6 ᠰᠠᠷ᠎ᠠ ᠶᠢᠨ 21 ᠤ ᠡᠳᠦᠷ᠂ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ | ᠰᠣᠨᠢᠨ ᠮᠡᠳᠡᠭᠡᠨ ᠤ ᠠᠯᠪᠠᠨ ᠭᠡᠷ ᠠᠴᠠ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ︿ᠠᠵᠤ | ᠠᠬᠤᠢ ᠶᠢ ᠯᠠᠪᠳᠠᠭᠤᠨ ᠪᠠᠲᠤᠲᠠᠢ ᠲᠣᠭᠲᠠᠪᠤᠷᠢᠵᠢᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠬᠠᠮ | ᠲᠦᠷᠦ ᠶᠢᠨ ᠪᠣᠳᠤᠯᠭ᠎ᠠ ᠠᠷᠭ᠎ᠠ ᠬᠡᠮᠵᠢᠶ᠎ᠡ﹀ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ︾ ᠶᠢᠨ ᠲᠤᠬᠠᠢ | ᠲᠦᠷᠦ ᠶᠢᠨ ᠪᠣᠳᠤᠯᠭ᠎ᠠ ᠶᠢ ᠮᠡᠳᠡᠭᠳᠡᠬᠦ ᠬᠤᠷᠠᠯ ᠬᠢᠵᠦ᠂ ᠮᠠᠨ ᠤ ᠣᠷᠤᠨ ᠤ ᠠᠵᠤ ᠠᠬᠤᠢ ᠶᠢ ᠲᠣᠭᠲᠠᠪᠤᠷᠢᠵᠢᠭᠤᠯᠬᠤ | 40 ᠵᠣᠷᠪᠤᠰ ᠪᠤᠲᠠᠲᠠᠢ ᠠᠷᠭ᠎ᠠ ᠬᠡᠮᠵᠢᠶ᠎ᠡ ᠨᠡᠶᠢᠲᠡᠯᠡᠪᠡ᠃ | ᠮᠠᠨ ᠤ ᠣᠷᠤᠨ ᠤ ᠡᠨᠡ ᠬᠦ 40 ᠵᠣᠷᠪᠤᠰ ᠠᠷᠭ᠎ᠠ ᠬᠡᠮᠵᠢᠶ᠎ᠡ ᠪᠣᠯ ᠠᠵᠤ ᠠᠬᠤᠢ ᠶᠢ ᠲᠣᠭᠲᠠᠪᠤᠷᠢᠵᠢᠭᠤᠯᠬᠤ | ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ 33 ᠵᠣᠷᠪᠤᠰ ᠲᠦᠷᠦ ᠶᠢᠨ ᠪᠣᠳᠤᠯᠭ᠎ᠠ ᠠᠷᠭ᠎ᠠ ᠬᠡᠮᠵᠢᠶ᠎ᠡ ᠶᠢ | ᠵᠣᠷᠪᠤᠰ ᠳᠠᠷᠠᠭᠠᠯᠠᠨ ᠰᠣᠳᠤᠯᠵᠤ ᠡᠮᠬᠢᠯᠡᠨ᠂ ᠦᠪᠡᠷᠲᠡᠭᠡᠨ ᠵᠠᠰᠠᠬᠤ ᠣᠷᠤᠨ ᠤ ᠪᠤᠲᠠᠲᠤ ᠪᠠᠶᠢᠳᠠᠯ ᠲᠠᠢ ᠪᠠᠨ | ᠤᠶᠠᠯᠳᠤᠭᠤᠯᠤᠨ ᠳᠤᠷᠠᠳᠴᠤ ᠭᠠᠷᠭᠠᠭᠰᠠᠨ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠪᠠ ᠨᠡᠮᠡᠭᠳᠡᠭᠦᠯᠦᠭᠰᠡᠨ ᠠᠷᠭ᠎ᠠ | ᠬᠡᠮᠵᠢᠶ᠎ᠡ ᠨᠦᠭᠦᠳ ᠪᠣᠯᠤᠨ᠎ᠠ᠃ ᠡᠭᠦᠨ ᠳᠤ᠂ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠣᠳᠤᠯᠭ᠎ᠠ ᠶᠢᠨ ᠲᠤᠬᠠᠢ 7 | ᠵᠣᠷᠪᠤᠰ ᠠᠷᠭ᠎ᠠ ᠬᠡᠮᠵᠢᠶ᠎ᠡ᠂ ᠮᠦᠩᠭᠦᠨ ᠭᠦᠢᠯᠭᠡᠭᠡᠨ ᠤ ᠲᠦᠷᠦ ᠶᠢᠨ ᠪᠣᠳᠤᠯᠭ᠎ᠠ ᠶᠢᠨ ᠲᠤᠬᠠᠢ 5 ᠵᠣᠷᠪᠤᠰ ᠠᠷᠭ᠎ᠠ | ᠬᠡᠮᠵᠢᠶ᠎ᠡ᠂ ᠪᠡᠯᠡ ᠣᠷᠤᠭᠤᠯᠤᠯᠲᠠ ᠶᠢ ᠦᠷᠭᠡᠳᠬᠡᠨ ᠬᠡᠷᠡᠭᠯᠡᠭᠡ ᠶᠢ ᠠᠬᠢᠭᠤᠯᠬᠤ ᠲᠤᠬᠠᠢ 7 ᠵᠣᠷᠪᠤᠰ ᠠᠷᠭ᠎ᠠ ᠬᠡᠮᠵᠢᠶ᠎ᠡ᠂ | ᠠᠮᠤ ᠪᠤᠳᠠᠭ᠎ᠠ ᠪᠠ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠲᠤᠬᠠᠢ 4 ᠵᠣᠷᠪᠤᠰ ᠠᠷᠭ᠎ᠠ ᠬᠡᠮᠵᠢᠶ᠎ᠡ᠂ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶᠡᠨ ᠤ ᠲᠣᠭᠲᠠᠭᠤᠨ ᠢ ᠪᠠᠲᠤᠯᠠᠬᠤ ᠲᠤᠬᠠᠢ 5 ᠵᠣᠷᠪᠤᠰ ᠠᠷᠭ᠎ᠠ | ᠬᠡᠮᠵᠢᠶ᠎ᠡ ᠬᠢᠭᠡᠳ 4 ᠵᠣᠷᠪᠤᠰ ᠪᠤᠲᠠᠲᠠᠢ ᠨᠠᠶᠢᠳᠠᠪᠤᠷᠢᠵᠢᠭᠤᠯᠬᠤ ᠱᠠᠭᠠᠷᠳᠠᠯᠭ᠎ᠠ ᠪᠠᠭᠲᠠᠵᠤ ᠪᠤᠢ᠃ | ᠡᠳᠡᠭᠡᠷ ᠠᠷᠭ᠎ᠠ ᠬᠡᠮᠵᠢᠶ᠎ᠡ ᠨᠢ ᠲᠦᠷᠦ ᠶᠢᠨ ᠪᠣᠳᠤᠯᠭ᠎ᠠ ᠶᠢᠨ ᠴᠠᠭᠴᠢ ᠴᠢᠨᠠᠷ ᠢ ᠨᠡᠩ ᠰᠠᠶᠢᠲᠤᠷ ᠪᠠᠳᠠᠷᠠᠭᠤᠯᠤᠨ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢ ᠨᠢᠭᠡᠲᠦᠯᠲᠡᠢ | ᠲᠦᠯᠦᠪᠵᠢᠭᠦᠯᠵᠦ᠂ ᠪᠦᠬᠦ ᠬᠦᠴᠦᠨ ᠢᠶᠠᠷ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠤᠨ᠂ | ᠠᠵᠢᠯ ᠣᠯᠭᠤᠯᠲᠠ ᠶᠢ ᠪᠠᠲᠤᠯᠠᠵᠤ᠂ ᠠᠷᠠᠳ ᠤᠨ ᠠᠮᠢᠳᠤᠷᠠᠯ ᠢ ᠪᠠᠲᠤᠯᠠᠨ᠂ ᠠᠵᠤ ᠠᠬᠤᠢ ᠶᠢᠨ ᠦᠨᠳᠦᠰᠦᠨ | ᠪᠠᠶᠢᠳᠠᠯ ᠢ ᠲᠣᠭᠲᠠᠪᠤᠷᠢᠵᠢᠭᠤᠯᠵᠤ᠂ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ | ᠦᠨᠡᠨ ᠬᠦ ᠪᠡᠶᠡᠯᠡᠭᠦᠯᠬᠦ ᠪᠠᠷ ᠬᠠᠷᠠᠯᠲᠠ ᠪᠣᠯᠭᠠᠨ᠂ ᠤᠯᠤᠰ ᠤᠨ ᠲᠦᠷᠦ ᠶᠢᠨ ᠪᠣᠳᠤᠯᠭ᠎ᠠ ᠲᠠᠢ ᠨᠢᠭᠡᠲᠦᠯᠲᠡᠢ ᠪᠠᠶᠢᠵᠤ᠂ | ᠤᠯᠤᠰ ᠤᠨ ᠲᠦᠷᠦ ᠶᠢᠨ ᠪᠣᠳᠤᠯᠭ᠎ᠠ ᠶᠢ ᠲᠤᠭᠤᠰᠢᠲᠠᠢ ᠨᠠᠶᠢᠳᠠᠪᠤᠷᠢᠵᠢᠭᠤᠯᠤᠨ᠂ ᠪᠤᠲᠠᠲᠠᠢ ᠳᠤ | ᠨᠠᠶᠢᠳᠠᠪᠤᠷᠢᠵᠢᠭᠤᠯᠬᠤ ᠶᠢ ᠴᠢᠩᠭᠠᠳᠬᠠᠭᠰᠠᠨ ᠪᠠᠶᠢᠨ᠎ᠠ᠃ | |