ᠣᠶᠢᠷ᠎ᠠ ᠳᠤ᠂ ᠣᠷᠳᠣᠰ ᠬᠤᠲᠠ ᠶᠢᠨ ᠨᠤᠲᠤᠭ ᠪᠡᠯᠴᠢᠭᠡᠷ ᠤᠨ ᠬᠦᠨᠦᠭᠡᠯᠲᠦ ᠠᠮᠢᠳᠤ ᠪᠣᠳᠠᠰ ᠢ ᠨᠡᠶᠢᠳᠡᠮ | ᠪᠠᠶᠢᠴᠠᠭᠠᠬᠤ ᠠᠵᠢᠯ ᠬᠤᠶᠠᠳᠤᠭᠠᠷ ᠱᠠᠲᠤᠨ ᠳᠤ ᠣᠷᠣᠪᠠ᠂ ᠲᠣᠰ ᠱᠠᠲᠤᠨ ᠤ ᠨᠡᠶᠢᠳᠡᠮ ᠪᠠᠶᠢᠴᠠᠭᠠᠯᠲᠠ ᠶᠢᠨ | ᠡᠲᠡᠭᠡᠳ ᠨᠢ ᠭᠤᠤᠯᠳᠠᠭᠤ ᠬᠤᠷᠣᠬᠠᠶ ᠶᠢᠨ ᠬᠥᠨᠥᠭᠡᠯ᠂ ᠬᠤᠤᠷᠲᠤ ᠡᠪᠡᠰᠦᠨ ᠤ ᠬᠥᠨᠥᠭᠡᠯ᠂ ᠡᠪᠡᠳᠴᠢᠨ ᠡᠭᠦᠰᠭᠡᠬᠦ | ᠮᠢᠺᠷᠣᠪ ᠢᠶᠠᠷ ᠭᠤᠤᠯ ᠪᠣᠯᠭᠠᠨ᠎ᠠ᠃ ᠨᠡᠶᠢᠳᠡᠮ ᠪᠠᠶᠢᠴᠠᠭᠠᠯᠲᠠ ᠶᠢᠨ ᠠᠵᠢᠯ ᠨᠢ ᠤᠯᠠᠨ ᠲᠦᠷᠦᠯ ᠤᠨ | ᠪᠠᠶᠢᠴᠠᠭᠠᠯᠲᠠ ᠶᠢᠨ ᠵᠠᠮ ᠱᠤᠭᠤᠮ ᠢᠶᠠᠷ ᠶᠠᠪᠤᠭᠳᠠᠵᠤ᠂ ᠪᠠᠶᠢᠴᠠᠭᠠᠯᠳᠠ ᠶᠢᠨ ᠵᠠᠮ ᠱᠤᠭᠤᠮ ᠳᠠᠭᠠᠦ ᠶᠢᠨ ᠬᠦᠨᠦᠭᠡᠯᠲᠦ | ᠠᠮᠢᠳᠤ ᠪᠣᠳᠠᠰ ᠢ ᠨᠡᠶᠢᠳᠡᠮ ᠪᠠᠶᠢᠴᠠᠭᠠᠯᠲᠠ ᠶᠢᠨ ᠬᠡᠪᠴᠢᠶᠡᠨ ᠳᠤ ᠣᠷᠣᠭᠤᠯᠵᠤ᠂ ᠬᠦᠨᠦᠭᠡᠯᠲᠦ ᠠᠮᠢᠳᠤ ᠪᠣᠳᠠᠰ ᠤᠨ | ᠲᠥᠷᠥᠯ ᠵᠦᠢᠯ᠂ ᠤᠷᠤᠩᠨᠠᠳᠠᠭ ᠤᠷᠭᠤᠮᠠᠯ ᠵᠢᠴᠢ ᠬᠦᠨᠦᠭᠡᠯ ᠳᠤ ᠦᠷᠳᠦᠭᠳᠡᠭᠰᠡᠨ ᠬᠡᠰᠡᠭ ᠂ ᠳᠦᠷᠰᠦ ᠶᠢᠨ | ᠰᠦᠷᠦᠭ ᠤᠨ ᠨᠢᠭᠲᠠᠴᠠ ᠬᠢᠭᠡᠳ ᠡᠭᠦᠰᠦᠭᠰᠡᠨ ᠲᠠᠯᠠᠪᠠᠶ ᠵᠡᠷᠭᠡ ᠳᠤ ᠪᠠᠶᠢᠴᠠᠭᠠᠯᠳᠠ ᠬᠢᠭᠰᠡᠨ ᠪᠠᠶᠢᠨ᠎ᠠ᠃ | ᠪᠠᠶᠢᠴᠠᠭᠠᠯᠲᠠ ᠶᠢᠨ ᠳᠤᠭᠤᠶᠢᠯᠠᠩ ᠨᠢ ᠴᠤᠭᠯᠠᠭᠤᠯᠤᠭᠰᠠᠨ ᠦᠯᠢᠭᠡᠷ ᠬᠡᠪ ᠢᠶᠠᠨ ᠤᠷᠢᠳᠴᠢᠯᠠᠨ ᠰᠢᠢᠳᠪᠦᠷᠢᠯᠡᠬᠦ ᠪᠠ | ᠬᠠᠳᠠᠭᠠᠯᠠᠬᠤ ᠶᠢᠨ ᠬᠠᠮᠲᠤ ᠴᠤᠭᠯᠠᠭᠤᠯᠤᠭᠰᠠᠨ ᠲᠤᠬᠠᠶ ᠶᠢᠨ ᠲᠠᠯᠠᠪᠠᠶ ᠶᠢᠨ ᠭᠡᠷᠡᠯ ᠵᠢᠷᠤᠭ᠂ ᠬᠦᠨᠦᠭᠡᠯ ᠤᠨ ᠲᠠᠯᠠᠪᠠᠶ | ᠵᠡᠷᠭᠡ ᠬᠠᠮᠢᠶ᠎ᠠ ᠪᠦᠬᠦᠢ ᠪᠠᠶᠢᠴᠠᠭᠠᠯᠲᠠ ᠶᠢᠨ ᠮᠡᠳᠡᠭᠡ ᠵᠠᠩᠭᠢ ᠶᠢ ᠨᠤᠲᠤᠭ ᠪᠡᠯᠴᠢᠭᠡᠷ ᠤᠨ ᠬᠦᠨᠦᠭᠡᠯᠲᠦ ᠠᠮᠢᠳᠤ | ᠪᠣᠳᠠᠰ ᠤᠨ ᠨᠡᠶᠢᠳᠡᠮ ᠪᠠᠶᠢᠴᠠᠭᠠᠯᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠤᠨ | ᠳᠡᠭᠡᠭᠰᠢ ᠮᠡᠳᠡᠭᠦᠯᠦᠨ᠎ᠡ᠃ | ᠣᠶᠢᠯᠠᠭᠠᠭᠰᠠᠨ ᠢᠶᠠᠷ᠂ ᠣᠷᠳᠣᠰ ᠬᠤᠲᠠ ᠶᠢᠨ ᠨᠤᠲᠤᠭ ᠪᠡᠯᠴᠢᠭᠡᠷ ᠤᠨ ᠬᠦᠨᠦᠭᠡᠯᠲᠦ ᠠᠮᠢᠳᠤ ᠪᠣᠳᠠᠰ ᠤᠨ | ᠨᠡᠶᠢᠳᠡᠮ ᠪᠠᠶᠢᠴᠠᠭᠠᠯᠲᠠ ᠶᠢᠨ ᠠᠵᠢᠯ 5 ᠰᠠᠷ᠎ᠠ ᠠᠴᠠ ᠡᠬᠢᠯᠡᠭᠰᠡᠨ ᠠᠴᠠ ᠨᠠᠰᠢ᠂ ᠨᠢᠭᠡᠳᠦᠭᠡᠷ ᠱᠠᠲᠤᠨ ᠳᠤ ᠪᠥᠬᠦ | ᠬᠤᠲᠠ ᠶᠢᠨ ᠡᠯ᠎ᠡ ᠬᠤᠰᠢᠭᠤ ᠲᠣᠭᠤᠷᠢᠭ ᠤᠨ ᠭᠤᠤᠯ ᠪᠣᠯᠬᠤ ᠲᠤᠬᠠᠶᠢᠯᠠᠭᠰᠠᠨ ᠠᠵᠢᠯ ᠤᠨ ᠠᠵᠢᠯᠲᠠᠨ ᠤ | ᠪᠤᠯᠪᠠᠰᠤᠷᠠᠭᠤᠯᠤᠯ ᠢ ᠶᠠᠪᠤᠭᠳᠠᠭᠤᠯᠤᠭᠰᠠᠨ ᠤ ᠬᠠᠮᠲᠤ ᠵᠢᠷᠭᠤᠭᠠᠨ ᠭᠤᠤᠯᠳᠠᠯᠭ᠎ᠠ ᠲᠠᠢ ᠬᠤᠰᠢᠭᠤ ᠲᠣᠭᠤᠷᠢᠭ ᠤᠨ | ᠬᠤᠯᠤᠭᠠᠨ᠎ᠠ ᠪᠠᠷ ᠭᠤᠤᠯ ᠪᠣᠯᠭᠠᠭᠰᠠᠨ ᠬᠦᠨᠦᠭᠡᠯᠲᠦ ᠠᠮᠢᠳᠤ ᠪᠤᠳᠠᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ | ᠪᠡᠶᠡᠯᠡᠭᠦᠯᠪᠡ᠃ ᠨᠡᠶᠢᠲᠡ 123 ᠵᠤᠷᠪᠤᠰ ᠪᠠᠶᠢᠴᠠᠭᠠᠯᠳᠠ ᠶᠢᠨ ᠵᠠᠮ ᠱᠤᠭᠤᠮ ᠨᠡᠶᠢᠲᠡᠯᠡᠵᠦ᠂ ᠬᠠᠮᠤᠷᠤᠭᠰᠠᠨ | ᠲᠠᠯᠠᠪᠠᠶ ᠨᠢ 42773 hm 2᠂ ᠪᠠᠶᠢᠴᠠᠭᠠᠨ ᠦᠵᠡᠭᠰᠡᠨ ᠴᠡᠭ ᠨᠢ 372᠂ ᠠᠮᠢᠳᠦ ᠪᠤᠳᠠᠰ ᠤᠨ ᠳᠦᠷᠰᠦ ᠨᠢ | 123 ᠵᠤᠷᠪᠤᠰ᠂ ᠪᠠᠷᠢᠮᠵᠢᠶ᠎ᠠ ᠤᠷᠤᠨ ᠳᠤ 71 ᠵᠤᠷᠪᠤᠰ ︵ᠬᠤᠯᠤᠭᠠᠨ᠎ᠠ ᠶᠢᠨ ᠬᠥᠨᠥᠭᠡᠯ᠂ ᠬᠤᠷᠣᠬᠠᠶ ᠶᠢᠨ ᠬᠥᠨᠥᠭᠡᠯ᠂ | ᠬᠤᠤᠷᠲᠤ ᠡᠪᠡᠰᠦᠨ ᠤ ᠬᠦᠨᠦᠭᠡᠯ︶᠂ ᠪᠠᠷᠢᠮᠵᠢᠶ᠎ᠡ ᠤᠷᠤᠨ ᠤ ᠲᠠᠯᠠᠪᠠᠶ ᠨᠢ 291 . 47 hm 2᠂ ᠦᠯᠢᠭᠡᠷ | ᠬᠡᠪ ᠤᠨ ᠮᠡᠳᠡᠭᠡ ᠵᠠᠩᠭᠢ ᠶᠢ 31 ᠵᠤᠷᠪᠤᠰ ᠴᠤᠭᠯᠠᠭᠤᠯᠪᠠ᠃ |