8 ᠰᠠᠷ᠎ᠠ ᠶᠢᠨ 10 ᠤ ᠡᠳᠦᠷ᠂ ᠢᠨᠳᠦᠨᠧᠰᠢᠶ᠎ᠠ ᠶᠢᠨ ᠣᠷᠴᠢᠨ ᠲᠣᠭᠤᠷᠢᠨ ᠪᠠ ᠤᠢ ᠰᠢᠭᠤᠢ ᠶᠢᠨ ᠶᠠᠮᠤᠨ | ᠵᠠᠺᠠᠷᠲ᠋ᠠ ᠳᠤ ᠬᠤᠷᠢᠨ ᠤᠯᠤᠰ ᠤᠨ ᠪᠦᠯᠦᠭᠯᠡᠯ ︵G 20︶ ᠤᠨ ᠲᠦᠷᠦᠭᠦᠴᠦᠳ ᠤᠨ ᠬᠤᠷᠠᠯ ᠤᠨ ᠳᠠᠭᠠᠦ ᠳᠠᠬᠢ | ᠣᠷᠴᠢᠨ ᠲᠣᠭᠤᠷᠢᠨ ᠤ ᠶᠠᠮᠤᠨ ᠤ ᠰᠠᠶᠢᠳ ᠨᠠᠷ ᠤᠨ ᠬᠤᠷᠠᠯ ᠪᠠ ᠠᠭᠤᠷ ᠠᠮᠢᠰᠬᠤᠯ ᠤᠨ ᠦᠷᠭᠦᠯᠵᠢᠯᠡᠬᠦ ᠴᠢᠨᠠᠷ ᠤᠨ | ᠲᠤᠬᠠᠢ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠂ ᠬᠤᠷᠠᠯ ᠢ ᠢᠨᠳᠦᠨᠧᠰᠢᠶ᠎ᠠ ᠶᠢᠨ ᠤᠤᠯ ᠤᠨ ᠢᠲ᠋ᠠᠯᠢ ᠳᠤ | ᠰᠠᠭᠤᠭ᠎ᠠ ᠡᠯᠴᠢᠨ ᠰᠠᠶᠢᠳ Esti Andayani ᠠᠪᠠᠭ᠋ᠠᠢ ᠪᠠ ᠢᠨᠳᠦᠨᠧᠰᠢᠶ᠎ᠠ ᠶᠢᠨ ᠤᠯᠤᠰ ᠤᠨ ᠤᠷᠤᠨ | ᠪᠦᠰᠡ ᠶᠢᠨ ᠬᠠᠮᠢᠶᠠᠷᠤᠯᠲᠠ ᠶᠢᠨ ᠶᠠᠷᠢᠶᠠᠨ ᠤ ᠲᠠᠪᠴᠠᠩ ᠤᠨ ᠬᠠᠷᠢᠭᠤᠴᠠᠯᠭᠠᠲᠠᠨ Putera Parthama | ᠳ᠋ᠣᠺᠲ᠋ᠣᠷ ᠡᠷᠬᠢᠯᠡᠪᠡ᠃ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠤᠮᠳᠠᠳᠤ | ᠡᠮᠦᠨᠡᠲᠦ ᠶᠢᠨ ᠪᠠᠶᠢᠴᠠᠭᠠᠯᠲᠠ ᠶᠢᠨ ᠲᠥᠯᠥᠪᠵᠢᠭᠦᠯᠭᠡ ᠶᠢᠨ ᠬᠦᠷᠢᠶᠡᠯᠡᠩ ︵ᠳᠣᠷᠣᠭᠰᠢ ︽ᠳᠤᠮᠳᠠᠳᠤ ᠡᠮᠦᠨᠡᠲᠦ ᠶᠢᠨ | ᠬᠦᠷᠢᠶᠡᠯᠡᠩ︾ ᠭᠡᠵᠦ ᠲᠣᠪᠴᠢᠯᠠᠨ᠎ᠠ︶ ᠰᠦᠯᠵᠢᠶᠡᠨ ᠳᠡᠭᠡᠷ᠎ᠡ ᠲᠣᠰ ᠬᠤᠷᠠᠯ ᠳᠤ ᠣᠷᠣᠯᠴᠠᠪᠠ᠃ | ᠲᠣᠰ ᠤᠳᠠᠭᠠᠨ ᠤ ᠬᠤᠷᠠᠯ ᠤᠨ ᠭᠤᠤᠯ ᠰᠡᠳᠦᠪ ᠪᠣᠯ ᠭᠠᠵᠠᠷ ᠰᠢᠷᠣᠶ ᠶᠢᠨ ᠮᠠᠭᠤᠳᠠᠯ ᠢ ᠨᠠᠮᠳᠠᠭᠠᠬᠤ ᠪᠠ | ᠤᠯᠠᠭᠠᠨ ᠮᠣᠳᠣᠨ ᠣᠶ ᠶᠢᠨ ᠠᠮᠢ ᠠᠬᠤᠶ ᠶᠢᠨ ᠰᠢᠰᠲ᠋ᠧᠮ ᠢ ᠰᠡᠷᠭᠦᠭᠡᠬᠦ ᠲᠤᠬᠠᠶ ᠪᠤᠯᠤᠨ᠎ᠠ᠂ ᠰᠤᠳᠤᠯᠤᠨ ᠶᠠᠷᠢᠯᠴᠠᠬᠤ | ᠬᠤᠷᠠᠯ ᠨᠢ ᠭᠤᠤᠯᠳᠠᠭᠤ ᠭᠠᠵᠠᠷ ᠰᠢᠷᠣᠶ ᠶᠢᠨ ᠮᠠᠭᠤᠳᠠᠯ ᠢ ᠨᠠᠮᠳᠠᠭᠠᠬᠤ ᠪᠠ ᠮᠥᠩᠬᠡ ᠨᠣᠭᠤᠭᠠᠨ ᠰᠢᠯᠮᠤᠰᠦᠲᠦ ᠤᠢ | ᠪᠤᠶᠤ ᠪᠣᠳᠠ ᠮᠣᠳᠣ ᠪᠠᠷ ᠪᠦᠷᠢᠯᠳᠦᠭᠰᠡᠨ ᠴᠢᠭᠢᠭᠯᠢᠭ ᠭᠠᠵᠠᠷ ᠤᠨ ᠤᠢ ᠶᠢᠨ ᠠᠮᠢ ᠠᠬᠤᠶ ᠶᠢᠨ ᠰᠢᠰᠲ᠋ᠧᠮ ᠢ | ᠰᠡᠷᠭᠦᠭᠡᠬᠦ ᠬᠠᠮᠤᠭ ᠤᠨ ᠰᠠᠶᠢᠨ ᠦᠢᠯᠡᠳᠦᠯᠭᠡ ᠪᠠ ᠨᠡᠶᠢᠲᠡᠯᠢᠭ ᠵᠢᠱᠢᠶ᠎ᠡ ᠶᠢ ᠰᠣᠯᠢᠯᠴᠠᠵᠤ᠂ G 20 ᠤᠨ | ᠪᠦᠷᠢᠯᠳᠦᠬᠦᠨ ᠤᠯᠤᠰ ᠪᠠ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠮᠲᠤᠷᠠᠯᠴᠠᠭᠠᠨ ᠤ ᠠᠴᠢ | ᠬᠤᠯᠪᠤᠭᠳᠠᠯ ᠢ ᠰᠤᠳᠤᠯᠤᠨ ᠶᠠᠷᠢᠯᠴᠠᠪᠠ᠃ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠶᠢᠨ | ᠲᠥᠯᠥᠭᠡᠯᠡᠭᠴᠢ ᠾᠧ ᠸᠧᠢ ᠴᠧᠩ ᠡᠯ᠎ᠡ ᠲᠠᠯ᠎ᠠ ᠶᠢᠨ ᠬᠢᠨ ᠳᠤ ︽ᠳᠤᠮᠳᠠᠳᠤ ᠤᠯᠤᠰ ᠤᠨ ᠮᠥᠩᠬᠡ ᠨᠣᠭᠤᠭᠠᠨ | ᠰᠢᠯᠮᠤᠰᠦᠲᠦ ᠤᠢ ᠪᠤᠶᠤ ᠪᠣᠳᠠ ᠮᠣᠳᠣ ᠪᠠᠷ ᠪᠦᠷᠢᠯᠳᠦᠭᠰᠡᠨ ᠴᠢᠭᠢᠭᠯᠢᠭ ᠭᠠᠵᠠᠷ ᠤᠨ ᠤᠢ ᠶᠢ ᠬᠠᠮᠠᠭᠠᠯᠠᠬᠤ︾ | ᠲᠤᠬᠠᠢ ᠶᠠᠷᠢᠶ᠎ᠠ ᠲᠠᠯᠪᠢᠵᠤ᠂ ᠮᠥᠩᠬᠡ ᠨᠣᠭᠤᠭᠠᠨ ᠰᠢᠯᠮᠤᠰᠦᠲᠦ ᠤᠢ ᠪᠤᠶᠤ ᠪᠣᠳᠠ ᠮᠣᠳᠣ ᠪᠠᠷ ᠪᠦᠷᠢᠯᠳᠦᠭᠰᠡᠨ | ᠴᠢᠭᠢᠭᠯᠢᠭ ᠭᠠᠵᠠᠷ ᠤᠨ ᠤᠢ ᠶᠢ ᠪᠠᠶᠢᠴᠠᠭᠠᠨ ᠬᠡᠮᠵᠢᠬᠦ ᠠᠵᠢᠯ ᠢ ᠦᠷᠭᠦᠯᠵᠢᠯᠡᠨ ᠥᠷᠨᠢᠭᠦᠯᠬᠦ᠂ ᠮᠥᠩᠬᠡ ᠨᠣᠭᠤᠭᠠᠨ | ᠰᠢᠯᠮᠤᠰᠦᠲᠦ ᠤᠢ ᠪᠤᠶᠤ ᠪᠣᠳᠠ ᠮᠣᠳᠣ ᠪᠠᠷ ᠪᠦᠷᠢᠯᠳᠦᠭᠰᠡᠨ ᠴᠢᠭᠢᠭᠯᠢᠭ ᠭᠠᠵᠠᠷ ᠤᠨ ᠤᠢ ᠶᠢ ᠬᠠᠮᠠᠭᠠᠯᠠᠨ | ᠰᠡᠷᠭᠦᠭᠡᠬᠦ ᠶᠢ ᠴᠢᠩᠭᠠᠳᠬᠠᠬᠤ᠂ ᠬᠠᠮᠠᠭᠠᠯᠠᠬᠤ ᠬᠠᠤᠯᠢ ᠲᠦᠷᠢᠮ ᠤᠨ ᠪᠠᠶᠢᠭᠤᠯᠤᠯᠲᠠ ᠶᠢ ᠪᠦᠷᠢᠨᠰᠢᠬᠦᠯᠬᠦ᠂ ᠳᠤᠮᠳᠠᠳᠤ | ᠤᠯᠤᠰ ᠤᠨ ᠮᠥᠩᠬᠡ ᠨᠣᠭᠤᠭᠠᠨ ᠰᠢᠯᠮᠤᠰᠦᠲᠦ ᠤᠢ ᠪᠤᠶᠤ ᠪᠣᠳᠠ ᠮᠣᠳᠣ ᠪᠠᠷ ᠪᠦᠷᠢᠯᠳᠦᠭᠰᠡᠨ ᠴᠢᠭᠢᠭᠯᠢᠭ | ᠭᠠᠵᠠᠷ ᠤᠨ ᠤᠢ ᠶᠢ ᠬᠠᠮᠠᠭᠠᠯᠠᠬᠤ ᠦᠷ᠎ᠡ ᠪᠦᠲᠦᠮᠵᠢ ᠢᠯᠡᠳᠲᠡ ᠪᠠᠶᠢᠬᠤ ᠵᠡᠷᠭᠡ ᠲᠦᠷᠪᠡᠨ ᠲᠠᠯ᠎ᠠ ᠠᠴᠠ ᠳᠤᠮᠳᠠᠳᠤ | ᠤᠯᠤᠰ ᠤᠨ ᠤᠯᠠᠭᠠᠨ ᠮᠣᠳᠣᠨ ᠤᠢ ᠶᠢ ᠬᠠᠮᠠᠭᠠᠯᠠᠬᠤ ᠠᠬᠢᠴᠠ ᠶᠢ ᠲᠠᠨᠢᠯᠴᠠᠭᠤᠯᠪᠠ᠃ | Esti Andayani ᠠᠪᠠᠭ᠋ᠠᠶ ᠳᠤᠮᠳᠠᠳᠤ ᠤᠯᠤᠰ ᠤᠨ ᠤᠯᠠᠭᠠᠨ ᠮᠣᠳᠣᠨ ᠣᠶ ᠶᠢ ᠬᠠᠮᠠᠭᠠᠯᠠᠬᠤ ᠪᠠ | ᠵᠠᠰᠠᠨ ᠰᠡᠷᠭᠦᠭᠡᠬᠦ ᠠᠷᠭ᠎ᠠ ᠪᠤᠳᠤᠯᠭ᠎ᠠ ᠶᠢ ᠮᠠᠭᠲᠠᠨ ᠦᠨᠡᠯᠡᠬᠦ ᠶᠢᠨ ᠬᠠᠮᠲᠦ᠂ ᠳᠤᠮᠳᠠᠳᠤ ᠤᠯᠤᠰ ᠤᠨ ᠮᠥᠩᠬᠡ | ᠨᠣᠭᠤᠭᠠᠨ ᠰᠢᠯᠮᠤᠰᠦᠲᠦ ᠤᠢ ᠪᠤᠶᠤ ᠪᠣᠳᠠ ᠮᠣᠳᠣ ᠪᠠᠷ ᠪᠦᠷᠢᠯᠳᠦᠭᠰᠡᠨ ᠴᠢᠭᠢᠭᠯᠢᠭ ᠭᠠᠵᠠᠷ ᠤᠨ ᠤᠢ ᠶᠢ | ᠬᠠᠮᠠᠭᠠᠯᠠᠭᠰᠠᠨ ᠠᠮᠵᠢᠯᠲᠠ ᠪᠦᠲᠦᠮᠵᠢ ᠳᠤ ᠪᠠᠶᠠᠷ ᠬᠦᠷᠭᠡᠭᠰᠡᠨ ᠪᠥᠭᠡᠳ ᠬᠤᠶᠢᠰᠢᠳᠠ ᠳᠤᠮᠳᠠᠳᠤ ᠤᠯᠤᠰ ᠯᠤᠭ᠎ᠠ | ᠮᠥᠩᠬᠡ ᠨᠣᠭᠤᠭᠠᠨ ᠰᠢᠯᠮᠤᠰᠦᠲᠦ ᠤᠢ ᠪᠤᠶᠤ ᠪᠣᠳᠠ ᠮᠣᠳᠣ ᠪᠠᠷ ᠪᠦᠷᠢᠯᠳᠦᠭᠰᠡᠨ ᠴᠢᠭᠢᠭᠯᠢᠭ ᠭᠠᠵᠠᠷ ᠤᠨ ᠤᠢ ᠶᠢ | ᠬᠠᠮᠠᠭᠠᠯᠠᠬᠤ ᠲᠠᠯ᠎ᠠ ᠪᠠᠷ ᠬᠢ ᠣᠯᠠᠨ ᠤᠯᠤᠰ ᠤᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ ᠭᠡᠪᠡ᠃ | ᠳᠤᠮᠳᠠᠳᠤ ᠤᠯᠤᠰ ᠤᠨ ᠮᠥᠩᠬᠡ ᠨᠣᠭᠤᠭᠠᠨ ᠰᠢᠯᠮᠤᠰᠦᠲᠦ ᠤᠢ ᠪᠤᠶᠤ ᠪᠣᠳᠠ ᠮᠣᠳᠣ ᠪᠠᠷ ᠪᠦᠷᠢᠯᠳᠦᠭᠰᠡᠨ | ᠴᠢᠭᠢᠭᠯᠢᠭ ᠭᠠᠵᠠᠷ ᠤᠨ ᠤᠢ ᠶᠢ ᠬᠠᠮᠠᠭᠠᠯᠠᠬᠤ ᠪᠠ ᠰᠡᠷᠭᠦᠭᠡᠨ ᠵᠠᠰᠠᠬᠤ ᠲᠠᠯ᠎ᠠ ᠪᠠᠷ ᠣᠯᠤᠭᠰᠠᠨ ᠦᠷ᠎ᠡ ᠪᠦᠲᠦᠮᠵᠢ | ᠪᠣᠯᠤᠨ ᠭᠠᠷᠭᠠᠭᠰᠠᠨ ᠴᠢᠷᠮᠠᠶᠢᠯᠭ᠎ᠠ ᠨᠢ ᠪᠠᠰᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠭᠠᠮᠰᠢᠭ ᠢ ᠪᠠᠭᠠᠰᠬᠠᠬᠤ ᠵᠠᠬᠢᠷᠭ᠎ᠠ᠂ ᠧᠦ᠋ᠷᠣᠫᠠ ᠲᠢᠪ ᠤᠨ ᠤᠯᠤᠰ ᠤᠳ ᠤᠨ | ᠬᠤᠯᠪᠣᠭ᠎ᠠ ᠪᠣᠯᠤᠨ ᠡᠨᠡᠳᠬᠡᠭ ᠵᠡᠷᠭᠡ ᠡᠯ᠎ᠡ ᠲᠠᠯ᠎ᠠ ᠶᠢᠨ ᠲᠥᠯᠥᠭᠡᠯᠡᠭᠴᠢᠳ ᠤᠨ ᠮᠠᠭᠲᠠᠭᠠᠯ ᠰᠠᠶᠢᠰᠢᠶᠠᠯ ᠢ ᠣᠯᠵᠠᠢ᠃ | ᠲᠠᠷᠠᠭᠠᠴᠢ ᠶᠢᠨ ᠠᠯᠬᠤᠮ ᠳᠤ᠂ ᠳᠤᠮᠳᠠᠳᠤ ᠤᠯᠤᠰ ᠮᠥᠩᠬᠡ ᠨᠣᠭᠤᠭᠠᠨ ᠰᠢᠯᠮᠤᠰᠦᠲᠦ ᠤᠢ ᠪᠤᠶᠤ ᠪᠣᠳᠠ ᠮᠣᠳᠣ ᠪᠠᠷ | ᠪᠦᠷᠢᠯᠳᠦᠭᠰᠡᠨ ᠴᠢᠭᠢᠭᠯᠢᠭ ᠭᠠᠵᠠᠷ ᠤᠨ ᠤᠢ ᠶᠢ ᠬᠠᠮᠠᠭᠠᠯᠠᠨ ᠰᠡᠷᠭᠦᠭᠡᠬᠦ ᠠᠵᠢᠯᠯᠠᠭᠠᠨ ᠤ ᠲᠥᠯᠥᠪᠯᠡᠭᠡ ᠶᠢ | ᠦᠷᠭᠦᠯᠵᠢᠯᠡᠨ ᠬᠡᠷᠡᠭᠵᠢᠭᠦᠯᠵᠦ᠂ ᠮᠥᠩᠬᠡ ᠨᠣᠭᠤᠭᠠᠨ ᠰᠢᠯᠮᠤᠰᠦᠲᠦ ᠤᠢ ᠪᠤᠶᠤ ᠪᠣᠳᠠ ᠮᠣᠳᠣ ᠪᠠᠷ ᠪᠦᠷᠢᠯᠳᠦᠭᠰᠡᠨ | ᠴᠢᠭᠢᠭᠯᠢᠭ ᠭᠠᠵᠠᠷ ᠤᠨ ᠣᠶ ᠶᠢ ᠬᠠᠮᠠᠭᠠᠯᠠᠨ ᠰᠡᠷᠭᠦᠭᠡᠬᠦ ᠶᠢ ᠦᠷᠭᠦᠯᠵᠢᠯᠡᠨ ᠴᠢᠩᠭᠠᠳᠬᠠᠵᠤ᠂ ᠬᠥᠳᠡᠯᠦᠩᠭᠦᠶ ᠪᠠᠷ | ᠬᠢᠨᠠᠨ ᠬᠡᠮᠵᠢᠬᠦ ᠶᠢ ᠢᠳᠡᠪᠬᠢᠲᠡᠶ ᠥᠷᠨᠢᠭᠦᠯᠵᠦ᠂ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ | ᠪᠥᠬᠦ ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ᠂ ᠠᠮᠢᠳᠤ ᠪᠣᠳᠠᠰ ᠤᠨ ᠣᠯᠠᠨ | ᠶᠠᠩᠵᠤᠲᠤ ᠴᠢᠨᠠᠷ ᠢ ᠬᠠᠮᠠᠭᠠᠯᠠᠬᠤ ᠪᠠ ᠲᠡᠯᠡᠶ ᠳᠠᠭᠠᠤ ᠤᠷᠤᠨ ᠤ ᠴᠢᠭᠢᠭᠯᠢᠭ ᠭᠠᠵᠠᠷ ᠢ ᠬᠠᠮᠠᠭᠠᠯᠠᠨ ᠰᠡᠷᠭᠦᠭᠡᠬᠦ ᠶᠢ | ᠴᠢᠩᠭᠠᠳᠬᠠᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ |