ ᠦᠢᠯᠡᠳᠦᠯ ᠢ ᠪᠠᠳᠠᠷᠠᠭᠤᠯᠪᠠ᠃ ᠭᠤᠷᠪᠠ ᠳᠤ᠂ ᠤᠷᠲᠤ ᠬᠤᠭᠤᠴᠠᠭᠠᠨ ᠤ | ᠵᠥᠪᠯᠡᠯᠴᠡᠭᠡᠷ ᠤᠨ ᠦᠨ᠎ᠡ ᠬᠠᠩᠰᠢ ᠶᠢ ᠲᠣᠭᠲᠠᠪᠤᠷᠢᠵᠢᠭᠤᠯᠵᠤ᠂ ᠠᠷᠠᠳ ᠤᠨ ᠠᠮᠢᠳᠤᠷᠠᠯ ᠳᠤ ᠬᠡᠷᠡᠭᠯᠡᠬᠦ ᠨᠡᠭᠦᠷᠡᠰᠦᠨ ᠤ | ᠬᠡᠷᠡᠭᠴᠡᠭᠡ ᠶᠢ ᠦᠨᠡᠨ ᠬᠦ ᠪᠠᠲᠤᠯᠠᠪᠠ᠃ ᠡᠨᠡ ᠵᠢᠯ ᠴᠠᠬᠢᠯᠭᠠᠨ ᠭᠠᠷᠭᠠᠬᠤ ᠢᠯᠴᠢ ᠬᠠᠩᠭᠠᠬᠤ ᠨᠡᠭᠦᠷᠡᠰᠦᠨ ᠤ ᠳᠤᠮᠳᠠ | ᠤᠷᠳᠤ ᠬᠤᠭᠤᠴᠠᠭᠠᠨ ᠤ ᠭᠡᠷ᠎ᠡ ᠶᠢ ᠨᠡᠶᠢᠳᠡᠮ ᠬᠡᠷᠡᠭᠵᠢᠭᠦᠯᠬᠦ ᠶᠢ ᠠᠬᠢᠭᠤᠯᠵᠤ᠂ ᠨᠡᠭᠦᠷᠡᠰᠦᠨ ᠤ ᠳᠤᠮᠳᠠ ᠤᠷᠳᠤ | ᠬᠤᠭᠤᠴᠠᠭᠠᠨ ᠤ ᠠᠷᠠᠯᠵᠢᠶᠠᠨ ᠤ ᠦᠨ᠎ᠡ ᠬᠠᠩᠰᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠴᠠᠬᠢᠯᠭᠠᠨ ᠬᠦᠴᠦᠨ ᠤ | ᠠᠵᠤ ᠠᠬᠤᠶᠢᠯᠠᠯ ᠤᠨ ᠨᠡᠭᠦᠷᠡᠰᠦ ᠬᠡᠷᠡᠭᠯᠡᠬᠦ ᠥᠪᠡᠷ ᠤᠨ ᠦᠷᠳᠡᠭ ᠢ ᠪᠦᠲᠦᠮᠵᠢᠲᠡᠶ ᠪᠠᠭᠤᠷᠠᠭᠤᠯᠵᠤ᠂ ᠡᠨᠧᠷᠭᠢ ᠶᠢᠨ | ᠰᠤᠷᠪᠤᠯᠵᠢ ᠴᠠᠬᠢᠯᠭᠠᠨ ᠬᠦᠴᠦᠨ ᠤ ᠬᠠᠩᠭᠠᠯᠭ᠎ᠠ ᠶᠢᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠪᠠ᠃ | Q7 Q᠄ ᠠᠵᠤ ᠦᠢᠯᠡᠳᠪᠦᠷᠢ ᠶᠢᠨ ᠠᠵᠤ ᠠᠬᠤᠢ ᠶᠢ ᠲᠣᠭᠲᠠᠪᠤᠷᠢᠵᠢᠭᠤᠯᠵᠤ᠂ ᠠᠵᠤ ᠦᠢᠯᠡᠰ ᠤᠨ | ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢ ᠰᠠᠭᠠᠳ ᠦᠭᠡᠢ ᠨᠡᠪᠲᠡᠷᠡᠭᠦᠯᠬᠦ ᠲᠤᠬᠠᠢ ᠶᠠᠮᠠᠷ ᠶᠠᠮᠠᠷ ᠠᠷᠭ᠎ᠠ ᠬᠡᠮᠵᠢᠶ᠎ᠡ | ᠪᠠᠶᠢᠬᠤ ᠪᠤᠢ︖ | A᠄ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠶᠠᠮᠤᠨ ᠠᠴᠠ ᠠᠵᠤ ᠦᠢᠯᠡᠰ ᠤᠨ ᠬᠡᠯᠬᠢᠶ᠎ᠡ ᠪᠠ | ᠬᠠᠩᠭᠠᠯᠭ᠎ᠠ ᠶᠢᠨ ᠬᠡᠯᠬᠢᠶ᠎ᠡ ᠶᠢ ᠰᠠᠭᠠᠳ ᠦᠭᠡᠢ ᠨᠡᠪᠲᠡᠷᠡᠭᠦᠯᠬᠦ ᠶᠢ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ | ᠬᠢᠵᠢᠭ ᠢ ᠰᠡᠷᠭᠡᠶᠢᠯᠡᠬᠦ ᠡᠮᠴᠢᠯᠡᠭᠡᠨ ᠤ ᠡᠳ᠋ ᠪᠣᠳᠠᠰ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ | ᠬᠡᠷᠡᠭᠴᠡᠭᠡᠨ ᠤ ᠡᠳ᠋ ᠪᠣᠳᠠᠰ᠂ ᠲᠠᠷᠢᠶᠠᠯᠠᠩ ᠤᠨ ᠦᠢᠯᠡᠳᠪᠦᠷᠢᠯᠡᠯ ᠤᠨ ᠴᠢᠬᠤᠯᠠ ᠡᠳ᠋ ᠪᠣᠳᠠᠰ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠠᠵᠤ ᠦᠢᠯᠡᠰ ᠤᠨ ᠵᠠᠩᠭᠢᠯᠠᠭ᠎ᠠ ᠶᠢᠨ ᠡᠳ᠋ ᠪᠣᠳᠠᠰ ᠵᠡᠷᠭᠡ ᠳᠥᠷᠪᠡᠨ ᠶᠡᠭᠡ ᠬᠦᠷᠢᠶᠡᠨ ᠤ | ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠠᠵᠤ ᠠᠬᠤᠶᠢᠯᠠᠯ ᠤᠨ ︽ | ᠴᠠᠭᠠᠨ ᠳᠠᠩᠰᠠ︾ ᠶᠢᠨ ᠳᠦᠷᠢᠮ ᠢ ᠳᠠᠷᠦ᠋ᠢᠬᠠᠨ ᠪᠠᠶᠢᠭᠤᠯᠬᠤ ᠶᠢᠨ ᠬᠠᠮᠲᠤ ᠬᠥᠳᠡᠯᠦᠩᠭᠦᠢ ᠪᠠᠷ ᠲᠣᠬᠢᠷᠠᠭᠤᠯᠵᠤ᠂ | ᠮᠠᠰᠢᠨ ᠲᠡᠷᠭᠡ᠂ ᠬᠤᠷᠠᠮᠠᠯ ᠴᠠᠬᠢᠯᠭᠠᠨ ᠬᠡᠯᠬᠢᠶ᠎ᠡ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ | ᠬᠠᠩᠭᠠᠯᠭ᠎ᠠ ᠶᠢᠨ ᠬᠡᠯᠬᠢᠶ᠎ᠡ ᠶᠢᠨ ᠵᠣᠬᠢᠴᠠᠭᠤᠯᠬᠤ ᠲᠠᠪᠴᠠᠩ ᠢ ᠪᠠᠶᠢᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ | ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢᠨ ᠵᠠᠩᠭᠢᠶᠠᠰᠤ | ᠴᠡᠭ ᠤᠨ ᠠᠵᠤ ᠦᠢᠯᠡᠳᠪᠦᠷᠢ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠵᠤ᠂ | ᠴᠡᠭ ᠢᠶᠠᠷ ᠬᠡᠯᠬᠢᠶ᠎ᠡ ᠶᠢ ᠲᠠᠶᠢᠴᠢᠯᠠᠨ ᠠᠵᠤ ᠦᠢᠯᠡᠰ ᠤᠨ ᠬᠡᠯᠬᠢᠶ᠎ᠡ ᠶᠢᠨ ᠰᠠᠭᠠᠳ ᠦᠭᠡᠢ ᠨᠡᠪᠲᠡᠷᠡᠬᠦ ᠶᠢ ᠠᠬᠢᠭᠤᠯᠵᠤ᠂ | ᠬᠡᠯᠬᠢᠶ᠎ᠡ ᠪᠠᠷ ᠲᠠᠯ᠎ᠠ ᠶᠢ ᠲᠠᠶᠢᠴᠢᠯᠠᠨ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ | ᠠᠬᠢᠭᠤᠯᠪᠠ᠃ ᠨᠢᠭᠡ ᠳᠤ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ | ᠰᠠᠭᠠᠳ ᠦᠭᠡᠢ ᠨᠡᠪᠲᠡᠷᠡᠨ ᠲᠣᠭᠲᠠᠭᠤᠨ ᠪᠠᠶᠢᠬᠤ ᠶᠢ ᠪᠦᠬᠦᠨ ᠬᠦᠴᠦᠨ ᠢᠶᠠᠷ ᠢᠶᠠᠨ ᠪᠠᠲᠤᠯᠠᠨ᠎ᠠ᠃ ᠶᠠᠮᠤᠨ ᠤ | ᠲᠠᠰ ᠤᠨ ︽ᠴᠠᠭᠠᠨ ᠲᠠᠩᠰᠠ︾ ᠶᠢᠨ ᠠᠵᠤ ᠠᠬᠤᠶᠢᠯᠠᠯ ᠤᠨ ᠬᠡᠪᠴᠢᠶ᠎ᠡ ᠶᠢ ᠬᠥᠳᠡᠯᠦᠩᠭᠦᠢ ᠪᠠᠷ ᠲᠣᠬᠢᠷᠠᠭᠤᠯᠵᠤ᠂ | ᠮᠤᠵᠢ ᠶᠢᠨ ᠲᠠᠰ ᠤᠨ ︽ᠴᠠᠭᠠᠨ ᠲᠠᠩᠰᠠ︾ ᠶᠢᠨ ᠠᠵᠤ ᠠᠬᠤᠶᠢᠯᠠᠯ ᠤᠨ ᠣᠷᠣᠨ ᠪᠦᠰᠡ ᠶᠢᠨ ᠬᠠᠷᠢᠯᠴᠠᠨ | ᠮᠡᠳᠡᠷᠡᠬᠦ ᠶᠢ ᠲᠥᠷᠭᠡᠳᠬᠡᠨ ᠠᠬᠢᠭᠤᠯᠬᠤ ᠶᠢᠨ ᠬᠠᠮᠲᠤ᠂ ᠳᠡᠭᠡᠳᠦ ᠳᠣᠣᠷᠠᠳᠤ ᠤᠷᠤᠰᠬᠠᠯ ᠤᠨ ᠵᠣᠯᠭᠠᠯᠲᠠ | ᠦᠢᠯᠡᠴᠢᠯᠡᠭᠡ ᠶᠢ ᠴᠢᠩᠭᠠᠳᠬᠠᠨ᠎ᠠ᠃ ᠲᠣᠳᠣᠷᠬᠠᠶᠢᠯᠠᠬᠤ ᠴᠢᠬᠤᠯᠠᠲᠠᠢ ᠵᠦᠢᠯ ᠭᠡᠪᠡᠯ᠂ ︽ᠴᠠᠭᠠᠨ ᠳᠠᠩᠰᠠ︾ ᠶᠢᠨ | ᠳᠦᠷᠢᠮ ᠪᠣᠯ ᠵᠥᠪᠬᠡᠨ ᠱᠠᠲᠤᠴᠢ ᠴᠢᠨᠠᠷᠲᠠᠢ ᠪᠠᠷ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠮᠥᠨ᠂ | ᠬᠠᠷᠠᠯᠲᠠ ᠨᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠳᠤ ᠣᠷᠣᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠬᠦ | ᠶᠠᠪᠤᠳᠠᠯ ᠪᠣᠯᠣᠨ᠎ᠠ᠃ ᠪᠠᠰᠠ ᠴᠡᠭ ᠠᠴᠠ ᠴᠡᠭ᠂ ᠨᠢᠭᠡ ᠠᠴᠠ ᠨᠢᠭᠡ᠂ ᠲᠦᠷᠭᠡᠨ ᠲᠣᠭᠲᠠᠭᠤᠨ ᠪᠠᠶᠢᠯᠭᠠᠬᠤ ᠵᠡᠷᠭᠡ | ᠠᠷᠭ᠎ᠠ ᠬᠡᠮᠵᠢᠶ᠎ᠡ ᠶᠢ ᠬᠡᠷᠡᠭᠯᠡᠵᠦ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ | ᠬᠡᠯᠬᠢᠶ᠎ᠡ ᠶᠢᠨ ᠳᠠᠭᠠᠭᠤᠯᠤᠭᠴᠢ ᠠᠵᠤ ᠠᠬᠤᠶᠢᠯᠠᠯ ᠪᠣᠯᠣᠨ ᠵᠠᠩᠭᠢᠯᠠᠭ᠎ᠠ ᠶᠢᠨ ᠵᠠᠩᠭᠢᠶᠠᠰᠤ ᠴᠡᠭ ᠤᠨ ᠠᠵᠤ ᠠᠬᠤᠶᠢᠯᠠᠯ ᠢ | ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ | ᠮᠥᠷᠡᠨ ᠤ ᠭᠤᠷᠪᠠᠯᠵᠢᠨ ᠬᠤᠶᠢᠭ᠂ ᠪᠡᠭᠡᠵᠢᠩ ᠲᠢᠶᠠᠨᠵᠢᠨ ᠡᡁᠧᠪᠸᠢ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ | ᠲᠣᠭᠲᠠᠭᠤᠨ ᠢᠶᠠᠷ ᠦᠢᠯᠡᠳᠪᠦᠷᠢᠯᠡᠬᠦ᠂ ᠭᠠᠷᠤᠯᠲᠠ ᠪᠠᠨ ᠨᠡᠮᠡᠭᠳᠡᠭᠦᠯᠦᠨ ᠭᠠᠷᠤᠯᠲᠠ ᠪᠠᠨ ᠥᠷᠭᠡᠳᠬᠡᠬᠦ ᠶᠢ ᠪᠠᠲᠤᠯᠠᠨ᠎ᠠ᠃ | ᠬᠤᠶᠠᠷ ᠲᠤ᠂ ᠨᠡᠩ ᠶᠡᠭᠡ ᠡᠷᠴᠢᠮ ᠢᠶᠠᠷ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠵᠤ᠂ ᠦᠷ᠎ᠡ ᠪᠦᠲᠦᠮᠵᠢ ᠲᠠᠢ ᠪᠠᠶᠢᠯᠭᠠᠨ᠎ᠠ᠃ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ | ᠬᠡᠮᠵᠢᠶ᠎ᠡ ᠳᠤ ᠰᠠᠶᠢᠲᠤᠷ ᠲᠠᠶᠢᠯᠤᠮᠵᠢ ᠬᠢᠵᠦ᠂ ᠰᠠᠶᠢᠲᠤᠷ ᠤᠬᠠᠭᠤᠯᠤᠨ ᠲᠤᠭᠤᠰᠢᠯᠠᠭᠤᠯᠵᠤ᠂ ᠰᠠᠶᠢᠲᠤᠷ | ᠨᠠᠶᠢᠳᠠᠪᠤᠷᠢᠵᠢᠭᠤᠯᠵᠤ᠂ ᠲᠦᠷᠦ ᠶᠢᠨ ᠪᠣᠳᠣᠯᠭ᠎ᠠ ᠶᠢᠨ ᠳᠠᠪᠬᠤᠴᠠᠭᠤᠯᠤᠨ ᠥᠷᠭᠡᠳᠬᠡᠬᠦ ᠨᠥᠯᠥᠭᠡ ᠦᠢᠯᠡᠳᠦᠯ ᠢ ᠪᠤᠢ | ᠪᠣᠯᠭᠠᠵᠤ᠂ ᠠᠵᠤ ᠠᠬᠤᠶᠢᠯᠠᠯ ᠤᠨ ᠡᠳ᠋ᠯᠡᠪᠡᠰᠦ ᠵᠣᠬᠢᠬᠤ ᠳᠤ ᠨᠢ ᠪᠦᠬᠦᠨ ᠢ ᠡᠳ᠋ᠯᠡᠭᠦᠯᠬᠦ ᠶᠢ ᠪᠠᠲᠤᠯᠠᠨ᠎ᠠ᠃ | ᠭᠤᠷᠪᠠ ᠳᠤ᠂ ᠪᠡᠯᠡ ᠣᠷᠣᠭᠤᠯᠤᠯᠲᠠ ᠪᠠ ᠬᠡᠷᠡᠭᠯᠡᠭᠡ ᠶᠢ ᠬᠦᠴᠦᠯᠡᠨ ᠥᠷᠭᠡᠳᠬᠡᠨ᠎ᠡ᠃ ᠦᠢᠯᠡᠳᠬᠡᠯ ᠤᠨ ᠦᠢᠯᠡᠰ ᠤᠨ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠴᠢᠬᠤᠯᠠ ᠶᠡᠭᠡ ᠢᠨᠵᠧᠨᠧᠷᠢᠩ ᠪᠠ ᠲᠥᠷᠥᠯ | ᠵᠦᠢᠯ᠂ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠴᠢᠬᠤᠯᠠ | ᠶᠡᠭᠡ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠲᠦᠷᠭᠡᠪᠴᠢᠯᠡᠨ ᠬᠡᠷᠡᠭᠵᠢᠭᠦᠯᠵᠦ᠂ ᠰᠠᠭᠤᠷᠢ ᠴᠠᠬᠢᠯᠭᠠᠨ | ᠬᠤᠯᠪᠣᠭᠠᠨ ᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ 5G ᠰᠠᠭᠤᠷᠢ ᠦᠷᠳᠡᠭᠡ᠂ ᠲᠣᠮᠣ | ᠳ᠋ᠠᠶᠢᠲ᠋ᠠ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠵᠣᠬᠢᠰᠲᠠᠢ ᠪᠠᠷ ᠤᠷᠢᠳᠴᠢᠯᠠᠨ ᠪᠠᠶᠢᠷᠢᠯᠠᠭᠤᠯᠵᠤ᠂ ᠭᠠᠳᠠᠭᠠᠳᠤ ᠪᠡᠯᠡ ᠶᠢᠨ ᠴᠢᠬᠤᠯᠠ | ᠶᠡᠭᠡ ᠲᠥᠷᠥᠯ ᠵᠦᠢᠯ ᠢ ᠪᠣᠳᠠᠲᠠᠢ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠤᠨ᠎ᠠ᠃ ᠮᠠᠰᠢᠨ ᠲᠡᠷᠭᠡᠨ ᠤ | ᠬᠡᠷᠡᠭᠯᠡᠭᠡ᠂ ᠮᠡᠳᠡᠭᠡ ᠵᠠᠩᠭᠢ ᠶᠢᠨ ᠬᠡᠷᠡᠭᠯᠡᠭᠡ᠂ ᠪᠣᠬᠢᠷᠳᠤᠯ ᠦᠭᠡᠢ ᠬᠡᠷᠡᠭᠯᠡᠭᠡ ᠶᠢᠨ ᠳᠠᠯᠳᠠ ᠬᠦᠴᠦᠨ ᠢ ᠭᠦᠢᠴᠡᠳ | ᠠᠭᠤᠳᠠᠯᠵᠤ᠂ ᠮᠡᠳᠡᠭᠡ ᠵᠠᠩᠭᠢ ᠶᠢᠨ ᠬᠡᠷᠡᠭᠯᠡᠭᠡ ᠶᠢᠨ ᠵᠢᠱᠢᠶ᠎ᠡ ᠦᠵᠡᠭᠦᠯᠬᠦ ᠬᠤᠲᠠ ᠪᠠ ᠵᠢᠱᠢᠶ᠎ᠡ ᠦᠵᠡᠭᠦᠯᠬᠦ ᠲᠥᠷᠥᠯ | ᠵᠦᠢᠯ ᠢ ᠪᠤᠶᠢᠵᠢᠭᠤᠯᠤᠨ᠂ 5G᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠬᠢᠭᠡᠳ ᠡᠭᠴᠡ ᠠᠵᠢᠯ | ᠲᠥᠷᠥᠯ ᠤᠨ ᠠᠭᠤᠰᠤᠯᠴᠠᠨ ᠬᠡᠷᠡᠭᠯᠡᠬᠦ ᠶᠢ ᠲᠦᠷᠭᠡᠳᠬᠡᠨ᠎ᠡ᠃ | Q8 Q᠄ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠡᠯᠡ ᠶᠢ | ᠲᠣᠭᠲᠠᠪᠤᠷᠢᠵᠢᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠤᠢ︖ | A᠄ ᠲᠠᠷᠠᠭᠠᠴᠢ ᠶᠢᠨ ᠠᠯᠬᠤᠮ ᠳᠤ ᠭᠤᠷᠪᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ | ᠄ ᠨᠢᠭᠡ ᠳᠤ᠂ ᠣᠷᠣᠨ ᠨᠤᠲᠤᠭ ᠤᠨ ᠬᠤᠳᠠᠯᠳᠤᠭᠠᠨ ᠤ ᠶᠠᠪᠤᠳᠠᠯ ᠤᠨ ᠭᠤᠣᠴᠢᠯᠠᠨ ᠬᠠᠮᠢᠶᠠᠷᠬᠤ ᠰᠠᠯᠠᠭ᠎ᠠ ᠮᠥᠴᠢᠷ ᠢ | ᠵᠢᠯᠤᠭᠤᠳᠴᠤ ᠪᠠᠶᠢᠭᠠᠳ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠴᠢᠩᠭ᠎ᠠ ᠠᠳᠬᠤᠵᠤ᠂ ᠢᠯᠠᠩᠭᠤᠶ᠎ᠠ ᠳᠤᠮᠳᠠ ᠵᠢᠵᠢᠭ ᠪᠢᠴᠢᠯ | ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠲᠡᠶᠢᠰᠢ ᠵᠣᠬᠢᠬᠤ ᠬᠡᠮᠵᠢᠶ᠎ᠡ ᠪᠠᠷ ᠬᠡᠯᠪᠠᠶᠢᠯᠭᠡᠵᠦ᠂ ᠭᠠᠳᠠᠭᠠᠳᠤ | ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ᠂ ᠢᠲᠡᠭᠡᠮᠵᠢᠲᠦ ᠵᠢᠭᠡᠯᠡᠯᠭᠡ ᠢᠲᠡᠭᠡᠮᠵᠢ ᠶᠢᠨ ᠪᠠᠲᠤᠯᠠᠭ᠎ᠠ ᠶᠢᠨ ᠲᠠᠯ᠎ᠠ ᠪᠠᠷ | ᠳᠡᠮᠵᠢᠯᠭᠡ ᠦᠵᠡᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠭᠦᠢᠴᠡᠳ ᠪᠥᠭᠡᠳ ᠰᠠᠶᠢᠲᠤᠷ ᠬᠡᠷᠡᠭᠯᠡᠵᠦ᠂ ᠠᠵᠤ | ᠠᠬᠤᠶᠢᠯᠠᠯ ᠤᠨ ᠶᠡᠷᠦᠩᠬᠡᠢ ᠥᠪᠡᠷ ᠤᠨ ᠥᠷᠲᠡᠭ ᠢ ᠪᠠᠭᠤᠷᠠᠭᠤᠯᠬᠤ ᠪᠠᠷ ᠴᠢᠷᠮᠠᠶᠢᠨ᠎ᠠ᠃ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠬᠤ ᠬᠠᠤᠯᠢ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠭᠠᠳᠤ ᠶᠢᠨ ᠪᠡᠯᠡ | ᠣᠷᠣᠭᠤᠯᠵᠤ ᠡᠵᠡᠩᠨᠡᠭᠰᠡᠨ ᠠᠵᠤ ᠠᠬᠤᠶᠢᠯᠠᠯ ᠳᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠡᠷᠬᠡ ᠲᠡᠭᠰᠢ ᠪᠠᠷ | ᠡᠳ᠋ᠯᠡᠭᠦᠯᠬᠦ ᠶᠢ ᠪᠠᠲᠤᠯᠠᠵᠤ᠂ ᠤᠯᠤᠰ ᠠᠷᠠᠳ ᠤᠨ ᠬᠠᠷᠠᠭᠠᠯᠵᠠᠯ ᠢ ᠬᠦᠷᠲᠡᠭᠡᠬᠦ ᠬᠡᠷᠡᠭᠲᠡᠢ᠃ ᠬᠤᠶᠠᠷ ᠲᠤ᠂ ᠰᠢᠨ᠎ᠡ | ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠨᠡᠶᠢᠲᠡᠯᠡᠬᠦ ᠶᠢ ᠬᠦᠴᠦᠯᠡᠨ ᠠᠬᠢᠭᠤᠯᠤᠨ᠎ᠠ᠃ ︽ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠬᠤ ᠶᠢ ᠵᠣᠷᠢᠭᠵᠢᠭᠤᠯᠬᠤ ᠠᠵᠤ ᠦᠢᠯᠡᠰ ᠤᠨ ᠭᠠᠷᠴᠠᠭ︾ ᠲᠤ ᠲᠦᠷᠭᠡᠪᠴᠢᠯᠡᠨ | ᠵᠠᠰᠠᠪᠤᠷᠢ ᠣᠷᠣᠭᠤᠯᠵᠤ᠂ ᠵᠣᠷᠢᠭᠵᠢᠭᠤᠯᠬᠤ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠎ᠡ᠃ | ᠦᠢᠯᠡᠳᠬᠡᠯ ᠤᠨ ᠦᠢᠯᠡᠰ᠂ ᠰᠤᠳᠤᠯᠤᠨ ᠨᠡᠭᠡᠭᠡᠬᠦ ᠲᠥᠪ ᠵᠡᠷᠭᠡ ᠬᠦᠷᠢᠶᠡᠨ ᠳᠠᠬᠢ ᠪᠡᠯᠡ ᠮᠥᠩᠭᠦ ᠣᠷᠣᠭᠤᠯᠵᠤ | ᠠᠪᠴᠢᠷᠠᠬᠤ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠪᠡᠯᠡ ᠮᠥᠩᠭᠦ ᠣᠷᠣᠭᠤᠯᠵᠤ | ᠠᠪᠴᠢᠷᠠᠬᠤ ᠪᠦᠲᠦᠴᠡ ᠶᠢ ᠰᠢᠯᠢᠳᠡᠭᠵᠢᠭᠦᠯᠦᠨ᠂ ᠪᠡᠯᠡ ᠮᠥᠩᠭᠦ ᠣᠷᠣᠭᠤᠯᠵᠤ ᠠᠪᠴᠢᠷᠠᠬᠤ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠡᠭᠦᠨ ᠤ ᠵᠡᠷᠭᠡ ᠳᠤ ᠰᠢᠨ᠎ᠡ ᠴᠠᠭ ᠦᠶ᠎ᠡ᠂ ᠰᠢᠨ᠎ᠡ ᠪᠠᠶᠢᠳᠠᠯ ᠢ ᠦᠨᠳᠦᠰᠦᠯᠡᠨ᠂ ᠭᠠᠳᠠᠭᠠᠳᠤ | ᠠᠷᠠᠯᠵᠢᠶ᠎ᠠ ᠶᠢ ᠲᠣᠭᠲᠠᠪᠤᠷᠢᠵᠢᠭᠤᠯᠵᠤ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ | ᠨᠥᠭᠡᠴᠡ ᠶᠢ ᠰᠠᠶᠢᠲᠤᠷ ᠬᠢᠬᠦ ᠬᠡᠷᠡᠭᠲᠡᠢ᠃ ᠭᠤᠷᠪᠠ ᠳᠤ᠂ ᠭᠠᠳᠠᠭᠠᠳᠤ ᠠᠷᠠᠯᠵᠢᠶᠠᠨ ᠤ ᠪᠠ ᠭᠠᠳᠠᠭᠠᠳᠤ ᠪᠡᠯᠡ ᠶᠢᠨ | ᠠᠵᠤ ᠠᠬᠤᠶᠢᠯᠠᠯ ᠤᠨ ᠵᠢᠱᠢᠯᠲᠡ ᠶᠢ ᠬᠦᠴᠦᠯᠡᠨ ᠲᠣᠭᠲᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ ᠢ ᠵᠢᠯᠣᠭᠤᠳᠤᠨ | ᠭᠤᠣᠯᠳᠠᠯᠭ᠎ᠠ ᠲᠠᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠳᠦᠷᠢᠮ ᠢ | ᠲᠦᠷᠭᠡᠪᠴᠢᠯᠡᠨ ᠲᠡᠭᠦᠯᠳᠡᠷᠵᠢᠭᠦᠯᠵᠦ᠂ ᠭᠠᠳᠠᠭᠠᠳᠤ ᠠᠷᠠᠯᠵᠢᠶᠠᠨ ᠤ ᠡᠳ᠋ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢ | ᠰᠠᠭᠠᠳ ᠦᠭᠡᠢ ᠨᠡᠪᠲᠡᠷᠡᠭᠦᠯᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ | RCEP ᠵᠡᠷᠭᠡ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ | ᠰᠠᠶᠢᠲᠤᠷ ᠬᠡᠷᠡᠭᠯᠡᠭᠦᠯᠦᠨ᠎ᠡ᠃ ᠭᠠᠳᠠᠭᠠᠳᠤ ᠪᠡᠯᠡ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠤᠨ ᠲᠤᠰᠬᠠᠢ | ᠠᠩᠭᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠡᠵᠡᠩᠨᠡᠨ | ᠬᠤᠳᠠᠯᠳᠤᠭᠠᠯᠠᠬᠤ ᠳᠤ ᠲᠦᠬᠦᠮ ᠦᠵᠡᠭᠦᠯᠬᠦ ᠵᠡᠷᠭᠡ ᠬᠦᠰᠡᠯ ᠱᠠᠭᠠᠷᠳᠠᠯᠭ᠎ᠠ ᠳᠤ ᠢᠳᠡᠪᠬᠢᠲᠡᠢ ᠪᠠᠷ ᠬᠠᠷᠢᠭᠤᠯᠲᠠ | ᠥᠭᠭᠦᠨ᠎ᠡ᠃ 1 ᠳ᠋ᠦᠩᠰᠢᠭᠤᠷ ᠳ᠋ᠣᠯᠯᠠᠷ ᠠᠴᠠ ᠳᠡᠭᠡᠭᠰᠢᠬᠢ ᠭᠠᠳᠠᠭᠠᠳᠤ ᠪᠡᠯᠡ ᠶᠢᠨ ᠲᠣᠮᠣ ᠲᠥᠷᠥᠯ ᠵᠦᠢᠯ ᠢ ᠤᠯᠠᠮ | ᠨᠢᠭᠡ ᠠᠯᠬᠤᠮ ᠡᠮᠬᠢᠯᠡᠨ ᠲᠢᠭᠯᠡᠵᠦ᠂ ᠬᠤᠳᠠᠯᠳᠤᠭᠠᠴᠢᠨ ᠤᠷᠢᠬᠤ ᠪᠠ ᠡᠯᠧᠮᠧᠨ᠋ᠲ ᠤᠨ ᠪᠠᠲᠤᠯᠠᠭ᠎ᠠ ᠶᠢᠨ ᠡᠷᠴᠢᠮ ᠢ | ᠴᠢᠩᠭᠠᠷᠠᠭᠤᠯᠵᠤ᠂ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ᠂ ᠡᠷᠲᠡᠬᠡᠨ ᠠᠰᠢᠭᠯᠠᠯᠲᠠ ᠳᠤ ᠣᠷᠣᠭᠤᠯᠬᠤ᠂ | ᠡᠷᠲᠡᠬᠡᠨ ᠦᠢᠯᠡᠳᠪᠦᠷᠢᠯᠡᠯ ᠳᠤ ᠣᠷᠣᠭᠤᠯᠬᠤ ᠶᠢ ᠠᠬᠢᠭᠤᠯᠤᠨ᠎ᠠ᠃ | Q9 Q᠄ ᠣᠳᠣᠬᠠᠨ ᠤ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠵᠤ | ᠦᠨ᠎ᠡ ᠶᠢ ᠲᠣᠭᠲᠠᠪᠤᠷᠢᠵᠢᠭᠤᠯᠬᠤ ᠴᠢᠳᠠᠪᠤᠷᠢ ᠬᠢᠷᠢ ᠵᠡᠷᠭᠡ ᠪᠠᠶᠢᠬᠤ ᠪᠣᠶ︖ | A᠄ ᠶᠡᠷᠦᠩᠬᠡᠢ ᠳᠤ ᠨᠢ ᠠᠪᠴᠤ ᠦᠵᠡᠪᠡᠯ᠂ ᠮᠠᠨ ᠤ ᠤᠯᠤᠰ ᠤᠨ ᠠᠷᠠᠳ ᠤᠨ ᠠᠮᠢᠳᠤᠷᠠᠯ ᠤᠨ ᠴᠢᠬᠤᠯᠠ | ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠲᠠᠯ᠎ᠠ ᠪᠠᠷ ᠪᠠᠲᠤ ᠪᠠᠬᠢ ᠪᠣᠳᠠᠰ ᠤᠨ | ᠰᠠᠭᠤᠷᠢ ᠲᠠᠢ ᠶᠤᠮ᠃ ᠮᠠᠨ ᠤ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ︽ᠤᠯᠠᠨ ᠵᠢᠯ ᠳᠠᠷᠠᠭᠠᠯᠠᠨ ᠡᠯᠪᠡᠭ | ᠬᠤᠷᠢᠶᠠᠯᠲᠠ ᠣᠯᠬᠤ︾ ᠶᠢ ᠪᠡᠶᠡᠯᠡᠭᠦᠯᠵᠦ᠂ ᠬᠥᠮᠥᠷᠭᠡ ᠶᠢᠨ ᠬᠠᠳᠠᠭᠠᠯᠠᠮᠵᠢ ᠡᠯᠪᠡᠭ ᠳᠡᠯᠪᠡᠭ ᠪᠠᠶᠢᠨ᠎ᠠ︔ ᠠᠮᠢᠳᠤ | ᠭᠠᠭ᠋ᠠᠢ ᠶᠢᠨ ᠦᠢᠯᠡᠳᠪᠦᠷᠢᠯᠡᠯ ᠤᠨ ᠴᠢᠳᠠᠪᠤᠷᠢ ᠨᠡᠯᠢᠶᠡᠳ ᠰᠠᠶᠢᠨ ᠬᠢᠷᠢ ᠲᠦᠪᠰᠢᠨ ᠳᠤ ᠣᠷᠣᠰᠢᠵᠤ᠂ ᠦᠬᠡᠷ ᠬᠤᠨᠢ | ᠵᠢᠭᠦᠷᠲᠡᠨ ᠤ ᠮᠢᠬᠠᠨ ᠤ ᠭᠠᠷᠤᠯᠲᠠ ᠲᠣᠭᠲᠠᠭᠤᠨ ᠪᠠᠶᠢᠵᠤ᠂ ᠲᠠᠷᠢᠶᠠᠨ ᠭᠠᠵᠠᠷ ᠲᠠᠬᠢ ᠢᠳᠡᠰᠢᠨ ᠨᠣᠭᠤᠭ᠎ᠠ ᠶᠢᠨ | ᠲᠠᠯᠠᠪᠠᠶ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠬᠠᠩᠭᠠᠯᠭ᠎ᠠ ᠶᠢᠨ ᠴᠢᠳᠠᠪᠤᠷᠢ ᠭᠦᠢᠴᠡᠳ ᠪᠠᠶᠢᠨ᠎ᠠ᠃ | ᠡᠭᠦᠨ ᠠᠴᠠ ᠭᠠᠳᠠᠨ᠎ᠠ᠂ ᠣᠶᠢᠷ᠎ᠠ ᠶᠢᠨ ᠬᠡᠳᠦᠨ ᠵᠢᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠦᠢᠯᠡᠳᠦᠯᠭᠡ ᠪᠠᠷ | ᠳᠡᠮᠵᠢᠨ᠂ ᠡᠯ᠎ᠡ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ | ᠲᠣᠭᠲᠠᠪᠤᠷᠢᠵᠢᠭᠤᠯᠬᠤ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠠᠵᠢᠯ ᠤᠨ ᠲᠣᠭᠲᠠᠯᠴᠠᠭ᠎ᠠ ᠨᠢ ᠲᠠᠰᠤᠷᠠᠯᠲᠠ | ᠦᠭᠡᠢ ᠲᠡᠭᠦᠯᠳᠡᠷᠵᠢᠪᠡ᠃ ᠣᠳᠣᠬᠠᠨ ᠳᠤ᠂ ᠮᠠᠨ ᠤ ᠤᠯᠤᠰ ᠤᠨ ᠪᠣᠯᠪᠠᠰᠤᠷᠠᠭᠤᠯᠤᠭᠰᠠᠨ ᠠᠮᠤ ᠲᠣᠰᠣᠨ ᠤ ᠦᠨ᠎ᠡ | ᠦᠨᠳᠦᠰᠦᠨ ᠳᠤ ᠪᠠᠨ ᠲᠣᠭᠲᠠᠭᠤᠨ ᠪᠠᠶᠢᠵᠤ᠂ ᠭᠠᠭ᠋ᠠᠢ ᠶᠢᠨ ᠮᠢᠬᠠᠨ ᠤ ᠦᠨ᠎ᠡ ᠨᠡᠯᠢᠶᠡᠳ ᠳᠣᠣᠷ᠎ᠠ ᠲᠦᠪᠰᠢᠨ ᠳᠤ | ᠣᠷᠣᠰᠢᠵᠤ᠂ ᠢᠳᠡᠰᠢᠨ ᠨᠣᠭᠤᠭ᠎ᠠ ᠶᠢᠨ ᠦᠨ᠎ᠡ ᠲᠣᠭᠲᠠᠭᠤᠨ ᠪᠠᠶᠢᠬᠤ ᠶᠢᠨ ᠵᠡᠷᠭᠡ ᠳᠤ ᠪᠠᠭᠤᠷᠠᠬᠤ ᠬᠠᠨᠳᠤᠰᠢ ᠲᠠᠢ᠃ | 2021 ᠣᠨ ᠤ 11 ᠳ᠋ᠦ᠋ᠭᠡᠷ ᠰᠠᠷ᠎ᠠ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠲᠦᠷᠦᠭᠦᠯᠡᠨ ︽ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠬᠤ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ | ᠥᠰᠦᠯᠲᠡ ᠲᠠᠢ ᠬᠤᠯᠪᠣᠯᠳᠤᠭᠤᠯᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠲᠤᠬᠠᠢ ᠮᠡᠳᠡᠭᠳᠡᠯ︾ ᠢ | ᠳᠠᠷᠤᠮᠠᠯᠯᠠᠨ ᠲᠠᠷᠬᠠᠭᠠᠵᠤ᠂ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠨ᠂ ᠡᠭᠦᠨ ᠠᠴᠠ ᠡᠮᠦᠨᠡᠬᠢ ︽ᠳᠥᠷᠪᠡᠨ | ᠲᠥᠷᠥᠯ ᠤᠨ ᠬᠥᠮᠥᠰ︾ ᠢ ︽ᠲᠤᠯᠤᠭᠠᠨ ᠲᠥᠷᠥᠯ ᠤᠨ ᠬᠥᠮᠥᠰ︾ ᠪᠣᠯᠭᠠᠨ ᠥᠷᠭᠡᠳᠬᠡᠭᠰᠡᠨ ᠤ ᠬᠠᠮᠲᠤ ᠨᠥᠬᠦᠪᠦᠷᠢ | ᠣᠯᠭᠤᠬᠤ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠣᠭᠤᠨᠢᠰᠬᠠᠪᠠ᠃ ᠡᠭᠦᠨ ᠳᠤ᠂ ᠨᠥᠬᠦᠪᠦᠷᠢ ᠥᠭᠬᠦ | ᠪᠠᠷᠢᠮᠵᠢᠶ᠎ᠠ ᠪᠣᠯ ᠲᠣᠭᠲᠠᠮᠠᠯ ᠵᠣᠭᠤᠰ ᠤᠨ ᠲᠤᠭ᠎ᠠ ᠪᠢᠰᠢ᠂ ᠬᠠᠷᠢᠨ ᠪᠠᠷᠠᠭᠠᠨ ᠤ ᠦᠨ᠎ᠡ ᠶᠢᠨ ᠥᠰᠦᠯᠲᠡ ᠶᠢᠨ | ᠬᠡᠮᠵᠢᠶ᠎ᠡ ᠲᠠᠢ ᠬᠤᠯᠪᠣᠯᠳᠤᠭᠤᠯᠵᠤ ᠪᠠᠶᠢᠳᠠᠭ᠂ ᠪᠠᠷᠠᠭᠠᠨ ᠤ ᠦᠨ᠎ᠡ ᠶᠢᠨ ᠥᠰᠦᠯᠲᠡ ᠶᠢᠨ ᠬᠡᠮᠵᠢᠶ᠎ᠡ ᠬᠡᠳᠦᠢ ᠶᠡᠭᠡ | ᠪᠣᠯᠬᠤ ᠲᠤᠲᠤᠮ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠮᠥᠩᠭᠦ ᠶᠢᠨ ᠲᠤᠭ᠎ᠠ ᠲᠡᠳᠦᠢ ᠥᠨᠳᠥᠷ | ᠪᠣᠯᠣᠨ᠎ᠠ᠃ | ᠣᠶᠢᠷ᠎ᠠ ᠶᠢᠨ ᠬᠤᠭᠤᠴᠠᠭᠠᠨ ᠳᠤ᠂ ᠬᠡᠰᠡᠭ ᠭᠠᠵᠠᠷ ᠣᠷᠣᠨ ᠤ ᠬᠢᠨ ᠨᠢᠭᠡᠨᠲᠡ ᠬᠡᠷᠡᠭᠵᠢᠭᠦᠯᠬᠦ ᠨᠥᠬᠦᠴᠡᠯ ᠳᠤ | ᠬᠦᠷᠴᠦ᠂ ᠬᠤᠯᠪᠣᠭᠳᠠᠯ ᠪᠦᠬᠦᠢ ᠲᠣᠭᠲᠠᠴᠠ ᠶᠢ ᠡᠬᠢᠯᠡᠨ ᠬᠡᠷᠡᠭᠵᠢᠭᠦᠯᠵᠦ᠂ ᠣᠲᠣ ᠶᠠᠭ ᠲᠠᠰ ᠳᠠᠷᠠᠭᠠᠯᠠᠯ ᠶᠣᠰᠣᠭᠠᠷ | ᠬᠦᠴᠢᠷᠳᠡᠯᠲᠡᠢ ᠣᠯᠠᠨ ᠲᠦᠮᠡᠨ ᠳᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠣᠯᠭᠤᠵᠤ ᠪᠤᠢ᠃ ᠡᠭᠦᠨ ᠤ | ᠬᠠᠮᠲᠤ ᠨᠥᠬᠦᠴᠡᠯ ᠲᠠᠢ ᠭᠠᠵᠠᠷ ᠣᠷᠣᠨ ᠠᠴᠠ ᠬᠦᠴᠢᠷᠳᠡᠯᠲᠡᠢ ᠣᠯᠠᠨ ᠲᠦᠮᠡᠨ ᠳᠤ ᠨᠢᠭᠡ ᠯᠡ ᠤᠳᠠᠭ᠎ᠠ ᠶᠢᠨ | ᠴᠢᠨᠠᠷᠲᠠᠢ ᠨᠥᠬᠦᠪᠦᠷᠢ ᠣᠯᠭᠤᠬᠤ ᠶᠢ ᠵᠣᠷᠢᠭᠵᠢᠭᠤᠯᠤᠨ᠎ᠠ᠃ | ᠲᠠᠷᠠᠭᠠᠴᠢ ᠶᠢᠨ ᠠᠯᠬᠤᠮ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ | ᠬᠤᠯᠪᠣᠭᠳᠠᠯ ᠪᠦᠬᠦᠢ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠡᠯ᠎ᠡ ᠭᠠᠵᠠᠷ ᠤᠨ ᠬᠢᠨ ᠢ ᠰᠢᠮᠳᠠᠭᠤᠯᠤᠨ | ᠪᠣᠳᠠᠲᠠᠢ ᠳᠤ ᠨᠠᠶᠢᠳᠠᠪᠤᠷᠢᠵᠢᠭᠤᠯᠵᠤ᠂ ᠪᠠᠷᠠᠭᠠᠨ ᠤ ᠦᠨ᠎ᠡ ᠶᠢᠨ ᠥᠰᠦᠯᠲᠡ ᠠᠴᠠ ᠪᠣᠯᠣᠭᠰᠠᠨ ᠬᠦᠴᠢᠷᠳᠡᠯᠲᠡᠢ ᠣᠯᠠᠨ | ᠲᠦᠮᠡᠨ ᠤ ᠦᠨᠳᠦᠰᠦᠨ ᠠᠮᠢᠳᠤᠷᠠᠯ ᠳᠤ ᠦᠵᠡᠭᠦᠯᠬᠦ ᠨᠥᠯᠥᠭᠡ ᠶᠢ ᠦᠨᠡᠨ ᠬᠦ ᠨᠠᠮᠳᠠᠭᠤᠯᠤᠨ᠎ᠠ᠃ | | | | | |