ᠤᠯᠠᠭᠠᠨᠬᠠᠳᠠ ᠬᠤᠲᠠ ᠡᠪᠡᠰᠦᠨ ᠤ ᠦᠷ᠎ᠡ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ ᠪᠣᠶ
ᠨᠡᠶᠢᠲᠡᠯᠡᠭᠰᠡᠨ ᠴᠠᠭ᠄
2022/8/16
     ᠤᠯᠠᠭᠠᠨᠬᠠᠳᠠ ᠬᠤᠲᠠ ᠶᠢᠨ ᠡᠪᠡᠰᠦᠨ ᠤ ᠦᠷ᠎ᠡ ᠶᠢᠨ ᠡᠬᠢ ᠪᠠᠶᠠᠯᠢᠭ ᠡᠯᠪᠡᠭ ᠪᠠᠶᠠᠯᠢᠭ ᠪᠠᠶᠢᠵᠤ᠂ ᠥᠪᠥᠷ ᠮᠣᠩᠭᠤᠯ ᠤᠨ ᠭᠤᠤᠯ ᠪᠣᠯᠬᠤ ᠤᠷᠤᠨ ᠨᠤᠲᠤᠭ ᠤᠨ ᠡᠪᠡᠰᠦᠨ ᠤ ᠦᠷ᠎ᠡ ᠶᠢᠨ ᠭᠤᠤᠯ ᠭᠠᠷᠤᠯᠲᠠ ᠶᠢᠨ ᠣᠷᠣᠨ ᠪᠠ ᠴᠢᠬᠤᠯᠠ ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠤᠨ᠎ᠠ᠂ ᠵᠢᠯ ᠪᠦᠷᠢ ᠴᠢᠨᠠᠷ ᠰᠠᠶᠢᠲᠠᠶ ᠲᠡᠵᠢᠭᠡᠯ ᠡᠪᠡᠰᠦ ᠪᠠ ᠲᠡᠵᠢᠭᠡᠯ ᠪᠣᠷᠳᠣᠭᠠᠨ ᠤ ᠲᠠᠷᠢᠮᠠᠯ ᠤᠨ ᠦᠷ᠎ᠡ ᠶᠢ 200---300 ᠲᠦᠮᠡᠨ ᠺᠢᠯᠣᠭ᠍ᠷᠠᠮ ᠬᠤᠷᠢᠶᠠᠵᠤ᠂ ᠬᠦᠷᠡᠩ ᠴᠠᠷᠭᠠᠰᠤ᠂  ᠲᠡᠷᠪᠡᠯᠵᠢ᠂ ᠦᠬᠡᠷ ᠬᠠᠷᠭᠠᠨ᠎ᠠ᠂ ᠶᠦᠷᠬᠦᠭ᠂ ᠬᠢᠶᠠᠭ᠂ ᠬᠦᠷᠪᠡᠭ ︵ᠬᠢᠩᠭᠠᠨ ᠬᠤᠵᠢᠰᠤ︶ ᠵᠡᠷᠭᠡ ᠡᠪᠡᠰᠦᠨ ᠤ ᠲᠦᠷᠦᠯ ᠢᠶᠠᠷ ᠭᠤᠤᠯ ᠪᠤᠯᠭᠠᠨ᠎ᠠ᠃ ᠲᠤᠬᠠᠶ ᠶᠢᠨ ᠭᠠᠵᠠᠷ ᠤᠨ ᠮᠠᠯ ᠠᠵᠤ ᠠᠬᠤᠶ ᠶᠢᠨ  ᠦᠢᠯᠡᠳᠪᠦᠷᠢᠯᠡᠯ ᠪᠠ ᠨᠤᠲᠤᠭ ᠪᠡᠯᠴᠢᠭᠡᠷ ᠤᠨ ᠪᠥᠲᠥᠭᠡᠨ ᠪᠠᠶᠢᠭᠤᠯᠤᠯᠲᠠ ᠶᠢᠨ ᠲᠡᠵᠢᠭᠡᠯ ᠡᠪᠡᠰᠦᠨ ᠤ ᠦᠷ᠎ᠡ ᠶᠢᠨ ᠬᠡᠷᠡᠭᠴᠡᠭᠡ ᠶᠢ ᠬᠠᠩᠭᠠᠬᠤ ᠪᠠᠷ ᠪᠠᠷᠠᠬᠤ ᠥᠬᠡᠶ᠂ ᠤᠯᠠᠭᠠᠨᠬᠠᠳᠠ ᠶᠢᠨ ᠬᠥᠷᠰᠢ ᠵᠡᠷᠭᠡᠯᠡᠳᠡᠭᠡ ᠭᠠᠵᠠᠷ ᠣᠷᠣᠨ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠰᠤᠳ ᠠᠶᠢᠮᠠᠭ ᠬᠤᠲᠠ ᠶᠢᠨ ᠬᠡᠷᠡᠭᠴᠡᠭᠡ ᠶᠢ ᠬᠠᠩᠭᠠᠳᠠᠭ᠃      ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠶ ᠶᠢᠨ ᠦᠢᠯᠡᠰ ᠤᠨ ︽ᠦᠷ᠎ᠡ ᠶᠢᠨ ᠢᠨᠵᠧᠨᠧᠷᠢᠩ︾᠎ ᠢ ᠬᠡᠷᠡᠭᠵᠢᠭᠦᠯᠦᠭᠰᠡᠨ ᠠᠴᠠ ᠨᠠᠰᠢ᠂ ᠪᠦᠬᠦ ᠬᠤᠲᠠ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠳᠤ ᠲᠦᠰᠢᠭᠯᠡᠨ 5 ᠲᠦᠮᠡᠨ ᠮᠦ ᠶᠢ ᠲᠠᠪᠠᠭᠰᠠᠨ ᠲᠡᠵᠢᠭᠡᠯ ᠡᠪᠡᠰᠦᠨ ᠤ ᠦᠷ᠎ᠡ ᠶᠢᠨ ᠰᠠᠭᠤᠷᠢᠨ ᠭᠠᠵᠠᠷ ᠤᠨ ᠪᠦᠲᠦᠭᠡᠨ ᠪᠠᠢᠭᠤᠯᠤᠯᠲᠠ ᠶᠢ ᠪᠡᠶᠡᠯᠡᠭᠦᠯᠪᠡ᠃ ᠵᠠᠯᠭᠠᠭ᠎ᠠ ᠪᠠᠷ ᠠᠤᠬᠠᠨ ᠴᠠᠷᠭᠠᠰᠤ᠂ ᠥᠪᠥᠷ ᠮᠣᠩᠭᠤᠯ ᠤᠨ  ᠦᠬᠡᠷ ᠬᠠᠷᠭᠠᠨ᠎ᠠ᠂ ᠤᠯᠠᠭᠠᠨᠬᠠᠳᠠ ᠶᠢᠨ  ᠲᠡᠷᠪᠡᠯᠵᠢ ᠵᠡᠷᠭᠡ ᠣᠯᠠᠨ ᠰᠢᠯᠢᠳᠡᠭ ᠪᠤᠷᠴᠠᠭ ᠤᠨ ᠢᠵᠠᠭᠤᠷ ᠤᠨ ᠲᠡᠵᠢᠭᠡᠯ ᠡᠪᠡᠰᠦᠨ ᠤ ᠲᠥᠷᠥᠯ ᠵᠦᠢᠯ ᠢ ᠪᠤᠶᠢᠵᠢᠭᠤᠯᠤᠨ᠂ ᠲᠡᠷᠡᠴᠢᠯᠡᠨ ᠤᠯᠤᠰ ᠤᠨ ᠲᠡᠵᠢᠭᠡᠯ ᠡᠪᠡᠰᠦᠨ ᠤ ᠡᠭᠦᠯᠳᠡᠷ ᠤᠨ ᠺᠣᠮᠢᠰ ᠤᠨ ᠬᠢᠨᠠᠨ ᠲᠣᠭᠲᠠᠭᠠᠯᠲᠠ ᠪᠠ ᠰᠢᠯᠭᠠᠨ ᠪᠠᠶᠢᠴᠠᠭᠠᠯᠲᠠ ᠶᠢ ᠥᠩᠭᠡᠷᠡᠭᠡᠭᠰᠡᠨ ᠪᠠᠶᠢᠨ᠎ᠠ᠃ ᠠᠤᠬᠠᠨ ᠤ ᠴᠠᠷᠭᠠᠰᠤ ᠨᠢ ᠤᠯᠠᠭᠠᠨᠬᠠᠳᠠ ᠬᠤᠲᠠ ᠶᠢᠨ ᠠᠩᠬᠠᠳᠠᠭᠴᠢ ᠤᠯᠤᠰ ᠤᠨ ᠡᠭᠦᠯᠳᠡᠷ ᠤᠨ ᠬᠢᠨᠠᠨ ᠲᠣᠭᠲᠠᠭᠠᠯᠲᠠ ᠶᠢ ᠥᠩᠭᠡᠷᠡᠭᠡᠭᠰᠡᠨ ᠣᠷᠣᠨ ᠨᠤᠲᠤᠭ ᠤᠨ ᠡᠭᠦᠯᠳᠡᠷ ᠪᠣᠯᠤᠭᠰᠠᠨ ᠤ ᠬᠤᠪᠢ ᠳᠤ᠂ ᠬᠡᠷᠡᠭᠯᠡᠭᠡᠨ ᠤ ᠲᠠᠯᠠᠪᠠᠶ100 ᠲᠦᠮᠡᠨ ᠮᠦ ᠶᠢ ᠳᠠᠪᠠᠵᠤ᠂ ᠡᠳᠦᠭᠡ ᠪᠣᠯᠲᠠᠯ᠎ᠠ ᠤᠯᠠᠭᠠᠨᠬᠠᠳᠠ ᠬᠤᠲᠠ ᠶᠢᠨ ᠬᠠᠭᠤᠷᠠᠶ ᠲᠠᠷᠢᠮᠠᠯ ᠡᠪᠡᠰᠦᠨ ᠤ ᠪᠥᠲᠥᠭᠡᠨ ᠪᠠᠶᠢᠭᠤᠯᠤᠯᠲᠠ ᠶᠢᠨ ᠲᠡᠷᠢᠭᠦᠨ ᠰᠣᠩᠭᠤᠯᠲᠠ ᠶᠢᠨ ᠲᠥᠷᠥᠯ ᠵᠦᠢᠯ ᠪᠣᠯᠤᠭᠰᠠᠭᠠᠷ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号