ᠪᠥᠬᠦ ᠣᠷᠣᠨ ᠤ ᠠᠩᠬᠠᠳᠠᠭᠴᠢ ᠣᠶᠤᠨᠴᠢ ᠣᠶ ᠰᠢᠭᠤᠢ ᠶᠢᠨ ᠳᠠᠷᠤᠭ᠎ᠠ ᠶᠢᠨ ᠲᠦᠷᠢᠮ ︵ᠠᠶᠢᠮᠠᠭ ᠬᠤᠲᠠ ᠶᠢᠨ ᠲᠠᠰ︶᠎ ᠤᠨ ᠲᠠᠪᠴᠠᠩ ᠢ ᠠᠵᠢᠯᠯᠠᠭᠤᠯᠪᠠ
ᠨᠡᠶᠢᠲᠡᠯᠡᠭᠰᠡᠨ ᠴᠠᠭ᠄
2022/7/29
     7 ᠰᠠᠷ᠎ᠠ ᠶᠢᠨ 22᠎ ᠤᠨ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠭᠠᠷ ᠤᠲᠠᠰᠤᠨ ᠤ APP ᠵᠢᠴᠢ ᠬᠠᠮᠢᠶᠠᠷᠤᠯᠲᠠ ᠶᠢᠨ  ᠦᠢᠯᠡᠴᠢᠯᠡᠭᠡᠨ ᠤ ᠲᠠᠪᠴᠠᠩ ᠵᠢᠩᠬᠢᠨᠢ ᠪᠠᠷ ᠠᠵᠢᠯᠯᠠᠵᠦ᠂ ᠪᠣᠯᠪᠠᠰᠤᠷᠠᠯ ᠢᠶᠠᠨ ᠡᠬᠢᠯᠡᠭᠦᠯᠪᠡ᠃
     ᠲᠠᠪᠴᠠᠩ ᠢ ᠬᠥᠬᠡᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠡᠷᠬᠢᠯᠡᠨ ᠪᠠᠶᠢᠭᠤᠯᠵᠤ᠂ ᠰᠢᠶᠤᠤ ᠼᠤᠤ ᠲᠣᠭᠠᠴᠢᠯᠠᠭᠰᠠᠨ ᠺᠣᠮᠫᠠᠨᠢ ᠳᠠᠭᠠᠭᠠᠴᠢᠯᠠᠨ ᠪᠠᠶᠢᠭᠤᠯᠵᠤ᠂ 7 ᠰᠠᠷ᠎ᠠ ᠶᠢᠨ 1᠎ ᠤ ᠡᠳᠦᠷ ︽ᠣᠶᠤᠨᠴᠢ ᠣᠶ ᠰᠢᠭᠤᠢ ᠶᠢᠨ ᠳᠠᠷᠤᠭ᠎ᠠ ᠶᠢᠨ ᠲᠦᠷᠢᠮ  ᠤᠨ App︾᠎ ᠢ ᠨᠢᠭᠡᠨᠲᠡ ᠪᠥᠬᠦ ᠬᠤᠲᠠ ᠶᠢᠨ ︽ᠬᠥᠬᠡᠬᠤᠲᠠ ᠶᠢᠨ ᠵᠠᠰᠠᠭ ᠤᠨ ᠶᠠᠪᠤᠳᠠᠯ︾ ᠰᠢᠰᠲ᠋ᠧᠮ ᠳᠤ ᠣᠷᠣᠭᠤᠯᠵᠤ᠂ 20 ᠭᠠᠷᠤᠶ ᠡᠳᠦᠷ ᠬᠠᠮᠵᠢᠯᠴᠠᠨ ᠠᠵᠢᠯᠯᠠᠭᠤᠯᠬᠤ ᠪᠠᠷ ᠳᠡᠮᠵᠢᠨ᠂ ᠨᠢᠭᠡᠨᠲᠡ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠡᠭᠡᠷ᠎ᠡ ᠠᠵᠢᠯᠯᠠᠭᠤᠯᠤᠭᠰᠠᠨ ᠠᠩᠬᠠᠳᠠᠭᠴᠢ ᠠᠶᠢᠮᠠᠭ ᠬᠤᠲᠠ ᠶᠢᠨ ᠱᠠᠲᠤᠨ ᠤ ᠣᠶᠤᠨᠴᠢ ᠣᠶ  ᠰᠢᠭᠤᠢ ᠶᠢᠨ ᠳᠠᠷᠤᠭ᠎ᠠ ᠶᠢᠨ ᠲᠦᠷᠢᠮ ᠤᠨ ᠬᠠᠮᠢᠶᠠᠷᠤᠯᠲᠠ ᠶᠢᠨ ᠲᠠᠪᠴᠠᠩ ᠪᠣᠯᠤᠭᠰᠠᠨ ᠪᠥᠭᠡᠳ ᠪᠠᠰᠠ ᠪᠥᠬᠦ ᠤᠯᠤᠰ ᠤᠨ ᠠᠩᠬᠠᠳᠠᠭᠴᠢ ᠣᠶ ᠰᠢᠭᠤᠶ ᠨᠤᠲᠤᠭ ᠪᠡᠯᠴᠢᠭᠡᠷ ᠤᠨ ᠬᠠᠮᠢᠶᠠᠷᠤᠯᠳᠠ ᠶᠢ ᠪᠡᠶᠡᠯᠡᠭᠦᠯᠦᠭᠰᠡᠨ ᠭᠠᠷ ᠤᠲᠠᠰᠤᠨ ᠤ APP ᠪᠣᠯᠤᠨ᠎ᠠ᠃ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠬᠤᠤ ᠯᠢ ᠵᠥᠩ ᠲᠠᠨᠢᠯᠴᠠᠭᠤᠯᠬᠤ ᠳᠠᠭᠠᠨ᠂ ᠣᠶᠤᠨᠴᠢ ᠣᠶ ᠰᠢᠭᠤᠢ ᠶᠢᠨ ᠳᠠᠷᠤᠭ᠎ᠠ ᠶᠢᠨ ᠲᠦᠷᠢᠮ App᠎ ᠨᠢ ︽ᠠᠭᠤᠯᠠ ᠶᠢ ᠬᠠᠮᠢᠶᠠᠷᠬᠤ ᠬᠥᠮᠦᠨ ᠲᠠᠢ᠂ ᠣᠶ ᠶᠢ ᠬᠠᠮᠠᠭᠠᠯᠠᠬᠤ ᠬᠥᠮᠦᠨ ᠲᠠᠢ᠂ ᠬᠠᠷᠢᠭᠤᠴᠠᠯᠭ᠎ᠠ ᠶᠢ ᠡᠭᠦᠷᠭᠡᠯᠡᠬᠦ ᠬᠥᠮᠦᠨ ᠲᠠᠢ︾ ᠪᠠᠶᠢᠬᠤ ᠶᠢ ᠪᠡᠶᠡᠯᠡᠭᠦᠯᠵᠦ᠂ ᠲᠣᠭᠠᠴᠢᠯᠠᠭᠰᠠᠨ ᠬᠠᠮᠢᠶᠠᠷᠤᠯᠲᠠ ᠶᠢᠨ ᠠᠷᠭ᠎ᠠ ᠪᠠᠷᠢᠯ ᠢ ᠬᠡᠷᠡᠭᠯᠡᠨ᠂ ᠣᠶ ᠰᠢᠭᠤᠢ ᠶᠢᠨ ᠳᠠᠷᠤᠭ᠎ᠠ ᠶᠢᠨ ᠲᠦᠷᠢᠮ ᠤᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠᠷ ︽ᠣᠶ ᠰᠢᠭᠤᠢ ᠶᠢᠨ ᠳᠠᠷᠤᠭ᠎ᠠ ᠶᠢᠨ ᠲᠦᠷᠢᠮ︾᠎ ᠠᠴᠠ ︽ᠣᠶ ᠰᠢᠭᠤᠢ ᠶᠢᠨ ᠳᠠᠷᠤᠭ᠎ᠠ ᠶᠢᠨ ᠵᠠᠰᠠᠯᠲᠠ︾᠎ ᠶᠢᠨ ᠬᠠᠷᠠᠯᠲᠠ ᠶᠢ ᠪᠡᠶᠡᠯᠡᠭᠦᠯᠪᠡ᠃
      ᠬᠥᠬᠡᠬᠤᠲᠠ ᠶᠢᠨ ᠣᠶᠤᠨᠴᠢ ᠣᠶ ᠰᠢᠭᠤᠢ ᠶᠢᠨ ᠳᠠᠷᠤᠭ᠎ᠠ ᠶᠢᠨ ᠲᠦᠷᠢᠮ ᠤᠨ ᠭᠠᠷ ᠤᠲᠠᠰᠤᠨ ᠤ APP ᠵᠢᠴᠢ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠨᠢ ᠡᠯ᠎ᠡ ᠱᠠᠲᠤᠨ ᠤ ᠣᠶ ᠰᠢᠭᠤᠢ  ᠶᠢᠨ ᠳᠠᠷᠤᠭ᠎ᠠ ᠶᠢᠨ ᠠᠵᠢᠯ ᠢ ᠰᠦᠯᠵᠢᠶᠡᠨ ᠳᠡᠭᠡᠷ᠎ᠡ ᠨᠢᠭᠡᠳᠦᠯᠲᠡᠶ ᠲᠥᠯᠥᠪᠯᠡᠨ ᠬᠢᠨᠠᠨ ᠬᠠᠮᠢᠶᠠᠷᠬᠤ ᠶᠢ  ᠪᠡᠶᠡᠯᠡᠭᠦᠯᠵᠦ᠂ ᠣᠲᠣ ᠶᠢᠨ ᠪᠠᠶᠢᠭ᠎ᠠ ︽ᠬᠥᠬᠡᠬᠤᠲᠠ ᠶᠢᠨ ᠣᠶᠤᠨᠴᠢ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠲᠣᠮᠣ ᠳ᠋ᠠᠶᠢᠲ᠋ᠠ ᠶᠢᠨ ᠲᠠᠪᠴᠠᠩ︾᠂ ᠬᠥᠬᠡᠬᠤᠲᠠ ᠶᠢᠨ ︽ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ︾ ᠭᠡᠬᠦ ᠬᠤᠶᠠᠷ ᠰᠢᠰᠲ᠋ᠧᠮ ᠤᠨ ᠲᠠᠪᠴᠠᠩ ᠤᠨ ᠲᠤᠭ᠎ᠠ ᠪᠠᠷᠢᠮᠲᠠ ᠳᠤ ᠲᠦᠰᠢᠭᠯᠡᠬᠦ ᠶᠢᠨ ᠬᠠᠮᠲᠤ ︽ᠬᠦᠬᠡᠬᠤᠳᠠ ᠶᠢᠨ ᠵᠠᠰᠠᠭ ᠤᠨ ᠶᠠᠪᠤᠳᠠᠯ︾ ᠰᠢᠰᠲ᠋ᠧᠮ ᠳᠤ ᠨᠡᠪᠲᠡᠷᠡᠭᠦᠯᠵᠦ᠂ ᠥᠪᠡᠷ ᠤᠨ ᠥᠷᠲᠡᠭ ᠢ ᠪᠦᠲᠦᠮᠵᠢᠲᠡᠶ ᠠᠷᠪᠢᠯᠠᠬᠤ ᠪᠠ ᠪᠥᠲᠥᠭᠡᠨ ᠪᠠᠶᠢᠭᠤᠯᠬᠤ ᠦᠶᠡᠯᠡᠯ ᠤᠨ ᠬᠤᠭᠤᠴᠠᠭ᠎ᠠ ᠶᠢ ᠪᠦᠲᠦᠮᠵᠢᠲᠡᠶ ᠪᠣᠯᠭᠠᠵᠤ ᠴᠢᠳᠠᠨ᠎ᠠ᠃
       ᠥᠪᠥᠷ ᠮᠣᠩᠭᠤᠯ ᠤᠨ ᠰᠢᠶᠤᠤ ᠼᠤᠤ ᠲᠣᠭᠠᠴᠢᠯᠠᠭᠰᠠᠨ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠬᠤᠤ ᠶᠤᠸᠠᠨ ᠶᠤᠸᠠᠨ ᠤ ᠲᠠᠨᠢᠯᠴᠠᠭᠤᠯᠤᠭᠰᠠᠨ ᠢᠶᠠᠷ᠂ ᠣᠶᠤᠨᠴᠢ ᠤᠢ ᠰᠢᠭᠤᠢ ᠶᠢᠨ ᠳᠠᠷᠤᠭ᠎ᠠ ᠶᠢᠨ ᠲᠦᠷᠢᠮ ᠨᠢ APP ᠲᠣᠭᠠᠴᠢᠯᠠᠭᠰᠠᠨ ᠮᠡᠷᠭᠡᠵᠢᠯ ᠪᠣᠯᠤᠨ ᠪᠠᠭᠠᠵᠢ ᠶᠢ ᠭᠦᠢᠴᠡᠳ ᠬᠡᠷᠡᠭᠯᠡᠵᠦ᠂ ᠬᠤᠷᠸ᠎ᠠ ᠲᠠᠯ᠎ᠠ ᠠᠴᠠ ᠤᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ ᠶᠢᠨ ᠬᠠᠷᠢᠭᠤᠴᠠᠯᠭ᠎ᠠ ᠶᠢᠨ ᠣᠷᠣᠨ ᠳᠤ ᠰᠢᠨᠵᠢᠯᠡᠬᠦ ᠤᠬᠠᠭᠠᠨᠴᠢᠯᠠᠭᠰᠠᠨ᠂ ᠲᠣᠭᠠᠴᠢᠯᠠᠭᠰᠠᠨ᠂ ᠵᠢᠷᠤᠮᠵᠢᠭᠰᠠᠨ ᠬᠠᠮᠢᠶᠠᠷᠤᠯᠲᠠ ᠬᠢᠬᠦ ᠪᠠᠷ ᠳᠡᠮᠵᠢᠵᠦ᠂ ᠲᠣᠭᠤᠷᠢᠨ ᠬᠠᠮᠠᠭᠠᠯᠠᠭᠴᠢᠳ ᠤᠨ ᠮᠡᠳᠡᠭᠡ ᠵᠠᠩᠭᠢ ᠪᠣᠯᠤᠨ ᠲᠠᠪᠴᠠᠩ ᠤᠨ ᠨᠡᠪᠲᠡᠷᠡᠯᠴᠡᠭᠡ ᠶᠢ ᠪᠡᠶᠡᠯᠡᠭᠦᠯᠵᠦ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠭᠠᠷᠳᠠᠴᠠ᠂  ᠨᠠᠶᠢᠳᠠᠪᠤᠷᠢᠵᠢᠭᠤᠯᠤᠯᠳᠠ᠂  ᠴᠢᠳᠠᠪᠬᠢ ᠶᠢᠨ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠪᠡᠶᠡᠯᠡᠭᠦᠯᠵᠦ᠂ ᠤᠨᠤᠪᠴᠢᠳᠠᠢ ᠪᠠᠷ ᠬᠢᠨᠠᠨ ᠰᠢᠯᠭᠠᠬᠤ ᠪᠠ ᠦᠨᠡᠯᠡᠨ ᠲᠣᠭᠲᠠᠭᠠᠬᠤ ᠳᠤ ᠦᠨᠳᠦᠰᠦᠯᠡᠯ  ᠬᠠᠩᠭᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号