1.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠤᠯᠠᠭᠠᠨᠰᠤᠬᠠᠢ ᠨᠠᠭᠤᠷ ᠤᠨ ᠤᠰᠤᠨ ᠤ | ᠤᠷᠭᠤᠮᠠᠯ ᠤᠨ ᠡᠬᠢ ᠪᠠᠶᠠᠯᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠢᠭᠯᠠᠯᠲᠠ ᠶᠢᠨ ᠲᠥᠷᠥᠯ ᠵᠦᠢᠯ ᠢ | ᠣᠳᠣ ᠶᠠᠭ ᠱᠠᠯᠠᠪᠳᠠᠨ ᠪᠠᠶᠢᠭᠤᠯᠵᠤ ᠪᠠᠶᠢᠨ᠎ᠠ᠂ ᠵᠢᠱᠢᠯᠲᠡ ᠪᠠᠷ ᠡᠨᠡ ᠵᠢᠯ ᠤᠨ 12 ᠰᠠᠷ᠎ᠠ ᠶᠢᠨ ᠰᠡᠭᠦᠯᠴᠢ ᠪᠠᠷ | ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠣᠯᠤᠨ᠎ᠠ᠃ ᠲᠥᠷᠥᠯ ᠵᠦᠢᠯ ᠢ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠳᠤ ᠤᠯᠠᠭᠠᠨᠰᠤᠬᠠᠢ ᠶᠢᠨ ᠬᠤᠯᠤᠰᠤ ᠶᠢ 15 | ᠲᠦᠮᠡᠨ ᠲᠣᠨ ᠬᠤᠷᠣᠭᠳᠠᠭᠤᠯᠵᠤ᠂ ᠬᠤᠯᠤᠰᠤᠨ ᠤ ᠵᠣᠷᠭᠤᠳᠠᠰᠤᠨ ᠬᠠᠪᠲᠠᠰᠤ ᠶᠢ 15 ᠲᠦᠮᠡᠨ ᠪᠣᠰᠤᠭ᠎ᠠ | ᠳᠥᠷᠪᠡᠯᠵᠢᠨ ᠮᠧᠲᠷ ᠦᠢᠯᠡᠳᠪᠦᠷᠢᠯᠡᠵᠦ᠂ ᠪᠣᠷᠣᠯᠠᠭᠤᠯᠤᠯᠲᠠ ᠶᠢᠨ ᠬᠡᠮᠵᠢᠶ᠎ᠡ ᠨᠢ 3.3 ᠳ᠋ᠦᠩᠰᠢᠭᠤᠷ ᠲᠥᠭᠦᠷᠢᠭ ᠲᠤ | ᠬᠦᠷᠪᠡ᠃ ᠲᠤᠰ ᠲᠥᠷᠥᠯ ᠵᠦᠢᠯ ᠨᠢ ᠤᠷᠠᠳ ᠤᠨ ᠡᠮᠦᠨᠡᠲᠦ ᠬᠤᠰᠢᠭᠤᠨ ᠤ ᠬᠤᠲᠠ ᠶᠢᠨ ᠬᠤᠶᠢᠲᠤ ᠬᠡᠰᠡᠭ ᠤᠨ | ᠳᠤᠮᠳᠠ ᠪᠠᠭ᠎ᠠ ᠠᠵᠤ ᠠᠬᠤᠶᠢᠯᠠᠯ ᠤᠨ ᠦᠢᠯᠡᠰ ᠪᠣᠰᠬᠠᠬᠤ ᠬᠦᠷᠢᠶᠡᠯᠡᠩ ᠲᠣᠭᠤᠷᠢᠭ ᠲᠤ ᠪᠠᠶᠢᠷᠢᠯᠠᠵᠤ᠂ 10 ᠲᠦᠮᠡᠨ | ᠲᠡᠭᠰᠢ ᠳᠥᠷᠪᠡᠯᠵᠢᠨ ᠮᠧᠲᠷ ᠭᠠᠵᠠᠷ ᠬᠡᠷᠡᠭᠯᠡᠨ᠎ᠡ᠃ | ᠲᠤᠰ ᠲᠥᠷᠥᠯ ᠵᠦᠢᠯ ᠨᠢ ᠤᠯᠠᠭᠠᠨᠰᠤᠬᠠᠢ ᠨᠠᠭᠤᠷ ᠤᠨ ᠣᠷᠣᠨ ᠤ ᠡᠯᠪᠡᠭ ᠪᠠᠶᠠᠯᠢᠭ ᠬᠤᠯᠤᠰᠤ ᠪᠠᠷ ᠲᠦᠭᠦᠬᠡᠢ | ᠮᠠᠲ᠋ᠧᠷᠢᠶᠠᠯ ᠪᠣᠯᠭᠠᠵᠤ᠂ ᠭᠡᠷ ᠤᠨ ᠡᠳ᠋ᠯᠡᠯ ᠦᠢᠯᠡᠳᠬᠦ ᠳᠤ ᠬᠡᠷᠡᠭᠰᠡᠬᠦ ᠴᠢᠬᠤᠯᠠ ᠰᠠᠭᠤᠷᠢ ᠮᠠᠲ᠋ᠧᠷᠢᠶᠠᠯ ᠪᠣᠯᠬᠤ ᠣᠷᠴᠢᠨ | ᠠᠬᠤᠢ ᠶᠢᠨ ᠬᠠᠮᠠᠭᠠᠯᠠᠯᠲᠠ ᠶᠢᠨ ᠠᠯᠳᠧᠭᠢᠳ᠋ ᠦᠭᠡᠢ ᠬᠤᠯᠤᠰᠤᠨ ᠤ ᠵᠣᠷᠭᠤᠳᠠᠰᠤᠨ ᠬᠠᠪᠲᠠᠰᠤ ᠶᠢ ᠦᠢᠯᠡᠳᠪᠦᠷᠢᠯᠡᠨ | ᠭᠠᠷᠭᠠᠪᠠ᠃ ᠥᠪᠥᠷ ᠮᠣᠩᠭᠤᠯ ᠤᠨ ᠵᠢᠢ ᠵᠢᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠮᠠᠲ᠋ᠧᠷᠢᠶᠠᠯ ᠤᠨ | ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ᠂ | ᠲᠥᠷᠥᠯ ᠵᠦᠢᠯ ᠤᠨ ᠶᠡᠷᠦᠩᠬᠡᠶᠢᠯᠡᠭᠰᠡᠨ ᠠᠯᠪᠠᠨ ᠠᠰᠠᠷ ᠤᠨ ᠭᠤᠣᠯ ᠴᠣᠭᠴᠠ ᠶᠢᠨ ᠣᠷᠣᠢ ᠶᠢ ᠨᠢᠭᠡᠨᠲᠡ | ᠪᠢᠲᠡᠭᠦᠮᠵᠢᠯᠡᠵᠦ᠂ ᠶᠠᠭ ᠪᠠᠷᠢᠯᠭ᠎ᠠ ᠶᠢᠨ ᠲᠠᠯ᠎ᠠ ᠪᠠᠷ ᠪᠠᠷᠢᠯᠭ᠎ᠠ ᠪᠠᠷᠢᠵᠤ ᠪᠠᠶᠢᠨ᠎ᠠ᠂ ᠵᠢᠱᠢᠯᠲᠡ ᠪᠠᠷ 9 ᠰᠠᠷ᠎ᠠ ᠶᠢᠨ | ᠰᠡᠭᠦᠯᠴᠢ ᠪᠠᠷ ᠲᠤᠰᠢᠶᠠᠨ ᠥᠭᠴᠦ ᠬᠡᠷᠡᠭᠯᠡᠭᠦᠯᠵᠦ ᠪᠣᠯᠤᠨ᠎ᠠ᠃ ᠬᠤᠯᠤᠰᠤᠨ ᠤ ᠵᠣᠷᠭᠤᠳᠠᠰᠤᠨ ᠬᠠᠪᠲᠠᠰᠤ ᠶᠢᠨ | ᠦᠢᠯᠡᠳᠪᠦᠷᠢᠯᠡᠯ ᠤᠨ ᠲᠠᠰᠤᠭ ᠲᠤ ᠪᠣᠯᠣᠳ ᠪᠦᠲᠦᠴᠡ ᠶᠢᠨ ᠠᠵᠢᠯ ᠬᠢᠵᠦ ᠪᠤᠢ᠂ ᠵᠢᠱᠢᠯᠲᠡ ᠪᠠᠷ 8 ᠰᠠᠷ᠎ᠠ ᠶᠢᠨ | ᠰᠡᠭᠦᠯᠴᠢ ᠪᠠᠷ ᠦᠢᠯᠡᠳᠪᠦᠷᠢᠯᠡᠯ ᠳᠤ ᠲᠤᠰᠢᠶᠠᠵᠤ ᠬᠡᠷᠡᠭᠯᠡᠭᠦᠯᠦᠨ᠎ᠡ᠃ ᠪᠦᠬᠦ᠋ᠢᠯᠡ ᠲᠥᠷᠥᠯ ᠵᠦᠢᠯ ᠤᠨ ᠪᠠᠷᠢᠯᠭ᠎ᠠ | ᠳᠠᠭᠤᠰᠬᠤ ᠴᠠᠭ ᠨᠢ ᠵᠢᠱᠢᠯᠲᠡ ᠪᠠᠷ 10 ᠳ᠋ᠤᠭᠠᠷ ᠰᠠᠷ᠎ᠠ ᠶᠢᠨ ᠰᠡᠭᠦᠯᠴᠢ ᠪᠠᠷ ᠪᠣᠯᠤᠨ᠎ᠠ᠃ | ᠣᠶᠢᠷ᠎ᠠ ᠶᠢᠨ ᠵᠢᠯ ᠠᠴᠠ᠂ ᠤᠯᠠᠭᠠᠨᠰᠤᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠪᠤᠴᠠ ᠳᠤ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠪᠣᠬᠢᠷᠲᠤᠯ ᠦᠭᠡᠢ ᠣᠷᠴᠢᠨ | ᠲᠣᠭᠤᠷᠢᠨ ᠢ ᠬᠠᠮᠠᠭᠠᠯᠠᠬᠤ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠠᠢ᠃ ᠥᠪᠥᠷ | ᠮᠣᠩᠭᠤᠯ ᠤᠨ ᠵᠢᠢ ᠵᠢᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ | ᠵᠢᠯ ᠳᠤ 15 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠬᠤᠯᠤᠰᠤᠨ ᠬᠠᠷᠤᠭᠤᠯ ᠤᠨ ᠬᠠᠪᠲᠠᠰᠤ ᠦᠢᠯᠡᠳᠪᠦᠷᠢᠯᠡᠬᠦ | ᠲᠥᠷᠥᠯ ᠵᠦᠢᠯ ᠢ ᠬᠡᠷᠡᠭᠵᠢᠭᠦᠯᠵᠦ᠂ ᠤᠯᠠᠭᠠᠨᠰᠤᠬᠠᠢ ᠶᠢᠨ ᠬᠤᠯᠤᠰᠤ ᠶᠢ ᠬᠤᠣᠷ ᠦᠭᠡᠶᠢᠵᠢᠬᠦᠯᠦᠨ ᠰᠢᠢᠳᠪᠦᠷᠢᠯᠡᠵᠦ᠂ | ᠡᠬᠢ ᠪᠠᠶᠠᠯᠢᠭᠵᠢᠭᠤᠯᠤᠨ ᠠᠰᠢᠭᠯᠠᠬᠤ ᠶᠢ ᠪᠡᠶᠡᠯᠡᠭᠦᠯᠬᠦ ᠶᠢᠨ ᠬᠠᠮᠲᠤ ᠪᠠᠰᠠ ᠮᠣᠳᠣ ᠶᠢ ᠠᠷᠪᠢᠯᠠᠵᠤ᠂ ᠣᠢ ᠰᠢᠭᠤᠢ ᠶᠢᠨ | ᠦᠢᠯᠡᠰ ᠤᠨ ᠬᠥᠭᠵᠢᠯᠲᠡ ᠶᠢ ᠬᠠᠮᠠᠭᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ | ᠴᠢᠬᠤᠯᠠ ᠬᠠᠮᠠᠭᠠᠯᠠᠬᠤ ᠦᠢᠯᠡᠳᠦᠯ ᠦᠵᠡᠭᠦᠯᠵᠦ᠂ ᠲᠤᠬᠠᠢ ᠶᠢᠨ ᠭᠠᠵᠠᠷ ᠤᠨ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠶᠢ ᠴᠢᠨᠠᠭᠰᠢᠳᠠ ᠠᠬᠢᠭᠤᠯᠵᠤ᠂ ᠠᠵᠤ ᠠᠬᠤᠢ ᠶᠢᠨ ᠦᠷ᠎ᠡ ᠠᠰᠢᠭ ᠪᠣᠯᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠦᠷ᠎ᠡ ᠠᠰᠢᠭ ᠤᠨ ᠬᠤᠣᠰ ᠡᠯᠪᠡᠭ ᠬᠤᠷᠢᠶᠠᠯᠲᠠ ᠶᠢ ᠪᠡᠶᠡᠯᠡᠭᠦᠯᠬᠦ ᠪᠣᠯᠤᠨ᠎ᠠ᠃ | ︽ᠮᠠᠨ ᠤ ᠪᠦᠲᠦᠭᠡᠨ ᠪᠠᠶᠢᠭᠤᠯᠤᠯᠲᠠ ᠶᠢᠨ ᠵᠦᠢᠯ ᠳᠤ ᠵᠢᠯ ᠳᠤ 15 ᠲᠦᠮᠡᠨ ᠪᠣᠰᠤᠭ᠎ᠠ ᠳᠥᠷᠪᠡᠯᠵᠢᠨ | ᠮᠧᠲᠷ ᠤᠨ ᠬᠤᠯᠤᠰᠤᠨ ᠵᠣᠷᠭᠤᠳᠠᠰᠤᠨ ᠬᠠᠪᠲᠠᠰᠤ ᠦᠢᠯᠡᠳᠪᠦᠷᠢᠯᠡᠵᠦ ᠪᠠᠶᠢᠭ᠎ᠠ ᠨᠢ ᠵᠢᠯ ᠪᠦᠷᠢ 15 ᠲᠦᠮᠡᠨ | ᠪᠣᠰᠤᠭ᠎ᠠ ᠳᠥᠷᠪᠡᠯᠵᠢᠨ ᠮᠧᠲᠷ ᠤᠨ ᠮᠣᠳᠣᠨ ᠮᠠᠲ᠋ᠧᠷᠢᠶᠠᠯ ᠢ ᠳᠤᠲᠠᠭᠤ ᠣᠭᠲᠣᠯᠤᠭᠰᠠᠨ ᠲᠠᠢ ᠲᠡᠩᠴᠡᠨ᠎ᠡ᠂ | ᠦᠢᠯᠡᠳᠪᠦᠷᠢᠯᠡᠵᠦ ᠭᠠᠷᠭᠠᠭᠰᠠᠨ ᠬᠠᠪᠲᠠᠰᠤ ᠪᠣᠯᠤᠨ ᠮᠣᠳᠣᠨ ᠮᠠᠲ᠋ᠧᠷᠢᠶᠠᠯ ᠤᠨ ᠬᠠᠪᠲᠠᠰᠤ ᠶᠢᠨ ᠶᠠᠰᠤ ᠴᠢᠨᠠᠷ ᠨᠢ | ᠳᠡᠭᠡᠷ᠎ᠡ ᠳᠣᠣᠷ᠎ᠠ ᠦᠭᠡᠢ᠂ ᠵᠠᠷᠢᠮ ᠲᠠᠯ᠎ᠠ ᠪᠠᠷ ᠪᠠᠰᠠ ᠮᠣᠳᠣᠨ ᠮᠠᠲ᠋ᠧᠷᠢᠶᠠᠯ ᠤᠨ ᠬᠠᠪᠲᠠᠰᠤ ᠠᠴᠠ ᠳᠠᠪᠠᠭᠤᠯᠢᠭ | ᠪᠠᠶᠢᠳᠠᠭ᠂ ᠡᠭᠦᠨ ᠤ ᠵᠡᠷᠭᠡ ᠳᠤ ᠮᠠᠨ ᠤ ᠪᠦᠲᠦᠭᠡᠨ ᠪᠠᠶᠢᠭᠤᠯᠤᠯᠲᠠ ᠶᠢᠨ ᠵᠦᠢᠯ ᠳᠤ ᠪᠠᠷᠤᠭ 150 ᠭᠠᠷᠤᠢ | ᠠᠵᠢᠯᠲᠠᠨ ᠬᠡᠷᠡᠭᠯᠡᠵᠦ᠂ ᠲᠤᠬᠠᠢ ᠶᠢᠨ ᠭᠠᠵᠠᠷ ᠤᠨ ᠣᠯᠠᠨ ᠲᠦᠮᠡᠨ ᠳᠤ ᠴᠥᠭᠡᠨ ᠪᠤᠰᠤ ᠠᠵᠢᠯ ᠤᠨ ᠪᠠᠶᠢᠷᠢ | ᠬᠠᠩᠭᠠᠵᠤ ᠴᠢᠳᠠᠬᠤ ᠶᠤᠮ︾ ᠭᠡᠵᠦ ᠥᠪᠥᠷ ᠮᠣᠩᠭᠤᠯ ᠤᠨ ᠵᠢᠢ ᠺᠧ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ | ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠬᠠᠷᠢᠭᠤᠴᠠᠯᠭᠠᠲᠠᠨ ᠬᠡᠯᠡᠪᠡ᠃ | |