ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 18 ᠤ ᠴᠠᠬᠢᠯᠭᠠᠨ ᠮᠡᠳᠡᠭᠡ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 6 ᠰᠠᠷ᠎ᠠ ᠶᠢᠨ 17 ᠤ ᠦᠳᠡ ᠶᠢᠨ ᠬᠤᠶᠢᠨ᠎ᠠ ᠢᠯᠵᠠᠷᠠᠬᠤ ᠠᠴᠠ | ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ | ᠠᠬᠢᠭᠤᠯᠬᠤ ᠲᠤᠬᠠᠢ ᠳᠥᠴᠢᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ | ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠬᠦ ᠳᠡᠭᠡᠨ᠂ | ᠢᠯᠵᠠᠷᠠᠯ ᠢ ᠡᠰᠡᠷᠭᠦᠴᠡᠬᠦ ᠲᠡᠮᠡᠴᠡᠯ ᠪᠣᠯ ᠠᠷᠠᠳ ᠤᠨ ᠰᠡᠳᠭᠢᠯ ᠭᠡᠬᠦ ᠡᠨᠡ ᠬᠦ ᠬᠠᠮᠤᠭ ᠤᠨ ᠶᠡᠭᠡ ᠤᠯᠤᠰ ᠲᠥᠷᠥ | ᠲᠠᠢ ᠬᠤᠯᠪᠤᠭᠳᠠᠬᠤ᠂ ᠨᠢᠭᠡ ᠤᠳᠠᠭᠠᠨ ᠤ ᠢᠯᠠᠭᠳᠠᠵᠤ ᠪᠣᠯᠤᠰᠢ ᠦᠭᠡᠶ ᠪᠥᠭᠡᠳ ᠶᠠᠭᠠᠬᠢᠭᠰᠡᠨ ᠴᠤ ᠢᠯᠠᠭᠳᠠᠵᠤ | ᠪᠣᠯᠬᠤ ᠦᠭᠡᠶ ᠴᠢᠬᠤᠯᠠ ᠶᠡᠭᠡ ᠤᠯᠤᠰ ᠲᠥᠷᠥ ᠶᠢᠨ ᠲᠡᠮᠡᠴᠡᠯ ᠮᠥᠨ᠃ ᠰᠢᠨ᠎ᠡ ᠪᠠᠶᠢᠳᠠᠯ ᠳᠣᠣᠷᠠᠬᠢ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠡᠯ ᠢ ᠡᠰᠡᠷᠭᠦᠴᠡᠬᠦ ᠲᠡᠮᠡᠴᠡᠯ ᠤᠨ ᠲᠤᠬᠠᠢ ᠲᠠᠨᠢᠯᠲᠠ ᠪᠠᠨ | ᠭᠦᠨᠵᠡᠭᠡᠶᠢᠷᠡᠭᠦᠯᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ | ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠵᠦ᠂ | ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠤᠭᠤᠮᠲᠠ ᠰᠢᠪᠲᠤᠯᠬᠤ ᠲᠠᠶᠢᠯᠠᠯᠳᠤᠭᠠᠨ᠂ ᠤᠳᠠᠭᠠᠨ ᠳᠠᠭᠠᠭᠠᠮᠠᠭᠠᠢ | ᠲᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠲᠡᠮᠡᠴᠡᠨ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠬᠡᠷᠡᠭ ᠢ | ᠬᠢᠨᠠᠨ ᠬᠠᠮᠢᠶᠠᠷᠬᠤ ᠲᠠᠰᠤᠭ ᠤᠨ ᠡᠷᠬᠢᠯᠡᠭᠴᠢ ᠯᠢᠦ ᠮᠧᠶ ᠫᠢᠨ ᠡᠨᠡ ᠠᠰᠠᠭᠤᠳᠠᠯ ᠤᠨ ᠲᠤᠬᠠᠶ ᠲᠠᠶᠢᠯᠤᠮᠵᠢ ᠬᠢᠵᠦ᠂ | ᠠᠵᠢᠯ ᠤᠨ ᠰᠠᠨᠠᠭᠤᠯᠭ᠎ᠠ ᠳᠤᠷᠠᠳᠪᠠ᠃ ᠲᠥᠪ ᠤᠨ ᠤᠯᠤᠰ ᠲᠦᠷᠦ ᠶᠢᠨ ᠲᠣᠪᠴᠢᠶᠠᠨ ᠤ ᠨᠥᠬᠦᠳ ᠲᠠᠶᠢᠯᠤᠮᠵᠢ ᠶᠢ | ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠭ᠎ᠠ ᠦᠷᠨᠢᠭᠦᠯᠵᠡᠢ᠃ ᠰᠢ ᠶᠢᠨ ᠫᠢᠩ ᠰᠤᠷᠤᠯᠴᠠᠯᠭ᠎ᠠ ᠶᠢ | ᠡᠷᠬᠢᠯᠡᠬᠦ ᠳᠡᠭᠡᠨ ᠴᠢᠬᠤᠯᠠ ᠶᠠᠷᠢᠶ᠎ᠠ ᠲᠠᠯᠪᠢᠪᠠ᠃ ᠲᠡᠷᠡ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ | ᠪᠣᠯ ᠨᠠᠮ ᠤᠨ ᠵᠠᠭᠤᠨ ᠵᠢᠯ ᠤᠨ ᠲᠡᠮᠡᠴᠡᠯ ᠤᠨ ᠲᠤᠮᠳᠠ ᠬᠥᠮᠤᠵᠢᠬᠦᠯᠦᠭᠰᠡᠨ ᠢᠯᠡ ᠲᠣᠳᠣ ᠵᠠᠩ ᠰᠤᠷᠲᠡᠯ ᠪᠣᠯᠤᠨ᠎ᠠ᠃ | ᠡᠯ᠎ᠡ ᠲᠡᠦᠬᠡᠨ ᠴᠠᠭ ᠦᠶ᠎ᠡ ᠳᠤ᠂ ᠮᠠᠨ ᠤ ᠨᠠᠮ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠶᠢ ᠪᠠᠷᠢᠮᠲᠠᠯᠠᠪᠠ᠃ | ᠰᠢᠨ᠎ᠡ ᠴᠠᠭ ᠦᠶ᠎ᠡ ᠳᠤ ᠤᠷᠤᠬᠰᠠᠨ ᠤ ᠲᠠᠷᠠᠭ᠎ᠠ᠂ ᠪᠢᠳᠠ ᠢᠯᠵᠠᠷᠡᠯ ᠢ ᠡᠰᠡᠷᠭᠦᠴᠡᠬᠦ ᠲᠡᠮᠡᠴᠡᠯ ᠢ ᠠᠬᠢᠭᠤᠯᠬᠤ ᠲᠤᠬᠠᠢ | ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠳᠤᠷᠠᠳᠴᠤ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠲᠠ ᠳᠤ ᠣᠷᠣᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠤ ᠲᠦᠰᠢᠭᠯᠡᠨ ᠲᠡᠦᠬᠡ ᠶᠢᠨ | ᠦᠶᠡᠯᠡᠯ ᠠᠴᠠ ᠮᠤᠯᠲᠤᠷᠠᠭᠰᠡᠨ ᠪᠦᠲᠦᠮᠵᠢᠲᠡᠢ ᠠᠷᠭ᠎ᠠ ᠵᠠᠮ ᠢ ᠰᠦᠪᠡᠭᠴᠢᠯᠡᠪᠡ᠃ ᠨᠠᠮ ᠤᠷᠢᠳ ᠡᠮᠦᠨ᠎ᠡ ᠪᠠᠶᠢᠭ᠎ᠠ | ᠦᠭᠡᠢ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠲᠡᠮᠡᠴᠡᠯ ᠢᠶᠠᠷ ᠳᠠᠮᠵᠢᠭᠤᠯᠤᠨ᠂ ᠠᠷᠠᠳ | ᠤᠯᠠᠨ ᠯᠤᠭ᠎ᠠ ᠶᠢᠨ ᠰᠠᠯᠵᠤ ᠪᠣᠯᠤᠰᠢ ᠦᠭᠡᠢ ᠬᠠᠷᠢᠴᠠᠭ᠎ᠠ ᠶᠢ ᠪᠠᠲᠤᠯᠠᠬᠤ᠂ ᠠᠷᠠᠳ ᠲᠦᠮᠡᠨ ᠴᠢᠩ | ᠰᠡᠳᠭᠢᠯ ᠠᠴᠠ ᠪᠠᠨ ᠬᠦᠷᠢᠶᠡᠯᠡᠬᠦ ᠲᠡᠦᠬᠡᠨ ᠰᠠᠨᠠᠭᠠᠴᠢᠯᠠᠭᠠᠲᠤ ᠡᠷᠬᠡ ᠶᠢ ᠣᠯᠵᠤ᠂ ᠪᠦᠬᠦ ᠨᠠᠮ ᠤᠨ ᠳᠡᠭᠡᠳᠦ | ᠬᠡᠮᠵᠢᠶᠡᠨ ᠤ ᠪᠦᠯᠬᠦᠮᠳᠡᠯ ᠨᠢᠭᠡᠳᠦᠯ᠂ ᠴᠠᠭ ᠦᠶ᠎ᠡ ᠶᠢᠨ ᠡᠮᠦᠨ᠎ᠡ ᠡᠩᠨᠡᠭᠡᠨ ᠳᠤ ᠬᠤᠰᠢᠭᠤᠷᠠᠬᠤ᠂ ᠠᠷᠠᠳ ᠲᠦᠮᠡᠨ ᠢ | ᠳᠠᠭᠠᠭᠤᠯᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠲᠡᠦᠬᠡᠨ | ᠰᠠᠨᠠᠭᠠᠴᠢᠯᠠᠭᠠᠲᠤ ᠡᠷᠬᠡ ᠶᠢ ᠣᠯᠤᠭᠰᠠᠨ ᠪᠠᠶᠢᠨ᠎ᠠ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠠ ᠢᠯᠵᠠᠷᠡᠯ ᠢ | ᠡᠰᠡᠷᠭᠦᠴᠡᠬᠦ ᠲᠡᠮᠡᠴᠡᠯ ᠳᠤᠮᠳᠠ ᠢᠯᠡᠳᠲᠡ ᠦᠷ᠎ᠡ ᠪᠦᠲᠦᠮᠵᠢ ᠣᠯᠵᠤ᠂ ᠴᠢᠬᠤᠯᠠ ᠲᠤᠷᠰᠢᠯᠭ᠎ᠠ ᠬᠤᠷᠠᠮᠳᠤᠭᠤᠯᠵᠠᠢ᠃ | ᠨᠢᠭᠡ ᠳᠤ᠂ ᠨᠠᠮ ᠤᠨ ᠪᠦᠬᠦ ᠲᠠᠯ᠎ᠠ ᠪᠠᠷ ᠤᠳᠤᠷᠢᠳᠤᠭᠰᠠᠨ ᠢᠯᠵᠠᠷᠡᠯ ᠢ ᠡᠰᠡᠷᠭᠦᠴᠡᠬᠦ ᠠᠵᠢᠯ ᠤᠨ ᠪᠠᠶᠢᠷᠢᠰᠢᠯ ᠢ | ᠪᠠᠶᠢᠭᠤᠯᠵᠤ᠂ ᠨᠠᠮ ᠤᠨ ᠲᠥᠪ ᠬᠤᠷᠢᠶ᠎ᠠ ᠨᠢᠭᠡᠳᠦᠯᠲᠡᠢ ᠤᠳᠤᠷᠢᠳᠤᠭᠰᠠᠨ᠂ ᠡᠯ᠎ᠡ ᠱᠠᠲᠤᠨ ᠤ ᠨᠠᠮ ᠤᠨ ᠬᠤᠷᠢᠶ᠎ᠠ | ᠨᠢᠭᠡᠳᠦᠯᠲᠡᠢ ᠲᠥᠯᠥᠪᠵᠢᠭᠦᠯᠦᠨ ᠵᠢᠯᠣᠭᠤᠳᠤᠭᠰᠠᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠵᠣᠬᠢᠶᠠᠨ ᠪᠠᠶᠢᠭᠤᠯᠤᠨ ᠵᠣᠬᠢᠴᠠᠭᠤᠯᠤᠭᠰᠠᠨ᠂ ᠡᠭᠦᠷᠭᠡ ᠲᠤᠰᠢᠶᠠᠯᠳᠤ ᠰᠠᠯᠠᠭ᠎ᠠ ᠮᠥᠴᠢᠷ ᠥᠨᠳᠥᠷ | ᠪᠦᠲᠦᠮᠵᠢᠲᠡᠢ ᠬᠠᠮᠵᠢᠯᠴᠠᠭᠰᠠᠨ᠂ ᠠᠷᠠᠳ ᠤᠯᠠᠨ ᠣᠷᠣᠯᠴᠠᠨ ᠳᠡᠮᠵᠢᠭᠰᠡᠨ ᠢᠯᠵᠠᠷᠡᠯ ᠢ ᠡᠰᠡᠷᠭᠦᠴᠡᠬᠦ ᠠᠵᠢᠯ ᠤᠨ | ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠪᠡ᠃ ᠬᠤᠶᠠᠷ ᠲᠤ᠂ ᠦᠡᠭᠭᠡᠨ ᠲᠠᠯ᠎ᠠ ᠠᠴᠠ ᠨᠢ ᠵᠠᠰᠠᠬᠤ ᠠᠴᠠ | ᠭᠠᠷᠳᠠᠵᠤ᠂ ᠦᠨᠳᠦᠰᠦᠨ ᠠᠴᠠ ᠨᠢ ᠵᠠᠰᠠᠬᠤ ᠶᠢ ᠦᠡᠭᠭᠡᠨ ᠲᠠᠯ᠎ᠠ ᠠᠴᠠ ᠨᠢ ᠵᠠᠰᠠᠬᠤ ᠲᠤᠮᠳᠠ ᠠᠭᠤᠰᠬᠠᠵᠤ᠂ | ᠨᠠᠮ ᠤᠨ ᠭᠡᠰᠢᠭᠦᠨ ᠺᠠᠳ᠋ᠷᠴᠤᠳ ᠢ ᠪᠢᠰᠢᠷᠡᠨ ᠡᠮᠢᠶᠡᠬᠦ ᠠᠴᠠ ᠪᠤᠯᠵᠤ ︽ᠵᠢᠷᠦᠬᠡᠰᠢᠶᠡᠬᠦ︾᠂ ᠲᠦᠷᠢᠮ ᠪᠠᠶᠢᠬᠤ ᠠᠴᠠ | ᠪᠤᠯᠵᠤ ︽ᠪᠤᠯᠬᠤ ᠦᠭᠡᠢ︾᠂ ᠤᠬᠠᠮᠰᠠᠷ ᠲᠠᠢ ᠠᠴᠠ ᠪᠤᠯᠵᠤ ︽ᠪᠤᠳᠤᠬᠤ ᠦᠭᠡᠢ︾ ᠪᠤᠯᠪᠠ᠃ ᠭᠤᠷᠪᠠ ᠳᠤ᠂ | ᠢᠮᠠᠭᠲᠠ ᠴᠢᠩᠭ᠎ᠠ ᠪᠠᠶᠢᠬᠤ ᠭᠤᠣᠯ ᠬᠦᠭ ᠠᠶᠠᠰ ᠢ ᠭᠤᠶᠢᠪᠢᠰᠢ ᠦᠭᠡᠢ ᠪᠠᠷᠢᠮᠲᠠᠯᠠᠵᠤ᠂ ᠤᠬᠳᠤ ᠠᠭᠤᠴᠢᠯᠠᠬᠤ | ᠦᠭᠡᠢ ᠣᠪᠣᠷ ᠢᠶᠠᠷ ᠢᠯᠵᠠᠷᠡᠯ ᠢ ᠵᠠᠯᠬᠠᠭᠠᠨ ᠰᠢᠢᠳᠭᠡᠵᠦ᠂ ᠢᠯᠵᠠᠷᠠᠯ ᠤᠨ ᠨᠡᠮᠡᠭᠳᠡᠯ ᠢ ᠡᠷᠡᠰ ᠬᠤᠷᠢᠭᠯᠠᠵᠤ᠂ | ᠦᠯᠡᠳᠡᠭᠳᠡᠯ ᠢᠯᠵᠠᠷᠠᠯ ᠤᠨ ᠠᠰᠠᠭᠤᠳᠠᠯ ᠢ ᠡᠷᠡᠰ ᠪᠠᠭᠠᠰᠬᠠᠵᠤ᠂ ᠨᠠᠮ ᠤᠨ ᠤᠨᠤᠯ ᠪᠣᠯᠤᠨ ᠱᠤᠭᠤᠮ ᠴᠢᠭᠯᠡᠯᠲᠡ | ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠬᠠᠷᠰᠢᠯᠠᠵᠤ ᠪᠠᠶᠢᠬᠤ᠂ ᠨᠠᠮ ᠤᠨ ᠲᠦᠷᠦ ᠪᠠᠷᠢᠬᠤ | ᠰᠠᠭᠤᠷᠢ ᠶᠢ ᠬᠦᠨᠳᠦ ᠨᠣᠴᠢᠲᠠᠢ ᠬᠤᠬᠢᠷᠠᠭᠤᠯᠵᠤ ᠪᠠᠶᠢᠬᠤ ᠢᠯᠵᠠᠷᠡᠯ ᠤᠨ ᠠᠰᠠᠭᠤᠳᠠᠯ ᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠨᠠᠮ ᠢ ᠢᠯᠡ ᠪᠠᠷ ᠲᠠᠭᠠᠵᠤ ᠳᠠᠯᠳᠠᠭᠤᠷ ᠵᠥᠷᠢᠴᠡᠬᠦ ᠬᠤᠶᠠᠷ ᠨᠢᠭᠤᠷᠲᠠᠨ᠂ ᠰᠠᠨᠠᠭ᠎ᠠ ᠪᠠᠨ | ᠬᠤᠷᠢᠶᠠᠬᠤ ᠦᠭᠡᠢ ᠭᠠᠷ ᠢᠶᠠᠨ ᠲᠠᠲᠠᠬᠤ ᠦᠭᠡᠢ ᠢᠯᠵᠠᠷᠠᠮᠠᠯ ᠡᠲᠡᠭᠡᠳ ᠢ ᠡᠷᠡᠰ ᠴᠡᠪᠡᠷᠯᠡᠨ ᠠᠷᠢᠯᠭᠠᠵᠤ᠂ | ᠭᠤᠣᠯᠳᠠᠯᠭ᠎ᠠ ᠲᠠᠢ ᠬᠦᠷᠢᠶᠡᠨ ᠳᠠᠬᠢ ᠢᠯᠵᠠᠷᠡᠯ ᠢ ᠡᠰᠡᠷᠭᠦᠴᠡᠬᠦ ᠠᠵᠢᠯ ᠢ ᠭᠦᠨᠵᠡᠭᠡᠶᠢᠷᠡᠭᠦᠯᠵᠦ᠂ ᠣᠪᠣᠷ ᠬᠤᠪᠢᠷᠠᠬᠤ | ᠦᠭᠡᠢ᠂ ᠵᠣᠷᠢᠭ ᠮᠣᠬᠤᠬᠤ ᠦᠭᠡᠢ᠂ ᠪᠠᠷᠢᠮᠵᠢᠶ᠎ᠠ ᠰᠤᠯᠠᠷᠠᠬᠤ ᠥᠭᠡᠢ ᠪᠤᠯᠪᠠ᠃ ᠲᠦᠷᠪᠡ ᠳᠤ᠂ ᠢᠯᠵᠠᠷᠡᠯ ᠢ | ᠰᠡᠷᠭᠡᠶᠢᠯᠡᠨ ᠵᠠᠰᠠᠬᠤ ᠲᠦᠷᠢᠮ ᠢ ᠴᠢᠩᠳᠠᠯᠠᠵᠤ᠂ ᠨᠢᠭᠡ ᠢᠵᠢ ᠨᠡᠯᠢᠶᠡᠳ ᠲᠡᠭᠦᠯᠳᠡᠷᠵᠢᠭᠰᠡᠨ ᠨᠠᠮ ᠤᠨ | ᠳᠣᠲᠣᠭᠠᠳᠤ ᠶᠢᠨ ᠬᠠᠤᠯᠢ ᠲᠦᠷᠢᠮ ᠤᠨ ᠰᠢᠰᠲ᠋ᠧᠮ ᠪᠣᠯᠤᠨ ᠢᠯᠵᠠᠷᠡᠯ ᠢ ᠡᠰᠡᠷᠭᠦᠴᠡᠬᠦ ᠬᠠᠤᠯᠢ ᠴᠠᠭᠠᠵᠠ ᠶᠢᠨ | ᠰᠢᠰᠲ᠋ᠧᠮ ᠢ ᠪᠦᠷᠢᠯᠳᠦᠭᠦᠯᠵᠦ᠂ ᠲᠦᠷᠢᠮ ᠤᠨ ᠬᠠᠳᠠᠨ ᠴᠢᠨᠠᠷ ᠢ ᠴᠢᠩᠭᠠᠳᠬᠠᠵᠤ᠂ ︽ᠡᠪᠳᠡᠷᠬᠡᠢ ᠴᠣᠩᠬᠤ ᠶᠢᠨ | ᠨᠦᠯᠦᠭᠡᠯᠡᠯ︾ ᠢ ᠰᠡᠷᠭᠡᠶᠢᠯᠡᠵᠦ᠂ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠶᠢ ᠤᠶᠠᠯᠳᠤᠭᠤᠯᠵᠤ᠂ | ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠴᠢᠩᠭᠠᠳᠬᠠᠵᠤ᠂ ᠡᠯ᠎ᠡ ᠵᠦᠢᠯ ᠤᠨ ᠬᠠᠤᠯᠢ ᠲᠦᠷᠢᠮ ᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠪᠠ᠃ ᠲᠠᠪᠤ ᠳᠤ᠂ ᠢᠯᠵᠠᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ | ᠰᠠᠨᠠᠭᠠᠨ ᠤ ᠬᠠᠰᠢᠯᠭ᠎ᠠ ᠶᠢ ᠪᠠᠶᠢᠭᠤᠯᠵᠤ᠂ ᠬᠦᠰᠡᠯᠡᠩ ᠢᠲᠡᠭᠡᠯ ᠪᠢᠰᠢᠷᠡᠯ ᠢᠶᠠᠷ ᠰᠠᠭᠤᠷᠢ ᠶᠢ ᠪᠠᠳᠤᠳᠬᠠᠨ | ᠦᠨᠳᠦᠰᠦ ᠶᠢ ᠪᠠᠬᠢᠵᠢᠭᠦᠯᠵᠦ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠪᠦᠬᠦ ᠨᠠᠮ ᠢ ᠵᠡᠪᠰᠡᠭᠯᠡᠵᠦ᠂ | ᠰᠢᠯᠢᠳᠡᠭ ᠤᠯᠠᠮᠵᠢᠯᠠᠯᠲᠤ ᠰᠣᠶᠣᠯ ᠢᠶᠠᠷ ᠶᠣᠰᠣ ᠰᠤᠷᠲᠠᠬᠤᠨ ᠢ ᠲᠥᠪ ᠪᠣᠯᠭᠠᠵᠤ᠂ ᠤᠶᠤᠨ ᠰᠠᠨᠠᠭᠠᠨ ᠤ ︽ᠺᠠᠯᠼ︾ | ᠢ ᠭᠦᠢᠴᠡᠳ ᠨᠥᠬᠦᠪᠥᠷᠢᠯᠡᠵᠦ᠂ ᠦᠵᠡᠯ ᠰᠠᠨᠠᠭᠠᠨ ᠤ ︽ᠰᠦᠭ ᠰᠦᠨᠡᠰᠦ︾ ᠶᠢ ᠪᠠᠲᠤ ᠴᠣᠭᠴᠠᠯᠠᠵᠤ᠂ ᠦᠵᠡᠯ | ᠰᠠᠨᠠᠭ᠎ᠠ ᠶᠣᠰᠣ ᠰᠤᠷᠲᠠᠬᠤᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃ ᠵᠢᠷᠭᠤᠭ᠎ᠠ ᠳᠤ᠂ ᠡᠷᠬᠡ ᠶᠢ | ᠬᠡᠷᠡᠭᠵᠢᠬᠦᠯᠬᠦ ᠶᠢ ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ | ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ᠂ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠶᠢ ᠪᠦᠬᠦᠨ ᠢ | ᠪᠦᠷᠬᠦᠭᠦᠯᠬᠦ᠂ ᠠᠯᠪᠠᠨ ᠲᠤᠰᠢᠶᠠᠯᠲᠠᠨ ᠢ ᠬᠢᠨᠠᠨ ᠪᠠᠶᠢᠴᠠᠭᠠᠬᠤ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠤ᠂ | ᠨᠠᠮ ᠤᠨ ᠲᠤᠰ ᠪᠡᠶ᠎ᠡ ᠶᠢᠨ ᠬᠢᠨᠠᠯᠲᠠ ᠪᠠ ᠤᠯᠠᠨ ᠲᠦᠮᠡᠨ ᠤ ᠬᠢᠨᠠᠯᠲᠠ ᠶᠢ ᠴᠢᠩᠭᠠᠳᠬᠠᠨ᠂ ᠠᠰᠠᠭᠤᠳᠠᠯ ᠢ | ᠢᠯᠡᠷᠡᠭᠦᠯᠬᠦ᠂ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠲᠦᠷᠢᠮ ᠢ | ᠲᠡᠭᠦᠯᠳᠡᠷᠵᠢᠭᠦᠯᠬᠦ ᠶᠢ ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠡᠷᠬᠡ ᠪᠠᠨ ᠲᠥᠪ ᠭᠤᠣᠯᠴᠢ ᠪᠠᠷ | ᠬᠡᠷᠡᠭᠯᠡᠬᠦ᠂ ᠡᠷᠬᠡ ᠪᠠᠨ ᠬᠠᠤᠯᠢ ᠶᠤᠰᠤᠭᠠᠷ ᠬᠡᠷᠡᠭᠯᠡᠬᠦ᠂ ᠡᠷᠬᠡ ᠪᠠᠨ ᠠᠷᠢᠭᠤᠨ ᠴᠢᠭᠡᠴᠢ ᠪᠠᠷ ᠬᠡᠷᠡᠭᠯᠡᠬᠦ᠂ ᠡᠷᠬᠡ ᠪᠠᠨ | ᠠᠷᠠᠳ ᠤᠨ ᠲᠦᠯᠦᠭᠡ ᠬᠡᠷᠡᠭᠯᠡᠬᠦ ᠶᠢ ᠬᠥᠮᠦᠵᠢᠭᠦᠯᠵᠦ ᠬᠥᠳᠤᠯᠤᠨ ᠵᠢᠯᠣᠭᠤᠳᠴᠠᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠢᠯᠵᠠᠷᠡᠯ ᠪᠣᠯ ᠨᠠᠮ ᠤᠨ ᠳᠣᠲᠣᠭᠠᠳᠤ ᠶᠢᠨ ᠡᠯ᠎ᠡ ᠵᠦᠢᠯ ᠤᠨ ᠨᠠᠵᠠᠭᠠᠢ ᠬᠦᠴᠦᠨ ᠵᠦᠢᠯ | ᠤᠷᠳᠤ ᠬᠤᠭᠤᠴᠠᠭ᠎ᠠ ᠪᠠᠷ ᠬᠤᠷᠠᠮᠳᠤᠵᠤ᠂ ᠦᠷᠭᠦᠯᠵᠢᠯᠡᠨ ᠬᠡᠴᠡᠭᠦᠳᠡᠭᠰᠡᠨ ᠤ ᠢᠯᠡᠷᠡᠯ ᠮᠥᠨ᠂ ᠢᠯᠵᠠᠷᠡᠯ ᠢ | ᠡᠰᠡᠷᠭᠦᠴᠡᠬᠦ ᠪᠣᠯ ᠨᠠᠮ ᠤᠨ ᠲᠡᠷᠢᠭᠦᠨ ᠤ ᠴᠢᠨᠠᠷ ᠢ ᠰᠤᠯᠠᠷᠠᠭᠤᠯᠬᠤ᠂ ᠨᠠᠮ ᠤᠨ ᠴᠡᠪᠡᠷ ᠴᠢᠨᠠᠷ ᠢ ᠬᠤᠬᠢᠷᠠᠭᠤᠯᠬᠤ ᠡᠯ᠎ᠡ | ᠵᠦᠢᠯ ᠤᠨ ᠡᠪᠡᠳᠴᠢᠨ ᠡᠭᠦᠰᠭᠡᠭᠴᠢ ᠲᠠᠢ ᠲᠡᠮᠡᠴᠡᠯ ᠬᠢᠬᠦ ᠶᠠᠪᠤᠳᠠᠯ ᠪᠣᠯᠤᠨ᠎ᠠ᠃ ᠡᠨᠡ ᠬᠦ ᠲᠡᠮᠡᠴᠡᠯ ᠨᠢ ᠲᠦᠢᠯ ᠤᠨ | ᠪᠤᠳᠤᠯᠢᠶᠠᠨᠲᠠᠢ᠂ ᠲᠦᠢᠯ ᠤᠨ ᠬᠠᠲᠠᠭᠤ ᠪᠡᠷᠬᠡᠰᠢᠶᠡᠯᠲᠡᠢ ᠪᠠᠶᠢᠵᠤ᠂ ᠥᠴᠦᠬᠡᠨ ᠴᠦ ᠨᠠᠶᠢᠷ ᠲᠠᠯᠪᠢᠵᠤ ᠢᠯᠳᠡᠷ | ᠬᠠᠶᠠᠵᠤ ᠪᠣᠯᠬᠤ ᠦᠭᠡᠢ᠂ ᠡᠷᠬᠡᠪᠰᠢ ᠠᠰᠠᠭᠤᠳᠠᠯ ᠳᠤ ᠵᠥᠪ ᠢᠶᠠᠷ ᠬᠠᠨᠳᠤᠬᠤ ᠰᠥᠰᠥ ᠵᠣᠷᠢᠭ ᠪᠠ ᠬᠢᠳᠤᠭᠠᠨ ᠢᠷ ᠢ | ᠳᠣᠲᠣᠭᠰᠢ ᠪᠠᠨ ᠬᠠᠨᠳᠤᠭᠤᠯᠬᠤ ᠪᠠᠳᠤ ᠵᠤᠭᠰᠤᠯᠳᠠ ᠶᠢ ᠢᠮᠠᠭᠲᠠ ᠪᠠᠷᠢᠮᠲᠠᠯᠠᠵᠤ᠂ ᠬᠤᠣᠷᠲᠤ ᠬᠠᠪᠤᠳᠠᠷ ᠢ ᠡᠷᠡᠰ | ᠠᠷᠢᠯᠭᠠᠨ᠂ ᠬᠤᠣᠷ ᠤᠨ ᠡᠬᠢ ᠰᠤᠷᠪᠤᠯᠵᠢ ᠶᠢ ᠠᠷᠢᠯᠭᠠᠵᠤ᠂ ᠬᠠᠯᠳᠠᠪᠤᠷᠢᠳᠤ ᠬᠤᠣᠷ ᠢ ᠴᠡᠪᠡᠷᠯᠡᠨ ᠠᠷᠢᠯᠭᠠᠵᠤ᠂ | ᠨᠠᠮ ᠤᠨ ᠥᠨᠢᠳᠡ ᠴᠢᠨᠡᠷ ᠦᠯᠦ ᠬᠤᠪᠢᠷᠠᠬᠤ ᠪᠠᠷ ᠬᠤᠪᠢᠰᠬᠠᠯ ᠤᠨ ᠲᠦᠷᠦ ᠵᠠᠰᠠᠭ ᠤᠨ ᠥᠨᠢᠳᠡ ᠦᠯᠦ | ᠬᠤᠪᠢᠷᠠᠬᠤ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃ | ᠰᠢ ᠶᠢᠨ ᠫᠢᠩ᠂ ᠢᠯᠵᠠᠷᠡᠯ ᠢ ᠡᠰᠡᠷᠭᠦᠴᠡᠬᠦ ᠲᠡᠮᠡᠴᠡᠯ ᠳᠡᠶᠢᠯᠦᠩᠭᠦᠢ ᠴᠢᠨᠠᠷᠲᠠᠢ ᠢᠯᠠᠯᠲᠠ ᠣᠯᠤᠭᠰᠠᠨ ᠪᠥᠭᠡᠳ | ᠪᠦᠬᠦ ᠲᠠᠯ᠎ᠠ ᠪᠠᠷ ᠪᠠᠬᠢᠵᠢᠪᠡ᠂ ᠭᠡᠪᠡᠴᠦ ᠪᠠᠶᠢᠳᠠᠯ ᠮᠥᠨ ᠬᠦ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠨ᠎ᠠ᠃ | ᠢᠯᠵᠠᠷᠠᠯ ᠤᠨ ᠮᠤᠵᠢᠭᠤᠳᠠ ᠴᠢᠨᠠᠷ ᠪᠠ ᠬᠦᠨᠦᠬᠡᠯᠳᠤ ᠴᠢᠨᠠᠷ ᠢ ᠶᠠᠭᠠᠬᠢᠭᠰᠠᠨ ᠴᠤ ᠪᠠᠰᠤᠵᠤ ᠪᠤᠯᠬᠤ ᠦᠭᠡᠢ᠂ ᠪᠢᠳᠡ | ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠬᠡᠪᠰᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ ᠢᠯᠵᠠᠷᠠᠬᠤ ᠠᠴᠠ | ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ | ᠠᠬᠢᠭᠤᠯᠬᠤ ᠳᠤ ᠡᠷᠬᠡᠪᠰᠢ ᠭᠤᠷᠪᠠᠭᠤᠯᠠ ᠶᠢ ᠵᠡᠷᠭᠡ ᠪᠠᠷ ᠬᠦᠴᠦᠯᠡᠵᠦ᠂ ᠢᠵᠢᠯ ᠴᠢᠭᠯᠡᠯ ᠢᠶᠠᠷ ᠬᠦᠴᠦᠯᠡᠵᠦ᠂ | ᠶᠡᠷᠦᠩᠬᠡᠶᠢᠯᠡᠨ ᠬᠦᠴᠦᠯᠡᠵᠦ᠂ ᠢᠯᠵᠠᠷᠠᠬᠤ ᠠᠴᠠ ᠵᠢᠷᠦᠬᠡᠰᠢᠶᠡᠬᠦ ᠬᠦᠴᠦᠷᠬᠡᠭ ᠶᠡᠭᠡ ᠰᠦᠷᠳᠡᠭᠦᠯᠬᠦ ᠦᠢᠯᠡᠳᠦᠯ᠂ | ᠢᠯᠵᠠᠷᠠᠵᠤ ᠪᠣᠯᠬᠤ ᠦᠭᠡᠢ ᠬᠠᠲᠠᠭᠤ ᠲᠦᠷᠢᠮ ᠤᠨ ᠬᠦᠯᠢᠶᠡᠰᠦᠯᠡᠯ᠂ ᠢᠯᠵᠠᠷᠠᠬᠤ ᠶᠢ ᠪᠤᠳᠤᠬᠤ ᠦᠭᠡᠢ ᠦᠵᠡᠯ | ᠰᠠᠨᠠᠭᠠᠨ ᠤ ᠬᠥᠮᠦᠵᠢᠯ ᠤᠨ ᠳᠠᠪᠠᠭᠤᠯᠢᠭ ᠢ ᠨᠢᠭᠡ ᠴᠤᠬᠴᠠᠵᠢᠭᠤᠯᠤᠨ᠂ ︽ᠪᠦᠬᠦ ᠦᠶᠡᠯᠡᠯ ᠤᠨ ᠬᠠᠮᠢᠶᠠᠷᠤᠯᠲᠠ︾ | ᠶᠢᠨ ᠬᠡᠯᠪᠡᠷᠢ ᠪᠠᠷ᠂ ᠡᠯ᠎ᠡ ᠵᠦᠢᠯ ᠤᠨ ᠠᠷᠭ᠎ᠠ ᠬᠡᠮᠵᠢᠶ᠎ᠠ ᠨᠦᠭᠦᠳ ᠢ ᠲᠦᠷᠦ ᠶᠢᠨ ᠪᠤᠳᠤᠯᠭ᠎ᠠ ᠶᠢᠨ ᠬᠠᠨᠳᠤᠰᠢ ᠶᠢᠨ | ᠲᠠᠯ᠎ᠠ ᠪᠠᠷ ᠬᠠᠷᠢᠯᠴᠠᠨ ᠬᠠᠮᠵᠢᠯᠴᠠᠭᠤᠯᠵᠤ᠂ ᠬᠡᠷᠡᠭᠵᠢᠭᠦᠯᠬᠦ ᠶᠠᠪᠤᠴᠠ ᠳᠤ ᠬᠠᠷᠢᠯᠴᠠᠨ ᠠᠬᠢᠭᠤᠯᠵᠤ᠂ ᠠᠵᠢᠯ ᠤᠨ | ᠦᠷ᠎ᠡ ᠪᠦᠲᠦᠮᠵᠢ ᠶᠢᠨ ᠲᠠᠯ᠎ᠠ ᠪᠠᠷ ᠬᠠᠷᠢᠯᠴᠠᠨ ᠲᠦᠰᠢᠯᠴᠡᠬᠦ ᠶᠢ ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃ | | ᠰᠢ ᠶᠢᠨ ᠫᠢᠩ᠂ ᠢᠯᠵᠠᠷᠠᠯ ᠢ ᠡᠰᠡᠷᠭᠦᠴᠡᠬᠦ ᠠᠵᠢᠯ ᠳᠠᠬᠢ ᠨᠠᠮ ᠤᠨ ᠲᠥᠪ ᠬᠤᠷᠢᠶᠠᠨ ᠤ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ | ᠪᠠᠶᠢᠭᠤᠯᠤᠯᠲᠠ ᠶᠢᠨ ᠳᠠᠪᠠᠭᠤᠯᠢᠭ᠂ ᠲᠦᠷᠢᠮ ᠤᠨ ᠳᠠᠪᠠᠭᠤᠯᠢᠭ ᠢ ᠪᠠᠳᠠᠷᠠᠭᠤᠯᠵᠤ᠂ ᠡᠯ᠎ᠡ ᠱᠠᠲᠤᠨ ᠤ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠢᠯᠠᠩᠭᠤᠶ᠎ᠠ ︽ᠨᠢᠭᠡᠳᠦᠭᠡᠷ ᠭᠠᠷ︾ ᠤᠨ ᠨᠢᠭᠡᠳᠦᠭᠡᠷ ᠬᠠᠷᠢᠭᠤᠴᠠᠯᠭᠠᠲᠠᠨ ᠤ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠯᠪᠣᠭᠳᠠᠯ ᠪᠦᠬᠦᠢ ᠡᠭᠦᠷᠭᠡ ᠲᠤᠰᠢᠶᠠᠯᠳᠤ ᠰᠠᠯᠠᠭ᠎ᠠ ᠮᠥᠴᠢᠷ ᠤᠨ ᠬᠢᠨᠠᠨ | ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰ ᠲᠤᠰ ᠤᠨ | ᠬᠠᠷᠢᠭᠤᠴᠠᠯᠭ᠎ᠠ ᠪᠠᠨ ᠭᠦᠢᠴᠡᠳᠭᠡᠬᠦ᠂ ᠨᠢᠭᠡᠳᠦᠯᠲᠡᠢ ᠵᠣᠬᠢᠴᠠᠭᠤᠯᠤᠭᠰᠠᠨ ᠨᠠᠮ ᠢ ᠬᠠᠮᠢᠶᠠᠷᠴᠤ ᠨᠠᠮ ᠢ ᠵᠠᠰᠠᠬᠤ | ᠬᠠᠷᠢᠭᠤᠴᠠᠯᠭ᠎ᠠ ᠶᠢᠨ ᠪᠠᠶᠢᠷᠢᠰᠢᠯ ᠢ ᠪᠦᠷᠢᠨᠰᠢᠬᠦᠯᠬᠦ ᠬᠡᠷᠡᠭᠲᠡᠢ᠃ ᠢᠯᠵᠠᠷᠠᠯ ᠢ ᠡᠰᠡᠷᠭᠦᠴᠡᠬᠦ ᠲᠡᠮᠡᠴᠡᠯ ᠢ ᠨᠠᠮ ᠤᠨ | ᠤᠯᠤᠰ ᠲᠦᠷᠦ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ | ᠴᠤᠬᠴᠠᠯᠠᠯᠳᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ᠂ ᠲᠦᠷᠢᠮ ᠤᠨ | ᠪᠠᠶᠢᠭᠤᠯᠤᠯᠲᠠ ᠲᠠᠢ ᠨᠡᠪᠲᠡᠷᠡᠯᠴᠡᠭᠦᠯᠦᠨ ᠬᠠᠮᠵᠢᠯᠴᠠᠭᠤᠯᠵᠤ᠂ ᠤᠯᠤᠰ ᠲᠦᠷᠦ ᠶᠢᠨ ᠬᠢᠨᠠᠯᠲᠠ᠂ ᠦᠵᠡᠯ ᠰᠠᠨᠠᠭᠠᠨ ᠤ | ᠬᠥᠮᠦᠵᠢᠯ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠰᠤᠷᠲᠠᠯ ᠤᠨ ᠴᠡᠭᠴᠡᠯᠡᠨ ᠰᠠᠶᠢᠵᠢᠷᠠᠭᠤᠯᠤᠯᠲᠠ᠂ | ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ᠂ ᠲᠦᠷᠢᠮ ᠤᠨ ᠲᠡᠭᠦᠯᠳᠡᠷᠵᠢᠭᠦᠯᠦᠯᠲᠡ ᠶᠢᠨ ᠢᠯᠵᠠᠷᠠᠯ ᠢ ᠰᠡᠷᠭᠡᠶᠢᠯᠡᠨ | ᠵᠠᠰᠠᠬᠤ ᠳᠤᠮᠳᠠᠬᠢ ᠴᠢᠬᠤᠯᠠ ᠦᠢᠯᠡᠳᠦᠯ ᠢ ᠪᠠᠳᠠᠷᠠᠭᠤᠯᠵᠤ᠂ ᠶᠡᠷᠦᠩᠬᠡᠢ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠤᠭᠲᠤ ᠠᠭᠤᠴᠢᠯᠠᠬᠤ ᠦᠭᠡᠢ ᠪᠠᠶᠢᠬᠤ ᠰᠡᠷᠡᠮᠵᠢᠯᠡᠭᠦᠯᠤᠯ᠂ ᠤᠭᠲᠤ ᠠᠭᠤᠴᠢᠯᠠᠬᠤ ᠦᠭᠡᠢ | ᠪᠠᠶᠢᠬᠤ ᠡᠷᠴᠢᠮ ᠢᠶᠠᠨ ᠪᠠᠲᠤᠯᠠᠵᠤ᠂ ᠡᠯ᠎ᠡ ᠬᠦᠷᠢᠶᠡᠨ ᠤ ᠢᠯᠵᠡᠷᠠᠯ ᠢ ᠡᠰᠡᠷᠭᠦᠴᠡᠬᠦ ᠲᠡᠮᠡᠴᠡᠯ ᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠲᠠᠬᠢᠨ ᠳᠠᠪᠲᠠᠨ ᠡᠭᠦᠰᠴᠦ ᠪᠠᠶᠢᠭ᠎ᠠ ᠲᠡᠳᠡᠭᠡᠷ ᠬᠠᠭᠤᠴᠢᠨ ᠠᠰᠠᠭᠤᠳᠠᠯ ᠢ | ᠠᠭᠠᠵᠢᠮ ᠢᠶᠠᠷ ᠪᠠᠭᠠᠰᠬᠠᠵᠤ ᠴᠢᠨᠠᠭᠰᠢᠯᠠᠪᠠᠯ ᠠᠰᠠᠭᠤᠳᠠᠯ ᠭᠠᠷᠬᠤ ᠦᠭᠡᠢ ᠪᠣᠯᠭᠠᠵᠤ᠂ ᠵᠠᠷᠢᠮ ᠡᠭᠦᠰᠴᠦ ᠪᠠᠶᠢᠭ᠎ᠠ | ᠰᠢᠨ᠎ᠡ ᠠᠰᠠᠭᠤᠳᠠᠯ ᠢ ᠦᠷᠭᠡᠵᠢᠨ ᠳᠡᠯᠭᠡᠷᠡᠭᠦ ᠳᠤ ᠪᠡᠷᠬᠡ ᠪᠣᠯᠭᠠᠵᠤ᠂ ᠢᠯᠵᠠᠷᠠᠯ ᠤᠨ ᠨᠡᠮᠡᠭᠳᠡᠯ ᠢ ᠡᠷᠡᠰ ᠬᠤᠷᠢᠭᠯᠠᠵᠤ᠂ | ᠦᠯᠡᠳᠡᠭᠳᠡᠯ ᠠᠰᠠᠭᠤᠳᠠᠯ ᠢ ᠰᠢᠢᠳᠪᠦᠷᠢᠯᠡᠨ ᠠᠷᠢᠯᠭᠠᠬᠤ ᠬᠡᠷᠡᠭᠲᠡᠢ᠃ ᠢᠯᠵᠠᠷᠠᠯ ᠤᠨ ᠱᠠᠳᠤᠴᠢ ᠴᠢᠨᠠᠷᠲᠠᠢ ᠣᠨᠴᠠᠯᠢᠭ | ᠪᠣᠯᠤᠨ ᠬᠤᠪᠢᠷᠠᠯᠲᠠ ᠶᠢᠨ ᠬᠠᠨᠳᠤᠰᠢ ᠶᠢ ᠣᠨᠣᠪᠴᠢᠲᠠᠢ ᠡᠵᠡᠮᠳᠡᠵᠦ᠂ ᠭᠤᠣᠯᠳᠠᠯᠭ᠎ᠠ ᠲᠠᠢ ᠬᠦᠷᠢᠶ᠎ᠡ ᠪᠣᠯᠤᠨ | ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠡᠰ ᠭᠤᠶᠢᠪᠢᠰᠢ ᠦᠭᠡᠢ ᠪᠠᠷ ︽ᠪᠠᠷᠰ ᠢ | ᠴᠣᠬᠢᠵᠤ︾᠂ ︽ᠢᠯᠠᠭ᠎ᠠ ᠶᠢ ᠰᠠᠪᠠᠵᠤ︾᠂ ︽ᠦᠨᠡᠭᠡ ᠶᠢ ᠠᠩᠨᠠᠵᠤ︾᠂ ᠠᠶᠤᠯ ᠲᠦᠭᠰᠢᠭᠦᠷᠢ ᠭᠡᠮ ᠰᠣᠭᠤᠭ | ᠶᠡᠬᠡᠲᠡᠢ ᠠᠵᠢᠯ ᠲᠦᠷᠦᠯ ᠤᠨ ᠴᠢᠨᠠᠷᠲᠠᠢ᠂ ᠰᠢᠰᠲ᠋ᠧᠮᠳᠤ ᠴᠢᠨᠠᠷᠲᠠᠢ ᠢᠯᠵᠡᠷᠠᠯ ᠢ ᠡᠷᠡᠰ ᠠᠷᠢᠯᠭᠠᠵᠤ᠂ ᠢᠯᠵᠡᠷᠠᠯ ᠤᠨ | ᠠᠶᠤᠯ ᠲᠦᠭᠰᠢᠭᠦᠷᠢ ᠵᠢᠴᠢ ᠬᠤᠯᠪᠣᠭᠳᠠᠯᠳᠤ ᠴᠢᠨᠠᠷᠲᠠᠢ ᠠᠵᠤ ᠠᠬᠤᠢ ᠨᠡᠶᠢᠭᠡᠮ ᠤᠨ ᠠᠶᠤᠯ ᠲᠦᠭᠰᠢᠭᠦᠷᠢ ᠶᠢ | ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ | ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠲᠤᠰ ᠪᠡᠶ᠎ᠡ ᠶᠢᠨ ᠤᠯᠤᠰ ᠲᠦᠷᠦ ᠶᠢᠨ ᠠᠮᠢ ᠠᠬᠤᠢ ᠶᠢᠨ | ᠪᠠᠶᠢᠳᠠᠯ ᠢᠶᠠᠨ ᠭᠦᠨᠵᠡᠭᠡᠢ ᠵᠠᠳᠠᠯᠵᠤ᠂ ᠢᠯᠵᠠᠷᠠᠯ ᠤᠨ ᠲᠤᠪᠤᠶᠢᠮ᠎ᠠ ᠢᠯᠡᠷᠡᠯ᠂ ᠭᠤᠣᠯᠳᠠᠯᠭ᠎ᠠ ᠲᠠᠢ ᠬᠦᠷᠢᠶ᠎ᠡ᠂ ᠠᠮᠠᠷᠬᠠᠨ | ᠡᠭᠦᠰᠭᠦ ᠭᠤᠭᠴᠤᠭ᠎ᠠ ᠶᠢ ᠣᠨᠣᠪᠴᠢᠲᠠᠢ ᠡᠷᠢᠨ ᠣᠯᠵᠤ᠂ ᠬᠠᠨᠳᠤᠯᠭᠠᠲᠤ ᠴᠢᠨᠠᠷᠲᠠᠢ ᠪᠠᠷ ᠲᠥᠪᠯᠡᠷᠡᠭᠦᠯᠦᠨ ᠴᠡᠭᠴᠡᠯᠡᠨ | ᠵᠠᠰᠠᠵᠤ᠂ ᠪᠦᠬᠦ ᠬᠦᠴᠦᠨ ᠢᠶᠠᠷ ᠢᠶᠠᠨ ᠪᠤᠭᠤᠮᠳᠠ ᠰᠢᠪᠲᠤᠯᠤᠨ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠬᠢ ᠡᠭᠦᠰᠦᠯ ᠠᠴᠠ ᠨᠢ ᠭᠠᠷᠳᠠᠵᠤ᠂ ᠡᠷᠬᠡ ᠶᠢ ᠬᠠᠮᠢᠶᠠᠷᠴᠤ ᠲᠤᠰᠢᠶᠠᠯᠲᠡᠨ ᠢ ᠵᠠᠰᠠᠬᠤ | ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠢᠯᠵᠡᠷᠠᠯ ᠤᠨ ᠠᠰᠠᠭᠤᠳᠠᠯ ᠢ ᠨᠡᠩ ᠪᠠᠶᠢᠩᠭᠤᠵᠢᠭᠤᠯᠵᠤ᠂ | ᠤᠷᠳᠤ ᠬᠤᠭᠤᠴᠠᠭ᠎ᠠ ᠪᠦᠲᠦᠮᠵᠢᠲᠡᠢ ᠪᠠᠷ ᠰᠡᠷᠭᠡᠶᠢᠯᠡᠨ ᠵᠠᠰᠠᠬᠤ ᠬᠡᠷᠡᠭᠲᠡᠢ᠃ ᠢᠯᠵᠠᠷᠠᠬᠤ ᠲᠣᠬᠢᠶᠠᠯ ᠢ ᠬᠦᠴᠦᠯᠡᠨ | ᠪᠠᠭᠠᠰᠬᠠᠵᠤ᠂ ᠲᠦᠷᠦ ᠶᠢᠨ ᠪᠤᠳᠤᠯᠭ᠎ᠠ ᠲᠣᠭᠲᠠᠭᠠᠬᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠡᠰ ᠳᠠᠷᠠᠭᠠᠯᠠᠯ᠂ | ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠵᠡᠷᠭᠡ ᠵᠠᠩᠭᠢᠯᠠᠭ᠎ᠠ ᠶᠢᠨ ᠡᠷᠬᠡ ᠶᠢ | ᠠᠳᠬᠤᠵᠤ᠂ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠢ ᠲᠦᠪ ᠴᠢᠩᠭ᠎ᠠ ᠪᠤᠯᠭᠠᠵᠤ᠂ ᠠᠵᠢᠯ ᠤᠨ | ᠲᠠᠷᠠᠭᠠᠯᠠᠯ ᠢ ᠵᠢᠷᠤᠮᠵᠢᠭᠤᠯᠵᠤ᠂ ᠡᠷᠬᠡ ᠶᠢᠨ ᠬᠢᠵᠠᠭᠠᠷᠯᠠᠯ ᠢ ᠴᠢᠩᠭᠠᠳᠬᠠᠨ᠂ ᠡᠷᠬᠡ ᠶᠢᠨ ᠬᠤᠮᠠᠬᠢ ᠠᠵᠤ ᠠᠬᠤᠢ ᠶᠢᠨ | ᠠᠵᠢᠯᠯᠠᠭ᠎ᠠ ᠳᠤ ᠵᠦᠢ ᠵᠤᠬᠢᠰ ᠦᠭᠡᠢ ᠭᠠᠷ ᠲᠦᠷᠦᠬᠦ ᠶᠢ ᠪᠠᠭᠠᠰᠬᠠᠬᠤ ᠬᠡᠷᠡᠭᠲᠡᠢ᠃ ᠢᠯᠵᠠᠷᠠᠯ ᠤᠨ ᠲᠠᠷᠬᠠᠨ | ᠲᠡᠯᠭᠡᠷᠡᠬᠦ ᠶᠢ ᠪᠦᠲᠦᠮᠵᠢᠲᠡᠢ ᠰᠡᠷᠭᠡᠶᠢᠯᠡᠵᠦ᠂ ᠢᠯᠵᠠᠷᠠᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ | ᠤᠷᠢᠳᠴᠢᠯᠠᠭᠤᠯᠵᠤ᠂ ᠡᠳᠦᠷ ᠲᠤᠳᠤᠮ ᠤᠨ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ ︽ᠲᠦᠷᠪᠡᠨ ᠵᠦᠢᠯ ᠤᠨ | ᠬᠡᠯᠪᠡᠷᠢ ᠪᠠᠶᠢᠳᠠᠯ︾ ᠢ ᠣᠨᠣᠪᠴᠢᠲᠠᠢ ᠬᠡᠷᠡᠭᠯᠡᠵᠦ᠂ ᠡᠷᠲᠡᠨ ᠠᠴᠠ ᠨᠢ ᠠᠳᠬᠤᠨ ᠪᠠᠭ᠎ᠠ ᠳᠤᠨᠢ ᠠᠳᠬᠤᠵᠤ᠂ ᠪᠠᠭ᠎ᠠ | ᠳᠡᠭᠡᠷ᠎ᠡ ᠨᠢ ᠰᠡᠷᠭᠡᠶᠢᠯᠡᠵᠦ᠂ ᠱᠠᠳᠤ ᠱᠠᠳᠤ ᠪᠠᠷ ᠰᠡᠷᠭᠡᠶᠢᠯᠡᠬᠦ ᠬᠡᠷᠡᠭᠲᠡᠢ᠃ ᠨᠠᠮ ᠤᠨ ᠢᠷᠠᠭᠤ ᠠᠯᠳᠠᠷᠲᠤ ᠤᠯᠠᠮᠵᠢᠯᠠᠯ | ᠪᠠ ᠰᠢᠯᠢᠳᠡᠭ ᠰᠤᠷᠲᠠᠯ ᠢ ᠪᠠᠳᠠᠷᠠᠭᠤᠯᠵᠤ᠂ ᠬᠠᠨᠳᠤᠯᠭᠠᠲᠤ ᠴᠢᠨᠠᠷᠲᠠᠢ ᠨᠠᠮᠴᠢ ᠴᠢᠨᠠᠷ ᠤᠨ ᠬᠥᠮᠦᠵᠢᠯ᠂ ᠰᠡᠷᠡᠮᠵᠢᠯᠡᠭᠦᠯᠬᠦ | ᠬᠥᠮᠦᠵᠢᠯ ᠢ ᠥᠷᠨᠢᠭᠦᠯᠵᠦ᠂ ᠠᠷᠢᠭᠤᠨ ᠴᠢᠬᠡᠴᠢ ᠰᠣᠶᠣᠯ ᠢᠶᠠᠷ ᠪᠡᠶ᠎ᠡ ᠰᠡᠳᠭᠢᠯ ᠢ ᠰᠢᠮᠡᠵᠢᠭᠦᠯᠵᠦ᠂ ᠰᠢᠨ᠎ᠡ ᠴᠠᠭ | ᠦᠶ᠎ᠡ ᠰᠢᠨ᠎ᠡ ᠱᠠᠳᠤ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠺᠠᠳ᠋ᠷ ᠢ ᠬᠢᠨᠠᠨ ᠰᠢᠯᠭᠠᠵᠤ ᠦᠨᠡᠯᠡᠬᠦ ᠰᠢᠰᠲ᠋ᠧᠮ ᠢ | ᠪᠠᠶᠢᠭᠤᠯᠵᠤ᠂ ᠵᠠᠯᠠᠭᠤ ᠺᠠᠳ᠋ᠷ ᠢ ᠬᠥᠮᠦᠵᠢᠭᠦᠯᠵᠦ ᠬᠦᠳᠦᠯᠦᠨ ᠵᠢᠯᠣᠭᠤᠳᠬᠤ ᠶᠢ ᠴᠢᠬᠤᠯᠠᠴᠢᠯᠠᠬᠤ ᠬᠡᠷᠡᠭᠲᠡᠢ᠃ | ᠢᠯᠵᠡᠷᠠᠯ ᠢ ᠤᠷᠢᠳᠴᠢᠯᠠᠨ ᠰᠡᠷᠡᠮᠵᠢᠯᠡᠭᠦᠯᠵᠦ ᠵᠠᠯᠬᠠᠭᠠᠨ ᠰᠢᠢᠳᠭᠡᠬᠦ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ | ᠪᠠᠶᠢᠭᠤᠯᠵᠤ᠂ ᠢᠯᠵᠡᠷᠠᠯ ᠤᠨ ᠠᠷᠭ᠎ᠠ ᠪᠠᠷᠢᠯ ᠤᠨ ᠨᠢᠭᠤᠭᠳᠠᠵᠤ ᠤᠨᠳᠤᠤᠰᠢᠭᠰᠡᠨ᠂ ᠰᠢᠨᠡᠳᠴᠦ ᠲᠡᠰ ᠳᠡᠪᠰᠢᠬᠦ ᠵᠡᠷᠭᠡ | ᠰᠢᠨ᠎ᠡ ᠣᠨᠴᠠᠯᠢᠭ ᠢ ᠵᠠᠳᠠᠯᠤᠨ ᠰᠤᠳᠤᠯᠬᠤ ᠪᠠᠨ ᠴᠢᠩᠭᠠᠳᠬᠠᠵᠤ᠂ ᠢᠯᠵᠡᠷᠠᠯ ᠤᠨ ᠠᠰᠠᠭᠤᠳᠠᠯ ᠢ ᠴᠠᠭ ᠲᠤᠬᠠᠢ ᠳᠤᠨᠢ | ᠢᠯᠡᠷᠡᠭᠦᠯᠬᠦ᠂ ᠪᠦᠲᠦᠮᠵᠢᠲᠡᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠪᠠᠷ ᠤᠳᠤᠷᠢᠳᠤᠮᠵᠢ ᠪᠣᠯᠭᠠᠵᠤ᠂ ᠡᠯ᠎ᠡ | ᠲᠦᠷᠦᠯ ᠤᠨ ᠬᠢᠨᠠᠯᠲᠠ ᠲᠠᠯᠪᠢᠬᠤ ᠬᠦᠴᠦᠨ ᠢ ᠨᠡᠶᠢᠳᠭᠡᠬᠦ᠂ ᠠᠵᠢᠯ ᠢᠶᠠᠨ ᠠᠭᠤᠰᠤᠯᠴᠠᠭᠤᠯᠬᠤ ᠶᠢ ᠠᠬᠢᠭᠤᠯᠵᠤ᠂ | ᠡᠷᠬᠡ ᠳᠤ ᠬᠢᠨᠠᠯᠲᠠ ᠲᠠᠯᠪᠢᠬᠤ ᠶᠢᠨ ᠪᠦᠬᠦᠨ ᠢ ᠪᠦᠷᠬᠦᠬᠦᠯᠬᠦ᠂ ᠪᠦᠲᠦᠮᠵᠢᠲᠡᠢ ᠴᠢᠨᠠᠷ ᠢ ᠴᠢᠩᠭᠠᠳᠬᠠᠵᠤ᠂ ᠡᠷᠬᠡ ᠶᠢ | ᠳᠤᠷ᠎ᠠ ᠪᠠᠷ ᠢᠶᠠᠨ ᠬᠡᠷᠡᠭᠯᠡᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠠᠮ ᠤᠨ ᠳᠣᠲᠣᠭᠠᠳᠤ ᠶᠢᠨ | ᠬᠠᠤᠯᠢ ᠲᠣᠭᠲᠠᠭᠠᠯ ᠤᠨ ᠰᠢᠰᠲ᠋ᠧᠮ᠂ ᠤᠯᠤᠰ ᠤᠨ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ | ᠭᠠᠳᠠᠭᠠᠳᠤ ᠳᠤ ᠬᠤᠯᠪᠣᠭᠳᠠᠬᠤ ᠢᠯᠵᠠᠷᠠᠯ ᠢ ᠡᠰᠡᠷᠭᠦᠴᠡᠬᠦ ᠬᠠᠤᠯᠢ ᠲᠣᠭᠲᠠᠭᠠᠯ ᠢ ᠲᠦᠷᠭᠡᠪᠴᠢᠯᠡᠨ ᠲᠡᠭᠦᠯᠳᠡᠷᠵᠢᠭᠦᠯᠬᠦ | ᠬᠡᠷᠡᠭᠲᠡᠢ᠃ ᠲᠦᠷᠢᠮ ᠢ ᠴᠢᠩᠭ᠎ᠠ ᠬᠡᠷᠡᠭᠵᠢᠭᠦᠯᠵᠦ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ | ᠰᠠᠬᠢᠬᠤ ᠶᠢ ᠨᠠᠮ ᠤᠨ ᠭᠡᠰᠢᠭᠦᠨ᠂ ᠺᠠᠳ᠋ᠷ ᠤᠨ ᠦᠵᠡᠯ ᠰᠠᠨᠠᠭᠠᠨ ᠤ ᠤᠬᠠᠮᠰᠠᠷ ᠪᠠ ᠤᠯᠤᠰ ᠲᠦᠷᠦ ᠶᠢᠨ ᠤᠬᠠᠮᠰᠠᠷ | ᠪᠣᠯᠭᠠᠵᠤ ᠰᠡᠳᠭᠢᠯ ᠳᠤᠨᠢ ᠬᠠᠳᠠᠩᠰᠢᠭᠤᠯᠬᠤ ᠬᠡᠷᠡᠭᠲᠡᠢ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠤ ᠪᠠᠰᠠ | ᠠᠷᠠᠳ ᠲᠦᠮᠡᠨ ᠳᠤ ᠲᠦᠰᠢᠭᠯᠡᠬᠦ ᠶᠢ ᠴᠢᠬᠤᠯᠠᠴᠢᠯᠠᠵᠤ᠂ ᠠᠷᠠᠳ ᠤᠯᠠᠨ ᠤ ᠳᠡᠮᠵᠢᠯᠭᠡ ᠪᠠ ᠬᠠᠪᠰᠤᠷᠤᠯᠭ᠎ᠠ ᠳᠤ | ᠲᠦᠰᠢᠭᠯᠡᠨ ᠲᠤᠰ ᠪᠡᠶ᠎ᠡ ᠶᠢᠨ ᠠᠰᠠᠭᠤᠳᠠᠯ ᠢᠶᠠᠨ ᠰᠢᠢᠳᠪᠦᠷᠢᠯᠡᠬᠦ ᠬᠡᠷᠡᠭᠲᠡᠢ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠢᠯᠵᠠᠷᠡᠯ ᠢ ᠡᠰᠡᠷᠭᠦᠴᠡᠬᠦ ᠲᠡᠮᠡᠴᠡᠯ ᠢ | ᠠᠬᠢᠭᠤᠯᠬᠤ ᠳᠤ ᠡᠷᠬᠡᠪᠰᠢ ᠤᠳᠤᠷᠢᠳᠬᠤ ᠺᠠᠳ᠋ᠷ ᠢᠯᠠᠩᠭᠤᠶ᠎ᠠ ᠳᠡᠭᠡᠳᠦ ᠵᠡᠷᠭᠡ ᠶᠢᠨ ᠤᠳᠤᠷᠢᠳᠬᠤ ᠺᠠᠳ᠋ᠷ ᠠᠴᠠ ᠡᠬᠢᠯᠡᠨ | ᠲᠦᠪ ᠴᠢᠩᠭ᠎ᠠ ᠪᠤᠯᠭᠠᠬᠤ ᠬᠡᠷᠡᠭᠲᠡᠢ᠃ ᠵᠡᠷᠭᠡ ᠲᠤᠰᠢᠶᠠᠯ ᠥᠨᠳᠥᠷ ᠪᠣᠯᠬᠤ ᠲᠤᠳᠤᠮ᠂ ᠡᠷᠬᠡ ᠶᠡᠭᠡ ᠪᠣᠯᠬᠤ ᠲᠤᠳᠤᠮ | ᠨᠡᠩ ᠢᠯᠡᠭᠦᠦ ᠪᠢᠰᠢᠷᠡᠨ ᠵᠢᠷᠦᠬᠡᠰᠢᠶᠡᠬᠦ ᠰᠡᠳᠭᠢᠯᠭᠡ ᠲᠠᠢ ᠪᠠᠶᠢᠵᠤ᠂ ᠥᠪᠡᠷ ᠢ ᠪᠠᠨ ᠤᠯᠠᠮ ᠴᠢᠩᠭ᠎ᠠ ᠱᠠᠭᠠᠷᠳᠠᠬᠤ | ᠬᠡᠷᠡᠭᠲᠡᠢ᠃ ᠤᠳᠤᠷᠢᠳᠬᠤ ᠺᠠᠳ᠋ᠷ ᠢᠯᠠᠩᠭᠤᠶ᠎ᠠ ᠳᠡᠭᠡᠳᠦ ᠵᠡᠷᠭᠡ ᠶᠢᠨ ᠤᠳᠤᠷᠢᠳᠬᠤ ᠺᠠᠳ᠋ᠷ ᠦᠪᠡᠷ ᠤᠨ ᠪᠡᠶ᠎ᠡ ᠪᠠᠨ | ᠰᠠᠶᠢᠲᠤᠷ ᠬᠠᠮᠢᠶᠠᠷᠬᠤ ᠪᠠᠷ ᠪᠠᠷᠠᠬᠤ ᠦᠭᠡᠢ ᠪᠠᠰᠠ ᠭᠡᠷ ᠪᠦᠯᠢ ᠲᠦᠷᠦᠯ ᠰᠠᠳᠤᠨ ᠢᠶᠠᠨ ᠰᠠᠶᠢᠲᠤᠷ ᠬᠠᠮᠢᠶᠠᠷᠴᠤ᠂ | ᠳᠡᠷᠭᠡᠳᠡᠬᠢ ᠬᠥᠮᠦᠨ ᠪᠠ ᠶᠠᠪᠤᠳᠠᠯ ᠢᠶᠠᠨ ᠰᠠᠶᠢᠲᠤᠷ ᠬᠠᠮᠢᠶᠠᠷᠴᠤ᠂ ᠭᠤᠤᠯᠯᠠᠨ ᠬᠠᠮᠢᠶᠠᠷᠴᠤ ᠬᠤᠪᠢᠳᠠᠨ ᠬᠠᠮᠢᠶᠠᠷᠴᠤ | ᠪᠠᠶᠢᠭ᠎ᠠ ᠬᠦᠷᠢᠶᠡᠨ ᠳᠠᠬᠢ ᠬᠡᠪ ᠰᠤᠷᠲᠠᠯ ᠢ ᠰᠠᠶᠢᠲᠤᠷ ᠬᠠᠮᠢᠶᠠᠷᠴᠤ᠂ ᠰᠤᠷᠲᠠᠯ ᠴᠢᠬᠡᠴᠢ ᠣᠪᠣᠷ ᠲᠥᠪ ᠤᠯᠤᠰ | ᠲᠦᠷᠦ ᠶᠢᠨ ᠠᠮᠢ ᠠᠬᠤᠢ ᠶᠢ ᠪᠤᠢ ᠪᠣᠯᠭᠠᠬᠤ᠂ ᠠᠷᠢᠭᠤᠨ ᠴᠢᠬᠡᠴᠢ ᠨᠥᠬᠦᠳ ᠤᠨ ᠬᠠᠷᠢᠴᠠᠭ᠎ᠠ ᠪᠣᠯᠤᠨ ᠶᠣᠰᠣ | ᠵᠢᠷᠤᠮ ᠲᠠᠢ ᠳᠡᠭᠡᠷ᠎ᠡ ᠲᠤᠤᠷ᠎ᠠ ᠱᠠᠲᠤᠨ ᠤ ᠬᠠᠷᠢᠴᠠᠭ᠎ᠠ ᠶᠢ ᠪᠦᠷᠢᠯᠳᠦᠭᠦᠯᠬᠦ᠂ ᠳᠣᠲᠣᠨᠣ ᠴᠢᠬᠡᠴᠢ ᠵᠠᠰᠠᠭ | ᠬᠤᠳᠠᠯᠳᠤᠭᠠᠴᠢᠨ ᠤ ᠬᠠᠷᠢᠴᠠᠭ᠎ᠠ ᠶᠢ ᠪᠠᠷᠢᠮᠲᠠᠯᠠᠬᠤ᠂ ᠥᠭᠡᠳᠡᠷᠬᠡᠭ ᠰᠠᠶᠢᠨ ᠰᠠᠶᠢᠬᠠᠨ ᠨᠡᠶᠢᠭᠡᠮ ᠤᠨ ᠣᠷᠴᠢᠨ | ᠲᠣᠭᠤᠷᠢᠨ ᠢ ᠪᠤᠢ ᠪᠣᠯᠭᠠᠬᠤ ᠵᠡᠷᠭᠡ ᠲᠠᠯ᠎ᠠ ᠪᠠᠷ ᠰᠠᠶᠢᠲᠤᠷ ᠲᠦᠷᠦᠭᠦᠯᠡᠨ ᠬᠢᠵᠦ᠂ ᠬᠠᠷᠢᠭᠤᠴᠠᠯᠭ᠎ᠠ ᠪᠠᠨ ᠰᠠᠶᠢᠲᠤᠷ | ᠭᠦᠢᠴᠡᠳᠭᠡᠬᠦ ᠬᠡᠷᠡᠭᠲᠡᠢ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠪᠡᠶ᠎ᠡ ᠪᠠᠨ ᠴᠢᠩᠭ᠎ᠠ | ᠱᠠᠭᠠᠷᠳᠠᠬᠤ ᠲᠠᠯ᠎ᠠ ᠪᠠᠷ ᠡᠷᠬᠡᠪᠰᠢ ᠬᠠᠮᠤᠭ ᠤᠨ ᠳᠡᠭᠡᠳᠦ ᠪᠠᠷᠢᠮᠵᠢᠶ᠎ᠠ ᠶᠢ ᠪᠠᠷᠢᠮᠲᠠᠯᠠᠵᠤ᠂ ᠪᠦᠬᠦ ᠨᠠᠮ ᠢᠶᠠᠷ ᠢᠶᠠᠨ | ᠪᠡᠶᠡᠯᠡᠬᠦᠯᠬᠦ ᠪᠠᠷ ᠱᠠᠭᠠᠷᠳᠠᠭᠰᠠᠨ ᠵᠦᠢᠯ ᠢ ᠤᠷᠢᠳ ᠢᠶᠠᠷ ᠬᠢᠵᠦ ᠪᠡᠶᠡᠯᠡᠬᠦᠯᠦᠨ᠂ ᠪᠦᠬᠦ ᠨᠠᠮ ᠢᠶᠠᠷ ᠢᠶᠠᠨ ᠬᠢᠵᠤ ᠪᠤᠯᠬᠤ | ᠦᠬᠡᠢ ᠪᠠᠷ ᠱᠠᠭᠠᠷᠳᠠᠭᠰᠠᠨ ᠵᠦᠢᠯ ᠢ ᠶᠠᠭᠠᠬᠢᠭᠰᠠᠨ ᠴᠤ ᠬᠢᠵᠤ ᠪᠤᠯᠬᠤ ᠦᠬᠡᠢ ᠬᠡᠵᠤ ᠴᠢᠬᠤᠯᠠᠴᠢᠯᠠᠪᠠ᠃ | ᠰᠢ ᠶᠢᠨ ᠫᠢᠩ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠢᠯᠵᠠᠷᠡᠯ ᠢ | ᠡᠰᠡᠷᠭᠦᠴᠡᠬᠦ ᠲᠡᠮᠡᠴᠡᠯ ᠤᠨ ᠰᠢᠨ᠎ᠡ ᠪᠠᠶᠢᠳᠠᠯ ᠰᠢᠨ᠎ᠡ ᠥᠷᠢᠰᠥᠯᠳᠦᠭᠡᠨ ᠢ ᠰᠠᠨᠠᠭᠠᠴᠢᠯᠠᠭ᠎ᠠ ᠠᠴᠠ ᠪᠠᠨ ᠠᠷᠭᠠᠴᠠᠭᠠᠵᠤ᠂ | ᠨᠠᠮ ᠢ ᠬᠠᠮᠢᠶᠠᠷᠴᠤ ᠨᠠᠮ ᠢ ᠵᠠᠰᠠᠬᠤ ᠵᠢᠮ᠎ᠡ ᠶᠣᠰᠣ᠂ ᠢᠯᠵᠠᠷᠡᠯ ᠢ ᠡᠰᠡᠷᠭᠦᠴᠡᠬᠦ ᠲᠡᠮᠡᠴᠡᠯ ᠤᠨ ᠵᠢᠮ᠎ᠡ ᠶᠣᠰᠣ ᠶᠢᠨ | ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠠᠵᠢᠯ ᠤᠨ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠳᠠ ᠦᠭᠡᠢ | ᠳᠡᠭᠡᠭᠰᠢᠯᠡᠭᠦᠯᠵᠦ᠂ ᠨᠠᠮ ᠤᠨ ᠳᠣᠲᠣᠭᠠᠳᠤ ᠶᠢᠨ ᠪᠠ ᠨᠡᠶᠢᠭᠡᠮ ᠤᠨ ᠡᠯ᠎ᠡ ᠲᠠᠯ᠎ᠠ ᠶᠢᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ︽ | ᠲᠡᠷᠬᠡᠳᠡᠬᠢ ᠠᠰᠠᠭᠤᠳᠠᠯ ᠢᠶᠠᠨ ᠤᠯᠵᠤ ᠬᠠᠷᠠᠬᠤ ᠦᠬᠡᠢ ᠪᠠᠶᠢᠬᠤ︾ ᠶᠢ ᠡᠷᠡᠰ ᠰᠡᠷᠭᠡᠶᠢᠯᠡᠬᠦ ᠬᠡᠷᠡᠭᠲᠡᠢ᠃ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠦᠨᠡᠨᠴᠢ ᠰᠢᠳᠤᠷᠭᠤ ᠡᠷᠡᠰ ᠪᠠᠲᠤ᠂ ᠬᠠᠷᠠᠮ ᠦᠬᠡᠢ ᠵᠢᠷᠦᠬᠡᠰᠢᠶᠡᠬᠦ | ᠦᠭᠡᠢ ᠪᠠᠶᠢᠬᠤ ᠶᠢ ᠪᠡᠶᠡᠯᠡᠭᠦᠯᠵᠦ᠂ ᠢᠮᠠᠭᠲᠠ ᠨᠠᠮᠴᠢ ᠴᠢᠨᠠᠷ ᠢᠶᠠᠷ ᠪᠡᠶ᠎ᠡ ᠪᠠᠨ ᠱᠠᠭᠠᠷᠳᠠᠵᠤ᠂ ᠰᠠᠬᠢᠯᠭ᠎ᠠ ᠪᠠᠲᠤ ᠶᠢ | ᠲᠥᠪ ᠭᠤᠣᠯᠴᠢ ᠪᠠᠷ ᠬᠡᠷᠡᠭᠵᠢᠭᠦᠯᠵᠦ᠂ ᠡᠷᠬᠡ ᠪᠠᠨ ᠪᠣᠯᠭᠤᠮᠵᠢᠲᠠᠢ ᠬᠡᠷᠡᠭᠯᠡᠵᠦ᠂ ᠵᠣᠷᠢᠭᠲᠠᠢ ᠪᠥᠭᠡᠳ ᠴᠢᠳᠠᠮᠠᠭᠠᠢ ᠪᠠᠷ | ᠲᠡᠮᠡᠴᠡᠵᠦ᠂ ᠨᠠᠮ ᠤᠨ ᠲᠥᠪ ᠬᠤᠷᠢᠶ᠎ᠠ ᠶᠢ ᠰᠠᠨᠠᠭ᠎ᠠ ᠠᠮᠤᠷ ᠪᠠᠶᠢᠯᠭᠠᠵᠤ᠂ ᠠᠷᠠᠳ ᠤᠯᠠᠨ ᠢ ᠬᠠᠨᠤᠮᠵᠢᠳᠠᠢ | ᠪᠠᠶᠢᠯᠭᠠᠬᠤ ᠶᠢ ᠦᠨᠡᠨ ᠬᠦ ᠪᠡᠶᠡᠯᠡᠭᠦᠯᠬᠦ ᠭᠡᠷᠡᠭᠳᠠᠢ ᠬᠡᠵᠤ ᠵᠢᠭᠠᠵᠤ ᠭᠠᠷᠭᠠᠪᠠ᠃ | | |