ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠤᠷᠮᠠᠰᠢᠭᠤᠯᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2022/8/2
     ᠨᠢᠭᠡᠳᠦᠭᠡᠷ ᠵᠤᠷᠪᠤᠰ ᠰᠢᠮᠳᠠᠭᠤᠯᠤᠨ ᠪᠠᠶᠢᠴᠠᠭᠠᠵᠤ ᠤᠷᠮᠠᠰᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠰᠢᠨ᠎ᠡ ᠪᠠᠶᠢᠳᠠᠯ ᠲᠤᠤᠷᠠᠬᠢ ᠰᠢᠮᠳᠠᠭᠤᠯᠤᠨ ᠪᠠᠶᠢᠴᠠᠭᠠᠵᠤ ᠤᠷᠮᠠᠰᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ [ 2021 ] 49  ᠳ᠋ᠦ᠋ᠭᠡᠷ ᠲᠣᠭᠠᠲᠤ︶᠎ ᠤᠨ ᠱᠠᠭᠠᠷᠳᠠᠯᠭ᠎ᠠ ᠶᠢ ᠦᠨᠳᠦᠰᠦᠯᠡᠨ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠤᠷᠪᠤᠰ  ᠰᠠᠶᠢᠲᠦᠷ ᠠᠳᠬᠤᠨ ᠪᠣᠳᠠᠲᠠᠶ ᠠᠵᠢᠯᠯᠠᠭᠰᠠᠨ᠂ ᠣᠶ ᠰᠢᠭᠤᠢ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠭᠡᠷᠡᠭᠵᠢᠬᠦᠯᠵᠦ ᠠᠵᠢᠯ ᠤᠨ ᠦᠷ᠎ᠡ ᠪᠦᠲᠦᠮᠵᠢ ᠢᠯᠡᠷᠬᠡᠶ ᠭᠠᠵᠠᠷ ᠣᠷᠣᠨ ᠢ ᠬᠥᠬᠢᠭᠦᠯᠦᠨ ᠵᠤᠷᠢᠭᠵᠢᠭᠤᠯᠬᠤ ᠪᠠᠷ ᠳᠠᠮᠵᠢᠨ᠂ ᠡᠯ᠎ᠡ ᠭᠠᠵᠠᠷ ᠤᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠬᠦᠢᠴᠡᠳ ᠳᠠᠶᠢᠴᠢᠯᠠᠨ᠂ ᠣᠶ ᠰᠢᠭᠤᠶ ᠨᠤᠲᠤᠭ ᠪᠡᠯᠴᠢᠭᠡᠷ ᠢ ᠬᠠᠮᠠᠭᠠᠯᠠᠨ ᠬᠥᠭᠵᠢᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠣᠶ ᠰᠢᠭᠤᠢ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃      ᠭᠤᠷᠪᠠᠳᠤᠭᠠᠷ ᠵᠤᠷᠪᠤᠰ ᠡᠷᠬᠡ ᠲᠡᠭᠰᠢ ᠲᠥᠪ ᠭᠤᠤᠯᠴᠢ ᠢᠯᠡ ᠪᠠᠶᠢᠯᠭᠠᠬᠤ ᠵᠠᠷᠴᠢᠮ ᠶᠣᠰᠣᠭᠠᠷ᠂  ᠭᠦᠢᠴᠡᠳᠬᠡᠯ ᠲᠤᠭ᠎ᠠ ᠪᠠᠷ ᠭᠤᠤᠯ ᠪᠣᠯᠭᠠᠬᠤ᠂ ᠴᠢᠨᠠᠷ ᠢ ᠲᠣᠭᠲᠠᠭᠠᠬᠤ ᠪᠠ ᠬᠡᠮᠵᠢᠶ᠎ᠡ ᠶᠢ ᠲᠣᠭᠲᠠᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠣᠷᠣᠨ ᠨᠤᠲᠤᠭ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠦᠨᠡᠯᠡᠵᠦ᠂ ᠠᠵᠢᠯᠯᠠᠭᠤᠯᠬᠤ ᠶᠢ ᠳᠥᠭᠦᠮᠴᠢᠯᠡᠨ᠂ ᠶᠠᠪᠤᠴᠠ ᠶᠢ ᠰᠢᠯᠢᠳᠡᠭᠵᠢᠭᠦᠯᠵᠦ᠂ ᠪᠤᠰᠤᠳᠴᠢ᠂ ᠪᠥᠬᠦ ᠲᠠᠯ᠎ᠠ ᠪᠠᠷ᠂ ᠣᠨᠣᠪᠴᠢᠲᠠᠶ ᠪᠠᠷ ᠦᠨᠡᠯᠡᠵᠦ᠂ ᠤᠷᠮᠠᠰᠢᠭᠤᠯᠬᠤ ᠤᠳᠤᠷᠢᠳᠤᠮᠵᠢ ᠶᠢᠨ ᠦᠢᠯᠡᠳᠦᠯ ᠢ ᠬᠦᠢᠴᠡᠳ ᠪᠠᠳᠠᠷᠠᠭᠤᠯᠬᠤ ᠶᠢ ᠪᠠᠲᠤᠯᠠᠨ᠎ᠠ᠃      ᠳᠥᠷᠪᠡᠳᠦᠭᠡᠷ ᠵᠤᠷᠪᠤᠰ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠪᠠᠭᠲᠠᠨ᠎ᠠ︶᠎ ᠶᠢᠨ ᠣᠶ ᠰᠢᠭᠤᠢ ᠶᠢᠨ ᠳᠠᠷᠤᠭ᠎ᠠ ᠶᠢᠨ ᠲᠦᠷᠢᠮ ᠢ ᠬᠡᠷᠡᠭᠵᠢᠭᠦᠯᠦᠭᠰᠡᠨ ᠠᠵᠢᠯ ᠤᠨ ᠦᠷ᠎ᠡ ᠪᠦᠲᠦᠮᠵᠢ ᠶᠢ ᠪᠥᠬᠦ   ᠲᠠᠯ᠎ᠠ ᠪᠠᠷ ᠦᠨᠡᠯᠡᠵᠦ᠂ ᠵᠡᠭᠦᠨ᠂ ᠳᠤᠮᠳᠠ᠂ ᠪᠠᠷᠠᠭᠤᠨ ᠬᠡᠰᠡᠭ ᠤᠨ ᠭᠠᠵᠠᠷ ᠣᠷᠣᠨ ᠤ ᠬᠥᠭᠵᠢᠯᠲᠡ ᠶᠢᠨ ᠵᠥᠷᠢᠶ᠎ᠡ ᠶᠢ ᠬᠦᠢᠴᠡᠳ ᠪᠣᠳᠣᠯᠬᠢᠯᠠᠵᠤ᠂ ᠵᠢᠯ ᠪᠦᠷᠢ ᠶᠢᠨ ᠰᠢᠯᠭᠠᠷᠠᠭᠤᠯᠤᠯᠳᠠ ᠳᠤ 8 ᠬᠤᠲᠠ ︵ᠲᠤᠰᠬᠠᠶ ᠣᠷᠣᠨ᠂ ᠵᠧᠤ᠂ ᠠᠶᠢᠮᠠᠭ ᠢ ᠪᠠᠭᠲᠠᠭᠠᠨ᠎ᠠ︶ ᠪᠤᠶᠤ ᠰᠢᠶᠠᠨ ︵ᠬᠤᠲᠠ᠂ ᠲᠣᠭᠤᠷᠢᠭ᠂ ᠬᠤᠰᠢᠭᠤ ᠶᠢ ᠪᠠᠭᠲᠠᠭᠠᠨ᠎ᠠ︶᠎ ᠠᠴᠠ ᠬᠡᠲᠦᠷᠡᠭᠦᠯᠵᠦ ᠪᠣᠯᠬᠤ ᠥᠬᠡᠶ᠂ ᠡᠭᠦᠨ ᠳᠤ ᠬᠤᠲᠠ ᠶᠢᠨ ᠱᠠᠲᠤᠨ ᠤ ᠲᠤᠭ᠎ᠠ ᠬᠡᠮᠵᠢᠶ᠎ᠡ ᠶᠢ 50 %᠎ ᠠᠴᠠ ᠬᠡᠲᠦᠷᠡᠭᠦᠯᠵᠦ ᠪᠣᠯᠬᠤ ᠥᠬᠡᠶ᠂ ᠨᠢᠭᠡ ᠵᠢᠯ ᠤᠨ ᠬᠤᠭᠤᠴᠠᠭ᠎ᠠ ᠲᠠᠢ ᠤᠷᠮᠠᠰᠢᠭᠤᠯᠤᠯ ᠤᠨ ᠠᠵᠢᠯᠯᠠᠭ᠎ᠠ ᠶᠠᠪᠤᠭᠳᠠᠭᠤᠯᠵᠤ᠂ ᠲᠥᠪ ᠤᠨ ᠡᠳ᠋ ᠤᠨ ᠵᠠᠰᠠᠭ ᠤᠨ ᠣᠶ ᠰᠢᠭᠤᠶ ᠶᠢᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢᠨ ᠪᠠᠯᠠ ᠮᠥᠩᠭᠦ ᠶᠢ ᠲᠤᠬᠢᠷᠠᠭᠤᠯᠬᠤ ᠦᠶᠡᠰ ᠲᠤᠬᠢᠷᠠᠮᠵᠢᠳᠠᠢ ᠪᠠᠷ ᠱᠠᠩᠨᠠᠵᠤ ᠪᠤᠯᠤᠨ᠎ᠠ᠃      ᠲᠠᠪᠤᠳᠤᠭᠠᠷ ᠵᠤᠷᠪᠤᠰ ᠦᠨᠡᠯᠡᠬᠦ ᠪᠠᠷᠢᠮᠵᠢᠶ᠎ᠠ ᠳᠤ ᠦᠨᠳᠦᠰᠦᠨ ᠵᠦᠢᠯ᠂ ᠬᠤᠪᠢ ᠨᠡᠮᠡᠬᠦ ᠵᠦᠢᠯ᠂ ᠬᠤᠪᠢ ᠬᠠᠰᠤᠬᠤ ᠵᠦᠢᠯ ᠪᠠ ᠦᠭᠡᠶᠢᠰᠬᠡᠬᠦ ᠵᠦᠢᠯ ᠪᠠᠭᠲᠠᠨ᠎ᠠ᠃      ︵ᠨᠢᠭᠡ︶ ᠦᠨᠳᠦᠰᠦᠨ ᠵᠦᠢᠯ᠎     1. ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ᠄ ᠣᠨ ᠤ ᠣᠶᠢᠵᠢᠭᠤᠯᠤᠯᠲᠠ᠂ ᠡᠪᠡᠰᠦ ᠳᠠᠷᠢᠵᠤ ᠰᠠᠶᠢᠵᠢᠷᠠᠭᠤᠯᠬᠤ ᠵᠡᠷᠭᠡ ᠠᠮᠢ ᠠᠬᠤᠶ ᠶᠢ ᠬᠠᠮᠠᠭᠠᠯᠠᠨ ᠰᠡᠷᠭᠦᠭᠡᠬᠦ ᠡᠭᠦᠷᠭᠡ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠤᠭᠰᠠᠨ ᠪᠠᠶᠢᠬᠤ ᠬᠡᠷᠡᠭᠳᠡᠢ᠃      2 . ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ᠄ ᠣᠢ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠲᠠᠰᠤᠷᠠᠯᠲᠠ ᠥᠬᠡᠶ  ᠴᠢᠩᠭᠠᠳᠬᠠᠭᠰᠠᠨ ᠪᠠᠶᠢᠬᠤ ᠬᠡᠷᠡᠭᠳᠡᠢ᠃      3 . ᠤᠯᠤᠰ ᠤᠨ ᠴᠡᠴᠡᠷᠯᠢᠭ ᠢᠶᠠᠷ ᠭᠤᠤᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮᠵᠢ ᠶᠢᠨ ᠪᠠᠶᠢᠭᠤᠯᠤᠯᠲᠠ᠄ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠬᠢᠨᠠᠯᠲᠠ ᠬᠠᠮᠢᠶᠠᠷᠤᠯᠲᠠ ᠶᠢᠨ ᠠᠵᠢᠯ ᠢ ᠪᠦᠲᠦᠮᠵᠢᠲᠡᠶ ᠨᠠᠶᠢᠳᠠᠪᠤᠷᠢᠵᠢᠭᠤᠯᠤᠭᠰᠠᠨ ᠪᠠᠶᠢᠬᠤ ᠬᠡᠷᠡᠭᠳᠡᠢ᠃      4 . ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ᠄ ᠤᠯᠤᠰ ᠠᠴᠠ ᠲᠣᠭᠲᠠᠭᠠᠭᠰᠠᠨ ᠲᠤᠰᠬᠠᠶ ᠠᠪᠤᠷᠠᠨ ᠲᠤᠰᠠᠯᠠᠬᠤ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠬᠠᠮᠢᠶᠠᠷᠤᠯᠲᠠ ᠵᠢᠴᠢ ᠬᠡᠭᠡᠷ᠎ᠡ ᠶᠢᠨ ᠠᠮᠢᠲᠠᠨ ᠤ ᠬᠥᠨᠥᠭᠡᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠭᠰᠠᠨ ᠪᠠᠶᠢᠬᠤ ᠬᠡᠷᠡᠭᠳᠡᠢ᠃      5 . ᠣᠶ ᠰᠢᠭᠤᠶ ᠨᠤᠲᠤᠭ ᠪᠡᠯᠴᠢᠭᠡᠷ ᠤᠨ ᠭᠠᠮᠰᠢᠭ ᠢ ᠰᠡᠷᠭᠡᠶᠢᠯᠡᠨ ᠡᠵᠡᠮᠳᠡᠬᠦ᠄ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠬᠥᠨᠥᠭᠡᠯᠲᠦ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢᠯᠡᠳᠲᠡ ᠦᠷ᠎ᠡ ᠪᠦᠲᠦᠮᠵᠢ ᠤᠯᠤᠭᠰᠠᠨ ᠪᠠᠶᠢᠬᠤ ᠬᠡᠷᠡᠭᠳᠡᠢ᠃      6 . ᠤᠢ ᠰᠢᠭᠤᠶ ᠶᠢᠨ ᠳᠠᠷᠤᠭ᠎ᠠ ᠶᠢᠨ ᠳᠦᠷᠢᠮ ᠢ ᠬᠡᠷᠡᠭᠵᠢᠭᠦᠯᠦᠨ᠎ᠡ᠄ ᠤᠢ ᠰᠢᠭᠤᠶ ᠶᠢᠨ ᠳᠠᠷᠤᠭ᠎ᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠳᠦᠷᠢᠮ ᠢ ᠲᠡᠭᠦᠯᠳᠡᠷᠵᠢᠭᠦᠯᠦᠨ ᠲᠣᠭᠲᠠᠭᠤᠨ ᠢᠶᠠᠷ ᠬᠡᠷᠡᠭᠵᠢᠬᠦᠯᠦᠭᠰᠡᠨ ᠪᠠᠶᠢᠬᠤ ᠬᠡᠷᠡᠭᠳᠡᠢ᠃      ︵ᠬᠤᠶᠠᠷ︶ ᠬᠤᠪᠢ ᠨᠡᠮᠡᠬᠦ ᠵᠤᠷᠪᠤᠰ      ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠬᠦ᠂ ᠣᠷᠣᠨ ᠨᠤᠲᠤᠭ ᠤᠨ ᠬᠠᠤᠯᠢ ᠲᠤᠭᠲᠠᠭᠠᠯᠳᠠ ᠪᠤᠶᠤ ᠪᠠᠲᠤᠯᠠᠭ᠎ᠠ ᠶᠢᠨ ᠲᠦᠷᠢᠮ ᠢ ᠨᠡᠶᠢᠲᠡᠯᠡᠬᠦ᠂ ᠴᠢᠬᠤᠯᠠ ᠶᠡᠭᠡ ᠲᠤᠰᠬᠠᠶ ᠠᠵᠢᠯᠯᠠᠭ᠎ᠠ᠂ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ᠂ ᠴᠢᠬᠤᠯᠠ ᠶᠡᠭᠡ ᠣᠶ ᠰᠢᠭᠤᠶ ᠨᠤᠲᠤᠭ ᠪᠡᠯᠴᠢᠭᠡᠷ ᠤᠨ ᠠᠷᠭ᠎ᠠ ᠬᠡᠮᠵᠢᠶ᠎ᠡ ᠶᠢ ᠬᠡᠷᠡᠭᠵᠢᠬᠦᠯᠦᠭᠰᠡᠨ ᠨᠢ ᠪᠥᠬᠦ ᠤᠯᠤᠰ ᠪᠤᠶᠤ ᠰᠢᠰᠲ᠋ᠧᠮ ᠤᠨ ᠬᠡᠪᠴᠢᠶᠡᠨ ᠳᠤ ᠨᠥᠯᠥᠭᠡ  ᠦᠵᠡᠬᠦᠯᠦᠭᠰᠡᠨ ᠪᠠᠶᠢᠬᠤ ᠬᠡᠷᠡᠭᠳᠡᠢ︔ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠴᠢᠳᠠᠪᠤᠷᠢ ᠠᠯᠬᠤᠮ ᠠᠯᠬᠤᠮ ᠢᠶᠠᠷ ᠳᠡᠭᠡᠭᠰᠢᠯᠡᠵᠦ᠂ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠦᠷᠭᠦᠯᠵᠢᠯᠡᠨ ᠲᠡᠭᠦᠯᠳᠡᠷᠵᠢᠭᠰᠡᠨ ᠪᠠᠶᠢᠬᠤ ᠬᠡᠷᠡᠭᠳᠡᠢ︔ ᠬᠠᠮᠢᠶ᠎ᠠ ᠪᠥᠬᠦᠶ ᠠᠵᠢᠯ ᠨᠢ ᠲᠥᠪ ᠤᠨ ᠤᠳᠤᠷᠢᠳᠬᠤ ᠨᠥᠬᠦᠳ ᠤᠨ ᠴᠣᠬᠤᠯᠠᠪᠤᠷᠢ ᠨᠤᠲᠠᠯᠠᠯᠲᠠ ᠶᠢ ᠤᠯᠤᠭᠰᠠᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠮᠳᠠᠭᠤᠯᠤᠨ ᠪᠠᠶᠢᠴᠠᠭᠠᠵᠤ ᠵᠠᠷᠯᠠᠨ ᠰᠠᠶᠢᠰᠢᠶᠠᠭᠰᠠᠨ᠂ ᠲᠥᠪ ᠤᠨ ᠰᠠᠯᠠᠭ᠎ᠠ ᠮᠥᠴᠢᠷ ᠰᠠᠶᠢᠰᠢᠶᠠᠨ ᠬᠥᠬᠢᠭᠦᠯᠦᠭᠰᠡᠨ ᠪᠠᠶᠢᠪᠠᠯ ᠵᠣᠬᠢᠬᠤ ᠬᠤᠪᠢ ᠨᠡᠮᠡᠨ᠎ᠡ᠃      ︵ᠭᠤᠷᠪᠠ︶ ᠬᠤᠪᠢ ᠬᠠᠰᠤᠬᠤ ᠵᠤᠷᠪᠤᠰ      ᠣᠶ ᠰᠢᠭᠤᠶ ᠨᠤᠲᠤᠭ ᠪᠡᠯᠴᠢᠭᠡᠷ ᠲᠤ ᠬᠤᠯᠪᠣᠭᠳᠠᠭᠰᠠᠨ ᠬᠦᠨᠳᠦ ᠶᠡᠭᠡ ᠬᠡᠷᠡᠭ᠂ ᠬᠦᠨᠳᠦ ᠶᠡᠭᠡ ᠭᠠᠯ ᠤᠨ ᠠᠶᠤᠯ᠂ ᠬᠦᠨᠳᠦ ᠶᠡᠭᠡ ᠬᠥᠨᠥᠭᠡᠯᠲᠡᠶ ᠠᠮᠢᠳᠤ ᠪᠣᠳᠠᠰ ᠤᠨ ᠭᠠᠮᠰᠢᠭ ᠭᠠᠷᠤᠭᠰᠠᠨ ᠪᠠᠶᠢᠪᠠᠯ ᠪᠠᠶᠢᠳᠠᠯ ᠢ ᠦᠨᠳᠦᠰᠦᠯᠡᠨ ᠬᠤᠪᠢ ᠬᠠᠰᠤᠬᠤ ᠬᠡᠷᠡᠭᠲᠡᠶ᠃   ᠎ ᠎        ︵ᠲᠦᠷᠪᠡ︶ ᠦᠭᠡᠶᠢᠰᠬᠡᠬᠦ ᠵᠦᠢᠯ      ᠬᠤᠲᠠ᠂ ᠰᠢᠶᠠᠨ ᠤ ᠬᠠᠮᠢᠶ᠎ᠠ ᠪᠥᠬᠦᠶ ᠠᠵᠢᠯ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠮᠳᠠᠭᠤᠯᠤᠨ ᠪᠠᠶᠢᠴᠠᠭᠠᠯᠳᠠ ᠳᠤ ᠢᠯᠡ ᠰᠢᠭᠦᠮᠵᠢᠯᠡᠭᠳᠡᠭᠰᠡᠨ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠡᠷ᠎ᠡ ᠳᠤᠷᠠᠳᠤᠨ ᠰᠢᠮᠳᠠᠭᠤᠯᠤᠨ ᠪᠠᠶᠢᠴᠠᠭᠠᠭᠰᠠᠨ ᠠᠰᠠᠭᠤᠳᠠᠯ᠂ ᠪᠣᠯᠵᠣᠨ ᠶᠠᠷᠢᠯᠴᠠᠭᠰᠠᠨ ᠪᠤᠶᠤ ᠬᠠᠷᠢᠭᠤᠴᠠᠯᠭ᠎ᠠ ᠨᠡᠬᠡᠮᠵᠢᠯᠡᠭᠰᠡᠨ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢ ᠪᠠᠶᠢᠴᠠᠭᠠᠵᠤ ᠬᠢᠨᠠᠨ ᠪᠤᠳᠤᠬᠤ ᠶᠠᠪᠤᠴᠠ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠬᠦᠨᠳᠦ ᠶᠡᠭᠡ ᠠᠰᠠᠭᠤᠳᠠᠯ᠂ ᠬᠦᠨᠳᠦ ᠶᠡᠭᠡ ᠨᠠᠵᠠᠭᠠᠶ ᠶᠠᠷᠢᠶ᠎ᠠ ᠬᠡᠯᠡᠯᠴᠡᠭᠡᠨ ᠢ ᠡᠭᠦᠰᠭᠡᠵᠦ᠂ ᠨᠡᠶᠢᠭᠡᠮ ᠳᠤ ᠮᠠᠭᠤ ᠨᠥᠯᠥᠭᠡ ᠭᠠᠷᠭᠠᠭᠰᠠᠨ ᠪᠠᠶᠢᠪᠠᠯ᠂ ᠤᠷᠮᠠᠰᠢᠭᠤᠯᠬᠤ ᠬᠡᠪᠴᠢᠶᠡᠨ ᠳᠤ ᠣᠷᠣᠭᠤᠯᠬᠤ ᠥᠬᠡᠶ᠃      ᠵᠢᠷᠭᠤᠳᠤᠭᠠᠷ ᠵᠤᠷᠪᠤᠰ ᠮᠤᠵᠢ ᠶᠢᠨ ᠱᠠᠲᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠮᠤᠵᠢ ᠶᠢᠨ ᠬᠡᠪᠴᠢᠶᠡᠨ ᠳᠣᠲᠣᠷᠠᠬᠢ ᠦᠪᠡᠷ ᠪᠡᠶ᠎ᠡ ᠶᠢᠨ ᠦᠨᠡᠯᠡᠯᠳᠡ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠪᠢ ᠲᠣᠭᠲᠠᠭᠠᠬᠤ ᠪᠠᠷᠢᠮᠵᠢᠶ᠎ᠠ ︵ᠳᠠᠭᠠᠯᠳᠤᠭᠤᠯᠤᠯ 1᠎ ᠶᠢ ᠦᠵᠡ ︶᠎ ᠪᠠᠷ ᠯᠠᠪᠯᠠᠯᠲᠠ ᠪᠣᠯᠭᠠᠨ᠂ ᠬᠢᠨᠠᠨ ᠲᠣᠭᠲᠠᠭᠠᠬᠤ ᠲᠠᠰ ᠳᠠᠷᠠᠭᠠᠯᠠᠯ ᠢ ᠴᠢᠩᠳᠠᠯᠠᠵᠤ᠂ ᠤᠷᠮᠠᠰᠢᠭᠤᠯᠬᠤ ᠪᠠᠷ ᠪᠠᠶᠢᠭ᠎ᠠ 1 ᠬᠤᠲᠠ ᠪᠤᠶᠤ ᠰᠢᠶᠠᠨ ᠢ ᠰᠢᠯᠢᠨ ᠰᠣᠩᠭᠤᠵᠤ ᠭᠠᠷᠭᠠᠭᠠᠳ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠮᠡᠳᠡᠭᠦᠯᠬᠦ ᠬᠦᠰᠦᠨᠦᠭᠲᠦ ︵ᠳᠠᠭᠠᠯᠳᠤᠭᠤᠯᠤᠯ 2᠎ ᠶᠢ ᠦᠵᠡ︶ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠦᠨ ᠬᠦᠷᠭᠡᠨ᠎ᠡ᠃ ᠡᠯ᠎ᠡ ᠮᠣᠵᠢ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠤᠨ ᠣᠨᠣᠪᠴᠢᠲᠤ ᠴᠢᠨᠠᠷ᠂ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠲᠤ ᠬᠠᠷᠢᠭᠤᠴᠠᠨ᠎ᠠ᠃      ᠳᠣᠯᠣᠳᠤᠭᠠᠷ ᠵᠤᠷᠪᠤᠰ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠡᠯ᠎ᠡ ᠮᠤᠵᠢ ᠶᠢᠨ ᠮᠡᠳᠡᠭᠦᠯᠦᠨ ᠬᠦᠷᠭᠡᠭᠰᠡᠨ ᠮᠡᠳᠡᠭᠦᠯᠦᠯᠳᠡ ᠶᠢᠨ ᠮᠠᠲ᠋ᠧᠷᠢᠶᠠᠯ ᠳᠤ ᠬᠢᠨᠠᠨ ᠪᠠᠶᠢᠴᠠᠭᠠᠯᠲᠠ ᠬᠢᠵᠦ᠂ ᠤᠷᠮᠠᠰᠢᠭᠤᠯᠬᠤ ᠪᠠᠷ ᠪᠠᠶᠢᠭ᠎ᠠ ᠬᠤᠲᠠ᠂ ᠰᠢᠶᠠᠨ ᠤ ᠰᠢᠯᠢᠳᠡᠭ ᠢ ᠨᠢ ᠰᠣᠩᠭᠤᠨ ᠭᠠᠷᠭᠠᠵᠤ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠢᠶᠠᠷ ᠬᠢᠨᠠᠨ ᠵᠥᠪᠯᠡᠭᠦᠯᠵᠦ ᠪᠠᠲᠤᠯᠠᠭᠤᠯᠤᠭᠠᠳ᠂ ᠲᠣᠪᠴᠢᠶ᠎ᠠ ᠶᠢᠨ ᠵᠠᠰᠠᠭ ᠤᠨ ᠣᠷᠳᠣᠨ ᠤ  ᠰᠦᠯᠵᠢᠶᠡᠨ ᠳᠤ ᠵᠠᠷᠯᠠᠨ ᠨᠡᠶᠢᠲᠡᠯᠡᠭᠡᠳ ᠣᠨᠳᠣᠣ ᠰᠠᠨᠠᠯ ᠦᠭᠡᠶ ᠪᠣᠯ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠳᠤ ᠮᠡᠳᠡᠭᠦᠯᠦᠨ ᠬᠦᠷᠭᠡᠵᠦ ᠴᠣᠬᠤᠯᠠᠪᠤᠷᠢᠯᠠᠭᠤᠯᠤᠭᠰᠠᠨ ᠤ ᠳᠠᠷᠠᠭ᠎ᠠ  ᠤᠯᠠᠨ ᠨᠠᠶᠢᠳᠠ ᠳᠤ ᠨᠡᠶᠢᠲᠡᠯᠡᠨ᠎ᠡ᠃      ᠨᠠᠢᠮᠠᠳᠤᠭᠠᠷ ᠵᠤᠷᠪᠤᠰ ᠲᠥᠪ ᠤᠨ ᠡᠳ᠋ ᠤᠨ ᠵᠠᠰᠠᠭ ᠨᠢ ᠣᠶ ᠰᠢᠭᠤᠶ ᠶᠢᠨ ᠥᠭᠡᠷᠡᠴᠢᠯᠡᠯᠲᠡ ᠬᠥᠭᠵᠢᠯᠲᠡ ᠶᠢᠨ ᠪᠡᠯᠡ ᠮᠥᠩᠭᠦ ᠪᠠᠷ ᠳᠠᠮᠵᠢᠭᠤᠯᠤᠨ᠂ ᠤᠷᠮᠠᠰᠢᠭᠤᠯᠬᠤ ᠪᠠᠷ ᠪᠠᠶᠢᠭ᠎ᠠ ᠬᠤᠲᠠ᠂ ᠰᠢᠶᠠᠨ ᠨᠢᠭᠡᠪᠦᠷᠢ ᠳᠤ ᠨᠢᠭᠡ ᠤᠳᠠᠭ᠎ᠠ ᠶᠢᠨ ᠴᠢᠨᠠᠷᠲᠠᠶ ᠪᠡᠯᠡ ᠮᠥᠩᠭᠦ ᠶᠢᠨ ᠱᠠᠩᠨᠠᠯ ᠣᠯᠭᠤᠨ᠎ᠠ᠃ ᠵᠠᠷᠤᠳᠠᠯ ᠤᠨ ᠬᠡᠷᠡᠭᠯᠡᠯᠲᠡ ᠳᠤ ︽ᠣᠶ ᠰᠢᠭᠤᠶ ᠶᠢᠨ ᠥᠭᠡᠷᠡᠴᠢᠯᠡᠯᠲᠡ ᠬᠥᠭᠵᠢᠯᠲᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾᠎ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃      ᠶᠢᠰᠦᠳᠦᠭᠡᠷ ᠵᠤᠷᠪᠤᠰ ᠲᠣᠰ ᠠᠷᠭ᠎ᠠ ᠶᠢ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠳ᠋ ᠤᠨ ᠵᠠᠰᠠᠭ ᠤᠨ ᠶᠠᠮᠤᠨ ᠠᠴᠠ ᠬᠠᠷᠢᠭᠤᠴᠠᠨ ᠲᠠᠶᠢᠯᠪᠤᠷᠢᠯᠠᠨ᠎ᠠ᠃      ᠠᠷᠪᠠᠳᠤᠭᠠᠷ ᠵᠤᠷᠪᠤᠰ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号