ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ 6 | ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠤᠭᠤᠯᠵᠤ᠂ ᠣᠶᠤᠲᠠᠳ ᠤᠨ ᠠᠵᠢᠯ ᠣᠯᠬᠤ ᠪᠠ ᠨᠤᠲᠤᠭ ᠲᠤ ᠪᠠᠨ ᠪᠤᠴᠠᠬᠤ ᠠᠵᠢᠯ ᠤᠨ ᠬᠤᠯᠪᠣᠭᠳᠠᠯ | ᠪᠦᠬᠦᠢ ᠪᠠᠶᠢᠳᠠᠯ ᠢ ᠲᠠᠨᠢᠯᠴᠠᠭᠤᠯᠪᠠ᠃ ᠬᠠᠮᠲᠤ ᠪᠠᠷ ᠣᠶᠢᠯᠠᠭᠠᠶ᠎ᠠ︕ | ᠣᠳᠣᠬᠠᠨ ᠳᠤ᠂ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠪᠠᠶᠢᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠷᠤᠯᠲᠠ ᠦᠷᠭᠦᠯᠵᠢᠯᠡᠨ ᠣᠷᠣᠰᠢᠵᠤ ᠪᠠᠶᠢᠨ᠎ᠠ | ᠣᠳᠣᠬᠠᠨ ᠳᠤ᠂ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠪᠠᠶᠢᠨ᠎ᠠ᠃ | ᠣᠶᠢᠷ᠎ᠠ ᠶᠢᠨ ᠬᠤᠶᠠᠷ ᠡᠳᠦᠷ ᠲᠤ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠰᠠᠳ ᠨᠢᠭᠡᠨᠲᠡ 100 ᠠᠴᠠ ᠳᠣᠷᠣᠭᠰᠢ | ᠪᠣᠯᠤᠭᠰᠠᠨ ᠪᠣᠯᠪᠠᠴᠤ ᠬᠡᠰᠡᠭ ᠭᠠᠵᠠᠷ ᠣᠷᠣᠨ ᠤ ᠬᠢᠵᠢᠭ ᠤᠨ ᠪᠠᠶᠢᠳᠠᠯ ᠮᠥᠨ ᠬᠦ ᠬᠡᠯᠪᠡᠯᠵᠡᠯ ᠲᠠᠢ ᠪᠠᠶᠢᠨ᠎ᠠ᠃ | ᠪᠡᠭᠡᠵᠢᠩ ᠳᠤ ᠣᠶᠢᠷ᠎ᠠ ᠶᠢᠨ ᠨᠢᠭᠡ ᠭᠠᠷᠠᠭ ᠲᠤ ᠬᠠᠯᠳᠠᠪᠤᠷᠢᠯᠠᠭᠰᠠᠳ ᠢ ᠦᠷᠭᠦᠯᠵᠢᠯᠡᠨ ᠢᠯᠡᠷᠡᠭᠦᠯᠵᠦ᠂ | ᠠᠷᠢᠬᠢᠨ ᠪᠠᠭᠠᠷ ᠲᠤ ᠬᠤᠷᠠᠨ ᠴᠤᠭᠯᠠᠷᠠᠭᠰᠠᠨ ᠲᠠᠢ ᠬᠤᠯᠪᠣᠭ᠎ᠠ ᠲᠠᠢ ᠪᠠᠶᠢᠵᠤ᠂ ᠪᠡᠭᠡᠵᠢᠩ ᠬᠤᠲᠠ ᠶᠢᠨ ᠣᠯᠠᠨ | ᠲᠣᠭᠤᠷᠢᠭ ᠢ ᠨᠥᠯᠥᠭᠡᠯᠡᠭᠰᠡᠨ ᠪᠠᠶᠢᠨ᠎ᠠ᠃ ᠭᠡᠪᠡᠴᠦ᠂ ᠪᠡᠭᠡᠵᠢᠩ ᠤᠨ ᠣᠶᠢᠷ᠎ᠠ ᠶᠢᠨ ᠬᠤᠶᠠᠷ ᠡᠳᠦᠷ ᠤᠨ | ᠬᠠᠯᠳᠠᠪᠤᠷᠢᠯᠠᠭᠰᠠᠳ ᠪᠣᠯ ᠴᠥᠮ ᠲᠤᠰᠠᠭᠠᠷᠯᠠᠨ ᠠᠵᠢᠭᠯᠠᠭᠰᠠᠳ ᠠᠴᠠ ᠲᠣᠳᠣᠯᠠᠭᠰᠠᠨ ᠶᠤᠮ᠂ ᠡᠶᠢᠮᠦ ᠠᠴᠠ | ᠲᠠᠷᠬᠠᠭᠠᠬᠤ ᠲᠦᠭᠰᠢᠭᠦᠷᠢ ᠡᠳᠦᠢ ᠲᠡᠳᠦᠢ ᠳᠣᠷᠣᠭᠰᠢᠯᠠᠪᠠ᠃ ᠭᠡᠪᠡᠴᠦ ᠡᠪᠡᠳᠴᠢᠨ ᠤ ᠲᠠᠷᠬᠠᠯᠲᠠ ᠶᠢᠨ ᠴᠢᠩᠭ᠎ᠠ | ᠨᠢᠮᠪᠠᠢ ᠪᠠᠶᠢᠴᠠᠭᠠᠯᠲᠠ ᠪᠠ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠠᠵᠢᠯ ᠲᠥᠷᠥᠯ ᠤᠨ ᠪᠥᠭᠡᠮ | ᠬᠦᠴᠢᠯ ᠤᠨ ᠰᠢᠭᠰᠢᠨ ᠪᠠᠶᠢᠴᠠᠭᠠᠯᠲᠠ ᠪᠠᠷ ᠳᠠᠮᠵᠢᠭᠤᠯᠤᠨ ᠠᠶᠤᠯ ᠲᠦᠭᠰᠢᠭᠦᠷᠢ ᠶᠢ ᠪᠠᠶᠢᠴᠠᠭᠠᠵᠤ᠂ ᠰᠡᠷᠭᠡᠶᠢᠯᠡᠨ | ᠡᠵᠡᠮᠳᠡᠬᠦ ᠠᠵᠢᠯ ᠢ ᠰᠤᠯᠠᠷᠠᠭᠤᠯᠵᠤ ᠪᠣᠯᠬᠤ ᠦᠭᠡᠢ᠃ | ᠱᠠᠩᠬᠠᠢ ᠳᠤ ᠣᠶᠢᠷ᠎ᠠ ᠶᠢᠨ ᠬᠤᠭᠤᠴᠠᠭᠠᠨ ᠤ ᠬᠠᠮᠢᠶᠠᠷᠤᠨ ᠡᠵᠡᠮᠳᠡᠬᠦ ᠪᠤᠰᠤ ᠬᠥᠮᠥᠰ ᠤᠨ ᠬᠠᠯᠳᠠᠪᠤᠷᠢᠯᠠᠯ ᠤᠨ | ᠲᠤᠬᠠᠢ ᠬᠡᠰᠡᠭ ᠪᠤᠰᠠᠭ ᠢᠶᠠᠷ ᠮᠡᠳᠡᠭᠦᠯᠵᠦ᠂ ᠣᠨᠴᠠ ᠵᠠᠷᠢᠮ ᠣᠷᠣᠨ ᠪᠦᠰᠡ ᠳᠤ ᠪᠠᠰᠠ ᠨᠡᠶᠢᠭᠡᠮ ᠲᠣᠭᠤᠷᠢᠭ ᠤᠨ | ᠲᠠᠷᠬᠠᠯᠲᠠ ᠶᠢᠨ ᠲᠦᠭᠰᠢᠭᠦᠷᠢ ᠨᠢᠭᠤᠭᠳᠠᠵᠤ ᠪᠠᠶᠢᠨ᠎ᠠ᠃ | ᠥᠪᠥᠷ ᠮᠣᠩᠭᠤᠯ ᠤᠨ ᠡᠷᠢᠶᠡᠨ ᠬᠤᠲᠠ᠂ ᠤᠯᠠᠭᠠᠨᠬᠠᠳᠠ ᠶᠢᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ | ᠪᠠᠭᠤᠷᠠᠬᠤ ᠬᠠᠨᠳᠤᠰᠢ ᠲᠠᠢ ᠪᠣᠯᠪᠠᠴᠤ ᠭᠤᠣᠯᠳᠠᠯᠭ᠎ᠠ ᠲᠠᠢ ᠬᠥᠮᠥᠰ ᠪᠠ ᠢᠷᠡᠯᠲᠡ ᠨᠢ ᠲᠣᠳᠣᠷᠬᠠᠢ ᠦᠭᠡᠢ | ᠬᠠᠯᠳᠠᠪᠤᠷᠢᠯᠠᠭᠰᠠᠳ ᠮᠥᠨ ᠬᠦ ᠣᠷᠣᠰᠢᠵᠤ᠂ ᠬᠡᠰᠡᠭ ᠭᠠᠵᠠᠷ ᠣᠷᠣᠨ ᠳᠤ ᠨᠡᠶᠢᠭᠡᠮ ᠲᠣᠭᠤᠷᠢᠭ ᠤᠨ ᠬᠠᠯᠳᠠᠪᠤᠷᠢᠯᠠᠨ | ᠲᠠᠷᠬᠠᠬᠤ ᠲᠦᠭᠰᠢᠭᠦᠷᠢ ᠣᠷᠣᠰᠢᠵᠤ ᠪᠠᠶᠢᠨ᠎ᠠ᠃ | ᠭᠢᠷᠢᠨ ᠤ ᠲᠦᠩᠬᠤᠸᠠ᠂ ᠪᠠᠶᠢᠱᠠᠨ ᠬᠤᠲᠠ ᠳᠤ ᠢᠷᠡᠯᠲᠡ ᠨᠢ ᠲᠣᠳᠣᠷᠬᠠᠢ ᠦᠭᠡᠢ ᠨᠡᠶᠢᠭᠡᠮ ᠤᠨ ᠲᠠᠯ᠎ᠠ ᠶᠢᠨ | ᠬᠠᠯᠳᠠᠪᠤᠷᠢᠯᠠᠭᠰᠠᠳ ᠢᠯᠡᠷᠡᠪᠡ᠂ ᠡᠨᠡ ᠨᠢ ᠮᠥᠨ ᠬᠦ ᠨᠡᠶᠢᠭᠡᠮ ᠲᠣᠭᠤᠷᠢᠭ ᠤᠨ ᠬᠠᠯᠳᠠᠪᠤᠷᠢᠯᠠᠨ ᠲᠠᠷᠬᠠᠬᠤ | ᠲᠦᠭᠰᠢᠭᠦᠷᠢ ᠵᠣᠬᠢᠬᠤ ᠬᠡᠮᠵᠢᠶ᠎ᠡ ᠪᠠᠷ ᠣᠷᠣᠰᠢᠵᠤ ᠪᠠᠶᠢᠬᠤ ᠶᠢ ᠬᠠᠷᠠᠭᠤᠯᠵᠤ ᠪᠠᠶᠢᠨ᠎ᠠ᠃ ᠪᠥᠬᠦ ᠤᠯᠤᠰ ᠤᠨ | ᠲᠠᠯ᠎ᠠ ᠠᠴᠠ ᠠᠪᠴᠤ ᠬᠡᠯᠡᠪᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠷᠤᠯᠲᠠ ᠦᠷᠭᠦᠯᠵᠢᠯᠡᠨ | ᠣᠷᠣᠰᠢᠵᠤ ᠪᠠᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ᠠᠴᠠ ᠡᠯ᠎ᠡ ᠭᠠᠵᠠᠷ ᠤᠨ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠨᠠᠷᠢᠯᠢᠭ ᠣᠨᠣᠴᠠᠲᠠᠢ ᠪᠠᠷ | ᠠᠷᠭ᠎ᠠ ᠪᠣᠳᠣᠯᠭ᠎ᠠ ᠬᠡᠷᠡᠭᠵᠢᠭᠦᠯᠬᠦ᠂ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢ ᠴᠢᠩᠭᠠᠳᠬᠠᠬᠤ ᠲᠤᠬᠠᠢ | ᠢᠳᠡᠪᠬᠢᠲᠡᠢ ᠵᠢᠯᠤᠭᠤᠳᠴᠤ᠂ ᠭᠤᠣᠯᠳᠠᠯᠭ᠎ᠠ ᠲᠠᠢ ᠭᠤᠭᠴᠤᠭ᠎ᠠ ᠪᠠ ᠭᠤᠣᠯᠳᠠᠯᠭ᠎ᠠ ᠲᠠᠢ ᠲᠠᠯᠠᠪᠤᠷ ᠭᠠᠵᠠᠷ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠳᠣᠪᠤᠶᠢᠯᠭᠠᠵᠤ᠂ ᠨᠠᠩ ᠬᠠᠨᠳᠤᠯᠭᠠᠲᠤ ᠴᠢᠨᠠᠷᠲᠠᠢ ᠠᠷᠭ᠎ᠠ | ᠬᠡᠮᠵᠢᠶ᠎ᠡ ᠪᠠᠷ ᠬᠡᠰᠡᠭ ᠭᠠᠵᠠᠷ ᠤᠨ ᠲᠥᠪᠯᠡᠷᠡᠭᠰᠡᠨ ᠴᠢᠨᠠᠷᠲᠠᠢ ᠬᠢᠵᠢᠭ ᠤᠨ ᠪᠠᠶᠢᠳᠠᠯ ᠢ ᠠᠯᠢ ᠲᠦᠷᠭᠡᠨ ᠢᠶᠠᠷ ᠡᠵᠡᠮᠳᠡᠵᠦ | ᠪᠠᠶᠢᠨ᠎ᠠ᠃ | ᠶᠡ᠊ᠭᠡ ᠳᠡᠭᠡᠳᠦ ᠰᠤᠷᠭᠠᠭᠤᠯᠢ ᠶᠢᠨ ᠤᠶᠤᠲᠠᠳ ᠤᠨ ᠨᠤᠲᠤᠭ ᠲᠤ ᠪᠠᠨ ᠪᠤᠴᠠᠬᠤ ᠲᠤᠬᠠᠢ | ᠵᠤᠨ ᠤ ᠠᠮᠠᠷᠠᠯᠲᠠ ᠪᠣᠯᠬᠤ ᠳᠤ ᠶᠡᠭᠡ ᠳᠡᠭᠡᠳᠦ ᠰᠤᠷᠭᠠᠭᠤᠯᠢ ᠶᠢᠨ ᠤᠶᠤᠲᠠᠳ ᠤᠨ ᠨᠤᠲᠤᠭ ᠲᠤ ᠪᠠᠨ | ᠪᠤᠴᠠᠬᠤ ᠶᠢ ᠬᠡᠷᠬᠢᠨ ᠪᠠᠲᠤᠯᠠᠬᠤ ᠪᠤᠶ︖ | ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠶᠢ ᠬᠡᠷᠬᠢᠨ ᠬᠤᠷᠢᠭᠯᠠᠬᠤ ᠪᠣᠶ︖ | ᠰᠤᠷᠤᠭᠴᠢᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠳᠤ ︽ᠬᠤᠶᠠᠷ ᠢ | ᠬᠡᠯᠲᠦᠷᠢᠭᠦᠯᠬᠦ︾ ᠲᠥᠷᠥ ᠶᠢᠨ ᠪᠣᠳᠣᠯᠭ᠎ᠠ ᠶᠢ ᠪᠤᠳᠠᠲᠠᠶᠢᠵᠢᠭᠤᠯᠤᠨ᠎ᠠ᠃ ᠬᠢᠵᠢᠭ ᠢᠯᠡᠷᠡᠭᠰᠡᠨ ᠭᠠᠵᠠᠷ ᠣᠷᠣᠨ ᠳᠤ᠂ | ᠶᠡᠭᠡ ᠳᠡᠭᠡᠳᠦ ᠰᠤᠷᠭᠠᠭᠤᠯᠢ ᠳᠤ ᠬᠢᠵᠢᠭ ᠤᠨ ᠪᠠᠶᠢᠳᠠᠯ ᠦᠭᠡᠢ ᠪᠣᠯ᠂ 7 ᠡᠳᠦᠷ ᠠᠴᠠ ᠳᠡᠭᠡᠭᠰᠢ ᠪᠢᠲᠡᠭᠦᠮᠵᠢᠯᠡᠭᠰᠡᠨ | ᠬᠠᠮᠢᠶᠠᠷᠤᠯᠲᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠰᠣᠷᠣᠭᠴᠢ 48 ᠴᠠᠭ ᠤᠨ ᠳᠣᠲᠣᠷᠠᠬᠢ ᠪᠥᠭᠡᠮ ᠬᠦᠴᠢᠯ ᠤᠨ | ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠣᠯᠣᠨ ᠰᠤᠷᠭᠠᠭᠤᠯᠢ ᠠᠴᠠ ᠭᠠᠷᠭᠠᠭᠰᠠᠨ ᠬᠤᠯᠪᠣᠭᠳᠠᠯ ᠪᠦᠬᠦᠢ | ᠭᠡᠷᠡᠴᠢ ᠪᠠᠨ ᠠᠪᠴᠤ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠵᠤ᠂ ᠰᠤᠷᠭᠠᠭᠤᠯᠢ ᠠᠴᠠ ᠵᠣᠷᠢᠭᠰᠠᠨ | ᠭᠠᠵᠠᠷ ᠬᠦᠷᠲᠡᠯ᠎ᠡ ︽ᠴᠡᠭ ᠠᠴᠠ ᠴᠡᠭ ᠲᠤ ᠬᠦᠷᠬᠦ︾ ᠪᠢᠲᠡᠭᠦᠮᠵᠢᠲᠦ ᠴᠠᠭᠠᠷᠢᠭ ᠤᠨ ᠠᠷᠭ᠎ᠠ ᠮᠠᠶ᠋ᠢᠭ ᠢᠶᠠᠷ | ᠨᠤᠲᠤᠭ ᠲᠤ ᠪᠠᠨ ᠪᠤᠴᠠᠵᠤ ᠪᠣᠯᠣᠨ᠎ᠠ᠃ ᠳᠡᠭᠡᠷᠡᠬᠢ ᠨᠥᠬᠦᠴᠡᠯ ᠢ ᠬᠠᠩᠭᠠᠭᠰᠠᠨ ᠶᠡᠭᠡ ᠳᠡᠭᠡᠳᠦ ᠰᠤᠷᠭᠠᠭᠤᠯᠢ ᠶᠢᠨ | ᠰᠤᠷᠤᠭᠴᠢᠳ ᠢ ᠳᠠᠭᠢᠵᠤ ᠲᠥᠪᠯᠡᠷᠡᠭᠦᠯᠦᠨ ᠲᠤᠰᠠᠭᠠᠷᠯᠠᠬᠤ ᠦᠭᠡᠢ᠂ ᠭᠡᠷ ᠲᠤ ᠪᠠᠨ ᠬᠦᠷᠦᠭᠰᠡᠨ ᠤ ᠳᠠᠷᠠᠭ᠎ᠠ 7 | ᠡᠳᠦᠷ ᠤᠨ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠶᠢ ᠬᠡᠷᠡᠭᠵᠢᠭᠦᠯᠵᠦ᠂ ᠬᠡᠷᠪᠡ ᠬᠡᠪ ᠤᠨ ᠪᠤᠰᠤ ᠪᠠᠶᠢᠳᠠᠯ ᠲᠠᠢ | ᠪᠣᠯ ᠲᠤᠬᠠᠢ ᠶᠢᠨ ᠭᠠᠵᠠᠷ ᠤᠨ ᠨᠡᠶᠢᠭᠡᠮ ᠲᠣᠭᠤᠷᠢᠭ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠯᠠᠭ᠎ᠠ | ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ ᠡᠭᠦᠨ ᠤ ᠬᠠᠮᠲᠤ᠂ ᠲᠥᠷᠥ ᠶᠢᠨ ᠪᠣᠳᠣᠯᠭ᠎ᠠ ᠳᠤ | ᠲᠣᠳᠣᠷᠬᠠᠢ ᠲᠣᠭᠲᠠᠭᠠᠭᠰᠠᠨ ᠨᠢ᠂ ᠨᠤᠲᠤᠭ ᠲᠤ ᠪᠠᠨ ᠪᠤᠴᠠᠭᠰᠠᠨ ᠰᠣᠷᠣᠭᠴᠢ ᠶᠢ ᠦᠨᠡᠨ ᠬᠦ ᠲᠤᠰᠠᠭᠠᠷᠯᠠᠬᠤ | ᠴᠢᠬᠤᠯᠠᠲᠠᠢ ᠪᠠᠶᠢᠪᠠᠯ᠂ ᠡᠯ᠎ᠡ ᠭᠠᠵᠠᠷ ᠤᠨ ᠬᠢᠨ ᠲᠥᠪᠯᠡᠷᠡᠭᠦᠯᠦᠨ ᠲᠤᠰᠠᠭᠠᠷᠯᠠᠬᠤ ᠵᠠᠷᠤᠳᠠᠯ ᠢ ᠬᠡᠯᠲᠦᠷᠢᠭᠦᠯᠬᠦ ᠬᠡᠷᠡᠭᠲᠡᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠠᠴᠠ | ᠪᠠᠰᠠ ᠡᠯ᠎ᠡ ᠭᠠᠵᠠᠷ ᠤᠨ ᠬᠢᠨ ᠰᠤᠷᠤᠭᠴᠢᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ | ᠲᠥᠷᠥ ᠶᠢᠨ ᠪᠣᠳᠣᠯᠭ᠎ᠠ ᠶᠢ ᠱᠠᠲᠤ ᠱᠠᠲᠤ ᠪᠠᠷ ᠤᠯᠠᠮᠵᠢᠯᠠᠨ ᠨᠠᠶᠢᠳᠠᠪᠤᠷᠢᠵᠢᠭᠤᠯᠬᠤ ᠬᠡᠷᠡᠭᠲᠡᠢ᠂ ᠱᠠᠲᠤ ᠱᠠᠲᠤ ᠪᠠᠷ | ᠱᠠᠭᠠᠷᠳᠠᠯᠭ᠎ᠠ ᠨᠡᠮᠡᠵᠦ ᠪᠣᠯᠬᠤ ᠦᠭᠡᠢ ᠭᠡᠵᠡᠢ᠃ | ᠲᠤᠬᠠᠢ ᠶᠢᠨ ᠭᠠᠵᠠᠷ ᠤᠨ ᠬᠢᠨ ᠰᠤᠷᠤᠭᠴᠢᠳ ᠤᠨ ᠲᠤᠰᠠᠭᠠᠷᠯᠠᠬᠤ ᠬᠤᠭᠤᠴᠠᠭᠠᠨ ᠳᠠᠬᠢ ᠢᠳᠡᠵᠦ ᠬᠤᠨᠣᠬᠤ | ᠨᠥᠬᠦᠴᠡᠯ ᠢ ᠪᠠᠲᠤᠯᠠᠵᠤ᠂ ᠲᠡᠳᠡᠨ ᠤ ᠠᠮᠢᠳᠤᠷᠠᠯ᠂ ᠡᠪᠡᠳᠴᠢᠨ ᠦᠵᠡᠭᠦᠯᠬᠦ ᠵᠡᠷᠭᠡ ᠴᠢᠬᠤᠯᠠ ᠪᠦᠬᠦᠢ ᠬᠡᠷᠡᠭᠴᠡᠭᠡ ᠶᠢ | ᠬᠠᠩᠭᠠᠬᠤ ᠬᠡᠷᠡᠭᠲᠡᠢ | ᠰᠤᠷᠤᠭᠴᠢᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠠᠵᠢᠯ ᠤᠨ ᠤᠷᠤᠭᠰᠢᠲᠠᠢ | ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ | ᠵᠢᠴᠢ ᠶᠡᠭᠡ ᠳᠡᠭᠡᠳᠦ ᠰᠤᠷᠭᠠᠭᠤᠯᠢ ᠳᠤ ᠬᠤᠶᠠᠷ ᠲᠣᠭᠲᠠᠴᠠ ᠶᠢ ᠪᠠᠶᠢᠭᠤᠯᠵᠠᠢ᠄ | ᠨᠢᠭᠡ ᠳᠤ᠂ ᠮᠣᠷᠳᠠᠭᠰᠠᠨ ᠭᠠᠵᠠᠷ ᠪᠠ ᠬᠦᠷᠬᠦ ᠭᠠᠵᠠᠷ ᠤᠨ ︽ᠮᠤᠵᠢ ᠠᠴᠠ ᠮᠤᠵᠢ ᠳᠤ ᠬᠦᠷᠬᠦ︾ | ᠵᠣᠯᠭᠠᠭᠤᠯᠬᠤ ᠲᠣᠭᠲᠠᠴᠠ᠃ ᠬᠤᠶᠠᠷ ᠭᠠᠵᠠᠷ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ᠶᠢ ᠬᠤᠭᠤᠷᠣᠨᠳᠤ ᠨᠢ ᠨᠢᠭᠡᠳ ᠨᠢᠭᠡ ᠪᠠᠷ ᠵᠣᠯᠭᠠᠭᠤᠯᠵᠤ᠂ ᠰᠤᠷᠭᠠᠭᠤᠯᠢ ᠠᠴᠠ ᠪᠠᠨ ᠰᠠᠯᠵᠤ | ᠨᠤᠲᠤᠭ ᠲᠤ ᠪᠠᠨ ᠪᠤᠴᠠᠭᠰᠠᠨ ᠰᠤᠷᠤᠭᠴᠢᠳ ᠤᠨ ᠮᠡᠳᠡᠭᠡ ᠵᠠᠩᠭᠢ ᠶᠢ ᠤᠷᠢᠳᠴᠢᠯᠠᠨ ᠪᠦᠷᠢᠳᠬᠡᠬᠦ ᠪᠠ ᠴᠠᠭ | ᠲᠤᠬᠠᠢ ᠳᠤ ᠨᠢ ᠬᠦᠷᠭᠡᠵᠦ᠂ ᠢᠯᠠᠩᠭᠤᠶ᠎ᠠ ᠰᠤᠷᠤᠭᠴᠢᠳ ᠤᠨ ᠪᠤᠴᠠᠭᠰᠠᠨ ᠲᠤᠬᠠᠢ ᠶᠢᠨ ᠭᠠᠵᠠᠷ ᠤᠨ ᠬᠢᠨ | ᠰᠤᠷᠤᠭᠴᠢᠳ ᠤᠨ ᠲᠤᠰᠠᠭᠠᠷᠯᠠᠬᠤ ᠬᠤᠭᠤᠴᠠᠭᠠᠨ ᠳᠠᠬᠢ ᠢᠳᠡᠵᠦ ᠤᠤᠭᠤᠬᠤ ᠬᠤᠨᠣᠬᠤ ᠨᠥᠬᠦᠴᠡᠯ ᠢ ᠪᠠᠲᠤᠯᠠᠵᠤ᠂ | ᠰᠤᠷᠤᠭᠴᠢᠳ ᠤᠨ ᠠᠮᠢᠳᠤᠷᠠᠯ᠂ ᠡᠪᠡᠳᠴᠢᠨ ᠦᠵᠡᠭᠦᠯᠬᠦ ᠵᠡᠷᠭᠡ ᠴᠢᠬᠤᠯᠠ ᠪᠦᠬᠦᠢ ᠬᠡᠷᠡᠭᠴᠡᠭᠡ ᠶᠢ ᠬᠠᠩᠭᠠᠬᠤ | ᠬᠡᠷᠡᠭᠲᠡᠢ ᠭᠡᠵᠦ ᠱᠠᠭᠠᠷᠳᠠᠪᠠ᠃ | ᠬᠤᠶᠠᠷ ᠲᠤ᠂ ᠰᠤᠷᠭᠠᠭᠤᠯᠢ ᠶᠢᠨ ᠡᠭᠦᠳᠡᠨ ᠠᠴᠠ ᠭᠡᠷ ᠤᠨ ᠡᠭᠦᠳᠡ ᠬᠦᠷᠲᠡᠯᠡᠬᠢ ︽ᠮᠤᠵᠢ — | ᠰᠤᠷᠭᠠᠭᠤᠯᠢ — ᠮᠤᠵᠢ︾ ᠶᠢᠨ ᠪᠠᠴᠢᠮ ᠪᠠᠶᠢᠳᠠᠯ ᠢ ᠠᠷᠭᠠᠴᠠᠭᠠᠬᠤ ᠵᠣᠬᠢᠴᠠᠭᠤᠯᠬᠤ ᠲᠣᠭᠲᠠᠴᠠ᠃ ᠮᠣᠷᠳᠠᠭᠰᠠᠨ | ᠭᠠᠵᠠᠷ᠂ ᠪᠤᠴᠠᠭᠰᠠᠨ ᠭᠠᠵᠠᠷ ᠤᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠪᠠ | ᠰᠣᠷᠣᠭᠴᠢ ᠶᠢᠨ ᠪᠠᠶᠢᠭ᠎ᠠ ᠶᠡᠭᠡ ᠳᠡᠭᠡᠳᠦ ᠰᠤᠷᠭᠠᠭᠤᠯᠢ ᠭᠤᠷᠪᠠᠨ ᠲᠠᠯ᠎ᠠ ᠪᠠᠷ ᠢᠶᠠᠨ ᠬᠤᠯᠪᠣᠭ᠎ᠠ ᠪᠠᠶᠢᠭᠤᠯᠵᠤ᠂ ᠴᠠᠭ | ᠲᠤᠬᠠᠢ ᠳᠤ ᠨᠢ ᠲᠣᠬᠢᠷᠠᠭᠤᠯᠤᠨ᠂ ᠰᠤᠷᠤᠭᠴᠢᠳ ᠤᠨ ᠨᠤᠲᠤᠭ ᠲᠤ ᠪᠠᠨ ᠪᠤᠴᠠᠬᠤ ᠵᠠᠮ ᠳᠤ ᠲᠣᠬᠢᠶᠠᠯᠳᠤᠭᠰᠠᠨ | ᠣᠨᠴᠠᠭᠠᠢ ᠪᠠᠶᠢᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠰᠤᠷᠤᠭᠴᠢᠳ ᠰᠤᠷᠭᠠᠭᠤᠯᠢ ᠠᠴᠠ ᠪᠠᠨ ᠰᠠᠯᠵᠤ | ᠨᠤᠲᠤᠭ ᠲᠤ ᠪᠠᠨ ᠪᠤᠴᠠᠬᠤ ᠵᠠᠮ ᠳᠤ ᠪᠠᠨ ᠬᠡᠷᠪᠡ ᠠᠰᠠᠭᠤᠳᠠᠯ ᠪᠤᠶᠤ ᠣᠨᠴᠠᠭᠠᠢ ᠱᠠᠭᠠᠷᠳᠠᠯᠭ᠎ᠠ ᠲᠠᠢ ᠪᠣᠯ ᠬᠤᠶᠠᠷ | ᠠᠷᠭ᠎ᠠ ᠵᠠᠮ ᠢᠶᠠᠷ ᠱᠠᠭᠠᠷᠳᠠᠯᠭ᠎ᠠ ᠪᠠᠨ ᠲᠤᠰᠬᠠᠵᠤ ᠪᠣᠯᠣᠨ᠎ᠠ ᠰᠤᠷᠤᠭᠴᠢᠳ ᠤᠨ ᠱᠠᠭᠠᠷᠳᠠᠯᠭ᠎ᠠ ᠪᠠᠨ ᠲᠤᠰᠬᠠᠬᠤ ᠬᠤᠶᠠᠷ | ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ | ᠰᠤᠷᠤᠭᠴᠢᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠵᠠᠮ ᠳᠤ ᠪᠠᠨ ᠬᠡᠷᠪᠡ | ᠠᠰᠠᠭᠤᠳᠠᠯ ᠪᠤᠶᠤ ᠣᠨᠴᠠᠭᠠᠶ ᠱᠠᠭᠠᠷᠳᠠᠯᠭ᠎ᠠ ᠲᠠᠢ ᠪᠣᠯ ᠬᠤᠶᠠᠷ ᠭᠤᠣᠯ ᠠᠷᠭ᠎ᠠ ᠵᠠᠮ ᠢᠶᠠᠷ ᠪᠠᠶᠢᠳᠠᠯ ᠢᠶᠠᠨ ᠲᠤᠰᠬᠠᠵᠤ | ᠪᠣᠯᠣᠨ᠎ᠠ᠄ | ᠨᠢᠭᠡ ᠳᠤ᠂ ᠰᠤᠷᠤᠭᠴᠢᠳ ᠰᠤᠷᠭᠠᠭᠤᠯᠢ ᠶᠢᠨ ᠰᠣᠷᠣᠭᠴᠢ ᠶᠢᠨ ᠠᠵᠢᠯ ᠤᠨ ᠰᠠᠯᠠᠭ᠎ᠠ ᠮᠥᠴᠢᠷ ᠪᠤᠶᠤ | ᠥᠪᠡᠷ ᠤᠨ ᠪᠠᠭᠰᠢ ᠳᠤ ᠪᠠᠨ ᠪᠠᠶᠢᠳᠠᠯ ᠢ ᠲᠤᠰᠬᠠᠵᠤ᠂ ᠰᠤᠷᠭᠠᠭᠤᠯᠢ ᠶᠢᠨ ᠲᠣᠭᠲᠠᠴᠠ ᠪᠠᠷ ᠳᠠᠮᠵᠢᠭᠤᠯᠤᠨ | ᠲᠤᠬᠠᠢ ᠶᠢᠨ ᠭᠠᠵᠠᠷ᠂ ᠮᠣᠷᠳᠠᠭᠰᠠᠨ ᠭᠠᠵᠠᠷ ᠪᠤᠶᠤ ᠬᠦᠷᠬᠦ ᠭᠠᠵᠠᠷ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠲᠣᠭᠲᠠᠴᠠ ᠳᠤ ᠲᠤᠰᠬᠠᠵᠤ᠂ ᠰᠣᠷᠣᠭᠴᠢ ᠶᠢᠨ ᠣᠨᠴᠠᠭᠠᠶ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠨ᠎ᠡ︔ | ᠬᠤᠶᠠᠷ ᠲᠤ᠂ ᠡᠯ᠎ᠡ ᠭᠠᠵᠠᠷ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠪᠠᠷ | ᠳᠠᠮᠵᠢᠭᠤᠯᠤᠨ ᠠᠰᠠᠭᠤᠨ ᠯᠠᠪᠯᠠᠬᠤ ᠤᠲᠠᠰᠤ ᠪᠠᠷ ᠪᠠᠶᠢᠳᠠᠯ ᠢᠶᠠᠨ ᠲᠤᠰᠬᠠᠵᠤ ᠪᠣᠯᠣᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ᠶᠢᠨ ᠲᠥᠷᠥ ᠶᠢᠨ ᠪᠣᠳᠣᠯᠭ᠎ᠠ ᠳᠤ ᠪᠠᠰᠠ ᠣᠨᠴᠠᠭᠠᠶᠢᠯᠠᠨ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ | ᠦᠭᠡᠢ ᠭᠠᠵᠠᠷ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠰᠤᠷᠭᠠᠭᠤᠯᠢ ᠠᠴᠠ ᠪᠠᠨ ᠰᠠᠯᠵᠤ | ᠨᠤᠲᠤᠭ ᠲᠤ ᠪᠠᠨ ᠪᠤᠴᠠᠭᠰᠠᠨ ᠪᠠᠶᠢᠪᠠᠯ᠂ ᠬᠠᠷᠢᠶᠠᠲᠤ ᠣᠷᠣᠨ ᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠶᠢᠩᠭᠤ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠨ ᠤ ᠬᠠᠮᠲᠤ᠂ ᠡᠯ᠎ᠡ ᠭᠠᠵᠠᠷ ᠡᠯ᠎ᠡ | ᠰᠤᠷᠭᠠᠭᠤᠯᠢ ᠶᠢᠨ ᠬᠢᠨ ᠰᠣᠷᠣᠭᠴᠢ ᠶᠢᠨ ᠬᠦᠰᠡᠯ ᠱᠠᠭᠠᠷᠳᠠᠯᠭ᠎ᠠ ᠶᠢ ᠭᠦᠢᠴᠡᠳ ᠬᠦᠨᠳᠦᠳᠬᠡᠵᠦ᠂ | ᠰᠤᠷᠭᠠᠭᠤᠯᠢ ᠳᠤ ᠪᠠᠨ ᠦᠯᠡᠳᠡᠭᠰᠡᠨ ᠰᠤᠷᠤᠭᠴᠢᠳ ᠲᠤ ᠠᠮᠢᠳᠤᠷᠠᠯ ᠤᠨ ᠲᠠᠯ᠎ᠠ ᠪᠠᠷ ᠦᠢᠯᠡᠴᠢᠯᠡᠭᠡᠨ ᠤ ᠪᠠᠲᠤᠯᠠᠭ᠎ᠠ ᠶᠢ | ᠰᠠᠶᠢᠲᠤᠷ ᠬᠠᠩᠭᠠᠬᠤ ᠬᠡᠷᠡᠭᠲᠡᠢ᠃ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠤᠬᠠᠢ | ᠰᠤᠷᠤᠯᠭ᠎ᠠ ᠲᠡᠭᠦᠰᠦᠭᠰᠡᠨ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ ᠣᠯᠭᠤᠬᠤ ᠶᠢ ᠲᠡᠭᠦᠰᠬᠦ | ᠰᠤᠷᠤᠭᠴᠢᠳ ᠤᠨ ᠭᠡᠷ᠎ᠡ ᠲᠣᠭᠲᠠᠬᠤ ᠲᠠᠢ ᠬᠤᠯᠪᠣᠭᠳᠠᠭᠤᠯᠵᠤ ᠪᠣᠯᠬᠤ ᠦᠭᠡᠢ | ᠠᠵᠢᠯ ᠣᠯᠭᠤᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠪᠥᠭᠡᠳ ᠣᠨᠣᠪᠴᠢᠲᠠᠶ ᠪᠠᠶᠢᠬᠤ ᠪᠣᠯ | ᠠᠵᠢᠯ ᠣᠯᠭᠤᠯᠲᠠ ᠶᠢ ᠪᠦᠷᠢᠳᠬᠡᠬᠦ ᠠᠵᠢᠯ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠮᠥᠨ᠃ ᠰᠤᠷᠭᠠᠨ ᠬᠥᠮᠦᠵᠢᠯ ᠤᠨ | ᠶᠠᠮᠤᠨ ᠠᠴᠠ ᠠᠵᠢᠯ ᠣᠯᠭᠤᠯᠲᠠ ᠶᠢᠨ ᠪᠦᠷᠢᠳᠬᠡᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠤᠯᠠᠮ ᠨᠢᠭᠡ | ᠠᠯᠬᠤᠮ ᠴᠢᠩᠳᠠᠯᠠᠵᠤ᠂ ︽ᠳᠥᠷᠪᠡ ᠶᠢ ᠵᠥᠪᠰᠢᠶᠡᠷᠡᠬᠦ ᠦᠭᠡᠢ︾ ︽ᠭᠤᠷᠪᠠ ᠶᠢ ᠬᠢᠵᠦ ᠪᠣᠯᠬᠤ ᠦᠭᠡᠢ︾ | ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠎ᠡ᠄ | ︽ᠳᠥᠷᠪᠡ ᠶᠢ ᠵᠥᠪᠰᠢᠶᠡᠷᠡᠬᠦ ᠦᠭᠡᠢ︾ ᠭᠡᠳᠡᠭ ᠨᠢ ᠳᠠᠷᠤᠢ ᠶᠠᠮᠠᠷᠪᠠ ᠠᠷᠭ᠎ᠠ ᠮᠠᠶ᠋ᠢᠭ ᠢᠶᠠᠷ ᠲᠡᠭᠦᠰᠦᠭᠰᠡᠨ | ᠰᠤᠷᠤᠭᠴᠢᠳ ᠢ ᠠᠯᠪᠠᠳᠠᠵᠤ ᠪᠠᠶᠢᠭᠠᠳ ᠠᠵᠢᠯ ᠣᠯᠬᠤ ᠬᠡᠯᠡᠯᠴᠡᠭᠡᠷ ᠪᠠ ᠬᠥᠳᠡᠯᠮᠦᠷᠢ ᠶᠢᠨ ᠭᠡᠷ᠎ᠡ ᠲᠣᠭᠲᠠᠭᠠᠬᠤ ᠶᠢ | ᠵᠥᠪᠰᠢᠶᠡᠷᠡᠬᠦ ᠦᠭᠡᠢ᠂ ᠲᠡᠭᠦᠰᠬᠦ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ ᠣᠯᠭᠤᠬᠤ ᠶᠢ ᠲᠡᠭᠦᠰᠬᠦ | ᠰᠤᠷᠤᠭᠴᠢᠳ ᠤᠨ ᠭᠡᠷ᠎ᠡ ᠲᠣᠭᠲᠠᠬᠤ ᠲᠠᠢ ᠬᠤᠯᠪᠣᠭᠳᠠᠭᠤᠯᠬᠤ ᠶᠢ ᠵᠥᠪᠰᠢᠶᠡᠷᠡᠬᠦ ᠦᠭᠡᠢ᠂ ᠡᠷᠤᠭᠡ ᠠᠮᠠ ᠶᠢᠨ | ᠲᠠᠩᠰᠠ ᠶᠢ ᠨᠠᠶᠢᠳᠠᠨ ᠬᠠᠮᠢᠶᠠᠷᠤᠭᠤᠯᠬᠤ ᠪᠠᠷ ᠰᠢᠯᠲᠠᠭ ᠪᠣᠯᠭᠠᠵᠤ ᠲᠡᠭᠦᠰᠦᠭᠰᠡᠨ ᠰᠤᠷᠤᠭᠴᠢᠳ ᠢ ᠢᠳᠬᠠᠵᠤ | ᠪᠠᠶᠢᠭᠠᠳ ᠬᠤᠳᠠᠯ ᠬᠠᠭᠤᠷᠮᠠᠭ ᠠᠵᠢᠯ ᠣᠯᠬᠤ ᠬᠡᠯᠡᠯᠴᠡᠭᠡᠷ ᠲᠣᠭᠲᠠᠭᠠᠯᠭᠠᠬᠤ ᠶᠢ ᠵᠥᠪᠰᠢᠶᠡᠷᠡᠬᠦ ᠦᠭᠡᠢ᠂ | ᠲᠡᠭᠦᠰᠦᠭᠰᠡᠨ ᠰᠤᠷᠤᠭᠴᠢᠳ ᠤᠨ ᠳᠠᠳᠤᠯᠭ᠎ᠠ ᠬᠢᠭᠰᠡᠨ᠂ ᠳᠠᠳᠤᠯᠭ᠎ᠠ ᠶᠢᠨ ᠭᠡᠷᠡᠴᠢ ᠮᠠᠲ᠋ᠧᠷᠢᠶᠠᠯ ᠢᠶᠠᠷ ᠠᠵᠢᠯ ᠣᠯᠬᠤ | ᠭᠡᠷᠡᠴᠢ ᠮᠠᠲ᠋ᠧᠷᠢᠶᠠᠯ ᠢ ᠣᠷᠣᠯᠠᠭᠤᠯᠬᠤ ᠶᠢ ᠵᠥᠪᠰᠢᠶᠡᠷᠡᠬᠦ ᠦᠭᠡᠢ᠃ | ︽ᠭᠤᠷᠪᠠ ᠶᠢ ᠬᠢᠵᠦ ᠪᠣᠯᠬᠤ ᠦᠭᠡᠢ︾ ᠭᠡᠳᠡᠭ ᠨᠢ ᠳᠠᠷᠤᠢ ᠪᠣᠳᠠᠲᠤ ᠪᠠᠶᠢᠳᠠᠯ ᠳᠤ ᠨᠡᠶᠢᠴᠡᠭᠦᠯᠬᠦ ᠦᠭᠡᠢ ᠪᠠᠷ | ᠶᠡᠭᠡ ᠳᠡᠭᠡᠳᠦ ᠰᠤᠷᠭᠠᠭᠤᠯᠢ ᠪᠠ ᠳᠡᠭᠡᠳᠦ ᠰᠤᠷᠭᠠᠭᠤᠯᠢ ᠳᠤ ᠨᠠᠶᠢᠳᠠᠪᠤᠷᠢᠵᠢᠭᠤᠯᠬᠤ ᠨᠣᠷᠮ᠎ᠠ ᠶᠢᠨ ᠪᠣᠳᠠᠲᠠᠢ | ᠭᠦᠢᠴᠡᠳᠬᠡᠯ ᠲᠤᠭ᠎ᠠ ᠶᠢ ᠳᠤᠷᠠᠳᠤᠨ ᠭᠠᠷᠭᠠᠵᠤ ᠪᠣᠯᠬᠤ ᠦᠭᠡᠢ᠂ ᠱᠠᠲᠤ ᠱᠠᠲᠤ ᠪᠠᠷ ᠱᠠᠭᠠᠷᠳᠠᠯᠭ᠎ᠠ ᠨᠡᠮᠡᠨ | ᠵᠢᠯᠣᠭᠤᠳᠤᠭᠴᠢ ᠪᠠᠭᠰᠢ ᠳᠤ ᠠᠵᠢᠯ ᠣᠯᠭᠤᠬᠤ ᠡᠭᠦᠷᠭᠡ ᠶᠢ ᠳᠠᠭᠠᠭᠠᠯᠭᠠᠵᠤ ᠪᠣᠯᠬᠤ ᠦᠭᠡᠢ᠂ ᠲᠠᠩ ᠭᠠᠭᠴᠠ | ᠨᠠᠶᠢᠳᠠᠪᠤᠷᠢᠵᠢᠭᠤᠯᠬᠤ ᠨᠣᠷᠮ᠎ᠠ ᠶᠢᠨ ᠭᠦᠢᠴᠡᠳᠬᠡᠯ ᠲᠤᠭ᠎ᠠ ᠶᠢ ᠠᠵᠢᠯ ᠣᠯᠭᠤᠬᠤ ᠠᠵᠢᠯᠲᠠᠨ ᠪᠤᠶᠤ ᠬᠠᠪᠰᠤᠷᠤᠨ | ᠵᠢᠯᠣᠭᠤᠳᠤᠭᠴᠢ ᠶᠢᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠰᠢᠯᠢᠳᠡᠭ ᠢ ᠰᠢᠯᠭᠠᠷᠠᠭᠤᠯᠬᠤ | ᠵᠡᠷᠭᠡ ᠲᠠᠢ ᠬᠤᠯᠪᠣᠭᠳᠠᠭᠤᠯᠵᠤ ᠪᠣᠯᠬᠤ ᠦᠭᠡᠢ᠃ | 2023 ᠣᠨ ᠠᠴᠠ ᠡᠬᠢᠯᠡᠨ ᠠᠵᠢᠯ ᠣᠯᠭᠤᠯᠲᠠ ᠶᠢᠨ ᠨᠡᠷ᠎ᠡ ᠮᠡᠳᠡᠭᠦᠯᠬᠦ ᠦᠨᠡᠮᠯᠡᠯ ᠢ ᠬᠦᠴᠦᠨ ᠦᠭᠡᠢ | ᠪᠣᠯᠭᠠᠨ᠎ᠠ᠂ ᠬᠥᠮᠥᠨ ᠬᠡᠷᠡᠭᠯᠡᠬᠦ ᠪᠠᠶᠢᠭᠤᠯᠭ᠎ᠠ ᠨᠢᠭᠡᠴᠢ ᠵᠠᠷᠴᠢᠮ ᠳᠡᠭᠡᠷ᠎ᠡ ᠪᠠᠨ ᠬᠠᠭᠠᠰ ᠵᠢᠯ ᠤᠨ ᠳᠣᠲᠣᠷ᠎ᠠ ᠳᠠᠬᠢᠨ | ᠳᠠᠪᠲᠠᠨ ᠪᠡᠶ᠎ᠡ ᠶᠢᠨ ᠪᠠᠶᠢᠴᠠᠭᠠᠯᠲᠠ ᠬᠢᠯᠭᠡᠬᠦ ᠪᠠᠷ ᠱᠠᠭᠠᠷᠳᠠᠵᠤ ᠪᠣᠯᠬᠤ ᠦᠭᠡᠢ | 5 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠶᠡᠭᠡ ᠳᠡᠭᠡᠳᠦ | ᠰᠤᠷᠭᠠᠭᠤᠯᠢ ᠲᠡᠭᠦᠰᠦᠭᠰᠡᠨ ᠰᠣᠷᠣᠭᠴᠢ ᠵᠡᠷᠭᠡ ᠵᠠᠯᠠᠭᠤᠴᠤᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ | ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠮᠡᠳᠡᠭᠳᠡᠯ︾ ᠢ ᠨᠡᠶᠢᠲᠡᠯᠡᠪᠡ᠂ ᠡᠭᠦᠨ ᠳᠤ᠄ | ᠳᠤᠮᠳᠠ ᠵᠢᠵᠢᠭ ᠪᠢᠴᠢᠯ ᠠᠵᠤ ᠠᠬᠤᠶᠢᠯᠠᠯ ᠠᠴᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠨᠠᠩ | ᠢᠯᠡᠭᠦᠦ ᠰᠢᠩᠭᠡᠬᠡᠨ ᠠᠪᠴᠤ ᠠᠵᠢᠯ ᠣᠯᠭᠤᠬᠤ ᠶᠢ ᠳᠡᠮᠵᠢᠵᠦ᠂ ᠨᠢᠭᠡ ᠯᠠ ᠤᠳᠠᠭ᠎ᠠ ᠳᠤ ᠥᠭᠬᠦ ᠠᠵᠢᠯ | ᠣᠯᠭᠤᠯᠲᠠ ᠶᠢᠨ ᠨᠥᠬᠦᠪᠦᠷᠢ᠂ ᠨᠡᠶᠢᠭᠡᠮ ᠤᠨ ᠳᠠᠭᠠᠳᠬᠠᠯ ᠤᠨ ᠨᠥᠬᠦᠪᠦᠷᠢ᠂ ᠭᠠᠶᠢᠯᠢ ᠰᠦᠢᠳᠬᠡᠯ ᠢ ᠬᠠᠰᠤᠵᠤ | ᠬᠡᠯᠲᠦᠷᠢᠭᠦᠯᠬᠦ ᠵᠡᠷᠭᠡ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ᠰᠤᠷᠭᠠᠭᠤᠯᠢ ᠲᠡᠭᠦᠰᠦᠭᠰᠡᠳ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠳᠤ᠂ ᠠᠳᠠᠯ ᠦᠢᠯᠡᠰ | ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠵᠢᠴᠢ ᠳᠠᠮ ᠬᠦᠦ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ᠲᠡᠭᠦᠰᠬᠦ ᠣᠨ ᠳᠤ ᠪᠠᠨ ᠠᠮᠢᠳᠤᠯᠢᠭ ᠢᠶᠠᠷ ᠠᠵᠢᠯ ᠣᠯᠣᠭᠰᠠᠨ ᠲᠡᠭᠦᠰᠦᠭᠰᠡᠳ ᠲᠤ ᠨᠡᠶᠢᠭᠡᠮ ᠤᠨ | ᠳᠠᠭᠠᠳᠬᠠᠯ ᠤᠨ ᠨᠥᠬᠦᠪᠦᠷᠢ ᠣᠯᠭᠤᠨ᠎ᠠ᠃ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠷᠢᠵᠤ ᠬᠡᠷᠡᠭᠯᠡᠬᠦ ᠬᠡᠪᠴᠢᠶ᠎ᠡ ᠶᠢ ᠦᠷᠭᠦᠯᠵᠢᠯᠡᠨ | ᠲᠣᠭᠲᠠᠭᠤᠨ ᠢᠶᠠᠷ ᠥᠷᠭᠡᠳᠬᠡᠨ᠎ᠡ᠃ | ᠨᠡᠶᠢᠭᠡᠮ ᠲᠣᠭᠤᠷᠢᠭ ᠤᠨ ᠲᠤᠰᠬᠠᠢ ᠠᠵᠢᠯ ᠤᠨ ᠪᠠᠶᠢᠷᠢ ᠳᠤ ᠬᠤᠭᠤᠰᠤᠨ ᠣᠷᠣᠨ ᠲᠤᠭ᠎ᠠ ᠭᠠᠷᠪᠠᠯ᠂ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠳ ᠢᠶᠠᠷ ᠡᠯᠰᠡᠨ ᠬᠡᠷᠡᠭᠯᠡᠬᠦ ᠪᠤᠶᠤ ᠵᠣᠬᠢᠬᠤ ᠲᠤᠭ᠎ᠠ ᠪᠠᠷ ᠲᠤᠰᠬᠠᠶᠢᠯᠠᠨ | ᠡᠯᠰᠡᠨ ᠬᠡᠷᠡᠭᠯᠡᠵᠦ᠂ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ᠂ ᠬᠠᠲᠠᠭᠤ ᠪᠡᠷᠬᠡᠰᠢᠶᠡᠯᠲᠡᠢ ᠠᠯᠤᠰ ᠬᠢᠵᠠᠭᠠᠷ | ᠭᠠᠵᠠᠷ ᠣᠷᠣᠨ᠂ ᠰᠢᠶᠠᠨ ᠤ ᠱᠠᠲᠤᠨ ᠠᠴᠠ ᠳᠣᠷᠣᠭᠰᠢᠬᠢ ᠦᠨᠳᠦᠰᠦᠨ ᠱᠠᠲᠤᠨ ᠤ ᠠᠵᠢᠯ ᠦᠢᠯᠡᠰ ᠤᠨ ᠨᠢᠭᠡᠴᠢ ᠳᠤ | ᠠᠯᠪᠠᠨ ᠶᠣᠰᠣᠭᠠᠷ ᠠᠵᠢᠯᠯᠠᠵᠤ ᠪᠠᠶᠢᠭ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠰᠤᠷᠤᠯᠭ᠎ᠠ ᠶᠢᠨ | ᠰᠦᠢᠳᠬᠡᠯ ᠤᠨ ᠨᠥᠬᠦᠪᠦᠷᠢ ᠥᠭᠬᠦ ᠪᠠ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠪᠠᠷ ᠣᠷᠣᠯᠠᠨ | ᠲᠥᠯᠥᠬᠦᠯᠬᠦ ᠬᠡᠷᠡᠭᠲᠡᠢ᠃ | ᠠᠵᠢᠯ ᠦᠢᠯᠡᠰ ᠤᠨ ᠨᠢᠭᠡᠴᠢ ᠶᠢᠨ ᠵᠢᠩᠬᠢᠨᠢ ᠠᠵᠢᠯᠲᠠᠨ ᠢᠶᠠᠷ ᠤᠷᠢᠨ ᠬᠡᠷᠡᠭᠯᠡᠬᠦ ᠳᠤ ᠲᠣᠭᠲᠠᠭᠠᠯ ᠶᠣᠰᠣᠭᠠᠷ | ᠤᠷᠢᠳᠴᠢᠯᠠᠨ ᠵᠢᠩᠬᠢᠨᠢᠴᠢᠯᠡᠵᠦ ᠲᠠᠰ ᠲᠣᠭᠲᠠᠭᠠᠵᠤ ᠪᠣᠯᠣᠨ᠎ᠠ᠃ | ᠲᠡᠭᠦᠰᠦᠭᠰᠡᠨ ᠰᠤᠷᠤᠭᠴᠢᠳ 6 ᠰᠠᠷ᠎ᠠ ᠶᠢᠨ ᠳᠣᠲᠣᠷ᠎ᠠ ᠨᠢᠭᠡᠨᠲᠡ ᠪᠡᠶ᠎ᠡ ᠶᠢᠨ ᠪᠠᠶᠢᠴᠠᠭᠠᠯᠲᠠ ᠬᠢᠭᠰᠡᠨ ᠪᠠᠶᠢᠪᠠᠯ᠂ | ᠬᠥᠮᠥᠨ ᠬᠡᠷᠡᠭᠯᠡᠬᠦ ᠨᠢᠭᠡᠴᠢ ᠵᠠᠷᠴᠢᠮ ᠳᠡᠭᠡᠷ᠎ᠡ ᠪᠠᠨ ᠳᠠᠬᠢᠨ ᠳᠠᠪᠲᠠᠨ ᠪᠡᠶ᠎ᠡ ᠶᠢᠨ ᠪᠠᠶᠢᠴᠠᠭᠠᠯᠲᠠ ᠬᠢᠯᠭᠡᠬᠦ ᠪᠠᠷ | ᠱᠠᠭᠠᠷᠳᠠᠵᠤ ᠪᠣᠯᠬᠤ ᠦᠭᠡᠢ᠂ ᠡᠭᠦᠨ ᠳᠤ ᠬᠠᠤᠯᠢ ᠴᠠᠭᠠᠵᠠ ᠳᠤ ᠲᠣᠭᠲᠠᠭᠠᠭᠰᠠᠨ ᠢ ᠪᠠᠭᠲᠠᠭᠠᠬᠤ ᠦᠭᠡᠢ᠃ | ᠠᠵᠢᠯ ᠣᠯᠭᠤᠯᠲᠠ ᠶᠢᠨ ᠭᠠᠷ ᠭᠦᠢᠴᠡᠳᠬᠡᠯ ᠢ ᠳᠥᠭᠦᠮᠴᠢᠯᠡᠵᠦ᠂ 2023 ᠣᠨ ᠠᠴᠠ ᠡᠬᠢᠯᠡᠨ᠂ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢᠨ ᠨᠡᠷ᠎ᠡ ᠮᠡᠳᠡᠭᠦᠯᠬᠦ ᠦᠨᠡᠮᠯᠡᠯ ᠢ ᠬᠦᠴᠦᠨ ᠦᠭᠡᠢ | ᠪᠣᠯᠭᠠᠵᠤ᠂ ᠨᠡᠷ᠎ᠡ ᠮᠡᠳᠡᠭᠦᠯᠬᠦ ᠦᠨᠡᠮᠯᠡᠯ ᠢ ᠳᠠᠭᠢᠵᠤ ᠲᠡᠭᠦᠰᠬᠦ ᠰᠣᠷᠣᠭᠴᠢ ᠶᠢ ᠡᠯᠰᠡᠨ ᠬᠡᠷᠡᠭᠯᠡᠬᠦ᠂ ᠡᠷᠦᠬᠡ ᠠᠮᠠ | ᠣᠷᠣᠭᠤᠯᠬᠤ᠂ ᠲᠠᠩᠰᠠ ᠡᠪᠬᠡᠮᠡᠯ ᠢ ᠰᠢᠯᠵᠢᠭᠦᠯᠦᠨ ᠭᠥᠯᠢᠶᠡᠨ ᠠᠪᠬᠤ ᠭᠠᠷ ᠭᠦᠢᠴᠡᠳᠬᠡᠯ ᠤᠨ ᠴᠢᠬᠤᠯᠠ ᠪᠦᠬᠦᠢ | ᠮᠠᠲ᠋ᠧᠷᠢᠶᠠᠯ ᠪᠣᠯᠭᠠᠵᠤ ᠪᠣᠯᠬᠤ ᠦᠭᠡᠢ᠃ | ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠳᠠᠷᠤᠭᠠᠰᠤ ᠶᠢ ᠬᠥᠩᠭᠡᠯᠡᠬᠦ ᠲᠥᠷᠥ ᠶᠢᠨ ᠪᠣᠳᠣᠯᠭ᠎ᠠ ᠶᠢᠨ | ᠲᠠᠯ᠎ᠠ ᠪᠠᠷ᠂ ᠡᠨᠡ ᠵᠢᠯ ᠤᠨ ᠳᠥᠯᠥᠬᠦ ᠶᠣᠰᠣᠲᠠᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ | ᠮᠥᠩᠭᠦ ᠶᠢ ᠬᠡᠯᠲᠦᠷᠢᠭᠦᠯᠵᠦ᠂ ᠡᠬᠡ ᠮᠥᠩᠭᠦ ᠶᠢ 1 ᠵᠢᠯ ᠤᠷᠲᠤᠳᠬᠠᠨ ᠳᠥᠯᠥᠬᠦ ᠪᠠᠷ ᠭᠤᠶᠤᠴᠢᠯᠠᠵᠤ ᠪᠣᠯᠣᠨ᠎ᠠ᠂ ᠡᠨᠡ | ᠵᠢᠯ ᠤᠨ ᠲᠡᠭᠦᠰᠬᠦ ᠰᠣᠷᠣᠭᠴᠢ ᠪᠠ ᠥᠩᠭᠡᠷᠡᠭᠰᠡᠨ ᠳᠤ ᠲᠡᠭᠦᠰᠦᠭᠰᠡᠨ ᠰᠤᠷᠤᠭᠴᠢᠳ ᠲᠤ ᠴᠥᠮ ᠡᠨᠡ ᠬᠦ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠵᠦ᠂ ᠨᠡᠶᠢᠲᠡ 400 ᠭᠠᠷᠤᠢ ᠲᠦᠮᠡᠨ ᠬᠥᠮᠥᠨ ᠳᠤ ᠠᠰᠢᠭ ᠬᠦᠷᠲᠡᠭᠡᠨ᠎ᠡ᠃ | ᠬᠢᠵᠢᠭ ᠤᠨ ᠪᠠᠶᠢᠳᠠᠯ ᠠᠴᠠ ᠪᠣᠯᠵᠤ ᠰᠤᠷᠭᠠᠭᠤᠯᠢ ᠠᠴᠠ ᠪᠠᠨ ᠬᠤᠵᠢᠭᠳᠠᠨ ᠶᠠᠪᠤᠭᠰᠠᠨ ᠲᠡᠭᠦᠰᠦᠭᠰᠡᠳ ᠤᠨ | ᠨᠡᠷ᠎ᠡ ᠮᠡᠳᠡᠭᠦᠯᠵᠦ ᠠᠵᠢᠯ ᠳᠤ ᠣᠷᠣᠬᠤ᠂ ᠲᠠᠩᠰᠠ ᠡᠪᠬᠡᠮᠡᠯ ᠢ ᠳᠠᠮᠵᠢᠭᠤᠯᠤᠨ ᠬᠦᠷᠭᠡᠬᠦ᠂ ᠡᠷᠦᠬᠡ ᠠᠮᠠ | ᠣᠷᠣᠭᠤᠯᠬᠤ ᠶᠢ ᠭᠦᠢᠴᠡᠳᠬᠡᠬᠦ ᠴᠠᠭ ᠤᠨ ᠬᠢᠵᠠᠭᠠᠷ ᠢ ᠤᠷᠲᠤᠳᠬᠠᠵᠤ ᠪᠣᠯᠣᠨ᠎ᠠ᠃ ︽ᠲᠥᠪ ᠤᠨ ᠲᠤᠰᠬᠠᠢ | ᠵᠦᠢᠯ ᠤᠨ ᠬᠤᠨᠵᠢᠪᠤᠷᠢᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠾᠦᠩ ᡁᠢ ᠠᠶᠠᠯᠠᠯ ᠢ | ᠲᠤᠰᠠᠯᠠᠬᠤ ᠲᠥᠯᠥᠪᠯᠡᠭᠡ︾ ᠶᠢ ᠬᠡᠷᠡᠭᠵᠢᠭᠦᠯᠵᠦ᠂ ᠠᠵᠢᠯ ᠣᠯᠬᠤ ᠳᠤ ᠬᠦᠴᠢᠷᠲᠡᠢ ᠬᠦᠮᠦᠰ ᠤᠨ ᠠᠵᠢᠯ ᠣᠯᠬᠤ | ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠬᠤ ᠬᠡᠷᠡᠭᠲᠡᠢ᠃ | ᠶᠡᠭᠡ ᠳᠡᠭᠡᠳᠦ ᠰᠤᠷᠭᠠᠭᠤᠯᠢ ᠶᠢᠨ ᠪᠠᠶᠢᠭ᠎ᠠ ᠬᠤᠲᠠ ᠳᠤ ᠵᠠᠯᠭᠠᠭ᠎ᠠ ᠪᠠᠷ 7 ᠡᠳᠦᠷ ᠵᠢᠴᠢ 7 ᠡᠳᠦᠷ ᠠᠴᠠ | ᠳᠡᠭᠡᠭᠰᠢ ᠨᠡᠶᠢᠭᠡᠮ ᠤᠨ ᠬᠡᠪᠴᠢᠶᠡᠨ ᠳᠤ ᠬᠢᠵᠢᠭ ᠤᠨ ᠪᠠᠶᠢᠳᠠᠯ ᠰᠢᠨ᠎ᠡ ᠪᠠᠷ ᠭᠠᠷᠤᠭᠰᠠᠨ ᠦᠭᠡᠢ ᠪᠣᠯ ᠰᠤᠷᠭᠠᠭᠤᠯᠢ ᠶᠢᠨ | ᠬᠦᠷᠢᠶᠡᠨ ᠤ ᠠᠵᠢᠯᠲᠠᠨ ᠡᠯᠰᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠪᠣᠯᠣᠨ᠎ᠠ | ᠠᠵᠢᠯᠲᠠᠨ ᠡᠯᠰᠡᠬᠦ᠂ ᠢᠯᠠᠩᠭᠤᠶ᠎ᠠ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠠᠵᠢᠯᠯᠠᠭ᠎ᠠ ᠳᠤ | ᠣᠷᠤᠯᠴᠠᠬᠤ ᠪᠣᠯ ᠲᠡᠭᠦᠰᠬᠦ ᠰᠤᠷᠤᠭᠴᠢᠳ ᠤᠨ ᠠᠵᠢᠯ ᠣᠯᠬᠤ ᠶᠢᠨ ᠭᠤᠣᠯ ᠠᠷᠭ᠎ᠠ ᠵᠠᠮ ᠮᠥᠨ᠃ ᠣᠳᠣᠬᠠᠨ ᠳᠤ᠂ | ᠪᠥᠬᠦ ᠤᠯᠤᠰ ᠤᠨ ᠬᠢᠵᠢᠭ ᠤᠨ ᠪᠠᠶᠢᠳᠠᠯ ᠤᠨ ᠶᠡᠷᠦᠩᠬᠡᠢ ᠳᠤ ᠪᠠᠨ ᠰᠠᠶᠢᠵᠢᠷᠠᠬᠤ ᠬᠠᠨᠳᠤᠰᠢ ᠢᠯᠡᠷᠡᠵᠦ᠂ ᠡᠯ᠎ᠡ | ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠠᠬᠢᠯᠲᠠ ᠲᠠᠢ ᠪᠣᠯᠵᠤ᠂ ᠨᠠᠩ ᠣᠯᠠᠨ | ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠬᠦ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠵᠠᠷᠴᠢᠮ | ᠳᠡᠭᠡᠷ᠎ᠡ ᠪᠠᠨ᠂ ᠬᠢᠵᠢᠭ ᠤᠨ ᠪᠠᠶᠢᠳᠠᠯ ᠲᠠᠢ ᠭᠠᠵᠠᠷ ᠣᠷᠣᠨ ᠳᠤ᠂ ᠶᠡᠭᠡ ᠳᠡᠭᠡᠳᠦ ᠰᠤᠷᠭᠠᠭᠤᠯᠢ ᠶᠢᠨ ᠪᠠᠶᠢᠭ᠎ᠠ | ᠬᠤᠲᠠ ᠳᠤ ᠵᠠᠯᠭᠠᠭ᠎ᠠ ᠪᠠᠷ 7 ᠡᠳᠦᠷ ᠵᠢᠴᠢ 7 ᠡᠳᠦᠷ ᠠᠴᠠ ᠳᠡᠭᠡᠭᠰᠢ ᠨᠡᠶᠢᠭᠡᠮ ᠤᠨ ᠬᠡᠪᠴᠢᠶᠡᠨ ᠳᠤ ᠬᠢᠵᠢᠭ ᠤᠨ | ᠪᠠᠶᠢᠳᠠᠯ ᠰᠢᠨ᠎ᠡ ᠪᠠᠷ ᠭᠠᠷᠤᠭᠰᠠᠨ ᠦᠭᠡᠢ ᠪᠠᠶᠢᠪᠠᠯ᠂ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ | ᠠᠵᠢᠯᠯᠠᠭ᠎ᠠ ᠶᠢ ᠵᠣᠬᠢᠶᠠᠨ ᠪᠠᠶᠢᠭᠤᠯᠵᠤ ᠪᠣᠯᠣᠨ᠎ᠠ᠃ | ᠰᠤᠷᠤᠯᠭ᠎ᠠ ᠲᠡᠭᠦᠰᠬᠦ ᠬᠠᠨᠳᠤᠰᠢ ᠴᠢᠭᠯᠡᠯ ᠢᠶᠠᠨ ᠬᠠᠷᠠᠬᠠᠨ ᠨᠠᠶᠢᠳᠠᠪᠤᠷᠢᠵᠢᠭᠤᠯᠤᠭᠠᠳᠤᠢ ᠰᠤᠷᠤᠭᠴᠢᠳ ᠢ ᠬᠡᠷᠬᠢᠨ | ᠬᠠᠪᠰᠤᠷᠴᠤ ᠡᠷᠲᠡᠬᠡᠨ ᠠᠵᠢᠯ ᠣᠯᠭᠤᠬᠤ ᠪᠣᠶ︖ | ᠣᠳᠣᠬᠠᠨ ᠳᠤ᠂ ᠰᠤᠷᠭᠠᠨ ᠬᠥᠮᠦᠵᠢᠯ ᠤᠨ ᠶᠠᠮᠤᠨ ᠠᠴᠠ ᠶᠠᠭ ᠪᠥᠬᠦ ᠤᠯᠤᠰ ᠤᠨ ᠡᠯ᠎ᠡ ᠭᠠᠵᠠᠷ ᠡᠯ᠎ᠡ ᠳᠡᠭᠡᠳᠦ | ᠰᠤᠷᠭᠠᠭᠤᠯᠢ ᠶᠢᠨ ᠠᠵᠢᠯ ᠣᠯᠭᠤᠯᠲᠠ ᠶᠢᠨ ᠠᠵᠢᠯ ᠤᠨ ︽ᠵᠠᠭᠤᠨ ᠡᠳᠦᠷ ᠤᠨ ᠰᠢᠪᠲᠤᠯᠤᠯᠲᠠ︾ ᠶᠢᠨ ᠠᠵᠢᠯᠯᠠᠭ᠎ᠠ | ᠥᠷᠨᠢᠭᠦᠯᠬᠦ ᠪᠠᠷ ᠪᠠᠶᠢᠷᠢᠯᠠᠭᠤᠯᠵᠤ ᠪᠣᠶ᠃ ᠡᠭᠦᠨ ᠳᠤ ᠭᠤᠣᠯᠳᠠᠭᠤ ᠲᠠᠪᠤᠨ ᠲᠠᠯ᠎ᠠ ᠶᠢᠨ ᠠᠵᠢᠯᠯᠠᠭ᠎ᠠ ᠪᠠᠭᠲᠠᠨ᠎ᠠ᠄ | ᠠᠵᠢᠯᠲᠠᠨ ᠡᠯᠰᠡᠬᠦ ᠰᠢᠷᠢᠰ ᠠᠵᠢᠯᠯᠠᠭ᠎ᠠ᠂ ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠶᠢ ᠥᠷᠭᠡᠳᠬᠡᠬᠦ᠂ | ᠲᠦᠮᠡᠨ ᠠᠵᠤ ᠠᠬᠤᠶᠢᠯᠠᠯ ᠢ ᠰᠤᠷᠭᠠᠭᠤᠯᠢ ᠳᠤ ᠣᠷᠣᠭᠤᠯᠬᠤ᠂ ᠠᠵᠢᠯ ᠣᠯᠭᠤᠯᠲᠠ ᠶᠢᠨ ᠵᠢᠯᠣᠭᠤᠳᠤᠯᠭ᠎ᠠ ᠪᠠ | ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠤ᠂ ᠠᠵᠢᠯ ᠣᠯᠣᠭᠠᠳᠤᠢ ᠲᠡᠭᠦᠰᠬᠦ | ᠰᠤᠷᠤᠭᠴᠢᠳ ᠲᠤ ᠬᠠᠨᠳᠤᠯᠭᠠᠲᠤ ᠴᠢᠨᠠᠷᠲᠠᠢ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠨ᠎ᠠ᠃ ᠡᠭᠦᠨ ᠤ | ᠵᠡᠷᠭᠡ ᠳᠤ ᠣᠳᠣ ᠶᠠᠭ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠳᠡᠪᠰᠢᠬᠦ ᠰᠢᠯᠭᠠᠯᠲᠠ᠂ | ᠪᠠᠭᠰᠢ ᠡᠯᠰᠡᠬᠦ ᠰᠢᠯᠭᠠᠯᠲᠠ᠂ ᠦᠨᠳᠦᠰᠦᠨ ᠱᠠᠲᠤᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ | ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠵᠡᠷᠭᠡ ᠶᠢᠨ ᠡᠯᠰᠡᠬᠦ ᠠᠬᠢᠴᠠ ᠶᠢ ᠲᠦᠷᠭᠡᠳᠬᠡᠵᠦ ᠪᠤᠢ᠃ | ᠡᠭᠦᠨ ᠠᠴᠠ ᠭᠠᠳᠠᠨ᠎ᠠ᠂ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠵᠡᠷᠭᠡ ᠲᠥᠷᠥ ᠶᠢᠨ ᠪᠣᠳᠣᠯᠭ᠎ᠠ ᠶᠢᠨ ᠴᠢᠨᠠᠷᠲᠠᠢ | ᠠᠵᠢᠯ ᠤᠨ ᠪᠠᠶᠢᠷᠢ ᠳᠤ ᠠᠵᠢᠯᠲᠠᠨ ᠡᠯᠰᠡᠬᠦ ᠠᠵᠢᠯ ᠢ ᠡᠷᠲᠡᠬᠡᠨ ᠪᠡᠶᠡᠯᠡᠭᠦᠯᠬᠦ ᠬᠡᠷᠡᠭᠲᠡᠢ᠂ ᠬᠠᠷᠢᠴᠠᠩᠭᠤᠢ ᠪᠠᠷ ᠬᠡᠯᠡᠪᠡᠯ | ᠡᠲᠡᠭᠡᠷ ᠠᠵᠢᠯ ᠤᠨ ᠪᠠᠶᠢᠷᠢ ᠪᠣᠯ ᠬᠡᠰᠡᠭ ᠲᠡᠭᠦᠰᠬᠦ ᠰᠤᠷᠤᠭᠴᠢᠳ ᠤᠨ ᠠᠵᠢᠯ ᠡᠷᠢᠬᠦ ᠲᠡᠷᠢᠭᠦᠨ ᠰᠣᠩᠭᠤᠯᠲᠠ ᠮᠥᠨ᠃ | ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ ᠡᠳᠡᠭᠡᠷ ᠲᠡᠭᠦᠰᠬᠦ ᠰᠤᠷᠤᠭᠴᠢᠳ ᠢ | ᠬᠠᠪᠰᠤᠷᠴᠤ ᠡᠷᠲᠡᠬᠡᠨ ᠠᠵᠢᠯ ᠣᠯᠭᠤᠨ᠎ᠠ᠃ | ᠨᠢᠭᠡ ᠪᠦᠯᠦᠭ ᠰᠤᠷᠤᠭᠴᠢᠳ ᠨᠢᠭᠡᠨᠲᠡ ᠰᠤᠷᠭᠠᠭᠤᠯᠢ ᠠᠴᠠ ᠪᠠᠨ ᠰᠠᠯᠵᠤ᠂ ᠬᠡᠰᠡᠭ ᠰᠤᠷᠤᠭᠴᠢᠳ | ᠰᠤᠷᠭᠠᠭᠤᠯᠢ ᠠᠴᠠ ᠪᠠᠨ ᠵᠠᠯᠭᠠᠭ᠎ᠠ ᠪᠠᠷ ᠰᠠᠯᠵᠤ ᠪᠠᠶᠢᠨ᠎ᠠ᠃ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠪᠠᠰᠠ ︽ | ᠲᠠᠰᠤᠷᠠᠯᠲᠠ ᠦᠭᠡᠢ︾ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠵᠤ᠂ ᠲᠡᠭᠦᠰᠬᠦ ᠰᠤᠷᠤᠭᠴᠢᠳ ᠲᠤ | ᠦᠷᠭᠦᠯᠵᠢᠯᠡᠨ ᠬᠠᠨᠳᠤᠯᠭᠠᠲᠤ ᠴᠢᠨᠠᠷᠲᠠᠢ ᠵᠢᠯᠣᠭᠤᠳᠤᠯᠭ᠎ᠠ ᠪᠠ ᠯᠠᠪᠯᠠᠯᠲᠠ ᠬᠠᠩᠭᠠᠵᠤ᠂ ᠡᠯ᠎ᠡ ᠲᠥᠷᠥᠯ ᠤᠨ ᠠᠵᠢᠯ | ᠣᠯᠭᠤᠯᠲᠠ ᠶᠢᠨ ᠭᠠᠷ ᠭᠦᠢᠴᠡᠳᠬᠡᠯ ᠢ ᠬᠠᠮᠵᠢᠨ ᠰᠠᠶᠢᠲᠤᠷ ᠭᠦᠢᠴᠡᠳᠬᠡᠵᠦ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤ ᠪᠠᠷ ᠦᠢᠯᠡᠴᠢᠯᠡᠭᠡ ᠶᠢ ᠦᠷᠭᠦᠯᠵᠢᠯᠡᠭᠦᠯᠬᠦ᠂ ᠠᠵᠢᠯ ᠣᠯᠭᠤᠯᠲᠠ ᠶᠢᠨ ᠳᠠᠳᠤᠯᠭ᠎ᠠ ᠬᠢᠯᠭᠡᠬᠦ᠂ | ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ ᠬᠢᠬᠦ ᠵᠡᠷᠭᠡ ᠠᠵᠢᠯ ᠢ ᠰᠠᠶᠢᠲᠤᠷ ᠬᠢᠵᠦ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠨᠡᠩ ᠭᠦᠢᠴᠡᠳ ᠨᠡᠩ ᠴᠢᠨᠠᠷ ᠰᠠᠶᠢᠲᠠᠢ ᠠᠵᠢᠯ ᠣᠯᠬᠤ ᠶᠢ ᠠᠬᠢᠭᠤᠯᠬᠤ ᠬᠡᠷᠡᠭᠲᠡᠢ᠃ | ᠳᠣᠣᠷ᠎ᠠ ᠣᠷᠣᠯᠭ᠎ᠠ ᠲᠠᠢ ᠭᠡᠷ ᠪᠦᠯᠢ ᠶᠢᠨ ᠲᠡᠭᠦᠰᠬᠦ ᠰᠤᠷᠤᠭᠴᠢᠳ ᠢ ᠬᠡᠷᠬᠢᠨ ᠬᠠᠪᠰᠤᠷᠤᠨ ᠲᠡᠳᠬᠦᠵᠦ ᠠᠵᠢᠯ | ᠣᠯᠭᠤᠬᠤ ᠪᠤᠶ︖ | ᠨᠢᠭᠡ ᠳᠤ᠂ ᠲᠤᠰᠬᠠᠢ ᠵᠦᠢᠯ ᠢᠶᠠᠷ ᠬᠠᠪᠰᠤᠷᠤᠨ ᠲᠡᠳᠬᠦᠨ᠎ᠡ᠃ ᠡᠯ᠎ᠡ ᠭᠠᠵᠠᠷ ᠡᠯ᠎ᠡ ᠳᠡᠭᠡᠳᠦ | ᠰᠤᠷᠭᠠᠭᠤᠯᠢ ᠨᠤᠭᠤᠳ ᠠᠵᠢᠯ ᠣᠯᠭᠤᠯᠲᠠ ᠶᠢᠨ ᠭᠤᠣᠯᠳᠠᠯᠭ᠎ᠠ ᠲᠠᠢ ᠲᠡᠭᠦᠰᠬᠦ ᠰᠤᠷᠤᠭᠴᠢᠳ ᠤᠨ ᠡᠬᠡ ᠲᠠᠩᠰᠠ | ᠪᠠᠶᠢᠭᠤᠯᠵᠤ᠂ ᠶᠠᠳᠠᠭᠤ ᠠᠴᠠ ᠠᠩᠭᠢᠵᠢᠷᠠᠭᠰᠠᠨ ᠭᠡᠷ ᠪᠦᠯᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠲᠠᠢ | ᠭᠡᠷ ᠪᠦᠯᠢ᠂ ᠠᠵᠢᠯ ᠣᠯᠣᠭᠰᠠᠨ ᠬᠥᠮᠥᠨ ᠦᠭᠡᠢ ᠭᠡᠷ ᠪᠦᠯᠢ ᠵᠢᠴᠢ ᠵᠡᠮᠳᠡᠭ ᠰᠤᠷᠤᠭᠴᠢ᠂ ᠪᠠᠰᠠ ᠨᠡᠯᠢᠶᠡᠳ ᠤᠷᠳᠤ | ᠬᠤᠭᠤᠴᠠᠭ᠎ᠠ ᠪᠠᠷ ᠠᠵᠢᠯ ᠣᠯᠣᠭᠠᠳᠤᠢ ᠰᠤᠷᠤᠭᠴᠢᠳ ᠲᠤ ︽ᠨᠢᠭᠡ ᠬᠥᠮᠥᠨ ᠳᠤ ᠨᠢᠭᠡ ᠳᠠᠩᠰᠠ︾᠂ ︽ᠨᠢᠭᠡ | ᠬᠥᠮᠥᠨ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠱᠠᠭᠠᠷᠳᠠᠯᠭ᠎ᠠ ᠶᠣᠰᠣᠭᠠᠷ ᠭᠤᠣᠯᠳᠠᠯᠭ᠎ᠠ ᠲᠠᠢ ᠪᠠᠷ | ᠬᠠᠪᠰᠤᠷᠤᠨ ᠲᠡᠳᠬᠦᠬᠦ ᠠᠵᠢᠯ ᠢ ᠥᠷᠨᠢᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠶᠠᠮᠤᠨ ᠠᠴᠠ ᠪᠠᠰᠠ ᠠᠵᠢᠯ | ᠣᠯᠬᠤ ᠳᠤ ᠬᠦᠴᠢᠷᠲᠡᠢ ᠲᠡᠭᠦᠰᠬᠦ ᠰᠣᠷᠣᠭᠴᠢ ᠨᠢᠭᠡᠪᠦᠷᠢ ᠳᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠨᠠᠷᠢᠯᠢᠭ | ᠣᠨᠣᠴᠠᠲᠠᠢ ᠪᠠᠷ ᠬᠦᠷᠭᠡᠨ ᠥᠭᠴᠦ᠂ ᠨᠠᠭᠠᠲᠤ ᠵᠠᠬ᠎ᠠ ᠳᠤ ᠪᠠᠨ ᠬᠥᠮᠥᠨ ᠨᠢᠭᠡᠪᠦᠷᠢ ᠳᠤ 3 — 5 ᠬᠠᠨᠳᠤᠯᠭᠠᠲᠤ | ᠴᠢᠨᠠᠷᠲᠠᠢ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠬᠦᠷᠭᠡᠨ ᠥᠭᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠭᠰᠠᠨ | ᠪᠠᠶᠢᠨ᠎ᠠ᠃ | ᠬᠤᠶᠠᠷ ᠲᠤ᠂ ᠲᠤᠰᠬᠠᠢ ᠪᠣᠯᠪᠠᠰᠤᠷᠠᠯ ᠬᠦᠷᠲᠡᠭᠡᠨ᠎ᠡ᠃ ᠡᠳ᠋ ᠤᠨ ᠵᠠᠰᠠᠭ ᠤᠨ ᠶᠠᠮᠤᠨ ᠤ ᠳᠡᠮᠵᠢᠯᠭᠡ ᠳᠣᠣᠷ᠎ᠠ᠂ | ᠰᠤᠷᠭᠠᠨ ᠬᠥᠮᠦᠵᠢᠯ ᠤᠨ ᠶᠠᠮᠤᠨ ᠠᠴᠠ ᠣᠲᠣ ᠶᠠᠭ ︽ᠾᠦᠩ ᡁᠢ ᠠᠶᠠᠯᠠᠯ ᠢ ᠲᠤᠰᠠᠯᠠᠬᠤ ᠲᠥᠯᠥᠪᠯᠡᠭᠡ︾ ᠶᠢ | ᠬᠡᠷᠡᠭᠵᠢᠭᠦᠯᠵᠦ᠂ ᠠᠵᠢᠯ ᠣᠯᠬᠤ ᠳᠤ ᠣᠨᠴᠠᠭᠠᠶ ᠬᠦᠴᠢᠷᠲᠡᠢ ᠰᠤᠷᠤᠭᠴᠢᠳ ᠲᠤ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠭᠤᠷᠬᠢ ᠠᠵᠢᠯ ᠣᠯᠬᠤ ᠴᠢᠳᠠᠪᠤᠷᠢ ᠶᠢᠨ ᠪᠣᠯᠪᠠᠰᠤᠷᠠᠯ ᠬᠢᠵᠦ ᠪᠤᠢ᠃ ᠪᠣᠯᠪᠠᠰᠤᠷᠠᠯ ᠤᠨ | ᠳᠤᠮᠳᠠ᠂ ᠪᠠᠭᠰᠢ ᠨᠠᠷ ᠰᠤᠷᠤᠭᠴᠢᠳ ᠤᠨ ᠲᠣᠪᠴᠢ ᠨᠠᠮᠲᠠᠷ ᠢ ᠲᠡᠭᠦᠯᠳᠡᠷᠵᠢᠭᠦᠯᠬᠦ᠂ ᠨᠢᠭᠤᠷᠲᠠᠨ ᠰᠢᠯᠭᠠᠬᠤ ᠶᠢ | ᠵᠢᠯᠣᠭᠤᠳᠬᠤ᠂ ᠠᠵᠤ ᠠᠬᠤᠶᠢᠯᠠᠯ ᠲᠠᠢ ᠥᠷᠭᠡᠨ ᠢᠶᠠᠷ ᠬᠠᠷᠢᠯᠴᠠᠵᠤ ᠰᠤᠷᠤᠭᠴᠢᠳ ᠢ ᠭᠤᠣᠯᠳᠠᠯᠭ᠎ᠠ ᠲᠠᠢ | ᠲᠠᠨᠢᠯᠴᠠᠭᠤᠯᠬᠤ᠂ ᠰᠤᠷᠤᠭᠴᠢᠳ ᠢ ᠰᠤᠷᠭᠠᠭᠤᠯᠢ ᠶᠢᠨ ᠬᠦᠷᠢᠶᠡᠨ ᠠᠴᠠ ᠭᠠᠷᠭᠠᠵᠤ ᠠᠵᠤ ᠠᠬᠤᠶᠢᠯᠠᠯ ᠲᠠᠢ ᠨᠢᠭᠤᠷᠲᠠᠨ | ᠰᠣᠯᠢᠯᠴᠠᠭᠤᠯᠬᠤ᠂ ᠳᠠᠳᠤᠯᠭ᠎ᠠ ᠶᠢᠨ ᠦᠢᠯᠡᠳᠦᠯᠭᠡ ᠪᠠᠷ ᠳᠠᠮᠵᠢᠭᠤᠯᠤᠨ ᠰᠤᠷᠤᠭᠴᠢᠳ ᠢ ᠬᠠᠪᠰᠤᠷᠤᠨ ᠠᠵᠢᠯ ᠣᠯᠬᠤ | ᠴᠢᠳᠠᠪᠤᠷᠢ ᠶᠢ ᠨᠢ ᠳᠡᠭᠡᠭᠰᠢᠯᠡᠭᠦᠯᠬᠦ ᠵᠡᠷᠭᠡ ᠦᠢᠯᠡᠴᠢᠯᠡᠭᠡ ᠬᠠᠩᠭᠠᠬᠤ ᠪᠠᠷ ᠪᠤᠢ᠃ | ᠭᠤᠷᠪᠠ ᠳᠤ᠂ ᠲᠤᠰᠬᠠᠢ ᠲᠠᠯᠠᠪᠤᠷ ᠤᠨ ᠤᠷᠢᠵᠤ ᠡᠯᠰᠡᠬᠦ ᠠᠵᠢᠯᠯᠠᠭ᠎ᠠ ᠥᠷᠨᠢᠭᠦᠯᠦᠨ᠎ᠡ᠃ ᠰᠤᠷᠭᠠᠨ | ᠬᠥᠮᠦᠵᠢᠯ ᠤᠨ ᠶᠠᠮᠤᠨ ᠠᠴᠠ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ᠂ ᠳᠤᠮᠳᠠᠳᠤ ᠤᠯᠤᠰ ᠤᠨ ᠪᠠᠩᠬᠢ᠂ | ᠳᠤᠮᠳᠠᠳᠤ ᠤᠯᠤᠰ ᠤᠨ ᠵᠠᠯᠠᠭᠤᠴᠤᠳ ᠤᠨ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠰᠠᠭᠤᠷᠢ ᠮᠥᠩᠭᠦ ᠲᠠᠢ | ᠬᠠᠮᠲᠤᠷᠠᠨ ︽ᠾᠦᠩ ᡁᠢ ᠠᠶᠠᠯᠠᠯ ᠢ ᠲᠤᠰᠠᠯᠠᠬᠤ︾ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠲᠤᠰᠬᠠᠢ | ᠠᠵᠢᠯᠯᠠᠭ᠎ᠠ ᠶᠢ ᠡᠷᠭᠢᠯᠡᠵᠦ᠂ ᠨᠢᠭᠡᠨᠲᠡ 13.2 ᠲᠦᠮᠡᠨ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ ᠡᠯ᠎ᠡ ᠭᠠᠵᠠᠷ | ᠣᠷᠣᠨ ᠡᠯ᠎ᠡ ᠳᠡᠭᠡᠳᠦ ᠰᠤᠷᠭᠠᠭᠤᠯᠢ ᠨᠤᠭᠤᠳ ᠪᠠᠰᠠ ᠲᠤᠰᠬᠠᠢ ᠠᠵᠢᠯᠲᠠᠨ ᠡᠯᠰᠡᠬᠦ ᠠᠵᠢᠯᠯᠠᠭ᠎ᠠ ᠶᠢ ᠬᠠᠨᠳᠤᠯᠭᠠᠲᠤ | ᠴᠢᠨᠠᠷᠲᠠᠢ ᠪᠠᠷ ᠵᠣᠬᠢᠶᠠᠨ ᠪᠠᠶᠢᠭᠤᠯᠪᠠ᠃ ᠡᠭᠦᠨ ᠠᠴᠠ ᠭᠠᠳᠠᠨ᠎ᠠ᠂ ᠬᠢᠵᠢᠭ ᠤᠨ ᠪᠠᠶᠢᠳᠠᠯ ᠤᠨ ᠨᠥᠯᠥᠭᠡ ᠶᠢ ᠬᠦᠨᠳᠦ | ᠨᠣᠴᠢᠲᠠᠢ ᠬᠦᠷᠲᠡᠭᠰᠡᠨ ᠭᠠᠵᠠᠷ ᠣᠷᠣᠨ ᠳᠤ ᠴᠢᠭᠯᠡᠭᠦᠯᠦᠨ᠂ ᠱᠠᠨᠰᠢ᠂ ᠭᠢᠷᠢᠨ᠂ ᠱᠠᠩᠬᠠᠢ ᠶᠢᠨ ᠲᠤᠰᠬᠠᠢ ᠠᠵᠢᠯᠲᠠᠨ | ᠡᠯᠰᠡᠬᠦ ᠠᠵᠢᠯᠯᠠᠭ᠎ᠠ ᠶᠢ ᠡᠷᠭᠢᠯᠡᠵᠦ᠂ ᠨᠡᠶᠢᠲᠡ 29.9 ᠲᠦᠮᠡᠨ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ |