ᠬᠢᠩᠭᠠᠨ ᠬᠠᠲᠤᠨ ᠡᠪᠡᠰᠦ ︵ᠬᠢᠩᠭᠠᠨ ᠠᠯᠲᠠᠨ ᠠᠬᠢ︶
ᠨᠡᠶᠢᠲᠡᠯᠡᠭᠰᠡᠨ ᠴᠠᠭ᠄
2022/8/22
     ᠤᠯᠠᠨ ᠨᠠᠰᠤᠲᠤ ᠡᠪᠡᠰᠦᠯᠢᠭ ᠭᠠᠩᠰᠠᠭ ᠤᠷᠭᠤᠮᠠᠯ᠃ ᠨᠡᠶᠢᠲᠡᠯᠢᠭ ᠪᠡᠯᠴᠢᠭᠡᠷ ᠴᠦᠯᠯᠡᠷᠬᠡᠭ ᠪᠡᠯᠴᠢᠭᠡᠷ ᠵᠢᠴᠢ ᠠᠭᠤᠯᠠᠷᠬᠠᠭ ᠭᠠᠵᠠᠷ ᠤᠨ ᠪᠡᠯᠴᠢᠭᠡᠷ ᠢᠶᠠᠷ ᠤᠷᠭᠤᠳᠠᠭ᠃ ᠮᠠᠨ ᠤ ᠤᠷᠤᠨ ᠤ ᠬᠢᠩᠭᠠᠨ ᠤ ᠬᠤᠶᠢᠲᠦ ᠬᠡᠰᠡᠭ᠂ ᠬᠢᠩᠭᠠᠨ ᠤ ᠡᠮᠦᠨᠡᠲᠦ ᠬᠡᠰᠡᠭ᠂ ᠳᠠᠪᠠᠭᠠᠨ ᠤ ᠪᠠᠷᠠᠭᠤᠨ ᠲᠤᠭᠤᠷᠢᠭ᠂ ᠶᠠᠨᠱᠠᠨ ᠠᠭᠤᠯᠠᠨ ᠤ ᠬᠤᠶᠢᠲᠦ ᠬᠡᠰᠡᠭ᠂ ᠤᠯᠠᠭᠠᠨᠬᠠᠳᠠ ᠶᠢᠨ ᠲᠤᠪᠤ ᠲᠤᠪᠤᠷᠴᠠᠭ᠂ ᠬᠦᠯᠦᠨ ᠪᠤᠶᠢᠷ— ᠰᠢᠯᠢ ᠶᠢᠨ ᠭᠤᠤᠯ ᠤᠨ ᠦᠨᠳᠦᠷᠯᠢᠭ᠂ ᠤᠯᠠᠭᠠᠨᠴᠠᠪ ᠲᠤᠭᠤᠷᠢᠭ᠂ ᠤᠷᠳᠤᠰ ᠲᠤᠭᠤᠷᠢᠭ ᠤᠨ ᠵᠡᠬᠦᠨ ᠬᠡᠰᠡᠭ ᠪᠠ ᠪᠠᠷᠠᠭᠤᠨ ᠬᠡᠰᠡᠭ᠂ ᠮᠤᠨᠢ ᠠᠭᠤᠯᠠ ᠶᠢᠨ ᠲᠤᠭᠤᠷᠢᠭ ᠢᠶᠠᠷ ᠤᠷᠭᠤᠯᠳᠠ ᠲᠠᠢ᠃ ᠮᠠᠨ ᠤ ᠤᠯᠤᠰ ᠤᠨ ᠵᠡᠬᠦᠨ ᠬᠤᠶᠢᠲᠦ ᠤᠷᠤᠨ᠂ ᠤᠮᠠᠷᠠᠲᠦ ᠤᠷᠤᠨ ᠢᠶᠠᠷ ᠤᠷᠭᠤᠵᠤ᠂ ᠮᠤᠩᠭᠤᠯ ᠤᠯᠤᠰ᠂ ᠤᠷᠤᠰ ᠤᠨ ᠰᠢᠪᠧᠷᠢᠶ᠎ᠠ ᠪᠠᠷ ᠪᠠᠰᠠ ᠤᠷᠭᠤᠳᠠᠭ᠃ ᠬᠠᠪᠤᠷ ᠨᠠᠮᠤᠷ ᠲᠡᠮᠡᠭᠡ᠂ ᠪᠤᠭ ᠮᠠᠯ ᠰᠤᠷᠭᠤᠭ ᠡᠪᠡᠰᠦ ᠶᠢ ᠨᠢ ᠢᠳᠡᠵᠦ᠂ ᠡᠰᠢ ᠶᠢ ᠨᠢ ᠬᠠᠮᠤᠭ ᠠᠴᠠ ᠠᠮᠳᠠᠷᠬᠠᠨ ᠢᠳᠡᠳᠡᠭ᠃ ᠠᠳᠤᠭᠤ ᠦᠬᠡᠷ ᠢᠳᠡᠬᠦ ᠳᠤ ᠪᠠᠷᠤᠭᠳᠠᠢ᠃ ᠪᠦᠬᠦᠯᠢ ᠡᠪᠡᠰᠦ ᠨᠢ ᠡᠮ ᠳᠤ ᠤᠷᠤᠵᠤ᠂ ᠭᠤᠤᠯᠳᠠᠭᠤ ᠬᠡᠷᠦᠬᠦ ᠴᠢᠨᠠᠷᠳᠠᠢ ᠦᠶ᠎ᠡ ᠬᠡᠰᠢᠬᠦᠨ ᠤ ᠦᠷᠪᠢᠰᠦᠯ᠂ ᠰᠠᠷ᠎ᠠ ᠶᠢᠨ ᠭᠭᠢᠷ ᠠᠷᠪᠢᠳᠬᠤ᠂ ᠴᠢᠰᠦ ᠪᠠᠷ ᠪᠦᠭᠡᠯᠵᠢᠬᠦ᠂ ᠬᠠᠮᠠᠷ ᠠᠴᠠ ᠴᠢᠰᠦ ᠭᠠᠷᠬᠤ᠂ ᠴᠢᠰᠦ ᠪᠠᠷ ᠰᠠᠭᠤᠯᠭᠠᠬᠤ᠂ ᠭᠠᠳᠠᠷ ᠰᠢᠷᠬᠠᠨ ᠠᠴᠠ ᠴᠢᠰᠦ ᠭᠠᠷᠬᠤ᠂ ᠪᠦᠭᠡᠷᠡᠨ ᠦᠷᠪᠢᠰᠦᠯ ᠤᠨ ᠤᠰᠤᠨ ᠬᠠᠪᠤᠩ ᠵᠡᠷᠭᠡ ᠶᠢ ᠵᠠᠰᠠᠳᠠᠭ᠃
 
ᠢᠷᠡᠯᠲᠡ᠄ ︽ᠦᠪᠦᠷ ᠮᠤᠩᠭᠤᠯ ᠤᠨ ᠤᠷᠭᠤᠮᠠᠯ ᠤᠨ ᠵᠢᠷᠤᠭᠲᠤ ᠲᠤᠯᠢ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号