ᠲᠦᠷᠦᠭᠦᠬᠡᠨ᠂ ᠳᠤᠮᠳᠠᠳᠤ ᠤᠯᠤᠰ ᠤᠨ ᠣᠶ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠣᠶ | ᠰᠢᠭᠤᠶ ᠶᠢᠨ ᠰᠤᠳᠤᠯᠭᠠᠨ ᠤ ᠭᠠᠵᠠᠷ ᠪᠠ ᠡᠯᠡᠰᠦ ᠮᠠᠩᠬ᠎ᠠ ᠣᠶ ᠰᠢᠭᠤᠶ ᠶᠢᠨ ᠲᠤᠷᠰᠢᠯᠲᠠ ᠶᠢᠨ ᠲᠥᠪ ᠵᠡᠷᠭᠡ ᠨᠢᠭᠡᠴᠡ | ᠵᠢᠴᠢ ᠲᠤᠰᠬᠠᠶ ᠮᠡᠷᠭᠡᠵᠢᠯᠲᠡᠨ ᠬᠠᠮᠵᠢᠯᠴᠠᠨ ᠡᠷᠯᠢᠰᠵᠢᠬᠦᠯᠦᠨ ᠪᠤᠶᠢᠵᠢᠭᠤᠯᠤᠭᠰᠠᠨ ︽ᠤᠯᠠᠭᠠᠨ ᠴᠢᠴᠢᠷᠭᠠᠨᠠ 1 | ᠨᠣᠮᠧᠷᠲᠤ︾ ︵红棘1号︶᠂ ︽ᠴᠢᠴᠠᠷᠭᠠᠨ᠎ᠠ 3 ᠨᠣᠮᠧᠷᠲᠤ︾ ︵中棘 3 号︶᠂ ︽ | ᠴᠢᠴᠠᠷᠭᠠᠨ᠎ᠠ 4 ᠨᠣᠮᠧᠷᠲᠤ︾ ︵中棘 4 号︶ ᠵᠡᠷᠭᠡ ᠴᠢᠴᠠᠷᠭᠠᠨ᠎ᠠ ᠨᠢ ᠤᠯᠤᠰ ᠤᠨ ᠣᠶ ᠮᠣᠳᠣᠨ ᠤ | ᠰᠢᠯᠢᠳᠡᠭ ᠡᠭᠦᠯᠳᠡᠷ ᠤᠨ ᠬᠢᠨᠠᠨ ᠲᠣᠭᠲᠠᠭᠠᠯᠲᠠ ᠳᠤ ᠬᠢᠷᠢ ᠲᠡᠩᠴᠡᠪᠡ᠃ ᠮᠠᠨ ᠤ ᠤᠯᠤᠰ ᠤᠨ ᠴᠢᠴᠠᠷᠭᠠᠨ᠎ᠠ ᠶᠢᠨ | ᠭᠤᠷᠪᠠᠳᠤᠭᠠᠷ ᠪᠦᠯᠦᠭ ᠤᠨ ᠡᠭᠦᠯᠳᠡᠷ ᠪᠤᠶᠢᠵᠢᠭᠤᠯᠬᠤ ᠠᠵᠢᠯ ᠴᠢᠬᠤᠯᠠ ᠶᠡᠭᠡ ᠠᠬᠢᠴᠠ ᠲᠠᠢ ᠪᠤᠯᠤᠭᠰᠠᠨ ᠢ | ᠬᠠᠷᠠᠭᠤᠯᠤᠭᠰᠠᠨ ᠪᠠᠶᠢᠨ᠎ᠠ᠃ | ᠲᠤᠰ ᠭᠤᠷᠪᠠᠨ ᠴᠢᠴᠠᠷᠭᠠᠨ᠎ᠠ ᠶᠢᠨ ᠰᠢᠯᠢᠳᠡᠭ ᠡᠭᠦᠯᠳᠡᠷ ᠪᠣᠯ 20 ᠭᠠᠷᠤᠶ ᠵᠢᠯ ᠤᠨ ᠪᠤᠶᠢᠵᠢᠭᠤᠯᠤᠯᠲᠠ ᠪᠠᠷ | ᠳᠡᠮᠵᠢᠨ ᠪᠣᠶ ᠪᠣᠯᠤᠭᠰᠠᠨ ᠪᠠᠶᠢᠨ᠎ᠠ᠃ ᠮᠣᠩᠭᠤᠯ ᠴᠢᠴᠠᠷᠭᠠᠨ᠎ᠠ ᠶᠢᠨ ᠳᠡᠳ᠋ ᠡᠭᠦᠯᠳᠡᠷ ᠪᠠ ᠳᠤᠮᠳᠠᠳᠤ ᠤᠯᠤᠰ ᠤᠨ | ᠴᠢᠴᠠᠷᠭᠠᠨ᠎ᠠ ᠶᠢᠨ ᠳᠡᠳ᠋ ᠡᠭᠦᠯᠳᠡᠷ ᠢ ᠡᠷᠯᠢᠰᠵᠢᠬᠦᠯᠦᠨ ᠪᠤᠶᠢᠵᠢᠭᠤᠯᠤᠭᠰᠠᠨ ᠶᠤᠮ᠃ ᠲᠡᠷᠡ ᠨᠢ ᠠᠮᠢ ᠠᠬᠤᠶ ᠶᠢᠨ | ᠵᠣᠬᠢᠴᠠᠬᠤ ᠴᠢᠨᠠᠷ ᠪᠠᠷ ᠴᠢᠩᠭ᠎ᠠ ᠵᠢᠴᠢ ᠮᠠᠰᠢ ᠰᠠᠶᠢᠨ ᠠᠵᠤ ᠠᠬᠤᠢ ᠶᠢᠨ ᠦᠨ᠎ᠡ ᠦᠷᠳᠡᠭ ᠲᠠᠢ ᠪᠠᠶᠢᠳᠠᠭ᠃ ᠮᠠᠨ ᠤ | ᠤᠯᠤᠰ ᠤᠨ ᠤᠮᠠᠷᠠᠲᠤ ᠥᠷᠭᠡᠷᠢᠭ ᠤᠨ 35。—45。 ᠤᠨ ᠭᠠᠩ ᠬᠠᠭᠤᠷᠠᠶ ᠬᠠᠭᠠᠰ ᠭᠠᠩ ᠬᠠᠭᠤᠷᠠᠶ | ᠣᠷᠣᠨ ᠳᠤ ᠳᠠᠷᠢᠬᠤ ᠳᠤ ᠲᠤᠬᠢᠷᠠᠮᠵᠢᠳᠠᠢ᠃ | ᠴᠢᠴᠠᠷᠭᠠᠨ᠎ᠠ ᠶᠢᠨ ᠵᠢᠮᠢᠰ᠂ ᠨᠠᠪᠴᠢ ᠪᠠ ᠦᠷ᠎ᠡ ᠳᠤᠨᠢ 400 ᠭᠠᠷᠤᠶ ᠵᠦᠢᠯ ᠤᠨ ᠠᠮᠢᠳᠤ ᠪᠣᠳᠠᠰ ᠤᠨ | ᠢᠳᠡᠪᠬᠢ ᠪᠦᠷᠢᠯᠳᠦᠬᠦᠨ ᠡᠯᠪᠡᠭ ᠠᠭᠤᠯᠤᠭᠳᠠᠵᠤ᠂ ᠬᠥᠷᠥᠰᠥ ᠰᠢᠷᠣᠶ ᠶᠢ ᠬᠠᠮᠠᠭᠠᠯᠠᠬᠤ ᠪᠠ ᠰᠠᠯᠬᠢ ᠶᠢ ᠬᠠᠯᠬᠠᠯᠠᠨ | ᠡᠯᠡᠰᠦ ᠶᠢ ᠲᠣᠭᠲᠠᠪᠤᠷᠢᠵᠢᠭᠤᠯᠬᠤ ᠦᠢᠯᠡᠳᠦᠯ ᠨᠢ ᠢᠯᠡᠷᠬᠡᠶ ᠪᠠᠶᠢᠳᠠᠭ᠃ |