ᠨᠤᠨᠳᠠᠭᠲᠤ ᠤᠯᠠᠭᠠᠨ ︵ᠬᠠᠪᠤᠷᠰᠢᠯ ᠴᠡᠴᠡᠭ︶
ᠨᠡᠶᠢᠲᠡᠯᠡᠭᠰᠡᠨ ᠴᠠᠭ᠄
2022/7/18
     ᠤᠯᠠᠨ ᠨᠠᠰᠦᠲᠦ ᠡᠪᠡᠰᠦᠯᠢᠭ ᠤᠷᠭᠤᠮᠠᠯ ᠪᠤᠶᠤ ᠨᠤᠭᠤ ᠶᠢᠨ ᠲᠤᠮᠳᠠᠰᠠᠭ ᠤᠷᠭᠤᠮᠠᠯ᠃ ᠬᠤᠳᠤᠭᠤᠷ ᠴᠡᠭᠢᠭᠯᠢᠭ ᠨᠤᠭᠤ᠂ ᠨᠠᠮᠤᠭᠵᠢᠭᠰᠠᠨ ᠨᠤᠭᠤ᠂ ᠠᠭᠤᠯᠠ ᠶᠢᠨ ᠨᠤᠭᠤ ᠵᠢᠴᠢ ᠭᠤᠤ ᠰᠤᠪᠠᠭ ᠤᠨ ᠪᠤᠲᠠ ᠰᠦᠭᠡᠭ ᠤᠨ ᠲᠤᠮᠳᠠ ᠤᠷᠭᠤᠳᠠᠭ᠃ ᠪᠠᠰᠠ ᠰᠡᠶᠢᠷᠡᠭ ᠬᠠᠷᠭᠠᠢ ᠶᠢᠨ ᠤᠢ ᠶᠢᠨ ᠲᠤᠭᠤᠤᠷ ᠤᠷᠭᠤᠨ᠎ᠠ᠃ ᠮᠠᠨ ᠤ ᠤᠷᠤᠨ ᠤ ᠬᠢᠩᠭᠠᠨ ᠤ ᠬᠤᠶᠢᠲᠦ ᠲᠤᠭᠤᠷᠢᠭ᠂ ᠬᠢᠩᠭᠠᠨ ᠤ ᠡᠮᠦᠨᠡᠲᠦ ᠲᠤᠭᠤᠷᠢᠭ᠂ ᠯᠢᠶᠤᠤ ᠡᠾᠧ ᠭᠤᠤᠯ ᠤᠨ ᠲᠠᠯ᠎ᠠ ᠭᠠᠵᠠᠷ᠂ ᠤᠯᠠᠭᠠᠨᠬᠠᠳᠠ ᠶᠢᠨ ᠲᠤᠪᠤ ᠲᠤᠪᠤᠷᠴᠠᠭ᠂ ᠬᠦᠯᠦᠨ ᠪᠤᠶᠢᠷ— ᠰᠢᠯᠢ ᠶᠢᠨ ᠭᠤᠤᠯ ᠤᠨ ᠦᠨᠳᠦᠷᠯᠢᠭ ᠤᠨ ᠵᠡᠬᠦᠨ ᠬᠡᠰᠡᠭ ᠪᠠ ᠲᠤᠮᠳᠠ ᠬᠡᠰᠡᠭ᠂ ᠤᠷᠳᠤᠰ ᠲᠤᠭᠤᠷᠢᠭ᠂ ᠮᠤᠨᠢ ᠠᠭᠤᠯᠠ ᠶᠢᠨ ᠲᠤᠭᠤᠷᠢᠭ᠂ ᠠᠯᠠᠱᠠ ᠠᠭᠤᠯᠠ ᠶᠢᠨ ᠲᠤᠭᠤᠷᠢᠭ ᠢᠶᠠᠷ ᠤᠷᠭᠤᠯᠳᠠ ᠲᠠᠢ᠃ ᠮᠠᠨ ᠤ ᠤᠯᠤᠰ ᠤᠨ ᠵᠡᠬᠦᠨ ᠬᠤᠶᠢᠲᠦ ᠤᠷᠤᠨ᠂ ᠪᠠᠷᠠᠭᠤᠨ ᠬᠤᠶᠢᠲᠦ ᠤᠷᠤᠨ᠂ ᠪᠠᠷᠠᠭᠤᠨ ᠡᠮᠦᠨᠡᠲᠦ ᠤᠷᠤᠨ ᠢᠶᠠᠷ ᠳᠠᠷᠬᠠᠨ᠂ ᠰᠤᠯᠤᠩᠭᠤᠰ ᠤᠨ ᠬᠤᠶᠢᠲᠦ ᠬᠡᠰᠡᠭ᠂ ᠶᠠᠫᠤᠨ᠂ ᠮᠤᠩᠭᠤᠯ ᠤᠯᠤᠰ᠂ ᠤᠷᠤᠰ ᠤᠨ ᠰᠢᠪᠧᠷᠢᠶ᠎ᠠ ᠪᠤᠯᠤᠨ ᠠᠯᠤᠰ ᠲᠤᠷᠤᠨᠠᠲᠦ ᠶᠢᠨ ᠭᠠᠵᠠᠷ ᠤᠷᠤᠨ ᠢᠶᠠᠷ ᠪᠠᠰᠠ ᠲᠠᠷᠬᠠᠨ᠎ᠠ᠃ ᠪᠦᠬᠦᠯᠢ ᠡᠪᠡᠰᠦ ᠶᠢ ᠨᠢ ᠮᠤᠩᠭᠤᠯ ᠡᠮ ᠳᠤ ᠬᠡᠷᠡᠭᠯᠡᠵᠦ᠂ ᠭᠤᠤᠯᠳᠠᠭᠤ ᠶᠠᠷ᠎ᠠ ᠬᠠᠳᠠᠭᠢ᠂ ᠰᠢᠷᠬ᠎ᠠ᠂ ᠬᠠᠯᠠᠭᠤᠨ ᠴᠢᠨᠠᠷᠳᠠᠢ ᠰᠢᠷ᠎ᠠ ᠤᠰᠤᠨ ᠤ ᠡᠪᠡᠳᠴᠢᠨ ᠵᠡᠷᠭᠡ ᠶᠢ ᠵᠠᠰᠠᠳᠠᠭ᠃ ᠤᠯᠠᠩᠬᠢ ᠳᠤ ᠪᠠᠨ ᠭᠠᠳᠠᠷ ᠬᠡᠷᠡᠭᠯᠡᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号