ᠤᠯᠠᠭᠠᠨᠴᠠᠪ ᠬᠤᠲᠠ ᠶᠢᠨ ᠳᠠᠭ᠎ᠠ ᠶᠢᠨ ᠨᠠᠭᠤᠷ᠂ ᠬᠢᠭᠢᠷᠢ ᠶᠢᠨ ᠨᠠᠭᠤᠷ ᠤᠨ ᠬᠠᠮᠠᠭᠠᠯᠠᠯᠲᠠ ᠶᠢᠨ ᠳᠦᠷᠢᠮ ︵ | 2017 ᠣᠨ ᠤ 12 ᠰᠠᠷ᠎ᠠ ᠶᠢᠨ 29 ᠤ ᠡᠳᠦᠷ ᠤᠯᠠᠭᠠᠨᠴᠠᠪ ᠬᠤᠲᠠ ᠶᠢᠨ ᠭᠤᠷᠪᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ | ᠤᠳᠠᠭᠠᠨ ᠤ ᠬᠤᠷᠠᠯᠳᠤᠭᠠᠨ ᠢᠶᠠᠷ ᠪᠠᠲᠤᠯᠠᠪᠠ︶ | | | ︵2018 ᠣᠨ ᠤ 3 ᠰᠠᠷ᠎ᠠ ᠶᠢᠨ 31 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠬᠤᠶᠠᠳᠤᠭᠠᠷ ᠤᠳᠠᠭᠠᠨ ᠤ ᠬᠤᠷᠠᠯᠳᠤᠭᠠᠨ ᠢᠶᠠᠷ ᠵᠥᠪᠰᠢᠶᠡᠷᠡᠭᠦᠯᠪᠡ︶ | | | ᠨᠢᠭᠡᠳᠦᠭᠡᠷ ᠪᠦᠯᠦᠭ | ᠶᠡᠷᠦᠩᠬᠡᠢ ᠳᠦᠷᠢᠮ | ᠨᠢᠭᠡᠳᠦᠭᠡᠷ ᠵᠦᠢᠯ ᠳᠠᠭ᠎ᠠ ᠶᠢᠨ ᠨᠠᠭᠤᠷ᠂ ᠬᠢᠭᠢᠷᠢ ᠶᠢᠨ ᠨᠠᠭᠤᠷ ︵ᠳᠣᠷᠣᠭᠰᠢ ︽ᠬᠤᠶᠠᠷ ᠨᠠᠭᠤᠷ︾ ᠭᠡᠵᠦ | ᠳᠥᠭᠦᠮᠴᠢᠯᠡᠪᠡ︶ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠬᠤᠶᠠᠷ ᠨᠠᠭᠤᠷ ᠤᠨ ᠲᠠᠯᠠᠪᠠᠢ ᠶᠢᠨ | ᠬᠠᠰᠤᠭᠳᠠᠯ ᠪᠠ ᠤᠰᠤᠨ ᠴᠣᠭᠴᠠ ᠶᠢᠨ ᠪᠣᠬᠢᠷᠲᠤᠯ ᠢ ᠰᠡᠷᠭᠡᠶᠢᠯᠡᠵᠦ᠂ ᠬᠤᠶᠠᠷ ᠨᠠᠭᠤᠷ ᠤᠨ ᠠᠮᠢ ᠠᠬᠤᠢ ᠶᠢᠨ | ᠣᠷᠴᠢᠨ ᠲᠣᠭᠤᠷᠢᠨ ᠢ ᠬᠠᠮᠠᠭᠠᠯᠠᠬᠤ ᠪᠠ ᠰᠠᠶᠢᠵᠢᠷᠠᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠤᠰᠤᠨ ᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ | ᠪᠣᠬᠢᠷᠲᠤᠯ ᠤᠨ ᠰᠡᠷᠭᠡᠶᠢᠯᠡᠨ ᠵᠠᠰᠠᠯᠲᠠ ᠶᠢᠨ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠤᠳ ᠢ ᠦᠨᠳᠦᠰᠦᠯᠡᠵᠦ᠂ ᠤᠯᠠᠭᠠᠨᠴᠠᠪ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ | ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠬᠤᠶᠠᠷ ᠨᠠᠭᠤᠷ ᠤᠨ ᠬᠡᠪᠴᠢᠶᠡᠨ ᠳᠤ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ | ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠴᠠᠬᠠᠷ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠬᠢᠭᠢᠷᠢ ᠶᠢᠨ ᠨᠠᠭᠤᠷ ᠤᠨ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ︵ | ᠳᠣᠷᠣᠭᠰᠢ ︽ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ︾ ᠭᠡᠵᠦ ᠳᠥᠭᠦᠮᠴᠢᠯᠡᠪᠡ︶ ᠵᠢᠴᠢ | ᠰᠠᠪᠠ ᠭᠠᠵᠠᠷ ᠪᠠᠭᠲᠠᠨ᠎ᠠ᠃ ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠥᠪᠡᠷᠲᠡᠭᠡᠨ | ᠵᠠᠰᠠᠬᠤ ᠣᠷᠣᠨ ᠤ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠪᠠᠭᠲᠠᠵᠤ᠂ ᠲᠡᠭᠦᠨ ᠤ ᠲᠠᠯᠠᠪᠠᠢ᠂ | ᠵᠠᠭᠠᠭ ᠱᠤᠭᠤᠮ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠵᠥᠪᠰᠢᠶᠡᠷᠡᠯ ᠶᠣᠰᠣᠭᠠᠷ ᠪᠠᠷᠢᠮᠵᠢ᠊ ᠡᠶ᠎ᠡ ᠪᠣᠯᠭᠠᠨ᠎ᠠ᠃ ᠬᠤᠶᠠᠷ ᠨᠠᠭᠤᠷ ᠤᠨ ᠰᠠᠪᠠ ᠭᠠᠵᠠᠷ ᠭᠡᠳᠡᠭ ᠨᠢ ᠳᠠᠭ᠎ᠠ ᠶᠢᠨ | ᠨᠠᠭᠤᠷ᠂ ᠬᠢᠭᠢᠷᠢ ᠶᠢᠨ ᠨᠠᠭᠤᠷ ᠤᠨ ᠲᠤᠰ ᠲᠤᠰ ᠲᠤ ᠪᠠᠨ ᠪᠢᠲᠡᠭᠦᠮᠵᠢᠯᠡᠭᠰᠡᠨ ᠰᠠᠪᠠ ᠭᠠᠵᠠᠷ ᠤᠨ ᠵᠠᠭᠠᠭ ᠱᠤᠭᠤᠮ ᠤᠨ | ᠳᠣᠲᠣᠷᠠᠬᠢ ᠬᠤᠷᠠᠭᠰᠠᠨ ᠤᠰᠤᠨ ᠤ ᠣᠷᠣᠨ ᠢ ᠵᠢᠭᠠᠵᠤ ᠪᠤᠢ᠃ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠵᠠᠰᠠᠭ | ᠵᠠᠬᠢᠷᠭᠠᠨ ᠤ ᠬᠤᠪᠢᠶᠠᠷᠢᠯᠠᠯ ᠨᠢ ᠯᠢᠶᠠᠩᠴᠧᠩ ᠰᠢᠶᠠᠨ᠂ ᠹᠧᠩᠵᠧᠨ ᠬᠤᠲᠠ ᠪᠠ ᠵᠦᠸᠧᠽᠢ ᠰᠢᠶᠠᠨ ᠳᠤ | ᠬᠤᠯᠪᠣᠭᠳᠠᠵᠤ᠂ ᠶᠡᠷᠦᠩᠬᠡᠢ ᠲᠠᠯᠠᠪᠠᠢ ᠨᠢ 2312.75 ᠲᠡᠭᠰᠢ ᠳᠥᠷᠪᠡᠯᠵᠢᠨ ᠺᠢᠯᠤᠮᠧᠲᠷ᠃ ᠬᠢᠭᠢᠷᠢ ᠶᠢᠨ | ᠨᠠᠭᠤᠷ ᠤᠨ ᠵᠠᠰᠠᠭ ᠵᠠᠬᠢᠷᠭᠠᠨ ᠤ ᠬᠤᠪᠢᠶᠠᠷᠢᠯᠠᠯ ᠨᠢ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠵᠢᠨᠢᠩ | ᠲᠣᠭᠤᠷᠢᠭ᠂ ᠹᠧᠩᠵᠧᠨ ᠬᠤᠳᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤ᠂ ᠵᠦᠸᠧᠽᠢ ᠰᠢᠶᠠᠨ ᠪᠠ ᠰᠢᠩ ᠾᠧ ᠰᠢᠶᠠᠨ ᠳᠤ ᠬᠤᠯᠪᠣᠭᠳᠠᠵᠤ᠂ ᠶᠡᠷᠦᠩᠬᠡᠢ ᠲᠠᠯᠠᠪᠠᠢ ᠨᠢ | 4511.20 ᠲᠡᠭᠰᠢ ᠳᠥᠷᠪᠡᠯᠵᠢᠨ ᠺᠢᠯᠤᠮᠧᠲᠷ᠃ | ᠭᠤᠷᠪᠠᠳᠤᠭᠠᠷ ᠵᠦᠢᠯ ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠠᠳᠠᠨ᠎ᠠ | ᠲᠥᠯᠥᠪᠵᠢᠭᠦᠯᠭᠡ᠂ ᠬᠠᠮᠠᠭᠠᠯᠠᠯᠲᠠ᠂ ᠵᠠᠰᠠᠯᠲᠠ᠂ ᠬᠡᠷᠡᠭᠯᠡᠯᠲᠡ ᠪᠠ ᠬᠢᠨᠠᠯᠲᠠ ᠬᠠᠮᠢᠶᠠᠷᠤᠯᠲᠠ ᠵᠡᠷᠭᠡ | ᠠᠵᠢᠯᠯᠠᠭ᠎ᠠ ᠳᠤ ᠪᠠᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠢ ᠵᠢᠷᠤᠮᠯᠠᠬᠤ ᠬᠡᠷᠡᠭᠲᠡᠢ᠃ ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠠᠳᠠᠨ᠎ᠠ | ᠰᠠᠪᠠ ᠭᠠᠵᠠᠷ ᠲᠤ ᠡᠮᠦᠨᠡᠬᠢ ᠵᠦᠢᠯ ᠤᠨ ᠠᠵᠢᠯᠯᠠᠭ᠎ᠠ ᠬᠢᠬᠦ ᠳᠡᠭᠡᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠢᠷᠤᠮᠯᠠᠬᠤ ᠠᠴᠠ ᠪᠤᠰᠤᠳ᠂ ᠮᠥᠨ ᠲᠤᠰ ᠳᠦᠷᠢᠮ ᠤᠨ | ᠲᠣᠭᠲᠠᠭᠠᠯ ᠶᠣᠰᠣᠭᠠᠷ ᠶᠠᠪᠤᠭᠤᠯᠬᠤ ᠬᠡᠷᠡᠭᠲᠡᠢ᠃ | ᠳᠥᠷᠪᠡᠳᠦᠭᠡᠷ ᠵᠦᠢᠯ ᠬᠤᠶᠠᠷ ᠨᠠᠭᠤᠷ ᠤᠨ ᠬᠠᠮᠠᠭᠠᠯᠠᠯᠲᠠ ᠳᠤ ᠪᠠᠨ᠂ ᠬᠠᠮᠠᠭᠠᠯᠠᠯᠲᠠ ᠶᠢ ᠤᠷᠢᠳ ᠢᠶᠠᠷ | ᠪᠠᠶᠢᠯᠭᠠᠬᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠶᠡᠷᠦᠩᠬᠡᠶᠢᠯᠡᠨ ᠵᠠᠰᠠᠬᠤ᠂ ᠬᠠᠤᠯᠢ ᠶᠣᠰᠣᠭᠠᠷ | ᠬᠠᠮᠢᠶᠠᠷᠬᠤ ᠪᠠ ᠡᠭᠦᠷᠢᠳᠡ ᠦᠷᠭᠦᠯᠵᠢᠯᠡᠨ ᠬᠥᠭᠵᠢᠭᠦᠯᠬᠦ ᠵᠠᠷᠴᠢᠮ ᠢ ᠵᠢᠷᠤᠮᠯᠠᠬᠤ ᠬᠡᠷᠡᠭᠲᠡᠢ᠃ | ᠲᠠᠪᠤᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠬᠤ ᠬᠤᠶᠠᠷ | ᠨᠠᠭᠤᠷ ᠤᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠬᠤᠶᠠᠷ ᠨᠠᠭᠤᠷ ᠤᠨ ᠬᠠᠮᠠᠭᠠᠯᠠᠯᠲᠠ ᠪᠠ | ᠬᠠᠮᠢᠶᠠᠷᠤᠯᠲᠠ ᠶᠢᠨ ᠪᠣᠳᠠᠲᠠᠢ ᠠᠵᠢᠯ ᠢ ᠬᠠᠷᠢᠭᠤᠴᠠᠨ᠎ᠠ᠂ ᠳᠣᠣᠷ᠎ᠠ ᠵᠢᠭᠰᠠᠭᠠᠭᠰᠠᠨ ᠲᠤᠰᠢᠶᠠᠯ ᠬᠠᠷᠢᠭᠤᠴᠠᠯᠭ᠎ᠠ ᠤᠳ ᠢ | ᠭᠦᠢᠴᠡᠳᠬᠡᠨ᠎ᠡ᠄ ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠲᠤᠰ ᠬᠤᠲᠠ ᠶᠢᠨ ᠬᠠᠮᠢᠶ᠎ᠠ ᠪᠦᠬᠦᠢ | ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ ᠴᠢᠭᠯᠡᠯᠲᠡ᠂ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠬᠡᠷᠡᠭᠵᠢᠭᠦᠯᠦᠨ᠎ᠡ᠃ ︵ᠬᠤᠶᠠᠷ︶ ᠬᠤᠶᠠᠷ ᠨᠠᠭᠤᠷ ᠤᠨ ᠬᠠᠮᠠᠭᠠᠯᠠᠯᠲᠠ ᠶᠢᠨ ᠶᠡᠷᠦᠩᠬᠡᠢ | ᠲᠥᠯᠥᠪᠵᠢᠭᠦᠯᠭᠡ ᠪᠠ ᠲᠤᠰᠬᠠᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠵᠠᠰᠠᠪᠤᠷᠢ ᠣᠷᠣᠭᠤᠯᠬᠤ ᠪᠠ | ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠵᠤ᠂ ᠬᠤᠶᠠᠷ ᠨᠠᠭᠤᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠳᠦᠷᠢᠮ ᠢ | ᠲᠣᠭᠲᠠᠭᠠᠬᠤ ᠪᠠ ᠬᠡᠷᠡᠭᠵᠢᠭᠦᠯᠦᠨ᠎ᠡ︔ ︵ᠭᠤᠷᠪᠠ︶ ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠬᠢᠨᠠᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢ ᠨᠢ ᠵᠢᠭᠠᠨ ᠵᠢᠯᠣᠭᠤᠳᠴᠤ ᠵᠣᠬᠢᠴᠠᠭᠤᠯᠤᠨ᠎ᠠ︔ | ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ | ᠣᠷᠳᠣᠨ ᠳᠤ ᠬᠠᠷᠢᠶᠠᠯᠠᠭᠳᠠᠬᠤ ᠤᠰᠤᠨ ᠠᠰᠢᠭᠯᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠪᠠ ᠤᠯᠤᠰ ᠤᠨ | ᠭᠠᠵᠠᠷ ᠰᠢᠷᠣᠢ ᠡᠬᠢ ᠪᠠᠶᠠᠯᠢᠭ ᠵᠡᠷᠭᠡ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠬᠤᠶᠠᠷ ᠨᠠᠭᠤᠷ ᠤᠨ ᠰᠠᠪᠠ ᠭᠠᠵᠠᠷ ᠤᠨ ᠬᠢᠨᠠᠨ ᠬᠠᠮᠢᠶᠠᠷᠤᠯᠲᠠ ᠪᠠ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢᠨ ᠠᠵᠢᠯ ᠢ ᠰᠠᠶᠢᠲᠤᠷ ᠬᠢᠬᠦ ᠶᠢ ᠨᠢ ᠵᠣᠬᠢᠴᠠᠭᠤᠯᠤᠨ᠎ᠠ︔ ︵ᠳᠥᠷᠪᠡ︶ ᠬᠤᠶᠠᠷ ᠨᠠᠭᠤᠷ ᠤᠨ | ᠰᠠᠪᠠ ᠭᠠᠵᠠᠷ ᠤᠨ ᠤᠰᠤᠨ ᠴᠣᠭᠴᠠ᠂ ᠨᠤᠭᠤ ᠭᠠᠵᠠᠷ᠂ ᠪᠡᠯᠴᠢᠭᠡᠷ ᠤᠨ ᠲᠠᠯᠠᠪᠠᠢ ᠶᠢᠨ ᠪᠠᠶᠢᠳᠠᠯ ᠵᠡᠷᠭᠡ ᠳᠤ ᠨᠡᠶᠢᠳᠡᠮ | ᠪᠠᠶᠢᠴᠠᠭᠠᠯᠲᠠ ᠬᠢᠬᠦ ᠪᠠ ᠮᠡᠳᠡᠭᠡ ᠵᠠᠩᠭᠢ ᠨᠡᠶᠢᠲᠡᠯᠡᠨ᠎ᠡ︔ ︵ᠲᠠᠪᠤ︶ ᠬᠤᠯᠪᠣᠭᠳᠠᠯ ᠪᠦᠬᠦᠢ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠵᠤ ᠤᠰᠤᠨ ᠤ ᠣᠷᠴᠢᠨ ᠲᠣᠭᠤᠷᠢᠨ᠂ ᠤᠰᠤᠨ ᠤ ᠡᠬᠢ | ᠪᠠᠶᠠᠯᠢᠭ᠂ ᠤᠰᠤᠨ ᠤ ᠠᠮᠢ ᠠᠬᠤᠢ ᠶᠢᠨ ᠶᠠᠰᠤ ᠴᠢᠨᠠᠷ ᠲᠤ ᠬᠢᠨᠠᠨ ᠬᠡᠮᠵᠢᠯᠲᠡ ᠬᠢᠵᠦ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠬᠢᠨᠠᠨ ᠬᠡᠮᠵᠢᠯᠲᠡ ᠶᠢᠨ ᠦᠷ᠎ᠡ ᠳ᠋ᠦᠩ ᠵᠡᠷᠭᠡ ᠮᠡᠳᠡᠭᠡ | ᠵᠠᠩᠭᠢ ᠶᠢ ᠴᠠᠭ ᠲᠤᠬᠠᠢ ᠳᠤ ᠨᠢ ᠨᠡᠶᠢᠭᠡᠮ ᠳᠤ ᠨᠡᠶᠢᠲᠡᠯᠡᠨ᠎ᠡ︔ ︵ᠵᠢᠷᠭᠤᠭ᠎ᠠ︶ ᠬᠤᠯᠪᠣᠭᠳᠠᠯ ᠪᠦᠬᠦᠢ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠵᠤ ᠤᠰᠤᠨ ᠤ ᠪᠣᠬᠢᠷᠲᠤᠯ ᠳᠤ ᠬᠢᠨᠠᠨ | ᠪᠠᠶᠢᠴᠠᠭᠠᠯᠲᠠ ᠪᠠ ᠶᠡᠷᠦᠩᠬᠡᠢ ᠵᠠᠰᠠᠯᠲᠠ ᠬᠢᠨ᠎ᠡ︔ ︵ᠳᠣᠯᠤᠭ᠎ᠠ︶ ᠤᠰᠤᠨ ᠤ ᠪᠣᠬᠢᠷᠲᠤᠯ ᠤᠨ ᠡᠬᠢ ᠶᠢᠨ ᠬᠢᠨᠠᠨ | ᠪᠠᠶᠢᠴᠠᠭᠠᠯᠲᠠ᠂ ᠴᠡᠭ ᠤᠨ ᠡᠬᠢ᠂ ᠲᠠᠯᠠᠪᠠᠢ ᠶᠢᠨ ᠡᠬᠢ ᠶᠢᠨ ᠪᠣᠬᠢᠷᠲᠤᠯ ᠤᠨ ᠰᠡᠷᠭᠡᠶᠢᠯᠡᠨ ᠵᠠᠰᠠᠯᠲᠠ︔ ︵ᠨᠠᠢᠮᠠ︶ | ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠲᠤᠷᠠᠵᠤ ᠤᠰᠤᠨ ᠤ ᠡᠬᠢ ᠰᠤᠷᠪᠤᠯᠵᠢ ᠶᠢ | ᠬᠠᠳᠠᠭᠠᠯᠠᠬᠤ ᠰᠢᠭᠤᠢ ︵ᠡᠪᠡᠰᠦᠨ︶ ᠶᠢᠨ ᠪᠠᠷᠢᠯᠭ᠎ᠠ ᠶᠢ ᠪᠦᠲᠦᠭᠡᠨ ᠪᠠᠶᠢᠭᠤᠯᠤᠨ᠎ᠠ︔ ︵ᠶᠢᠰᠦ︶ ᠬᠠᠤᠯᠢ ᠴᠠᠭᠠᠵᠠ᠂ | ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠲᠤᠰᠢᠶᠠᠯ ᠬᠠᠷᠢᠭᠤᠴᠠᠯᠭ᠎ᠠ︔ | ᠵᠢᠷᠭᠤᠳᠤᠭᠠᠷ ᠵᠦᠢᠯ ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ | ᠪᠠᠶᠢᠭᠤᠯᠤᠮᠵᠢ ᠨᠢ ᠬᠤᠶᠠᠷ ᠨᠠᠭᠤᠷ ᠤᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠲᠠᠢ | ᠬᠠᠮᠵᠢᠯᠴᠠᠵᠤ ᠬᠤᠶᠠᠷ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠢᠨᠠᠨ ᠬᠠᠮᠢᠶᠠᠷᠤᠯᠲᠠ ᠶᠢᠨ | ᠲᠤᠰᠢᠶᠠᠯ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃ | ᠳᠣᠯᠣᠳᠤᠭᠠᠷ ᠵᠦᠢᠯ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ | ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠬᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ | ᠣᠷᠴᠢᠨ ᠲᠣᠭᠤᠷᠢᠨ ᠤ ᠬᠠᠮᠠᠭᠠᠯᠠᠯᠲᠠ᠂ ᠤᠰᠤᠨ ᠠᠰᠢᠭᠯᠠᠯᠲᠠ᠂ ᠵᠠᠮ ᠲᠡᠭᠡᠭᠡᠪᠦᠷᠢ᠂ ᠲᠥᠯᠥᠪᠵᠢᠭᠦᠯᠭᠡ᠂ | ᠤᠯᠤᠰ ᠤᠨ ᠭᠠᠵᠠᠷ ᠰᠢᠷᠣᠢ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ᠂ ᠣᠢ ᠰᠢᠭᠤᠢ᠂ ᠵᠤᠭᠠᠴᠠᠯ ᠵᠡᠷᠭᠡ | ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠥᠪᠡᠷᠰᠡᠳ ᠤᠨ ᠲᠤᠰᠢᠶᠠᠯ ᠬᠠᠷᠢᠭᠤᠴᠠᠯᠭ᠎ᠠ | ᠶᠣᠰᠣᠭᠠᠷ᠂ ᠬᠤᠶᠠᠷ ᠨᠠᠭᠤᠷ ᠤᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠲᠠᠢ ᠬᠠᠮᠲᠤᠷᠠᠵᠤ | ᠬᠤᠶᠠᠷ ᠨᠠᠭᠤᠷ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | ᠨᠠᠢᠮᠠᠳᠤᠭᠠᠷ ᠵᠦᠢᠯ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠬᠤᠶᠠᠷ | ᠱᠠᠲᠤᠨ ᠤ ᠠᠷᠠᠳ ᠤᠨ ᠵᠠᠰᠠᠭ ᠤᠨ ᠣᠷᠳᠣᠨ ᠬᠤᠶᠠᠷ ᠨᠠᠭᠤᠷ ᠤᠨ ᠬᠠᠮᠠᠭᠠᠯᠠᠯᠲᠠ ᠶᠢ ᠤᠯᠤᠰ ᠠᠷᠠᠳ ᠤᠨ ᠠᠵᠤ | ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠬᠤᠶᠠᠷ ᠨᠠᠭᠤᠷ ᠤᠨ | ᠬᠠᠮᠠᠭᠠᠯᠠᠯᠲᠠ ᠳᠤ ᠬᠡᠷᠡᠭᠰᠡᠬᠦ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ ᠬᠡᠷᠡᠭᠲᠡᠢ᠃ ᠬᠤᠶᠠᠷ | ᠨᠠᠭᠤᠷ ᠤᠨ ᠰᠠᠪᠠ ᠭᠠᠵᠠᠷ ᠤᠨ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠤᠶᠠᠷ ᠨᠠᠭᠤᠷ ᠤᠨ ᠬᠠᠮᠠᠭᠠᠯᠠᠯᠲᠠ ᠶᠢᠨ ᠪᠣᠳᠠᠲᠠᠢ ᠱᠠᠭᠠᠷᠳᠠᠯᠭ᠎ᠠ ᠶᠢ | ᠦᠨᠳᠦᠰᠦᠯᠡᠵᠦ᠂ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠶᠠᠷ ᠨᠠᠭᠤᠷ ᠤᠨ ᠰᠠᠪᠠ ᠭᠠᠵᠠᠷ ᠤᠨ | ᠭᠠᠴᠠᠭ᠎ᠠ ᠲᠣᠰᠬᠤᠨ ᠤ ᠠᠷᠠᠳ ᠤᠨ ᠵᠥᠪᠯᠡᠯ ᠬᠤᠶᠠᠷ ᠨᠠᠭᠤᠷ ᠤᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ | ᠪᠠᠶᠢᠭᠤᠯᠤᠮᠵᠢ ᠲᠠᠢ ᠬᠠᠮᠵᠢᠯᠴᠠᠵᠤ ᠨᠠᠭᠤᠷ ᠴᠥᠭᠦᠷᠥᠮ ᠤᠨ ᠬᠠᠮᠠᠭᠠᠯᠠᠯᠲᠠ ᠶᠢᠨ ᠠᠵᠢᠯ ᠢ ᠬᠢᠵᠦ᠂ ᠲᠣᠰᠬᠤᠨ ᠤ | ᠠᠷᠠᠳ ᠤᠨ ᠬᠤᠶᠠᠷ ᠨᠠᠭᠤᠷ ᠤᠨ ᠬᠠᠮᠠᠭᠠᠯᠠᠯᠲᠠ ᠶᠢᠨ ᠡᠭᠦᠷᠭᠡ ᠶᠢ ᠬᠠᠤᠯᠢ ᠶᠣᠰᠣᠭᠠᠷ ᠭᠦᠢᠴᠡᠳᠬᠡᠬᠦ ᠶᠢ ᠨᠢ | ᠰᠢᠮᠳᠠᠭᠤᠯᠬᠤ᠂ ᠬᠥᠲᠥᠯᠬᠦ ᠬᠡᠷᠡᠭᠲᠡᠢ᠃ | ᠶᠢᠰᠦᠳᠦᠭᠡᠷ ᠵᠦᠢᠯ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ | ᠠᠷᠠᠳ ᠤᠨ ᠵᠠᠰᠠᠭ ᠤᠨ ᠣᠷᠳᠣᠨ ᠬᠤᠶᠠᠷ ᠨᠠᠭᠤᠷ ᠤᠨ ᠬᠠᠮᠠᠭᠠᠯᠠᠯᠲᠠ ᠶᠢᠨ ᠢᠯᠡᠴᠢᠯᠡᠯ ᠪᠠ ᠱᠠᠩᠨᠠᠯ ᠤᠨ ᠳᠦᠷᠢᠮ ᠢ | ᠪᠠᠶᠢᠭᠤᠯᠬᠤ ᠬᠡᠷᠡᠭᠲᠡᠢ᠃ | ᠬᠤᠶᠠᠳᠤᠭᠠᠷ ᠪᠦᠯᠦᠭ ᠲᠥᠯᠥᠪᠵᠢᠭᠦᠯᠭᠡ ᠪᠠ ᠬᠠᠮᠠᠭᠠᠯᠠᠯᠲᠠ | ᠠᠷᠪᠠᠳᠤᠭᠠᠷ ᠵᠦᠢᠯ ᠬᠤᠶᠠᠷ ᠨᠠᠭᠤᠷ ᠤᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠠᠴᠠ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠬᠤᠶᠠᠷ ᠨᠠᠭᠤᠷ ᠤᠨ | ᠰᠠᠪᠠ ᠭᠠᠵᠠᠷ ᠪᠠᠶᠢᠭ᠎ᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠣᠷᠳᠣᠨ ᠲᠠᠢ | ᠬᠠᠮᠲᠤᠷᠠᠵᠤ᠂ ᠬᠤᠶᠠᠷ ᠨᠠᠭᠤᠷ ᠤᠨ ᠬᠠᠮᠠᠭᠠᠯᠠᠯᠲᠠ ᠶᠢᠨ ᠶᠡᠷᠦᠩᠬᠡᠢ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠶᠢ ᠬᠠᠷᠢᠭᠤᠴᠠᠨ᠎ᠠ᠃ ᠶᠡᠷᠦᠩᠬᠡᠢ ᠲᠥᠯᠥᠪᠵᠢᠭᠦᠯᠭᠡ ᠶᠢ ᠤᠰᠤᠨ ᠤ ᠪᠣᠬᠢᠷᠲᠤᠯ ᠤᠨ ᠰᠡᠷᠭᠡᠶᠢᠯᠡᠨ | ᠵᠠᠰᠠᠯᠲᠠ ᠶᠢᠨ ᠲᠥᠯᠥᠪᠵᠢᠭᠦᠯᠭᠡ᠂ ᠤᠰᠤᠨ ᠤ ᠡᠬᠢ ᠪᠠᠶᠠᠯᠢᠭ ᠤᠨ ᠶᠡᠷᠦᠩᠬᠡᠢ ᠠᠰᠢᠭᠯᠠᠯᠲᠠ ᠶᠢᠨ ᠲᠥᠯᠥᠪᠵᠢᠭᠦᠯᠭᠡ᠂ | ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ᠂ ᠠᠮᠢ ᠠᠬᠤᠢ ᠪᠠᠷ ᠠᠷᠢᠭᠤᠨ ᠴᠡᠪᠡᠷ ᠵᠢᠵᠢᠭ ᠰᠠᠪᠠ | ᠭᠠᠵᠠᠷ ᠤᠨ ᠲᠥᠯᠥᠪᠵᠢᠭᠦᠯᠭᠡ᠂ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠥᠯᠥᠪᠵᠢᠭᠦᠯᠭᠡ | ᠂ ᠭᠠᠵᠠᠷ ᠰᠢᠷᠣᠢ ᠶᠢᠨ ᠠᠰᠢᠭᠯᠠᠯᠲᠠ ᠶᠢᠨ ᠶᠡᠷᠦᠩᠬᠡᠢ ᠲᠥᠯᠥᠪᠵᠢᠭᠦᠯᠭᠡ᠂ ᠦᠶᠡᠷ ᠤᠨ ᠰᠡᠷᠭᠡᠶᠢᠯᠡᠯᠲᠡ ᠶᠢᠨ | ᠲᠥᠯᠥᠪᠵᠢᠭᠦᠯᠭᠡ᠂ ᠤᠰᠤᠨ ᠤ ᠴᠢᠳᠠᠮᠵᠢ ᠶᠢᠨ ᠬᠤᠪᠢᠶᠠᠷᠢᠯᠠᠯ᠂ ᠨᠣᠭᠤᠭᠠᠷᠠᠭᠤᠯᠤᠯᠲᠠ ᠶᠢᠨ ᠰᠢᠰᠲ᠋ᠧᠮ ᠤᠨ | ᠲᠥᠯᠥᠪᠵᠢᠭᠦᠯᠭᠡ ᠵᠢᠴᠢ ᠤᠰᠤ ᠨᠥᠬᠦᠪᠥᠷᠢᠯᠡᠯᠲᠡ ᠶᠢᠨ ᠲᠥᠯᠥᠪᠵᠢᠭᠦᠯᠭᠡ ᠵᠡᠷᠭᠡ ᠶᠢ ᠬᠠᠷᠢᠯᠴᠠᠨ ᠵᠤᠯᠭᠠᠯᠳᠤᠭᠤᠯᠬᠤ | ᠬᠡᠷᠡᠭᠲᠡᠢ᠃ | ᠠᠷᠪᠠᠨ ᠨᠢᠭᠡᠳᠦᠭᠡᠷ ᠵᠦᠢᠯ ᠬᠤᠶᠠᠷ ᠨᠠᠭᠤᠷ ᠤᠨ ᠬᠠᠮᠠᠭᠠᠯᠠᠯᠲᠠ ᠶᠢᠨ ᠶᠡᠷᠦᠩᠬᠡᠢ ᠲᠥᠯᠥᠪᠵᠢᠭᠦᠯᠭᠡ ᠳᠤ ᠨᠤᠭᠤ | ᠭᠠᠵᠠᠷ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠰᠡᠷᠭᠡᠭ ᠣᠷᠣᠨ ᠤ ᠤᠰᠤᠨ ᠤ ᠠᠮᠢ ᠠᠬᠤᠢ ᠶᠢᠨ | ᠬᠠᠮᠠᠭᠠᠯᠠᠯᠲᠠ ᠶᠢᠨ ᠬᠠᠷᠠᠯᠲᠠᠲᠤ ᠡᠭᠦᠷᠭᠡ᠂ ᠪᠠᠲᠤᠯᠠᠬᠤ ᠠᠷᠭ᠎ᠠ ᠪᠠᠷᠢᠯ᠂ ᠨᠡᠭᠡᠭᠡᠨ ᠠᠰᠢᠭᠯᠠᠵᠤ ᠪᠦᠲᠦᠭᠡᠨ | ᠪᠠᠶᠢᠭᠤᠯᠬᠤ ᠶᠢ ᠴᠠᠭᠠᠵᠠᠯᠠᠭᠰᠠᠨ ᠣᠷᠣᠨ᠂ ᠨᠡᠭᠡᠭᠡᠨ ᠠᠰᠢᠭᠯᠠᠵᠤ ᠪᠦᠲᠦᠭᠡᠨ ᠪᠠᠶᠢᠭᠤᠯᠬᠤ ᠶᠢ ᠬᠢᠵᠠᠭᠠᠷᠯᠠᠭᠰᠠᠨ | ᠣᠷᠣᠨ ᠵᠢᠴᠢ ᠬᠠᠮᠠᠭᠠᠯᠠᠯᠲᠠ᠂ ᠠᠰᠢᠭᠯᠠᠯᠲᠠ᠂ ᠰᠡᠯᠪᠢᠨ ᠵᠠᠰᠠᠯᠲᠠ ᠶᠢᠨ ᠠᠷᠭ᠎ᠠ ᠮᠠᠶ᠋ᠢᠭ ᠵᠡᠷᠭᠡ ᠠᠭᠤᠯᠭ᠎ᠠ ᠤᠳ ᠢ | ᠲᠣᠳᠣᠷᠬᠠᠶᠢᠯᠠᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ ᠬᠤᠶᠠᠷ ᠨᠠᠭᠤᠷ ᠤᠨ ᠬᠠᠮᠠᠭᠠᠯᠠᠯᠲᠠ ᠶᠢᠨ ᠶᠡᠷᠦᠩᠬᠡᠢ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠳᠤ ᠪᠠᠨ᠂ ᠨᠤᠲᠠᠯᠠᠯᠲᠠ ᠶᠢᠨ ᠬᠤᠷᠠᠯ᠂ ᠭᠡᠷᠡᠴᠢᠯᠡᠭᠡ ᠰᠣᠨᠣᠰᠬᠤ ᠬᠤᠷᠠᠯ ᠵᠡᠷᠭᠡ ᠠᠷᠭ᠎ᠠ | ᠮᠠᠶ᠋ᠢᠭ ᠢᠶᠠᠷ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠲᠤᠰᠬᠠᠢ ᠮᠡᠷᠭᠡᠵᠢᠯᠲᠡᠨ ᠪᠠ ᠣᠯᠠᠨ ᠨᠡᠶᠢᠲᠡ ᠶᠢᠨ ᠰᠠᠨᠠᠯ ᠢ | ᠥᠷᠭᠡᠨ ᠳᠡᠯᠭᠡᠷ ᠬᠤᠷᠢᠶᠠᠬᠤ ᠬᠡᠷᠡᠭᠲᠡᠢ᠃ ᠶᠡᠷᠦᠩᠬᠡᠢ ᠲᠥᠯᠥᠪᠵᠢᠭᠦᠯᠭᠡ ᠶᠢ ᠤᠯᠠᠭᠠᠨᠴᠠᠪ ᠬᠤᠲᠠ ᠶᠢᠨ ᠠᠷᠠᠳ ᠤᠨ | ᠵᠠᠰᠠᠭ ᠤᠨ ᠣᠷᠳᠣᠨ ᠢᠶᠠᠷ ᠪᠠᠲᠤᠯᠠᠭᠤᠯᠬᠤ ᠪᠥᠭᠡᠳ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠦᠨ ᠭᠤᠶᠤᠴᠢᠯᠠᠵᠤ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ | ᠬᠠᠮᠢᠶ᠎ᠠ ᠪᠦᠬᠦᠢ ᠶᠠᠪᠤᠴᠠ ᠶᠣᠰᠣᠭᠠᠷ ᠮᠡᠳᠡᠭᠦᠯᠦᠨ ᠵᠥᠪᠰᠢᠶᠡᠷᠡᠭᠦᠯᠵᠦ᠂ ᠵᠥᠪᠰᠢᠶᠡᠷᠡᠭᠦᠯᠦᠭᠰᠡᠨ ᠤ ᠳᠠᠷᠠᠭ᠎ᠠ | ᠨᠡᠶᠢᠭᠡᠮ ᠳᠤ ᠨᠡᠶᠢᠲᠡᠯᠡᠬᠦ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠵᠥᠪᠰᠢᠶᠡᠷᠡᠭᠦᠯᠦᠭᠰᠡᠨ ᠬᠤᠶᠠᠷ ᠨᠠᠭᠤᠷ ᠤᠨ ᠬᠠᠮᠠᠭᠠᠯᠠᠯᠲᠠ ᠶᠢᠨ ᠶᠡᠷᠦᠩᠬᠡᠢ | ᠲᠥᠯᠥᠪᠵᠢᠭᠦᠯᠭᠡ ᠶᠢ ᠴᠢᠩᠭ᠎ᠠ ᠬᠡᠷᠡᠭᠵᠢᠭᠦᠯᠬᠦ ᠠᠴᠠ ᠪᠢᠰᠢ᠂ ᠶᠠᠮᠠᠷᠪᠠ ᠨᠢᠭᠡᠴᠡ ᠪᠤᠶᠤ ᠬᠤᠪᠢ ᠬᠥᠮᠦᠨ | ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ︔ ᠦᠨᠡᠬᠡᠷ ᠬᠤᠪᠢᠷᠠᠭᠤᠯᠬᠤ ᠴᠢᠬᠤᠯᠠ ᠲᠠᠢ ᠪᠣᠯ᠂ ᠤᠤᠯ ᠤᠨ | ᠵᠥᠪᠰᠢᠶᠡᠷᠡᠭᠦᠯᠬᠦ ᠶᠠᠪᠤᠴᠠ ᠪᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠬᠤᠶᠠᠷ ᠨᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠨᠢ ᠬᠤᠲᠠ | ᠵᠢᠴᠢ ᠬᠤᠶᠠᠷ ᠨᠠᠭᠤᠷ ᠤᠨ ᠰᠠᠪᠠ ᠭᠠᠵᠠᠷ ᠪᠠᠶᠢᠭ᠎ᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠤᠰᠤᠨ ᠠᠰᠢᠭᠯᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠣᠢ ᠰᠢᠭᠤᠢ᠂ | ᠲᠠᠷᠢᠶᠠᠯᠠᠩ ᠮᠠᠯ ᠠᠵᠤ ᠠᠬᠤᠢ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠵᠡᠷᠭᠡ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠵᠤ ᠬᠤᠶᠠᠷ ᠨᠠᠭᠤᠷ ᠤᠨ ᠰᠠᠪᠠ ᠭᠠᠵᠠᠷ ᠤᠨ ᠠᠮᠢ | ᠠᠬᠤᠢ ᠶᠢᠨ ᠣᠷᠴᠢᠨ ᠲᠣᠭᠤᠷᠢᠨ ᠤ ᠪᠠᠶᠢᠴᠠᠭᠠᠯᠲᠠ ᠬᠢᠵᠦ᠂ ᠰᠡᠯᠪᠢᠨ ᠵᠠᠰᠠᠬᠤ ᠲᠥᠰᠦᠯ ᠲᠣᠭᠲᠠᠭᠠᠵᠤ᠂ ᠲᠤᠰ | ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ | ᠬᠡᠷᠡᠭᠲᠡᠢ᠃ | ᠠᠷᠪᠠᠨ ᠲᠠᠪᠤᠳᠤᠭᠠᠷ ᠵᠦᠢᠯ ᠬᠤᠶᠠᠷ ᠨᠠᠭᠤᠷ ᠤᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ | ᠪᠠᠶᠢᠭᠤᠯᠤᠮᠵᠢ ᠨᠢ ᠬᠤᠶᠠᠷ ᠨᠠᠭᠤᠷ ᠤᠨ ᠰᠠᠪᠠ ᠭᠠᠵᠠᠷ ᠪᠠᠶᠢᠭ᠎ᠠ ᠭᠠᠵᠠᠷ ᠤᠨ ᠬᠤᠰᠢᠭᠤ ᠰᠢᠶᠠᠨ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠲᠠ ᠪᠠᠷ ᠰᠠᠪᠠ ᠭᠠᠵᠠᠷ ᠤᠨ ᠠᠮᠢ ᠠᠬᠤᠢ ᠶᠢᠨ ᠤᠰᠤ | ᠨᠥᠬᠦᠪᠥᠷᠢᠯᠡᠯᠲᠡ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠰᠠᠪᠠ ᠭᠠᠵᠠᠷ ᠤᠨ ᠠᠮᠢ ᠠᠬᠤᠢ ᠶᠢᠨ ᠤᠰᠤ | ᠬᠡᠷᠡᠭᠯᠡᠬᠦ ᠬᠡᠷᠡᠭᠴᠡᠭᠡ ᠶᠢ ᠪᠠᠲᠤᠯᠠᠬᠤ ᠬᠡᠷᠡᠭᠲᠡᠢ᠃ | ᠠ᠊ᠷᠪᠠᠨ ᠵᠢᠷᠭᠤᠳᠤᠭᠠᠷ ᠵᠦᠢᠯ ᠬᠤᠶᠠᠷ ᠨᠠᠭᠤᠷ ᠤᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ | ᠪᠠᠶᠢᠭᠤᠯᠤᠮᠵᠢ ᠨᠢ ᠰᠠᠪᠠ ᠭᠠᠵᠠᠷ ᠪᠠᠶᠢᠭ᠎ᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠠᠢ ᠬᠠᠮᠲᠤᠷᠠᠵᠤ᠂ ᠨᠠᠭᠤᠷ ᠴᠥᠭᠦᠷᠥᠮ ᠤᠨ ᠤᠰᠤᠨ ᠤ ᠴᠢᠨᠠᠷ ᠤᠨ ᠪᠠᠶᠢᠳᠠᠯ ᠤᠨ ᠬᠢᠨᠠᠨ ᠬᠡᠮᠵᠢᠯᠲᠡ ᠶᠢ | ᠴᠢᠩᠭᠠᠳᠬᠠᠵᠤ᠂ ᠬᠢᠨᠠᠨ ᠬᠡᠮᠵᠢᠭᠰᠡᠨ ᠦᠷ᠎ᠡ ᠳ᠋ᠦᠩ ᠢᠶᠠᠨ ᠴᠠᠭ ᠲᠤᠬᠠᠢ ᠳᠤ ᠨᠢ ᠲᠤᠰ ᠭᠠᠵᠠᠷ ᠤᠨ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠵᠦ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤ ᠨᠢ ᠰᠠᠶᠢᠵᠢᠷᠠᠭᠤᠯᠬᠤ | ᠬᠡᠷᠡᠭᠲᠡᠢ᠃ | ᠠᠷᠪᠠᠨ ᠳᠣᠯᠣᠳᠤᠭᠠᠷ ᠵᠦᠢᠯ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠪᠠᠶᠢᠭ᠎ᠠ ᠭᠠᠵᠠᠷ ᠤᠨ | ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠣᠷᠳᠣᠨ᠂ ᠨᠠᠭᠤᠷ ᠲᠤ ᠣᠷᠣᠬᠤ ᠤᠰᠤᠨ ᠤ ᠡᠬᠢ | ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠠᠶᠤᠯ ᠠᠴᠠ ᠵᠠᠪᠳᠤᠨ ᠠᠪᠤᠷᠠᠬᠤ᠂ ᠭᠠᠮᠰᠢᠭ ᠠᠴᠠ ᠠᠪᠤᠷᠠᠬᠤ᠂ | ᠰᠠᠭᠤᠭᠠᠯᠢ ᠠᠷᠠᠳ ᠤᠨ ᠪᠠᠴᠢᠮ ᠪᠠᠶᠢᠳᠠᠯ ᠢ ᠠᠷᠭᠠᠴᠠᠬᠤ ᠳᠤ ᠤᠰᠤ ᠬᠠᠩᠭᠠᠬᠤ ᠠᠴᠠ ᠭᠠᠳᠠᠨ᠎ᠠ᠂ ᠬᠤᠶᠠᠷ | ᠨᠠᠭᠤᠷ ᠤᠨ ᠰᠠᠪᠠ ᠭᠠᠵᠠᠷ ᠲᠤ ᠨᠠᠭᠤᠷ ᠲᠤ ᠣᠷᠣᠬᠤ ᠤᠰᠤᠨ ᠤ ᠡᠬᠢ ᠰᠤᠷᠪᠤᠯᠵᠢ ᠶᠢ ᠲᠠᠰᠤᠯᠬᠤ ᠪᠤᠶᠤ | ᠳᠤᠷ᠎ᠠ ᠪᠠᠷ ᠢᠶᠠᠨ ᠤᠰᠤ ᠠᠪᠬᠤ ᠶᠢ ᠴᠠᠭᠠᠵᠠᠯᠠᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠬᠤᠶᠠᠷ ᠨᠠᠭᠤᠷ ᠤᠨ ᠰᠠᠪᠠ ᠭᠠᠵᠠᠷ ᠲᠤ ᠴᠠᠬᠢᠯᠭᠠᠨ ᠥᠩᠭᠡᠯᠡᠯᠲᠡ᠂ ᠬᠢᠮᠢ ᠶᠢᠨ | ᠠᠵᠤ ᠦᠢᠯᠡᠳᠪᠦᠷᠢ᠂ ᠡᠮ ᠤᠨ ᠦᠢᠯᠡᠳᠬᠡᠯ᠂ ᠠᠷᠠᠰᠤ ᠰᠢᠷᠢ ᠵᠡᠷᠭᠡ ᠠᠽᠣᠲ᠂ ᠹᠣᠰᠹᠣᠷ᠂ ᠬᠦᠨᠳᠦ ᠲᠡᠮᠦᠷᠯᠢᠭ | ᠵᠡᠷᠭᠡ ᠶᠢ ᠠᠭᠤᠯᠤᠭᠰᠠᠨ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠠᠵᠤ ᠠᠬᠤᠶᠢᠯᠠᠯ ᠵᠢᠴᠢ ᠥᠨᠳᠥᠷ ᠬᠤᠷᠣᠭᠳᠠᠯᠲᠤ | ᠤᠰᠤ᠂ ᠥᠨᠳᠥᠷ ᠪᠣᠬᠢᠷᠲᠤᠯ ᠤᠨ ᠲᠥᠷᠥᠯ ᠵᠦᠢᠯ ᠤᠳ ᠢ ᠰᠢᠨ᠎ᠡ ᠪᠠᠷ ᠪᠠᠶᠢᠭᠤᠯᠬᠤ ᠶᠢ ᠴᠠᠭᠠᠵᠠᠯᠠᠨ᠎ᠠ᠃ ᠤᠯᠤᠰ ᠤᠨ | ᠣᠷᠴᠢᠨ ᠲᠣᠭᠤᠷᠢᠨ ᠤ ᠶᠠᠰᠤ ᠴᠢᠨᠠᠷ ᠤᠨ ᠪᠠᠷᠢᠮᠵᠢᠶᠠᠵᠢᠯ ᠳᠤ ᠬᠦᠷᠦᠭᠡᠳᠦᠢ ᠨᠢᠭᠡᠨᠲᠡ ᠪᠠᠶᠢᠭ᠎ᠠ ᠠᠵᠤ ᠠᠬᠤᠶᠢᠯᠠᠯ ᠳᠤ | ᠂ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ | ᠣᠷᠳᠣᠨ ᠲᠡᠭᠦᠨ ᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ᠂ ᠥᠭᠡᠷ᠎ᠡ ᠪᠦᠲᠦᠭᠡᠭᠳᠡᠬᠦᠨ ᠦᠢᠯᠡᠳᠬᠦ | ᠪᠤᠶᠤ ᠡᠭᠦᠳᠡ ᠬᠠᠭᠠᠬᠤ ᠶᠢ ᠨᠢ ᠬᠠᠤᠯᠢ ᠶᠣᠰᠣᠭᠠᠷ ᠵᠠᠷᠯᠢᠭᠳᠠᠨ᠎ᠠ᠃ | ᠠᠷᠪᠠ ᠶᠢᠰᠦᠳᠦᠭᠡᠷ ᠵᠦᠢᠯ ᠬᠤᠶᠠᠷ ᠨᠠᠭᠤᠷ ᠤᠨ ᠰᠠᠪᠠ ᠭᠠᠵᠠᠷ ᠲᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ | ᠬᠢᠵᠦ᠂ ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠡᠬᠢ ᠰᠤᠷᠪᠤᠯᠵᠢ᠂ ᠤᠰᠤᠯᠠᠬᠤ ᠶᠢ ᠲᠠᠲᠠᠷᠠᠭᠤᠯᠬᠤ | ᠪᠠᠷᠢᠯᠭ᠎ᠠ ᠶᠢᠨ ᠲᠥᠬᠦᠭᠡᠷᠦᠮᠵᠢ ᠶᠢ ᠡᠵᠡᠯᠡᠬᠦ ᠪᠤᠶᠤ ᠤᠤᠯ ᠤᠨ ᠤᠰᠤᠯᠠᠯᠲᠠ ᠶᠢᠨ ᠬᠡᠷᠡᠭᠯᠡᠭᠡᠨ ᠤ ᠤᠰᠤ᠂ | ᠬᠠᠩᠭᠠᠯᠲᠠ ᠶᠢᠨ ᠤᠰᠤᠨ ᠤ ᠡᠬᠢ ᠰᠤᠷᠪᠤᠯᠵᠢ ᠳᠤ ᠠᠰᠢᠭ ᠦᠭᠡᠢ ᠨᠥᠯᠥᠭᠡ ᠲᠠᠢ ᠪᠣᠯᠤᠭᠰᠠᠨ ᠪᠣᠯ᠂ ᠪᠦᠲᠦᠭᠡᠨ | ᠪᠠᠶᠢᠭᠤᠯᠤᠯᠲᠠ ᠶᠢᠨ ᠨᠢᠭᠡᠴᠡ ᠵᠣᠬᠢᠴᠠᠩᠭᠤᠢ ᠨᠥᠬᠦᠵᠦ ᠵᠠᠰᠠᠬᠤ ᠠᠷᠭ᠎ᠠ ᠪᠠᠷᠢᠯ ᠠᠪᠬᠤ ᠬᠡᠷᠡᠭᠲᠡᠢ︔ ᠬᠤᠬᠢᠷᠠᠯ | ᠤᠴᠠᠷᠠᠭᠤᠯᠤᠭᠰᠠᠨ ᠪᠣᠯ᠂ ᠬᠠᠤᠯᠢ ᠶᠣᠰᠣᠭᠠᠷ ᠨᠥᠬᠦᠵᠦ ᠲᠥᠯᠥᠬᠦ ᠬᠡᠷᠡᠭᠲᠡᠢ᠃ | ᠬᠤᠷᠢᠳᠤᠭᠠᠷ ᠵᠦᠢᠯ ᠬᠤᠶᠠᠷ ᠨᠠᠭᠤᠷ ᠤᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ | ᠬᠤᠶᠠᠷ ᠨᠠᠭᠤᠷ ᠤᠨ ᠰᠠᠪᠠ ᠭᠠᠵᠠᠷ ᠲᠤ ᠮᠠᠯᠲᠠᠬᠤ ᠶᠢ ᠴᠠᠭᠠᠵᠠᠯᠠᠭᠰᠠᠨ ᠲᠣᠭᠤᠷᠢᠭ ᠢ ᠬᠡᠰᠡᠭᠯᠡᠨ ᠲᠣᠭᠲᠠᠭᠠᠵᠤ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠵᠦ᠂ | ᠮᠠᠯᠲᠠᠬᠤ ᠶᠢ ᠴᠠᠭᠠᠵᠠᠯᠠᠭᠰᠠᠨ ᠲᠣᠭᠤᠷᠢᠭ ᠲᠤ ᠬᠠᠶᠢᠷ ᠴᠢᠯᠠᠭᠤ ᠮᠠᠯᠲᠠᠬᠤ᠂ ᠰᠢᠷᠣᠢ ᠠᠪᠬᠤ ᠶᠢ ᠴᠠᠭᠠᠵᠠᠯᠠᠬᠤ | ᠬᠡᠷᠡᠭᠲᠡᠢ᠃ | ᠬᠤᠷᠢᠨ ᠨᠢᠭᠡᠳᠦᠭᠡᠷ ᠵᠦᠢᠯ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ | ᠱᠠᠲᠤᠨ ᠤ ᠠᠷᠠᠳ ᠤᠨ ᠵᠠᠰᠠᠭ ᠤᠨ ᠣᠷᠳᠣᠨ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠬᠠᠮᠤᠭ ᠤᠨ | ᠴᠢᠩᠭ᠎ᠠ ᠳᠦᠷᠢᠮ ᠢ ᠬᠡᠷᠡᠭᠵᠢᠭᠦᠯᠵᠦ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠬᠢᠵᠦ | ᠪᠠᠶᠢᠭᠤᠯᠤᠯᠲᠠ ᠬᠢᠵᠦ᠂ ᠲᠠᠷᠢᠶᠠᠯᠠᠩ ᠤᠨ ᠤᠰᠤ ᠠᠷᠪᠢᠯᠠᠯᠲᠠ᠂ ᠠᠵᠤ ᠦᠢᠯᠡᠳᠪᠦᠷᠢ ᠶᠢᠨ ᠤᠰᠤ ᠬᠡᠷᠡᠭᠯᠡᠯᠲᠡ | ᠬᠠᠯᠠᠬᠤ ᠠᠷᠭ᠎ᠠ ᠪᠠᠷᠢᠯ ᠢ ᠬᠡᠷᠡᠭᠵᠢᠭᠦᠯᠵᠦ᠂ ᠰᠢᠨ᠎ᠡ ᠤᠰᠤ ᠶᠢ ᠠᠪᠴᠤ ᠬᠡᠷᠡᠭᠯᠡᠬᠦ ᠬᠡᠮᠵᠢᠶ᠎ᠡ ᠶᠢ ᠪᠠᠭᠠᠰᠬᠠᠵᠤ᠂ ᠰᠠᠪᠠ | ᠭᠠᠵᠠᠷ ᠤᠨ ᠤᠰᠤ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠲᠠᠷᠢᠶᠠᠯᠠᠩ ᠳᠤ ᠤᠰᠤ | ᠬᠡᠷᠡᠭᠯᠡᠬᠦ ᠳᠤ ᠪᠠᠨ ᠤᠰᠤ ᠠᠷᠪᠢᠯᠠᠬᠤ ᠤᠰᠤᠯᠠᠯᠲᠠ ᠶᠢᠨ ᠠᠷᠭ᠎ᠠ ᠮᠠᠶ᠋ᠢᠭ ᠪᠠ ᠤᠰᠤ ᠠᠷᠪᠢᠯᠠᠬᠤ ᠮᠡᠷᠭᠡᠵᠢᠯ ᠢ | ᠳᠡᠯᠭᠡᠷᠡᠭᠦᠯᠵᠦ᠂ ᠲᠠᠷᠢᠶᠠᠯᠠᠩ ᠤᠨ ᠤᠰᠤ ᠬᠠᠳᠠᠭᠠᠯᠠᠬᠤ᠂ ᠤᠰᠤ ᠳᠠᠮᠵᠢᠭᠤᠯᠬᠤ ᠪᠠᠷᠢᠯᠭ᠎ᠠ ᠳᠤ ᠨᠡᠪᠴᠢᠬᠦ | ᠭᠤᠭᠤᠵᠢᠬᠤ ᠶᠢ ᠰᠡᠷᠭᠡᠶᠢᠯᠡᠬᠦ ᠴᠢᠬᠤᠯᠠ ᠪᠦᠬᠦᠢ ᠠᠷᠭ᠎ᠠ ᠪᠠᠷᠢᠯ ᠠᠪᠴᠤ᠂ ᠲᠠᠷᠢᠶᠠᠯᠠᠩ ᠳᠤ ᠤᠰᠤ ᠬᠡᠷᠡᠭᠯᠡᠬᠦ ᠦᠷ᠎ᠡ | ᠠᠰᠢᠭ ᠢ ᠳᠡᠭᠡᠭᠰᠢᠯᠡᠭᠦᠯᠵᠦ᠂ ᠤᠰᠤᠯᠠᠬᠤ ᠪᠠᠨ ᠪᠤᠯᠢᠵᠤ ᠤᠰᠤ ᠠᠷᠪᠢᠳᠤᠭᠤᠯᠬᠤ᠂ ᠲᠠᠷᠢᠶᠠᠯᠠᠬᠤ ᠪᠠᠨ ᠪᠤᠯᠢᠵᠤ ᠨᠤᠭᠤ | ᠭᠠᠵᠠᠷ ︵ᠣᠢ᠂ ᠡᠪᠡᠰᠦ︶ ᠪᠣᠯᠭᠠᠬᠤ ᠶᠢ ᠠᠭᠠᠵᠢᠮ ᠢᠶᠠᠷ ᠶᠠᠪᠤᠭᠳᠠᠭᠤᠯᠵᠤ᠂ ᠤᠰᠤᠨ ᠤ ᠡᠬᠢ ᠰᠤᠷᠪᠤᠯᠵᠢ ᠶᠢᠨ | ᠬᠤᠷᠣᠭᠳᠠᠯ ᠤᠨ ᠬᠡᠮᠵᠢᠶ᠎ᠡ ᠶᠢ ᠪᠠᠭᠠᠰᠬᠠᠬᠤ ᠬᠡᠷᠡᠭᠲᠡᠢ᠃ ᠠᠵᠤ ᠦᠢᠯᠡᠳᠪᠦᠷᠢ ᠳᠤ ᠤᠰᠤ ᠬᠡᠷᠡᠭᠯᠡᠬᠦ ᠳᠤ ᠪᠠᠨ | ᠲᠡᠷᠢᠭᠦᠨ ᠤ ᠮᠡᠷᠭᠡᠵᠢᠯ᠂ ᠤᠷᠠᠨ ᠳᠠᠷᠬ᠎ᠠ ᠪᠠ ᠲᠥᠬᠦᠭᠡᠷᠦᠮᠵᠢ ᠶᠢ ᠬᠡᠷᠡᠭᠯᠡᠵᠦ᠂ ᠣᠷᠴᠢᠯ ᠲᠠᠢ ᠪᠠᠷ ᠤᠰᠤ ᠬᠡᠷᠡᠭᠯᠡᠬᠦ | ᠤᠳᠠᠭ᠎ᠠ ᠲᠤᠭ᠎ᠠ ᠶᠢ ᠨᠡᠮᠡᠭᠳᠡᠭᠦᠯᠵᠦ᠂ ᠤᠰᠤᠨ ᠤ ᠳᠠᠬᠢᠨ ᠳᠠᠪᠲᠠᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠵᠦ᠂ | ᠬᠤᠴᠣᠷᠤᠩᠭᠤᠢ᠂ ᠤᠰᠤᠨ ᠤ ᠬᠤᠷᠣᠭᠳᠠᠯ ᠤᠨ ᠬᠡᠮᠵᠢᠶ᠎ᠡ ᠪᠠᠷ ᠶᠡᠭᠡ ᠤᠷᠠᠨ ᠳᠠᠷᠬ᠎ᠠ᠂ ᠲᠥᠬᠦᠭᠡᠷᠦᠮᠵᠢ ᠪᠠ | ᠪᠦᠲᠦᠭᠡᠭᠳᠡᠬᠦᠨ ᠢ ᠠᠭᠠᠵᠢᠮ ᠢᠶᠠᠷ ᠰᠢᠭᠰᠢᠭᠳᠡᠭᠦᠯᠬᠦ ᠬᠡᠷᠡᠭᠲᠡᠢ᠃ ᠬᠤᠲᠠ ᠶᠢᠨ ᠠᠮᠢᠳᠤᠷᠠᠯ ᠳᠤ ᠤᠰᠤ | ᠬᠡᠷᠡᠭᠯᠡᠬᠦ ᠳᠤ ᠪᠠᠨ ᠲᠤᠬᠠᠢ ᠶᠢᠨ ᠭᠠᠵᠠᠷ ᠤᠨ ᠪᠠᠶᠢᠳᠠᠯ ᠳᠤ ᠨᠢ ᠲᠣᠬᠢᠷᠠᠭᠤᠯᠤᠨ ᠪᠦᠲᠦᠮᠵᠢᠲᠡᠢ ᠠᠷᠭ᠎ᠠ ᠪᠠᠷᠢᠯ ᠠᠪᠴᠤ᠂ | ᠤᠰᠤ ᠠᠷᠪᠢᠯᠠᠬᠤ ᠮᠠᠶ᠋ᠢᠭ ᠤᠨ ᠠᠮᠢᠳᠤᠷᠠᠯ ᠤᠨ ᠤᠰᠤ ᠬᠡᠷᠡᠭᠯᠡᠬᠦ ᠪᠠᠭᠠᠵᠢ ᠬᠡᠷᠡᠭᠰᠡᠯ ᠢ ᠳᠡᠯᠭᠡᠷᠡᠭᠦᠯᠵᠦ᠂ ᠬᠤᠲᠠ ᠶᠢᠨ | ᠤᠰᠤ ᠬᠠᠩᠭᠠᠬᠤ ᠬᠤᠭᠤᠯᠠᠢ ᠶᠢᠨ ᠲᠣᠣᠷ ᠤᠨ ᠭᠤᠭᠤᠵᠢᠬᠤ ᠨᠣᠷᠮ᠎ᠠ ᠶᠢ ᠳᠣᠷᠣᠭᠰᠢᠯᠠᠭᠤᠯᠵᠤ᠂ ᠠᠮᠢᠳᠤᠷᠠᠯ ᠤᠨ | ᠤᠰᠤ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠵᠦ᠂ ᠬᠤᠲᠠ ᠶᠢᠨ ᠪᠤᠵᠠᠷ ᠤᠰᠤ ᠶᠢ ᠲᠥᠪᠯᠡᠷᠡᠭᠦᠯᠦᠨ | ᠰᠢᠢᠳᠪᠦᠷᠢᠯᠡᠬᠦ ᠶᠢ ᠴᠢᠩᠭᠠᠳᠬᠠᠵᠤ᠂ ᠳᠠᠬᠢᠯᠲᠠ ᠤᠰᠤ ᠬᠡᠷᠡᠭᠯᠡᠬᠦ ᠶᠢ ᠵᠣᠷᠢᠭᠵᠢᠭᠤᠯᠵᠤ᠂ ᠪᠤᠵᠠᠷ ᠤᠰᠤ ᠶᠢ | ᠳᠠᠬᠢᠯᠳᠠ ᠲᠠᠢ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ | ᠬᠤᠷᠢᠨ ᠬᠤᠶᠠᠳᠤᠭᠠᠷ ᠵᠦᠢᠯ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ | ᠱᠠᠲᠤᠨ ᠤ ᠠᠷᠠᠳ ᠤᠨ ᠵᠠᠰᠠᠭ ᠤᠨ ᠣᠷᠳᠣᠨ ᠬᠤᠲᠠ ᠬᠥᠳᠡᠭᠡ ᠶᠢᠨ ᠬᠤᠭ ᠨᠣᠪᠰᠢ ᠴᠤᠭᠯᠠᠭᠤᠯᠬᠤ᠂ | ᠵᠥᠭᠡᠭᠡᠪᠦᠷᠢᠯᠡᠬᠦ᠂ ᠰᠢᠢᠳᠪᠦᠷᠢᠯᠡᠬᠦ ᠲᠥᠬᠦᠭᠡᠷᠦᠮᠵᠢ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠤᠨ ᠪᠦᠲᠦᠭᠡᠨ | ᠪᠠᠶᠢᠭᠤᠯᠵᠤ᠂ ᠭᠠᠴᠠᠭ᠎ᠠ ᠲᠣᠰᠬᠤᠨ ᠳᠤ ᠬᠤᠭ ᠨᠣᠪᠰᠢ ᠴᠤᠭᠯᠠᠭᠤᠯᠬᠤ ᠴᠢᠭ᠋ ᠭᠠᠷᠭᠠᠵᠤ᠂ ᠬᠢᠮᠢ ᠶᠢᠨ ᠪᠣᠷᠳᠣᠭᠤᠷ᠂ | ᠲᠠᠷᠢᠶᠠᠨ ᠡᠮ᠂ ᠡᠪᠡᠰᠦ ᠠᠷᠢᠯᠭᠠᠬᠤ ᠡᠳ᠋ ᠵᠡᠷᠭᠡ ᠶᠢ ᠪᠠᠭᠯᠠᠬᠤ ᠪᠣᠳᠠᠰ ᠢ ᠢᠯᠭᠠᠪᠤᠷᠢᠯᠠᠨ ᠰᠢᠢᠳᠪᠦᠷᠢᠯᠡᠵᠦ᠂ ᠬᠤᠭ | ᠨᠣᠪᠰᠢ ᠶᠢᠨ ᠰᠢᠢᠳᠪᠦᠷᠢᠯᠡᠯᠲᠡ ᠶᠢᠨ ᠬᠡᠮᠵᠢᠭᠳᠡᠯ ᠬᠠᠰᠤᠭᠳᠠᠭᠤᠯᠤᠯᠲᠠ᠂ ᠬᠤᠣᠷ ᠦᠭᠡᠶᠢᠲᠦᠭᠦᠯᠦᠯᠲᠡ ᠪᠠ ᠡᠬᠢ | ᠪᠠᠶᠠᠯᠢᠭᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠬᠤᠶᠠᠷ ᠨᠠᠭᠤᠷ ᠤᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ | ᠪᠠᠶᠢᠭᠤᠯᠤᠮᠵᠢ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠴᠢᠳᠠᠮᠵᠢ ᠶᠢᠨ ᠬᠡᠷᠡᠭᠴᠡᠭᠡ ᠶᠢ | ᠦᠨᠳᠦᠰᠦᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠭᠤᠣᠯ ᠤᠷᠤᠰᠬᠠᠯ᠂ ᠨᠠᠭᠤᠷ | ᠴᠥᠭᠦᠷᠥᠮ᠂ ᠨᠤᠭᠤ ᠭᠠᠵᠠᠷ ᠤᠨ ᠬᠠᠮᠠᠭᠠᠯᠠᠯᠲᠠ ᠪᠠ ᠰᠡᠯᠪᠢᠨ ᠵᠠᠰᠠᠯᠲᠠ ᠬᠢᠵᠦ᠂ ᠲᠤᠬᠠᠢ ᠶᠢᠨ ᠭᠠᠵᠠᠷ ᠤᠨ | ᠪᠠᠶᠢᠳᠠᠯ ᠳᠤ ᠨᠢ ᠲᠣᠬᠢᠷᠠᠭᠤᠯᠤᠨ ᠬᠢᠮᠡᠯ ᠨᠤᠭᠤ ᠭᠠᠵᠠᠷ᠂ ᠤᠰᠤᠨ ᠤ ᠡᠬᠢ ᠰᠤᠷᠪᠤᠯᠵᠢ ᠶᠢᠨ ᠪᠠᠭᠲᠠᠭᠠᠮᠵᠢ ᠶᠢᠨ ᠣᠢ᠂ | ᠭᠤᠣᠯ ᠳᠠᠭᠠᠤ ᠨᠠᠭᠤᠷ ᠳᠠᠭᠠᠤ ᠶᠢᠨ ᠤᠷᠭᠤᠮᠠᠯ ᠤᠨ ᠬᠤᠴᠢᠯᠲᠠ ᠶᠢᠨ ᠨᠠᠮᠬᠠᠳᠬᠠᠬᠤ ᠪᠦᠰᠡ ᠪᠠ ᠲᠤᠰᠠᠭᠠᠷᠯᠠᠬᠤ | ᠪᠦᠰᠡ ᠵᠡᠷᠭᠡ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠪᠠ ᠬᠠᠮᠠᠭᠠᠯᠠᠯᠲᠠ ᠶᠢᠨ ᠪᠠᠷᠢᠯᠭ᠎ᠠ ᠶᠢ ᠪᠦᠲᠦᠭᠡᠨ | ᠪᠠᠶᠢᠭᠤᠯᠵᠤ᠂ ᠬᠠᠷ᠎ᠠ ᠦᠮᠡᠬᠡᠢ ᠤᠰᠤᠨ ᠴᠣᠭᠴᠠ ᠶᠢ ᠴᠡᠭᠴᠡᠯᠡᠨ ᠵᠠᠰᠠᠵᠤ᠂ ᠰᠠᠪᠠ ᠭᠠᠵᠠᠷ ᠤᠨ ᠣᠷᠴᠢᠨ | ᠲᠣᠭᠤᠷᠢᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠨᠠᠭᠤᠷ ᠤᠨ | ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ | ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠣᠷᠳᠣᠨ ᠰᠢᠨᠵᠢᠯᠡᠬᠦ ᠤᠬᠠᠭᠠᠨᠴᠢ ᠵᠣᠬᠢᠰᠲᠠᠢ ᠠᠷᠭ᠎ᠠ ᠪᠠᠷᠢᠯ | ᠠᠪᠴᠤ᠂ ᠬᠤᠭᠤᠴᠠᠭ᠎ᠠ ᠲᠣᠭᠲᠠᠭᠠᠵᠤ ᠨᠠᠭᠤᠷ ᠴᠥᠭᠦᠷᠥᠮ ᠨᠠᠭᠤᠷ ᠲᠤ ᠣᠷᠣᠬᠤ ᠭᠤᠣᠯ ᠤᠨ ᠵᠠᠮ ᠤᠨ ᠬᠤᠷᠠᠮᠠᠭ | ᠴᠡᠪᠡᠷᠯᠡᠬᠦ ᠶᠢ ᠵᠣᠬᠢᠶᠠᠨ ᠪᠠᠶᠢᠭᠤᠯᠵᠤ᠂ ᠲᠦᠷ ᠴᠠᠭ ᠭᠠᠵᠠᠷ ᠰᠢᠷᠣᠢ ᠡᠵᠡᠯᠡᠵᠦ ᠬᠡᠷᠡᠭᠯᠡᠬᠦ ᠴᠢᠬᠤᠯᠠ ᠲᠠᠢ ᠪᠣᠯ᠂ ᠰᠠᠪᠠ | ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠣᠬᠢᠷᠠᠭᠤᠯᠬᠤ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠬᠤᠶᠠᠷ ᠨᠠᠭᠤᠷ ᠤᠨ ᠰᠠᠪᠠ ᠭᠠᠵᠠᠷ ᠲᠤ ᠶᠡᠭᠡ ᠬᠤᠣᠷ ᠲᠠᠢ᠂ ᠶᠡᠭᠡ | ᠦᠯᠡᠳᠡᠭᠳᠡᠯ ᠲᠠᠢ ᠲᠠᠷᠢᠶᠠᠨ ᠡᠮ ᠬᠡᠷᠡᠭᠯᠡᠬᠦ ᠶᠢ ᠴᠠᠭᠠᠵᠠᠯᠠᠵᠤ᠂ ᠣᠷᠭᠠᠨᠢᠭ ᠪᠣᠷᠳᠣᠭᠤᠷ ᠪᠠ ᠥᠨᠳᠥᠷ ᠠᠰᠢᠭ ᠲᠠᠢ᠂ | ᠪᠠᠭ᠎ᠠ ᠬᠤᠣᠷ ᠲᠠᠢ᠂ ᠪᠠᠭ᠎ᠠ ᠦᠯᠡᠳᠡᠭᠳᠡᠯ ᠲᠠᠢ᠂ ᠬᠢᠯᠪᠡᠷ ᠪᠠᠭᠤᠷᠠᠨ ᠵᠠᠳᠠᠷᠠᠬᠤ ᠲᠠᠷᠢᠶᠠᠨ ᠡᠮ ᠢ ᠳᠡᠯᠭᠡᠷᠡᠭᠦᠯᠦᠨ | ᠬᠡᠷᠡᠭᠯᠡᠵᠦ᠂ ᠣᠨᠣᠪᠴᠢᠲᠠᠢ ᠪᠣᠷᠳᠣᠭᠤᠷ ᠣᠷᠣᠭᠤᠯᠬᠤ᠂ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ ᠵᠡᠷᠭᠡ ᠰᠢᠨᠵᠢᠯᠡᠬᠦ | ᠤᠬᠠᠭᠠᠨᠴᠢ ᠪᠠᠷ ᠪᠣᠷᠳᠣᠭᠤᠷ ᠣᠷᠣᠭᠤᠯᠬᠤ ᠮᠡᠷᠭᠡᠵᠢᠯ ᠢ ᠳᠡᠯᠭᠡᠷᠡᠭᠦᠯᠵᠦ᠂ ᠠᠮᠢᠳᠤ ᠪᠣᠳᠠᠰ ᠤᠨ ᠲᠠᠷᠢᠶᠠᠨ ᠡᠮ | ᠬᠡᠷᠡᠭᠯᠡᠬᠦ ᠪᠠ ᠭᠡᠮ ᠬᠤᠷᠣᠬᠠᠢ ᠶᠢᠨ ᠬᠥᠨᠥᠭᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠮᠡᠷᠭᠡᠵᠢᠯ ᠬᠡᠷᠡᠭᠯᠡᠬᠦ ᠶᠢ ᠨᠢ | ᠵᠣᠷᠢᠭᠵᠢᠭᠤᠯᠵᠤ᠂ ᠲᠠᠷᠢᠶᠠᠯᠠᠩ ᠤᠨ ᠠᠷᠢᠭᠤᠨ ᠴᠡᠪᠡᠷ ᠦᠢᠯᠡᠳᠪᠦᠷᠢᠯᠡᠯ ᠪᠠ ᠬᠥᠳᠡᠭᠡ ᠲᠣᠰᠬᠤᠨ ᠤ ᠠᠷᠢᠭᠤᠨ ᠴᠡᠪᠡᠷ | ᠢᠨᠵᠧᠨᠧᠷᠢᠩ ᠢ ᠳᠡᠯᠭᠡᠷᠡᠭᠦᠯᠵᠦ᠂ ᠰᠠᠪᠠ ᠭᠠᠵᠠᠷ ᠳᠠᠬᠢ ᠲᠠᠷᠢᠶᠠᠨ ᠭᠠᠵᠠᠷ ᠤᠨ ᠬᠢᠮᠢ ᠶᠢᠨ ᠪᠣᠷᠳᠣᠭᠤᠷ᠂ ᠲᠠᠷᠢᠶᠠᠨ | ᠡᠮ ᠤᠨ ᠬᠡᠷᠡᠭᠯᠡᠭᠡᠨ ᠤ ᠶᠡᠷᠦᠩᠬᠡᠢ ᠬᠡᠮᠵᠢᠶᠡᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠰᠠᠪᠠ ᠭᠠᠵᠠᠷ ᠤᠨ | ᠤᠰᠤᠨ ᠴᠣᠭᠴᠠ ᠶᠢᠨ ᠪᠣᠬᠢᠷᠲᠤᠬᠤ ᠶᠢ ᠰᠡᠷᠭᠡᠶᠢᠯᠡᠬᠦ ᠬᠡᠷᠡᠭᠲᠡᠢ᠃ | ᠬᠤᠷᠢᠨ ᠲᠠᠪᠤᠳᠤᠭᠠᠷ ᠵᠦᠢᠯ ᠬᠤᠶᠠᠷ ᠨᠠᠭᠤᠷ ᠤᠨ ᠰᠠᠪᠠ ᠭᠠᠵᠠᠷ ᠲᠤ ᠳᠣᠣᠷ᠎ᠠ ᠵᠢᠭᠰᠠᠭᠠᠭᠰᠠᠨ ᠦᠢᠯᠡ | ᠠᠵᠢᠯᠯᠠᠭ᠎ᠠ ᠤᠳ ᠢ ᠬᠢᠵᠦ ᠪᠣᠯᠬᠤ ᠦᠭᠡᠢ᠄ ︵ᠨᠢᠭᠡ︶ ᠭᠠᠵᠠᠷ ᠳᠣᠣᠷᠠᠬᠢ ᠤᠰᠤ ᠶᠢ ᠳᠣᠣᠷ᠎ᠠ ᠪᠠᠷ ᠢᠶᠠᠨ ᠨᠡᠭᠡᠭᠡᠨ | ᠮᠠᠯᠲᠠᠬᠤ︔ ︵ᠬᠤᠶᠠᠷ︶ ᠰᠢᠢᠳᠪᠦᠷᠢᠯᠡᠯᠲᠡ ᠪᠠᠷ ᠳᠠᠮᠵᠢᠭᠰᠠᠨ ᠦᠭᠡᠢ ᠪᠤᠶᠤ ᠬᠡᠳᠦ᠋ᠢᠪᠡᠷ ᠰᠢᠢᠳᠪᠦᠷᠢᠯᠡᠯᠲᠡ ᠪᠠᠷ | ᠳᠠᠮᠵᠢᠭᠰᠠᠨ ᠪᠣᠯᠪᠠᠴᠤ ᠬᠠᠷᠠᠬᠠᠨ ᠪᠠᠷᠢᠮᠵᠢᠶᠠᠨ ᠳᠤ ᠬᠦᠷᠦᠭᠡᠳᠦᠢ ᠠᠵᠤ ᠦᠢᠯᠡᠳᠪᠦᠷᠢ ᠶᠢᠨ ᠬᠠᠶᠠᠭᠳᠠᠮᠠᠯ ᠤᠰᠤ᠂ | ᠠᠮᠢᠳᠤᠷᠠᠯ ᠤᠨ ᠪᠤᠵᠠᠷ ᠤᠰᠤ ᠵᠢᠴᠢ ᠪᠤᠰᠤᠳ ᠬᠠᠶᠠᠭᠳᠠᠮᠠᠯ ᠰᠢᠩᠭᠡᠨ ᠢ ᠭᠠᠳᠠᠭᠰᠢᠯᠠᠭᠤᠯᠬᠤ︔ ︵ᠭᠤᠷᠪᠠ︶ ᠭᠤᠣᠯ | ᠤᠷᠤᠰᠬᠠᠯ᠂ ᠨᠠᠭᠤᠷ ᠴᠥᠭᠦᠷᠥᠮ ᠳᠤ ᠬᠠᠶᠠᠭᠳᠠᠮᠠᠯ ᠪᠣᠳᠠᠰ ᠴᠢᠳᠬᠤᠬᠤ᠂ ᠪᠥᠭᠯᠡᠵᠦ ᠪᠤᠯᠠᠬᠤ︔ ︵ᠲᠦᠷᠪᠡ︶ | ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠪᠤᠰᠤᠳ ᠪᠣᠬᠢᠷᠲᠤᠯ ᠪᠣᠳᠠᠰ ᠢ ᠣᠪᠣᠭᠠᠯᠠᠵᠤ ᠲᠠᠯᠪᠢᠬᠤ᠂ ᠬᠠᠳᠠᠭᠠᠯᠠᠬᠤ︔ | ︵ᠲᠠᠪᠤ︶ ᠨᠠᠭᠤᠷ ︵ᠭᠤᠣᠯ︶ ᠢ ᠪᠥᠭᠯᠡᠵᠦ ᠭᠠᠵᠠᠷ ᠪᠣᠯᠭᠠᠬᠤ᠂ ᠳᠠᠯᠠᠩ ᠪᠠᠶᠢᠭᠤᠯᠤᠨ ᠰᠠᠯᠪᠤᠷᠢ ᠶᠢ ᠬᠠᠰᠢᠬᠤ ᠵᠢᠴᠢ | ᠤᠰᠤᠨ ᠲᠠᠯᠠᠪᠠᠢ ᠶᠢ ᠡᠵᠡᠯᠡᠬᠦ ᠪᠠ ᠬᠡᠰᠡᠭᠯᠡᠬᠦ ᠪᠤᠰᠤᠳ ᠦᠢᠯᠡ ᠠᠵᠢᠯᠯᠠᠭ᠎ᠠ︔ ︵ᠵᠢᠷᠭᠤᠭ᠎ᠠ︶ ᠪᠠᠶᠢᠭ᠎ᠠ ᠭᠠᠵᠠᠷ ᠤᠨ | ᠠᠷᠠᠳ ᠤᠨ ᠵᠠᠰᠠᠭ ᠤᠨ ᠣᠷᠳᠣᠨ ᠤ ᠬᠤᠪᠢᠶᠠᠷᠢᠯᠠᠨ ᠲᠣᠭᠲᠠᠭᠠᠭᠰᠠᠨ ᠮᠠᠯ ᠪᠡᠯᠴᠢᠭᠡᠷᠯᠡᠭᠦᠯᠬᠦ ᠶᠢ ᠴᠠᠭᠠᠵᠠᠯᠠᠭᠰᠠᠨ | ᠲᠣᠭᠤᠷᠢᠭ ᠳᠣᠲᠣᠷ᠎ᠠ ᠮᠠᠯ ᠠᠳᠤᠭᠤᠯᠠᠬᠤ︔ ︵ᠲᠤᠯᠤᠭ᠎ᠠ︶ ᠭᠤᠣᠯ ᠤᠷᠤᠰᠬᠠᠯ ᠨᠠᠭᠤᠷ ᠴᠥᠭᠦᠷᠥᠮ ᠳᠤ | ᠪᠣᠬᠢᠷᠲᠤᠯ ᠢ ᠭᠠᠳᠠᠭᠰᠢᠯᠠᠭᠤᠯᠬᠤ ᠠᠮᠠᠰᠠᠷ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠬᠦ᠂ | ᠳᠠᠯᠳᠠᠭᠤᠷ ᠳᠠᠯᠳᠠ ᠬᠤᠭᠤᠯᠠᠢ ᠭᠠᠷᠭᠠᠵᠤ ᠤᠰᠤ ᠪᠣᠬᠢᠷᠲᠤᠭᠤᠯᠬᠤ ᠪᠣᠳᠠᠰ ᠢ ᠭᠠᠳᠠᠭᠰᠢᠯᠠᠭᠤᠯᠬᠤ︔ ︵ᠨᠠᠢᠮᠠ︶ | ᠤᠰᠤᠨ ᠤ ᠴᠢᠨᠠᠷ ᠢ ᠪᠣᠬᠢᠷᠲᠤᠭᠤᠯᠬᠤ᠂ ᠤᠰᠤᠨ ᠤ ᠰᠤᠷᠪᠤᠯᠵᠢ ᠶᠢ ᠡᠵᠡᠯᠡᠬᠦ᠂ ᠤᠰᠤᠨ ᠤ ᠠᠮᠢ ᠠᠬᠤᠢ ᠶᠢ ᠡᠪᠳᠡᠬᠦ | ᠪᠤᠰᠤᠳ ᠦᠢᠯᠡ ᠠᠵᠢᠯᠯᠠᠭ᠎ᠠ︔ | ᠬᠤᠷᠢᠨ ᠵᠢᠷᠭᠤᠳᠤᠭᠠᠷ ᠵᠦᠢᠯ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠤᠰᠤᠨ ᠠᠰᠢᠭᠯᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠨᠠᠭᠤᠷ ᠴᠥᠭᠦᠷᠥᠮ ᠤᠨ | ᠪᠣᠬᠢᠷᠲᠤᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ | ᠵᠣᠬᠢᠶᠠᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠭᠰᠠᠨ ᠬᠤᠭᠤᠴᠠᠭ᠎ᠠ ᠲᠠᠢ ᠶᠠᠪᠤᠭᠳᠠᠭᠤᠯᠵᠤ᠂ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ᠂ ᠪᠠᠴᠢᠮ ᠪᠠᠶᠢᠳᠠᠯ ᠢ ᠠᠷᠭᠠᠴᠠᠬᠤ ᠶᠢᠨ ᠰᠢᠢᠳᠪᠦᠷᠢᠯᠡᠯᠲᠡ ᠪᠠ | ᠶᠠᠪᠤᠳᠠᠯ ᠤᠨ ᠳᠠᠷᠠᠭᠠᠬᠢ ᠰᠡᠷᠭᠦᠭᠡᠯᠲᠡ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ | ᠭᠤᠷᠪᠠᠳᠤᠭᠠᠷ ᠪᠦᠯᠦᠭ ᠬᠢᠨᠠᠯᠲᠠ ᠪᠠ ᠬᠠᠮᠢᠶᠠᠷᠤᠯᠲᠠ | ᠬᠤᠷᠢᠨ ᠳᠣᠯᠣᠳᠤᠭᠠᠷ ᠵᠦᠢᠯ ᠬᠤᠶᠠᠷ ᠨᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠨᠢ ᠬᠤᠶᠠᠷ | ᠨᠠᠭᠤᠷ ᠤᠨ ᠰᠠᠪᠠ ᠭᠠᠵᠠᠷ ᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠲᠤᠰ ᠳᠦᠷᠢᠮ | ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ᠴᠠᠭ ᠲᠤᠬᠠᠢ ᠳᠤ ᠨᠢ | ᠬᠤᠷᠢᠭᠯᠠᠬᠤ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠯᠳᠤᠭᠤᠯᠤᠨ ᠰᠢᠢᠳᠪᠦᠷᠢᠯᠡᠬᠦ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠬᠤᠶᠠᠷ ᠨᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠨᠢ ᠵᠢᠯ ᠪᠣᠯᠭᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠬᠤᠶᠠᠷ ᠨᠠᠭᠤᠷ ᠤᠨ ᠰᠠᠪᠠ ᠭᠠᠵᠠᠷ ᠤᠨ ᠬᠠᠮᠠᠭᠠᠯᠠᠯᠲᠠ | ᠬᠠᠮᠢᠶᠠᠷᠤᠯᠲᠠ ᠶᠢᠨ ᠪᠠᠶᠢᠳᠠᠯ ᠢᠶᠠᠨ ᠮᠡᠳᠡᠭᠦᠯᠬᠦ ᠪᠥᠭᠡᠳ ᠰᠠᠪᠠ ᠭᠠᠵᠠᠷ ᠪᠠᠶᠢᠭ᠎ᠠ ᠭᠠᠵᠠᠷ ᠤᠨ ᠬᠤᠰᠢᠭᠤ ᠰᠢᠶᠠᠨ | ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠳᠡᠬᠦ ᠬᠡᠷᠡᠭᠲᠡᠢ᠃ | ᠬᠤᠷᠢ ᠶᠢᠰᠦᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤᠯᠤᠰ ᠤᠨ | ᠲᠣᠭᠲᠠᠭᠠᠯ ᠢᠶᠠᠷ ᠭᠤᠣᠯ ᠨᠠᠭᠤᠷ ᠤᠨ ᠳᠠᠷᠤᠭ᠎ᠠ ᠭᠠᠷᠭᠠᠵᠤ᠂ ᠭᠤᠣᠯ ᠨᠠᠭᠤᠷ ᠤᠨ ᠳᠠᠷᠤᠭ᠎ᠠ ᠶᠢᠨ ᠬᠠᠷᠢᠭᠤᠴᠠᠯᠭᠠᠲᠤ | ᠳᠦᠷᠢᠮ ᠢ ᠬᠡᠷᠡᠭᠵᠢᠭᠦᠯᠵᠦ᠂ ᠱᠠᠲᠤ ᠳᠠᠷᠠᠭᠠᠯᠠᠨ ᠬᠤᠶᠠᠷ ᠨᠠᠭᠤᠷ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ᠂ | ᠲᠥᠷᠥ ᠶᠢᠨ ᠪᠣᠳᠣᠯᠭ᠎ᠠ ᠪᠠ ᠠᠵᠢᠯ ᠤᠨ ᠳᠦᠷᠢᠮ ᠢ ᠵᠥᠷᠢᠴᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠦᠭᠡᠢ ᠪᠤᠶᠤ ᠵᠥᠪ ᠣᠨᠣᠪᠴᠢᠲᠠᠢ ᠭᠦᠢᠴᠡᠳᠬᠡᠬᠦ ᠦᠭᠡᠢ ᠠᠴᠠ ᠪᠣᠯᠵᠤ᠂ ᠨᠠᠭᠤᠷ ᠴᠥᠭᠦᠷᠥᠮ ︵ᠭᠤᠣᠯ ᠤᠨ ᠵᠠᠮ︶ | ᠤᠨ ᠤᠰᠤᠨ ᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠢᠳᠡ ᠬᠦᠴᠦᠨ ᠦᠭᠡᠢ ᠪᠤᠶᠤ ᠭᠡᠳᠡᠷᠭᠦ ᠪᠤᠴᠠᠬᠤ | ᠪᠣᠯᠭᠠᠭᠰᠠᠨ ᠭᠤᠣᠯ ᠨᠠᠭᠤᠷ ᠤᠨ ᠳᠠᠷᠤᠭ᠎ᠠ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠠᠮᠠᠨ ᠢᠳᠡ ᠪᠠᠷ | ᠰᠠᠨᠠᠭᠤᠯᠬᠤ᠂ ᠨᠡᠶᠢᠲᠡᠯᠡᠨ ᠰᠢᠭᠦᠮᠵᠢᠯᠡᠬᠦ᠂ ᠪᠢᠴᠢᠭ ᠤᠨ ᠢᠳᠡ ᠪᠠᠷ ᠰᠠᠨᠠᠭᠤᠯᠬᠤ᠂ ᠲᠤᠰᠢᠶᠠᠯ ᠢ ᠨᠢ ᠲᠣᠬᠢᠷᠠᠭᠤᠯᠬᠤ᠂ | ᠵᠠᠰᠠᠭ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠵᠡᠷᠭᠡ ᠠᠷᠭ᠎ᠠ ᠮᠠᠶ᠋ᠢᠭ ᠢᠶᠠᠷ ᠬᠠᠷᠢᠭᠤᠴᠠᠯᠭ᠎ᠠ ᠨᠡᠬᠡᠮᠵᠢᠯᠡᠨ᠎ᠡ᠃ | ᠭᠤᠴᠢᠳᠤᠭᠠᠷ ᠵᠦᠢᠯ ᠶᠠᠮᠠᠷᠪᠠ ᠨᠢᠭᠡᠴᠡ ᠪᠠ ᠬᠤᠪᠢ ᠬᠥᠮᠦᠨ ᠴᠥᠮ ᠬᠤᠶᠠᠷ ᠨᠠᠭᠤᠷ ᠤᠨ ᠰᠠᠪᠠ ᠭᠠᠵᠠᠷ ᠤᠨ | ᠣᠷᠴᠢᠨ ᠲᠤᠭᠤᠴᠢᠨ᠂ ᠡᠬᠢ ᠪᠠᠶᠠᠯᠢᠭ᠂ ᠠᠮᠢ ᠠᠬᠤᠢ ᠶᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠶᠢ ᠢᠯᠡᠴᠢᠯᠡᠨ | ᠭᠠᠷᠭᠠᠬᠤ ᠪᠠ ᠢᠯᠡᠴᠢᠯᠡᠨ ᠮᠡᠳᠡᠭᠦᠯᠬᠦ ᠡᠷᠬᠡ ᠲᠠᠢ᠂ ᠬᠤᠶᠠᠷ ᠨᠠᠭᠤᠷ ᠤᠨ ᠬᠠᠮᠠᠭᠠᠯᠠᠯᠲᠠ ᠶᠢᠨ ᠭᠤᠣᠯᠴᠢᠯᠠᠨ | ᠬᠠᠮᠢᠶᠠᠷᠬᠤ ᠪᠠᠶᠢᠭᠤᠯᠤᠮᠵᠢ ᠢᠯᠡᠴᠢᠯᠡᠨ ᠭᠠᠷᠭᠠᠬᠤ ᠪᠠ ᠢᠯᠡᠴᠢᠯᠡᠨ ᠮᠡᠳᠡᠭᠦᠯᠬᠦ ᠶᠢ ᠲᠣᠰᠴᠤ ᠠᠪᠤᠭᠰᠠᠨ ᠤ ᠳᠠᠷᠠᠭ᠎ᠠ᠂ | ᠴᠠᠭ ᠲᠤᠬᠠᠢ ᠳᠤ ᠨᠢ ᠬᠠᠷᠭᠤᠭᠤᠯᠤᠨ ᠪᠠᠶᠢᠴᠠᠭᠠᠬᠤ᠂ ᠰᠢᠢᠳᠪᠦᠷᠢᠯᠡᠬᠦ ᠬᠡᠷᠡᠭᠲᠡᠢ᠃ | ᠭᠤᠴᠢᠨ ᠨᠢᠭᠡᠳᠦᠭᠡᠷ ᠵᠦᠢᠯ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢ᠊ ᠡᠶ᠎ᠡ᠂ ᠲᠤᠰ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠬᠤᠶᠠᠷ ᠨᠠᠭᠤᠷ ᠤᠨ ᠬᠠᠮᠠᠭᠠᠯᠠᠯᠲᠠ ᠶᠢᠨ ᠪᠠᠶᠢᠳᠠᠯ ᠤᠨ ᠲᠤᠬᠠᠢ ᠲᠤᠰᠬᠠᠢ | ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ ᠲᠤᠰ ᠳᠦᠷᠢᠮ ᠤᠨ ᠬᠡᠷᠡᠭᠵᠢᠭᠦᠯᠦᠯᠲᠡ ᠶᠢᠨ | ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠬᠡᠷᠡᠭᠲᠡᠢ︔ ᠲᠤᠰ | ᠳᠦᠷᠢᠮ ᠤᠨ ᠬᠠᠮᠢᠶ᠎ᠠ ᠪᠦᠬᠦᠢ ᠲᠣᠭᠲᠠᠭᠠᠯ ᠢ ᠵᠥᠷᠢᠴᠡᠭᠰᠡᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ | ᠪᠦᠷᠢᠯᠳᠦᠬᠦᠨ ᠰᠠᠯᠠᠭ᠎ᠠ ᠮᠥᠴᠢᠷ᠂ ᠪᠦᠷᠢᠯᠳᠦᠬᠦᠨ ᠬᠥᠮᠦᠰ ᠲᠤ ᠯᠠᠪᠯᠠᠨ ᠠᠰᠠᠭᠤᠬᠤ᠂ ᠣᠨᠴᠠ ᠲᠣᠭᠲᠠᠭᠠᠭᠰᠠᠨ | ᠠᠰᠠᠭᠤᠳᠠᠯ ᠤᠨ ᠪᠠᠶᠢᠴᠠᠭᠠᠯᠲᠠ ᠪᠠ ᠲᠤᠰᠢᠶᠠᠯ ᠠᠴᠠ ᠨᠢ ᠤᠭᠴᠠᠷᠠᠭᠤᠯᠬᠤ ᠵᠡᠷᠭᠡ ᠬᠢᠨᠠᠯᠲᠠ ᠲᠠᠯᠪᠢᠬᠤ ᠶᠠᠪᠤᠴᠠ ᠶᠢ | ᠬᠠᠤᠯᠢ ᠶᠣᠰᠣᠭᠠᠷ ᠬᠥᠳᠡᠯᠭᠡᠬᠦ ᠬᠡᠷᠡᠭᠲᠡᠢ᠃ | ᠳᠥᠷᠪᠡᠳᠦᠭᠡᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠬᠤᠶᠠᠳᠤᠭᠠᠷ ᠵᠦᠢᠯ ᠲᠤᠰ ᠳᠦᠷᠢᠮ ᠤᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠳᠤ᠂ | ᠬᠠᠤᠯᠢ ᠴᠠᠭᠠᠵᠠ ᠬᠠᠤᠯᠢ ᠲᠣᠭᠲᠠᠭᠠᠯ ᠳᠤ ᠪᠣᠳᠠᠲᠠᠢ ᠲᠣᠷᠭᠠᠨ ᠰᠢᠢᠳᠬᠡᠬᠦ ᠶᠢ ᠨᠢᠭᠡᠨᠲᠡ ᠲᠣᠭᠲᠠᠭᠠᠭᠰᠠᠨ ᠪᠣᠯ᠂ | ᠲᠡᠭᠦᠨ ᠤ ᠲᠣᠭᠲᠠᠭᠠᠯ ᠢ ᠳᠠᠭᠠᠨ᠎ᠠ᠃ | ᠭᠤᠴᠢᠨ ᠭᠤᠷᠪᠠᠳᠤᠭᠠᠷ ᠵᠦᠢᠯ ᠬᠤᠶᠠᠷ ᠨᠠᠭᠤᠷ ᠤᠨ ᠰᠠᠪᠠ ᠭᠠᠵᠠᠷ ᠲᠤ ᠵᠥᠪᠰᠢᠶᠡᠷᠡᠭᠦᠯᠦᠭᠰᠡᠨ ᠦᠭᠡᠢ ᠪᠠᠷ | ᠨᠠᠭᠤᠷ ᠲᠤ ᠣᠷᠣᠬᠤ ᠤᠰᠤᠨ ᠤ ᠡᠬᠢ ᠰᠤᠷᠪᠤᠯᠵᠢ ᠶᠢ ᠲᠠᠰᠤᠯᠬᠤ ᠪᠤᠶᠤ ᠳᠤᠷ᠎ᠠ ᠪᠠᠷ ᠢᠶᠠᠨ ᠤᠰᠤ ᠠᠪᠤᠭᠰᠠᠨ ᠪᠣᠯ᠂ | ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠤᠰᠤᠨ ᠤ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ | ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠨᠥᠬᠦᠵᠦ ᠵᠠᠰᠠᠬᠤ | ᠠᠷᠭ᠎ᠠ ᠬᠡᠮᠵᠢᠶ᠎ᠡ ᠠᠪᠤᠭᠤᠯᠬᠤ ᠪᠥᠭᠡᠳ 5 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ | ᠳᠣᠷᠣᠭᠰᠢ ᠵᠣᠭᠤᠰ ᠢᠶᠠᠷ ᠲᠣᠷᠭᠠᠵᠤ ᠰᠢᠢᠳᠬᠡᠨ᠎ᠡ᠃ | ᠭᠤᠴᠢᠨ ᠳᠥᠷᠪᠡᠳᠦᠭᠡᠷ ᠵᠦᠢᠯ ᠬᠤᠶᠠᠷ ᠨᠠᠭᠤᠷ ᠤᠨ ᠰᠠᠪᠠ ᠭᠠᠵᠠᠷ ᠤᠨ ᠮᠠᠯᠲᠠᠬᠤ ᠶᠢ ᠴᠠᠭᠠᠵᠠᠯᠠᠭᠰᠠᠨ | ᠭᠠᠵᠠᠷ ᠲᠤ ᠬᠠᠶᠢᠷ ᠴᠢᠯᠠᠭᠤ ᠮᠠᠯᠲᠠᠬᠤ᠂ ᠰᠢᠷᠣᠢ ᠠᠪᠬᠤ ᠵᠡᠷᠭᠡ ᠠᠵᠢᠯᠯᠠᠭ᠎ᠠ ᠬᠢᠭᠰᠡᠨ ᠨᠢᠭᠡᠴᠡ ᠪᠠ ᠬᠤᠪᠢ | ᠬᠥᠮᠦᠨ ᠳᠤ᠂ ᠶᠠᠯ᠎ᠠ ᠳᠤ ᠬᠦᠷᠦᠭᠰᠡᠨ ᠠᠴᠠ ᠨᠢ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ | ᠨᠡᠬᠡᠮᠵᠢᠯᠡᠨ᠎ᠡ︔ ᠡᠷᠡᠭᠦᠦ ᠶᠢᠨ ᠬᠡᠷᠡᠭ ᠢᠶᠠᠷ ᠲᠣᠷᠭᠠᠨ ᠰᠢᠢᠳᠬᠡᠬᠦ ᠳᠤ ᠬᠠᠷᠠᠬᠠᠨ ᠬᠦᠷᠦᠭᠡᠳᠦᠢ ᠮᠥᠷᠲᠡᠭᠡᠨ ᠦᠶᠡᠷ ᠢ | ᠰᠡᠷᠭᠡᠶᠢᠯᠡᠬᠦ ᠬᠠᠤᠯᠢ ᠳᠤ ᠲᠣᠭᠲᠠᠭᠠᠯ ᠭᠠᠷᠭᠠᠭᠰᠠᠨ ᠦᠭᠡᠢ ᠪᠠᠶᠢᠪᠠᠯ᠂ ᠬᠤᠲᠠ ᠵᠢᠴᠢ ᠬᠤᠶᠠᠷ ᠨᠠᠭᠤᠷ ᠤᠨ ᠰᠠᠪᠠ | ᠭᠠᠵᠠᠷ ᠤᠨ ᠬᠤᠰᠢᠭᠤ ᠰᠢᠶᠠᠨ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ | ᠨᠥᠬᠦᠵᠦ ᠵᠠᠰᠠᠬᠤ ᠠᠷᠭ᠎ᠠ ᠪᠠᠷᠢᠯ ᠠᠪᠤᠭᠤᠯᠬᠤ ᠪᠥᠭᠡᠳ 2 ᠲᠦᠮᠡᠨ ᠲᠥᠭᠦᠷᠢᠭ ᠠᠴᠠ ᠳᠡᠭᠡᠭᠰᠢ 5 ᠲᠦᠮᠡᠨ | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠰᠢᠢᠳᠬᠡᠨ᠎ᠡ᠃ | ᠭᠤᠴᠢᠨ ᠲᠠᠪᠤᠳᠤᠭᠠᠷ ᠵᠦᠢᠯ ᠬᠤᠶᠠᠷ ᠨᠠᠭᠤᠷ ᠤᠨ ᠰᠠᠪᠠ ᠭᠠᠵᠠᠷ ᠲᠤ ᠶᠡᠭᠡ ᠬᠤᠣᠷᠳᠠᠯ ᠲᠠᠢ᠂ ᠶᠡᠭᠡ | ᠦᠯᠡᠳᠡᠭᠳᠡᠯ ᠲᠠᠢ ᠲᠠᠷᠢᠶᠠᠨ ᠡᠮ ᠬᠡᠷᠡᠭᠯᠡᠭᠰᠡᠨ ᠪᠠᠶᠢᠪᠠᠯ᠂ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ | ᠲᠠᠷᠢᠶᠠᠯᠠᠩ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠯᠠᠷᠠᠭᠤᠯᠬᠤ ᠶᠢ ᠨᠢ | ᠵᠠᠷᠯᠢᠭᠳᠠᠵᠤ᠂ ᠲᠠᠷᠢᠶᠠᠨ ᠡᠮ ᠤᠨ ᠬᠡᠷᠡᠭᠯᠡᠭᠴᠢᠳ ᠨᠢ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠠᠵᠤ ᠠᠬᠤᠶᠢᠯᠠᠯ᠂ ᠢᠳᠡᠭᠡᠨ ᠪᠠ ᠢᠳᠡᠬᠦ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠤ ᠰᠠᠩ | ᠬᠠᠳᠠᠭᠠᠯᠠᠯᠲᠠ ᠶᠢᠨ ᠠᠵᠤ ᠠᠬᠤᠶᠢᠯᠠᠯ᠂ ᠲᠤᠰᠬᠠᠶᠢᠵᠢᠭᠰᠠᠨ ᠭᠡᠮ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠲᠠᠷᠢᠶᠠᠴᠢᠨ ᠤ ᠲᠤᠰᠬᠠᠢ ᠬᠤᠷᠰᠢᠶ᠎ᠠ ᠵᠡᠷᠭᠡ ᠨᠢᠭᠡᠴᠡ ᠪᠠᠶᠢᠪᠠᠯ᠂ 8 ᠲᠦᠮᠡᠨ ᠲᠥᠭᠦᠷᠢᠭ ᠠᠴᠠ ᠳᠡᠭᠡᠭᠰᠢ 10 | ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠰᠢᠢᠳᠬᠡᠨ᠎ᠡ᠂ ᠲᠠᠷᠢᠶᠠᠨ ᠡᠮ ᠤᠨ ᠬᠡᠷᠡᠭᠯᠡᠭᠴᠢᠳ ᠨᠢ | ᠬᠤᠪᠢ ᠬᠥᠮᠦᠨ ᠪᠠᠶᠢᠪᠠᠯ᠂ 500 ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠣᠷᠣᠭᠰᠢ ᠵᠣᠭᠤᠰ ᠢᠶᠠᠷ | ᠲᠣᠷᠭᠠᠵᠤ ᠰᠢᠢᠳᠬᠡᠨ᠎ᠡ᠃ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ | ᠬᠠᠷᠢᠭᠤᠴᠠᠯᠭ᠎ᠠ ᠨᠡᠬᠡᠮᠵᠢᠯᠡᠨ᠎ᠡ᠃ | ᠭᠤᠴᠢᠨ ᠵᠢᠷᠭᠤᠳᠤᠭᠠᠷ ᠵᠦᠢᠯ ᠬᠤᠶᠠᠷ ᠨᠠᠭᠤᠷ ᠤᠨ ᠰᠠᠪᠠ ᠭᠠᠵᠠᠷ ᠲᠤ ᠵᠥᠪᠰᠢᠶᠡᠷᠡᠭᠦᠯᠦᠭᠰᠡᠨ ᠦᠭᠡᠢ ᠪᠤᠶᠤ | ᠵᠥᠪᠰᠢᠶᠡᠷᠡᠭᠰᠡᠨ ᠱᠠᠭᠠᠷᠳᠠᠯᠭ᠎ᠠ ᠶᠣᠰᠣᠭᠠᠷ ᠭᠠᠵᠠᠷ ᠳᠣᠣᠷᠠᠬᠢ ᠤᠰᠤᠨ ᠤ ᠡᠬᠢ ᠰᠤᠷᠪᠤᠯᠵᠢ ᠶᠢ ᠨᠡᠭᠡᠭᠡᠨ ᠮᠠᠯᠲᠠᠭᠰᠠᠨ | ᠦᠭᠡᠢ ᠪᠠᠶᠢᠪᠠᠯ᠂ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠵᠠᠯᠠᠷᠠᠭᠤᠯᠬᠤ ᠶᠢ ᠨᠢ ᠵᠠᠷᠯᠢᠭᠳᠠᠬᠤ ᠪᠥᠭᠡᠳ 5 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ | ᠳᠣᠷᠣᠭᠰᠢ ᠵᠣᠭᠤᠰ ᠢᠶᠠᠷ ᠲᠣᠷᠭᠠᠵᠤ ᠰᠢᠢᠳᠬᠡᠨ᠎ᠡ᠃ | ᠭᠤᠴᠢᠨ ᠳᠣᠯᠣᠳᠤᠭᠠᠷ ᠵᠦᠢᠯ ᠬᠤᠶᠠᠷ ᠨᠠᠭᠤᠷ ᠤᠨ ᠰᠠᠪᠠ ᠭᠠᠵᠠᠷ ᠲᠤ ᠰᠢᠢᠳᠪᠦᠷᠢᠯᠡᠯᠲᠡ ᠪᠠᠷ ᠳᠠᠮᠵᠢᠭᠰᠠᠨ | ᠦᠭᠡᠢ ᠪᠤᠶᠤ ᠰᠢᠢᠳᠪᠦᠷᠢᠯᠡᠯᠲᠡ ᠨᠢ ᠪᠠᠷᠢᠮᠵᠢᠶᠠᠨ ᠳᠤ ᠬᠦᠷᠦᠭᠰᠡᠨ ᠦᠭᠡᠢ ᠠᠵᠤ ᠦᠢᠯᠡᠳᠪᠦᠷᠢ ᠶᠢᠨ ᠪᠣᠬᠢᠷ ᠤᠰᠤ | ᠭᠠᠳᠠᠭᠰᠢᠯᠠᠭᠤᠯᠵᠤ᠂ ᠬᠠᠶᠠᠭᠳᠠᠯ ᠪᠣᠳᠠᠰ ᠪᠠ ᠪᠤᠰᠤᠳ ᠪᠣᠬᠢᠷᠲᠤᠯ ᠪᠣᠳᠠᠰ ᠢ ᠣᠪᠣᠭᠠᠯᠠᠵᠤ᠂ ᠴᠢᠳᠬᠤᠭᠰᠠᠨ ᠪᠤᠶᠤ | ᠪᠤᠯᠠᠭᠰᠠᠨ ᠪᠠᠶᠢᠪᠠᠯ᠂ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠵᠠᠷᠯᠢᠭᠳᠠᠵᠤ ᠪᠠᠶᠢᠭᠠᠳ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ | ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠵᠠᠰᠠᠬᠤ ᠠᠷᠭ᠎ᠠ ᠪᠠᠷᠢᠯ ᠠᠪᠤᠭᠤᠯᠵᠤ᠂ ᠪᠣᠬᠢᠷᠲᠤᠯ ᠢ ᠠᠷᠢᠯᠭᠠᠭᠤᠯᠬᠤ | ᠪᠥᠭᠡᠳ 10 ᠲᠦᠮᠡᠨ ᠲᠥᠭᠦᠷᠢᠭ ᠠᠴᠠ ᠳᠡᠭᠡᠭᠰᠢ 20 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ | ᠲᠣᠷᠭᠠᠵᠤ ᠰᠢᠢᠳᠬᠡᠨ᠎ᠡ︔ ᠬᠤᠭᠤᠴᠠᠭ᠎ᠠ ᠨᠢ ᠬᠡᠲᠦᠷᠡᠭᠡᠳ ᠵᠠᠰᠠᠬᠤ ᠠᠷᠭ᠎ᠠ ᠪᠠᠷᠢᠯ ᠠᠪᠤᠭᠰᠠᠨ ᠦᠭᠡᠢ ᠪᠠᠶᠢᠪᠠᠯ᠂ | ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠠᠰᠠᠬᠤ ᠴᠢᠳᠠᠪᠤᠷᠢ ᠲᠠᠢ | ᠨᠢᠭᠡᠴᠡ ᠪᠠᠷ ᠣᠷᠣᠯᠠᠭᠤᠯᠤᠨ ᠵᠠᠰᠠᠭᠤᠯᠬᠤ ᠶᠢ ᠵᠢᠭᠠᠨ ᠲᠣᠭᠲᠠᠭᠠᠵᠤ᠂ ᠬᠡᠷᠡᠭᠰᠡᠭᠰᠡᠨ ᠵᠠᠷᠤᠳᠠᠯ ᠢ ᠬᠠᠤᠯᠢ ᠵᠥᠷᠢᠴᠡᠭᠰᠡᠨ | ᠦᠢᠯᠡ ᠠᠵᠢᠯᠯᠠᠭ᠎ᠠ ᠲᠠᠢ ᠬᠥᠮᠦᠨ ᠢᠶᠠᠷ ᠡᠭᠦᠷᠭᠡᠯᠡᠭᠦᠯᠵᠦ ᠪᠣᠯᠤᠨ᠎ᠠ᠃ | ᠭᠤᠴᠢᠨ ᠨᠠᠢᠮᠠᠳᠤᠭᠠᠷ ᠵᠦᠢᠯ ᠬᠤᠶᠠᠷ ᠨᠠᠭᠤᠷ ᠤᠨ ᠰᠠᠪᠠ ᠭᠠᠵᠠᠷ ᠲᠤ ᠨᠠᠭᠤᠷ ᠢ ᠪᠥᠭᠯᠡᠵᠦ ᠭᠠᠵᠠᠷ ᠪᠣᠯᠭᠠᠬᠤ᠂ | ᠨᠠᠭᠤᠷ ᠢ ᠬᠦᠷᠢᠶᠡᠯᠡᠵᠦ ᠲᠠᠷᠢᠶᠠᠨ ᠭᠠᠵᠠᠷ ᠪᠣᠯᠭᠠᠬᠤ᠂ ᠨᠠᠭᠤᠷ ᠤᠬᠤᠬᠤ᠂ ᠠᠭᠤᠷᠬᠠᠢ ᠨᠡᠭᠡᠭᠡᠬᠦ᠂ ᠳᠠᠯᠠᠩ ᠪᠣᠰᠬᠠᠵᠤ | ᠰᠠᠯᠪᠤᠷᠢ ᠤᠷᠤᠰᠬᠠᠯ ᠢ ᠬᠠᠰᠢᠬᠤ ᠵᠢᠴᠢ ᠤᠰᠤᠨ ᠤ ᠲᠠᠯᠠᠪᠠᠢ ᠶᠢ ᠡᠵᠡᠯᠡᠭᠰᠡᠨ ᠪᠠ ᠬᠡᠰᠡᠭᠯᠡᠭᠰᠡᠨ ᠪᠤᠰᠤᠳ ᠦᠢᠯᠡ | ᠠᠵᠢᠯᠯᠠᠭ᠎ᠠ ᠬᠢᠭᠰᠡᠨ ᠪᠠᠶᠢᠪᠠᠯ᠂ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠵᠠᠷᠯᠢᠭᠳᠠᠵᠤ ᠪᠠᠶᠢᠭᠠᠳ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ | ᠬᠢᠵᠠᠭᠠᠷᠯᠠᠨ ᠬᠠᠤᠯᠢ ᠵᠥᠷᠢᠴᠡᠭᠰᠡᠨ ᠪᠠᠷᠢᠯᠭ᠎ᠠ ᠶᠢ ᠨᠢ ᠨᠤᠷᠠᠭᠠᠨ ᠠᠷᠢᠯᠭᠠᠵᠤ᠂ ᠬᠠᠷᠰᠢ ᠰᠠᠭᠠᠳ ᠢ ᠨᠢ ᠴᠡᠪᠡᠷᠯᠡᠬᠦ | ᠪᠤᠶᠤ ᠪᠤᠰᠤᠳ ᠨᠥᠬᠦᠵᠦ ᠵᠠᠰᠠᠬᠤ ᠠᠷᠭ᠎ᠠ ᠪᠠᠷᠢᠯ ᠠᠪᠤᠭᠤᠯᠬᠤ ᠪᠥᠭᠡᠳ 2 ᠲᠦᠮᠡᠨ ᠲᠥᠭᠦᠷᠢᠭ ᠠᠴᠠ ᠳᠡᠭᠡᠭᠰᠢ 5 | ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠰᠢᠢᠳᠬᠡᠨ᠎ᠡ︔ ᠬᠤᠭᠤᠴᠠᠭ᠎ᠠ ᠨᠢ ᠬᠡᠲᠦᠷᠡᠭᠡᠳ | ᠨᠤᠷᠠᠭᠠᠵᠤ ᠠᠷᠢᠯᠭᠠᠭᠰᠠᠨ ᠦᠭᠡᠢ ᠪᠠᠶᠢᠪᠠᠯ᠂ ᠬᠠᠤᠯᠢ ᠶᠣᠰᠣᠭᠠᠷ ᠠᠯᠪᠠᠳᠠᠵᠤ ᠪᠠᠶᠢᠭᠠᠳ ᠨᠤᠷᠠᠭᠠᠵᠤ ᠠᠷᠢᠯᠭᠠᠭᠤᠯᠤᠨ᠎ᠠ᠃ | | ᠭᠤᠴᠢ ᠶᠢᠰᠦᠳᠦᠭᠡᠷ ᠵᠦᠢᠯ ᠬᠤᠶᠠᠷ ᠨᠠᠭᠤᠷ ᠤᠨ ᠰᠠᠪᠠ ᠭᠠᠵᠠᠷ ᠤᠨ ᠮᠠᠯ ᠮᠠᠯᠵᠢᠬᠤ ᠶᠢ ᠴᠠᠭᠠᠵᠠᠯᠠᠭᠰᠠᠨ | ᠣᠷᠣᠨ ᠳᠤ ᠮᠠᠯ ᠬᠠᠷᠢᠭᠤᠯᠠᠭᠰᠠᠨ ᠪᠠᠶᠢᠪᠠᠯ᠂ ᠣᠢ ᠰᠢᠭᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠪᠤᠶᠤ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠰᠡᠷᠡᠮᠵᠢᠯᠡᠭᠦᠯᠬᠦ | ᠪᠥᠭᠡᠳ ᠬᠤᠨᠢᠨ ᠨᠢᠭᠡᠴᠢ ᠪᠦᠷᠢ ᠠᠴᠠ 30 ᠲᠥᠭᠦᠷᠢᠭ ᠵᠣᠭᠤᠰ ᠢᠶᠠᠷ ᠲᠣᠷᠭᠠᠵᠤ ᠰᠢᠢᠳᠬᠡᠨ᠎ᠡ᠃ | ᠳᠥᠴᠢᠳᠦᠭᠡᠷ ᠵᠦᠢᠯ ᠬᠤᠶᠠᠷ ᠨᠠᠭᠤᠷ ᠤᠨ ᠰᠠᠪᠠ ᠭᠠᠵᠠᠷ ᠤᠨ ᠭᠤᠣᠯ ᠤᠷᠤᠰᠬᠠᠯ ᠨᠠᠭᠤᠷ ᠴᠥᠭᠦᠷᠥᠮ ᠳᠤ | ᠪᠣᠬᠢᠷᠲᠤᠯ ᠢ ᠭᠠᠳᠠᠭᠰᠢᠯᠠᠭᠤᠯᠬᠤ ᠠᠮᠠᠰᠠᠷ ᠢ ᠰᠢᠨ᠎ᠡ ᠪᠠᠷ ᠪᠠᠶᠢᠭᠤᠯᠵᠤ᠂ ᠥᠭᠡᠷᠡᠴᠢᠯᠡᠨ ᠪᠠᠶᠢᠭᠤᠯᠵᠤ᠂ ᠥᠷᠭᠡᠳᠬᠡᠨ | ᠪᠠᠶᠢᠭᠤᠯᠤᠭᠰᠠᠨ ᠪᠠᠶᠢᠪᠠᠯ᠂ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ | ᠬᠤᠭᠤᠴᠠᠭ᠎ᠠ ᠬᠢᠵᠠᠭᠠᠷᠯᠠᠨ ᠤᠤᠯ ᠳᠦᠷᠰᠦ ᠶᠢ ᠰᠡᠷᠭᠦᠭᠡᠯᠭᠡᠬᠦ ᠪᠥᠭᠡᠳ 8 ᠲᠦᠮᠡᠨ ᠲᠥᠭᠦᠷᠢᠭ ᠠᠴᠠ ᠳᠡᠭᠡᠭᠰᠢ 10 | ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠰᠢᠢᠳᠬᠡᠨ᠎ᠡ︔ ᠬᠤᠭᠤᠴᠠᠭ᠎ᠠ ᠨᠢ ᠬᠡᠲᠦᠷᠡᠭᠡᠳ | ᠨᠤᠷᠠᠭᠠᠵᠤ ᠠᠷᠢᠯᠭᠠᠭᠰᠠᠨ ᠦᠭᠡᠢ ᠪᠠᠶᠢᠪᠠᠯ᠂ ᠬᠠᠤᠯᠢ ᠶᠣᠰᠣᠭᠠᠷ ᠠᠯᠪᠠᠳᠠᠵᠤ ᠪᠠᠶᠢᠭᠠᠳ ᠨᠤᠷᠠᠭᠠᠵᠤ ᠠᠷᠢᠯᠭᠠᠭᠤᠯᠤᠨ᠎ᠠ | ᠃ ᠨᠢᠭᠤᠴᠠ ᠪᠠᠷ ᠳᠠᠯᠳᠠ ᠬᠤᠭᠤᠯᠠᠢ ᠭᠠᠷᠭᠠᠵᠤ ᠪᠣᠬᠢᠷᠲᠤᠯ ᠪᠣᠳᠠᠰ ᠢ ᠭᠠᠳᠠᠭᠰᠢᠯᠠᠭᠤᠯᠤᠭᠰᠠᠨ ᠪᠠᠶᠢᠪᠠᠯ᠂ ᠬᠤᠲᠠ | ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠵᠠᠷᠯᠢᠭᠳᠠᠵᠤ ᠪᠠᠶᠢᠭᠠᠳ ᠵᠠᠯᠠᠷᠠᠭᠤᠯᠤᠭᠤᠯᠬᠤ ᠪᠤᠶᠤ ᠵᠠᠷᠯᠢᠭᠳᠠᠵᠤ ᠪᠠᠶᠢᠭᠠᠳ ᠦᠢᠯᠡᠳᠪᠦᠷᠢᠯᠡᠬᠦ ᠶᠢ ᠨᠢ ᠵᠣᠭᠰᠣᠭᠠᠬᠤ᠂ | ᠦᠢᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠨ ᠵᠠᠰᠠᠭᠤᠯᠬᠤ ᠪᠥᠭᠡᠳ 30 ᠲᠦᠮᠡᠨ ᠲᠥᠭᠦᠷᠢᠭ ᠠᠴᠠ ᠳᠡᠭᠡᠭᠰᠢ | 100 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠰᠢᠢᠳᠬᠡᠨ᠎ᠡ︔ ᠪᠠᠶᠢᠳᠠᠯ ᠢᠶᠠᠷ ᠬᠦᠨᠳᠦ | ᠪᠣᠯᠤᠭᠰᠠᠨ ᠪᠠᠶᠢᠪᠠᠯ᠂ ᠵᠥᠪᠰᠢᠶᠡᠷᠡᠬᠦ ᠡᠷᠬᠡ ᠲᠠᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠵᠥᠪᠰᠢᠶᠡᠷᠡᠭᠦᠯᠵᠦ᠂ ᠵᠠᠷᠯᠢᠭᠳᠠᠵᠤ ᠪᠠᠶᠢᠭᠠᠳ ᠠᠵᠢᠯᠯᠠᠬᠤ ᠶᠢ ᠨᠢ ᠵᠣᠭᠰᠣᠭᠠᠵᠤ ᠬᠠᠭᠠᠨ᠎ᠠ᠃ | ᠳᠥᠴᠢᠨ ᠨᠢᠭᠡᠳᠦᠭᠡᠷ ᠵᠦᠢᠯ ᠬᠤᠲᠠ ᠵᠢᠴᠢ ᠬᠤᠶᠠᠷ ᠨᠠᠭᠤᠷ ᠤᠨ ᠰᠠᠪᠠ ᠭᠠᠵᠠᠷ ᠤᠨ ᠬᠤᠰᠢᠭᠤ ᠰᠢᠶᠠᠨ | ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠶᠠᠷ | ᠨᠠᠭᠤᠷ ᠤᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠪᠠ ᠬᠤᠶᠠᠷ ᠨᠠᠭᠤᠷ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠳᠣᠣᠷ᠎ᠠ ᠵᠢᠭᠰᠠᠭᠠᠭᠰᠠᠨ ᠦᠢᠯᠡ | ᠠᠵᠢᠯᠯᠠᠭ᠎ᠠ ᠶᠢᠨ ᠨᠢᠭᠡ ᠨᠢ ᠪᠠᠶᠢᠪᠠᠯ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠤᠯᠪᠣᠭᠳᠠᠯ | ᠪᠦᠬᠦᠢ ᠭᠤᠣᠯᠴᠢᠯᠠᠨ ᠬᠠᠮᠢᠶᠠᠷᠬᠤ ᠪᠠᠶᠢᠭᠤᠯᠭ᠎ᠠ ᠡᠷᠬᠡ ᠲᠤᠰᠢᠶᠠᠯ ᠢᠶᠠᠨ ᠦᠨᠳᠦᠰᠦᠯᠡᠵᠦ ᠵᠠᠯᠠᠷᠠᠭᠤᠯᠬᠤ ᠶᠢ ᠨᠢ | ᠵᠠᠷᠯᠢᠭᠳᠠᠵᠤ᠂ ᠨᠡᠶᠢᠲᠡᠯᠡᠨ ᠰᠢᠭᠦᠮᠵᠢᠯᠡᠨ᠎ᠡ︔ ᠰᠢᠭᠤᠳ ᠬᠠᠷᠢᠭᠤᠴᠠᠭᠰᠠᠨ ᠭᠤᠣᠯ ᠬᠠᠮᠢᠶᠠᠷᠤᠭᠴᠢ ᠪᠠ ᠪᠤᠰᠤᠳ | ᠰᠢᠭᠤᠳ ᠬᠠᠷᠢᠭᠤᠴᠠᠭᠴᠢ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠣᠯᠭᠤᠨ᠎ᠠ︔ ᠶᠠᠯ᠎ᠠ ᠳᠤ | ᠬᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄ ︵ᠨᠢᠭᠡ︶ | ᠬᠤᠶᠠᠷ ᠨᠠᠭᠤᠷ ᠤᠨ ᠬᠠᠮᠠᠭᠠᠯᠠᠯᠲᠠ ᠶᠢᠨ ᠶᠡᠷᠦᠩᠬᠡᠢ ᠲᠥᠯᠥᠪᠵᠢᠭᠦᠯᠭᠡ ᠪᠠ ᠲᠤᠰᠬᠠᠢ ᠲᠥᠯᠥᠪᠵᠢᠭᠦᠯᠭᠡ ᠶᠢ ᠬᠠᠤᠯᠢ | ᠶᠣᠰᠣᠭᠠᠷ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠭᠰᠠᠨ ᠦᠭᠡᠢ︔ ︵ᠬᠤᠶᠠᠷ︶ ᠬᠤᠶᠠᠷ ᠨᠠᠭᠤᠷ ᠤᠨ | ᠬᠠᠮᠠᠭᠠᠯᠠᠯᠲᠠ ᠶᠢᠨ ᠶᠡᠷᠦᠩᠬᠡᠢ ᠲᠥᠯᠥᠪᠵᠢᠭᠦᠯᠭᠡ ᠪᠠ ᠲᠤᠰᠬᠠᠢ ᠲᠥᠯᠥᠪᠵᠢᠭᠦᠯᠭᠡ ᠶᠢ ᠳᠤᠷ᠎ᠠ ᠪᠠᠷ ᠢᠶᠠᠨ | ᠬᠤᠪᠢᠷᠠᠭᠤᠯᠤᠭᠰᠠᠨ︔ ︵ᠭᠤᠷᠪᠠ︶ ᠬᠤᠶᠠᠷ ᠨᠠᠭᠤᠷ ᠤᠨ ᠬᠠᠮᠠᠭᠠᠯᠠᠯᠲᠠ ᠶᠢᠨ ᠶᠡᠷᠦᠩᠬᠡᠢ ᠲᠥᠯᠥᠪᠵᠢᠭᠦᠯᠭᠡ ᠪᠠ | ᠲᠤᠰᠬᠠᠢ ᠲᠥᠯᠥᠪᠵᠢᠭᠦᠯᠭᠡ ᠶᠢ ᠵᠥᠷᠢᠴᠡᠵᠦ᠂ ᠨᠠᠭᠤᠷ ᠴᠥᠭᠦᠷᠥᠮ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ | ᠵᠥᠪᠰᠢᠶᠡᠷᠡᠭᠰᠡᠨ ᠪᠤᠶᠤ ᠲᠥᠯᠥᠪᠯᠡᠭᠡ ᠶᠣᠰᠣᠭᠠᠷ ᠲᠠᠷᠢᠶᠠᠯᠠᠬᠤ ︵ᠮᠠᠯᠵᠢᠬᠤ︶ ᠪᠠᠨ ᠵᠣᠭᠰᠣᠵᠤ ᠨᠠᠭᠤᠷ ᠪᠣᠯᠭᠠᠭᠰᠠᠨ | ᠦᠭᠡᠢ᠂ ᠨᠤᠭᠤ ᠭᠠᠵᠠᠷ ᠪᠣᠯᠭᠠᠭᠰᠠᠨ ᠦᠭᠡᠢ᠂ ᠪᠡᠯᠴᠢᠭᠡᠷ ᠪᠣᠯᠭᠠᠭᠰᠠᠨ ᠦᠭᠡᠢ᠂ ᠣᠢ ᠪᠣᠯᠭᠠᠭᠰᠠᠨ ᠦᠭᠡᠢ︔ ︵ | ᠳᠥᠷᠪᠡ︶ ᠬᠢᠨᠠᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠤᠶᠤ | ᠬᠠᠮᠠᠭᠠᠯᠠᠯᠲᠠ ᠪᠠᠷ ᠬᠦᠴᠦᠨ ᠦᠭᠡᠢ ᠪᠣᠯᠤᠭᠰᠠᠨ ᠠᠴᠠ ᠪᠣᠯᠵᠤ᠂ ᠬᠦᠨᠳᠦ ᠨᠣᠴᠢᠲᠠᠢ ᠦᠷ᠎ᠡ ᠤᠷᠰᠢᠭ ᠭᠠᠷᠭᠠᠭᠰᠠᠨ︔ | ︵ᠲᠠᠪᠤ︶ ᠠᠯᠪᠠᠨ ᠲᠤᠰᠢᠶᠠᠯ ᠳᠤ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢ ᠳᠤᠷ᠎ᠠ ᠪᠠᠷ ᠬᠡᠷᠡᠭᠯᠡᠭᠰᠡᠨ | ᠬᠠᠤᠯᠢ ᠶᠣᠰᠣ ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ | ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ | ᠳᠥᠴᠢᠨ ᠬᠤᠶᠠᠳᠤᠭᠠᠷ ᠵᠦᠢᠯ ᠲᠤᠰ ᠳᠦᠷᠢᠮ ᠢ 2018 ᠣᠨ ᠤ 7 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ |