ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ 6 | ᠳ᠋ᠤᠭᠠᠷ ᠰᠠᠷ᠎ᠠ ᠶᠢᠨ 24 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠤᠭᠰᠠᠨ ᠬᠤᠯᠪᠣᠭᠳᠠᠯ ᠪᠦᠬᠦᠢ ᠪᠠᠶᠢᠳᠠᠯ ᠢ | ᠲᠠᠨᠢᠯᠴᠠᠭᠤᠯᠵᠠᠢ᠃ ᠣᠶᠢᠷ᠎ᠠ ᠳᠤ ᠬᠢᠵᠢᠭ ᠤᠨ ᠪᠠᠶᠢᠳᠠᠯ ᠶᠠᠮᠠᠷ ᠪᠠᠶᠢᠨ᠎ᠠ︖ ᠠᠷᠠᠳ ᠤᠯᠠᠨ ᠤ ᠠᠮᠤᠷ ᠲᠦᠪᠰᠢᠨ | ᠪᠥᠭᠡᠳ ᠡᠮᠬᠢ ᠵᠢᠷᠤᠮ ᠲᠠᠢ ᠶᠠᠪᠤᠵᠤ ᠰᠠᠭᠤᠬᠤ ᠶᠢ ᠬᠡᠷᠬᠢᠨ ᠪᠠᠲᠤᠯᠠᠬᠤ ᠪᠤᠢ︖ ᠬᠠᠮᠲᠤ ᠪᠠᠷ ᠣᠶᠢᠯᠠᠭᠠᠵᠠᠭᠠᠶ᠎ᠠ︕ | | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠶᠢᠰᠦ ᠶᠢ ᠥᠯᠥ ᠵᠥᠪᠰᠢᠶᠡᠷᠡᠬᠦ︾ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ | ● ᠭᠠᠳᠠᠭᠰᠢ ᠭᠠᠷᠬᠤ ᠶᠢ ᠬᠢᠵᠠᠭᠠᠷᠯᠠᠬᠤ ᠬᠡᠪᠴᠢᠶ᠎ᠡ ᠶᠢ ᠳᠤᠮᠳᠠ᠂ ᠥᠨᠳᠥᠷ ᠳᠡᠰ ᠤᠨ ᠲᠦᠭᠰᠢᠭᠦᠷᠢᠲᠦ | ᠭᠠᠵᠠᠷ ᠣᠷᠣᠨ ᠠᠴᠠ ᠪᠤᠰᠤᠳ ᠭᠠᠵᠠᠷ ᠣᠷᠣᠨ ᠲᠡᠶᠢᠰᠢ ᠳᠤᠷ᠎ᠠ ᠪᠠᠷ ᠥᠷᠭᠡᠳᠬᠡᠵᠦ ᠪᠣᠯᠬᠤ ᠦᠭᠡᠢ᠃ | ● ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠢᠷᠡᠭᠰᠡᠨ ᠬᠥᠮᠥᠰ ᠲᠤ ᠠᠯᠪᠠᠳᠠᠯᠭ᠎ᠠ ᠪᠠᠷ | ᠢᠳᠬᠠᠨ ᠪᠤᠴᠠᠭᠠᠯᠭᠠᠬᠤ᠂ ᠲᠤᠰᠠᠭᠠᠷᠯᠠᠬᠤ ᠵᠡᠷᠭᠡ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ ᠪᠣᠯᠬᠤ ᠦᠭᠡᠢ᠃ | ● ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠠᠮᠢᠶᠠᠷᠤᠨ ᠡᠵᠡᠮᠳᠡᠬᠦ ᠴᠠᠭ ᠢ | ᠳᠤᠷ᠎ᠠ ᠪᠠᠷ ᠤᠷᠲᠤᠳᠬᠠᠵᠤ ᠪᠣᠯᠬᠤ ᠦᠭᠡᠢ᠃ | ● ᠲᠤᠰᠠᠭᠠᠷᠯᠠᠬᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠤᠭᠰᠠᠨ ᠲᠦᠭᠰᠢᠭᠦᠷᠢᠲᠦ ᠬᠥᠮᠥᠰ ᠤᠨ | ᠬᠡᠪᠴᠢᠶ᠎ᠡ ᠶᠢ ᠳᠤᠷ᠎ᠠ ᠪᠠᠷ ᠥᠷᠭᠡᠳᠬᠡᠵᠦ ᠪᠣᠯᠬᠤ ᠦᠭᠡᠢ᠃ | ● ᠲᠦᠭᠰᠢᠭᠦᠷᠢᠲᠦ ᠬᠥᠮᠥᠰ ᠢ ᠲᠤᠰᠠᠭᠠᠷᠯᠠᠬᠤ ᠪᠠ ᠡᠷᠡᠭᠦᠯ ᠮᠡᠨᠳᠦ ᠶᠢ ᠬᠢᠨᠠᠨ ᠰᠢᠨᠵᠢᠯᠡᠬᠦ ᠴᠠᠭ ᠢ | ᠳᠤᠷ᠎ᠠ ᠪᠠᠷ ᠤᠷᠲᠤᠳᠬᠠᠵᠤ ᠪᠣᠯᠬᠤ ᠦᠭᠡᠢ᠃ | ● ᠳᠤᠷ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷ ᠰᠢᠯᠲᠠᠭ ᠪᠣᠯᠭᠠᠵᠤ᠂ ᠪᠠᠴᠢᠮ | ᠲᠦᠭᠰᠢᠭᠦᠷᠢᠲᠡᠢ ᠬᠦᠨᠳᠦ ᠡᠪᠡᠳᠴᠢᠨ ᠪᠠ ᠵᠢᠮ᠎ᠡ ᠶᠣᠰᠣᠴᠢ ᠴᠢᠨᠠᠷᠲᠠᠢ ᠣᠨᠣᠰᠢᠯᠠᠨ ᠡᠮᠨᠡᠬᠦ ᠴᠢᠬᠤᠯᠠᠲᠠᠢ | ᠡᠪᠡᠳᠴᠢᠲᠡᠨ ᠳᠤ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢ ᠲᠡᠪᠴᠢᠵᠦ ᠪᠣᠯᠬᠤ ᠦᠭᠡᠢ᠃ | ● ᠨᠥᠬᠦᠴᠡᠯ ᠳᠤ ᠨᠡᠶᠢᠴᠡᠭᠰᠡᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠭᠰᠠᠨ ᠶᠡᠭᠡ | ᠳᠡᠭᠡᠳᠦ ᠰᠤᠷᠭᠠᠭᠤᠯᠢ ᠶᠢᠨ ᠰᠤᠷᠤᠭᠴᠢᠳ ᠲᠤ ᠲᠤᠰᠠᠭᠠᠷᠯᠠᠬᠤ ᠵᠡᠷᠭᠡ ᠠᠷᠭ᠎ᠠ ᠬᠡᠮᠵᠢᠶ᠎ᠡ ᠠᠪᠴᠤ ᠪᠣᠯᠬᠤ ᠦᠭᠡᠢ᠃ | ● ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢᠨ ᠴᠡᠭ ᠢ ᠳᠤᠷ᠎ᠠ ᠪᠠᠷ ᠲᠣᠬᠢᠷᠠᠭᠤᠯᠵᠤ ᠪᠣᠯᠬᠤ ᠦᠭᠡᠢ᠂ | ᠨᠥᠬᠦᠴᠡᠯ ᠳᠤ ᠨᠡᠶᠢᠴᠡᠭᠰᠡᠨ ᠠᠶᠠᠨᠴᠢᠨ ᠤ ᠲᠡᠷᠭᠡ ᠪᠠ ᠪᠠᠷᠠᠭᠠᠨ ᠤ ᠲᠡᠷᠭᠡ ᠶᠢᠨ ᠵᠢᠯᠣᠭᠤᠴᠢ ᠪᠠ ᠠᠶᠠᠨᠴᠢᠳ ᠤᠨ | ᠶᠠᠪᠤᠵᠤ ᠰᠠᠭᠤᠬᠤ ᠶᠢ ᠬᠢᠵᠠᠭᠠᠷᠯᠠᠬᠤ ᠪᠣᠯᠬᠤ ᠦᠭᠡᠢ᠃ | ● ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠡᠪ ᠤᠨ ᠦᠢᠯᠡᠳᠪᠦᠷᠢᠯᠡᠯ ᠠᠮᠢᠳᠤᠷᠠᠯ ᠢ | ᠪᠠᠲᠤᠯᠠᠬᠤ ᠲᠠᠯᠠᠪᠤᠷ ᠭᠠᠵᠠᠷ ᠢ ᠳᠤᠷ᠎ᠠ ᠪᠠᠷ ᠬᠠᠭᠠᠵᠤ ᠪᠣᠯᠬᠤ ᠦᠭᠡᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠶᠢᠰᠦ ᠶᠢ | ᠥᠯᠥ ᠵᠥᠪᠰᠢᠶᠡᠷᠡᠬᠦ︾ ᠱᠠᠭᠠᠷᠳᠠᠯᠭ᠎ᠠ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠬᠦ ᠪᠣᠯᠣᠨ᠎ᠠ | ᠃ | ︽ᠶᠢᠰᠦ ᠶᠢ ᠦᠯᠦ ᠵᠥᠪᠰᠢᠶᠡᠷᠡᠬᠦ︾ ᠱᠠᠭᠠᠷᠳᠠᠯᠭ᠎ᠠ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ | ᠾᠧᠪᠧᠢ ᠮᠤᠵᠢ ᠶᠢᠨ ᠪᠤᠤᠳᠢᠩ ᠬᠤᠲᠠ᠂ ᠬᠠᠨᠳᠠᠨ ᠬᠤᠲᠠ᠂ ᠱᠢ ᠵᠢᠶᠠ ᠵᠤᠸᠠᠩ ᠬᠤᠲᠠ᠂ ᠴᠢᠭᠤᠯᠤᠯᠲᠤ | ᠬᠠᠭᠠᠯᠭ᠎ᠠ ᠬᠤᠲᠠ ᠵᠡᠷᠭᠡ 4 ᠲᠤᠰᠬᠠᠢ ᠣᠷᠣᠨ ᠶᠢᠨ ᠳᠡᠰ ᠤᠨ ᠬᠤᠲᠠ ᠳᠤ ᠬᠢᠵᠢᠭ ᠢ ᠬᠡᠲᠦ ᠰᠡᠷᠭᠡᠶᠢᠯᠡᠬᠦ᠂ ᠨᠢᠭᠡ | ᠯᠡ ᠪᠠᠷᠢᠮᠵᠢᠶ᠎ᠠ ᠪᠠᠷ ᠱᠠᠭᠠᠷᠳᠠᠬᠤ ᠵᠡᠷᠭᠡ ᠪᠠᠶᠢᠳᠠᠯ ᠣᠷᠣᠰᠢᠵᠤ᠂ ᠾᠧᠪᠧᠢ ᠳᠤ ᠪᠤᠴᠠᠵᠤ ᠢᠷᠡᠭᠰᠡᠨ ᠬᠥᠮᠥᠰ᠂ | ᠢᠯᠠᠩᠭᠤᠶ᠎ᠠ ᠱᠠᠩᠬᠠᠢ᠂ ᠪᠡᠭᠡᠵᠢᠩ᠂ ᠲᠢᠶᠠᠨᠵᠢᠨ ᠵᠡᠷᠭᠡ ᠭᠠᠵᠠᠷ ᠣᠷᠣᠨ ᠠᠴᠠ ᠢᠷᠡᠭᠰᠡᠨ ᠬᠥᠮᠥᠰ ᠲᠤ ᠰᠣᠬᠤᠷ | ᠪᠠᠯᠠᠢ ᠪᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠬᠥᠮᠥᠰ ᠤᠨ ᠬᠠᠮᠢᠶᠠᠷᠤᠯᠲᠠ ᠶᠢᠨ ᠬᠡᠪᠴᠢᠶ᠎ᠡ ᠶᠢ | ᠥᠷᠭᠡᠳᠬᠡᠭᠰᠡᠨ ᠪᠠᠶᠢᠨ᠎ᠠ᠃ | ᠬᠥᠬᠡᠨᠠᠭᠤᠷ ᠮᠤᠵᠢ ᠶᠢᠨ ᠬᠢᠨ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠪᠤᠴᠠᠵᠤ ᠢᠷᠡᠭᠰᠡᠨ | ᠬᠥᠮᠥᠰ ᠲᠤ 24 ᠴᠠᠭ ᠤᠨ ᠡᠮᠦᠨ᠎ᠡ ᠮᠡᠳᠡᠭᠡ ᠵᠠᠩᠭᠢ ᠪᠠᠨ ᠲᠠᠭᠯᠠᠨ ᠮᠡᠳᠡᠭᠦᠯᠬᠦ᠂ ᠬᠥᠬᠡᠨᠠᠭᠤᠷ ᠲᠤ ᠬᠦᠷᠦᠭᠰᠡᠨ ᠤ | ᠳᠠᠷᠠᠭ᠎ᠠ ᠲᠤᠬᠠᠢ ᠶᠢᠨ ᠭᠠᠵᠠᠷ ᠤᠨ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠬᠦ᠂ ᠰᠠᠭᠤᠵᠤ ᠪᠠᠶᠢᠭ᠎ᠠ ᠨᠡᠶᠢᠭᠡᠮ | ᠲᠣᠭᠤᠷᠢᠭ ᠲᠤ ᠪᠠᠨ ᠪᠤᠴᠠᠭᠰᠠᠨ ᠤ ᠳᠠᠷᠠᠭ᠎ᠠ ᠠᠵᠢᠯᠲᠠᠳ ᠡᠭᠦᠳᠡᠨ ᠳᠤ ᠨᠢ ᠪᠢᠲᠡᠭᠦᠮᠵᠢᠯᠡᠬᠦ ᠬᠠᠭᠤᠳᠠᠰᠤ ᠨᠠᠭᠠᠬᠤ᠂ | ᠭᠤᠷᠪᠠᠨ ᠡᠳᠦᠷ ᠤᠨ ᠳᠣᠲᠣᠷ᠎ᠠ ᠬᠤᠶᠠᠷ ᠤᠳᠠᠭᠠᠨ ᠤ ᠪᠠᠶᠢᠴᠠᠭᠠᠯᠲᠠ ᠬᠢᠵᠦ ᠪᠠᠶᠢᠴᠠᠭᠠᠯᠲᠠ ᠶᠢᠨ ᠳ᠋ᠦᠩ ᠨᠢ ᠪᠢᠯᠢᠭ | ᠴᠢᠨᠠᠷ ᠲᠠᠢ ᠪᠣᠯᠪᠠᠯ ᠰᠠᠶ᠋ᠢ ᠭᠠᠳᠠᠭᠰᠢ ᠭᠠᠷᠬᠤ ᠶᠢ ᠵᠥᠪᠰᠢᠶᠡᠷᠡᠬᠦ ᠭᠡᠬᠦ ᠮᠡᠲᠦ ᠠᠷᠭ᠎ᠠ ᠬᠡᠮᠵᠢᠶ᠎ᠡ ᠠᠪᠴᠠᠢ᠃ | ᠯᠢᠶᠣᠤᠨᠢᠩ ᠮᠤᠵᠢ ᠶᠢᠨ ᠴᠣᠣᠶᠠᠩ ᠬᠤᠲᠠ᠂ ᠵᠢᠨᠵᠧᠦ ᠬᠤᠲᠠ ᠶᠢᠨ ᠥᠨᠳᠥᠷ ᠬᠤᠷᠳᠤᠴᠠᠲᠤ ᠲᠡᠮᠦᠷ | ᠵᠠᠮ ᠤᠨ ᠥᠷᠲᠡᠭᠡ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠨᠢ ᠪᠢᠯᠢᠭ ᠴᠢᠨᠠᠷ ᠤᠨ ᠭᠡᠷᠡᠴᠢ ᠲᠠᠢ | ᠠᠶᠠᠨᠴᠢᠳ ᠢᠶᠠᠷ ᠮᠥᠨ ᠬᠦ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠶᠢᠨ ᠬᠠᠮᠲᠤ ᠠᠶᠠᠨᠴᠢᠳ ᠬᠥᠮᠥᠨ | ᠪᠦᠷᠢ ᠠᠴᠠ 19 ᠲᠥᠭᠦᠷᠢᠭ ᠤᠨ ᠰᠦᠢᠳᠬᠡᠯ ᠬᠤᠷᠢᠶᠠᠬᠤ ᠪᠠᠷ ᠱᠠᠭᠠᠷᠳᠠᠵᠠᠢ᠃ | ᠳᠡᠭᠡᠷᠡᠬᠢ ᠭᠠᠵᠠᠷ ᠣᠷᠣᠨ ᠪᠣᠯᠣᠨ ᠪᠠᠶᠢᠭᠤᠯᠭ᠎ᠠ ᠨᠢᠭᠡᠴᠢ ᠶᠢᠨ ᠬᠢᠳᠡᠯ ᠨᠢ ᠤᠯᠤᠰ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠵᠤ᠂ ᠣᠳᠣᠬᠠᠨ ᠳᠤ | ᠨᠢᠭᠡᠨᠲᠡ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠵᠦ ᠪᠠᠶᠢᠨ᠎ᠠ᠃ | ᠪᠤᠰᠤᠳ ᠭᠠᠵᠠᠷ ᠣᠷᠣᠨ ᠨᠤᠭᠤᠳ ᠡᠭᠦᠨ ᠢᠶᠠᠷ ᠴᠡᠭᠡᠷᠯᠡᠯ ᠪᠣᠯᠭᠠᠵᠤ᠂ ᠥᠪᠡᠷ ᠢ ᠪᠠᠨ ᠪᠠᠶᠢᠴᠠᠭᠠᠵᠤ ᠬᠢᠨᠠᠨ | ᠪᠠᠶᠢᠴᠠᠭᠠᠬᠤ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠯᠪᠣᠭᠳᠠᠯ | ᠪᠦᠬᠦᠢ ᠠᠵᠢᠯ ᠤᠨ ᠠᠬᠢᠴᠠ ᠶᠢ ᠦᠷᠭᠦᠯᠵᠢᠯᠡᠨ ᠠᠩᠬᠠᠷᠴᠤ᠂ ᠢᠯᠡᠷᠡᠭᠦᠯᠵᠦ ᠬᠢᠨᠠᠨ ᠬᠠᠷᠭᠤᠭᠤᠯᠤᠭᠰᠠᠨ ᠨᠡᠶᠢᠲᠡᠯᠢᠭ | ᠬᠡᠷᠡᠭ ᠤᠨ ᠵᠢᠱᠢᠶ᠎ᠡ ᠶᠢ ᠦᠷᠭᠦᠯᠵᠢᠯᠡᠨ ᠢᠯᠡᠴᠢᠯᠡᠬᠦ ᠪᠠ ᠵᠠᠷᠯᠠᠨ ᠮᠡᠳᠡᠭᠳᠡᠨ᠎ᠡ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠴᠠ ᠭᠠᠳᠠᠨᠠᠬᠢ ᠬᠦᠴᠦᠨ ᠵᠦᠢᠯ ᠢᠶᠠᠷ ᠰᠢᠯᠲᠠᠭ ᠪᠣᠯᠭᠠᠵᠤ | ᠡᠷᠡᠭᠦᠯ ᠮᠡᠨᠳᠦ ᠶᠢᠨ ᠺᠣᠳ᠋ ᠲᠤ ᠺᠣᠳ᠋ ᠣᠯᠭᠤᠬᠤ ᠺᠣᠳ᠋ ᠬᠤᠪᠢᠷᠠᠭᠤᠯᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ | ᠡᠷᠡᠭᠦᠯ ᠮᠡᠨᠳᠦ ᠶᠢᠨ ᠺᠣᠳ᠋ ᠨᠢ ᠲᠦᠭᠰᠢᠭᠦᠷᠢᠲᠦ ᠬᠥᠮᠥᠰ ᠢ ᠢᠯᠭᠠᠨ ᠲᠠᠨᠢᠬᠤ ᠪᠠ ᠬᠠᠮᠢᠶᠠᠷᠬᠤ ᠲᠠᠯ᠎ᠠ ᠪᠠᠷ | ᠴᠢᠬᠤᠯᠠ ᠦᠢᠯᠡᠳᠦᠯ ᠦᠵᠡᠭᠦᠯᠵᠦ᠂ ᠮᠥᠨ ᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ | ᠠᠷᠠᠳ ᠣᠯᠠᠨ ᠤ ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠪᠠᠷ ᠶᠠᠪᠤᠵᠤ ᠰᠠᠭᠤᠬᠤ ᠶᠢ ᠪᠠᠲᠤᠯᠠᠬᠤ ᠴᠢᠬᠤᠯᠠ | ᠪᠠᠭᠠᠵᠢ ᠪᠣᠯᠵᠤ ᠪᠠᠶᠢᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ | ᠲᠣᠭᠲᠠᠴᠠ ᠠᠴᠠ ᠡᠷᠡᠭᠦᠯ ᠮᠡᠨᠳᠦ ᠶᠢᠨ ᠺᠣᠳ᠋ ᠤᠨ ᠬᠡᠷᠡᠭᠯᠡᠯᠲᠡ ᠬᠠᠮᠢᠶᠠᠷᠤᠯᠲᠠ᠂ ᠠᠵᠢᠯᠯᠠᠭᠠᠨ ᠤ ᠪᠠᠲᠤᠯᠠᠭ᠎ᠠ ᠪᠠ | ᠮᠡᠳᠡᠭᠡ ᠵᠠᠩᠭᠢ ᠶᠢᠨ ᠠᠮᠤᠷ ᠲᠦᠪᠰᠢᠨ ᠵᠡᠷᠭᠡ ᠡᠯ᠎ᠡ ᠵᠦᠢᠯ ᠤᠨ ᠲᠣᠭᠲᠠᠭᠠᠯ ᠢ ᠲᠣᠳᠣᠷᠬᠠᠢ ᠲᠣᠭᠲᠠᠭᠠᠵᠤ᠂ ᠡᠯ᠎ᠡ | ᠭᠠᠵᠠᠷ ᠤᠨ ᠬᠢᠨ ᠬᠢᠵᠢᠭ ᠤᠨ ᠪᠠᠶᠢᠳᠠᠯ ᠤᠨ ᠠᠳᠠᠯᠢ ᠪᠤᠰᠤ ᠲᠦᠭᠰᠢᠭᠦᠷᠢ ᠶᠢᠨ ᠲᠠᠰ ᠢ ᠦᠨᠳᠦᠰᠦᠯᠡᠨ ᠬᠤᠯᠪᠣᠭᠳᠠᠯ | ᠪᠦᠬᠦᠢ ᠬᠥᠮᠥᠰ ᠲᠤ ᠨᠠᠷᠢᠯᠢᠭ ᠣᠨᠣᠴᠠᠲᠠᠢ ᠪᠠᠷ ᠺᠣᠳ᠋ ᠣᠯᠭᠤᠬᠤ ᠬᠡᠷᠡᠭᠲᠡᠢ᠂ ︽ᠨᠢᠭᠡ ᠯᠡ ᠪᠠᠷᠢᠮᠵᠢᠶ᠎ᠠ ᠪᠠᠷ | ᠱᠠᠭᠠᠷᠳᠠᠬᠤ︾ ︽ᠺᠣᠳ᠋ ᠳᠡᠭᠡᠷ᠎ᠡ ᠺᠣᠳ᠋ ᠨᠡᠮᠡᠬᠦ︾ ᠪᠠᠶᠢᠳᠠᠯ ᠶᠠᠭᠠᠬᠢᠭᠰᠠᠨ ᠴᠦ ᠪᠠᠶᠢᠵᠤ ᠪᠣᠯᠬᠤ ᠦᠭᠡᠢ ᠭᠡᠵᠦ | ᠱᠠᠭᠠᠷᠳᠠᠪᠠ᠃ | ᠡᠷᠡᠭᠦᠯ ᠮᠡᠨᠳᠦ ᠶᠢᠨ ᠺᠣᠳ᠋ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠴᠢᠩᠳᠠᠯᠠᠵᠤ᠂ ᠬᠡᠷᠡᠭᠯᠡᠬᠦ | ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠴᠠ | ᠭᠠᠳᠠᠨᠠᠬᠢ ᠬᠦᠴᠦᠨ ᠵᠦᠢᠯ ᠢᠶᠠᠷ ᠰᠢᠯᠲᠠᠭ ᠪᠣᠯᠭᠠᠵᠤ ᠣᠯᠠᠨ ᠲᠦᠮᠡᠨ ᠤ ᠡᠷᠡᠭᠦᠯ ᠮᠡᠨᠳᠦ ᠶᠢᠨ ᠺᠣᠳ᠋ ᠲᠤ ᠺᠣᠳ᠋ | ᠣᠯᠭᠤᠵᠤ ᠺᠣᠳ᠋ ᠬᠤᠪᠢᠷᠠᠭᠤᠯᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ ᠭᠡᠵᠦ ᠲᠣᠳᠣᠷᠬᠠᠢ ᠱᠠᠭᠠᠷᠳᠠᠪᠠ᠃ | ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠤ ᠳᠤᠮᠳᠠ ᠰᠠᠶᠢᠵᠢᠷᠠᠬᠤ | ᠬᠠᠨᠳᠤᠰᠢ ᠲᠠᠢ | ᠣᠶᠢᠷ᠎ᠠ ᠶᠢᠨ ᠡᠳᠦᠷ ᠤᠳ ᠲᠤ᠂ ᠪᠦᠬᠦ ᠤᠯᠤᠰ ᠤᠨ ᠬᠢᠵᠢᠭ ᠤᠨ ᠪᠠᠶᠢᠳᠠᠯ ᠦᠷᠭᠦᠯᠵᠢᠯᠡᠨ ᠲᠣᠭᠲᠠᠭᠤᠨ ᠤ | ᠳᠤᠮᠳᠠ ᠪᠠᠭᠠᠰᠬᠤ ᠬᠠᠨᠳᠤᠰᠢ ᠲᠠᠢ ᠪᠠᠶᠢᠵᠤ᠂ ᠡᠳᠦᠷ ᠪᠦᠷᠢ ᠶᠢᠨ ᠰᠢᠨ᠎ᠡ ᠪᠠᠷ ᠨᠡᠮᠡᠭᠳᠡᠭᠰᠡᠨ ᠲᠤᠬᠠᠢ ᠶᠢᠨ ᠭᠠᠵᠠᠷ ᠤᠨ | ᠬᠠᠯᠳᠠᠪᠤᠷᠢᠯᠠᠭᠰᠠᠳ ᠤᠨ ᠲᠤᠭ᠎ᠠ 40 ᠠᠴᠠ ᠳᠣᠷᠣᠭᠰᠢ ᠪᠣᠯᠵᠤ᠂ ᠣᠶᠢᠷ᠎ᠠ ᠶᠢᠨ ᠭᠤᠷᠪᠠᠨ ᠡᠳᠦᠷ ᠲᠤ | ᠳᠤᠮᠳᠠᠴᠢ ᠪᠠᠷ ᠡᠳᠦᠷ ᠪᠦᠷᠢ 28 ᠬᠠᠯᠳᠠᠪᠤᠷᠢᠯᠠᠭᠰᠠᠳ ᠢ ᠮᠡᠳᠡᠭᠦᠯᠵᠦ᠂ ᠲᠤᠰ ᠰᠠᠷ᠎ᠠ ᠠᠴᠠ ᠨᠠᠭᠠᠰᠢ ᠮᠡᠳᠡᠭᠦᠯᠦᠭᠰᠡᠨ | ᠬᠠᠯᠳᠠᠪᠤᠷᠢᠯᠠᠭᠰᠠᠳ ᠤᠨ ᠲᠤᠭ᠎ᠠ ᠬᠠᠮᠤᠭ ᠤᠨ ᠳᠣᠣᠷ᠎ᠠ ᠬᠡᠮᠵᠢᠶᠡᠨ ᠳᠤ ᠬᠦᠷᠴᠦ᠂ ᠪᠦᠬᠦ ᠤᠯᠤᠰ ᠤᠨ ᠬᠢᠵᠢᠭ ᠤᠨ | ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠳᠤ ᠣᠷᠣᠰᠢᠵᠤ ᠪᠠᠶᠢᠨ᠎ᠠ᠃ ᠭᠡᠪᠡᠴᠦ | ᠬᠡᠰᠡᠭ ᠭᠠᠵᠠᠷ ᠣᠷᠣᠨ ᠳᠤ ᠬᠢᠵᠢᠭ ᠤᠨ ᠪᠠᠶᠢᠳᠠᠯ ᠮᠥᠨ ᠬᠦ ᠲᠣᠭᠲᠠᠪᠤᠷᠢ ᠦᠭᠡᠢ ᠪᠠᠶᠢᠵᠤ᠂ ᠣᠨᠴᠠ ᠵᠠᠷᠢᠮ ᠭᠠᠵᠠᠷ | ᠣᠷᠣᠨ ᠳᠤ ᠬᠢᠵᠢᠭ ᠤᠨ ᠪᠠᠶᠢᠳᠠᠯ ᠨᠡᠯᠢᠶᠡᠳ ᠤᠷᠳᠤ ᠬᠤᠭᠤᠴᠠᠭ᠎ᠠ ᠪᠠᠷ ᠦᠷᠭᠦᠯᠵᠢᠯᠡᠵᠦ ᠪᠠᠶᠢᠨ᠎ᠠ᠃ | ᠪᠡᠭᠡᠵᠢᠩ ᠳᠤ ᠬᠠᠯᠳᠠᠪᠤᠷᠢᠯᠠᠭᠰᠠᠳ ᠢ ᠦᠷᠭᠦᠯᠵᠢᠯᠡᠨ ᠢᠯᠡᠷᠡᠭᠦᠯᠵᠦ᠂ ᠬᠤᠲᠠ ᠶᠢᠨ ᠳᠣᠲᠣᠷᠠᠬᠢ ᠣᠯᠠᠨ | ᠲᠣᠭᠤᠷᠢᠭ ᠢ ᠬᠠᠮᠤᠷᠴᠤ᠂ ᠣᠳᠣᠬᠠᠨ ᠳᠤ ᠳᠣᠣᠷ᠎ᠠ ᠲᠦᠪᠰᠢᠨ ᠤ ᠬᠡᠯᠪᠡᠯᠵᠡᠯ ᠤᠨ ᠱᠠᠲᠤᠨ ᠳᠤ ᠣᠷᠣᠰᠢᠵᠤ ᠪᠠᠶᠢᠨ᠎ᠠ︔ | | ᠱᠠᠩᠬᠠᠢ ᠳᠤ ᠣᠶᠢᠷ᠎ᠠ ᠶᠢᠨ ᠬᠤᠭᠤᠴᠠᠭᠠᠨ ᠳᠤ ᠨᠡᠶᠢᠭᠡᠮ ᠤᠨ ᠬᠡᠪᠴᠢᠶᠡᠨ ᠳᠠᠬᠢ ᠬᠢᠵᠢᠭ ᠤᠨ ᠪᠠᠶᠢᠳᠠᠯ ᠪᠠᠶᠢᠨ | ᠳᠠᠬᠢᠨ ᠡᠭᠦᠰᠴᠦ᠂ ᠬᠡᠰᠡᠭ ᠣᠷᠣᠨ ᠬᠡᠪᠴᠢᠶᠡᠨ ᠳᠤ ᠮᠥᠨ ᠬᠦ ᠨᠡᠶᠢᠭᠡᠮ ᠲᠣᠭᠤᠷᠢᠭ ᠤᠨ ᠬᠠᠯᠳᠠᠪᠤᠷᠢᠯᠠᠬᠤ ᠠᠶᠤᠯ | ᠲᠦᠭᠰᠢᠭᠦᠷᠢ ᠣᠷᠣᠰᠢᠵᠤ ᠪᠠᠶᠢᠨ᠎ᠠ︔ | ᠯᠢᠶᠣᠤᠨᠢᠩ ᠤᠨ ᠳ᠋ᠠᠨᠳᠦ᠋ᠢᠩ᠂ ᠭᠤᠸᠠᠩᠳᠦ᠋ᠩ ᠤᠨ ᠱᠧᠨᠵᠧᠨ᠂ ᠭᠤᠸᠠᠩᠰᠢ ᠶᠢᠨ ᠹᠠᠩ ᠴᠧᠩ ᠭᠠᠩ ᠭᠠᠷᠠᠮ | ᠵᠡᠷᠭᠡ ᠭᠠᠵᠠᠷ ᠲᠤ ᠮᠥᠨ ᠬᠦ ᠬᠡᠰᠡᠭ ᠪᠤᠰᠠᠭ ᠢᠶᠠᠷ ᠬᠠᠯᠳᠠᠪᠤᠷᠢᠯᠠᠭᠰᠠᠳ ᠢ ᠮᠡᠳᠡᠭᠦᠯᠵᠦ᠂ ᠣᠨᠴᠠ ᠵᠠᠷᠢᠮ ᠰᠢᠨ᠎ᠡ ᠪᠠᠷ | ᠨᠡᠮᠡᠭᠳᠡᠭᠰᠡᠨ ᠬᠠᠯᠳᠠᠪᠤᠷᠢᠯᠠᠭᠰᠠᠳ ᠨᠢ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠬᠥᠮᠥᠰ ᠪᠢᠰᠢ ᠪᠠᠶᠢᠵᠤ᠂ | ᠵᠣᠬᠢᠬᠤ ᠬᠡᠮᠵᠢᠶᠡᠨ ᠤ ᠨᠡᠶᠢᠭᠡᠮ ᠲᠣᠭᠤᠷᠢᠭ ᠤᠨ ᠬᠠᠯᠳᠠᠪᠤᠷᠢᠯᠠᠯ ᠤᠨ ᠲᠦᠭᠰᠢᠭᠦᠷᠢ ᠣᠷᠣᠰᠢᠵᠤ ᠪᠠᠶᠢᠨ᠎ᠠ︔ | ᠭᠢᠷᠢᠨ ᠮᠤᠵᠢ ᠶᠢᠨ ᠭᠢᠷᠢᠨ ᠬᠤᠲᠠ ᠳᠤ ᠣᠷᠴᠢᠮᠬᠠᠨ ᠲᠥᠪᠯᠡᠷᠡᠭᠰᠡᠨ ᠴᠢᠨᠠᠷᠲᠠᠢ ᠬᠢᠵᠢᠭ ᠤᠨ ᠪᠠᠶᠢᠳᠠᠯ | ᠡᠭᠦᠰᠴᠦ᠂ ᠡᠭᠦᠨ ᠳᠤ ᠲᠦᠭᠰᠢᠭᠦᠷᠢᠲᠦ ᠲᠠᠯᠠᠪᠤᠷ ᠪᠣᠯᠣᠨ ᠲᠦᠭᠰᠢᠭᠦᠷᠢᠲᠦ ᠬᠥᠮᠥᠰ ᠢ ᠪᠦᠬᠦ ᠲᠠᠯ᠎ᠠ ᠪᠠᠷ ᠪᠠᠶᠢᠴᠠᠭᠠᠬᠤ | ᠪᠠ ᠬᠠᠮᠢᠶᠠᠷᠤᠨ ᠡᠵᠡᠮᠳᠡᠵᠦ᠂ ᠬᠢᠵᠢᠭ ᠤᠨ ᠪᠠᠶᠢᠳᠠᠯ ᠤᠨ ᠤᠯᠠᠮ ᠨᠢᠭᠡ ᠠᠯᠬᠤᠮ ᠬᠥᠭᠵᠢᠬᠦ ᠶᠢ ᠰᠡᠷᠭᠡᠶᠢᠯᠡᠬᠦ ᠬᠡᠷᠡᠭᠲᠡᠢ᠃ | | ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠥᠮᠥᠰ ᠤᠨ ᠠᠮᠤᠷ ᠲᠦᠪᠰᠢᠨ ᠪᠥᠭᠡᠳ ᠡᠮᠬᠢ | ᠵᠢᠷᠤᠮ ᠲᠠᠢ ᠪᠠᠷ ᠭᠠᠳᠠᠭᠰᠢ ᠭᠠᠷᠬᠤ ᠶᠢ ᠬᠡᠷᠬᠢᠨ ᠪᠠᠲᠤᠯᠠᠬᠤ ᠪᠣᠶ︖ | ᠨᠢᠭᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠪᠠᠨ᠂ ᠥᠨᠳᠥᠷ ᠳᠡᠰ ᠤᠨ ᠲᠦᠭᠰᠢᠭᠦᠷᠢᠲᠦ | ᠭᠠᠵᠠᠷ ᠣᠷᠣᠨ ᠤ ᠬᠡᠪᠴᠢᠶ᠎ᠡ ᠶᠢ ᠨᠠᠷᠢᠯᠢᠭ ᠣᠨᠣᠴᠠᠲᠠᠢ ᠪᠠᠷ ᠵᠠᠭᠠᠭᠯᠠᠨ ᠲᠣᠭᠲᠠᠭᠠᠵᠤ᠂ ᠭᠠᠳᠠᠭᠰᠢ ᠭᠠᠷᠬᠤ ᠶᠢ | ᠬᠢᠵᠠᠭᠠᠷᠯᠠᠬᠤ ᠬᠡᠪᠴᠢᠶ᠎ᠡ ᠶᠢ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠪᠤᠰᠤᠳ ᠭᠠᠵᠠᠷ | ᠣᠷᠣᠨ ᠲᠡᠶᠢᠰᠢ ᠳᠤᠷ᠎ᠠ ᠪᠠᠷ ᠥᠷᠭᠡᠳᠬᠡᠵᠦ ᠪᠣᠯᠬᠤ ᠦᠭᠡᠢ᠃ | ᠬᠤᠶᠠᠷ ᠲᠤ᠂ ᠤᠯᠤᠰ ᠠᠴᠠ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠬᠢᠯᠢ ᠪᠠᠷ ᠣᠷᠣᠵᠤ ᠢᠷᠡᠭᠰᠡᠳ᠂ ᠨᠢᠭᠲᠠ ᠣᠶᠢᠷᠠᠲᠤᠭᠰᠠᠳ᠂ ᠨᠢᠭᠲᠠ | ᠣᠶᠢᠷᠠᠲᠤᠭᠰᠠᠳ ᠤᠨ ᠨᠢᠭᠲᠠ ᠣᠶᠢᠷᠠᠲᠤᠭᠰᠠᠳ᠂ ᠪᠠᠰᠠ ᠪᠢᠲᠡᠭᠦᠦ ᠴᠠᠭᠠᠷᠢᠭᠲᠤ ᠬᠠᠮᠢᠶᠠᠷᠤᠯᠲᠠ ᠠᠴᠠ ᠭᠠᠷᠤᠭᠰᠠᠨ | ᠥᠨᠳᠥᠷ ᠲᠦᠭᠰᠢᠭᠦᠷᠢᠲᠦ ᠠᠵᠢᠯ ᠤᠨ ᠪᠠᠶᠢᠷᠢ ᠶᠢᠨ ᠬᠥᠮᠥᠰ ᠵᠡᠷᠭᠡ ᠥᠨᠳᠥᠷ ᠲᠦᠭᠰᠢᠭᠦᠷᠢᠲᠦ ᠬᠥᠮᠥᠰ ᠲᠤ ᠬᠠᠮᠢᠶ᠎ᠠ | ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ | ᠢᠷᠡᠭᠰᠡᠨ ᠬᠥᠮᠥᠰ ᠲᠤ ᠠᠯᠪᠠᠳᠠᠯᠭ᠎ᠠ ᠪᠠᠷ ᠢᠳᠬᠠᠨ ᠪᠤᠴᠠᠭᠠᠯᠭᠠᠬᠤ ᠪᠠ ᠲᠤᠰᠠᠭᠠᠷᠯᠠᠭᠤᠯᠬᠤ ᠵᠡᠷᠭᠡ ᠬᠢᠵᠠᠭᠠᠷᠯᠠᠬᠤ | ᠠᠷᠭ᠎ᠠ ᠬᠡᠮᠵᠢᠶ᠎ᠡ ᠠᠪᠴᠤ ᠪᠣᠯᠬᠤ ᠦᠭᠡᠢ᠃ | ᠭᠤᠷᠪᠠ ᠳᠤ᠂ ᠲᠦᠭᠰᠢᠭᠦᠷᠢᠲᠦ ᠬᠥᠮᠥᠰ ᠢ ᠲᠤᠰᠠᠭᠠᠷᠯᠠᠬᠤ ᠪᠠ ᠡᠷᠡᠭᠦᠯ ᠮᠡᠨᠳᠤ ᠶᠢ ᠬᠢᠨᠠᠨ ᠰᠢᠨᠵᠢᠯᠡᠬᠦ | ᠬᠤᠭᠤᠴᠠᠭ᠎ᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠭᠰᠢᠭᠦᠷᠢᠲᠦ ᠬᠥᠮᠥᠰ ᠢ ᠲᠤᠰᠠᠭᠠᠷᠯᠠᠬᠤ | ᠪᠠ ᠡᠷᠡᠭᠦᠯ ᠮᠡᠨᠳᠤ ᠶᠢ ᠬᠢᠨᠠᠨ ᠰᠢᠨᠵᠢᠯᠡᠬᠦ ᠴᠠᠭ ᠢ ᠳᠤᠷ᠎ᠠ ᠪᠠᠷ ᠤᠷᠲᠤᠳᠬᠠᠵᠤ ᠪᠣᠯᠬᠤ ᠦᠭᠡᠢ᠃ | ᠪᠠᠷᠠᠭᠠᠨ ᠤ ᠲᠡᠭᠡᠭᠡᠪᠦᠷᠢ ᠶᠢᠨ ᠲᠡᠷᠭᠡᠨ ᠤ ᠰᠠᠭᠠᠳ ᠦᠭᠡᠢ ᠨᠡᠪᠲᠡᠷᠡᠬᠦ ᠶᠢ ᠬᠡᠷᠬᠢᠨ ᠪᠠᠲᠤᠯᠠᠬᠤ ᠪᠣᠶ︖ | ᠨᠢᠭᠡ ᠳᠤ᠂ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠢᠷᠡᠬᠦ ᠪᠠᠷᠠᠭᠠᠨ ᠤ ᠲᠡᠷᠭᠡ ᠶᠢᠨ | ᠨᠡᠪᠲᠡᠷᠡᠬᠦ ᠶᠢ ᠳᠤᠷ᠎ᠠ ᠪᠠᠷ ᠬᠢᠵᠠᠭᠠᠷᠯᠠᠵᠤ ᠪᠣᠯᠬᠤ ᠦᠭᠡᠢ᠃ ᠡᠯ᠎ᠡ ᠭᠠᠵᠠᠷ ᠤᠨ ᠬᠢᠨ ᠪᠠᠷᠠᠭᠠᠨ ᠤ ᠲᠡᠭᠡᠭᠡᠪᠦᠷᠢ ᠶᠢᠨ | ᠲᠡᠷᠭᠡ ᠬᠥᠰᠬᠡ ᠪᠠ ᠵᠢᠯᠣᠭᠤᠴᠢ ᠠᠶᠠᠨᠴᠢᠳ ᠤᠨ ᠪᠣᠳᠠᠲᠠᠢ ᠠᠶᠠᠯᠠᠯ ᠤᠨ ᠵᠠᠮ᠂ ᠬᠢᠵᠢᠭ ᠲᠤ ᠬᠤᠯᠪᠣᠭᠳᠠᠭᠰᠠᠨ ᠡᠰᠡᠬᠦ | ᠵᠡᠷᠭᠡ ᠪᠠᠶᠢᠳᠠᠯ ᠢ ᠦᠨᠳᠦᠰᠦᠯᠡᠨ᠂ ᠵᠠᠮ ᠨᠡᠪᠲᠡᠷᠡᠯᠭᠡ ᠶᠢᠨ ᠬᠠᠮᠢᠶᠠᠷᠤᠯᠲᠠ ᠡᠵᠡᠮᠳᠡᠯ ᠢ ᠨᠠᠷᠢᠯᠢᠭ ᠣᠨᠣᠴᠠᠲᠠᠢ ᠪᠠᠷ | ᠬᠡᠷᠡᠭᠵᠢᠭᠦᠯᠵᠦ᠂ ᠲᠡᠷᠭᠡᠨ ᠤ ᠬᠠᠷᠢᠶ᠎ᠠ ᠭᠠᠵᠠᠷ᠂ ᠡᠷᠦᠬᠡ ᠠᠮᠠ ᠶᠢᠨ ᠬᠠᠷᠢᠶ᠎ᠠ ᠭᠠᠵᠠᠷ ᠢᠶᠠᠷ ᠵᠠᠮ ᠨᠡᠪᠲᠡᠷᠡᠯᠭᠡ ᠶᠢ | ᠬᠢᠵᠠᠭᠠᠷᠯᠠᠬᠤ ᠨᠥᠬᠦᠴᠡᠯ ᠪᠣᠯᠭᠠᠵᠤ ᠪᠣᠯᠬᠤ ᠦᠭᠡᠢ᠃ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ | ᠢᠷᠡᠭᠰᠡᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠬᠢᠵᠢᠭ ᠢ ᠰᠡᠷᠭᠡᠶᠢᠯᠡᠬᠦ ᠬᠢᠵᠠᠭᠠᠷᠯᠠᠯ ᠢ ᠪᠥᠬᠦ ᠲᠠᠯ᠎ᠠ ᠪᠠᠷ | ᠬᠦᠴᠦᠨ ᠦᠭᠡᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ ᠵᠢᠯᠣᠭᠤᠴᠢ ᠪᠠ ᠠᠶᠠᠨᠴᠢᠳ ᠨᠢ ᠳᠣᠣᠷ᠎ᠠ ᠳᠡᠰ ᠤᠨ | ᠲᠦᠭᠰᠢᠭᠦᠷᠢᠲᠦ ᠭᠠᠵᠠᠷ ᠣᠷᠣᠨ ᠠᠴᠠ ᠢᠷᠡᠭᠰᠡᠨ᠂ ᠥᠭᠡᠷ᠎ᠡ ᠪᠠᠷ ᠬᠡᠯᠡᠪᠡᠯ ᠵᠢᠯᠣᠭᠤᠴᠢ ᠪᠠ ᠠᠶᠠᠨᠴᠢᠳ ᠤᠨ ᠴᠢᠮᠡᠭᠡ | ᠬᠤᠯᠪᠣᠭᠠᠨ ᠤ ᠠᠶᠠᠯᠠᠯ ᠤᠨ ᠺᠣᠳ᠋ ᠨᠢ ᠨᠣᠭᠤᠭᠠᠨ ᠥᠩᠭᠡ ᠲᠠᠢ ᠪᠥᠭᠡᠳ ᠣᠳᠣᠨ ᠲᠡᠮᠳᠡᠭ ᠦᠭᠡᠢ ᠪᠠᠷᠠᠭᠠᠨ ᠤ | ᠲᠡᠭᠡᠭᠡᠪᠦᠷᠢ ᠶᠢᠨ ᠲᠡᠷᠭᠡ ᠬᠥᠰᠬᠡ ᠶᠢᠨ ᠨᠡᠪᠲᠡᠷᠡᠬᠦ ᠶᠢ ᠡᠯ᠎ᠡ ᠭᠠᠵᠠᠷ ᠤᠨ ᠬᠢᠨ ᠳᠤᠷ᠎ᠠ ᠪᠠᠷ ᠬᠢᠵᠠᠭᠠᠷᠯᠠᠵᠤ ᠪᠣᠯᠬᠤ | ᠦᠭᠡᠢ᠃ | ᠬᠤᠶᠠᠷ ᠲᠤ᠂ ᠴᠢᠮᠡᠭᠡ ᠬᠤᠯᠪᠣᠭᠠᠨ ᠤ ᠠᠶᠠᠯᠠᠯ ᠤᠨ ᠺᠣᠳ᠋ ᠨᠢ ᠣᠳᠣᠨ ᠲᠡᠮᠳᠡᠭ ᠪᠠᠶᠢᠬᠤ ᠪᠠᠷ ᠰᠢᠯᠲᠠᠭ | ᠪᠣᠯᠭᠠᠵᠤ ᠪᠠᠷᠠᠭᠠᠨ ᠤ ᠲᠡᠷᠭᠡ ᠶᠢᠨ ᠨᠡᠪᠲᠡᠷᠡᠬᠦ ᠶᠢ ᠬᠢᠵᠠᠭᠠᠷᠯᠠᠵᠤ ᠪᠣᠯᠬᠤ ᠦᠭᠡᠢ᠂ ᠵᠢᠯᠣᠭᠤᠴᠢ ᠪᠠ ᠠᠶᠠᠨᠴᠢᠳ ᠤᠨ | ᠴᠢᠮᠡᠭᠡ ᠬᠤᠯᠪᠣᠭᠠᠨ ᠤ ᠠᠶᠠᠯᠠᠯ ᠤᠨ ᠺᠣᠳ᠋ ᠨᠢ ᠨᠣᠭᠤᠭᠠᠨ ᠥᠩᠭᠡ ᠲᠠᠢ ᠪᠥᠭᠡᠳ ᠣᠳᠣᠨ ᠲᠡᠮᠳᠡᠭ ᠲᠠᠢ ᠪᠠᠷᠠᠭᠠᠨ ᠤ | ᠲᠡᠭᠡᠭᠡᠪᠦᠷᠢ ᠶᠢᠨ ᠲᠡᠷᠭᠡ ᠬᠥᠰᠬᠡ ᠳᠤ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ᠂ | ᠡᠷᠡᠭᠦᠯ ᠮᠡᠨᠳᠦ ᠶᠢᠨ ᠨᠣᠭᠤᠭᠠᠨ ᠺᠣᠳ᠋᠂ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠨᠢ ᠬᠡᠪ ᠤᠨ ᠪᠠᠶᠢᠳᠠᠯ ᠲᠠᠢ ᠪᠣᠯ᠂ | ᠡᠯ᠎ᠡ ᠭᠠᠵᠠᠷ ᠣᠷᠣᠨ ᠨᠤᠭᠤᠳ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠂ ᠢᠳᠬᠠᠨ ᠪᠤᠴᠠᠭᠠᠯᠭᠠᠵᠤ ᠪᠣᠯᠬᠤ ᠦᠭᠡᠢ᠃ | ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ᠂ ᠴᠡᠭ ᠠᠴᠠ ᠴᠡᠭ ᠲᠤ ᠬᠦᠷᠭᠡᠬᠦ ᠵᠡᠷᠭᠡ ᠪᠢᠲᠡᠭᠦᠦ ᠴᠠᠭᠠᠷᠢᠭᠲᠤ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠨᠡᠪᠲᠡᠷᠡᠬᠦ ᠶᠢ ᠪᠠᠲᠤᠯᠠᠵᠤ ᠪᠣᠯᠣᠨ᠎ᠠ᠃ | ᠭᠤᠷᠪᠠ ᠳᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠬᠦᠯᠢᠶᠡᠬᠦ ᠪᠠᠷ ᠰᠢᠯᠲᠠᠭ ᠪᠣᠯᠭᠠᠵᠤ | ᠪᠠᠷᠠᠭᠠᠨ ᠤ ᠲᠡᠷᠭᠡ ᠶᠢᠨ ᠨᠡᠪᠲᠡᠷᠡᠬᠦ ᠶᠢ ᠬᠢᠵᠠᠭᠠᠷᠯᠠᠵᠤ ᠪᠣᠯᠬᠤ ᠦᠭᠡᠢ᠃ ᠵᠢᠯᠣᠭᠤᠴᠢ ᠪᠠ ᠠᠶᠠᠨᠴᠢᠳ ᠤᠨ ᠴᠢᠮᠡᠭᠡ | ᠬᠤᠯᠪᠣᠭᠠᠨ ᠤ ᠠᠶᠠᠯᠠᠯ ᠤᠨ ᠺᠣᠳ᠋ ᠨᠢ ᠨᠣᠭᠤᠭᠠᠨ ᠥᠩᠭᠡ ᠲᠠᠢ ᠪᠥᠭᠡᠳ ᠣᠳᠣᠨ ᠲᠡᠮᠳᠡᠭ ᠲᠠᠢ ᠪᠠᠷᠠᠭᠠᠨ ᠤ | ᠲᠡᠭᠡᠭᠡᠪᠦᠷᠢ ᠶᠢᠨ ᠲᠡᠷᠭᠡ ᠬᠥᠰᠬᠡ ᠬᠡᠷᠪᠡ ᠵᠣᠷᠢᠭᠰᠠᠨ ᠭᠠᠵᠠᠷ ᠲᠤ ᠬᠦᠷᠬᠦ ᠦᠶᠡᠰ᠂ ᠪᠥᠭᠡᠮ ᠬᠦᠴᠢᠯ ᠤᠨ | ᠪᠠᠶᠢᠴᠠᠭᠠᠯᠲᠠ ᠶᠢᠨ ᠦᠷ᠎ᠡ ᠳ᠋ᠦᠩ ᠨᠢ 48 ᠴᠠᠭ ᠠᠴᠠ ᠬᠡᠲᠦᠷᠡᠭᠰᠡᠨ ᠪᠠᠶᠢᠪᠠᠯ᠂ ︽ᠪᠥᠭᠡᠮ ᠬᠦᠴᠢᠯ ᠤᠨ | ᠪᠠᠶᠢᠴᠠᠭᠠᠯᠲᠠ + ᠠᠨᠲ᠋ᠢᠪᠤᠳ ᠤᠨ ᠪᠠᠶᠢᠴᠠᠭᠠᠯᠲᠠ︾ ᠶᠢ ᠬᠡᠷᠡᠭᠯᠡᠬᠦ ᠬᠡᠷᠡᠭᠲᠡᠢ᠂ ᠠᠨᠲ᠋ᠢᠪᠤᠳ ᠤᠨ ᠪᠠᠶᠢᠴᠠᠭᠠᠯᠲᠠ ᠶᠢᠨ | ᠦᠷ᠎ᠡ ᠳ᠋ᠦᠩ ᠨᠢ ᠪᠢᠯᠢᠭ ᠴᠢᠨᠠᠷᠲᠠᠢ ᠪᠠᠶᠢᠪᠠᠯ᠂ ᠳᠠᠷᠦ᠋ᠢᠬᠠᠨ ᠨᠡᠪᠲᠡᠷᠡᠭᠦᠯᠬᠦ ᠬᠡᠷᠡᠭᠲᠡᠢ᠂ ᠪᠥᠭᠡᠮ ᠬᠦᠴᠢᠯ ᠤᠨ | ᠪᠠᠶᠢᠴᠠᠭᠠᠯᠲᠠ ᠶᠢᠨ ᠦᠷ᠎ᠡ ᠳ᠋ᠦᠩ ᠢ ᠬᠦᠯᠢᠶᠡᠬᠦ ᠪᠠᠷ ᠰᠢᠯᠲᠠᠭ ᠪᠣᠯᠭᠠᠵᠤ ᠨᠡᠪᠲᠡᠷᠡᠬᠦ ᠶᠢ ᠬᠢᠵᠠᠭᠠᠷᠯᠠᠵᠤ ᠪᠣᠯᠬᠤ ᠦᠭᠡᠢ᠃ | ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢᠨ ᠴᠡᠭ ᠠᠴᠠ ᠵᠣᠷᠢᠭᠰᠠᠨ ᠭᠠᠵᠠᠷ ᠲᠤ ᠬᠦᠷᠲᠡᠯ᠎ᠡ ᠪᠢᠲᠡᠭᠦᠦ ᠴᠠᠭᠠᠷᠢᠭᠲᠤ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢᠨ ᠬᠠᠮᠲᠤ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ | ᠳ᠋ᠦᠩ ᠢ ᠬᠥᠳᠡᠯᠦᠩᠭᠦᠢ ᠪᠠᠷ ᠮᠥᠷᠳᠡᠬᠦ ᠲᠣᠭᠲᠠᠴᠠ ᠶᠢ ᠬᠡᠷᠡᠭᠵᠢᠭᠦᠯᠵᠦ ᠪᠣᠯᠣᠨ᠎ᠠ᠃ | ᠳᠥᠷᠪᠡ ᠳᠤ᠂ ᠪᠠᠷᠠᠭᠠᠨ ᠤ ᠲᠡᠷᠭᠡ ᠶᠢᠨ ᠵᠢᠯᠣᠭᠤᠴᠢ ᠠᠶᠠᠨᠴᠢᠳ ᠢᠶᠠᠷ ᠪᠥᠭᠡᠮ ᠬᠦᠴᠢᠯ ᠤᠨ | ᠪᠠᠶᠢᠴᠠᠭᠠᠯᠲᠠ ᠶᠢ ᠳᠠᠬᠢᠨ ᠳᠠᠪᠲᠠᠨ ᠬᠢᠯᠭᠡᠬᠦ ᠪᠠᠷ ᠱᠠᠭᠠᠷᠳᠠᠵᠤ ᠪᠣᠯᠬᠤ ᠦᠭᠡᠢ᠃ ᠡᠯ᠎ᠡ ᠭᠠᠵᠠᠷ ᠢ ᠰᠢᠮᠳᠠᠭᠤᠯᠤᠨ | ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠪᠥᠬᠦ | ᠤᠯᠤᠰ ᠲᠤ ᠬᠠᠷᠢᠯᠴᠠᠨ ᠮᠡᠳᠡᠷᠡᠵᠦ ᠨᠡᠶᠢᠳᠡᠮ ᠬᠡᠷᠡᠭᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠦᠴᠦᠨ ᠲᠠᠢ | ᠬᠤᠭᠤᠴᠠᠭᠠᠨ ᠳᠤ ᠪᠠᠶᠢᠴᠠᠭᠠᠯᠲᠠ ᠬᠢᠯᠭᠡᠬᠦ ᠪᠠᠷ ᠳᠠᠬᠢᠨ ᠳᠠᠪᠲᠠᠨ ᠱᠠᠭᠠᠷᠳᠠᠵᠤ ᠪᠣᠯᠬᠤ ᠦᠭᠡᠢ᠃ ᠡᠯ᠎ᠡ ᠭᠠᠵᠠᠷ ᠢ | ᠵᠢᠯᠤᠭᠤᠳᠴᠤ ᠪᠠᠶᠢᠭᠠᠳ ᠣᠷᠣᠨ ᠨᠤᠲᠤᠭ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ᠶᠢᠨ ᠠᠵᠢᠯ ᠤᠨ ᠪᠦᠳᠦᠭᠦᠪᠴᠢ ᠲᠥᠰᠥᠪ ᠤᠨ ᠳᠣᠣᠷ᠎ᠠ᠂ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢᠨ | ᠴᠡᠭ ᠤᠨ ᠣᠶᠢᠷ᠎ᠠ ᠬᠠᠪᠢ ᠳᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠴᠡᠭ ᠢ ᠢᠵᠢ ᠪᠦᠷᠢᠳᠦᠭᠦᠯᠦᠨ | ᠲᠣᠬᠢᠷᠠᠭᠤᠯᠬᠤ ᠶᠢᠨ ᠬᠠᠮᠲᠤ᠂ ᠲᠡᠷᠭᠡᠨ ᠤ ᠤᠷᠤᠰᠬᠠᠯ ᠤᠨ ᠬᠡᠮᠵᠢᠶ᠎ᠡ ᠪᠠᠷ ᠨᠡᠯᠢᠶᠡᠳ ᠶᠡᠭᠡ ᠥᠨᠳᠥᠷ ᠬᠤᠷᠳᠤᠴᠠᠲᠤ | ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠴᠡᠭ ᠤᠨ | ᠨᠢᠭᠲᠠᠴᠠ ᠶᠢ ᠶᠡᠬᠡᠰᠬᠡᠬᠦ ᠬᠡᠷᠡᠭᠲᠡᠢ᠃ ᠨᠥᠬᠦᠴᠡᠯ ᠲᠠᠢ ᠭᠠᠵᠠᠷ ᠣᠷᠣᠨ ᠨᠢ ᠪᠠᠷᠠᠭᠠᠨ ᠤ ᠲᠡᠷᠭᠡ ᠶᠢᠨ ᠵᠢᠯᠣᠭᠤᠴᠢ | ᠵᠡᠷᠭᠡ ᠪᠠᠷᠠᠭᠠᠨ ᠤ ᠭᠦᠢᠯᠭᠡᠭᠡᠨ ᠤ ᠠᠵᠢᠯᠲᠠᠳ ᠲᠤ ᠦᠨ᠎ᠡ ᠲᠥᠯᠥᠪᠦᠷᠢ ᠦᠭᠡᠢ ᠪᠠᠷ ᠪᠥᠭᠡᠮ ᠬᠦᠴᠢᠯ ᠤᠨ | ᠪᠠᠶᠢᠴᠠᠭᠠᠯᠲᠠ ᠬᠢᠬᠦ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠴᠠᠭ | ᠲᠤᠬᠠᠢ ᠳᠤ ᠨᠢ ᠪᠠᠶᠢᠴᠠᠭᠠᠯᠲᠠ ᠬᠢᠬᠦ ᠳᠤ ᠳᠥᠭᠦᠮ ᠦᠵᠡᠭᠦᠯᠬᠦ ᠬᠡᠷᠡᠭᠲᠡᠢ᠃ | ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠰᠠᠭᠠᠳ ᠦᠭᠡᠢ ᠪᠥᠭᠡᠳ ᠳᠥᠭᠦᠮ ᠳᠦᠲᠡ ᠪᠠᠷ | ᠨᠤᠲᠤᠭ ᠲᠤ ᠪᠠᠨ ᠪᠤᠴᠠᠬᠤ ᠶᠢ ᠬᠡᠷᠬᠢᠨ ᠪᠠᠲᠤᠯᠠᠬᠤ ᠪᠣᠶ︖ | ᠨᠢᠭᠡ ᠳᠤ᠂ ᠰᠤᠷᠤᠭᠴᠢᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠲᠥᠷᠥ ᠶᠢᠨ | ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢ ᠶᠢᠨ ᠲᠡᠳᠦᠢ ᠥᠩᠭᠡᠷᠡᠭᠡᠵᠦ ᠪᠣᠯᠬᠤ ᠦᠭᠡᠢ᠃ ᠡᠯ᠎ᠡ | ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠤᠯᠪᠤᠭᠠᠯᠠᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ | ᠲᠣᠭᠲᠠᠴᠠ ᠶᠢᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠠᠴᠠ ᠪᠠᠨ ᠰᠠᠯᠵᠤ | ᠨᠤᠲᠤᠭ ᠲᠤ ᠪᠠᠨ ᠪᠤᠴᠠᠬᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠲᠥᠷᠥ ᠶᠢᠨ ᠪᠣᠳᠣᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠠᠷ ᠢ ᠦᠨᠡᠨ ᠬᠦ ᠪᠠᠲᠤᠯᠠᠬᠤ︾ ᠶᠢ ᠭᠤᠣᠯᠴᠢᠯᠠᠨ ᠪᠡᠶᠡᠯᠡᠭᠦᠯᠦᠨ᠎ᠡ᠃ | ᠨᠥᠬᠦᠴᠡᠯ ᠳᠤ ᠨᠡᠶᠢᠴᠡᠬᠦ ᠨᠤᠲᠤᠭ ᠲᠤ ᠪᠠᠨ ᠪᠤᠴᠠᠭᠰᠠᠨ ᠰᠣᠷᠣᠭᠴᠢ ᠶᠢ ᠲᠥᠪᠯᠡᠷᠡᠭᠦᠯᠦᠨ ᠲᠤᠰᠠᠭᠠᠷᠯᠠᠵᠤ | ᠠᠵᠢᠭᠯᠠᠯᠲᠠ ᠬᠢᠬᠦ ᠠᠴᠠ ᠬᠡᠯᠲᠦᠷᠢᠭᠦᠯᠬᠦ ᠶᠢ ᠦᠨᠡᠨ ᠬᠦ ᠪᠠᠲᠤᠯᠠᠨ᠎ᠠ︔ ᠲᠤᠰᠠᠭᠠᠷᠯᠠᠬᠤ ᠴᠢᠬᠤᠯᠠ ᠲᠠᠢ | ᠨᠤᠲᠤᠭ ᠲᠤ ᠪᠠᠨ ᠪᠤᠴᠠᠭᠰᠠᠨ ᠰᠤᠷᠤᠭᠴᠢᠳ ᠤᠨ ᠲᠥᠪᠯᠡᠷᠡᠭᠦᠯᠦᠨ ᠲᠤᠰᠠᠭᠠᠷᠯᠠᠬᠤ ᠵᠠᠷᠤᠳᠠᠯ ᠢ ᠬᠡᠯᠲᠦᠷᠢᠭᠦᠯᠬᠦ ᠶᠢ | ᠦᠨᠡᠨ ᠬᠦ ᠪᠠᠲᠤᠯᠠᠨ᠎ᠠ᠃ ᠰᠤᠷᠤᠭᠴᠢᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠲᠤᠬᠠᠢ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠵᠢᠴᠢ ᠡᠯ᠎ᠡ ᠵᠦᠢᠯ ᠤᠨ ᠪᠣᠳᠠᠲᠠᠢ ᠱᠠᠭᠠᠷᠳᠠᠯᠭ᠎ᠠ ᠶᠢ ᠨᠢᠭᠡᠨᠲᠡ ᠱᠠᠲᠤ | ᠳᠠᠷᠠᠭᠠᠯᠠᠨ ᠡᠯ᠎ᠡ ᠰᠠᠯᠠᠭ᠎ᠠ ᠮᠥᠴᠢᠷ᠂ ᠡᠯ᠎ᠡ ᠬᠠᠮᠢᠶ᠎ᠠ ᠪᠦᠬᠦᠢ ᠨᠢᠭᠡᠴᠢ ᠳᠤ ᠤᠯᠠᠮᠵᠢᠯᠠᠭᠰᠠᠨ ᠪᠥᠭᠡᠳ ᠴᠢᠩᠭ᠎ᠠ | ᠬᠡᠷᠡᠭᠵᠢᠭᠦᠯᠬᠦ ᠶᠢ ᠱᠠᠭᠠᠷᠳᠠᠪᠠ᠃ ᠱᠠᠲᠤ ᠱᠠᠲᠤ ᠪᠠᠷ ᠱᠠᠭᠠᠷᠳᠠᠯᠭ᠎ᠠ ᠨᠡᠮᠡᠵᠦ ᠪᠣᠯᠬᠤ ᠦᠭᠡᠢ᠂ ᠰᠤᠷᠤᠭᠴᠢᠳ ᠤᠨ | ᠨᠤᠲᠤᠭ ᠲᠤ ᠪᠠᠨ ᠪᠤᠴᠠᠬᠤ ᠶᠢ ᠬᠢᠵᠠᠭᠠᠷᠯᠠᠵᠤ ᠪᠣᠯᠬᠤ ᠦᠭᠡᠢ᠃ | ᠬᠤᠶᠠᠷ ᠲᠤ᠂ ᠰᠤᠷᠤᠭᠴᠢᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠶᠢ | ᠪᠠᠲᠤᠯᠠᠬᠤ ᠰᠢᠨ᠎ᠡ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠬᠢᠵᠢᠭ ᠤᠨ ᠪᠠᠶᠢᠳᠠᠯ ᠲᠠᠢ ᠭᠠᠵᠠᠷ | ᠣᠷᠣᠨ ᠳᠤ᠂ ᠰᠤᠷᠤᠭᠴᠢᠳ ᠤᠨ ᠮᠣᠷᠳᠠᠬᠤ ᠭᠠᠵᠠᠷ᠂ ᠬᠦᠷᠬᠦ ᠭᠠᠵᠠᠷ ᠪᠠ ᠮᠤᠵᠢ ᠶᠢᠨ ᠱᠠᠲᠤᠨ ᠤ ᠬᠤᠯᠪᠤᠭᠠᠯᠠᠨ | ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠬᠤᠭᠤᠷᠣᠨᠳᠣᠬᠢ ︽ᠨᠢᠭᠡ ᠠᠴᠠ ᠨᠢᠭᠡ ᠳᠤ ᠵᠣᠯᠭᠠᠭᠤᠯᠬᠤ︾ | ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠭᠰᠠᠨ ᠰᠤᠷᠤᠭᠴᠢᠳ ᠤᠨ ᠮᠡᠳᠡᠭᠡ ᠵᠠᠩᠭᠢ ᠶᠢ ᠤᠷᠢᠳᠴᠢᠯᠠᠨ | ᠪᠦᠷᠢᠳᠬᠡᠵᠦ᠂ ᠴᠠᠭ ᠲᠤᠬᠠᠢ ᠳᠤ ᠨᠢ ᠮᠡᠳᠡᠭᠦᠯᠵᠦ᠂ ᠬᠦᠷᠬᠦ ᠭᠠᠵᠠᠷ ᠤᠨ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠭᠥᠯᠢᠶᠡᠨ ᠠᠪᠬᠤ ᠪᠠ ᠵᠣᠯᠭᠠᠭᠤᠯᠬᠤ ᠠᠵᠢᠯ ᠢ ᠰᠠᠶᠢᠲᠤᠷ ᠬᠢᠬᠦ ᠳᠤ ᠲᠥᠬᠦᠮ ᠦᠵᠡᠭᠦᠯᠦᠨ᠎ᠡ᠃ ᠶᠡᠭᠡ | ᠳᠡᠭᠡᠳᠦ ᠰᠤᠷᠭᠠᠭᠤᠯᠢ ᠬᠢᠭᠡᠳ ᠰᠤᠷᠤᠭᠴᠢᠳ ᠤᠨ ᠮᠣᠷᠳᠠᠬᠤ ᠭᠠᠵᠠᠷ ᠪᠠ ᠬᠦᠷᠬᠦ ᠭᠠᠵᠠᠷ ᠤᠨ ᠮᠤᠵᠢ ᠶᠢᠨ ᠱᠠᠲᠤᠨ ᠤ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠬᠤᠭᠤᠷᠣᠨᠳᠣᠬᠢ ︽ᠨᠢᠭᠡ ᠠᠴᠠ ᠬᠤᠶᠠᠷ ᠲᠤ | ᠵᠣᠯᠭᠠᠭᠤᠯᠬᠤ︾ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠴᠢᠩᠭᠠᠳᠬᠠᠵᠤ᠂ ᠭᠤᠷᠪᠠᠨ ᠲᠠᠯ᠎ᠠ ᠶᠢᠨ | ᠵᠣᠬᠢᠴᠠᠭᠤᠯᠭ᠎ᠠ ᠪᠠ ᠬᠠᠷᠢᠯᠴᠠᠭ᠎ᠠ ᠶᠢ ᠨᠢᠭᠲᠠᠷᠠᠭᠤᠯᠵᠤ᠂ ᠴᠠᠭ ᠲᠤᠬᠠᠢ ᠳᠤ ᠨᠢ ᠲᠣᠬᠢᠷᠠᠭᠤᠯᠤᠨ᠂ ᠰᠤᠷᠤᠭᠴᠢᠳ ᠤᠨ | ᠨᠤᠲᠤᠭ ᠲᠤ ᠪᠠᠨ ᠪᠤᠴᠠᠬᠤ ᠵᠠᠮ ᠳᠠᠬᠢ ᠭᠡᠨᠡᠳᠲᠡ ᠶᠢᠨ ᠪᠠᠶᠢᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ᠭᠤᠷᠪᠠ ᠳᠤ᠂ ᠰᠤᠷᠤᠭᠴᠢᠳ ᠤᠨ ᠨᠤᠲᠤᠭ ᠲᠤ ᠪᠠᠨ ᠪᠤᠴᠠᠬᠤ ᠵᠠᠮ ᠳᠤ ᠪᠠᠨ ᠬᠦᠰᠡᠯ ᠱᠠᠭᠠᠷᠳᠠᠯᠭ᠎ᠠ ᠪᠠᠨ | ᠲᠤᠰᠬᠠᠬᠤ ᠣᠯᠠᠨ ᠠᠷᠭ᠎ᠠ ᠵᠠᠮ ᠢ ᠨᠡᠪᠲᠡᠷᠡᠭᠦᠯᠦᠨ᠎ᠡ᠃ ᠰᠤᠷᠤᠭᠴᠢᠳ ᠰᠤᠷᠭᠠᠭᠤᠯᠢ ᠠᠴᠠ ᠪᠠᠨ ᠰᠠᠯᠵᠤ | ᠨᠤᠲᠤᠭ ᠲᠤ ᠪᠠᠨ ᠪᠤᠴᠠᠬᠤ ᠵᠠᠮ ᠳᠤ ᠪᠠᠨ ᠬᠡᠷᠪᠡ ᠣᠨᠴᠠᠭᠠᠢ ᠠᠰᠠᠭᠤᠳᠠᠯ᠂ ᠣᠨᠴᠠᠭᠠᠢ ᠬᠡᠷᠡᠭᠴᠡᠭᠡ ᠱᠠᠭᠠᠷᠳᠠᠯᠭ᠎ᠠ ᠳᠤ | ᠲᠤᠯᠭᠠᠷᠠᠪᠠᠯ᠂ ᠰᠤᠷᠭᠠᠭᠤᠯᠢ ᠶᠢᠨ ᠰᠣᠷᠣᠭᠴᠢ ᠠᠵᠢᠯᠴᠢᠨ ᠤ ᠰᠠᠯᠠᠭ᠎ᠠ ᠮᠥᠴᠢᠷ ᠵᠢᠴᠢ ᠠᠩᠭᠢ ᠶᠢᠨ ᠡᠷᠬᠢᠯᠡᠭᠴᠢ | ᠪᠣᠯᠣᠨ ᠬᠠᠪᠰᠤᠷᠤᠨ ᠵᠢᠯᠣᠭᠤᠳᠤᠭᠴᠢ ᠪᠠᠭᠰᠢ ᠳᠤ ᠪᠠᠨ ᠪᠠᠶᠢᠳᠠᠯ ᠢᠶᠠᠨ ᠲᠤᠰᠬᠠᠵᠤ᠂ ᠰᠤᠷᠭᠠᠭᠤᠯᠢ ᠠᠴᠠ ᠪᠠᠶᠢᠳᠠᠯ ᠢ | ᠴᠠᠭ ᠲᠤᠬᠠᠢ ᠳᠤ ᠨᠢ ᠲᠣᠭᠲᠠᠴᠠ ᠪᠠᠷ ᠳᠠᠮᠵᠢᠭᠤᠯᠤᠨ ᠮᠣᠷᠳᠠᠭᠰᠠᠨ ᠭᠠᠵᠠᠷ ᠪᠤᠶᠤ ᠬᠦᠷᠬᠦ ᠭᠠᠵᠠᠷ ᠤᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠤ ᠲᠤᠰᠬᠠᠵᠤ ᠰᠢᠢᠳᠪᠦᠷᠢᠯᠡᠭᠦᠯᠦᠨ᠎ᠡ᠃ ᠡᠯ᠎ᠡ ᠭᠠᠵᠠᠷ ᠤᠨ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ ᠲᠣᠭᠲᠠᠴᠠ ᠶᠢᠨ ᠨᠡᠶᠢᠲᠡᠯᠡᠭᠰᠡᠨ ᠠᠰᠠᠭᠤᠨ ᠯᠠᠪᠯᠠᠬᠤ ᠤᠲᠠᠰᠤ ᠪᠠᠷ ᠬᠠᠪᠰᠤᠷᠤᠯᠭ᠎ᠠ ᠣᠯᠵᠤ | ᠪᠣᠯᠣᠨ᠎ᠠ᠃ | ᠡᠭᠦᠨ ᠤ ᠵᠡᠷᠭᠡ ᠳᠤ᠂ ᠬᠢᠵᠢᠭ ᠤᠨ ᠪᠠᠶᠢᠳᠠᠯ ᠦᠭᠡᠢ ᠭᠠᠵᠠᠷ ᠣᠷᠣᠨ ᠳᠤ᠂ ᠶᠡᠭᠡ ᠳᠡᠭᠡᠳᠦ ᠰᠤᠷᠭᠠᠭᠤᠯᠢ ᠶᠢᠨ | ᠰᠤᠷᠤᠭᠴᠢᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠳᠤ᠂ ᠬᠦᠷᠬᠦ ᠭᠠᠵᠠᠷ ᠣᠷᠣᠨ ᠤ ᠬᠠᠷᠢᠶ᠎ᠠ | ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠎ᠠ᠃ | |