ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠰᠢᠨᠵᠢᠶᠠᠩ ᠳᠤ ᠬᠦᠷᠴᠦ ᠰᠢᠨᠵᠢᠯᠡᠨ | ᠪᠠᠶᠢᠴᠠᠭᠠᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠡᠷᠭᠢᠨ ᠦᠵᠡᠵᠦ ᠲᠣᠬᠤᠨᠢᠭᠤᠯᠪᠠ᠃ | ᠰᠢ ᠶᠢᠨ ᠫᠢᠩ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ | ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠪᠦᠷᠢᠨ | ᠪᠦᠲᠦᠨ ᠵᠥᠪ ᠣᠨᠣᠪᠴᠢᠲᠠᠢ ᠲᠤᠭᠤᠰᠢᠯᠠᠭᠤᠯᠵᠤ᠂ ᠨᠡᠶᠢᠭᠡᠮ ᠤᠨ ᠲᠣᠭᠲᠠᠭᠤᠨ ᠪᠠ ᠥᠨᠢ ᠤᠳᠠᠭᠠᠨ ᠠᠮᠤᠷ | ᠲᠦᠪᠰᠢᠨ ᠪᠠᠶᠢᠬᠤ ᠶᠡᠷᠦᠩᠬᠡᠢ ᠬᠠᠷᠠᠯᠲᠠ ᠶᠢ ᠪᠠᠲᠤ ᠡᠵᠡᠮᠳᠡᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ | ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠠᠭᠠᠨ ᠪᠦᠯᠬᠦᠮᠳᠡᠯ ᠲᠠᠢ ᠡᠶ᠎ᠡ | ᠵᠣᠬᠢᠴᠠᠩᠭᠤᠢ᠂ ᠴᠡᠴᠡᠭᠯᠡᠨ ᠬᠥᠭᠵᠢᠭᠰᠡᠨ ᠪᠠᠶᠠᠨ ᠴᠢᠨᠡᠭᠡᠯᠢᠭ᠂ ᠪᠣᠯᠪᠠᠰᠤᠨ ᠳᠠᠪᠰᠢᠯᠲᠠ ᠲᠠᠢ᠂ ᠠᠮᠤᠷ ᠲᠠᠶᠢᠪᠤᠩ | ᠠᠵᠤ ᠲᠦᠷᠦᠭᠦ᠂ ᠠᠮᠢ ᠠᠬᠤᠢ ᠰᠠᠶᠢᠨ ᠰᠠᠶᠢᠬᠠᠨ ᠦᠵᠡᠰᠬᠦᠯᠡᠩᠲᠦ ᠰᠠᠶᠢᠬᠠᠨ ᠰᠢᠨᠵᠢᠶᠠᠩ ᠢ ᠬᠦᠴᠦᠯᠡᠨ ᠪᠦᠲᠦᠭᠡᠨ | ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | | | 7 ᠰᠠᠷ᠎ᠠ ᠶᠢᠨ 12 ᠠᠴᠠ 15 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠰᠢᠨᠵᠢᠶᠠᠩ ᠳᠤ ᠰᠢᠨᠵᠢᠯᠡᠨ ᠪᠠᠶᠢᠴᠠᠭᠠᠪᠠ᠃ | ᠵᠢᠷᠤᠭ ᠪᠣᠯ 13 ᠤ ᠦᠳᠡ ᠶᠢᠨ ᠡᠮᠦᠨ᠎ᠡ᠂ ᠰᠢ ᠶᠢᠨ ᠫᠢᠩ ᠦᠷᠦᠮᠴᠢ ᠬᠤᠲᠠ ᠶᠢᠨ ᠲᠢᠶᠠᠨᠱᠠᠨ | ᠲᠣᠭᠤᠷᠢᠭ ᠤᠨ ᠭᠦ᠋ ᠶᠤᠸᠠᠨ ᠭᠤᠳᠤᠮᠵᠢ ᠶᠢᠨ ᠨᠡᠶᠢᠭᠡᠮ ᠲᠣᠭᠤᠷᠢᠭ ᠲᠤ ᠰᠢᠨᠵᠢᠯᠡᠨ ᠪᠠᠶᠢᠴᠠᠭᠠᠬᠤ ᠳᠠᠭᠠᠨ | ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠭᠠᠷ ᠳᠠᠯᠠᠯᠤᠨ ᠮᠡᠨᠳᠦᠴᠢᠯᠡᠵᠦ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠦᠸᠡᠢ ᠷᠧᠨ ᠰᠡᠭᠦᠳᠡᠷᠯᠡᠪᠡ | | | | | | | 7 ᠰᠠᠷ᠎ᠠ ᠶᠢᠨ 12 ᠠᠴᠠ 15 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠰᠢᠨᠵᠢᠶᠠᠩ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 13 ᠤ ᠦᠳᠡ ᠶᠢᠨ ᠬᠤᠶᠢᠨ᠎ᠠ᠂ ᠰᠢ ᠶᠢᠨ ᠫᠢᠩ | ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠢᠮᠠᠳᠤᠭᠠᠷ ᠳ᠋ᠢᠸᠢᠽᠢ ᠶᠢᠨ ᠱᠢ | ᠾᠧ ᠽᠢ ᠬᠤᠳᠠ ᠳᠠᠬᠢ ᠰᠢᠨᠵᠢᠶᠠᠩ ᠤᠨ ᠪᠢᠩᠲ᠋ᠤᠸᠠᠨ ᠤ ᠴᠡᠷᠢᠭ ᠤᠨ ᠠᠲᠠᠷ ᠬᠠᠭᠠᠯᠪᠤᠷᠢᠯᠠᠯᠲᠠ ᠶᠢᠨ ᠮᠦᠽᠧᠢ ᠳᠤ | ᠪᠢᠩᠲ᠋ᠤᠸᠠᠨ ᠤ ᠠᠬᠠᠮᠠᠳ ᠢᠳᠡᠷ ᠵᠠᠯᠠᠭᠤ ᠭᠤᠷᠪᠠᠨ ᠦᠶ᠎ᠡ ᠶᠢᠨ ᠪᠦᠲᠦᠭᠡᠨ ᠪᠠᠶᠢᠭᠤᠯᠤᠭᠴᠢᠳ ᠤᠨ | ᠲᠥᠯᠥᠭᠡᠯᠡᠭᠴᠢᠳ ᠲᠠᠢ ᠠᠭᠤᠯᠵᠠᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠦᠸᠡᠢ ᠷᠧᠨ ᠰᠡᠭᠦᠳᠡᠷᠯᠡᠪᠡ | 7 ᠰᠠᠷ᠎ᠠ ᠶᠢᠨ 12 ᠠᠴᠠ 15 ᠤ ᠡᠳᠦᠷ ᠪᠣᠯᠲᠠᠯ᠎ᠠ᠂ ᠰᠢ ᠶᠢᠨ ᠫᠢᠩ ᠰᠢᠨᠵᠢᠶᠠᠩ ᠤᠨ ᠤᠶᠢᠭᠤᠷ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠮᠠ ᠰᠢᠩ ᠷᠦᠢ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠠᠶᠢᠷᠺᠧᠨ · ᠲᠦᠨᠢᠶᠠᠽᠢ ᠶᠢᠨ ᠪᠠᠷ᠎ᠠ ᠪᠤᠯᠤᠯᠭ᠎ᠠ ᠪᠠᠷ᠂ ᠤᠷᠢᠳ | ᠬᠤᠵᠢᠳ ᠦᠷᠦᠮᠴᠢ᠂ ᠱᠢ ᠾᠧ ᠽᠢ᠂ ᠲᠦᠷᠫᠠᠨ ᠵᠡᠷᠭᠡ ᠭᠠᠵᠠᠷ ᠲᠤ ᠬᠦᠷᠴᠦ᠂ ᠰᠤᠷᠭᠠᠭᠤᠯᠢ᠂ ᠣᠯᠠᠨ | ᠤᠯᠤᠰ ᠤᠨ ᠡᠬᠡ ᠬᠠᠭᠤᠷᠠᠢ ᠶᠢᠨ ᠭᠠᠷᠠᠮ ᠤᠨ ᠲᠣᠭᠤᠷᠢᠭ᠂ ᠨᠡᠶᠢᠭᠡᠮ ᠲᠣᠭᠤᠷᠢᠭ᠂ ᠮᠦᠽᠧᠢ᠂ ᠬᠥᠳᠡᠭᠡ ᠲᠣᠰᠬᠤᠨ | ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠡᠷᠭᠡ ᠪᠠᠷ ᠭᠦᠨᠵᠡᠭᠡᠶᠢᠷᠡᠨ | ᠪᠠᠶᠢᠴᠠᠭᠠᠨ ᠰᠤᠳᠤᠯᠤᠯᠲᠠ ᠬᠢᠪᠡ᠃ 12 ᠤᠨ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ | ᠰᠢᠨᠵᠢᠶᠠᠩ ᠶᠡᠭᠡ ᠰᠤᠷᠭᠠᠭᠤᠯᠢ ᠳᠤ ᠬᠦᠷᠴᠦ ᠰᠢᠨᠵᠢᠯᠡᠨ ᠪᠠᠶᠢᠴᠠᠭᠠᠪᠠ᠃ ᠰᠢ ᠶᠢᠨ ᠫᠢᠩ ᠰᠤᠷᠭᠠᠭᠤᠯᠢ ᠶᠢᠨ | ᠲᠡᠦᠬᠡ ᠶᠢᠨ ᠣᠷᠳᠣᠨ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠰᠤᠳᠤᠯᠭᠠᠨ ᠤ ᠰᠠᠭᠤᠷᠢᠨ ᠢᠶᠠᠷ ᠲᠣᠭᠤᠷᠢᠨ ᠦᠵᠡᠵᠦ᠂ ᠰᠤᠷᠭᠠᠭᠤᠯᠢ ᠶᠢᠨ ᠲᠡᠦᠬᠡ ᠶᠢᠨ ᠤᠯᠠᠷᠢᠯ | ᠬᠤᠪᠢᠰᠤᠯ ᠪᠣᠯᠤᠨ ᠪᠦᠲᠦᠭᠡᠨ ᠪᠠᠶᠢᠭᠤᠯᠤᠯᠲᠠ᠂ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠬᠤ᠂ | ᠦᠨᠳᠦᠰᠦᠲᠡᠨ ᠤ ᠶᠠᠪᠤᠯᠴᠠᠭ᠎ᠠ ᠶᠢ ᠠᠬᠢᠭᠤᠯᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠪᠠᠶᠢᠴᠠᠭᠠᠨ ᠰᠤᠳᠤᠯᠤᠯᠲᠠ | ᠬᠢᠭᠡᠳ ᠪᠤᠴᠠᠵᠤ ᠢᠷᠡᠭᠰᠡᠨ ᠰᠤᠷᠤᠭᠴᠢᠳ ᠤᠨ ᠣᠯᠤᠯᠲᠠ ᠪᠠᠨ ᠶᠠᠷᠢᠬᠤ ᠶᠢ ᠰᠣᠨᠣᠰᠴᠠᠢ᠃ | ᠰᠢ ᠶᠢᠨ ᠫᠢᠩ᠂ ᠮᠠᠨ ᠤ ᠤᠯᠤᠰ ᠪᠣᠯ ᠨᠢᠭᠡᠳᠦᠭᠰᠡᠨ ᠣᠯᠠᠨ ᠦᠨᠳᠦᠰᠦᠲᠡᠨ ᠲᠠᠢ ᠤᠯᠤᠰ ᠮᠥᠨ᠂ | ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠ ᠪᠣᠯ ᠮᠠᠨ ᠤ ᠤᠯᠤᠰ ᠤᠨ ᠨᠢᠭᠡᠨ ᠢᠯᠡᠷᠬᠡᠢ | ᠣᠨᠴᠠᠯᠢᠭ ᠪᠣᠯᠤᠨ᠎ᠠ᠃ ᠪᠢᠳᠡ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠢ ᠳᠤᠮᠳᠠᠳᠤ ᠤᠯᠤᠰ ᠤᠨ | ᠦᠨᠳᠦᠰᠦᠲᠡᠨ ᠤ ᠠᠰᠠᠭᠤᠳᠠᠯ ᠤᠨ ᠪᠣᠳᠠᠲᠤ ᠪᠠᠶᠢᠳᠠᠯ ᠲᠠᠢ ᠪᠦᠲᠦᠭᠡᠯᠴᠢ ᠪᠠᠷ ᠬᠠᠷᠢᠯᠴᠠᠨ ᠤᠶᠠᠯᠳᠤᠭᠤᠯᠵᠤ᠂ | ᠦᠨᠳᠦᠰᠦᠲᠡᠨ ᠤ ᠡᠷᠬᠡ ᠲᠡᠭᠰᠢ᠂ ᠦᠨᠳᠦᠰᠦᠲᠡᠨ ᠤ ᠪᠦᠯᠬᠦᠮᠳᠡᠯ᠂ ᠦᠨᠳᠦᠰᠦᠲᠡᠨ ᠤ ᠣᠷᠣᠨ ᠤ ᠥᠪᠡᠷᠲᠡᠭᠡᠨ | ᠵᠠᠰᠠᠬᠤ᠂ ᠦᠨᠳᠦᠰᠦᠲᠡᠨ ᠨᠦᠭᠦᠳ ᠤᠨ ᠬᠠᠮᠲᠤ ᠪᠠᠷ ᠴᠡᠴᠡᠭᠯᠡᠨ ᠬᠥᠭᠵᠢᠬᠦ ᠪᠠᠷ ᠭᠤᠣᠯ ᠠᠭᠤᠯᠭ᠎ᠠ ᠪᠣᠯᠭᠠᠭᠰᠠᠨ | ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ | ᠦᠨᠳᠦᠰᠦᠲᠡᠨ ᠨᠦᠭᠦᠳ ᠨᠡᠶᠢᠭᠡᠮ ᠵᠢᠷᠤᠮ ᠤᠨ ᠪᠠᠶᠢᠭᠤᠯᠤᠯ ᠤᠨ ᠳᠣᠣᠷ᠎ᠠ ᠵᠢᠩᠬᠢᠨᠢ ᠤᠳᠬ᠎ᠠ ᠠᠭᠤᠯᠭ᠎ᠠ ᠳᠡᠭᠡᠷᠡᠬᠢ | ᠡᠷᠬᠡ ᠲᠡᠭᠰᠢ ᠪᠦᠯᠬᠦᠮᠳᠡᠯ ᠳᠠᠪᠰᠢᠯᠲᠠ ᠶᠢ ᠪᠡᠶᠡᠯᠡᠭᠦᠯᠪᠡ᠃ ᠮᠠᠨ ᠤ ᠦᠨᠳᠦᠰᠦᠲᠡᠨ ᠤ ᠲᠤᠬᠠᠢ ᠣᠨᠣᠯ ᠪᠠ | ᠲᠥᠷᠥ ᠶᠢᠨ ᠪᠣᠳᠣᠯᠭ᠎ᠠ ᠪᠣᠯ ᠰᠠᠶᠢᠨ ᠪᠥᠭᠡᠳ ᠲᠤᠰᠠᠲᠠᠢ ᠶᠤᠮ᠃ ᠳᠤᠮᠳᠠᠳᠤ ᠤᠯᠤᠰ ᠤᠨ ᠣᠨᠴᠠᠯᠢᠭ ᠲᠠᠢ | ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠢᠨ᠎ᠡ ᠴᠠᠭ | ᠦᠶ᠎ᠡ ᠶᠢᠨ ᠨᠠᠮ ᠤᠨ ᠦᠨᠳᠦᠰᠦᠲᠡᠨ ᠤ ᠣᠨᠣᠯ ᠢ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠰᠠᠭᠤᠷᠢ ᠴᠢᠨᠠᠷᠲᠠᠢ ᠠᠰᠠᠭᠤᠳᠠᠯ ᠤᠨ ᠰᠤᠳᠤᠯᠭᠠᠨ ᠢ | ᠠᠬᠢᠭᠤᠯᠬᠤ ᠬᠡᠷᠡᠭᠲᠡᠢ᠃ ᠦᠨᠳᠦᠰᠦᠲᠡᠨ ᠨᠦᠭᠦᠳ ᠶᠡᠭᠡ ᠪᠠᠷ ᠪᠦᠯᠬᠦᠮᠳᠡᠭᠰᠡᠨ ᠳᠤᠮᠳᠠᠳᠤ ᠤᠯᠤᠰ ᠯᠠᠪᠲᠠᠢ | ᠬᠠᠨᠳᠤᠭᠰᠠᠨ ᠵᠦᠭ ᠲᠤ ᠢᠯᠠᠭᠳᠠᠰᠢ ᠦᠭᠡᠢ ᠪᠠᠶᠢᠵᠤ᠂ ᠯᠠᠪᠲᠠᠢ ᠭᠡᠭᠡᠨ ᠰᠠᠷᠠᠭᠤᠯ ᠢᠷᠡᠭᠡᠳᠦᠢ ᠲᠠᠢ ᠪᠠᠶᠢᠵᠤ᠂ ᠮᠠᠨ ᠤ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠯᠠᠪᠲᠠᠢ ᠢᠯᠠᠯᠲᠠ ᠣᠯᠵᠤ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠯᠠᠪᠲᠠᠢ ᠬᠦᠷᠴᠦ ᠢᠷᠡᠬᠦ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠮᠦᠨ ᠢ ᠬᠥᠮᠦᠵᠢᠭᠦᠯᠬᠦ ᠶᠢᠨ ᠦᠨᠳᠦᠰᠦ ᠨᠢ ᠶᠣᠰᠣ ᠰᠤᠷᠲᠠᠬᠤᠨ ᠢ ᠪᠣᠢ ᠪᠣᠯᠭᠠᠬᠤ ᠳᠤ | ᠪᠤᠢ᠃ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠶᠣᠰᠣ ᠰᠤᠷᠲᠠᠬᠤᠨ ᠣᠶᠤᠨ | ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ | ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠢ᠃ ᠳᠠᠪᠠᠭᠤᠯᠢᠭ ᠣᠨᠴᠠᠯᠢᠭ ᠢᠶᠠᠨ | ᠲᠣᠪᠤᠶᠢᠯᠭᠠᠵᠤ᠂ ᠥᠨᠳᠥᠷ ᠲᠦᠪᠰᠢᠨ ᠪᠦᠬᠦᠢ ᠪᠠᠭᠰᠢ ᠶᠢᠨ ᠡᠩᠨᠡᠭᠡ ᠶᠢ ᠪᠠᠶᠢᠭᠤᠯᠵᠤ᠂ ᠰᠢᠨᠵᠢᠯᠡᠬᠦ ᠤᠬᠠᠭᠠᠨ ᠤ | ᠰᠤᠳᠤᠯᠭᠠᠨ ᠤ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨᠵᠢᠶᠠᠩ ᠶᠡᠭᠡ ᠰᠤᠷᠭᠠᠭᠤᠯᠢ ᠶᠢᠨ ︽ | ᠬᠤᠣᠰ ᠲᠡᠷᠢᠭᠦᠨ ᠵᠡᠷᠭᠡ︾ ᠶᠢᠨ ᠪᠠᠶᠢᠭᠤᠯᠤᠯᠲᠠ ᠶᠢᠨ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠬᠤ ᠶᠢ | ᠠᠬᠢᠭᠤᠯᠬᠤ ᠬᠡᠷᠡᠭᠲᠡᠢ᠃ ᠰᠤᠷᠤᠭᠴᠢᠳ ᠳᠠᠭᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠲᠥᠯᠥᠭᠡ᠂ ᠳᠤᠮᠳᠠᠳᠤ ᠶᠢᠨ ᠦᠨᠳᠦᠰᠦᠲᠡᠨ ᠤ ᠲᠥᠯᠥᠭᠡ ᠴᠢᠷᠮᠠᠶᠢᠨ ᠲᠡᠮᠡᠴᠡᠬᠦ ᠨᠢᠭᠡᠨ ᠦᠶ᠎ᠡ ᠶᠢᠨ ᠵᠠᠯᠠᠭᠤᠴᠤᠳ | ᠪᠣᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠳᠠᠷᠠᠭ᠎ᠠ ᠨᠢ᠂ ᠰᠢ ᠶᠢᠨ ᠫᠢᠩ ᠦᠷᠦᠮᠴᠢ ᠶᠢᠨ ᠣᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠤᠨ | ᠲᠣᠭᠤᠷᠢᠭ ᠲᠤ ᠬᠦᠷᠴᠦ᠂ ᠬᠤᠯᠪᠣᠭᠳᠠᠯ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠳᠤᠮᠳᠠᠳᠤ | ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ︵ᠦᠷᠦᠮᠴᠢ︶ ᠶᠢᠨ ᠲᠥᠪᠯᠡᠷᠡᠨ ᠴᠤᠭᠯᠠᠷᠠᠬᠤ ᠲᠥᠪ ᠤᠨ ᠡᠯ᠎ᠡ | ᠴᠢᠳᠠᠮᠵᠢᠲᠤ ᠣᠷᠣᠨ ᠪᠣᠯᠤᠨ ᠠᠯᠠᠭ ᠠᠭᠤᠯᠠ ᠶᠢᠨ ᠠᠮᠠᠨ ᠪᠣᠭᠤᠮᠲᠠ᠂ ᠬᠤᠷᠭᠤᠰ ᠪᠣᠭᠤᠮᠲᠠ ᠶᠢᠨ ᠲᠤᠬᠠᠢ ᠶᠢᠨ | ᠲᠠᠯᠠᠪᠠᠢ ᠶᠢᠨ ᠠᠵᠢᠯ ᠤᠨ ᠪᠠᠶᠢᠳᠠᠯ ᠢ ᠲᠤᠬᠠᠢ ᠶᠢᠨ ᠴᠠᠭ ᠤᠨ ᠵᠢᠷᠤᠭ ᠳᠦᠷᠰᠦ ᠪᠠᠷ ᠪᠠᠶᠢᠴᠠᠭᠠᠨ ᠦᠵᠡᠭᠰᠡᠨ ᠪᠥᠭᠡᠳ | ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠴᠣᠩᠬᠤᠪᠴᠢ ᠶᠢᠨ ᠠᠵᠢᠯᠲᠠᠨ ᠵᠢᠴᠢ ᠲᠤᠬᠠᠢ ᠶᠢᠨ ᠲᠠᠯᠠᠪᠠᠢ ᠶᠢᠨ | ᠠᠵᠢᠯᠲᠠᠳ ᠲᠠᠢ ᠳᠣᠲᠣᠨᠣ ᠪᠠᠷ ᠶᠠᠷᠢᠯᠴᠠᠪᠠ᠃ | ᠰᠢ ᠶᠢᠨ ᠫᠢᠩ᠂ ᠮᠠᠨ ᠤ ᠤᠯᠤᠰ ᠤᠨ ᠭᠠᠳᠠᠭᠠᠳᠤ ᠨᠡᠭᠡᠭᠡᠯᠲᠡ ᠪᠠᠨ ᠥᠷᠭᠡᠳᠬᠡᠬᠦ᠂ ᠪᠠᠷᠠᠭᠤᠨ ᠣᠷᠣᠨ ᠢ | ᠶᠡᠭᠡ ᠪᠠᠷ ᠨᠡᠭᠡᠭᠡᠨ ᠬᠥᠭᠵᠢᠭᠦᠯᠬᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠵᠡᠷᠭᠡ | ᠠᠵᠢᠯ ᠢ ᠭᠦᠨᠵᠡᠭᠡᠢ ᠠᠬᠢᠭᠤᠯᠬᠤ ᠶᠢ ᠳᠠᠭᠠᠯᠳᠤᠨ᠂ ᠰᠢᠨᠵᠢᠶᠠᠩ ᠬᠠᠷᠢᠴᠠᠩᠭᠤᠢ ᠲᠦᠭᠵᠢᠮᠡᠯ ᠳᠣᠲᠣᠭᠠᠳᠤ ᠬᠠᠭᠤᠷᠠᠢ | ᠪᠠᠶᠢᠭᠰᠠᠨ ᠠᠴᠠ ᠪᠠᠨ ᠭᠠᠳᠠᠭᠠᠳᠤ ᠨᠡᠭᠡᠭᠡᠯᠲᠡ ᠶᠢᠨ ᠡᠮᠦᠨ᠎ᠡ ᠹᠷᠣᠨᠲ ᠪᠣᠯᠤᠨ ᠬᠤᠪᠢᠷᠠᠵᠠᠢ᠂ ᠲᠣᠷᠭᠠᠨ ᠵᠠᠮ ᠤᠨ ᠠᠵᠤ | ᠠᠬᠤᠢ ᠶᠢᠨ ᠪᠦᠰᠡ ᠶᠢᠨ ᠭᠤᠣᠯ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨᠵᠢᠶᠠᠩ ᠤᠨ ᠣᠷᠣᠨ | ᠪᠦᠰᠡ ᠶᠢᠨ ᠴᠢᠨᠠᠷᠲᠠᠢ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠤᠯᠤᠰ ᠤᠨ ᠪᠠᠷᠠᠭᠤᠨᠰᠢ ᠨᠡᠭᠡᠭᠡᠯᠲᠡ ᠬᠢᠬᠦ | ᠶᠡᠷᠦᠩᠬᠡᠢ ᠪᠠᠶᠢᠷᠢᠰᠢᠭᠤᠯᠤᠯᠲᠠ ᠳᠤ ᠣᠷᠣᠭᠤᠯᠵᠤ᠂ ᠨᠡᠭᠡᠭᠡᠯᠲᠡᠲᠦ ᠮᠠᠶ᠋ᠢᠭ ᠤᠨ ᠠᠵᠤ ᠠᠬᠤᠢ ᠶᠢᠨ ᠪᠠᠶᠢᠭᠤᠯᠤᠮᠵᠢ ᠶᠢᠨ | ᠰᠢᠨ᠎ᠡ ᠶᠢ ᠡᠭᠦᠳᠴᠦ᠂ ᠭᠠᠳᠠᠭᠠᠳᠤ ᠨᠡᠭᠡᠭᠡᠯᠲᠡ ᠶᠢᠨ ᠶᠡᠭᠡ ᠵᠠᠮ ᠢ ᠲᠦᠷᠭᠡᠨ ᠪᠦᠲᠦᠭᠡᠨ ᠪᠠᠶᠢᠭᠤᠯᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ ᠢ ᠨᠡᠩ ᠰᠠᠶᠢᠲᠤᠷ | ᠠᠰᠢᠭᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ ᠲᠤᠬᠠᠢ ᠶᠢᠨ ᠭᠠᠵᠠᠷ ᠤᠨ ᠬᠠᠷᠢᠭᠤᠴᠠᠯᠭᠠᠲᠠᠨ ᠳᠤ᠂ ︽ᠭᠠᠳᠠᠨ᠎ᠠ ᠠᠴᠠ ᠬᠠᠯᠳᠠᠪᠤᠷᠢᠯᠠᠨ | ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠲᠠᠷᠬᠠᠨ ᠳᠡᠯᠭᠡᠷᠡᠬᠦ ᠶᠢ ᠰᠡᠷᠭᠡᠶᠢᠯᠡᠬᠦ︾ ᠶᠢ | ᠪᠠᠷᠢᠮᠲᠠᠯᠠᠵᠤ᠂ ︽ᠡᠪᠡᠳᠴᠢᠨ ᠤ ᠵᠢᠱᠢᠶ᠎ᠡ ᠶᠢ ᠦᠭᠡᠢ ᠪᠣᠯᠭᠠᠬᠤ︾ ᠶᠢ ᠪᠠᠷᠢᠮᠲᠠᠯᠠᠵᠤ᠂ ᠬᠢᠵᠢᠭ ᠢ ᠰᠡᠷᠭᠡᠶᠢᠯᠡᠬᠦ | ᠠᠵᠢᠯ ᠢ ᠨᠠᠷᠢᠯᠢᠭ ᠣᠨᠣᠴᠠᠲᠠᠢ ᠪᠠᠶᠢᠯᠭᠠᠬᠤ ᠪᠠᠷ ᠴᠢᠷᠮᠠᠶᠢᠵᠤ᠂ ᠣᠯᠠᠨ ᠲᠦᠮᠡᠨ ᠳᠤ ᠳᠥᠭᠦᠮ ᠦᠵᠡᠭᠦᠯᠬᠦ ᠪᠠᠷ | ᠴᠢᠷᠮᠠᠶᠢᠬᠤ ᠬᠡᠷᠡᠭᠲᠡᠢ ᠭᠡᠵᠦ ᠵᠠᠬᠢᠪᠠ᠃ 13 ᠤ ᠦᠳᠡ ᠶᠢᠨ ᠡᠮᠦᠨ᠎ᠡ᠂ ᠰᠢ ᠶᠢᠨ ᠫᠢᠩ ᠦᠷᠦᠮᠴᠢ ᠬᠤᠲᠠ ᠶᠢᠨ | ᠲᠢᠶᠠᠨᠱᠠᠨ ᠲᠣᠭᠤᠷᠢᠭ ᠤᠨ ᠭᠦ᠋ ᠶᠤᠸᠠᠨ ᠭᠤᠳᠤᠮᠵᠢ ᠶᠢᠨ ᠨᠡᠶᠢᠭᠡᠮ ᠲᠣᠭᠤᠷᠢᠭ ᠲᠤ ᠬᠦᠷᠪᠡ᠃ ᠲᠤᠰ ᠨᠡᠶᠢᠭᠡᠮ | ᠲᠣᠭᠤᠷᠢᠭ ᠤᠨ ᠴᠥᠭᠡᠨ ᠲᠣᠭᠠᠲᠤ ᠦᠨᠳᠦᠰᠦᠲᠡᠨ ᠤ ᠰᠠᠭᠤᠭᠠᠯᠢ ᠠᠷᠠᠳ 95% ᠠᠴᠠ ᠳᠡᠭᠡᠭᠰᠢᠬᠢ ᠶᠢ ᠡᠵᠡᠯᠡᠨ᠎ᠡ᠃ | | ᠰᠢ ᠶᠢᠨ ᠫᠢᠩ ᠨᠠᠮ ᠪᠠ ᠣᠯᠠᠨ ᠲᠦᠮᠡᠨ ᠤ ᠦᠢᠯᠡᠴᠢᠯᠡᠬᠡᠨ ᠤ ᠲᠥᠪ ᠤᠨ ᠶᠡᠭᠡ ᠲᠢᠩᠬᠢᠮ᠂ ᠬᠠᠶᠢᠷ᠎ᠠ | ᠬᠠᠯᠠᠮᠵᠢ ᠶᠢᠨ ᠭᠡᠷ᠂ ᠪᠥᠵᠢᠭ ᠤᠨ ᠲᠠᠰᠤᠭ᠂ ᠪᠠᠭᠠᠴᠤᠳ ᠬᠡᠦᠬᠡᠳ ᠤᠨ ᠤᠩᠰᠢᠯᠭ᠎ᠠ ᠶᠢᠨ ᠲᠠᠰᠤᠭ ᠲᠤ ᠣᠷᠣᠵᠤ᠂ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠠᠢ ᠳᠣᠲᠣᠨᠣ ᠪᠠᠷ ᠶᠠᠷᠢᠯᠴᠠᠪᠠ᠃ | ᠰᠢ ᠶᠢᠨ ᠫᠢᠩ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠮᠡᠳᠡᠯᠭᠡ ᠶᠢᠨ ᠲᠤᠬᠠᠢ ᠬᠡᠦᠬᠡᠳ ᠤᠨ | ᠲᠣᠭᠯᠠᠯᠲᠠ ᠶᠢ ᠮᠠᠰᠢ ᠤᠷᠮ᠎ᠠ ᠪᠠᠭ᠋ᠠᠲᠠᠢ ᠰᠣᠨᠢᠷᠬᠠᠪᠠ᠂ ᠲᠡᠷᠡ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠤᠨ ᠬᠥᠮᠦᠵᠢᠯ ᠢ ᠡᠷᠲᠡ ᠠᠴᠠ ᠠᠳᠬᠤᠵᠤ ᠪᠠᠭ᠎ᠠ ᠠᠴᠠ ᠨᠢ ᠠᠳᠬᠤᠵᠤ᠂ ᠤᠷᠲᠤ ᠬᠤᠭᠤᠴᠠᠭ᠎ᠠ ᠪᠠᠷ | ᠪᠠᠷᠢᠮᠲᠠᠯᠠᠵᠤ᠂ ᠠᠶᠠᠨᠳᠠᠭᠠᠨ ᠨᠥᠯᠥᠭᠡᠯᠡᠬᠦ᠂ ᠰᠣᠨᠣᠰᠤᠨ ᠰᠣᠨᠣᠰᠤᠭᠰᠠᠭᠠᠷ ᠬᠠᠳᠠᠩᠰᠢᠵᠤ ᠦᠵᠡᠨ ᠦᠵᠡᠭᠰᠡᠭᠡᠷ | ᠡᠨᠡᠭᠰᠢᠬᠦ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ ᠰᠠᠭᠤᠷᠢ ᠶᠢ ᠪᠠᠬᠢᠵᠢᠭᠦᠯᠬᠦ ᠳᠤ | ᠠᠰᠢᠭᠲᠠᠢ ᠶᠤᠮ ᠭᠡᠵᠦ ᠵᠢᠭᠠᠵᠤ ᠭᠠᠷᠭᠠᠪᠠ᠃ ᠤᠶᠢᠭᠤᠷ ᠦᠨᠳᠦᠰᠦᠲᠡᠨ ᠤ ᠰᠠᠭᠤᠭᠠᠯᠢ ᠠᠷᠠᠳ ᠠᠪᠯᠠᠶᠢᠲ · | ᠲᠦᠷᠧᠰᠤᠨ ᠤ ᠭᠡᠷ ᠲᠤ᠂ ᠰᠢ ᠶᠢᠨ ᠫᠢᠩ ᠵᠣᠴᠢᠨ ᠤ ᠲᠢᠩᠬᠢᠮ᠂ ᠤᠨᠲᠠᠯᠭ᠎ᠠ ᠶᠢᠨ ᠥᠷᠥᠭᠡ᠂ ᠲᠣᠭᠤᠭᠠᠨ ᠭᠡᠷ | ᠵᠡᠷᠭᠡ ᠶᠢ ᠨᠠᠷᠢᠨ ᠪᠠᠶᠢᠴᠠᠭᠠᠨ ᠦᠵᠡᠵᠦ᠂ ᠭᠡᠷ ᠤᠨ ᠬᠥᠮᠦᠰ ᠲᠠᠢ ᠨᠢ ᠬᠠᠮᠲᠤ ᠰᠠᠭᠤᠵᠤ ᠵᠣᠭᠤᠭᠳᠠᠪᠠ᠃ | ᠰᠢ ᠶᠢᠨ ᠫᠢᠩ᠂ ᠦᠨᠳᠦᠰᠦᠲᠡᠨ ᠤ ᠪᠦᠯᠬᠦᠮᠳᠡᠯ ᠪᠣᠯ ᠮᠠᠨ ᠤ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠤ ᠠᠮᠢᠨ ᠰᠤᠳᠠᠰᠤ ᠮᠥᠨ᠂ ᠰᠢᠨᠵᠢᠶᠠᠩ ᠤᠨ ᠡᠯ᠎ᠡ ᠦᠨᠳᠦᠰᠦᠲᠡᠨ ᠪᠣᠯ ᠴᠥᠮ ᠳᠤᠮᠳᠠᠳᠤ ᠶᠢᠨ | ᠦᠨᠳᠦᠰᠦᠲᠡᠨ ᠤ ᠶᠡᠭᠡ ᠭᠡᠷ ᠪᠦᠯᠢ ᠶᠢᠨ ᠰᠠᠯᠵᠤ ᠪᠣᠯᠤᠰᠢ ᠦᠭᠡᠢ ᠪᠦᠷᠢᠯᠳᠦᠬᠦᠨ ᠮᠥᠨ᠂ ᠲᠦᠪᠰᠢᠷᠡᠨ | ᠪᠦᠯᠬᠦᠮᠳᠡᠭᠰᠡᠨ ᠶᠡᠭᠡ ᠰᠠᠶᠢᠨ ᠪᠠᠶᠢᠳᠠᠯ ᠢ ᠣᠨᠴᠠᠭᠠᠢ ᠨᠠᠨᠳᠢᠩᠨᠠᠵᠤ᠂ 56 ᠦᠨᠳᠦᠰᠦᠲᠡᠨ ᠪᠦᠯᠬᠦᠮᠳᠡᠨ ᠨᠢᠭᠲᠠᠷᠠᠵᠤ᠂ | ᠲᠣᠭᠲᠠᠯ ᠬᠦᠴᠦᠨ ᠢᠶᠠᠨ ᠪᠠᠲᠤᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠡᠷᠡᠮᠡᠬᠡᠶᠢᠯᠡᠨ ᠲᠡᠮᠡᠴᠡᠵᠦ᠂ ᠨᠠᠮ ᠤᠨ ᠤᠳᠤᠷᠢᠳᠤᠯᠭ᠎ᠠ ᠳᠣᠣᠷ᠎ᠠ ᠬᠤᠶᠠᠳᠤᠭᠠᠷ ᠵᠠᠭᠤᠨ ᠵᠢᠯ ᠤᠨ | ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠦᠷᠭᠦᠯᠵᠢᠯᠡᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠡᠶᠢᠭᠡᠮ ᠲᠣᠭᠤᠷᠢᠭ ᠤᠨ ᠠᠵᠢᠯ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠵᠤ | ᠪᠠᠶᠢᠳᠠᠭ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ | ᠪᠠᠬᠢᠯᠡᠯᠲᠡ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠠᠵᠢᠯ ᠤᠨ ᠭᠤᠣᠯᠳᠠᠯᠭ᠎ᠠ ᠪᠠᠨ ᠦᠨᠳᠦᠰᠦᠨ ᠱᠠᠲᠤᠨ ᠳᠤ | ᠲᠠᠯᠪᠢᠵᠤ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠪᠣᠳᠣᠵᠤ ᠬᠦᠰᠡᠵᠦ ᠪᠠᠶᠢᠭ᠎ᠠ ᠵᠦᠢᠯ ᠲᠠᠢ ᠨᠢᠭᠲᠠ | ᠤᠶᠠᠯᠳᠤᠭᠤᠯᠵᠤ᠂ ᠣᠯᠠᠨ ᠢ ᠬᠠᠪᠰᠤᠷᠤᠨ ᠰᠠᠶᠢᠨ ᠶᠠᠪᠤᠳᠠᠯ ᠬᠢᠵᠦ᠂ ᠪᠣᠳᠠᠲᠤ ᠶᠠᠪᠤᠳᠠᠯ ᠬᠢᠵᠦ᠂ ᠬᠦᠴᠢᠷ | ᠠᠰᠠᠭᠤᠳᠠᠯ ᠢ ᠨᠢ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠬ᠎ᠠ ᠳᠡᠭᠦᠦ ᠮᠡᠲᠦ | ᠳᠣᠲᠣᠨᠣ ᠪᠠᠶᠢᠬᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠶᠢ ᠠᠬᠢᠭᠤᠯᠵᠤ᠂ ᠰᠠᠶᠢᠨ ᠰᠠᠶᠢᠬᠠᠨ ᠭᠡᠷ | ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠵᠤ᠂ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ ᠨᠡᠶᠢᠭᠡᠮ ᠲᠣᠭᠤᠷᠢᠭ ᠠᠴᠠ ᠠᠶᠠᠷᠯᠠᠨ ᠰᠠᠯᠬᠤ ᠦᠶ᠎ᠡ ᠳᠤ᠂ ᠦᠨᠳᠦᠰᠦᠲᠡᠨ ᠤ | ᠬᠤᠪᠴᠠᠰᠤ ᠵᠠᠰᠠᠯ ᠢᠶᠠᠨ ᠡᠮᠦᠰᠦᠭᠰᠡᠨ ᠦᠨᠳᠦᠰᠦᠲᠡᠨ ᠨᠦᠭᠦᠳ ᠤᠨ ᠣᠯᠠᠨ ᠲᠦᠮᠡᠨ ᠳᠠᠭᠤᠯᠠᠨ ᠪᠥᠵᠢᠭᠯᠡᠵᠡᠭᠡᠵᠦ᠂ | ᠶᠡᠷᠦᠩᠬᠡᠢ ᠱᠦᠵᠢ ᠳᠤ ᠴᠢᠩ ᠰᠡᠳᠬᠢᠯ ᠤᠨ ᠬᠠᠶᠢᠷ᠎ᠠ ᠬᠦᠨᠳᠦᠳᠬᠡᠯ ᠢᠶᠠᠨ ᠳᠡᠪᠰᠢᠭᠦᠯᠪᠡ᠃ ᠰᠢ ᠶᠢᠨ ᠫᠢᠩ ᠣᠯᠠᠨ ᠤ | ᠠᠵᠢᠯ ᠦᠢᠯᠡᠰ ᠬᠥᠭᠵᠢᠨ ᠮᠠᠨᠳᠤᠵᠤ᠂ ᠠᠮᠢᠳᠤᠷᠠᠯ ᠤᠯᠠᠮ ᠠᠴᠠ ᠤᠯᠠᠮ ᠵᠣᠯ ᠵᠢᠷᠭᠠᠯ ᠲᠠᠢ ᠪᠣᠯᠬᠤ ᠶᠢ ᠵᠥᠩᠨᠡᠪᠡ᠃ | ᠳᠠᠷᠠᠭ᠎ᠠ ᠨᠢ᠂ ᠰᠢ ᠶᠢᠨ ᠫᠢᠩ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠮᠦᠽᠧᠢ ᠳᠤ | ᠬᠦᠷᠴᠦ᠂ ︽ᠰᠢᠨᠵᠢᠶᠠᠩ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠰᠬᠦᠯᠡᠩ︾ ᠢ ᠲᠣᠭᠤᠷᠢᠨ ᠦᠵᠡᠵᠦ᠂ | ᠦᠨᠳᠦᠰᠦᠲᠡᠨ ᠤ ᠲᠤᠤᠯᠢ ︽ᠮᠠᠨᠠᠰ︾ ᠤᠨ ᠬᠠᠶᠢᠯᠠᠬᠤ ᠦᠵᠡᠭᠦᠯᠭᠡ ᠶᠢ ᠰᠣᠨᠢᠷᠬᠠᠭᠰᠠᠨ ᠪᠥᠭᠡᠳ ︽ᠮᠠᠨᠠᠰ︾ ᠤᠨ | ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠲᠠᠢ ᠳᠣᠲᠣᠨᠣ ᠪᠠᠷ ᠶᠠᠷᠢᠯᠴᠠᠪᠠ᠃ | ᠰᠢ ᠶᠢᠨ ᠫᠢᠩ᠂ ᠳᠤᠮᠳᠠᠳᠤ ᠶᠢᠨ ᠪᠣᠯᠪᠠᠰᠤᠨ ᠥᠷᠭᠡᠨ ᠳᠡᠯᠭᠡᠷ ᠭᠦᠨ ᠭᠦᠨᠵᠡᠭᠡᠢ᠂ ᠥᠨᠢ ᠤᠳᠠᠭᠠᠨ | ᠲᠡᠦᠬᠡ ᠲᠠᠢ᠂ ᠦᠨᠳᠦᠰᠦᠲᠡᠨ ᠨᠦᠭᠦᠳ ᠤᠨ ᠰᠢᠯᠢᠳᠡᠭ ᠰᠣᠶᠣᠯ ᠤᠨ ᠤᠷᠤᠰᠬᠠᠯ ᠤᠳ ᠢᠶᠠᠷ ᠨᠡᠶᠢᠯᠡᠵᠦ ᠪᠦᠷᠢᠯᠳᠦᠭᠰᠡᠨ | ᠶᠤᠮ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠡᠦᠬᠡ᠂ ᠳᠤᠮᠳᠠᠳᠤ ᠶᠢᠨ ᠦᠨᠳᠦᠰᠦᠲᠡᠨ ᠤ | ᠣᠯᠠᠨ ᠡᠰᠢᠲᠦ ᠨᠢᠭᠡ ᠴᠣᠭᠴᠠᠵᠢᠭᠰᠠᠨ ᠪᠠᠶᠢᠷᠢᠰᠢᠯ ᠤᠨ ᠰᠤᠳᠤᠯᠭᠠᠨ ᠢ ᠴᠢᠩᠭᠠᠳᠬᠠᠵᠤ᠂ ᠰᠢᠨᠵᠢᠶᠠᠩ ᠤᠨ | ᠦᠨᠳᠦᠰᠦᠲᠡᠨ ᠨᠦᠭᠦᠳ ᠤᠨ ᠶᠠᠪᠤᠯᠴᠠᠭ᠎ᠠ ᠶᠢᠨ ᠲᠡᠦᠬᠡᠨ ᠪᠣᠳᠠᠲᠤ ᠶᠠᠪᠤᠳᠠᠯ᠂ ᠬᠠᠭᠤᠴᠢ ᠰᠤᠳᠤᠯᠤᠯ ᠤᠨ ᠡᠳ᠋ ᠪᠣᠳᠠᠰ᠂ | ᠰᠣᠶᠣᠯ ᠤᠨ ᠦᠯᠡᠳᠡᠭᠳᠡᠯ ᠢ ᠭᠦᠢᠴᠡᠳ ᠠᠭᠤᠳᠠᠯᠤᠨ ᠪᠦᠲᠦᠮᠵᠢᠲᠡᠢ ᠠᠰᠢᠭᠯᠠᠬᠤ ᠬᠡᠷᠡᠭᠲᠡᠢ᠂ ᠰᠢᠨᠵᠢᠶᠠᠩ ᠪᠣᠯ | ᠡᠷᠲᠡᠨ ᠠᠴᠠ ᠪᠠᠨ ᠠᠪᠤᠭᠠᠳ ᠮᠠᠨ ᠤ ᠤᠯᠤᠰ ᠤᠨ ᠰᠠᠯᠵᠤ ᠪᠣᠯᠤᠰᠢ ᠦᠭᠡᠢ ᠨᠢᠭᠡ ᠬᠡᠰᠡᠭ ᠪᠠ ᠣᠯᠠᠨ ᠦᠨᠳᠦᠰᠦᠲᠡᠨ | ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠮᠥᠨ᠂ ᠰᠢᠨᠵᠢᠶᠠᠩ ᠤᠨ ᠦᠨᠳᠦᠰᠦᠲᠡᠨ ᠨᠦᠭᠦᠳ ᠪᠣᠯ ᠳᠤᠮᠳᠠᠳᠤ ᠶᠢᠨ | ᠦᠨᠳᠦᠰᠦᠲᠡᠨ ᠤ ᠶᠡᠭᠡ ᠭᠡᠷ ᠪᠦᠯᠢ ᠶᠢᠨ ᠴᠢᠰᠤ ᠮᠢᠬᠠᠨ ᠤ ᠪᠠᠷᠢᠯᠳᠤᠯᠭ᠎ᠠ ᠲᠠᠢ᠂ ᠬᠤᠪᠢ ᠵᠠᠶᠠᠭ᠎ᠠ ᠪᠠᠨ | ᠬᠠᠮᠲᠤᠳᠬᠠᠭᠰᠠᠨ ᠴᠢᠬᠤᠯᠠ ᠪᠦᠷᠢᠯᠳᠦᠬᠦᠨ ᠮᠥᠨ ᠭᠡᠳᠡᠭ ᠢ ᠲᠣᠳᠣᠷᠬᠠᠢ ᠲᠠᠶᠢᠯᠪᠤᠷᠢᠯᠠᠬᠤ ᠬᠡᠷᠡᠭᠲᠡᠢ᠃ ᠪᠣᠳᠠᠰ ᠤᠨ | ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠰᠢᠯᠢᠳᠡᠭ | ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃ | 13 ᠤ ᠦᠳᠡ ᠶᠢᠨ ᠬᠤᠶᠢᠨ᠎ᠠ᠂ ᠰᠢ ᠶᠢᠨ ᠫᠢᠩ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠪᠢᠩᠲ᠋ᠤᠸᠠᠨ ᠤ ᠨᠠᠢᠮᠠᠳᠤᠭᠠᠷ ᠳ᠋ᠢᠸᠢᠽᠢ ᠶᠢᠨ ᠱᠢ ᠾᠧ ᠽᠢ ᠬᠤᠲᠠ ᠳᠤ ᠬᠦᠷᠴᠦ᠂ | ᠰᠢᠨᠵᠢᠶᠠᠩ ᠤᠨ ᠪᠢᠩᠲ᠋ᠤᠸᠠᠨ ᠤ ᠴᠡᠷᠢᠭ ᠤᠨ ᠠᠲᠠᠷ ᠬᠠᠭᠠᠯᠪᠤᠷᠢᠯᠠᠯᠲᠠ ᠶᠢᠨ ᠮᠦᠽᠧᠢ ᠪᠠᠷ ᠲᠣᠭᠤᠷᠢᠨ ᠦᠵᠡᠪᠡ᠃ | ᠮᠦᠽᠧᠢ ᠶᠢᠨ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠳᠤ᠂ ᠰᠢ ᠶᠢᠨ ᠫᠢᠩ ᠪᠢᠩᠲ᠋ᠤᠸᠠᠨ ᠤ ᠠᠬᠠᠮᠠᠳ ᠢᠳᠡᠷ | ᠵᠠᠯᠠᠭᠤ ᠭᠤᠷᠪᠠᠨ ᠦᠶ᠎ᠡ ᠶᠢᠨ ᠪᠦᠲᠦᠭᠡᠨ ᠪᠠᠶᠢᠭᠤᠯᠤᠭᠴᠢᠳ ᠤᠨ ᠲᠥᠯᠥᠭᠡᠯᠡᠭᠴᠢᠳ ᠲᠠᠢ ᠠᠭᠤᠯᠵᠠᠪᠠ᠃ ᠲᠡᠷᠡ᠂ | ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠰᠢᠨᠵᠢᠶᠠᠩ ᠤᠨ ᠬᠥᠭᠵᠢᠯᠲᠡ ᠶᠢ | ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ | ᠤᠯᠤᠰ ᠤᠨ ᠬᠢᠯᠢ ᠶᠢᠨ ᠬᠠᠮᠠᠭᠠᠯᠠᠯᠲᠠ ᠶᠢ ᠪᠠᠬᠢᠵᠢᠭᠦᠯᠬᠦ ᠳᠤ ᠪᠠᠯᠠᠷᠠᠰᠢ ᠦᠭᠡᠢ ᠬᠤᠪᠢ ᠨᠡᠮᠡᠷᠢ ᠦᠵᠡᠭᠦᠯᠪᠡ᠃ | ᠪᠢᠩᠲ᠋ᠤᠸᠠᠨ ᠤ ᠬᠥᠮᠦᠰ ᠤᠨ ᠱᠤᠭᠤᠭᠰᠠᠨ ᠡᠬᠡ ᠤᠯᠤᠰ ᠢᠶᠠᠨ ᠬᠠᠶᠢᠷᠠᠯᠠᠬᠤ᠂ ᠬᠠᠷᠠᠮ ᠦᠭᠡᠢ ᠵᠣᠷᠢᠭᠤᠯᠬᠤ᠂ | ᠲᠡᠰᠪᠦᠷᠢ ᠬᠠᠲᠠᠭᠤᠵᠢᠯᠲᠠᠢ ᠪᠠᠷ ᠦᠢᠯᠡᠰ ᠪᠣᠰᠬᠠᠬᠤ᠂ ᠵᠠᠮ ᠨᠡᠭᠡᠭᠡᠨ ᠤᠷᠤᠭᠰᠢᠯᠠᠬᠤ ᠪᠢᠩᠲ᠋ᠤᠸᠠᠨ ᠤ ᠵᠣᠷᠢᠭ ᠰᠠᠨᠠᠭ᠎ᠠ | ᠪᠣᠯ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠰᠢᠰᠲ᠋ᠧᠮ ᠤᠨ ᠴᠢᠬᠤᠯᠠ ᠪᠦᠷᠢᠯᠳᠦᠬᠦᠨ | ᠬᠡᠰᠡᠭ ᠮᠥᠨ᠂ ᠡᠳᠡᠭᠡᠷ ᠡᠷᠬᠢᠮ ᠨᠠᠨᠳᠢᠨ ᠥᠪ ᠬᠥᠷᠥᠩᠭᠡ ᠶᠢ ᠰᠠᠶᠢᠲᠤᠷ ᠬᠡᠷᠡᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | | ᠳᠠᠷᠠᠭ᠎ᠠ ᠨᠢ᠂ ᠰᠢ ᠶᠢᠨ ᠫᠢᠩ ᠲᠡᠷᠭᠡᠨ ᠳᠤ ᠰᠠᠭᠤᠵᠤ ᠨᠠᠢᠮᠠᠳᠤᠭᠠᠷ ᠳ᠋ᠢᠸᠢᠽᠢ ᠶᠢᠨ 143 ᠳ᠋ᠤᠭᠠᠷ ᠬᠤᠷᠢ᠊ | ᠡᠶ᠎ᠡ ᠳᠤ ᠬᠦᠷᠴᠦ ᠰᠢᠨᠵᠢᠯᠡᠨ ᠪᠠᠶᠢᠴᠠᠭᠠᠪᠠ᠃ ᠲᠠᠷᠢᠶᠠᠯᠠᠩ ᠤᠨ ᠨᠢᠭᠡᠳᠦᠭᠡᠷ ᠰᠤᠮᠤ ᠶᠢᠨ ᠬᠥᠪᠥᠩ ᠲᠠᠷᠢᠬᠤ | ᠰᠠᠭᠤᠷᠢᠨ ᠳᠤ᠂ ᠰᠢ ᠶᠢᠨ ᠫᠢᠩ ᠲᠠᠷᠢᠶᠠᠨ ᠭᠠᠵᠠᠷ ᠲᠤ ᠬᠦᠷᠴᠦ᠂ ᠬᠥᠪᠥᠩ ᠤᠨ ᠤᠷᠭᠤᠴᠠ ᠶᠢᠨ ᠪᠠᠶᠢᠳᠠᠯ ᠢ | ᠪᠠᠶᠢᠴᠠᠭᠠᠨ ᠦᠵᠡᠵᠦ᠂ ᠲᠠᠷᠢᠶᠠᠨ ᠠᠵᠢᠯ ᠬᠢᠵᠦ ᠪᠠᠶᠢᠭᠰᠠᠨ ᠲᠠᠷᠢᠶᠠᠴᠢᠨ᠂ ᠲᠠᠷᠢᠶᠠᠯᠠᠩ ᠤᠨ ᠮᠡᠷᠭᠡᠵᠢᠯᠲᠡᠨ ᠠᠴᠠ | ᠬᠥᠪᠥᠩ ᠲᠠᠷᠢᠬᠤ᠂ ᠪᠣᠷᠣᠯᠠᠭᠤᠯᠬᠤ ᠪᠠ ᠭᠡᠷ ᠪᠦᠯᠢ ᠶᠢᠨ ᠣᠷᠣᠯᠭ᠎ᠠ ᠵᠡᠷᠭᠡ ᠪᠠᠶᠢᠳᠠᠯ ᠢ ᠯᠠᠪᠯᠠᠨ ᠠᠰᠠᠭᠤᠪᠠ᠃ | ᠶᠢᠰᠦᠳᠦᠭᠡᠷ ᠰᠤᠮᠤ ᠶᠢᠨ ᠲᠤᠭᠤᠷ ᠤᠨ ᠬᠦᠷᠢᠶᠡᠯᠡᠩ ᠳᠤ᠂ ᠰᠢ ᠶᠢᠨ ᠫᠢᠩ ᠡᠳᠡᠭᠡᠷ ᠵᠢᠯ ᠤᠳ ᠲᠤ ᠰᠤᠮᠤᠨ | ᠠᠩᠭᠢ ᠠᠴᠠ ᠠᠵᠢᠯᠲᠠᠨ ᠠᠵᠢᠯᠴᠢᠨ ᠤ ᠲᠠᠷᠢᠵᠤ ᠲᠡᠵᠢᠭᠡᠬᠦ ᠦᠢᠯᠡᠰ᠂ ᠠᠮᠢ ᠠᠬᠤᠢ ᠶᠢᠨ ᠵᠢᠭᠤᠯᠴᠢᠯᠠᠯ ᠪᠣᠯᠤᠨ | ᠲᠠᠷᠢᠶᠠᠴᠢᠨ ᠠᠶᠢᠯ ᠤᠨ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠤᠨ ᠳᠡᠮᠵᠢᠵᠦ᠂ ᠠᠵᠢᠯᠲᠠᠨ | ᠠᠵᠢᠯᠴᠢᠨ ᠤ ᠣᠷᠣᠯᠭ᠎ᠠ ᠶᠢ ᠨᠡᠮᠡᠭᠳᠡᠭᠦᠯᠦᠭᠰᠡᠨ ᠠᠷᠭ᠎ᠠ ᠬᠢᠳᠡᠯ ᠢ ᠮᠠᠭᠲᠠᠨ ᠰᠠᠶᠢᠰᠢᠶᠠᠪᠠ᠃ | ᠰᠢ ᠶᠢᠨ ᠫᠢᠩ᠂ ᠪᠢᠩᠲ᠋ᠤᠸᠠᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠬᠡᠮᠵᠢᠶ᠎ᠡ ᠥᠨᠳᠥᠷ᠂ ᠲᠠᠷᠢᠶᠠᠯᠠᠩ ᠤᠨ | ᠬᠡᠪᠴᠢᠶᠡᠵᠢᠭᠰᠡᠨ ᠦᠢᠯᠡᠳᠪᠦᠷᠢᠯᠡᠯ᠂ ᠠᠵᠤ ᠦᠢᠯᠡᠰᠵᠢᠭᠰᠡᠨ ᠡᠵᠡᠩᠨᠡᠯᠲᠡ ᠶᠢᠨ ᠨᠥᠬᠦᠴᠡᠯ ᠰᠠᠶᠢᠨ᠂ ᠠᠮᠤ ᠪᠤᠳᠠᠭ᠎ᠠ | ᠬᠥᠪᠥᠩ ᠲᠣᠰᠣ᠂ ᠵᠢᠮᠢᠰ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠵᠡᠷᠭᠡ ᠲᠠᠯ᠎ᠠ ᠪᠠᠷ ᠢᠯᠡᠳᠲᠡ | ᠳᠠᠪᠠᠭᠤᠯᠢᠭ ᠲᠠᠢ ᠪᠠᠶᠢᠵᠤ᠂ ᠮᠠᠨ ᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠣᠯᠤᠨ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠲᠠᠯ᠎ᠠ ᠪᠠᠷ ᠨᠡᠩ ᠶᠡᠭᠡ ᠦᠢᠯᠡᠳᠦᠯ ᠦᠵᠡᠭᠦᠯᠬᠦ | ᠬᠡᠷᠡᠭᠲᠡᠢ᠃ ᠪᠢᠩᠲ᠋ᠤᠸᠠᠨ ᠤ ᠬᠥᠭᠵᠢᠯᠲᠡ ᠶᠢ ᠳᠡᠮᠵᠢᠬᠦ ᠨᠠᠮ ᠤᠨ ᠲᠥᠪ ᠬᠤᠷᠢᠶᠠᠨ ᠤ ᠲᠥᠷᠥ ᠶᠢᠨ ᠪᠣᠳᠣᠯᠭ᠎ᠠ ᠶᠢ | ᠰᠠᠶᠢᠲᠤᠷ ᠨᠠᠶᠢᠳᠠᠪᠤᠷᠢᠵᠢᠭᠤᠯᠵᠤ᠂ ᠪᠢᠩᠲ᠋ᠤᠸᠠᠨ ᠤ ᠳᠠᠪᠠᠭᠤᠯᠢᠭ ᠢ ᠪᠠᠳᠠᠷᠠᠭᠤᠯᠤᠨ᠂ ᠲᠠᠷᠢᠶᠠᠯᠠᠩ ᠤᠨ ᠰᠢᠨᠵᠢᠯᠡᠬᠦ | ᠤᠬᠠᠭᠠᠨ ᠲᠧᠬᠨᠢᠭ᠋ ᠮᠡᠷᠭᠡᠵᠢᠯ ᠪᠣᠯᠤᠨ ᠲᠣᠨᠣᠭᠯᠠᠯ ᠤᠨ ᠲᠤᠯᠭᠠᠭᠤᠷᠢᠯᠠᠯ ᠢ ᠴᠢᠩᠭᠠᠳᠬᠠᠵᠤ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠢ ᠬᠥᠭᠵᠢᠭᠦᠯᠵᠦ᠂ ᠳᠠᠪᠠᠭᠤᠯᠢᠭ | ᠠᠵᠤ ᠦᠢᠯᠡᠰ ᠢ ᠪᠤᠵᠠᠭᠠᠶᠢᠷᠠᠭᠤᠯᠤᠨ᠂ ᠮᠠᠯ ᠠᠵᠤ ᠠᠬᠤᠢ ᠲᠠᠷᠢᠶᠠᠯᠠᠩ ᠤᠨ ᠪᠣᠬᠢᠷᠲᠤᠯ ᠦᠭᠡᠢ ᠥᠨᠳᠥᠷ | ᠪᠦᠲᠦᠮᠵᠢᠲᠡᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ 143 ᠳ᠋ᠤᠭᠠᠷ ᠬᠤᠷᠢᠶᠠᠨ ᠤ | ᠬᠤᠸᠠ ᠶᠤᠸᠠᠨ ᠪᠠᠯᠭᠠᠰᠤᠨ ᠤ ᠠᠭᠤᠳᠠᠮ ᠲᠠᠯᠠᠪᠠᠢ ᠳᠡᠭᠡᠷ᠎ᠡ᠂ ᠰᠢ ᠶᠢᠨ ᠫᠢᠩ ᠪᠢᠩᠲ᠋ᠤᠸᠠᠨ ᠤ ᠺᠠᠳ᠋ᠷ ᠣᠯᠠᠨ | ᠲᠦᠮᠡᠨ ᠲᠠᠢ ᠳᠣᠲᠣᠨᠣ ᠪᠠᠷ ᠶᠠᠷᠢᠯᠴᠠᠪᠠ᠃ ᠲᠡᠷᠡ᠂ ᠪᠢᠩᠲ᠋ᠤᠸᠠᠨ ᠤ ᠪᠠᠶᠢᠯᠳᠤᠬᠤ ᠪᠣᠳᠣᠯᠭ᠎ᠠ ᠶᠢᠨ ᠦᠢᠯᠡᠳᠦᠯ ᠪᠣᠯ | ᠣᠷᠣᠯᠠᠭᠤᠯᠵᠤ ᠪᠣᠯᠤᠰᠢ ᠦᠭᠡᠢ ᠶᠤᠮ᠃ ᠪᠢᠩᠲ᠋ᠤᠸᠠᠨ ᠤ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠴᠡᠷᠢᠭ | ᠠᠩᠭᠢ ᠪᠠ ᠣᠷᠣᠨ ᠨᠤᠲᠤᠭ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠬᠤᠲᠠ ᠬᠥᠳᠡᠭᠡ ᠡᠶ᠎ᠡ ᠵᠣᠬᠢᠴᠠᠩᠭᠤᠢ | ᠬᠥᠳᠡᠭᠡ ᠨᠤᠲᠤᠭ ᠤᠨ ᠮᠠᠶ᠋ᠢᠭ ᠤᠨ ᠭᠡᠷ ᠣᠷᠣᠨ ᠢ ᠪᠠᠶᠢᠭᠤᠯᠵᠤ᠂ ᠪᠢᠩᠲ᠋ᠤᠸᠠᠨ ᠤ ᠬᠢᠯᠢ ᠬᠢᠵᠠᠭᠠᠷ ᠢ ᠠᠮᠤᠷᠵᠢᠭᠤᠯᠤᠨ | ᠬᠢᠯᠢ ᠬᠢᠵᠠᠭᠠᠷ ᠢ ᠪᠠᠬᠢᠵᠢᠭᠦᠯᠬᠦ ᠶᠢᠨ ᠲᠣᠭᠲᠠᠪᠤᠷᠢᠵᠢᠭᠤᠯᠤᠭᠴᠢ ᠪᠣᠯᠬᠤ᠂ ᠦᠨᠳᠦᠰᠦᠲᠡᠨ ᠨᠦᠭᠦᠳ ᠤᠨ ᠣᠯᠠᠨ | ᠲᠦᠮᠡᠨ ᠢ ᠨᠢᠭᠲᠠᠷᠠᠭᠤᠯᠬᠤ ᠶᠢᠨ ᠲᠣᠮᠣ ᠵᠤᠤᠬ᠎ᠠ ᠪᠣᠯᠬᠤ᠂ ᠲᠡᠷᠢᠭᠦᠨ ᠤ ᠦᠢᠯᠡᠳᠪᠦᠷᠢᠯᠡᠯ ᠤᠨ ᠬᠦᠴᠦᠨ ᠪᠣᠯᠤᠨ | ᠲᠡᠷᠢᠭᠦᠨ ᠤ ᠰᠣᠶᠣᠯ ᠢ ᠬᠥᠭᠵᠢᠭᠦᠯᠬᠦ ᠶᠢᠨ ᠵᠢᠱᠢᠶ᠎ᠡ ᠦᠵᠡᠭᠦᠯᠬᠦ ᠣᠷᠣᠨ ᠪᠣᠯᠬᠤ ᠴᠢᠳᠠᠪᠬᠢ ᠪᠣᠯᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠪᠢᠩᠲ᠋ᠤᠸᠠᠨ ᠤ ᠲᠣᠭᠲᠠᠭᠤᠨ ᠢ ᠬᠠᠮᠠᠭᠠᠯᠠᠵᠤ ᠬᠢᠯᠢ ᠬᠢᠵᠠᠭᠠᠷ ᠢ | ᠬᠠᠮᠠᠭᠠᠯᠠᠬᠤ ᠰᠢᠨ᠎ᠡ ᠳᠠᠪᠠᠭᠤᠯᠢᠭ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ 14 ᠤ ᠡᠳᠦᠷ᠂ | ᠰᠢ ᠶᠢᠨ ᠫᠢᠩ ᠲᠦᠷᠫᠠᠨ ᠬᠤᠲᠠ ᠳᠤ ᠬᠦᠷᠴᠦ ᠰᠢᠨᠵᠢᠯᠡᠨ ᠪᠠᠶᠢᠴᠠᠭᠠᠪᠠ᠃ ᠦᠵᠦᠮ ᠤᠨ ᠭᠤᠤ ᠳᠤ᠂ ᠰᠢ ᠶᠢᠨ | ᠫᠢᠩ ᠲᠦᠷᠫᠠᠨ ᠤ ᠣᠨᠴᠠᠯᠢᠭᠲᠤ ᠵᠢᠮᠢᠰ ᠤᠨ ᠦᠵᠡᠭᠦᠯᠭᠡ ᠶᠢ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠤᠨ | ᠣᠨᠴᠠᠯᠢᠭᠲᠤ ᠦᠵᠦᠮ ᠤᠨ ᠠᠵᠤ ᠦᠢᠯᠡᠰ ᠢ ᠬᠥᠭᠵᠢᠭᠦᠯᠵᠦ ᠪᠠᠶᠢᠬᠤ᠂ ᠰᠣᠶᠣᠯ ᠵᠢᠭᠤᠯᠴᠢᠯᠠᠯ ᠢ | ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ ᠪᠠᠶᠢᠬᠤ ᠵᠡᠷᠭᠡ ᠪᠠᠶᠢᠳᠠᠯ ᠢ ᠣᠶᠢᠯᠠᠭᠠᠪᠠ᠃ | ᠰᠢ ᠶᠢᠨ ᠫᠢᠩ᠂ ᠲᠦᠷᠫᠠᠨ ᠦᠵᠡᠰᠬᠦᠯᠡᠩᠲᠦ ᠰᠠᠶᠢᠬᠠᠨ ᠪᠠᠶᠠᠨ ᠲᠠᠩᠰᠤᠭ᠂ ᠭᠤᠸ᠎ᠠ ᠵᠢᠮᠢᠰ ᠤᠨ ᠠᠩᠬᠢᠯᠤᠮ᠎ᠠ | ᠦᠨᠦᠷ ᠬᠠᠩᠬᠤᠯᠤᠨ᠎ᠠ᠂ ᠡᠨᠡ ᠪᠣᠯ ᠡᠬᠡ ᠪᠠᠶᠢᠭᠠᠯᠢ ᠶᠢᠨ ᠰᠣᠶᠣᠷᠬᠠᠯ ᠪᠣᠯᠤᠨ᠎ᠠ᠃ ᠠᠵᠤ ᠠᠬᠤᠢ ᠨᠡᠶᠢᠭᠡᠮ ᠤᠨ | ᠬᠥᠭᠵᠢᠯᠲᠡ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠴᠠᠭ᠎ᠠ ᠶᠢ ᠵᠥᠪ ᠰᠢᠢᠳᠪᠦᠷᠢᠯᠡᠵᠦ | ᠂ ᠰᠣᠶᠣᠯ ᠪᠣᠯᠤᠨ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠠᠷᠠᠳ ᠢ ᠪᠠᠶᠠᠵᠢᠭᠤᠯᠬᠤ | ᠠᠵᠤ ᠦᠢᠯᠡᠰ ᠢ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠳᠠᠷᠠᠭ᠎ᠠ ᠨᠢ ᠭᠤᠤᠴᠠᠩ ᠲᠣᠭᠤᠷᠢᠭ ᠤᠨ ᠶᠠ ᠡᠯ ᠪᠠᠯᠭᠠᠰᠤᠨ ᠤ ᠰᠢᠨ᠎ᠡ ᠬᠤᠲᠠ | ᠲᠣᠭᠤᠷᠢᠭ ᠤᠨ ᠰᠢᠨ᠎ᠡ ᠬᠤᠲᠠ ᠶᠢᠨ ᠰᠢ ᠮᠧᠨ ᠼᠦᠨ ᠲᠣᠰᠬᠤᠨ ᠳᠤ ᠬᠦᠷᠴᠦ᠂ ᠤᠷᠢᠳ ᠬᠤᠵᠢᠳ ᠨᠠᠮ ᠪᠠ | ᠣᠯᠠᠨ ᠲᠦᠮᠡᠨ ᠤ ᠦᠢᠯᠡᠴᠢᠯᠡᠭᠡᠨ ᠤ ᠲᠥᠪ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ | ᠠᠵᠤ ᠠᠬᠤᠶᠢᠯᠠᠯ ᠢ ᠰᠢᠨᠵᠢᠯᠡᠨ ᠪᠠᠶᠢᠴᠠᠭᠠᠪᠠ᠃ ᠲᠣᠰᠬᠤᠨ ᠤ ᠠᠭᠤᠳᠠᠮ ᠲᠠᠯᠠᠪᠠᠢ ᠳᠤ᠂ ᠲᠣᠰᠬᠤᠨ ᠤ ᠠᠷᠠᠳ | ᠶᠡᠷᠦᠩᠬᠡᠢ ᠱᠦᠵᠢ ᠶᠢᠨ ᠢᠷᠡᠭᠰᠡᠨ ᠢ ᠦᠵᠡᠭᠡᠳ ᠪᠠᠶᠠᠷᠯᠠᠨ ᠬᠠᠰᠬᠢᠷᠤᠯᠳᠤᠵᠤ ᠬᠦᠷᠢᠶᠡᠯᠡᠨ ᠢᠷᠡᠵᠦ᠂ ᠥᠨᠳᠥᠷ | ᠳᠠᠭᠤᠨ ᠢᠶᠠᠷ ᠶᠡᠷᠦᠩᠬᠡᠢ ᠱᠦᠵᠢ ᠶᠢᠨ ᠠᠮᠤᠷ ᠢ ᠠᠰᠠᠭᠤᠵᠤ ᠪᠠᠶᠢᠯ᠎ᠠ᠃ | ᠰᠢ ᠶᠢᠨ ᠫᠢᠩ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠳᠤ ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠥᠬᠡᠢ᠃ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠭᠰᠠᠨ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠢ ᠨᠡᠩ | ᠪᠠᠶᠠᠨ ᠴᠢᠨᠡᠭᠡᠯᠢᠭ᠂ ᠠᠮᠢᠳᠤᠷᠠᠯ ᠢ ᠨᠡᠩ ᠵᠣᠯ ᠵᠢᠷᠭᠠᠯ ᠲᠠᠢ᠂ ᠬᠥᠳᠡᠭᠡ ᠲᠣᠰᠬᠤᠨ ᠢ ᠨᠡᠩ ᠦᠵᠡᠰᠬᠦᠯᠡᠩᠲᠦ ᠰᠠᠶᠢᠬᠠᠨ | ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ ᠰᠢ ᠶᠢᠨ ᠫᠢᠩ ᠠᠳᠡᠬᠢ ᠨᠤᠲᠤᠭ ᠤᠨ ᠠᠬ᠎ᠠ ᠳᠡᠭᠦᠦ ᠨᠡᠷ ᠤᠨ | ᠠᠮᠢᠳᠤᠷᠠᠯ ᠡᠳᠦᠷ ᠠᠴᠠ ᠡᠳᠦᠷ ᠥᠭᠡᠳᠡᠯᠡᠵᠦ᠂ ᠬᠡᠦᠬᠡᠳ ᠤᠳ ᠢᠳᠡᠷᠡᠭᠦᠨ ᠢᠶᠠᠷ ᠥᠰᠦᠨ ᠪᠤᠶᠢᠵᠢᠬᠤ ᠶᠢ ᠬᠦᠰᠡᠨ | ᠵᠥᠩᠨᠡᠪᠡ᠃ ᠲᠦᠷᠫᠠᠨ ᠬᠤᠲᠠ ᠳᠤ᠂ ᠰᠢ ᠶᠢᠨ ᠫᠢᠩ ᠪᠠᠰᠠ ᠳᠡᠯᠡᠬᠡᠢ ᠶᠢᠨ ᠰᠣᠶᠣᠯ ᠤᠨ ᠥᠪ ᠪᠣᠯᠬᠤ ᠵᠢᠶᠣᠤ | ᠾᠧ ᠶᠢᠨ ᠬᠠᠭᠤᠴᠢᠨ ᠬᠤᠲᠠ ᠳᠤ ᠰᠢᠨᠵᠢᠯᠡᠨ ᠪᠠᠶᠢᠴᠠᠭᠠᠪᠠ᠃ ᠵᠢᠶᠣᠤ ᠾᠧ ᠶᠢᠨ ᠬᠠᠭᠤᠴᠢᠨ ᠬᠤᠲᠠ ᠪᠣᠯ ᠳᠡᠯᠡᠬᠡᠢ | ᠳᠡᠭᠡᠷᠡᠬᠢ ᠬᠠᠮᠤᠭ ᠤᠨ ᠪᠦᠷᠢᠨ ᠪᠦᠲᠦᠨ᠂ ᠦᠷᠭᠦᠯᠵᠢᠯᠡᠭᠰᠡᠨ ᠴᠠᠭ ᠢᠶᠠᠷ ᠬᠠᠮᠤᠭ ᠤᠨ ᠤᠷᠲᠤ᠂ ᠬᠡᠪᠴᠢᠶ᠎ᠡ ᠪᠠᠷ | ᠬᠠᠮᠤᠭ ᠤᠨ ᠶᠡᠭᠡ ᠲᠦᠭᠦᠬᠡᠢ ᠰᠢᠷᠣᠢ ᠶᠢᠨ ᠪᠦᠲᠦᠴᠡ ᠲᠠᠢ ᠡᠷᠲᠡᠨ ᠤ ᠪᠠᠷᠢᠯᠭ᠎ᠠ ᠶᠢᠨ ᠬᠤᠲᠠ ᠪᠣᠯᠤᠨ᠎ᠠ᠃ | ᠰᠢ ᠶᠢᠨ ᠫᠢᠩ᠂ ᠵᠢᠶᠣᠤ ᠾᠧ ᠶᠢᠨ ᠬᠠᠭᠤᠴᠢᠨ ᠬᠤᠲᠠ ᠪᠣᠯ ᠲᠣᠷᠭᠠᠨ ᠵᠠᠮ ᠤᠨ ᠵᠠᠮ ᠬᠠᠷᠢᠯᠴᠠᠭᠠᠨ ᠤ | ᠴᠢᠬᠤᠯᠠ ᠵᠠᠮ ᠮᠥᠨ᠂ ᠳᠤᠮᠳᠠᠳᠤ ᠶᠢᠨ ᠲᠠᠪᠤᠨ ᠮᠢᠩᠭ᠎ᠠ ᠭᠠᠷᠤᠢ ᠵᠢᠯ ᠤᠨ ᠪᠣᠯᠪᠠᠰᠤᠨ ᠤ ᠲᠡᠦᠬᠡᠨ ᠳᠡᠭᠡᠷᠡᠬᠢ ᠨᠢᠭᠡᠨ | ᠴᠢᠬᠤᠯᠠ ᠭᠡᠷᠡᠴᠢ ᠮᠥᠨ᠂ ᠴᠢᠬᠤᠯᠠ ᠲᠡᠦᠬᠡ ᠶᠢᠨ ᠤᠬᠠᠭᠠᠨ ᠤ ᠦᠨ᠎ᠡ ᠥᠷᠲᠡᠭ ᠲᠠᠢ ᠶᠤᠮ᠃ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠶᠢ | ᠴᠢᠩᠭᠠᠳᠬᠠᠵᠤ᠂ ᠳᠤᠮᠳᠠᠳᠤ ᠶᠢᠨ ᠰᠣᠶᠣᠯ ᠤᠨ ᠣᠯᠠᠨ ᠤᠯᠤᠰ ᠲᠠᠬᠢ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ | ᠥᠷᠭᠡᠳᠬᠡᠵᠦ᠂ ᠦᠨᠳᠦᠰᠦᠲᠡᠨ ᠤ ᠣᠮᠣᠭᠰᠢᠯᠲᠤ ᠰᠡᠳᠬᠢᠯᠭᠡ᠂ ᠰᠣᠶᠣᠯ ᠤᠨ ᠢᠲᠡᠭᠡᠯ ᠢ ᠨᠡᠮᠡᠭᠳᠡᠭᠦᠯᠬᠦ ᠬᠡᠷᠡᠭᠲᠡᠢ | ᠭᠡᠵᠦ ᠴᠢᠬᠤᠯᠠᠴᠢᠯᠠᠵᠠᠢ᠃ 15 ᠤ ᠦᠳᠡ ᠶᠢᠨ ᠡᠮᠦᠨ᠎ᠡ᠂ ᠰᠢ ᠶᠢᠨ ᠫᠢᠩ ᠰᠢᠨᠵᠢᠶᠠᠩ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢ᠊ ᠡᠶ᠎ᠡ ᠪᠣᠯᠤᠨ ᠵᠠᠰᠠᠭ ᠤᠨ ᠣᠷᠳᠣᠨ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠪᠢᠩᠲ᠋ᠤᠸᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠨᠵᠢᠶᠠᠩ ᠤᠨ ᠡᠯ᠎ᠡ | ᠵᠦᠢᠯ ᠤᠨ ᠠᠵᠢᠯ ᠳᠤ ᠣᠯᠤᠭᠰᠠᠨ ᠠᠮᠵᠢᠯᠲᠠ ᠶᠢ ᠨᠤᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢ᠊ | ᠡᠶ᠎ᠡ ᠪᠣᠯᠤᠨ ᠵᠠᠰᠠᠭ ᠤᠨ ᠣᠷᠳᠣᠨ ᠳᠤ ᠥᠷᠭᠡᠨ ᠣᠯᠠᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠰᠢᠨᠵᠢᠶᠠᠩ ᠤᠨ ᠡᠯ᠎ᠡ ᠵᠦᠢᠯ ᠤᠨ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢ ᠬᠦᠰᠡᠪᠡ᠃ | ᠰᠢ ᠶᠢᠨ ᠫᠢᠩ᠂ ᠰᠢᠨᠵᠢᠶᠠᠩ ᠤᠨ ᠠᠵᠢᠯ ᠤᠨ ᠶᠡᠷᠦᠩᠬᠡᠢ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠥᠨᠢ ᠤᠳᠠᠭᠠᠨ ᠠᠮᠤᠷ ᠲᠦᠪᠰᠢᠨ ᠪᠠᠶᠢᠬᠤ ᠲᠠᠢ ᠬᠤᠯᠪᠣᠭᠳᠠᠬᠤ ᠦᠨᠳᠦᠰᠦᠨ ᠴᠢᠨᠠᠷᠲᠠᠢ᠂ ᠰᠠᠭᠤᠷᠢ ᠴᠢᠨᠠᠷᠲᠠᠢ᠂ | ᠠᠯᠤᠰ ᠬᠡᠳᠦ ᠶᠢᠨ ᠴᠢᠨᠠᠷᠲᠠᠢ ᠠᠵᠢᠯ ᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠰᠢᠨᠵᠢᠶᠠᠩ ᠢ | ᠵᠠᠰᠠᠬᠤ ᠠᠷᠭ᠎ᠠ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠪᠦᠲᠦᠮᠵᠢᠲᠡᠢ ᠠᠷᠭ᠎ᠠ ᠶᠢ ᠲᠠᠰᠤᠷᠠᠯᠲᠠ ᠥᠬᠡᠶ | ᠰᠦᠪᠡᠭᠴᠢᠯᠡᠵᠦ᠂ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠪᠣᠳᠠᠲᠤ ᠠᠵᠢᠯᠯᠠᠭ᠎ᠠ ᠪᠠ ᠠᠵᠢᠯ ᠤᠨ ᠦᠷ᠎ᠡ | ᠪᠦᠲᠦᠮᠵᠢ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠰᠢᠨᠵᠢᠶᠠᠩ ᠤᠨ ᠠᠵᠢᠯ ᠤᠨ ᠢᠮᠠᠭᠲᠠ ᠵᠥᠪ ᠴᠢᠭᠯᠡᠯ ᠢᠶᠠᠷ | ᠤᠷᠤᠭᠰᠢᠯᠠᠬᠤ ᠶᠢ ᠪᠠᠲᠤᠯᠠᠬᠤ ᠬᠡᠷᠡᠭᠲᠡᠢ᠃ ᠰᠢᠨᠵᠢᠶᠠᠩ ᠤᠨ ᠤᠷᠲᠤ ᠬᠤᠭᠤᠴᠠᠭᠠᠨ ᠤ ᠲᠣᠭᠲᠠᠭᠤᠨ ᠢ ᠪᠠᠲᠤᠯᠠᠬᠤ ᠳᠤ | ᠬᠠᠮᠤᠭ ᠤᠨ ᠴᠢᠬᠤᠯᠠ ᠨᠢ ᠬᠥᠮᠦᠰ ᠤᠨ ᠰᠡᠳᠬᠢᠯ ᠳᠤ ᠪᠠᠶᠢᠨ᠎ᠠ᠃ ᠪᠦᠯᠬᠦᠮᠳᠡᠨ ᠨᠢᠭᠡᠳᠴᠦ ᠬᠤᠯᠠ ᠶᠢ ᠬᠠᠷᠠᠬᠤ ᠶᠢ | ᠪᠠᠷᠢᠮᠲᠠᠯᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠲᠣᠭᠲᠠᠭᠤᠨ ᠢ ᠪᠠᠲᠤᠯᠠᠬᠤ᠂ ᠬᠥᠭᠵᠢᠯᠲᠡ ᠶᠢ | ᠰᠦᠪᠡᠭᠴᠢᠯᠡᠬᠦ᠂ ᠥᠭᠡᠷᠡᠴᠢᠯᠡᠯᠲᠡ ᠶᠢ ᠠᠬᠢᠭᠤᠯᠬᠤ ᠳᠤᠮᠳᠠᠬᠢ ᠢᠳᠡᠪᠬᠢ ᠦᠢᠯᠡᠳᠦᠯ ᠢ ᠬᠠᠮᠤᠭ ᠤᠨ ᠶᠡᠭᠡ | ᠬᠡᠮᠵᠢᠶ᠎ᠡ ᠪᠠᠷ ᠪᠠᠳᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠢ ᠠᠩᠬᠠᠷᠤᠨ ᠰᠣᠨᠣᠰᠬᠤ ᠬᠡᠷᠡᠭᠲᠡᠢ᠃ | ᠲᠣᠭᠲᠠᠭᠤᠨ ᠢ ᠬᠠᠮᠠᠭᠠᠯᠠᠬᠤ ᠠᠵᠢᠯ ᠢ ᠬᠠᠤᠯᠢᠵᠢᠭᠤᠯᠤᠨ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ᠃ ᠣᠯᠠᠨ | ᠳᠡᠰ ᠳᠠᠪᠬᠤᠷᠭ᠎ᠠ᠂ ᠪᠦᠬᠦ ᠲᠠᠯ᠎ᠠ᠂ ᠪᠣᠰᠤᠭ᠎ᠠ ᠴᠣᠭᠴᠠᠲᠤ ᠬᠡᠯᠪᠡᠷᠢ ᠪᠠᠷ ᠰᠢᠨᠵᠢᠶᠠᠩ ᠳᠤ ᠬᠤᠯᠪᠣᠭᠳᠠᠭᠰᠠᠨ | ᠭᠠᠳᠠᠭᠠᠳᠤ ᠤᠬᠠᠭᠤᠯᠭ᠎ᠠ ᠶᠢ ᠥᠷᠨᠢᠭᠦᠯᠵᠦ᠂ ︽ᠤᠷᠢᠵᠤ ᠠᠪᠴᠢᠷᠠᠬᠤ︾ ᠠᠵᠢᠯ ᠢ ᠲᠡᠭᠦᠯᠳᠡᠷᠵᠢᠭᠦᠯᠵᠦ᠂ ᠳᠤᠮᠳᠠᠳᠤ | ᠤᠯᠤᠰ ᠤᠨ ᠰᠢᠨᠵᠢᠶᠠᠩ ᠤᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃ | ᠳᠤᠮᠳᠠᠳᠤ ᠶᠢᠨ ᠪᠣᠯᠪᠠᠰᠤᠨ ᠪᠣᠯ ᠰᠢᠨᠵᠢᠶᠠᠩ ᠤᠨ ᠦᠨᠳᠦᠰᠦᠲᠡᠨ ᠨᠦᠭᠦᠳ ᠤᠨ ᠰᠣᠶᠣᠯ ᠤᠨ ᠦᠨᠳᠦᠰᠦ ᠰᠤᠷᠪᠤᠯᠵᠢ | ᠮᠥᠨ᠃ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠰᠢᠨᠵᠢᠶᠠᠩ ᠤᠨ ᠲᠡᠦᠬᠡ | ᠣᠨᠴᠠᠭᠠᠶᠢᠯᠠᠨ ᠦᠨᠳᠦᠰᠦᠲᠡᠨ ᠤ ᠬᠥᠭᠵᠢᠯᠲᠡ ᠶᠢᠨ ᠲᠡᠦᠬᠡ ᠶᠢ ᠵᠥᠪ ᠲᠠᠨᠢᠭᠤᠯᠵᠤ᠂ ᠳᠤᠮᠳᠠᠳᠤ ᠶᠢᠨ | ᠦᠨᠳᠦᠰᠦᠲᠡᠨ ᠤ ᠲᠡᠦᠬᠡ ᠶᠢᠨ ᠦᠵᠡᠯᠲᠡ ᠶᠢ ᠪᠠᠲᠤ ᠪᠣᠢ ᠪᠣᠯᠭᠠᠵᠤ᠂ ᠳᠤᠮᠳᠠᠳᠤ ᠶᠢᠨ ᠰᠡᠳᠬᠢᠯ᠂ ᠳᠤᠮᠳᠠᠳᠤ ᠶᠢᠨ | ᠰᠦᠭ ᠰᠦᠨᠡᠰᠦ ᠶᠢ ᠪᠠᠲᠤ ᠴᠣᠭᠴᠠᠯᠠᠬᠤ ᠬᠡᠷᠡᠭᠲᠡᠢ᠂ ᠢᠯᠠᠩᠭᠤᠶ᠎ᠠ ᠵᠠᠯᠠᠭᠤᠴᠤᠳ ᠪᠠᠭᠠᠴᠤᠳ ᠤᠨ ︽ᠰᠠᠭᠤᠷᠢ ᠶᠢ | ᠲᠠᠯᠪᠢᠬᠤ︾ ᠢᠨᠵᠧᠨᠧᠷᠢᠩ ᠢ ᠭᠦᠨᠵᠡᠭᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ | ᠰᠠᠨᠠᠭᠠᠨ ᠤ ᠭᠡᠷ ᠣᠷᠣᠨ ᠢ ᠪᠠᠶᠢᠭᠤᠯᠬᠤ ᠬᠡᠷᠡᠭᠲᠡᠢ᠃ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠷᠣᠨ ᠵᠠᠢ᠂ | ᠰᠣᠶᠣᠯ᠂ ᠠᠵᠤ ᠠᠬᠤᠢ᠂ ᠨᠡᠶᠢᠭᠡᠮ᠂ ᠰᠡᠳᠬᠢᠴᠡ ᠵᠡᠷᠭᠡ ᠲᠠᠯ᠎ᠠ ᠪᠠᠷ ᠪᠦᠬᠦ ᠲᠠᠯ᠎ᠠ ᠪᠠᠷ ᠠᠭᠤᠰᠤᠯᠴᠠᠭᠤᠯᠬᠤ ᠶᠢ | ᠠᠬᠢᠭᠤᠯᠵᠤ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠵᠠᠰᠠᠯᠲᠠ ᠶᠢᠨ ᠴᠢᠳᠠᠪᠤᠷᠢ ᠪᠠᠨ | ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠬᠦ ᠬᠡᠷᠡᠭᠲᠡᠢ᠃ ᠢᠰᠯᠠᠮ ᠤᠨ | ᠱᠠᠰᠢᠨ ᠢ ᠳᠤᠮᠳᠠᠳᠤ ᠤᠯᠤᠰᠴᠢᠯᠠᠬᠤ ᠴᠢᠭᠯᠡᠯ ᠢ ᠨᠡᠩ ᠰᠠᠶᠢᠲᠤᠷ ᠪᠠᠷᠢᠮᠲᠠᠯᠠᠵᠤ᠂ ᠱᠠᠰᠢᠨ ᠰᠤᠷᠲᠠᠬᠤᠨ ᠢ ᠨᠡᠶᠢᠭᠡᠮ | ᠵᠢᠷᠤᠮᠲᠤ ᠨᠡᠶᠢᠭᠡᠮ ᠯᠦᠭᠡ ᠵᠣᠬᠢᠴᠠᠭᠤᠯᠬᠤ ᠬᠡᠷᠡᠭᠲᠡᠢ᠃ ᠮᠠᠷᠺᠰ ᠤᠨ ᠦᠵᠡᠯ ᠤᠨ ᠱᠠᠰᠢᠨ ᠰᠤᠷᠲᠠᠬᠤᠨ ᠤ | ᠦᠵᠡᠯᠲᠡ ᠳᠤ ᠨᠡᠪᠲᠡᠷᠡᠭᠰᠡᠨ᠂ ᠱᠠᠰᠢᠨ ᠰᠤᠷᠲᠠᠬᠤᠨ ᠤ ᠠᠵᠢᠯ ᠢ ᠰᠠᠶᠢᠨ ᠮᠡᠳᠡᠳᠡᠭ᠂ ᠱᠠᠰᠢᠨ ᠰᠢᠲᠦᠳᠡᠭ ᠣᠯᠠᠨ | ᠲᠦᠮᠡᠨ ᠤ ᠠᠵᠢᠯ ᠢ ᠬᠢᠬᠦ ᠳᠡᠭᠡᠨ ᠴᠢᠳᠠᠮᠠᠭᠠᠢ ᠪᠠᠶᠢᠳᠠᠭ ᠨᠠᠮ ᠵᠠᠰᠠᠭ ᠤᠨ ᠺᠠᠳ᠋ᠷ ᠤᠨ ᠡᠩᠨᠡᠭᠡ ᠶᠢ ᠬᠥᠮᠦᠵᠢᠭᠦᠯᠵᠦ᠂ | ᠤᠯᠤᠰ ᠲᠥᠷᠥ ᠶᠢᠨ ᠲᠠᠯ᠎ᠠ ᠪᠠᠷ ᠨᠠᠶᠢᠳᠠᠪᠤᠷᠢᠲᠠᠢ᠂ ᠱᠠᠰᠢᠨ ᠰᠤᠷᠲᠠᠬᠤᠨ ᠤ ᠲᠠᠯ᠎ᠠ ᠪᠠᠷ ᠪᠦᠲᠦᠮᠵᠢ ᠲᠠᠢ᠂ ᠵᠠᠩ | ᠮᠣᠷᠠᠯ ᠤᠨ ᠲᠠᠯ᠎ᠠ ᠪᠠᠷ ᠣᠯᠠᠨ ᠢ ᠪᠢᠰᠢᠷᠡᠭᠦᠯᠦᠭᠰᠡᠨ᠂ ᠵᠠᠩᠭᠢᠯᠠᠭ᠎ᠠ ᠶᠢᠨ ᠦᠶ᠎ᠡ ᠳᠤ ᠦᠢᠯᠡᠳᠦᠯ ᠭᠠᠷᠭᠠᠳᠠᠭ ᠱᠠᠰᠢᠨ | ᠰᠤᠷᠲᠠᠬᠤᠨ ᠤ ᠡᠲᠡᠭᠡᠳ ᠤᠨ ᠲᠥᠯᠥᠭᠡᠯᠡᠭᠴᠢ ᠬᠥᠮᠦᠰ ᠤᠨ ᠡᠩᠨᠡᠭᠡ ᠶᠢ ᠬᠥᠮᠦᠵᠢᠭᠦᠯᠵᠦ᠂ ᠦᠵᠡᠯ ᠰᠠᠨᠠᠭ᠎ᠠ ᠤᠯᠤᠰ | ᠲᠥᠷᠥ ᠶᠢᠨ ᠲᠠᠯ᠎ᠠ ᠪᠠᠷ ᠡᠷᠡᠰ ᠪᠠᠲᠤ᠂ ᠮᠠᠷᠺᠰ ᠤᠨ ᠦᠵᠡᠯ ᠤᠨ ᠱᠠᠰᠢᠨ ᠰᠤᠷᠲᠠᠬᠤᠨ ᠤ ᠦᠵᠡᠯᠲᠡ ᠶᠢ | ᠪᠠᠷᠢᠮᠲᠠᠯᠠᠳᠠᠭ᠂ ᠰᠤᠷᠤᠯᠴᠠᠬᠤ ᠰᠤᠷᠲᠠᠯ ᠰᠢᠯᠢᠳᠡᠭ᠂ ᠰᠢᠨ᠎ᠡ ᠶᠢ ᠡᠭᠦᠳᠬᠦ ᠳᠡᠭᠡᠨ ᠴᠢᠳᠠᠮᠠᠭᠠᠢ ᠪᠠᠶᠢᠳᠠᠭ ᠱᠠᠰᠢᠨ | ᠰᠤᠷᠲᠠᠬᠤᠨ ᠤ ᠰᠤᠳᠤᠯᠭᠠᠨ ᠤ ᠡᠩᠨᠡᠭᠡ ᠶᠢ ᠬᠥᠮᠦᠵᠢᠭᠦᠯᠬᠦ ᠬᠡᠷᠡᠭᠲᠡᠢ᠃ ᠱᠠᠰᠢᠨ ᠰᠢᠲᠦᠳᠡᠭ ᠣᠯᠠᠨ ᠲᠦᠮᠡᠨ ᠤ | ᠬᠡᠪ ᠤᠨ ᠱᠠᠰᠢᠨ ᠰᠤᠷᠲᠠᠬᠤᠨ ᠤ ᠬᠡᠷᠡᠭᠴᠡᠭᠡ ᠶᠢ ᠪᠠᠲᠤᠯᠠᠵᠤ᠂ ᠱᠠᠰᠢᠨ ᠰᠢᠲᠦᠳᠡᠭ ᠣᠯᠠᠨ ᠲᠦᠮᠡᠨ ᠢ ᠨᠠᠮ ᠪᠠ | ᠵᠠᠰᠠᠭ ᠤᠨ ᠣᠷᠳᠣᠨ ᠤ ᠲᠣᠭᠤᠷᠢᠨ ᠳᠤ ᠪᠠᠲᠤ ᠪᠦᠯᠬᠦᠮᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠵᠤ᠂ ᠰᠣᠶᠣᠯ ᠢᠶᠠᠷ | ᠰᠢᠨᠵᠢᠶᠠᠩ ᠢ ᠤᠮᠳᠠᠯᠠᠬᠤ ᠠᠵᠢᠯ ᠢ ᠭᠦᠨᠵᠡᠭᠡᠶᠢᠷᠡᠭᠦᠯᠦᠨ ᠥᠷᠨᠢᠭᠦᠯᠬᠦ ᠬᠡᠷᠡᠭᠲᠡᠢ᠃ ᠰᠣᠶᠣᠯ ᠤᠨ ᠬᠠᠮᠲᠤ ᠶᠢᠨ ᠲᠠᠨᠢᠯᠲᠠ | ᠪᠣᠯ ᠬᠠᠮᠤᠭ ᠤᠨ ᠭᠦᠨ ᠳᠠᠪᠬᠤᠷᠭ᠎ᠠ ᠶᠢᠨ ᠬᠠᠮᠲᠤ ᠶᠢᠨ ᠲᠠᠨᠢᠯᠲᠠ ᠮᠥᠨ᠃ ᠲᠡᠦᠬᠡ ᠰᠣᠶᠣᠯ ᠤᠨ ᠲᠤᠬᠠᠢ | ᠲᠠᠨᠢᠯᠲᠠ ᠪᠠᠨ ᠲᠥᠪ ᠪᠣᠯᠭᠠᠵᠤ᠂ ᠳᠤᠮᠳᠠᠳᠤ ᠶᠢᠨ ᠰᠣᠶᠣᠯ ᠤᠨ ᠣᠨᠴᠠᠯᠢᠭ ᠪᠠ ᠳᠤᠮᠳᠠᠳᠤ ᠶᠢᠨ ᠦᠨᠳᠦᠰᠦᠲᠡᠨ ᠤ | ᠬᠠᠷᠠᠭᠠᠨ ᠰᠡᠷᠡᠯ ᠤᠨ ᠳᠦᠷᠢ ᠲᠥᠷᠬᠦ ᠶᠢ ᠳᠣᠪᠤᠶᠢᠯᠭᠠᠬᠤ ᠬᠡᠷᠡᠭᠲᠡᠢ᠃ ᠳᠤᠮᠳᠠᠳᠤ ᠶᠢᠨ ᠰᠣᠶᠣᠯ ᠤᠨ ᠨᠡᠶᠢᠲᠡᠯᠢᠭ | ᠴᠢᠨᠠᠷ᠂ ᠰᠢᠨᠵᠢᠶᠠᠩ ᠪᠣᠯᠤᠨ ᠳᠣᠲᠣᠷ ᠭᠠᠵᠠᠷ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠢᠯᠡᠷᠡᠭᠦᠯᠬᠦ ᠲᠡᠦᠬᠡᠨ ᠪᠣᠳᠠᠲᠤ ᠶᠠᠪᠤᠳᠠᠯ ᠤᠨ ᠦᠭᠡ ᠶᠠᠷᠢᠶᠠᠨ ᠤ ᠰᠢᠰᠲ᠋ᠧᠮ ᠪᠠ ᠪᠦᠲᠦᠮᠵᠢᠲᠡᠢ | ᠠᠴᠢᠶᠠᠯᠠᠪᠤᠷᠢ ᠶᠢ ᠤᠯᠠᠨ ᠬᠠᠷᠠᠭᠠᠰᠤ ᠠᠴᠠ ᠪᠦᠬᠦ ᠲᠠᠯ᠎ᠠ ᠪᠠᠷ ᠪᠠᠶᠢᠭᠤᠯᠵᠤ᠂ ᠳᠤᠮᠳᠠᠳᠤ ᠶᠢᠨ ᠰᠣᠶᠣᠯ ᠢ ᠪᠣᠳᠠᠲᠤ | ᠪᠣᠳᠠᠰ ᠪᠣᠳᠠᠲᠤ ᠠᠬᠤᠢ ᠪᠣᠳᠠᠲᠤ ᠶᠠᠪᠤᠳᠠᠯ ᠢᠶᠠᠷ ᠳᠠᠮᠵᠢᠭᠤᠯᠤᠨ ᠭᠦᠢᠴᠡᠳ ᠢᠯᠡᠷᠡᠭᠦᠯᠵᠦ᠂ ᠬᠥᠮᠦᠰ ᠤᠨ | ᠰᠡᠳᠬᠢᠯ ᠳᠤ ᠰᠢᠭᠤᠳ ᠬᠦᠷᠭᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ | ᠵᠥᠪ ᠣᠨᠣᠪᠴᠢᠲᠠᠢ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ | ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠲᠠᠢ ᠪᠣᠯᠭᠠᠵᠤ᠂ ᠠᠭᠤᠤ ᠶᠡᠭᠡ ᠡᠬᠡ ᠤᠯᠤᠰ᠂ | ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠬᠥᠭᠵᠢᠯᠲᠡ ᠪᠠ ᠲᠣᠭᠲᠠᠭᠤᠨ᠂ ᠬᠥᠭᠵᠢᠯᠲᠡ ᠪᠠ ᠠᠷᠠᠳ ᠤᠨ ᠠᠮᠢᠳᠤᠷᠠᠯ᠂ ᠬᠥᠭᠵᠢᠯᠲᠡ | ᠪᠠ ᠬᠥᠮᠦᠰ ᠤᠨ ᠰᠡᠳᠬᠢᠯ ᠤᠨ ᠨᠢᠭᠲᠠ ᠬᠠᠷᠢᠴᠠᠭ᠎ᠠ ᠶᠢ ᠭᠦᠨᠵᠡᠭᠡᠢ ᠲᠠᠨᠢᠵᠤ᠂ ᠬᠥᠭᠵᠢᠯᠲᠡ ᠶᠢᠨ ᠦᠷ᠎ᠡ | ᠪᠦᠲᠦᠭᠡᠯ ᠢᠶᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠶᠢ | ᠠᠬᠢᠭᠤᠯᠬᠤ ᠬᠡᠷᠡᠭᠲᠡᠢ᠃ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠵᠦ᠂ ᠣᠨᠴᠠᠯᠢᠭᠲᠤ | ᠳᠠᠪᠠᠭᠤᠯᠢᠭ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠵᠢᠯ ᠣᠯᠭᠤᠯᠲᠠ ᠶᠢ ᠥᠷᠭᠡᠳᠬᠡᠬᠦ | ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ | ᠵᠣᠯᠭᠠᠭᠤᠯᠵᠤ᠂ ᠬᠥᠳᠡᠭᠡ ᠲᠣᠰᠬᠤᠨ ᠤ ᠦᠷᠭᠦᠯᠵᠢᠯᠡᠬᠦ ᠬᠥᠭᠵᠢᠯᠲᠡ ᠶᠢᠨ ᠤᠷᠲᠤ ᠬᠤᠭᠤᠴᠠᠭᠠᠨ ᠤ ᠪᠦᠲᠦᠮᠵᠢᠲᠤ | ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠠᠭᠤᠯᠠ ᠤᠰᠤ ᠣᠢ ᠮᠣᠳᠣ ᠭᠠᠵᠠᠷ ᠲᠠᠷᠢ᠊ ᠡᠶ᠎ᠡ ᠨᠠᠭᠤᠷ ᠪᠦᠷᠢᠳᠦ | ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ | ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠭᠦᠯᠬᠦ ᠶᠢ ᠠᠬᠢᠭᠤᠯᠵᠤ᠂ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠬᠤ ᠬᠡᠷᠡᠭᠲᠡᠢ᠃ ᠭᠠᠳᠠᠭᠠᠳᠤ ᠨᠡᠭᠡᠭᠡᠯᠲᠡ ᠶᠢᠨ | ᠡᠷᠴᠢᠮ ᠢᠶᠠᠨ ᠴᠢᠩᠭᠠᠷᠠᠭᠤᠯᠵᠤ᠂ ᠪᠠᠷᠠᠭᠤᠨᠰᠢ ᠨᠡᠭᠡᠭᠡᠯᠲᠡ ᠬᠢᠬᠦ ᠪᠠᠬᠢᠯᠡᠯᠲᠡ ᠶᠢ ᠴᠣᠭᠴᠠᠯᠠᠵᠤ᠂ ᠲᠣᠷᠭᠠᠨ ᠵᠠᠮ ᠤᠨ | ᠠᠵᠤ ᠠᠬᠤᠢ ᠶᠢᠨ ᠪᠦᠰᠡ ᠶᠢᠨ ᠭᠤᠣᠯ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠥᠨᠳᠥᠷ ᠬᠡᠪ | ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ | ᠴᠢᠩᠭ᠎ᠠ ᠪᠠᠶᠢᠬᠤ ᠭᠤᠣᠯ ᠬᠥᠭ ᠠᠶᠠᠰ ᠢ ᠪᠠᠷᠢᠮᠲᠠᠯᠠᠵᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ | ᠶᠡᠷᠦᠩᠬᠡᠶᠢᠯᠡᠨ ᠵᠢᠯᠣᠭᠤᠳᠣᠭᠤᠯᠵᠤ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠤᠯᠤᠰ | ᠲᠥᠷᠥ ᠶᠢᠨ ᠰᠠᠬᠢᠯᠭ᠎ᠠ ᠪᠠᠲᠤ ᠪᠣᠯᠤᠨ ᠤᠯᠤᠰ ᠲᠥᠷᠥ ᠶᠢᠨ ᠶᠣᠰᠣ ᠳᠦᠷᠢᠮ ᠢ ᠴᠢᠩᠳᠠᠯᠠᠬᠤ ᠬᠡᠷᠡᠭᠲᠡᠢ᠃ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠥᠷᠭᠡᠨ ᠣᠯᠠᠨ | ᠨᠠᠮ ᠤᠨ ᠭᠡᠰᠢᠭᠦᠨ᠂ ᠺᠠᠳ᠋ᠷ ᠢ ᠬᠥᠮᠦᠵᠢᠭᠦᠯᠦᠨ ᠵᠢᠯᠣᠭᠤᠳᠴᠤ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠵᠤ᠂ | ᠬᠤᠪᠢᠰᠬᠠᠯ ᠤᠨ ᠤᠳᠤᠮᠰᠢᠯ ᠢ ᠤᠯᠠᠮᠵᠢᠯᠠᠵᠤ᠂ ᠬᠤᠪᠢᠰᠬᠠᠯ ᠤᠨ ᠰᠤᠳᠠᠰᠤ ᠶᠢ ᠦᠷᠭᠦᠯᠵᠢᠯᠡᠭᠦᠯᠬᠦ ᠬᠡᠷᠡᠭᠲᠡᠢ᠃ | ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢ ᠪᠠᠲᠤ ᠴᠢᠩᠭ᠎ᠠ ᠳᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠬᠡᠷᠡᠭᠲᠡᠢ᠃ ᠦᠨᠳᠦᠰᠦᠨ | ᠱᠠᠲᠤᠨ ᠤ ᠠᠵᠢᠯ ᠤᠨ ᠰᠤᠷᠲᠠᠯ ᠢ ᠦᠨᠡᠨ ᠬᠦ ᠰᠠᠶᠢᠵᠢᠷᠠᠭᠤᠯᠵᠤ᠂ ᠨᠣᠶᠠᠨᠴᠢ ᠰᠤᠷᠲᠠᠯ᠂ ᠬᠡᠯᠪᠡᠷᠢᠴᠢ ᠦᠵᠡᠯ ᠢ ᠡᠷᠡᠰ | ᠲᠡᠪᠴᠢᠬᠦ ᠬᠡᠷᠡᠭᠲᠡᠢ᠃ ᠨᠠᠮ ᠵᠠᠰᠠᠭ ᠤᠨ ᠤᠳᠤᠷᠢᠳᠬᠤ ᠪᠠᠭ ᠤᠨ ᠪᠦᠲᠦᠴᠡ ᠶᠢ ᠰᠢᠯᠢᠳᠡᠭᠵᠢᠭᠦᠯᠵᠦ᠂ ᠴᠥᠭᠡᠨ | ᠲᠣᠭᠠᠲᠤ ᠦᠨᠳᠦᠰᠦᠲᠡᠨ ᠤ ᠺᠠᠳ᠋ᠷ ᠤᠨ ᠦᠢᠯᠡᠳᠦᠯ ᠢ ᠴᠢᠬᠤᠯᠠᠴᠢᠯᠠᠨ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠪᠢᠩᠲ᠋ᠤᠸᠠᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠵᠣᠬᠢᠴᠠᠵᠤ᠂ ᠰᠢᠨᠵᠢᠶᠠᠩ ᠤᠨ | ᠠᠵᠢᠯ ᠤᠨ ᠶᠡᠷᠦᠩᠬᠡᠢ ᠬᠠᠷᠠᠯᠲᠠ ᠶᠢ ᠪᠡᠶᠡᠯᠡᠭᠦᠯᠬᠦ ᠳᠤ ᠨᠡᠩ ᠶᠡᠭᠡ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ | ᠴᠡᠷᠢᠭ ᠠᠩᠭᠢ ᠪᠠ ᠣᠷᠣᠨ ᠨᠤᠲᠤᠭ ᠨᠢᠭᠡ ᠬᠥᠯᠭᠡ ᠰᠢᠲᠠᠷ᠎ᠠ ᠪᠠᠶᠢᠬᠤ᠂ ᠴᠢᠬᠤᠯᠠ ᠶᠡᠭᠡ ᠰᠠᠭᠤᠷᠢ | ᠲᠥᠬᠦᠭᠡᠷᠦᠮᠵᠢ ᠶᠢ ᠵᠡᠷᠭᠡ ᠪᠠᠷ ᠪᠦᠲᠦᠭᠡᠨ ᠪᠠᠶᠢᠭᠤᠯᠬᠤ ᠶᠢ ᠪᠠᠷᠢᠮᠲᠠᠯᠠᠵᠤ᠂ ᠴᠡᠷᠢᠭ ᠠᠩᠭᠢ ᠪᠠ ᠣᠷᠣᠨ ᠨᠤᠲᠤᠭ ᠤᠨ | ᠠᠵᠤ ᠠᠬᠤᠢ᠂ ᠨᠡᠶᠢᠭᠡᠮ᠂ ᠰᠣᠶᠣᠯ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠦᠨᠳᠦᠰᠦᠲᠡᠨ ᠤ | ᠪᠦᠯᠬᠦᠮᠳᠡᠯ ᠳᠠᠪᠰᠢᠯᠲᠠ᠂ ᠺᠠᠳ᠋ᠷ ᠴᠢᠳᠠᠪᠤᠷᠢᠲᠠᠨ ᠵᠡᠷᠭᠡ ᠲᠠᠯ᠎ᠠ ᠶᠢᠨ ᠠᠭᠤᠰᠤᠯᠴᠠᠨ ᠬᠥᠭᠵᠢᠬᠦ ᠶᠢ ᠪᠦᠬᠦ ᠲᠠᠯ᠎ᠠ ᠪᠠᠷ | ᠠᠬᠢᠭᠤᠯᠵᠤ᠂ ᠲᠣᠨᠤᠭ ᠲᠥᠬᠦᠭᠡᠷᠦᠮᠵᠢ ᠶᠢ ᠬᠠᠮᠲᠤ ᠪᠠᠷ ᠪᠠᠶᠢᠭᠤᠯᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ | ᠭᠦᠨᠵᠡᠭᠡᠢ ᠠᠭᠤᠰᠤᠯᠴᠠᠭᠤᠯᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ ᠰᠢ ᠶᠢᠨ ᠫᠢᠩ᠂ ᠰᠢᠨᠵᠢᠶᠠᠩ ᠤᠨ ᠠᠵᠢᠯ ᠢ ᠰᠠᠶᠢᠲᠤᠷ ᠬᠢᠬᠦ ᠨᠢ ᠶᠡᠭᠡ ᠲᠠᠯ᠎ᠠ ᠳᠤ ᠬᠤᠯᠪᠣᠭᠳᠠᠵᠤ᠂ | ᠪᠦᠬᠦ ᠨᠠᠮ ᠪᠦᠬᠦ ᠤᠯᠤᠰ ᠤᠨ ᠶᠡᠭᠡ ᠶᠠᠪᠤᠳᠠᠯ ᠪᠣᠯᠤᠨ᠎ᠠ᠃ ᠪᠦᠬᠦ ᠨᠠᠮ ᠢᠶᠠᠷ ᠢᠶᠠᠨ ᠴᠥᠮ ᠪᠠᠶᠢᠯᠳᠤᠬᠤ ᠪᠣᠳᠣᠯᠭ᠎ᠠ | ᠪᠠ ᠪᠦᠬᠦ ᠲᠠᠯ᠎ᠠ ᠶᠢᠨ ᠦᠨᠳᠦᠷᠴᠡ ᠠᠴᠠ ᠰᠢᠨᠵᠢᠶᠠᠩ ᠤᠨ ᠠᠵᠢᠯ ᠤᠨ ᠴᠢᠬᠤᠯᠠ ᠴᠢᠨᠠᠷ ᠢ ᠲᠠᠨᠢᠵᠤ᠂ ᠠᠵᠢᠯ | ᠲᠥᠷᠥᠯ ᠢᠶᠠᠷ ᠰᠢᠨᠵᠢᠶᠠᠩ ᠢ ᠲᠤᠰᠠᠯᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠠᠵᠢᠯ ᠲᠥᠷᠥᠯ ᠢᠶᠠᠷ | ᠰᠢᠨᠵᠢᠶᠠᠩ ᠢ ᠲᠤᠰᠠᠯᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠶᠠᠩ ᠤᠨ ᠠᠵᠢᠯ ᠢ ᠬᠠᠮᠲᠤ ᠪᠠᠷ | ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠪᠠᠷ | ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠠᠷᠢᠭᠤ ᠮᠡᠳᠡᠭᠦᠯᠦᠯᠲᠡ ᠶᠢᠨ ᠬᠤᠷᠠᠯ ᠠᠴᠠ | ᠡᠮᠦᠨ᠎ᠡ᠂ ᠰᠢ ᠶᠢᠨ ᠫᠢᠩ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ᠂ ᠡᠯ᠎ᠡ ᠲᠤᠰᠬᠠᠢ ᠣᠷᠣᠨ ᠬᠤᠲᠠ ᠶᠢᠨ ᠬᠠᠷᠢᠭᠤᠴᠠᠯᠭᠠᠲᠠᠨ ᠨᠥᠬᠦᠳ ᠵᠢᠴᠢ ᠠᠬᠠᠮᠠᠳ | ᠨᠥᠬᠦᠳ ᠤᠨ ᠲᠥᠯᠥᠭᠡᠯᠡᠭᠴᠢ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ | ᠤᠳᠤᠷᠢᠳᠬᠤ ᠪᠠᠭ ᠤᠨ ᠪᠦᠷᠢᠯᠳᠦᠬᠦᠨ ᠵᠢᠴᠢ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠡᠯ᠎ᠡ | ᠦᠨᠳᠦᠰᠦᠲᠡᠨ ᠡᠯ᠎ᠡ ᠡᠲᠡᠭᠡᠳ ᠤᠨ ᠲᠥᠯᠥᠭᠡᠯᠡᠭᠴᠢ᠂ ᠰᠢᠨᠵᠢᠶᠠᠩ ᠢ ᠲᠤᠰᠠᠯᠠᠬᠤ ᠺᠠᠳ᠋ᠷ ᠤᠨ ᠲᠥᠯᠥᠭᠡᠯᠡᠭᠴᠢ᠂ | ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠲᠥᠯᠥᠭᠡᠯᠡᠭᠴᠢ᠂ ᠱᠠᠰᠢᠨ ᠰᠤᠷᠲᠠᠬᠤᠨ ᠤ | ᠡᠲᠡᠭᠡᠳ ᠤᠨ ᠤᠯᠤᠰ ᠢᠶᠠᠨ ᠬᠠᠶᠢᠷᠠᠯᠠᠭᠴᠢ ᠬᠥᠮᠦᠰ ᠤᠨ ᠲᠥᠯᠥᠭᠡᠯᠡᠭᠴᠢ ᠲᠠᠢ ᠲᠤᠰ ᠲᠤᠰ ᠠᠭᠤᠯᠵᠠᠪᠠ᠃ | ᠰᠢ ᠶᠢᠨ ᠫᠢᠩ ᠨᠠᠮ ᠤᠨ ᠲᠥᠪ ᠬᠤᠷᠢᠶᠠᠨ ᠤ ᠡᠮᠦᠨ᠎ᠡ ᠠᠴᠠ ᠲᠩᠷᠢ ᠠᠭᠤᠯᠠ ᠶᠢᠨ ᠠᠷᠤ ᠥᠪᠥᠷ ᠲᠤ | ᠠᠵᠢᠯᠯᠠᠵᠤ ᠲᠡᠮᠡᠴᠡᠵᠦ ᠪᠠᠶᠢᠭ᠎ᠠ ᠥᠷᠭᠡᠨ ᠣᠯᠠᠨ ᠨᠥᠬᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ | 7 ᠰᠠᠷ᠎ᠠ ᠶᠢᠨ 15 ᠤ ᠦᠳᠡ ᠶᠢᠨ ᠡᠮᠦᠨ᠎ᠡ᠂ ᠰᠢ ᠶᠢᠨ ᠫᠢᠩ ᠦᠷᠦᠮᠴᠢ ᠬᠤᠲᠠᠨ᠎ᠠ ᠰᠢᠨᠵᠢᠶᠠᠩ ᠳᠤ ᠰᠠᠭᠤᠭ᠎ᠠ | ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢᠳ ᠢ ᠳᠣᠲᠣᠨᠣ ᠪᠠᠷ ᠬᠦᠯᠢᠶᠡᠨ ᠠᠪᠴᠤ | ᠠᠭᠤᠯᠵᠠᠪᠠ᠃ | ᠰᠢ ᠶᠢᠨ ᠫᠢᠩ ᠰᠢᠨᠵᠢᠶᠠᠩ ᠳᠤ ᠰᠠᠭᠤᠭ᠎ᠠ ᠴᠡᠷᠢᠭ ᠠᠩᠭᠢ ᠶᠢᠨ ᠪᠦᠬᠦ ᠨᠥᠬᠦᠳ ᠲᠤ ᠴᠢᠩ ᠰᠡᠳᠬᠢᠯ ᠤᠨ | ᠮᠡᠨᠳᠦᠴᠢᠯᠡᠯ ᠳᠡᠪᠰᠢᠭᠦᠯᠵᠦ᠂ ᠰᠢᠨᠵᠢᠶᠠᠩ ᠳᠤ ᠰᠠᠭᠤᠭ᠎ᠠ ᠴᠡᠷᠢᠭ ᠠᠩᠭᠢ ᠶᠢᠨ ᠬᠢᠯᠢ ᠬᠢᠵᠠᠭᠠᠷ ᠢ ᠬᠦᠴᠦᠷᠬᠡᠭᠵᠢᠭᠦᠯᠵᠦ | ᠰᠡᠷᠭᠡᠶᠢᠯᠡᠯᠲᠡ ᠶᠢ ᠪᠠᠬᠢᠵᠢᠭᠦᠯᠬᠦ᠂ ᠰᠢᠨᠵᠢᠶᠠᠩ ᠢ ᠲᠣᠭᠲᠠᠪᠤᠷᠢᠵᠢᠭᠤᠯᠵᠤ ᠰᠢᠨᠵᠢᠶᠠᠩ ᠢ ᠮᠠᠨᠳᠤᠭᠤᠯᠬᠤ ᠳᠤ | ᠦᠵᠡᠭᠦᠯᠦᠭᠰᠡᠨ ᠲᠣᠪᠤᠶᠢᠮ᠎ᠠ ᠬᠤᠪᠢ ᠨᠡᠮᠡᠷᠢ ᠶᠢ ᠭᠦᠢᠴᠡᠳ ᠨᠤᠲᠠᠯᠠᠪᠠ᠃ ᠲᠡᠷᠡ᠂ ᠰᠢᠨ᠎ᠡ ᠴᠠᠭ ᠦᠶ᠎ᠡ ᠶᠢᠨ | ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ | ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠰᠢᠨᠵᠢᠶᠠᠩ ᠤᠨ | ᠨᠡᠶᠢᠭᠡᠮ ᠤᠨ ᠲᠣᠭᠲᠠᠭᠤᠨ ᠪᠠ ᠥᠨᠢ ᠤᠳᠠᠭᠠᠨ ᠠᠮᠤᠷ ᠲᠣᠭᠲᠠᠭᠤᠨ ᠪᠠᠶᠢᠬᠤ ᠶᠢ ᠠᠬᠢᠭᠤᠯᠬᠤ ᠳᠤ ᠢᠳᠡᠪᠬᠢ | ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ 15 ᠤ ᠦᠳᠡ ᠶᠢᠨ ᠬᠤᠶᠢᠨ᠎ᠠ᠂ ᠰᠢ ᠶᠢᠨ ᠫᠢᠩ | ᠰᠢᠨᠵᠢᠶᠠᠩ ᠠᠴᠠ ᠠᠶᠠᠷᠯᠠᠨ ᠰᠠᠯᠵᠤ ᠪᠡᠭᠡᠵᠢᠩ ᠳᠤ ᠪᠤᠴᠠᠬᠤ ᠦᠶ᠎ᠡ ᠳᠤ᠂ ᠦᠨᠳᠦᠰᠦᠲᠡᠨ ᠨᠦᠭᠦᠳ ᠤᠨ ᠣᠯᠠᠨ | ᠲᠦᠮᠡᠨ ᠵᠠᠮ ᠤᠨ ᠬᠠᠵᠠᠭᠤ ᠳᠤ ᠵᠣᠭᠰᠣᠨ ᠶᠡᠷᠦᠩᠬᠡᠢ ᠱᠦᠵᠢ ᠶᠢ ᠬᠠᠯᠠᠭᠤᠨ ᠢᠶᠠᠷ ᠦᠳᠡᠨ ᠮᠣᠷᠳᠠᠭᠤᠯᠵᠤ᠂ | ᠪᠠᠶᠠᠷᠯᠠᠯᠳᠤᠨ ᠬᠠᠰᠬᠢᠷᠤᠯᠳᠤᠬᠤ ᠳᠠᠭᠤᠨ ᠪᠠ ᠠᠯᠠᠭ᠎ᠠ ᠲᠠᠰᠢᠬᠤ ᠳᠠᠭᠤᠨ ᠤᠳᠠᠲᠠᠯ᠎ᠠ ᠦᠷᠭᠦᠯᠵᠢᠯᠡᠪᠡ᠃ | ᠳ᠋ᠢᠩ ᠰᠢᠦᠸᠡᠢ ᠰᠢᠶᠠᠩ᠂ ᠯᠢᠦ ᠾᠧ᠂ ᠵᠠᠩ ᠶᠢᠤ ᠰᠢᠶᠠ᠂ ᠴᠧᠨ ᠰᠢ᠂ ᠾᠧ ᠯᠢ ᠹᠧᠩ ᠵᠢᠴᠢ ᠲᠥᠪ ᠤᠨ | ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ | ᠪᠣᠯᠵᠤ ᠰᠢᠨᠵᠢᠯᠡᠨ ᠪᠠᠶᠢᠴᠠᠭᠠᠪᠠ᠃ ︵ᠰᠢᠨᠬᠤᠸᠠ ᠬᠤᠷᠢᠶᠠᠨ ᠤ ᠦᠷᠦᠮᠴᠢ ᠶᠢᠨ 7 ᠰᠠᠷ᠎ᠠ ᠶᠢᠨ 15 ᠤ ᠴᠠᠬᠢᠯᠭᠠᠨ | ᠮᠡᠳᠡᠭᠡ︶ |