ᠠᠯᠠᠱᠠ ᠠᠶᠢᠮᠠᠭ ᠤᠨ ᠪᠠᠶᠢᠭᠠᠯᠢᠯᠢᠭ ᠡᠪᠡᠰᠦ ᠪᠡᠯᠴᠢᠭᠡᠷ ᠤᠨ ᠤᠷᠭᠤᠴᠠ ᠶᠢᠨ ᠪᠠᠶᠢᠳᠠᠯ ᠢ ᠴᠠᠭ ᠲᠤᠬᠠᠶ ᠳᠤᠨᠢ | ᠪᠥᠬᠦ ᠲᠠᠯ᠎ᠠ ᠪᠠᠷ ᠤᠶᠢᠯᠠᠭᠠᠬᠤ ᠶᠢᠨ ᠲᠥᠯᠥᠭᠡ᠂ ᠪᠥᠬᠦ ᠠᠶᠢᠮᠠᠭ ᠤᠨ ᠡᠯ᠎ᠡ ᠬᠤᠰᠢᠭᠤ 6 ᠰᠠᠷ᠎ᠠ ᠶᠢᠨ ᠳᠤᠮᠳᠠᠴᠢ ᠪᠠᠷ | ᠨᠢᠭᠡᠳᠦᠭᠡᠷ ᠬᠤᠭᠤᠴᠠᠭᠠᠨ ᠤ ᠪᠠᠶᠢᠭᠠᠯᠢᠯᠢᠭ ᠡᠪᠡᠰᠦ ᠪᠡᠯᠴᠢᠭᠡᠷ ᠤᠨ ᠤᠷᠭᠤᠴᠠ ᠶᠢᠨ ᠪᠠᠶᠢᠳᠠᠯ ᠢ ᠲᠤᠬᠠᠶ ᠶᠢᠨ | ᠭᠠᠵᠠᠷ ᠲᠤᠨᠢ ᠬᠢᠨᠠᠨ ᠬᠡᠮᠵᠢᠬᠦ ᠠᠵᠢᠯ ᠢ ᠥᠷᠨᠢᠭᠦᠯᠪᠡ᠃ | ᠲᠣᠰ ᠤᠳᠠᠭᠠᠨ ᠤ ᠪᠥᠬᠦ ᠠᠶᠢᠮᠠᠭ ᠤᠨ ᠲᠣᠭᠲᠠᠭᠰᠠᠨ ᠴᠠᠭ ᠬᠤᠭᠤᠴᠠᠭᠠᠨ ᠳᠠᠬᠢ ᠲᠣᠭᠲᠠᠭᠰᠠᠨ ᠤᠷᠤᠭ | ᠪᠦᠰᠡ ᠶᠢᠨ ᠬᠢᠨᠠᠨ ᠬᠡᠮᠵᠢᠯᠲᠡ ᠶᠢᠨ ᠪᠠᠶᠢᠳᠠᠯ ᠵᠢᠴᠢ ᠴᠠᠭ ᠠᠭᠤᠷ ᠤᠨ ᠲᠤᠭ᠎ᠠ ᠪᠠᠷᠢᠮᠲᠠ ᠶᠢ ᠶᠡᠷᠦᠩᠬᠡᠶᠢᠯᠡᠨ | ᠵᠠᠳᠠᠯᠬᠤ ᠪᠠᠷ ᠳᠡᠮᠵᠢᠨ᠂ ᠪᠥᠬᠦ ᠠᠶᠢᠮᠠᠭ ᠤᠨ ᠳᠤᠮᠳᠠᠴᠢ ᠲᠤᠨᠤᠳᠠᠰᠤᠨ ᠤ ᠬᠡᠮᠵᠢᠶ᠎ᠡ ᠨᠢ 15 . 1 ᠮᠢᠯᠢᠮᠧᠲᠷ᠂ | ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 11 . 7 ᠮᠢᠯᠢᠮᠧᠲᠷ ᠲᠤᠤᠷ᠎ᠠ ᠪᠠᠶᠢᠵᠤ᠂ ᠪᠠᠶᠢᠭᠠᠯᠢᠯᠢᠭ | ᠡᠪᠡᠰᠦ ᠪᠡᠯᠴᠢᠭᠡᠷ ᠤᠨ ᠤᠷᠭᠤᠯᠲᠠ ᠳᠤ ᠠᠰᠢᠭ ᠥᠬᠡᠶ ᠪᠠᠶᠢᠨ᠎ᠠ᠃ ᠬᠢᠨᠠᠨ ᠬᠡᠮᠵᠢᠯᠲᠡ ᠶᠢᠨ ᠬᠤᠭᠤᠴᠠᠭᠠᠨ ᠤ ᠪᠥᠬᠦ | ᠠᠶᠢᠮᠠᠭ ᠤᠨ ᠪᠠᠶᠢᠭᠠᠯᠢᠯᠢᠭ ᠶᠢᠨ ᠨᠤᠲᠤᠭ ᠪᠡᠯᠴᠢᠭᠡᠷ ᠤᠨ ᠤᠷᠭᠤᠮᠠᠯ ᠤᠨ ᠳᠤᠮᠳᠠᠴᠢ ᠪᠦᠷᠬᠦᠴᠡ ᠶᠢᠨ ᠬᠡᠮᠵᠢᠶ᠎ᠡ ᠨᠢ | 13 . 02 % ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢᠨᠠᠨ ᠬᠡᠮᠵᠢᠯᠲᠡ ᠶᠢᠨ ᠬᠦᠢᠴᠡᠳᠬᠡᠯ | ᠲᠤᠭ᠎ᠠ ᠲᠠᠢ ᠬᠠᠷᠢᠴᠠᠭᠤᠯᠪᠠᠯ 3 . 64 % ᠪᠠᠭᠤᠷᠠᠵᠤ᠂ ᠬᠠᠭᠤᠷᠠᠶ ᠡᠪᠡᠰᠦᠨ ᠤ ᠳᠤᠮᠳᠠᠴᠢ ᠭᠠᠷᠤᠯᠲᠠ ᠨᠢ 168 . | 5 ᠺᠢᠯᠣᠭ᠍ᠷᠠᠮ / ᠾᠧᠺᠲ᠋ᠠᠷ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢᠨᠠᠨ ᠬᠡᠮᠵᠢᠯᠲᠡ ᠶᠢᠨ ᠬᠦᠢᠴᠡᠳᠬᠡᠯ | ᠲᠤᠭ᠎ᠠ ᠲᠠᠢ ᠬᠠᠷᠢᠴᠠᠭᠤᠯᠪᠠᠯ 70 . 2 ᠺᠢᠯᠣᠭ᠍ᠷᠠᠮ / ᠾᠧᠺᠲ᠋ᠠᠷ ᠪᠠᠭᠠᠰᠪᠠ᠃ ᠡᠭᠦᠨ ᠳᠤ᠂ ᠠᠯᠠᠱᠠ ᠵᠡᠭᠦᠨ | ᠬᠤᠰᠢᠭᠤᠨ ᠤ ᠪᠠᠶᠢᠭᠠᠯᠢᠯᠢᠭ ᠨᠤᠲᠤᠭ ᠪᠡᠯᠴᠢᠭᠡᠷ ᠤᠨ ᠳᠤᠮᠳᠠᠴᠢ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ | ᠪᠦᠷᠬᠦᠴᠡ ᠨᠢ 17 . 1 % ᠪᠠᠶᠢᠵᠤ᠂ ᠳᠤᠮᠳᠠᠴᠢ ᠬᠠᠭᠤᠷᠠᠶ ᠡᠪᠡᠰᠦᠨ ᠤ ᠭᠠᠷᠤᠯᠲᠠ ᠨᠢ 300 . 5 ᠺᠢᠯᠣᠭ᠍ᠷᠠᠮ / | ᠾᠧᠺᠲ᠋ᠠᠷ ᠪᠣᠯᠤᠨ᠎ᠠ︔ ᠠᠯᠠᠱᠠ ᠪᠠᠷᠠᠭᠤᠨ ᠬᠤᠰᠢᠭᠤᠨ ᠤ ᠪᠠᠶᠢᠭᠠᠯᠢᠯᠢᠭ ᠡᠪᠡᠰᠦ ᠪᠡᠯᠴᠢᠭᠡᠷ ᠤᠨ ᠤᠷᠭᠤᠮᠠᠯ ᠤᠨ | ᠳᠤᠮᠳᠠᠴᠢ ᠪᠦᠷᠬᠦᠴᠡ 12 . 2 %᠂ ᠬᠠᠭᠤᠷᠠᠶ ᠡᠪᠡᠰᠦᠨ ᠤ ᠳᠤᠮᠳᠠᠴᠢ ᠭᠠᠷᠤᠯᠲᠠ 117 . 2 ᠺᠢᠯᠣᠭ᠍ᠷᠠᠮ / | ᠾᠧᠺᠲ᠋ᠠᠷ ᠪᠣᠯᠤᠨ᠎ᠠ︔ ᠡᠵᠡᠨ᠎ᠡ ᠬᠤᠰᠢᠭᠤᠨ ᠤ ᠪᠠᠶᠢᠭᠠᠯᠢᠯᠢᠭ ᠡᠪᠡᠰᠦ ᠪᠡᠯᠴᠢᠭᠡᠷ ᠤᠨ ᠳᠤᠮᠳᠠᠴᠢ ᠶᠡᠷᠦᠩᠬᠡᠶᠢᠯᠡᠭᠰᠡᠨ | ᠤᠷᠭᠤᠮᠠᠯ ᠤᠨ ᠬᠤᠴᠢᠯᠭ᠎ᠠ ᠶᠢᠨ ᠪᠦᠷᠬᠦᠴᠡ 9 . 5 % ᠪᠠᠶᠢᠵᠤ᠂ ᠳᠤᠮᠳᠠᠴᠢ ᠬᠠᠭᠤᠷᠠᠶ ᠡᠪᠡᠰᠦᠨ ᠤ ᠭᠠᠷᠤᠯᠲᠠ | 87 . 8 ᠺᠢᠯᠣᠭ᠍ᠷᠠᠮ / ᠾᠧᠺᠲ᠋ᠠᠷ ᠪᠣᠯᠤᠨ᠎ᠠ᠃ 7 ᠳ᠋ᠤᠭᠠᠷ ᠰᠠᠷ᠎ᠠ ᠶᠢᠨ ᠳᠤᠮᠳᠠᠴᠢ ᠪᠠᠷ᠂ ᠪᠥᠬᠦ ᠠᠶᠢᠮᠠᠭ ᠤᠨ | ᠪᠠᠶᠢᠭᠠᠯᠢᠯᠢᠭ ᠡᠪᠡᠰᠦ ᠪᠡᠯᠴᠢᠭᠡᠷ ᠤᠨ ᠤᠷᠭᠤᠴᠠ ᠶᠢ ᠦᠷᠭᠦᠯᠵᠢᠯᠡᠨ ᠬᠢᠨᠠᠨ ᠬᠡᠮᠵᠢᠵᠦ᠂ 2022 ᠣᠨ ᠤ | ᠪᠠᠶᠢᠭᠠᠯᠢ ᠶᠢᠨ ᠨᠤᠲᠤᠭ ᠪᠡᠯᠴᠢᠭᠡᠷ ᠤᠨ ᠤᠷᠭᠤᠴᠠ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠨ᠎ᠡ᠃ |