ᠰᠢᠪᠧᠷᠢᠶ᠎ᠠ ᠶᠢᠨ ᠭᠦᠢᠯᠡᠰᠦ
ᠨᠡᠶᠢᠲᠡᠯᠡᠭᠰᠡᠨ ᠴᠠᠭ᠄
2022/6/28
     ᠮᠣᠳᠣᠨ ᠤ ᠲᠥᠷᠥᠯ᠄ ᠰᠢᠪᠧᠷᠢᠶ᠎ᠠ ᠶᠢᠨ ᠭᠦᠢᠯᠡᠰᠦ  ︵ᠡᠭᠦᠯᠳᠡᠷ᠄蒙杏5号︶      ᠰᠢᠨᠵᠢᠯᠡᠭᠡᠨ ᠤ ᠨᠡᠷ᠎ᠡ᠄ Armeniaca sibirica ︿Mengxing 5﹀      ᠲᠥᠷᠥᠯ ᠠᠩᠭᠢᠯᠠᠯ᠄ ᠰᠢᠯᠢᠳᠡᠭ ᠪᠡᠯᠭᠡ ᠶᠢᠨ ᠰᠢᠰᠲ᠋ᠧᠮ      ᠪᠠᠲᠤᠯᠠᠭᠰᠠᠨ ᠲᠦᠷᠦᠯ ᠠᠩᠭᠢᠯᠠᠯ᠄ ᠬᠢᠨᠠᠨ ᠲᠤᠭᠲᠠᠭᠠᠯᠳᠠ      ᠡᠭᠦᠯᠳᠡᠷ ᠤᠨ  ᠳ᠋ᠤᠭᠠᠷᠯᠠᠯ᠄ ᠮᠣᠩᠭᠤᠯ S - SC - AS - 006 - 2021          ᠡᠭᠦᠯᠳᠡᠷ ᠤᠨ ᠣᠨᠴᠠᠯᠢᠭ      ᠮᠣᠳᠣᠨ ᠤ ᠬᠡᠯᠪᠡᠷᠢ ᠨᠢ ᠬᠠᠭᠠᠰ ᠳᠡᠯᠭᠡᠭᠳᠡᠵᠦ᠂ ᠭᠤᠤᠯ ᠡᠰᠢ ᠨᠢ ᠢᠯᠡᠷᠬᠡᠶ᠃ 3 ᠳ᠋ᠤᠭᠠᠷ ᠵᠢᠯ ᠠᠴᠠ ᠡᠬᠢᠯᠡᠨ ᠵᠢᠮᠢᠰᠯᠡᠨ᠎ᠡ᠂ 4—5 ᠵᠢᠯ ᠳᠤ ᠵᠢᠮᠢᠰᠯᠡᠬᠦ ᠬᠤᠭᠤᠴᠠᠭᠠᠨ ᠳᠤ ᠣᠷᠣᠵᠤ᠂  ᠰᠠᠭᠤᠷᠢ ᠪᠦᠷᠢ ᠶᠢᠨ ᠵᠢᠮᠢᠰ ᠤᠨ ᠳᠤᠮᠳᠠᠴᠢ ᠭᠠᠷᠤᠯᠲᠠ 7.8 kg᠂ ᠴᠥᠮ᠎ᠡ ᠶᠢᠨ ᠲᠤᠮᠳᠠᠴᠢ ᠭᠠᠷᠤᠯᠲᠠ 0 . 49 kg᠃ ᠵᠢᠮᠢᠰ ᠨᠢ ᠲᠣᠭᠤᠷᠢᠭ ᠬᠡᠯᠪᠡᠷᠢᠳᠠᠢ᠂ ᠭᠤᠯᠳᠤ ᠳ᠋ᠢᠶᠠᠮᠧᠲᠷ ᠨᠢ 1.62.0 cm᠂ ᠬᠥᠨᠳᠡᠯᠡᠨ ᠳ᠋ᠢᠶᠠᠮᠧᠲᠷ ᠨᠢ 1.31.5 cm᠂ ᠬᠠᠵᠠᠭᠤ ᠳ᠋ᠢᠶᠠᠮᠧᠲᠷ ᠨᠢ 1.01.4 cm᠃ ᠵᠢᠮᠢᠰ ᠪᠦᠷᠢ ᠶᠢᠨ ᠳᠤᠮᠳᠠᠴᠢ ᠬᠦᠨᠳᠦ ᠨᠢ 2.23g᠂  ᠦᠷ᠎ᠡ ᠪᠦᠷᠢ ᠶᠢᠨ ᠳᠤᠮᠳᠠᠴᠢ ᠬᠦᠨᠳᠦ ᠨᠢ 0.49g᠂ ᠦᠷ᠎ᠡ ᠶᠢᠨ ᠴᠦᠮ᠎ᠡ ᠪᠦᠷᠢ ᠶᠢᠨ ᠳᠤᠮᠳᠠᠴᠢ ᠬᠦᠨᠳᠦ ᠨᠢ 0.31 g᠂ ᠦᠷ᠎ᠡ ᠶᠢᠨ ᠴᠥᠮ᠎ᠡ ᠶᠢᠨ ᠳᠤᠮᠳᠠᠴᠢ ᠲᠣᠰᠣᠨ ᠤ ᠠᠭᠤᠯᠤᠭᠳᠠᠴᠠ ᠨᠢ 56%᠃ ᠭᠠᠩ ᠳᠤ ᠲᠠᠭᠠᠭᠠᠴᠠ ᠲᠠᠢ᠂ ᠬᠦᠢᠲᠡᠨ ᠳᠤ ᠲᠡᠰᠪᠦᠷᠢᠳᠠᠢ ᠵᠡᠷᠭᠡ ᠣᠨᠴᠠᠯᠢᠭ ᠲᠠᠢ᠃      ᠭᠤᠣᠯ ᠬᠡᠷᠡᠭᠴᠡᠭᠡ      ᠭᠤᠤᠯᠳᠠᠭᠤ ᠠᠵᠤ ᠠᠬᠤᠢ ᠶᠢᠨ ᠣᠢ ᠪᠠ ᠠᠮᠢ ᠠᠬᠤᠢ ᠶᠢᠨ ᠣᠢ ᠳᠤ ᠬᠡᠷᠡᠭᠯᠡᠨ᠎ᠡ᠃      ᠲᠠᠷᠢᠵᠦ ᠠᠷᠠᠴᠢᠯᠠᠬᠤ ᠮᠡᠷᠭᠡᠵᠢᠯ ᠤᠨ ᠭᠤᠣᠯᠳᠠᠯᠭ᠎ᠠ      ᠲᠣᠭᠤᠰᠣ ᠬᠦᠷᠲᠡᠭᠡᠬᠦ ᠡᠭᠦᠯᠳᠡᠷ ᠨᠢ ᠰᠢᠪᠧᠷᠢᠶ᠎ᠠ ᠶᠢᠨ ᠪᠤᠰᠤᠳ ᠬᠦᠢᠯᠡᠰᠦᠨ ᠤ ᠡᠭᠦᠯᠳᠡᠷ ᠪᠣᠯᠤᠨ᠎ᠠ᠂  ᠲᠣᠭᠤᠰᠣ ᠬᠦᠷᠲᠡᠭᠡᠬᠦ ᠬᠠᠷᠢᠴᠠᠯ ᠨᠢ 10᠄ 1 ᠪᠣᠯᠤᠨ᠎ᠠ᠃ ᠲᠠᠷᠢᠵᠦ ᠵᠠᠶᠢᠯᠠᠬᠤ ᠮᠥᠷ ᠤᠨ ᠵᠠᠶ ᠨᠢ ᠶᠡᠷᠦ ᠳᠡᠭᠡᠨ 2 m × 3 m ᠪᠠᠶᠢᠳᠠᠭ᠃ ︽ᠣᠯᠠᠨ ᠭᠤᠤᠯ ᠰᠠᠯᠠᠭ᠎ᠠ᠂ ᠪᠣᠭᠤᠨᠢ  ᠰᠠᠷᠠᠪᠴᠢ︾᠎  ᠬᠡᠯᠪᠡᠷᠢᠳᠡᠢ ᠪᠠᠷ ᠵᠠᠰᠠᠨ ᠬᠠᠶᠢᠴᠢᠯᠠᠵᠤ᠂ ᠴᠠᠭ ᠲᠤᠨᠢ ᠲᠣᠬᠢᠷᠠᠭᠤᠯᠤᠨ ᠤᠰᠤᠯᠠᠬᠤ᠂ ᠪᠣᠷᠲᠣᠭᠤᠷ ᠣᠷᠣᠭᠤᠯᠬᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠠᠷᠠᠴᠢᠯᠠᠨ ᠪᠤᠶᠢᠵᠢᠭᠤᠯᠬᠤ ᠬᠠᠮᠢᠶᠠᠷᠤᠯᠲᠠ ᠶᠢ ᠬᠢᠨ᠎ᠠ᠃       ᠲᠠᠷᠢᠬᠤ ᠳᠤ ᠲᠣᠬᠢᠷᠠᠮᠵᠢᠲᠠᠶ ᠤᠷᠤᠨ ᠪᠦᠰᠡ       ᠲᠣᠰ ᠡᠭᠦᠯᠳᠡᠷ ᠢ ᠮᠠᠨ ᠤ ᠣᠷᠣᠨ ᠤ ᠵᠢᠯ ᠤᠨ ᠳᠤᠮᠳᠠᠴᠢ ᠬᠤᠷ᠎ᠠ ᠲᠣᠨᠣᠳᠠᠰᠤ ᠶᠢᠨ ᠬᠡᠮᠵᠢᠶ᠎ᠡ 200 mm᠎ ᠠᠴᠠ ᠳᠡᠭᠡᠭᠰᠢᠬᠢ ᠭᠠᠵᠠᠷ ᠣᠷᠣᠨ ᠳᠤ ᠳᠠᠷᠢᠬᠤ ᠳᠤ ᠲᠤᠬᠢᠷᠠᠮᠵᠢᠳᠠᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号