7 ᠳ᠋ᠤᠭᠠᠷ ᠰᠠᠷ᠎ᠠ ᠶᠢᠨ 12 ᠤᠨ ᠡᠳᠦᠷ ᠤᠨ 0 ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 4 ︵ᠴᠥᠮ | ᠪᠠᠶᠠᠨᠨᠠᠭᠤᠷ ᠬᠤᠲᠠ ᠳᠤ︶᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ | 2 ︵ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ | ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠨᠡᠮᠡᠭᠳᠡᠪᠡ᠃ ᠬᠢᠯᠢ ᠶᠢᠨ | ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ 1 ᠬᠠᠯᠳᠠᠪᠤᠷᠢᠯᠠᠭᠳᠠᠭᠴᠢ ︵ᠨᠡᠶᠢᠰᠯᠡᠯ ᠤᠨ | ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ | ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃ | 7 ᠳ᠋ᠤᠭᠠᠷ ᠰᠠᠷ᠎ᠠ ᠶᠢᠨ 12 ᠤᠨ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠣᠳᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 29 ︵ᠴᠥᠮ ᠪᠠᠶᠠᠨᠨᠠᠭᠤᠷ | ᠬᠤᠲᠠ ᠳᠤ︶᠂ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ︵ᠴᠥᠮ | ᠪᠠᠶᠠᠨᠨᠠᠭᠤᠷ ᠬᠤᠲᠠ ᠳᠤ︶᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ | 18 ︵ᠴᠥᠮ ᠬᠥᠬᠡᠬᠤᠲᠠ ᠳᠤ︶ ᠪᠤᠢ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ | ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ | ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ | | |