ᠮᠠᠨ ᠤ ᠣᠷᠣᠨ ᠤ ᠭᠠᠩᠳᠠᠭᠰᠠᠨ ᠭᠠᠵᠠᠷ ᠨᠤᠲᠤᠭ ᠤᠨ ᠲᠠᠯᠠᠪᠠᠢ 5.66 ᠲᠦᠮᠡᠨ ᠲᠡᠭᠰᠢ ᠳᠥᠷᠪᠡᠯᠵᠢᠨ ᠺᠢᠯᠤᠮᠧᠲᠷ ᠪᠠᠭᠠᠰᠪᠠ
ᠨᠡᠶᠢᠲᠡᠯᠡᠭᠰᠡᠨ ᠴᠠᠭ᠄
2022/7/5
     ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠤᠪᠴᠢᠶ᠎ᠠ ᠠᠴᠠ ᠣᠶᠢᠯᠠᠭᠠᠭᠰᠠᠨ ᠢᠶᠠᠷ᠂ 6 ᠰᠠᠷ᠎ᠠ ᠶᠢᠨ 20᠎ ᠤ ᠡᠳᠦᠷ ᠠᠴᠠ ᠨᠠᠭᠠᠰᠢ ᠮᠠᠨ ᠤ ᠣᠷᠣᠨ ᠤ ᠶᠡᠬᠡᠩᠬᠢ ᠭᠠᠵᠠᠷ ᠲᠤ ᠬᠤᠷ᠎ᠠ ᠪᠣᠷᠣᠭᠠᠨ ᠣᠷᠣᠵᠤ᠂ 6 ᠰᠠᠷ᠎ᠠ ᠶᠢᠨ 24᠎ ᠤ ᠡᠳᠦᠷ ᠲᠠᠢ ᠬᠠᠷᠢᠴᠠᠭᠤᠯᠪᠠᠯ ᠪᠦᠬᠦ ᠣᠷᠣᠨ ᠤ ᠭᠠᠩᠳᠠᠭᠰᠠᠨ ᠭᠠᠵᠠᠷ ᠨᠤᠲᠤᠭ ᠤᠨ ᠲᠠᠯᠠᠪᠠᠢ 5.66 ᠲᠦᠮᠡᠨ ᠲᠡᠭᠰᠢ ᠳᠥᠷᠪᠡᠯᠵᠢᠨ ᠺᠢᠯᠤᠮᠧᠲᠷ ᠪᠠᠭᠠᠰᠪᠠ᠃ 6 ᠰᠠᠷ᠎ᠠ ᠶᠢᠨ 20᠎ ᠤ ᠡᠳᠦᠷ ᠠᠴᠠ ᠨᠠᠭᠠᠰᠢ᠂ ᠮᠠᠨ ᠤ ᠣᠷᠣᠨ ᠳᠤ ᠬᠤᠶᠠᠷ ᠤᠳᠠᠭ᠎ᠠ ᠶᠡᠭᠡ ᠬᠡᠪᠴᠢᠶᠡᠨ ᠤ ᠪᠣᠷᠣᠭᠠᠨ ᠣᠷᠣᠵᠤ᠂ ᠬᠤᠷ᠎ᠠ ᠲᠤᠨᠳᠠᠰᠤ ᠶᠢᠨ ᠬᠡᠮᠵᠢᠶ᠎ᠡ 0 — 174.3 ᠮᠢᠯᠢᠮᠧᠲᠷ ᠬᠦᠷᠴᠦ᠂ ᠭᠠᠩᠳᠠᠭᠰᠠᠨ ᠭᠠᠵᠠᠷ ᠣᠷᠣᠨ ᠤ ᠭᠠᠩ ᠤᠨ ᠪᠠᠶᠢᠳᠠᠯ ᠨᠠᠮᠳᠠᠭᠰᠠᠨ ᠪᠤᠶᠤ ᠲᠠᠶᠢᠯᠤᠭᠳᠠᠭᠰᠠᠨ ᠪᠠᠶᠢᠨ᠎ᠠ᠃      6 ᠰᠠᠷ᠎ᠠ ᠶᠢᠨ 29᠎ ᠤ ᠡᠳᠦᠷ ᠪᠣᠯᠬᠤ ᠳᠤ ᠮᠠᠨ ᠤ ᠣᠷᠣᠨ ᠤ ᠭᠠᠩᠳᠠᠭᠰᠠᠨ ᠭᠠᠵᠠᠷ ᠨᠤᠲᠤᠭ ᠤᠨ ᠲᠠᠯᠠᠪᠠᠢ 35.29 ᠲᠦᠮᠡᠨ ᠲᠡᠭᠰᠢ ᠳᠥᠷᠪᠡᠯᠵᠢᠨ ᠺᠢᠯᠤᠮᠧᠲᠷ ᠪᠤᠯᠵᠤ ᠪᠠᠭᠠᠰᠤᠨ᠂ ᠪᠦᠬᠦ ᠣᠷᠣᠨ ᠤ ᠲᠠᠷᠢᠶᠠᠯᠠᠩ ᠣᠢ ᠰᠢᠭᠤᠢ ᠮᠠᠯ ᠠᠵᠤ ᠠᠬᠤᠢ ᠶᠢᠨ ᠶᠡᠷᠦᠩᠬᠡᠢ ᠲᠠᠯᠠᠪᠠᠢ ᠶᠢᠨ 35.5%᠎ ᠶᠢ ᠡᠵᠡᠯᠡᠵᠦ᠂ ᠬᠥᠩᠭᠡᠨ ᠭᠠᠩ ᠬᠠᠭᠰᠠᠷᠠᠭᠠᠨ ᠢᠶᠠᠷ ᠭᠤᠣᠯᠯᠠᠵᠤ ᠪᠠᠶᠢᠨ᠎ᠠ᠃      7 ᠰᠠᠷ᠎ᠠ ᠳᠤ ᠮᠠᠨ ᠤ ᠣᠷᠣᠨ ᠤ ᠬᠢᠯᠢ ᠳᠣᠲᠣᠷᠠᠬᠢ ᠬᠠᠲᠤᠨ ᠭᠤᠣᠯ ᠤᠨ ᠰᠠᠪᠠ ᠭᠠᠵᠠᠷ ᠤᠨ ᠳᠤᠤᠷᠠᠳᠤ ᠤᠷᠤᠰᠬᠠᠯ ᠳᠠᠭᠠᠤ ᠣᠷᠣᠨ᠂ ᠨᠤᠨ ᠮᠥᠷᠡᠨ ᠤ ᠰᠠᠪᠠ ᠭᠠᠵᠠᠷ᠂ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠪᠣᠯᠤᠨ ᠬᠠᠢ ᠾᠧᠦ ᠭᠤᠣᠯ ᠳᠠᠭᠠᠤ ᠣᠷᠣᠨ ᠤ ᠬᠤᠷ᠎ᠠ ᠲᠤᠨᠤᠳᠠᠰᠤ ᠶᠢᠨ ᠬᠡᠮᠵᠢᠶ᠎ᠡ ᠡᠩ ᠤᠨ ᠵᠢᠯ ᠤᠨ ᠬᠢ ᠠᠴᠠ ᠢᠯᠡᠭᠦᠦ ᠪᠠᠶᠢᠵᠤ᠂ ᠰᠢᠷᠦᠭᠦᠨ ᠪᠣᠷᠣᠭᠠᠨ ᠠᠴᠠ ᠪᠣᠯᠵᠤ ᠮᠡᠳᠡᠬᠦ ᠦᠶᠡᠷ ᠤᠰᠤᠲᠤᠯ ᠢ ᠰᠡᠷᠭᠡᠶᠢᠯᠡᠬᠦ ᠴᠢᠬᠤᠯᠠᠲᠠᠢ︔ ᠪᠦᠬᠦ ᠣᠷᠣᠨ ᠤ ᠬᠤᠶᠢᠲᠤ ᠪᠡᠶ᠎ᠡ ᠶᠢᠨ ᠭᠠᠵᠠᠷ ᠣᠷᠣᠨ ᠤ ᠬᠤᠷ᠎ᠠ ᠲᠤᠨᠳᠠᠰᠤ ᠶᠢᠨ  ᠬᠡᠮᠵᠢᠶ᠎ᠡ ᠡᠩ ᠤᠨ ᠵᠢᠯ ᠤᠨ ᠬᠢ ᠠᠴᠠ ᠪᠠᠭ᠎ᠠ ᠪᠠᠶᠢᠵᠤ᠂ ᠭᠠᠩ ᠬᠠᠭᠰᠠᠷᠠᠭᠠᠨ ᠤ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠳᠤ ᠤᠴᠠᠷᠠᠭᠤᠯᠬᠤ ᠠᠰᠢᠭ ᠦᠭᠡᠢ ᠨᠥᠯᠥᠭᠡ ᠶᠢ ᠰᠡᠷᠭᠡᠶᠢᠯᠡᠬᠦ ᠴᠢᠬᠤᠯᠠᠲᠠᠢ︔ ᠪᠦᠬᠦ ᠣᠷᠣᠨ ᠤ ᠶᠡᠬᠡᠩᠬᠢ ᠭᠠᠵᠠᠷ ᠤᠨ ᠳᠤᠯᠠᠭᠠᠨ ᠤ ᠬᠡᠮᠵᠢᠶ᠎ᠡ ᠨᠡᠯᠢᠶᠡᠳ ᠥᠨᠳᠥᠷ ᠪᠠᠶᠢᠵᠤ᠂ ᠢᠯᠠᠩᠭᠤᠶ᠎ᠠ ᠪᠠᠷᠠᠭᠤᠨ ᠪᠡᠶ᠎ᠡ ᠶᠢᠨ ᠭᠠᠵᠠᠷ ᠣᠷᠣᠨ ᠳᠤ ᠠᠭᠠᠭᠢᠮ᠎ᠠ ᠬᠠᠯᠠᠭᠤᠨ ᠠᠭᠤᠷ ᠠᠮᠢᠰᠬᠤᠯ ᠤᠨ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠳᠤ ᠤᠴᠠᠷᠠᠭᠤᠯᠬᠤ ᠠᠰᠢᠭ ᠦᠭᠡᠢ ᠨᠥᠯᠥᠭᠡ ᠶᠢ ᠠᠩᠬᠠᠷᠬᠤ ᠴᠢᠬᠤᠯᠠᠲᠠᠢ ᠭᠡᠵᠦ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ  ᠬᠤᠷᠢᠶ᠎ᠠ ᠠᠴᠠ ᠰᠠᠨᠠᠭᠤᠯᠵᠤ ᠪᠠᠶᠢᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号