ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ 6 | ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ | ᠣᠨᠣᠪᠴᠢᠲᠠᠶ ᠰᠠᠶᠢᠳᠤᠷ ᠬᠢᠭᠰᠡᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠠᠢ᠃ ᠬᠠᠮᠲᠤ ᠪᠠᠷ ᠠᠩᠬᠠᠷᠴᠠᠭᠠᠶ᠎ᠠ︕ | | ᠣᠶᠢᠷ᠎ᠠ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠳᠣᠣᠷ᠎ᠠ | ᠲᠦᠪᠰᠢᠨ ᠳᠤ ᠬᠡᠯᠪᠡᠯᠵᠡᠵᠦ ᠪᠤᠢ | ᠣᠶᠢᠷ᠎ᠠ ᠳᠤ᠂ ᠤᠯᠤᠰ ᠤᠨ ᠳᠣᠲᠣᠭᠠᠳᠤ ᠶᠢᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠳᠤ | ᠭᠤᠣᠯᠳᠠᠭᠤ ᠳᠣᠣᠷᠠᠬᠢ ᠮᠡᠲᠦ ᠣᠨᠴᠠᠯᠢᠭ ᠢᠯᠡᠷᠡᠪᠡ᠄ | ᠨᠢᠭᠡ ᠳᠤ᠂ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠯᠡᠳᠲᠡ | ᠦᠷ᠎ᠡ ᠪᠦᠲᠦᠮᠵᠢ ᠣᠯᠵᠤ᠂ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠳᠣᠣᠷ᠎ᠠ ᠲᠦᠪᠰᠢᠨ ᠳᠤ | ᠬᠡᠯᠪᠡᠯᠵᠡᠵᠦ ᠪᠤᠢ᠃ 6 ᠳ᠋ᠤᠭᠠᠷ ᠰᠠᠷ᠎ᠠ ᠶᠢᠨ 18 ᠤ ᠡᠳᠦᠷ ᠠᠴᠠ ᠨᠠᠭᠠᠰᠢ᠂ ᠪᠥᠬᠦ ᠤᠯᠤᠰ ᠤᠨ ᠡᠳᠦᠷ ᠪᠦᠷᠢ ᠶᠢᠨ | ᠮᠡᠳᠡᠭᠦᠯᠦᠭᠰᠡᠨ ᠬᠠᠯᠳᠠᠪᠤᠷᠢᠯᠠᠭᠰᠠᠳ ᠤᠨ ᠲᠤᠭ᠎ᠠ ᠴᠥᠮ 50 ᠬᠥᠮᠥᠨ ᠠᠴᠠ ᠳᠣᠣᠷ᠎ᠠ ᠪᠣᠯᠵᠤ᠂ ᠣᠶᠢᠷ᠎ᠠ ᠶᠢᠨ ᠨᠢᠭᠡ | ᠭᠠᠷᠠᠭ ︵6 ᠳ᠋ᠤᠭᠠᠷ ᠰᠠᠷ᠎ᠠ ᠶᠢᠨ 20 ᠤ ᠡᠳᠦᠷ ᠠᠴᠠ 6 ᠳ᠋ᠤᠭᠠᠷ ᠰᠠᠷ᠎ᠠ ᠶᠢᠨ 27 ᠤ ᠡᠳᠦᠷ ᠪᠣᠯᠲᠠᠯ᠎ᠠ︶ ᠪᠥᠬᠦ | ᠤᠯᠤᠰ ᠤᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠭᠰᠡᠨ ᠬᠠᠯᠳᠠᠪᠤᠷᠢᠯᠠᠭᠰᠠᠳ 198 ᠪᠠᠶᠢᠵᠤ᠂ 10 ᠮᠤᠵᠢ᠂ 24 | ᠲᠤᠰᠬᠠᠢ ᠣᠷᠣᠨ ᠤ ᠳᠡᠰ ᠤᠨ ᠬᠤᠲᠠ ᠳᠤ ᠬᠤᠯᠪᠣᠭᠳᠠᠵᠤ᠂ ᠳᠤᠮᠳᠠᠴᠢ ᠪᠠᠷ ᠡᠳᠦᠷ ᠪᠦᠷᠢ 25 ᠬᠥᠮᠥᠨ ᠢ | ᠮᠡᠳᠡᠭᠦᠯᠵᠡᠢ᠃ | ᠬᠤᠶᠠᠷ ᠲᠤ᠂ ᠣᠨᠴᠠ ᠵᠠᠷᠢᠮ ᠭᠠᠵᠠᠷ ᠣᠷᠣᠨ ᠳᠤ ᠦᠷᠭᠦᠯᠵᠢᠯᠡᠨ ᠬᠡᠰᠡᠭ ᠪᠤᠰᠠᠭ ᠢᠶᠠᠷ ᠨᠡᠶᠢᠭᠡᠮ ᠤᠨ | ᠬᠠᠯᠳᠠᠪᠤᠷᠢᠯᠠᠯ ᠡᠭᠦᠰᠴᠦ᠂ ᠨᠡᠶᠢᠭᠡᠮ ᠲᠣᠭᠤᠷᠢᠭ ᠤᠨ ᠲᠠᠷᠬᠠᠭᠠᠯᠲᠠ ᠶᠢᠨ ᠲᠦᠭᠰᠢᠭᠦᠷᠢ ᠵᠣᠬᠢᠬᠤ ᠬᠡᠮᠵᠢᠶ᠎ᠡ ᠪᠠᠷ | ᠣᠷᠣᠰᠢᠵᠤ ᠪᠠᠶᠢᠬᠤ ᠪᠥᠭᠡᠳ ᠬᠠᠯᠳᠠᠪᠤᠷᠢᠯᠠᠭᠳᠠᠭᠰᠠᠳ ᠤᠨ ᠬᠠᠮᠢᠶᠠᠷᠤᠨ ᠡᠵᠡᠮᠳᠡᠬᠦ ᠠᠴᠠ ᠡᠮᠦᠨᠡᠬᠢ ᠠᠵᠢᠯᠯᠠᠭ᠎ᠠ ᠶᠢᠨ | ᠬᠦᠷᠢᠶ᠎ᠡ ᠬᠡᠪᠴᠢᠶ᠎ᠡ ᠨᠢ ᠨᠡᠯᠢᠶᠡᠳ ᠥᠷᠭᠡᠨ ᠪᠣᠯᠬᠤᠷ ᠵᠠᠷᠢᠮ ᠭᠠᠵᠠᠷ ᠣᠷᠣᠨ ᠳᠤ ᠬᠠᠯᠳᠠᠪᠤᠷᠢᠯᠠᠯ ᠢ ᠲᠡᠭ | ᠪᠣᠯᠭᠠᠬᠤ ᠳᠤ ᠨᠡᠯᠢᠶᠡᠳ ᠤᠷᠲᠤ ᠬᠤᠭᠤᠴᠠᠭ᠎ᠠ ᠬᠡᠷᠡᠭᠰᠡᠬᠦ ᠰᠤᠨᠵᠢᠷᠠᠯ ᠤᠨ ᠬᠤᠭᠤᠴᠠᠭ᠎ᠠ ᠶᠢ ᠪᠤᠢ ᠪᠣᠯᠭᠠᠭᠰᠠᠨ | ᠪᠠᠶᠢᠨ᠎ᠠ᠃ | ᠭᠤᠷᠪᠠ ᠳᠤ᠂ ᠣᠮᠢᠺᠧᠷᠣᠨ BA.2 ᠪᠣᠯ ᠮᠥᠨ ᠬᠦ ᠮᠠᠨ ᠤ ᠤᠯᠤᠰ ᠤᠨ ᠲᠤᠬᠠᠢ ᠶᠢᠨ ᠭᠠᠵᠠᠷ ᠤᠨ | ᠬᠢᠵᠢᠭ ᠤᠨ ᠭᠤᠣᠯ ᠪᠣᠯᠬᠤ ᠸᠢᠷᠦ᠋ᠰ ᠮᠥᠨ᠂ ᠭᠡᠪᠡᠴᠦ ᠣᠮᠢᠺᠧᠷᠣᠨ BA.4 ᠪᠠ BA.5 ᠶᠢᠨ ᠬᠢᠯᠢ ᠶᠢᠨ | ᠭᠠᠳᠠᠨ᠎ᠠ ᠠᠴᠠ ᠬᠠᠯᠳᠠᠪᠤᠷᠢᠯᠠᠬᠤ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠬᠦ ᠬᠡᠷᠡᠭᠲᠡᠢ᠂ ᠤᠴᠢᠷ ᠨᠢ ᠣᠶᠢᠷ᠎ᠠ ᠶᠢᠨ | ᠬᠤᠭᠤᠴᠠᠭᠠᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠵᠢᠱᠢᠶ᠎ᠡ ᠠᠴᠠ BA.4 ᠪᠠ BA. | 5 ᠶᠢ ᠣᠯᠵᠤ ᠮᠡᠳᠡᠭᠰᠡᠨ ᠪᠥᠭᠡᠳ ᠲᠠᠰᠤᠷᠠᠯᠲᠠ ᠦᠭᠡᠢ ᠨᠡᠮᠡᠭᠳᠡᠬᠦ ᠬᠠᠨᠳᠤᠰᠢ ᠲᠠᠢ ᠪᠠᠶᠢᠨ᠎ᠠ᠃ | ᠨᠢᠭᠲᠠ ᠣᠶᠢᠷᠠᠲᠤᠭᠰᠠᠳ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ ᠢ ᠲᠤᠰᠠᠭᠠᠷᠯᠠᠵᠤ ᠬᠠᠮᠢᠶᠠᠷᠤᠨ | ᠡᠵᠡᠮᠳᠡᠬᠦ ᠴᠠᠭ ᠢ ︽14 + 7︾ ᠪᠠᠶᠢᠭᠰᠠᠨ ᠠᠴᠠ ︽7 + 3︾ ᠪᠣᠯᠭᠠᠨ ᠲᠣᠬᠢᠷᠠᠭᠤᠯᠪᠠ | ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠥᠯ | ︵ᠶᠢᠰᠦᠳᠦᠭᠡᠷ ᠬᠡᠪᠯᠡᠯ︶︾ ᠳᠤ ᠲᠦᠭᠰᠢᠭᠦᠷᠢᠲᠦ ᠬᠥᠮᠥᠰ ᠢ ᠲᠤᠰᠠᠭᠠᠷᠯᠠᠨ ᠬᠠᠮᠢᠶᠠᠷᠬᠤ ᠬᠤᠭᠤᠴᠠᠭ᠎ᠠ ᠪᠠ ᠠᠷᠭ᠎ᠠ | ᠮᠠᠶ᠋ᠢᠭ ᠢ ᠰᠢᠯᠢᠳᠡᠭᠵᠢᠭᠦᠯᠦᠨ ᠲᠣᠬᠢᠷᠠᠭᠤᠯᠪᠠ᠃ ᠨᠢᠭᠲᠠ ᠣᠶᠢᠷᠠᠲᠤᠭᠰᠠᠳ᠂ ᠬᠢᠯᠢ ᠶᠢᠨ ᠭᠠᠳᠠᠨ᠎ᠠ ᠠᠴᠠ ᠣᠷᠣᠵᠤ | ᠢᠷᠡᠭᠰᠡᠳ ᠢ ᠲᠤᠰᠠᠭᠠᠷᠯᠠᠵᠤ ᠬᠠᠮᠢᠶᠠᠷᠤᠨ ᠡᠵᠡᠮᠳᠡᠬᠦ ᠴᠠᠭ ᠢ ︽14 ᠡᠳᠦᠷ ᠲᠥᠪᠯᠡᠷᠡᠭᠦᠯᠦᠨ ᠲᠤᠰᠠᠭᠠᠷᠯᠠᠵᠤ | ᠠᠨᠠᠭᠠᠬᠤ ᠤᠬᠠᠭᠠᠨ ᠤ ᠠᠵᠢᠭᠯᠠᠯᠲᠠ ᠬᠢᠬᠦ + 7 ᠡᠳᠦᠷ ᠭᠡᠷ ᠲᠤ ᠪᠠᠨ ᠰᠠᠭᠤᠵᠤ ᠡᠷᠡᠭᠦᠯ ᠮᠡᠨᠳᠦ ᠶᠢᠨ ᠬᠢᠨᠠᠨ | ᠰᠢᠨᠵᠢᠯᠡᠯᠲᠡ ᠬᠢᠬᠦ︾ ᠪᠠᠶᠢᠭᠰᠠᠨ ᠠᠴᠠ ︽7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ | ᠠᠵᠢᠭᠯᠠᠯᠲᠠ ᠬᠢᠬᠦ + 3 ᠡᠳᠦᠷ ᠭᠡᠷ ᠲᠤ ᠪᠠᠨ ᠰᠠᠭᠤᠵᠤ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠬᠢᠬᠦ︾ | ᠪᠣᠯᠭᠠᠨ ᠲᠣᠬᠢᠷᠠᠭᠤᠯᠪᠠ᠃ ᠪᠥᠭᠡᠮ ᠬᠦᠴᠢᠯ ᠤᠨ ᠪᠠᠶᠢᠴᠠᠭᠠᠯᠲᠠ ᠶᠢᠨ ᠠᠷᠭ᠎ᠠ ᠬᠡᠮᠵᠢᠶ᠎ᠡ ᠶᠢ ︽ᠲᠥᠪᠯᠡᠷᠡᠭᠦᠯᠦᠨ | ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠭᠰᠡᠨ ᠤ 1᠂ 4᠂ 7᠂ 14 ᠳ᠋ᠦ᠋ᠭᠡᠷ ᠡᠳᠦᠷ ᠲᠤ ᠪᠥᠭᠡᠮ | ᠬᠦᠴᠢᠯ ᠤᠨ ᠪᠠᠶᠢᠴᠠᠭᠠᠯᠲᠠ ᠬᠢᠬᠦ᠂ ᠬᠠᠮᠠᠷ ᠤᠨ ᠬᠥᠨᠳᠡᠢ ᠶᠢᠨ ᠵᠦᠯᠭᠦᠭᠦᠷ ᠴᠤᠭᠯᠠᠭᠤᠯᠬᠤ᠂ ᠲᠤᠰᠠᠭᠠᠷᠯᠠᠬᠤ ᠶᠢ | ᠲᠠᠶᠢᠯᠬᠤ ᠠᠴᠠ ᠡᠮᠦᠨ᠎ᠡ ᠬᠤᠶᠠᠷ ᠤᠳᠠᠭ᠎ᠠ ᠦᠯᠢᠭᠡᠷ ᠠᠪᠴᠤ ᠬᠤᠶᠠᠷ ᠤᠳᠠᠭ᠎ᠠ ᠪᠠᠶᠢᠴᠠᠭᠠᠯᠲᠠ ᠬᠢᠬᠦ︾ ᠠᠴᠠ ︽ | ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠭᠰᠡᠨ ᠤ 1᠂ 2᠂ 3᠂ 5᠂ 7 ᠳ᠋ᠤᠭᠠᠷ | ᠡᠳᠦᠷ ᠪᠠ ᠭᠡᠷ ᠲᠤ ᠪᠠᠨ ᠰᠠᠭᠤᠵᠤ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠬᠢᠭᠰᠡᠨ ᠤ 3 ᠳ᠋ᠤᠭᠠᠷ ᠡᠳᠦᠷ ᠲᠤ | ᠪᠥᠭᠡᠮ ᠬᠦᠴᠢᠯ ᠤᠨ ᠪᠠᠶᠢᠴᠠᠭᠠᠯᠲᠠ ᠬᠢᠬᠦ᠂ ᠠᠮᠠᠨ ᠬᠥᠨᠳᠡᠢ ᠶᠢᠨ ᠵᠦᠯᠭᠦᠭᠦᠷ ᠴᠤᠭᠯᠠᠭᠤᠯᠬᠤ︾ ᠪᠣᠯᠭᠠᠨ | ᠲᠣᠬᠢᠷᠠᠭᠤᠯᠵᠤ᠂ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢ ᠲᠠᠶᠢᠯᠬᠤ ᠠᠴᠠ | ᠡᠮᠦᠨ᠎ᠡ ᠳᠠᠭᠢᠵᠤ ᠬᠤᠶᠠᠷ ᠤᠳᠠᠭ᠎ᠠ ᠦᠯᠢᠭᠡᠷ ᠠᠪᠴᠤ ᠬᠤᠶᠠᠷ ᠤᠳᠠᠭ᠎ᠠ ᠪᠠᠶᠢᠴᠠᠭᠠᠯᠲᠠ ᠬᠢᠬᠦ ᠴᠢᠬᠤᠯᠠ ᠦᠭᠡᠢ᠃ | ᠨᠢᠭᠲᠠ ᠣᠶᠢᠷᠠᠲᠤᠭᠰᠠᠳ ᠤᠨ ᠨᠢᠭᠲᠠ ᠣᠶᠢᠷᠠᠲᠤᠭᠰᠠᠳ ᠢ ᠭᠥᠯᠢᠶᠡᠨ ᠠᠪᠴᠤ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠶᠢ ︽7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ︾ | ᠪᠠᠶᠢᠭᠰᠠᠨ ᠠᠴᠠ ︽7 ᠡᠳᠦᠷ ᠭᠡᠷ ᠲᠤ ᠪᠠᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ︾ ᠪᠣᠯᠭᠠᠨ | ᠲᠣᠬᠢᠷᠠᠭᠤᠯᠵᠤ᠂ 1᠂ 4᠂ 7 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠪᠠᠷ ᠲᠣᠭᠲᠠᠭᠠᠪᠠ᠃ | ᠪᠢᠲᠡᠭᠦᠮᠵᠢᠯᠡᠨ ᠬᠠᠮᠢᠶᠠᠷᠴᠤ ᠡᠵᠡᠮᠳᠡᠬᠦ ᠣᠷᠣᠨ ᠪᠠ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ | ᠣᠷᠣᠨ ᠢ ᠵᠠᠭᠠᠭᠯᠠᠨ ᠲᠣᠭᠲᠠᠭᠠᠬᠤ ᠪᠠᠷᠢᠮᠵᠢᠶ᠎ᠠ ᠶᠢ ᠨᠢᠭᠡᠳᠬᠡᠵᠦ᠂ ᠥᠨᠳᠥᠷ ᠳᠤᠮᠳᠠ ᠪᠠ ᠳᠣᠣᠷ᠎ᠠ ᠳᠡᠰ ᠤᠨ | ᠲᠦᠭᠰᠢᠭᠦᠷᠢᠲᠦ ᠭᠠᠵᠠᠷ ᠣᠷᠣᠨ ᠢ ᠳᠣᠣᠷᠠᠬᠢ ᠮᠡᠲᠦ ᠵᠠᠭᠠᠭᠯᠠᠨ ᠲᠣᠭᠲᠠᠭᠠᠬᠤ ᠪᠠ ᠰᠡᠷᠭᠡᠶᠢᠯᠡᠨ ᠡᠵᠡᠮᠳᠡᠨ᠎ᠡ | ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ ᠪᠢᠲᠡᠭᠦᠮᠵᠢᠯᠡᠨ ᠬᠠᠮᠢᠶᠠᠷᠴᠤ ᠡᠵᠡᠮᠳᠡᠬᠦ ᠣᠷᠣᠨ | ᠪᠠ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠢ ᠵᠠᠭᠠᠭᠯᠠᠨ ᠲᠣᠭᠲᠠᠭᠠᠬᠤ ᠪᠠᠷᠢᠮᠵᠢᠶ᠎ᠠ ᠶᠢ | ᠨᠢᠭᠡᠳᠬᠡᠪᠡ᠃ ᠥᠩᠭᠡᠷᠡᠭᠰᠡᠨ ᠳᠤ ᠲᠦᠭᠰᠢᠭᠦᠷᠢᠲᠦ ᠭᠠᠵᠠᠷ ᠣᠷᠣᠨ ᠢ ᠵᠠᠭᠠᠭᠯᠠᠨ ᠲᠣᠭᠲᠠᠭᠠᠬᠤ ᠬᠤᠶᠠᠷ ᠲᠥᠷᠥᠯ ᠤᠨ | ᠪᠠᠷᠢᠮᠵᠢᠶ᠎ᠠ ᠪᠠᠶᠢᠵᠠᠢ᠂ ᠨᠢᠭᠡ ᠲᠥᠷᠥᠯ ᠨᠢ ᠥᠨᠳᠥᠷ᠂ ᠳᠤᠮᠳᠠ᠂ ᠳᠣᠣᠷ᠎ᠠ ᠳᠡᠰ ᠤᠨ ᠲᠦᠭᠰᠢᠭᠦᠷᠢᠲᠦ ᠭᠠᠵᠠᠷ | ᠣᠷᠣᠨ ᠢ ᠵᠠᠭᠠᠭᠯᠠᠨ ᠲᠣᠭᠲᠠᠭᠠᠬᠤ ᠪᠠᠷᠢᠮᠵᠢᠶ᠎ᠠ᠂ ᠨᠥᠭᠦᠭᠡ ᠲᠥᠷᠥᠯ ᠨᠢ ᠪᠢᠲᠡᠭᠦᠮᠵᠢᠯᠡᠨ ᠡᠵᠡᠮᠳᠡᠬᠦ ᠣᠷᠣᠨ᠂ | ᠬᠠᠮᠢᠶᠠᠷᠤᠨ ᠡᠵᠡᠮᠳᠡᠬᠦ ᠣᠷᠣᠨ᠂ ᠰᠡᠷᠭᠡᠶᠢᠯᠡᠨ ᠡᠵᠡᠮᠳᠡᠬᠦ ᠣᠷᠣᠨ ᠢ ᠵᠠᠭᠠᠭᠯᠠᠨ ᠲᠣᠭᠲᠠᠭᠠᠬᠤ ᠪᠠᠷᠢᠮᠵᠢᠶ᠎ᠠ ᠪᠣᠯᠣᠨ᠎ᠠ᠃ | ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ ᠲᠦᠭᠰᠢᠭᠦᠷᠢᠲᠦ ᠣᠷᠣᠨ ᠪᠦᠰᠡ ᠶᠢ ᠵᠠᠭᠠᠭᠯᠠᠨ | ᠲᠣᠭᠲᠠᠭᠠᠬᠤ ᠬᠤᠶᠠᠷ ᠲᠥᠷᠥᠯ ᠤᠨ ᠪᠠᠷᠢᠮᠵᠢᠶ᠎ᠠ ᠪᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠵᠣᠯᠭᠠᠯᠴᠠᠭᠤᠯᠤᠨ | ᠵᠣᠬᠢᠴᠠᠯᠳᠤᠭᠤᠯᠵᠤ᠂ ᠥᠨᠳᠥᠷ ᠳᠤᠮᠳᠠ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠤᠬᠠᠭᠳᠠᠬᠤᠨ ᠢ | ᠡᠮᠬᠢᠯᠡᠨ ᠨᠡᠶᠢᠯᠡᠭᠦᠯᠵᠦ ᠨᠢᠭᠡᠳᠦᠯᠲᠡᠢ ᠬᠡᠷᠡᠭᠯᠡᠨ᠂ ᠲᠦᠭᠰᠢᠭᠦᠷᠢᠲᠦ ᠭᠠᠵᠠᠷ ᠣᠷᠣᠨ ᠢ ᠵᠠᠭᠠᠭᠯᠠᠨ ᠲᠣᠭᠲᠠᠭᠠᠬᠤ ᠪᠠ | ᠬᠠᠮᠢᠶᠠᠷᠤᠨ ᠡᠵᠡᠮᠳᠡᠬᠦ ᠰᠢᠨ᠎ᠡ ᠲᠥᠰᠥᠯ ᠢ ᠪᠣᠶ ᠪᠣᠯᠭᠠᠪᠠ᠃ | ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠭᠡᠳᠡᠭ ᠨᠢ ᠡᠪᠡᠳᠴᠢᠨ ᠤ ᠵᠢᠱᠢᠶ᠎ᠡ ᠪᠠ ᠡᠪᠡᠳᠴᠢᠨ ᠤ | ᠢᠯᠡᠷᠡᠯ ᠦᠭᠡᠢ ᠬᠠᠯᠳᠠᠪᠤᠷᠢᠯᠠᠭᠰᠠᠳ ᠤᠨ ᠣᠷᠣᠰᠢᠨ ᠰᠠᠭᠤᠭ᠎ᠠ ᠭᠠᠵᠠᠷ ᠵᠢᠴᠢ ᠠᠵᠢᠯᠯᠠᠭ᠎ᠠ ᠨᠢ ᠣᠯᠠᠨ ᠪᠥᠭᠡᠳ | ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠨᠢ ᠨᠡᠯᠢᠶᠡᠳ ᠥᠨᠳᠥᠷ ᠠᠵᠢᠯᠯᠠᠬᠤ ᠭᠠᠵᠠᠷ᠂ ᠠᠵᠢᠯᠯᠠᠭ᠎ᠠ | ᠬᠢᠭᠰᠡᠨ ᠭᠠᠵᠠᠷ ᠵᠡᠷᠭᠡ ᠣᠷᠣᠨ ᠪᠦᠰᠡ ᠶᠢ ᠵᠢᠭᠠᠵᠤ ᠪᠣᠶ᠃ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠢ | ᠵᠠᠷᠴᠢᠮ ᠳᠡᠭᠡᠷ᠎ᠡ ᠪᠠᠨ ᠣᠷᠣᠰᠢᠨ ᠰᠠᠭᠤᠵᠤ ᠪᠠᠶᠢᠭ᠎ᠠ ᠰᠠᠭᠤᠭᠠᠯᠢ ᠠᠷᠠᠳ ᠤᠨ ᠲᠣᠭᠤᠷᠢᠭ ᠪᠤᠶᠤ ᠲᠣᠰᠬᠤᠨ ᠢᠶᠠᠷ | ᠨᠢᠭᠡᠴᠢ ᠪᠣᠯᠭᠠᠨ ᠬᠤᠪᠢᠶᠠᠷᠢᠯᠠᠨ ᠲᠣᠭᠲᠠᠭᠠᠵᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠦᠷ᠎ᠡ | ᠳ᠋ᠦᠩ ᠢ ᠦᠨᠳᠦᠰᠦᠯᠡᠨ ᠰᠤᠳᠤᠯᠤᠨ ᠮᠠᠭᠠᠳᠯᠠᠵᠤ᠂ ᠲᠦᠭᠰᠢᠭᠦᠷᠢᠲᠦ ᠣᠷᠣᠨ ᠪᠦᠰᠡ ᠶᠢᠨ ᠬᠡᠪᠴᠢᠶ᠎ᠡ ᠳᠤ | ᠲᠣᠬᠢᠷᠠᠭᠤᠯᠤᠯᠲᠠ ᠬᠢᠵᠦ ᠪᠣᠯᠣᠨ᠎ᠠ᠃ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠳᠤ ︽ᠭᠡᠷ ᠠᠴᠠ ᠪᠠᠨ | ᠭᠠᠷᠬᠤ ᠦᠭᠡᠢ᠂ ᠭᠡᠷ ᠲᠤ ᠨᠢ ᠬᠦᠷᠴᠦ ᠦᠢᠯᠡᠴᠢᠯᠡᠭᠡ ᠬᠠᠩᠭᠠᠬᠤ︾ ᠪᠢᠲᠡᠭᠦᠮᠵᠢᠯᠡᠨ ᠡᠵᠡᠮᠳᠡᠬᠦ ᠠᠷᠭ᠎ᠠ ᠬᠡᠮᠵᠢᠶ᠎ᠡ | ᠠᠪᠤᠨ᠎ᠠ᠃ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠳᠤ ᠵᠠᠯᠭᠠᠭ᠎ᠠ ᠪᠠᠷ 7 ᠡᠳᠦᠷ ᠰᠢᠨ᠎ᠡ ᠪᠠᠷ | ᠨᠡᠮᠡᠭᠳᠡᠭᠰᠡᠨ ᠬᠠᠯᠳᠠᠪᠤᠷᠢᠯᠠᠭᠴᠢ ᠢᠯᠡᠷᠡᠭᠰᠡᠨ ᠦᠭᠡᠢ ᠪᠣᠯ ᠳᠤᠮᠳᠠ ᠳᠡᠰ ᠤᠨ ᠲᠦᠭᠰᠢᠭᠦᠷᠢᠲᠦ ᠭᠠᠵᠠᠷ ᠣᠷᠣᠨ | ᠪᠣᠯᠭᠠᠨ ᠲᠣᠬᠢᠷᠠᠭᠤᠯᠵᠤ ᠪᠣᠯᠣᠨ᠎ᠠ᠂ ᠡᠭᠦᠨ ᠤ ᠳᠠᠷᠠᠭ᠎ᠠ ᠬᠡᠷᠪᠡ ᠵᠠᠯᠭᠠᠭ᠎ᠠ ᠪᠠᠷ 3 ᠡᠳᠦᠷ ᠰᠢᠨ᠎ᠡ ᠪᠠᠷ ᠨᠡᠮᠡᠭᠳᠡᠭᠰᠡᠨ | ᠬᠠᠯᠳᠠᠪᠤᠷᠢᠯᠠᠭᠴᠢ ᠢᠯᠡᠷᠡᠭᠰᠡᠨ ᠦᠭᠡᠢ ᠪᠣᠯ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠪᠣᠯᠭᠠᠨ | ᠲᠣᠬᠢᠷᠠᠭᠤᠯᠵᠤ ᠪᠣᠯᠣᠨ᠎ᠠ᠃ ᠣᠷᠣᠨ ᠪᠦᠰᠡ ᠠᠯᠤᠰᠯᠠᠨ ᠭᠠᠳᠠᠭᠰᠢ ᠬᠠᠯᠳᠠᠪᠤᠷᠢᠯᠠᠭᠰᠠᠨ ᠥᠨᠳᠥᠷ ᠳᠡᠰ ᠤᠨ | ᠲᠦᠭᠰᠢᠭᠦᠷᠢᠲᠦ ᠭᠠᠵᠠᠷ ᠣᠷᠣᠨ ᠤ ᠬᠥᠮᠥᠰ ᠲᠤ 7 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ | ᠤᠬᠠᠭᠠᠨ ᠤ ᠠᠵᠢᠭᠯᠠᠯᠲᠠ ᠬᠢᠨ᠎ᠡ᠃ ᠲᠥᠪᠯᠡᠷᠡᠭᠦᠯᠦᠨ ᠲᠤᠰᠠᠭᠠᠷᠯᠠᠭᠰᠠᠨ 1᠂ 2᠂ 3᠂ 5᠂ 7 ᠳ᠋ᠤᠭᠠᠷ | ᠡᠳᠦᠷ ᠲᠤ ᠲᠣᠰ ᠲᠤᠰ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ | ᠳᠤᠮᠳᠠ ᠳᠡᠰ ᠤᠨ ᠲᠦᠭᠰᠢᠭᠦᠷᠢᠲᠦ ᠭᠠᠵᠠᠷ ᠣᠷᠣᠨ ᠭᠡᠳᠡᠭ ᠨᠢ ᠡᠪᠡᠳᠴᠢᠨ ᠤ ᠵᠢᠱᠢᠶ᠎ᠡ ᠪᠠ ᠡᠪᠡᠳᠴᠢᠨ ᠤ | ᠢᠯᠡᠷᠡᠯ ᠦᠭᠡᠢ ᠬᠠᠯᠳᠠᠪᠤᠷᠢᠯᠠᠭᠰᠠᠳ ᠤᠨ ᠵᠣᠬᠢᠬᠤ ᠬᠤᠭᠤᠴᠠᠭ᠎ᠠ ᠪᠠᠷ ᠪᠠᠶᠢᠭᠰᠠᠨ ᠪᠠ ᠠᠵᠢᠯᠯᠠᠭ᠎ᠠ ᠬᠢᠭᠰᠡᠨ ᠭᠠᠵᠠᠷ | ᠮᠥᠷᠲᠡᠭᠡᠨ ᠬᠢᠵᠢᠭ ᠤᠨ ᠪᠠᠶᠢᠳᠠᠯ ᠲᠠᠷᠬᠠᠵᠤ ᠮᠡᠳᠡᠬᠦ ᠲᠦᠭᠰᠢᠭᠦᠷᠢ ᠲᠠᠢ ᠠᠵᠢᠯᠯᠠᠬᠤ ᠭᠠᠵᠠᠷ ᠪᠠ ᠠᠵᠢᠯᠯᠠᠭ᠎ᠠ ᠬᠢᠭᠰᠡᠨ | ᠭᠠᠵᠠᠷ ᠵᠡᠷᠭᠡ ᠣᠷᠣᠨ ᠪᠦᠰᠡ ᠶᠢ ᠵᠢᠭᠠᠵᠤ ᠪᠠᠶᠢᠨ᠎ᠠ᠃ ᠲᠦᠭᠰᠢᠭᠦᠷᠢᠲᠦ ᠭᠠᠵᠠᠷ ᠣᠷᠣᠨ ᠢ ᠵᠠᠭᠠᠭᠯᠠᠨ ᠲᠣᠭᠲᠠᠭᠠᠬᠤ | ᠬᠡᠪᠴᠢᠶ᠎ᠡ ᠶᠢ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠵᠠᠭᠠᠭᠯᠠᠨ | ᠲᠣᠭᠲᠠᠭᠠᠨ᠎ᠠ᠃ ᠳᠤᠮᠳᠠ ᠳᠡᠰ ᠤᠨ ᠲᠦᠭᠰᠢᠭᠦᠷᠢᠲᠦ ᠭᠠᠵᠠᠷ ᠣᠷᠣᠨ ᠳᠤ ︽ᠬᠥᠮᠥᠨ ᠨᠢ ᠲᠣᠭᠤᠷᠢᠭ ᠠᠴᠠ ᠪᠠᠨ | ᠭᠠᠷᠬᠤ ᠦᠭᠡᠢ᠂ ᠣᠷᠭᠢᠯ ᠦᠶ᠎ᠡ ᠠᠴᠠ ᠵᠠᠶᠢᠯᠠᠵᠤ ᠡᠳ᠋ ᠪᠣᠳᠠᠰ ᠠᠪᠬᠤ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ | ᠠᠪᠤᠨ᠎ᠠ᠃ ᠬᠡᠷᠪᠡ ᠵᠠᠯᠭᠠᠭ᠎ᠠ ᠪᠠᠷ 7 ᠡᠳᠦᠷ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠳᠠᠭᠴᠢ ᠦᠭᠡᠢ ᠪᠠᠶᠢᠪᠠᠯ᠂ | ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠪᠣᠯᠭᠠᠨ ᠲᠣᠬᠢᠷᠠᠭᠤᠯᠵᠤ ᠪᠣᠯᠣᠨ᠎ᠠ᠃ ᠣᠷᠣᠨ ᠪᠦᠰᠡ | ᠠᠯᠤᠰᠯᠠᠨ ᠭᠠᠳᠠᠭᠰᠢ ᠬᠠᠯᠳᠠᠪᠤᠷᠢᠯᠠᠭᠰᠠᠨ ᠳᠤᠮᠳᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠥᠮᠥᠰ ᠲᠤ 7 | ᠡᠳᠦᠷ ᠭᠡᠷ ᠲᠤ ᠪᠠᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠭᠡᠷ ᠲᠤ ᠪᠠᠨ ᠰᠠᠭᠤᠵᠤ ᠠᠨᠠᠭᠠᠬᠤ | ᠤᠬᠠᠭᠠᠨ ᠤ ᠠᠵᠢᠭᠯᠠᠯᠲᠠ ᠬᠢᠬᠦ ᠬᠤᠭᠤᠴᠠᠭᠠᠨ ᠤ 1᠂ 4᠂ 7 ᠳ᠋ᠤᠭᠠᠷ ᠡᠳᠦᠷ ᠲᠤ ᠲᠣᠰ ᠲᠣᠰ ᠨᠢᠭᠡ ᠤᠳᠠᠭᠠᠨ ᠤ | ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠬᠡᠷᠪᠡ ᠭᠡᠷ ᠲᠤ ᠪᠠᠨ ᠰᠠᠭᠤᠵᠤ ᠲᠤᠰᠠᠭᠠᠷᠯᠠᠬᠤ ᠨᠥᠬᠦᠴᠡᠯ ᠢ | ᠪᠦᠷᠢᠯᠳᠦᠭᠦᠯᠦᠭᠰᠡᠨ ᠦᠭᠡᠢ ᠪᠠᠶᠢᠪᠠᠯ᠂ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠨ᠎ᠡ᠃ | ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ ᠪᠠᠶᠢᠭ᠎ᠠ ᠰᠢᠶᠠᠨ ︵ᠬᠤᠲᠠ᠂ ᠲᠣᠭᠤᠷᠢᠭ᠂ | ᠬᠤᠰᠢᠭᠤ︶ ᠤ ᠪᠤᠰᠤᠳ ᠭᠠᠵᠠᠷ ᠣᠷᠣᠨ ᠢ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠢᠶᠠᠷ ᠬᠤᠪᠢᠶᠠᠷᠢᠯᠠᠨ | ᠲᠣᠭᠲᠠᠭᠠᠨ᠎ᠠ᠃ ᠬᠢᠵᠢᠭ ᠤᠨ ᠪᠠᠶᠢᠳᠠᠯ ᠭᠠᠷᠤᠭᠰᠠᠨ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠪᠣᠶ ᠪᠦᠬᠦᠢ | ᠳᠤᠮᠳᠠ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠢ ᠬᠦᠴᠦᠨ ᠦᠭᠡᠢ ᠪᠣᠯᠭᠠᠭᠰᠠᠨ ᠤ ᠳᠠᠷᠠᠭ᠎ᠠ᠂ ᠪᠠᠶᠢᠭ᠎ᠠ | ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠪᠥᠬᠦ ᠬᠡᠪᠴᠢᠶᠡᠨ ᠳᠤ ᠪᠠᠶᠢᠩᠭᠤ ᠶᠢᠨ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠠᠪᠤᠨ᠎ᠠ᠃ ᠬᠢᠵᠢᠭ ᠤᠨ ᠪᠠᠶᠢᠳᠠᠯ ᠢ ᠰᠢᠢᠳᠪᠦᠷᠢᠯᠡᠬᠦ ᠶᠠᠪᠤᠴᠠ ᠳᠤ᠂ ᠬᠡᠷᠪᠡ ᠣᠨᠴᠠ ᠵᠠᠷᠢᠮ | ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠤᠨ ᠣᠷᠣᠰᠢᠨ ᠰᠠᠭᠤᠭ᠎ᠠ ᠭᠠᠵᠠᠷ᠂ | ᠠᠵᠢᠯᠯᠠᠵᠤ ᠪᠠᠶᠢᠭ᠎ᠠ ᠭᠠᠵᠠᠷ᠂ ᠠᠵᠢᠯᠯᠠᠭ᠎ᠠ ᠬᠢᠭᠰᠡᠨ ᠣᠷᠣᠨ ᠪᠦᠰᠡ ᠳᠠᠬᠢ ᠬᠠᠯᠳᠠᠪᠤᠷᠢᠯᠠᠬᠤ ᠲᠦᠭᠰᠢᠭᠦᠷᠢ ᠨᠢ | ᠨᠡᠯᠢᠶᠡᠳ ᠳᠣᠣᠷ᠎ᠠ᠂ ᠨᠢᠭᠲᠠ ᠣᠶᠢᠷᠠᠲᠤᠭᠰᠠᠳ ᠢ ᠨᠢ ᠨᠢᠭᠡᠨᠲᠡ ᠴᠠᠭ ᠲᠤᠬᠠᠢ ᠳᠤ ᠨᠢ ᠬᠠᠮᠢᠶᠠᠷᠤᠨ ᠡᠵᠡᠮᠳᠡᠵᠦ᠂ | ᠰᠤᠳᠤᠯᠤᠨ ᠮᠠᠭᠠᠳᠯᠠᠬᠤ ᠪᠠᠷ ᠳᠡᠮᠵᠢᠨ᠂ ᠨᠡᠶᠢᠭᠡᠮ ᠲᠣᠭᠤᠷᠢᠭ ᠤᠨ ᠬᠠᠯᠳᠠᠪᠤᠷᠢᠯᠠᠬᠤ ᠠᠶᠤᠯ ᠲᠦᠭᠰᠢᠭᠦᠷᠢ ᠦᠭᠡᠢ | ᠪᠠᠶᠢᠪᠠᠯ᠂ ᠲᠦᠭᠰᠢᠭᠦᠷᠢᠲᠦ ᠣᠷᠣᠨ ᠪᠦᠰᠡ ᠪᠠᠷ ᠵᠠᠭᠠᠭᠯᠠᠨ ᠲᠣᠭᠲᠠᠭᠠᠬᠤ ᠦᠭᠡᠢ ᠪᠠᠶᠢᠵᠤ ᠪᠣᠯᠣᠨ᠎ᠠ᠃ | ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠥᠮᠥᠰ ᠣᠷᠣᠨ ᠪᠦᠰᠡ ᠠᠯᠤᠰᠯᠠᠨ ᠭᠠᠳᠠᠭᠰᠢ | ᠭᠠᠷᠬᠤ ᠳᠤ ᠲᠤᠰᠠᠭᠠᠷᠯᠠᠬᠤ ᠴᠢᠬᠤᠯᠠ ᠦᠭᠡᠢ | ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠳᠤ ︽ᠬᠤᠪᠢ ᠬᠥᠮᠥᠨ ᠰᠡᠷᠭᠡᠶᠢᠯᠡᠨ ᠬᠠᠮᠠᠭᠠᠯᠠᠬᠤ᠂ | ᠴᠤᠭᠯᠠᠷᠠᠬᠤ ᠠᠴᠠ ᠵᠠᠶᠢᠯᠠᠰᠬᠢᠬᠦ︾ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠤᠨ᠎ᠠ᠃ ᠳᠣᠣᠷ᠎ᠠ ᠳᠡᠰ ᠤᠨ | ᠲᠦᠭᠰᠢᠭᠦᠷᠢᠲᠦ ᠭᠠᠵᠠᠷ ᠣᠷᠣᠨ ᠤ ᠬᠥᠮᠥᠰ ᠬᠡᠷᠪᠡ ᠪᠠᠶᠢᠭ᠎ᠠ ᠭᠠᠵᠠᠷ ᠣᠷᠣᠨ ᠪᠤᠶᠤ ᠬᠤᠲᠠ ᠠᠴᠠ ᠪᠠᠨ ᠰᠠᠯᠪᠠᠯ᠂ | 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ | ᠶᠠᠪᠤᠬᠤ ᠬᠡᠷᠡᠭᠲᠡᠢ᠃ ᠣᠷᠣᠨ ᠪᠦᠰᠡ ᠠᠯᠤᠰᠯᠠᠨ ᠭᠠᠳᠠᠭᠰᠢ ᠭᠠᠷᠤᠭᠰᠠᠨ ᠳᠣᠣᠷ᠎ᠠ ᠳᠡᠰ ᠤᠨ ᠲᠦᠭᠰᠢᠭᠦᠷᠢᠲᠦ ᠭᠠᠵᠠᠷ | ᠣᠷᠣᠨ ᠤ ᠬᠥᠮᠥᠰ ᠲᠤ ᠲᠤᠰᠠᠭᠠᠷᠯᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠬᠤ ᠴᠢᠬᠤᠯᠠ ᠦᠭᠡᠢ᠂ ᠭᠡᠪᠡᠴᠦ | 3 ᠡᠳᠦᠷ ᠤᠨ ᠳᠣᠲᠣᠷ᠎ᠠ ᠬᠤᠶᠠᠷ ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢᠨ ᠬᠠᠮᠲᠤ ᠬᠤᠪᠢ | ᠬᠥᠮᠥᠨ ᠤ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠶᠢ ᠰᠠᠶᠢᠲᠤᠷ ᠬᠢᠬᠦ ᠶᠢ ᠱᠠᠭᠠᠷᠳᠠᠨ᠎ᠠ᠃ | ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ ᠪᠠ ᠨᠢᠭᠲᠠ ᠣᠶᠢᠷᠠᠲᠤᠭᠰᠠᠳ ᠤᠨ ᠲᠤᠰᠠᠭᠠᠷᠯᠠᠬᠤ | ᠬᠤᠭᠤᠴᠠᠭ᠎ᠠ ᠶᠢ ᠪᠣᠭᠤᠨᠢᠰᠬᠠᠵᠤ ᠪᠠᠶᠢᠭ᠎ᠠ ᠨᠢ ᠰᠡᠷᠭᠡᠶᠢᠯᠡᠨ ᠡᠵᠡᠮᠳᠡᠬᠦ ᠶᠢ ᠰᠤᠯᠠᠷᠠᠭᠤᠯᠵᠤ ᠪᠠᠶᠢᠭ᠎ᠠ ᠶᠠᠪᠤᠳᠠᠯ ᠣᠭᠲᠣ | ᠪᠢᠰᠢ | ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ᠂ ᠨᠢᠭᠲᠠ ᠣᠶᠢᠷᠠᠲᠤᠭᠰᠠᠳ ᠪᠠ ᠬᠢᠯᠢ ᠶᠢᠨ | ᠭᠠᠳᠠᠨ᠎ᠠ ᠠᠴᠠ ᠣᠷᠣᠵᠤ ᠢᠷᠡᠭᠰᠡᠳ ᠤᠨ ᠲᠤᠰᠠᠭᠠᠷᠯᠠᠬᠤ ᠬᠤᠭᠤᠴᠠᠭ᠎ᠠ ᠶᠢ ︽14 ᠡᠳᠦᠷ ᠲᠥᠪᠯᠡᠷᠡᠭᠦᠯᠦᠨ | ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 7 ᠡᠳᠦᠷ ᠭᠡᠷ ᠲᠤ ᠪᠠᠨ ᠰᠠᠭᠤᠵᠤ ᠡᠷᠡᠭᠦᠯ | ᠮᠡᠨᠳᠦ ᠶᠢᠨ ᠬᠢᠨᠠᠨ ᠰᠢᠨᠵᠢᠯᠡᠯᠲᠡ ᠬᠢᠬᠦ︾ ᠠᠴᠠ ︽7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ | ᠤᠬᠠᠭᠠᠨ ᠤ ᠠᠵᠢᠭᠯᠠᠯᠲᠠ ᠬᠢᠬᠦ + 3 ᠡᠳᠦᠷ ᠭᠡᠷ ᠲᠤ ᠪᠠᠨ ᠰᠠᠭᠤᠵᠤ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ | ᠬᠢᠬᠦ︾ ᠪᠣᠯᠭᠠᠨ ᠲᠣᠬᠢᠷᠠᠭᠤᠯᠤᠭᠰᠠᠨ ᠨᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ︽ᠠᠭᠤᠵᠢᠭᠤ︾ | ᠪᠣᠯᠭᠠᠭᠰᠠᠨ ᠢ ᠬᠠᠷᠠᠭᠤᠯᠵᠤ ᠪᠠᠶᠢᠭ᠎ᠠ ᠪᠢᠰᠢ᠃ ᠡᠨᠡ ᠨᠢ ᠤᠮᠢᠺᠧᠷᠤᠨ ᠤ ᠣᠨᠳᠣᠣᠰᠢᠭᠰᠠᠨ ᠸᠢᠷᠦ᠋ᠰ ᠤᠨ ᠲᠠᠷᠬᠠᠭᠠᠬᠤ | ᠣᠨᠴᠠᠯᠢᠭ ᠢ ᠦᠨᠳᠦᠰᠦᠯᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠦᠭᠰᠡᠨ ᠠᠴᠠ ᠪᠢᠰᠢ᠂ ᠰᠡᠷᠭᠡᠶᠢᠯᠡᠨ ᠡᠵᠡᠮᠳᠡᠬᠦ ᠡᠷᠴᠢᠮ ᠢ ᠰᠤᠯᠠᠷᠠᠭᠤᠯᠵᠤ ᠪᠠᠶᠢᠭ᠎ᠠ ᠶᠠᠪᠤᠳᠠᠯ ᠣᠭᠲᠣ | ᠪᠢᠰᠢ᠂ ᠬᠢᠵᠢᠭ ᠤᠨ ᠬᠠᠯᠳᠠᠪᠤᠷᠢᠯᠠᠬᠤ ᠲᠦᠭᠰᠢᠭᠦᠷᠢ ᠶᠢ ᠨᠡᠮᠡᠭᠳᠡᠭᠦᠯᠬᠦ ᠦᠭᠡᠢ᠂ ᠤᠯᠠᠮ ᠨᠠᠷᠢᠯᠢᠭ ᠣᠨᠣᠴᠠᠲᠠᠢ ᠪᠠᠷ | ᠰᠡᠷᠭᠡᠶᠢᠯᠡᠨ ᠡᠵᠡᠮᠳᠡᠬᠦ ᠶᠢᠨ ᠢᠯᠡᠷᠡᠯ ᠮᠥᠨ᠃ ᠡᠭᠦᠨ ᠳᠤ ᠱᠠᠭᠠᠷᠳᠠᠯᠭ᠎ᠠ ᠨᠢ ᠨᠠᠩ ᠥᠨᠳᠥᠷ ᠪᠣᠯᠵᠤ᠂ ᠨᠠᠩ | ᠵᠢᠷᠤᠮᠵᠢᠭᠤᠨ᠂ ᠨᠠᠩ ᠣᠨᠣᠪᠴᠢᠲᠠᠶ᠂ ᠨᠠᠩ ᠲᠦᠷᠭᠡᠨ ᠪᠠᠶᠢᠬᠤ ᠶᠢ ᠱᠠᠭᠠᠷᠳᠠᠵᠤ ᠪᠤᠢ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠶᠢᠨ ᠵᠠᠩᠭᠢᠯᠠᠭ᠎ᠠ ᠨᠢ ᠬᠠᠮᠢᠶᠠᠷᠬᠤ ᠴᠢᠬᠤᠯᠠ ᠲᠠᠢ ᠭᠤᠣᠯᠳᠠᠯᠭ᠎ᠠ ᠲᠠᠢ ᠲᠦᠭᠰᠢᠭᠦᠷᠢ ᠶᠢ | ᠰᠠᠶᠢᠲᠤᠷ ᠬᠠᠮᠢᠶᠠᠷᠴᠤ᠂ ᠨᠠᠶᠢᠳᠠᠪᠤᠷᠢᠵᠢᠭᠤᠯᠬᠤ ᠴᠢᠬᠤᠯᠠᠲᠠᠢ ᠶᠢ ᠨᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠦᠴᠦᠨ | ᠦᠭᠡᠢ ᠪᠣᠯᠭᠠᠬᠤ ᠴᠢᠬᠤᠯᠠᠲᠠᠢ ᠶᠢ ᠨᠢ ᠡᠷᠡᠰ ᠬᠦᠴᠦᠨ ᠦᠭᠡᠢ ᠪᠣᠯᠭᠠᠬᠤ ᠶᠠᠪᠤᠳᠠᠯ ᠪᠣᠯᠣᠨ᠎ᠠ᠃ ︽ᠭᠠᠳᠠᠨ᠎ᠠ ᠠᠴᠠ | ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠲᠠᠬᠢᠨ ᠥᠷᠪᠢᠰᠬᠦ ᠶᠢ ᠰᠡᠷᠭᠡᠶᠢᠯᠡᠬᠦ︾ | ᠶᠡᠷᠦᠩᠬᠡᠢ ᠠᠷᠭ᠎ᠠ ᠪᠣᠳᠣᠯᠭ᠎ᠠ ᠪᠠ ︽ᠬᠥᠳᠡᠯᠦᠩᠭᠦᠢ ᠪᠠᠷ ᠲᠡᠭ ᠪᠣᠯᠭᠠᠬᠤ︾ ᠶᠡᠷᠦᠩᠬᠡᠢ ᠴᠢᠭᠯᠡᠯᠲᠡ ᠶᠢ ᠭᠤᠶᠢᠪᠢᠰᠢ | ᠦᠭᠡᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨᠴᠢ ᠴᠢᠨᠠᠷ᠂ ᠨᠠᠷᠢᠯᠢᠭ | ᠣᠨᠣᠪᠴᠢᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠬᠢ ᠪᠠᠶᠠᠯᠢᠭ ᠢ ᠭᠦᠢᠴᠡᠳ ᠠᠰᠢᠭᠯᠠᠨ᠂ | ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠎ᠡ᠃ ᠲᠦᠷᠦ ᠶᠢᠨ ᠶᠠᠪᠤᠳᠠᠯ ᠤᠨ ᠬᠤᠷᠢᠶᠠᠨ ᠤ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠠᠴᠠ | ᠠᠵᠢᠯᠯᠠᠬᠤ ᠳᠤᠭᠤᠶᠢᠯᠠᠩ ᠲᠣᠮᠢᠯᠠᠵᠤ᠂ ᠣᠷᠣᠨ ᠨᠤᠲᠤᠭ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ | ᠵᠢᠯᠣᠭᠤᠳᠬᠤ ᠪᠠᠷ ᠪᠤᠢ᠃ | ᠣᠳᠣᠬᠠᠨ ᠳᠤ᠂ ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠤᠨ ᠪᠥᠬᠦ ᠠᠭᠤᠯᠭ᠎ᠠ ᠳᠤ | ᠲᠠᠶᠢᠯᠤᠮᠵᠢ ᠬᠢᠭᠰᠡᠨ ᠪᠢᠴᠢᠭ ᠮᠠᠲ᠋ᠧᠷᠢᠶᠠᠯ ᠢ ᠨᠢᠭᠡᠨᠲᠡ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠠᠯᠪᠠᠨ ᠰᠦᠯᠵᠢᠶ᠎ᠡ ᠳᠤ ᠲᠠᠯᠪᠢᠵᠤ᠂ ᠠᠷᠠᠳ ᠣᠯᠠᠨ ᠤ ᠪᠠᠭᠤᠯᠭᠠᠨ ᠠᠪᠴᠤ ᠪᠠᠶᠢᠴᠠᠭᠠᠨ ᠦᠵᠡᠬᠦ ᠳᠤ | ᠪᠡᠯᠡᠬᠡᠨ ᠪᠣᠯᠭᠠᠪᠠ᠃ | ᠣᠳᠣᠬᠠᠨ ᠤ ᠡᠨᠡ ᠬᠦ ᠬᠤᠭᠤᠴᠠᠭᠠᠨ ᠳᠤ ᠰᠢᠨ᠎ᠡ ᠬᠡᠯᠪᠡᠷᠢ ᠶᠢᠨ ᠰᠡᠷᠭᠡᠶᠢᠯᠡᠨ ᠡᠵᠡᠮᠳᠡᠬᠦ ᠲᠥᠰᠥᠯ ᠢ | ᠨᠡᠶᠢᠲᠡᠯᠡᠭᠰᠡᠨ ᠨᠢ ᠭᠤᠷᠪᠠᠨ ᠲᠠᠯ᠎ᠠ ᠠᠴᠠ ᠪᠣᠳᠣᠯᠬᠢᠯᠠᠪᠠ | ᠨᠢᠭᠡ ᠳᠤ᠂ ᠬᠢᠵᠢᠭ ᠤᠨ ᠪᠠᠶᠢᠳᠠᠯ ᠤᠨ ᠬᠤᠪᠢᠷᠠᠯᠲᠠ᠃ ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ | ᠥᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠳᠡᠯᠡᠬᠡᠢ ᠶᠢᠨ ᠬᠡᠪᠴᠢᠶᠡᠨ ᠳᠤ ᠦᠷᠭᠦᠯᠵᠢᠯᠡᠨ ᠳᠡᠯᠭᠡᠷᠡᠵᠦ ᠪᠠᠶᠢᠨ᠎ᠠ᠃ | ᠡᠨᠡ ᠵᠢᠯ ᠠᠴᠠ ᠨᠠᠭᠠᠰᠢ ᠪᠥᠬᠦ ᠤᠯᠤᠰ ᠤᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢᠯᠡᠳᠲᠡ ᠨᠡᠮᠡᠭᠳᠡᠵᠦ᠂ | ᠬᠢᠵᠢᠭ ᠤᠨ ᠪᠠᠶᠢᠳᠠᠯ ᠤᠨ ᠬᠠᠮᠤᠷᠤᠭᠰᠠᠨ ᠭᠠᠵᠠᠷ ᠣᠷᠣᠨ ᠤ ᠬᠡᠪᠴᠢᠶ᠎ᠡ ᠨᠡᠯᠢᠶᠡᠳ ᠥᠷᠭᠡᠨ ᠪᠠᠶᠢᠵᠤ᠂ ᠢᠯᠠᠩᠭᠤᠶ᠎ᠠ | ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ᠂ | ᠪᠡᠭᠡᠵᠢᠩ ᠲᠢᠶᠠᠨᠵᠢᠨ ᠾᠧᠪᠧᠢ ᠪᠣᠯᠣᠨ ᠬᠢᠯᠢ ᠶᠢᠨ ᠪᠣᠭᠤᠮᠲᠠ ᠶᠢᠨ ᠬᠤᠲᠠ ᠵᠡᠷᠭᠡ ᠳᠤ ᠳᠠᠭᠠᠷᠢᠯᠲᠠ ᠪᠣᠯᠵᠤ᠂ ᠮᠠᠨ ᠤ | ᠤᠯᠤᠰ ᠤᠨ ︽ᠭᠠᠳᠠᠭᠠᠳᠤ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠳᠠᠬᠢᠨ | ᠥᠷᠪᠢᠰᠬᠦ ᠶᠢ ᠰᠡᠷᠭᠡᠶᠢᠯᠡᠬᠦ︾ ᠳᠠᠷᠤᠯᠲᠠ ᠲᠠᠰᠤᠷᠠᠯᠲᠠ ᠦᠭᠡᠢ ᠨᠡᠮᠡᠭᠳᠡᠵᠦ ᠂ ᠰᠡᠷᠭᠡᠶᠢᠯᠡᠨ ᠡᠵᠡᠮᠳᠡᠬᠦ ᠪᠠᠶᠢᠳᠠᠯ ᠨᠠᠩ | ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠢ ᠪᠣᠯᠵᠤ ᠪᠠᠶᠢᠨ᠎ᠠ᠃ ᠣᠶᠢᠷ᠎ᠠ ᠶᠢᠨ ᠨᠢᠭᠡ ᠰᠠᠷ᠎ᠠ ᠶᠢᠨ ᠲᠤᠷᠰᠢ᠂ | ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠢ ᠪᠠᠶᠢᠳᠠᠯ ᠲᠣᠭᠲᠠᠭᠤᠨ ᠤ ᠳᠤᠮᠳᠠ | ᠰᠠᠶᠢᠵᠢᠷᠠᠵᠤ᠂ ᠠᠷᠭ᠎ᠠ ᠴᠢᠨᠠᠷᠲᠠᠢ ᠬᠠᠯᠳᠠᠪᠤᠷᠢᠯᠠᠭᠰᠠᠳ ᠤᠨ ᠲᠤᠭ᠎ᠠ ᠦᠷᠭᠦᠯᠵᠢᠯᠡᠨ ᠪᠠᠭᠠᠰᠴᠤ᠂ ᠬᠢᠵᠢᠭ ᠤᠨ | ᠪᠠᠶᠢᠳᠠᠯ ᠲᠠᠢ ᠭᠠᠵᠠᠷ ᠣᠷᠣᠨ ᠤ ᠲᠤᠭ᠎ᠠ ᠴᠤ ᠴᠥᠬᠡᠷᠡᠵᠦ᠂ ᠰᠡᠷᠭᠡᠶᠢᠯᠡᠨ ᠡᠵᠡᠮᠳᠡᠬᠦ ᠲᠥᠰᠥᠯ ᠢ ᠰᠢᠯᠢᠳᠡᠭᠵᠢᠭᠦᠯᠦᠨ | ᠲᠣᠬᠢᠷᠠᠭᠤᠯᠬᠤ ᠳᠤ ᠴᠣᠩᠬᠤᠪᠴᠢ ᠶᠢᠨ ᠬᠤᠭᠤᠴᠠᠭ᠎ᠠ ᠶᠢ ᠡᠭᠦᠳᠴᠦ ᠥᠭᠭᠦᠭᠰᠡᠨ ᠪᠠᠶᠢᠨ᠎ᠠ᠃ | ᠬᠤᠶᠠᠷ ᠲᠤ᠂ ᠸᠢᠷᠦ᠋ᠰ ᠤᠨ ᠣᠨᠳᠣᠣᠰᠢᠯ ᠤᠨ ᠣᠨᠴᠠᠯᠢᠭ᠃ ᠣᠮᠢᠺᠷᠦᠨ ᠤ ᠣᠨᠳᠣᠣᠰᠢᠭᠰᠠᠨ ᠸᠢᠷᠦ᠋ᠰ ᠨᠢ | ᠨᠢᠭᠡᠨᠲᠡ ᠮᠠᠨ ᠤ ᠤᠯᠤᠰ ᠤᠨ ᠬᠢᠯᠢ ᠶᠢᠨ ᠭᠠᠳᠠᠨ᠎ᠠ ᠠᠴᠠ ᠬᠠᠯᠳᠠᠪᠤᠷᠢᠯᠠᠭᠰᠠᠨ ᠪᠠ ᠲᠤᠬᠠᠢ ᠶᠢᠨ ᠭᠠᠵᠠᠷ ᠤᠨ | ᠬᠢᠵᠢᠭ ᠤᠨ ᠪᠠᠶᠢᠳᠠᠯ ᠤᠨ ᠳᠠᠪᠠᠭᠤᠯᠢᠭ ᠸᠢᠷᠦ᠋ᠰ ᠪᠣᠯᠤᠭᠰᠠᠨ ᠪᠠᠶᠢᠨ᠎ᠠ᠃ ᠰᠤᠳᠤᠯᠭᠠᠨ ᠢᠶᠠᠷ ᠢᠯᠡᠷᠡᠭᠦᠯᠦᠭᠰᠡᠨ ᠨᠢ᠂ | ᠣᠮᠢᠺᠷᠦᠨ ᠣᠨᠳᠣᠣᠰᠢᠭᠰᠠᠨ ᠸᠢᠷᠦ᠋ᠰ ᠤᠨ ᠳᠤᠮᠳᠠᠴᠢ ᠨᠢᠭᠤᠭᠳᠠᠮᠠᠯ ᠬᠤᠭᠤᠴᠠᠭ᠎ᠠ ᠨᠢ ᠪᠣᠭᠤᠨᠢ ᠪᠣᠯᠵᠤ᠂ | ᠣᠯᠠᠩᠬᠢ ᠨᠢ 2 — 4 ᠡᠳᠦᠷ ᠪᠠᠶᠢᠵᠤ᠂ ᠵᠣᠩᠬᠢᠯᠠᠬᠤ ᠬᠡᠰᠡᠭ ᠢ ᠨᠢ ᠴᠥᠮ 7 ᠡᠳᠦᠷ ᠤᠨ ᠳᠣᠲᠣᠷ᠎ᠠ ᠪᠠᠶᠢᠴᠠᠭᠠᠨ | ᠭᠠᠷᠭᠠᠵᠤ ᠴᠢᠳᠠᠬᠤ ᠪᠣᠯᠵᠠᠢ᠃ | ᠭᠤᠷᠪᠠ ᠳᠤ᠂ ᠡᠮᠦᠨᠡᠬᠢ ᠬᠤᠭᠤᠴᠠᠭᠠᠨ ᠤ ᠲᠤᠷᠰᠢᠯᠲᠠ ᠶᠢᠨ ᠴᠡᠭ ᠤᠨ ᠲᠤᠬᠠᠢ ᠰᠤᠳᠤᠯᠤᠯ᠃ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ 4 — 5 ᠳ᠋ᠤᠭᠠᠷ ᠰᠠᠷ᠎ᠠ ᠶᠢᠨ ᠬᠤᠭᠤᠷᠣᠨᠳᠤ ᠳ᠋ᠠᠯᠢᠶᠠᠨ᠂ | ᠰᠦᠵᠧᠦ᠂ ᠨᠢᠩᠪᠦ᠋ᠸᠧ᠂ ᠰᠢᠶᠠᠮᠧᠨ᠂ ᠴᠢᠩᠳᠣᠣ᠂ ᠭᠤᠸᠠᠩᠵᠧᠦ ᠪᠣᠯᠣᠨ ᠴᠧᠩᠳᠦ᠋ ᠵᠡᠷᠭᠡ 7 ᠬᠤᠲᠠ ᠳᠤ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠰᠢᠯᠢᠳᠡᠭᠵᠢᠭᠦᠯᠬᠦ ᠲᠤᠷᠰᠢᠯᠲᠠ ᠶᠢᠨ ᠴᠡᠭ ᠤᠨ ᠰᠤᠳᠤᠯᠭᠠᠨ ᠤ ᠠᠵᠢᠯ ᠢ ᠨᠢᠭᠡ ᠰᠠᠷ᠎ᠠ ᠶᠢᠨ ᠬᠤᠭᠤᠴᠠᠭ᠎ᠠ ᠲᠠᠢ | ᠥᠷᠨᠢᠭᠦᠯᠵᠦ᠂ ᠶᠡᠭᠡ ᠬᠡᠮᠵᠢᠶᠡᠨ ᠤ ᠰᠢᠨᠵᠢᠯᠡᠬᠦ ᠤᠬᠠᠭᠠᠨᠴᠢ ᠦᠨᠳᠦᠰᠦᠯᠡᠯ ᠢ ᠣᠯᠣᠭᠰᠠᠨ ᠪᠠᠶᠢᠨ᠎ᠠ᠃ ᠡᠭᠦᠨ ᠤ | ᠵᠡᠷᠭᠡ ᠳᠤ᠂ ᠡᠯ᠎ᠡ ᠭᠠᠵᠠᠷ ᠤᠨ ᠰᠡᠷᠭᠡᠶᠢᠯᠡᠨ ᠡᠵᠡᠮᠳᠡᠬᠦ ᠠᠵᠢᠯ ᠤᠨ ᠦᠢᠯᠡᠳᠦᠯᠭᠡ᠂ ᠢᠯᠠᠩᠭᠤᠶ᠎ᠠ ᠱᠠᠩᠬᠠᠢ᠂ ᠭᠢᠷᠢᠨ | ᠵᠡᠷᠭᠡ ᠭᠠᠵᠠᠷ ᠤᠨ ᠬᠢᠵᠢᠭ ᠤᠨ ᠪᠠᠶᠢᠳᠠᠯ ᠢ ᠶᠡᠭᠡ ᠬᠡᠪᠴᠢᠶ᠎ᠡ ᠪᠠᠷ ᠰᠢᠢᠳᠪᠦᠷᠢᠯᠡᠭᠰᠡᠨ ᠲᠤᠷᠰᠢᠯᠭ᠎ᠠ ᠰᠤᠷᠭᠠᠮᠵᠢ ᠲᠠᠢ | ᠤᠶᠠᠯᠳᠤᠭᠤᠯᠤᠨ᠂ ᠪᠠᠰᠠ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠳᠡᠭᠡᠷ᠎ᠡ ᠬᠠᠭᠠᠰ | ᠵᠢᠯ ᠳᠤ ᠨᠡᠶᠢᠲᠡᠯᠡᠭᠰᠡᠨ ᠵᠦᠭᠯᠡᠭᠦᠷ ᠢᠶᠠᠷ ᠯᠠᠪᠯᠠᠯᠲᠠ ᠪᠣᠯᠭᠠᠵᠤ᠂ ᠰᠡᠷᠭᠡᠶᠢᠯᠡᠨ ᠡᠵᠡᠮᠳᠡᠬᠦ ᠲᠥᠰᠥᠯ ᠳᠤ ᠵᠠᠰᠠᠪᠤᠷᠢ | ᠣᠷᠣᠭᠤᠯᠤᠭᠰᠠᠨ ᠪᠠᠶᠢᠨ᠎ᠠ᠃ | ᠲᠦᠭᠰᠢᠭᠦᠷᠢᠲᠡᠢ ᠠᠵᠢᠯ ᠮᠡᠷᠭᠡᠵᠢᠯ ᠤᠨ ᠬᠥᠮᠥᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠤᠳᠠᠭ᠎ᠠ | ᠳᠠᠪᠲᠠᠮᠵᠢ ᠶᠢ ᠨᠡᠮᠡᠭᠳᠡᠭᠦᠯᠪᠡ | ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠢ ᠥᠩᠭᠡᠷᠡᠭᠰᠡᠨ ᠤ ᠪᠠᠶᠢᠩᠭᠤ ᠶᠢᠨ ᠬᠢᠨᠠᠨ | ᠰᠢᠨᠵᠢᠯᠡᠯᠲᠡ ᠶᠢᠨ ᠰᠠᠭᠤᠷᠢᠨ ᠳᠡᠭᠡᠷ᠎ᠡ᠂ ᠲᠦᠭᠰᠢᠭᠦᠷᠢᠲᠡᠢ ᠠᠵᠢᠯ ᠮᠡᠷᠭᠡᠵᠢᠯ ᠤᠨ ᠬᠥᠮᠥᠰ ᠤᠨ ᠪᠥᠭᠡᠮ ᠬᠦᠴᠢᠯ ᠤᠨ | ᠪᠠᠶᠢᠴᠠᠭᠠᠯᠲᠠ ᠶᠢᠨ ᠤᠳᠠᠭ᠎ᠠ ᠶᠢ ᠨᠡᠮᠡᠭᠳᠡᠭᠦᠯᠵᠦ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ᠂ ᠡᠳ᠋ ᠪᠣᠳᠠᠰ᠂ | ᠣᠷᠴᠢᠨ ᠲᠣᠭᠤᠷᠢᠨ ᠲᠠᠢ ᠰᠢᠭᠤᠳ ᠣᠶᠢᠷᠠᠳᠬᠤ ᠬᠥᠮᠥᠰ ︵ᠵᠢᠱᠢᠶᠡᠯᠡᠪᠡᠯ ᠬᠢᠯᠢ ᠠᠯᠤᠰᠯᠠᠭᠰᠠᠨ ᠵᠠᠮ | ᠬᠠᠷᠢᠯᠴᠠᠭᠠᠨ ᠤ ᠪᠠᠭᠠᠵᠢ ᠬᠡᠷᠡᠭᠰᠡᠯ ᠤᠨ ᠵᠢᠯᠣᠭᠤᠴᠢ᠂ ᠴᠡᠪᠡᠷᠯᠡᠭᠴᠢ᠂ ᠰᠡᠯᠪᠢᠨ ᠵᠠᠰᠠᠭᠴᠢ ᠵᠡᠷᠭᠡ ᠬᠥᠮᠥᠰ᠂ ᠬᠢᠯᠢ ᠶᠢᠨ | ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠡᠳ᠋ ᠪᠣᠳᠠᠰ ᠢ ᠵᠥᠭᠡᠭᠡᠪᠦᠷᠢᠯᠡᠬᠦ ᠬᠥᠮᠥᠰ᠂ ᠪᠣᠭᠤᠮᠲᠠ᠂ ᠨᠡᠭᠦᠳᠡᠯ | ᠠᠷᠠᠳ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ ᠪᠠ ᠡᠳ᠋ | ᠪᠣᠳᠠᠰ ᠲᠠᠢ ᠰᠢᠭᠤᠳ ᠣᠶᠢᠷᠠᠳᠬᠤ ᠨᠢᠭᠡᠳᠦᠭᠡᠷ ᠹᠷᠣᠨᠲ ᠤᠨ ᠬᠥᠮᠥᠰ ᠵᠡᠷᠭᠡ︶᠂ ᠲᠥᠪᠯᠡᠷᠡᠭᠦᠯᠦᠨ ᠲᠤᠰᠠᠭᠠᠷᠯᠠᠬᠤ | ᠲᠠᠯᠠᠪᠤᠷ ᠭᠠᠵᠠᠷ ᠤᠨ ᠠᠵᠢᠯᠲᠠᠨ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠪᠣᠯᠣᠨ ᠡᠩ ᠤᠨ | ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠶᠢᠨ ᠠᠵᠢᠯᠲᠠᠨ ᠵᠡᠷᠭᠡ ᠳᠤ ᠡᠳᠦᠷ ᠪᠦᠷᠢ | ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠠᠵᠢᠯ ᠡᠷᠭᠢᠯᠡᠬᠦ ᠣᠷᠴᠢᠨ ᠲᠣᠭᠤᠷᠢᠨ ᠤ ᠠᠵᠢᠯᠲᠠᠨ | ᠨᠢᠭᠲᠠᠷᠠᠭᠰᠠᠨ᠂ ᠣᠶᠢᠷᠠᠳᠬᠤ ᠬᠥᠮᠥᠨ ᠣᠯᠠᠰᠢᠷᠠᠭᠰᠠᠨ᠂ ᠰᠢᠯᠵᠢᠮᠡᠯ ᠴᠢᠨᠠᠷ ᠢᠶᠠᠷ ᠴᠢᠩᠭ᠎ᠠ ᠠᠵᠢᠯ ᠡᠷᠬᠢᠯᠡᠭᠰᠡᠳ ︵ | ᠲᠦᠷᠭᠡᠨ ᠬᠦᠷᠭᠡᠯᠲᠡ᠂ ᠵᠠᠬᠢᠶᠠᠯᠠᠭ᠎ᠠ ᠶᠢᠨ ᠬᠤᠭᠤᠯᠠ ᠬᠦᠷᠭᠡᠭᠰᠡᠳ᠂ ᠪᠠᠭᠤᠳᠠᠯ ᠤᠨ ᠦᠢᠯᠡᠴᠢᠯᠡᠭᠡ᠂ ᠵᠠᠰᠠᠵᠤ | ᠴᠢᠮᠡᠭᠯᠡᠬᠦ ᠪᠠ ᠠᠴᠢᠶᠠᠯᠠᠵᠤ ᠪᠠᠭᠤᠯᠭᠠᠬᠤ ᠦᠢᠯᠡᠴᠢᠯᠡᠭᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡ᠂ | ᠬᠤᠳᠠᠯᠳᠤᠭ᠎ᠠ ᠬᠡᠲᠦ ᠳᠡᠯᠭᠡᠭᠦᠷ ᠪᠠ ᠲᠠᠷᠢᠶᠠᠯᠠᠩ ᠤᠨ ᠪᠦᠲᠦᠭᠡᠭᠳᠡᠬᠦᠨ ᠤ ᠴᠤᠭᠯᠠᠭ᠎ᠠ ᠮᠠᠶᠢᠮᠠᠢ ᠶᠢᠨ ᠵᠠᠬ᠎ᠠ | ᠳᠡᠯᠭᠡᠭᠦᠷ ᠤᠨ ᠠᠵᠢᠯᠲᠠᠨ ᠵᠡᠷᠭᠡ︶ ᠵᠢᠴᠢ ᠡᠩ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ | ᠡᠮᠨᠡᠯᠭᠡ ᠠᠴᠠ ᠪᠤᠰᠤᠳ ᠰᠠᠯᠠᠭ᠎ᠠ ᠲᠠᠰᠤᠭ ᠤᠨ ᠠᠵᠢᠯᠲᠠᠳ ᠲᠤ ᠭᠠᠷᠠᠭ ᠪᠦᠷᠢ ᠬᠤᠶᠠᠷ ᠤᠳᠠᠭ᠎ᠠ ᠪᠥᠭᠡᠮ | ᠬᠦᠴᠢᠯ ᠤᠨ ᠪᠠᠶᠢᠴᠠᠭᠠᠯᠲᠠ ᠬᠢᠨ᠎ᠡ᠃ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ | ᠬᠢᠵᠢᠭ ᠤᠨ ᠪᠠᠶᠢᠳᠠᠯ ᠤᠨ ᠲᠠᠷᠬᠠᠬᠤ ᠲᠦᠭᠰᠢᠭᠦᠷᠢ ᠶᠢ ᠦᠨᠳᠦᠰᠦᠯᠡᠨ ᠪᠥᠭᠡᠮ ᠬᠦᠴᠢᠯ ᠤᠨ ᠪᠠᠶᠢᠴᠠᠭᠠᠯᠲᠠ ᠶᠢᠨ | ᠤᠳᠠᠭ᠎ᠠ ᠳᠠᠪᠲᠠᠮᠵᠢ ᠶᠢ ᠨᠡᠮᠡᠭᠳᠡᠭᠦᠯᠦᠨ᠎ᠡ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠪᠠᠨ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ | ᠠᠰᠠᠭᠤᠳᠠᠯ ᠲᠤᠯᠭᠠᠷᠠᠪᠠᠯ᠂ ᠡᠲᠡᠭᠡᠷ ᠠᠷᠭ᠎ᠠ ᠵᠠᠮ ᠢᠶᠠᠷ ᠲᠤᠰᠬᠠᠵᠤ ᠪᠣᠯᠣᠨ᠎ᠠ | ︽ᠶᠢᠰᠦ ᠶᠢ ᠥᠯᠥ ᠵᠥᠪᠰᠢᠶᠡᠷᠡᠬᠦ︾ ᠱᠠᠭᠠᠷᠳᠠᠯᠭ᠎ᠠ ᠶᠢ ᠨᠡᠶᠢᠲᠡᠯᠡᠭᠰᠡᠨ ᠤ ᠳᠠᠷᠠᠭ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ | ᠳᠤᠭᠤᠶᠢᠯᠠᠩ ᠨᠢ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠢ ᠲᠠᠢ ᠬᠠᠮᠲᠤᠷᠠᠨ ︽ᠱᠠᠲᠤ ᠱᠠᠲᠤ ᠪᠠᠷ ᠱᠠᠭᠠᠷᠳᠠᠯᠭ᠎ᠠ | ᠨᠡᠮᠡᠬᠦ︾ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ ᠠᠩᠭᠢ ᠪᠠᠶᠢᠭᠤᠯᠵᠠᠢ᠃ ᠡᠨᠡ ᠬᠦ ᠲᠤᠰᠬᠠᠢ ᠠᠩᠭᠢ ᠨᠢ | ᠰᠤᠷᠭᠠᠨ ᠬᠥᠮᠦᠵᠢᠯ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ | ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠪᠣᠭᠤᠮᠲᠠ ᠶᠢᠨ ᠶᠡᠷᠦᠩᠬᠡᠢ ᠵᠠᠬᠢᠷᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ | ᠤᠯᠤᠰ ᠤᠨ ᠰᠢᠤᠳᠠᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠵᠡᠢ᠃ ᠡᠨᠡ ᠬᠦ ᠪᠦᠷᠢᠯᠳᠦᠭᠦᠨ | ᠰᠠᠯᠠᠭ᠎ᠠ ᠮᠥᠴᠢᠷ ᠨᠢ ᠪᠠᠰᠠ ᠪᠠᠶᠢᠳᠠᠯ ᠤᠨ ᠬᠡᠷᠡᠭᠴᠡᠭᠡ ᠶᠢ ᠦᠨᠳᠦᠰᠦᠯᠡᠨ ᠬᠤᠯᠪᠣᠭᠳᠠᠯ ᠪᠦᠬᠦᠢ ᠪᠦᠷᠢᠯᠳᠦᠭᠦᠨ | ᠨᠢᠭᠡᠴᠢ ᠶᠢ ᠨᠡᠮᠡᠬᠦ ᠪᠣᠯᠣᠮᠵᠢ ᠲᠠᠢ᠃ ᠲᠤᠰᠬᠠᠢ ᠠᠩᠭᠢ ᠨᠢ ᠭᠤᠣᠯᠳᠠᠭᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠶᠢ ᠳᠥᠭᠦᠮᠴᠢᠯᠡᠬᠦ᠂ ︽ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ︾᠂ ︽ᠱᠠᠲᠤ ᠱᠠᠲᠤ ᠪᠠᠷ ᠱᠠᠭᠠᠷᠳᠠᠯᠭ᠎ᠠ | ᠨᠡᠮᠡᠬᠦ︾ ᠵᠡᠷᠭᠡ ᠲᠣᠪᠤᠶᠢᠮ᠎ᠠ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠨ᠎ᠠ᠃ ᠡᠯ᠎ᠡ ᠭᠠᠵᠠᠷ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠵᠢᠭᠠᠨ ᠵᠢᠯᠤᠭᠤᠳᠴᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠶᠢᠰᠦ ᠶᠢ ᠦᠯᠦ ᠵᠥᠪᠰᠢᠶᠡᠷᠡᠬᠦ︾ ᠱᠠᠭᠠᠷᠳᠠᠯᠭ᠎ᠠ ᠶᠢ ᠴᠢᠩᠭ᠎ᠠ | ᠬᠡᠷᠡᠭᠵᠢᠭᠦᠯᠬᠦ ᠶᠢ ᠰᠢᠮᠳᠠᠭᠤᠯᠤᠨ᠎ᠠ᠃ ᠡᠮᠦᠨᠡᠬᠢ ᠬᠤᠭᠤᠴᠠᠭᠠᠨ ᠤ ᠪᠡᠯᠡᠳᠬᠡᠯ ᠢᠶᠠᠷ ᠳᠡᠮᠵᠢᠨ᠂ ᠣᠳᠣᠬᠠᠨ ᠳᠤ | ᠲᠤᠰᠬᠠᠢ ᠠᠩᠭᠢ ᠶᠢᠨ ᠪᠦᠷᠢᠯᠳᠦᠭᠦᠨ ᠨᠢᠭᠡᠴᠢ ᠨᠦᠭᠦᠳ ᠨᠢᠭᠡᠨᠲᠡ ᠲᠣᠰ ᠰᠠᠯᠠᠭ᠎ᠠ ᠮᠥᠴᠢᠷ ᠤᠨ ᠢᠶᠠᠨ ᠫᠤᠷᠲ᠋ᠧᠯ | ᠰᠦᠯᠵᠢᠶ᠎ᠡ ᠪᠠᠷ ᠳᠠᠮᠵᠢᠭᠤᠯᠤᠨ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠤᠨ ᠲᠤᠰᠬᠠᠢ ᠪᠤᠯᠤᠩ | ᠭᠠᠷᠭᠠᠭᠰᠠᠨ ᠪᠤᠶᠤ ᠢᠯᠡᠴᠢᠯᠡᠵᠦ ᠮᠡᠳᠡᠭᠦᠯᠬᠦ ᠤᠲᠠᠰᠤ ᠨᠡᠶᠢᠲᠡᠯᠡᠭᠰᠡᠨ ᠪᠠᠶᠢᠨ᠎ᠠ᠃ ᠣᠲᠣ ᠨᠢᠭᠡᠨᠲᠡ ᠨᠡᠶᠢᠭᠡᠮ | ᠨᠡᠶᠢᠲᠡ ᠠᠴᠠ ︽ᠶᠢᠰᠦ ᠶᠢ ᠥᠯᠥ ᠵᠥᠪᠰᠢᠶᠡᠷᠡᠬᠦ︾ ᠱᠠᠭᠠᠷᠳᠠᠯᠭ᠎ᠠ ᠶᠢ ᠵᠥᠷᠢᠴᠡᠭᠰᠡᠨ ᠠᠰᠠᠭᠤᠳᠠᠯ ᠤᠨ | ᠰᠦᠪᠡᠭᠴᠢ ᠶᠢ ᠴᠤᠭᠯᠠᠭᠤᠯᠵᠤ ᠪᠠᠶᠢᠨ᠎ᠠ᠂ ᠣᠯᠠᠨ ᠲᠦᠮᠡᠨ ᠰᠦᠯᠵᠢᠶ᠎ᠡ ᠪᠤᠶᠤ ᠤᠲᠠᠰᠤ ᠪᠠᠷ ᠢᠯᠡᠴᠢᠯᠡᠨ ᠮᠡᠳᠡᠭᠦᠯᠵᠦ | ᠪᠣᠯᠣᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠠᠴᠠ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠠᠯᠪᠠᠨ ᠰᠦᠯᠵᠢᠶ᠎ᠡ ᠶᠢᠨ ᠲᠦᠷᠦᠭᠦᠤ ᠨᠢᠭᠤᠷ ᠲᠤ ᠣᠯᠠᠨ ᠨᠡᠶᠢᠲᠡ ᠶᠢᠨ ᠦᠭᠡ ᠦᠯᠡᠳᠡᠭᠡᠬᠦ ᠰᠠᠮᠪᠠᠷ᠎ᠠ ᠶᠢ | ᠲᠣᠬᠢᠷᠠᠭᠤᠯᠪᠠ᠃ ︽ᠶᠢᠰᠦ ᠶᠢ ᠦᠯᠦ ᠵᠥᠪᠰᠢᠶᠡᠷᠡᠬᠦ︾ ᠱᠠᠭᠠᠷᠳᠠᠯᠭ᠎ᠠ ᠶᠢ ᠵᠦᠷᠢᠴᠡᠭᠰᠡᠨ ᠠᠰᠠᠭᠤᠳᠠᠯ ᠤᠨ | ᠰᠦᠪᠡᠭᠴᠢ ᠶᠢ ᠬᠢᠨᠠᠮᠠᠭᠠᠢ ᠬᠤᠷᠢᠶᠠᠩᠭᠤᠶᠢᠯᠠᠨ ᠡᠮᠬᠢᠯᠡᠵᠦ᠂ ᠣᠷᠣᠨ ᠨᠤᠲᠤᠭ ᠤᠨ ᠬᠢᠨ ᠢ ᠰᠢᠮᠳᠠᠭᠤᠯᠤᠨ ᠱᠠᠭᠠᠷᠳᠠᠵᠤ | ᠪᠠᠶᠢᠭᠠᠳ ᠠᠯᠢ ᠲᠦᠷᠭᠡᠨ ᠢᠶᠠᠷ ᠴᠡᠭᠴᠡᠯᠡᠨ ᠰᠠᠶᠢᠵᠢᠷᠠᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠨ᠎ᠡ᠃ | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠢ | ᠴᠡᠭᠴᠡᠯᠡᠨ ᠵᠠᠰᠠᠬᠤ ᠲᠤᠰᠬᠠᠢ ᠠᠩᠭᠢ ᠪᠠ ᠡᠯ᠎ᠡ ᠪᠦᠷᠢᠯᠳᠦᠭᠦᠨ ᠨᠢᠭᠡᠴᠢ ᠶᠢᠨ ᠬᠢᠨ ᠣᠯᠠᠨ ᠲᠦᠮᠡᠨ ᠤ ᠲᠤᠰᠬᠠᠭᠰᠠᠨ | ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠢ ᠬᠢᠨᠠᠮᠠᠭᠠᠢ ᠭᠥᠯᠢᠶᠡᠨ ᠠᠪᠴᠤ ᠬᠢᠨᠠᠨ ᠬᠠᠷᠭᠤᠭᠤᠯᠬᠤ | ᠪᠣᠯᠣᠨ᠎ᠠ᠃ | ᠡᠯ᠎ᠡ ᠭᠠᠵᠠᠷ ᠤᠨ ᠣᠯᠠᠨ ᠲᠦᠮᠡᠨ ᠤ ᠲᠤᠰᠬᠠᠭᠰᠠᠨ ᠣᠷᠣᠨ ᠨᠤᠲᠤᠭ ᠤᠨ ᠬᠢᠨ ᠤ ︽ᠱᠠᠲᠤ ᠱᠠᠲᠤ ᠪᠠᠷ | ᠱᠠᠭᠠᠷᠳᠠᠯᠭ᠎ᠠ ᠨᠡᠮᠡᠬᠦ︾ ᠠᠰᠠᠭᠤᠳᠠᠯ ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢᠨ ᠲᠤᠰᠠᠳᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠠᠴᠠ ᠪᠠᠰᠠ ᠡᠯ᠎ᠡ | ᠮᠤᠵᠢ ᠶᠢᠨ ᠱᠠᠲᠤᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢ ᠲᠥᠷᠥ ᠶᠢᠨ | ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ | ᠳᠤᠭᠤᠶᠢᠯᠠᠩ ᠤᠨ ᠲᠤᠰᠬᠠᠢ ᠠᠩᠭᠢ ᠶᠢᠨ ᠪᠦᠲᠦᠴᠡ ᠶᠣᠰᠣᠭᠠᠷ᠂ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ | ᠠᠰᠠᠭᠤᠳᠠᠯ ᠢ ᠴᠡᠭᠴᠡᠯᠡᠨ ᠵᠠᠰᠠᠬᠤ ᠮᠤᠵᠢ ᠶᠢᠨ ᠱᠠᠲᠤᠨ ᠤ ᠲᠤᠰᠬᠠᠢ ᠠᠩᠭᠢ ᠪᠠᠶᠢᠭᠤᠯᠬᠤ ᠶᠢ ᠱᠠᠭᠠᠷᠳᠠᠵᠤ ᠪᠤᠢ᠃ | ᠡᠭᠦᠨ ᠤ ᠵᠡᠷᠭᠡ ᠳᠤ ᠡᠯ᠎ᠡ ᠮᠤᠵᠢ ᠶᠢᠨ ᠱᠠᠲᠤᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ᠨᠢ ᠲᠤᠰ ᠮᠤᠵᠢ ᠶᠢᠨ ᠢᠶᠠᠨ ᠣᠯᠠᠨ ᠲᠦᠮᠡᠨ ᠤ ᠬᠢᠵᠢᠭ ᠤᠨ ᠪᠠᠶᠢᠳᠠᠯ ᠢ ᠵᠠᠭᠠᠯᠳᠤᠵᠤ ᠢᠯᠡᠴᠢᠯᠡᠨ | ᠮᠡᠳᠡᠭᠦᠯᠬᠦ ᠶᠢ ᠳᠥᠭᠦᠮᠴᠢᠯᠡᠬᠦ᠂ ︽ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ︾᠂ ︽ᠱᠠᠲᠤ ᠱᠠᠲᠤ ᠪᠠᠷ ᠱᠠᠭᠠᠷᠳᠠᠯᠭ᠎ᠠ | ᠨᠡᠮᠡᠬᠦ︾ ᠵᠡᠷᠭᠡ ᠠᠰᠠᠭᠤᠳᠠᠯ ᠢ ᠰᠠᠭᠠᠳ ᠦᠭᠡᠢ ᠨᠡᠪᠲᠡᠷᠡᠭᠦᠯᠬᠦ ᠪᠦᠲᠦᠮᠵᠢᠲᠡᠶ ᠠᠷᠭ᠎ᠠ ᠵᠠᠮ ᠢ ᠲᠦᠷᠭᠡᠬᠡᠨ | ᠨᠡᠪᠲᠡᠷᠡᠭᠦᠯᠬᠦ ᠶᠢᠨ ᠬᠠᠮᠲᠤ ᠲᠤᠰ ᠮᠤᠵᠢ ᠶᠢᠨ ᠣᠯᠠᠨ ᠲᠦᠮᠡᠨ ᠤ ᠵᠠᠭᠠᠯᠳᠤᠵᠤ ᠢᠯᠡᠴᠢᠯᠡᠨ ᠮᠡᠳᠡᠭᠦᠯᠦᠭᠰᠡᠨ | ᠬᠤᠯᠪᠣᠭᠳᠠᠯ ᠪᠦᠬᠦᠢ ᠠᠰᠠᠭᠤᠳᠠᠯ ᠤᠨ ᠰᠦᠪᠡᠭᠴᠢ ᠶᠢ ᠴᠠᠭ ᠲᠤᠬᠠᠢ ᠳᠤ ᠨᠢ ᠨᠡᠶᠢᠭᠡᠮ ᠳᠤ ᠨᠡᠶᠢᠲᠡᠯᠡᠵᠦ᠂ ᠬᠤᠷᠢᠶᠠᠨ | ᠴᠤᠭᠯᠠᠭᠤᠯᠵᠤ ᠬᠢᠨᠠᠨ ᠬᠠᠷᠭᠤᠭᠤᠯᠬᠤ ᠬᠡᠷᠡᠭᠲᠡᠢ ᠭᠡᠵᠦ ᠱᠠᠭᠠᠷᠳᠠᠪᠠ᠃ | | |