ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠮᠲᠤᠷᠠᠨ ︽ᠦᠷ᠎ᠡ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠬᠠᠮᠲᠦ ᠪᠠᠷ ᠠᠬᠢᠭᠤᠯᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2022/6/27
     ᠶᠡᠷᠦᠩᠬᠡᠢ ᠱᠦᠵᠢ ᠰᠢ ᠶᠢᠨ ᠫᠢᠩ ᠤᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠪᠣᠯᠤᠨ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠵᠢᠭᠤᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠪᠠ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠷᠤᠨᠳᠤᠬᠢ ᠣᠶᠢᠯᠠᠭᠠᠯᠲᠠ ᠪᠠ ᠵᠣᠬᠢᠴᠠᠭᠤᠯᠭ᠎ᠠ ᠬᠠᠮᠵᠢᠯᠴᠠᠭ᠎ᠠ ᠶᠢ  ᠠᠬᠢᠭᠤᠯᠵᠦ᠂ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠤᠨ ᠡᠬᠢ ᠪᠠᠶᠠᠯᠢᠭ ᠢ ᠬᠠᠮᠠᠭᠠᠯᠠᠬᠤ ᠠᠵᠢᠯ ᠤᠨ ᠬᠠᠮᠳᠤᠷᠠᠯ ᠤᠨ ᠬᠦᠴᠦᠨ ᠢ ᠪᠣᠶ ᠪᠤᠯᠭᠠᠬᠤ ᠶᠢᠨ ᠲᠦᠯᠦᠭᠡ᠂ 2022 ᠣᠨ ᠤ 6 ᠰᠠᠷ᠎ᠠ ᠶᠢᠨ 18᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠷᠣᠨ ᠲᠣᠭᠠᠨ ᠤ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠮᠳᠤᠷᠠᠨ ᠥᠪᠡᠷᠲᠡᠭᠡᠨ ᠵᠠᠰᠠᠬᠤ ᠣᠷᠣᠨ ᠤ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠥᠬᠡᠬᠤᠲᠠ ᠶᠢᠨ ᠬᠤᠪᠢᠶᠠᠷᠢ ᠲᠣᠪᠴᠢᠶ᠎ᠠ ᠶᠢᠨ ᠸᠠᠨ ᠵᠢᠶᠠ ᠭᠸᠦ ᠬᠠᠮᠢᠶᠠᠷᠤᠯᠲᠠ ᠶᠢᠨ ᠥᠷᠲᠡᠭᠡ ᠶᠢᠨ ᠤᠯᠤᠰ ᠤᠨ ᠨᠠᠷᠠᠰᠤᠨ ᠮᠤᠳᠤᠨ ᠤ ᠰᠢᠯᠢᠳᠡᠭ ᠡᠭᠦᠯᠳᠡᠷ ᠤᠨ ᠰᠠᠭᠤᠷᠢᠨ ᠭᠠᠵᠠᠷ ᠲᠤ ︽ᠦᠷ᠎ᠡ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠬᠠᠮᠳᠤ ᠪᠠᠷ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠠᠪᠤᠭᠳᠠᠭᠤᠯᠪᠠ᠃
     ᠡᠩ ᠲᠡᠷᠢᠭᠦᠨ ᠳᠤ᠂ ᠠᠵᠢᠯᠯᠠᠭ᠎ᠠ ᠳᠤ ᠣᠷᠣᠯᠴᠠᠭᠰᠠᠨ ᠪᠥᠬᠦ ᠨᠠᠮ ᠤᠨ ᠬᠡᠰᠢᠭᠦᠳ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠮᠠ ᠴᠢᠶᠠᠩ ᠨᠥᠬᠦᠷ ᠤᠨ ᠳᠠᠭᠠᠭᠤᠯᠭ᠎ᠠ ᠳᠤᠤᠷ᠎ᠠ᠂ ᠨᠠᠷᠠᠰᠤᠨ ᠮᠤᠳᠤᠨ ᠤ ᠰᠢᠯᠢᠳᠡᠭ ᠡᠭᠦᠯᠳᠡᠷ ᠤᠨ ᠰᠠᠭᠤᠷᠢᠨ ᠭᠠᠵᠠᠷ ᠤᠨ ᠦᠷ᠎ᠡ ᠶᠢᠨ ᠡᠬᠢ ᠪᠠᠶᠠᠯᠢᠭ ᠢ ᠴᠤᠭᠯᠠᠭᠤᠯᠤᠨ ᠬᠠᠳᠠᠭᠠᠯᠠᠭᠰᠠᠨ ᠪᠠᠶᠢᠳᠠᠯ ᠢ ᠲᠣᠭᠤᠷᠢᠨ ᠦᠵᠡᠵᠦ᠂ ᠦᠷ᠎ᠡ ᠶᠢᠨ ᠡᠬᠢ ᠪᠠᠶᠠᠯᠢᠭ ᠢ ᠴᠤᠭᠯᠠᠭᠤᠯᠤᠨ ᠬᠠᠳᠠᠭᠠᠯᠠᠬᠤ ᠪᠣᠳᠠᠲᠠᠶ ᠠᠷᠭ᠎ᠠ ᠬᠡᠮᠵᠢᠶ᠎ᠡ ᠶᠢ ᠣᠶᠢᠯᠠᠭᠠᠪᠠ᠃ ᠳᠠᠷᠠᠭ᠎ᠠ ᠨᠢ᠂ ᠪᠥᠬᠦ ᠨᠠᠮ ᠤᠨ ᠬᠡᠰᠢᠭᠦᠳ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠳᠡᠳ᠋ ᠫᠷᠤᠹᠧᠰᠰᠤᠷ ᠵᠣᠣ ᠱᠤ᠋ ᠸᠧᠨ ᠤ ᠳᠠᠭᠠᠭᠤᠯᠭ᠎ᠠ ᠳᠤᠤᠷ᠎ᠠ᠂ ᠦᠷ᠎ᠡ ᠶᠢᠨ ᠡᠬᠢ ᠪᠠᠶᠠᠯᠢᠭ ᠢ ᠴᠤᠭᠯᠠᠭᠤᠯᠬᠤ᠂ ᠲᠥᠷᠥᠯ ᠬᠤᠪᠢᠶᠠᠬᠤ᠂ ᠬᠢᠨᠠᠨ ᠲᠣᠭᠲᠠᠭᠠᠬᠤ ᠪᠠ ᠥᠯᠢᠭᠡᠷ ᠬᠡᠪ ᠪᠤᠢ ᠪᠤᠯᠭᠠᠬᠤ ᠵᠡᠷᠭᠡ ᠠᠵᠢᠯᠯᠠᠭ᠎ᠠ ᠶᠠᠪᠤᠭᠳᠠᠭᠤᠯᠪᠠ᠃ ᠡᠴᠦᠰ ᠲᠤ᠂ ᠪᠦᠬᠦ ᠨᠠᠮ ᠤᠨ ᠬᠡᠰᠢᠭᠦᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ ᠯᠢ ᠭᠠᠩ ᠨᠥᠬᠦᠷ ᠤᠨ ᠲᠠᠭᠠᠭᠤᠯᠭ᠎ᠠ ᠳᠣᠣᠷ᠎ᠠ᠂ ᠨᠠᠮ ᠤᠨ ᠲᠤᠭ ᠤᠨ ᠡᠮᠦᠨ᠎ᠡ ᠨᠠᠮ ᠳᠤ ᠣᠷᠣᠬᠤ ᠲᠠᠩᠭᠠᠷᠢᠭ ᠢᠶᠠᠨ ᠳᠠᠬᠢᠨᠲᠠ ᠡᠷᠭᠦᠪᠡ᠃
      ᠡᠨᠡ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ᠂ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠢᠷᠠᠭᠤ ᠠᠯᠳᠠᠷᠲᠤ ᠰᠡᠳᠬᠢᠯᠭᠡ᠂  ᠡᠭᠦᠷᠭᠡ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠵᠦ᠂ ᠪᠠᠶᠢᠭᠤᠯᠭ᠎ᠠ ᠶᠢᠨ ᠬᠤᠭᠤᠷᠣᠨᠳᠣᠬᠢ ᠨᠠᠮ ᠤᠨ ᠵᠣᠬᠢᠶᠠᠨ ᠪᠠᠶᠢᠭᠤᠯᠤᠯᠲᠠ ᠶᠢᠨ ᠭᠦᠨᠵᠡᠭᠡᠢ ᠣᠶᠢᠯᠠᠭᠠᠯᠲᠠ ᠪᠠ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠨᠡᠮᠡᠭᠳᠡᠭᠦᠯᠦᠭᠰᠡᠨ ᠪᠠᠶᠢᠨ᠎ᠠ᠃ ᠠᠵᠢᠯᠯᠠᠭ᠎ᠠ ᠳᠤ ᠣᠷᠣᠯᠴᠠᠭᠰᠠᠨ ᠨᠠᠮ ᠤᠨ ᠭᠡᠰᠢᠭᠦᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠯᠠᠭ᠎ᠠ ᠦᠨᠳᠦᠰᠦᠨ ᠱᠠᠲᠤᠨ ᠳᠤ ᠭᠦᠨᠵᠡᠭᠡᠶᠢᠷᠡᠨ᠂ ᠡᠬᠡ ᠪᠠᠶᠢᠭᠠᠯᠢ ᠲᠠᠢ ᠤᠶᠢᠷᠠᠳᠦᠵᠤ᠂ ᠡᠮᠦᠨ᠎ᠡ ᠹᠷᠣᠨᠲ ᠤᠨ ᠬᠢᠨ ᠤ ᠰᠢᠷᠭᠠᠭᠤ ᠬᠥᠳᠡᠯᠮᠦᠷᠢ ᠪᠠ ᠮᠡᠷᠭᠡᠵᠢᠯ ᠤᠨ ᠦᠷ᠎ᠡ ᠪᠦᠲᠦᠭᠡᠯ ᠢ ᠤᠶᠢᠯᠠᠭᠠᠭᠰᠠᠨ ᠢᠶᠠᠷ ᠪᠠᠷᠠᠬᠤ ᠥᠬᠡᠶ᠂ ᠪᠠᠰᠠ ᠦᠷ᠎ᠡ  ᠶᠢᠨ ᠡᠬᠢ ᠪᠠᠶᠠᠯᠢᠭ ᠢ ᠬᠠᠮᠠᠭᠠᠯᠠᠬᠤ ᠴᠢᠬᠤᠯᠠ ᠴᠢᠨᠠᠷ ᠪᠠ ᠬᠤᠷᠢᠶᠠᠨ ᠴᠤᠭᠯᠠᠭᠤᠯᠵᠤ ᠬᠠᠮᠠᠭᠠᠯᠠᠬᠤ ᠠᠵᠢᠯ ᠳᠤ ᠨᠠᠩ ᠨᠠᠷᠢᠨ ᠪᠣᠳᠠᠲᠠᠶ ᠣᠶᠢᠯᠠᠭᠠᠯᠲᠠ ᠲᠠᠢ ᠪᠣᠯᠵᠣ᠂ ᠠᠵᠢᠯᠯᠠᠭ᠎ᠠ ᠶᠢᠨ ᠬᠡᠯᠪᠡᠷᠢ ᠨᠢ ᠰᠢᠨ᠎ᠡ ᠰᠡᠪᠡᠭᠦᠨ᠂ ᠠᠭᠤᠯᠭ᠎ᠠ ᠨᠢ ᠪᠠᠶᠠᠯᠢᠭ ᠪᠣᠯᠵᠣ᠂ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠤᠭᠲᠤᠵᠤ᠂ ᠨᠤᠭᠤᠭᠠᠨᠯᠢᠭ ᠬᠥᠭᠵᠢᠯᠲᠡ ᠶᠢ ᠠᠬᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠡᠶ᠃    
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号