ᠮᠠᠨ ᠤ ᠤᠯᠤᠰ ᠡᠬᠡ ᠬᠠᠭᠤᠷᠠᠶ ᠶᠢᠨ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠬᠢᠨᠠᠨ ᠬᠡᠮᠵᠢᠬᠦ ᠳᠠᠭᠠᠭᠤᠯᠢ ᠣᠲᠣ ᠶᠢ ᠠᠮᠵᠢᠯᠲᠠ ᠲᠠᠢ ᠬᠠᠷᠪᠤᠪᠠ
ᠨᠡᠶᠢᠲᠡᠯᠡᠭᠰᠡᠨ ᠴᠠᠭ᠄
2022/8/5
     ᠰᠢᠨᠬᠤᠸᠠ ᠬᠤᠷᠢᠶᠠᠨ ᠤ ᠲᠠᠶᠢᠶᠤᠸᠠᠨ ᠤ 8 ᠰᠠᠷ᠎ᠠ ᠶᠢᠨ 4᠎ ᠤ ᠡᠳᠦᠷ ᠤᠨ ᠮᠡᠳᠡᠭᠡ      8 ᠰᠠᠷ᠎ᠠ ᠶᠢᠨ 4᠎ ᠤ ᠡᠳᠦᠷ ᠤᠨ 11 ᠴᠠᠭ 08 ᠮᠢᠨᠦ᠋ᠲ ᠲᠤ᠂ ᠮᠠᠨ ᠤ ᠤᠯᠤᠰ ᠲᠠᠶᠢᠶᠤᠸᠠᠨ ᠤ ᠳᠠᠭᠠᠭᠤᠯᠢ ᠣᠲᠣ ᠬᠠᠷᠪᠤᠬᠤ ᠲᠥᠪ ᠲᠤ ᠴᠠᠩ ᠵᠧᠩ ᠳᠥᠷᠪᠡᠳᠦᠭᠡᠷ ᠬᠥᠬᠡᠭᠴᠢᠨ ᠠᠯᠤᠰ ᠡᠵᠡᠮᠰᠢᠯᠲᠦ ᠲᠡᠶᠢᠷᠦᠯᠲᠦ ᠰᠤᠮᠤ ᠶᠢ ᠬᠡᠷᠡᠭᠯᠡᠨ᠂ ᠡᠬᠡ ᠬᠠᠭᠤᠷᠠᠶ ᠶᠢᠨ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠬᠢᠨᠠᠨ ᠬᠡᠮᠵᠢᠬᠦ ᠳᠠᠭᠠᠭᠤᠯᠢ ᠣᠲᠣ ᠵᠢᠴᠢ ᠠᠴᠢᠶᠠᠨ ᠤ ᠳᠥᠷᠪᠡᠳᠦᠭᠡᠷ ᠳᠠᠭᠠᠭᠤᠯᠢ ᠣᠲᠣ ᠪᠣᠯᠤᠨ ᠮᠢᠨ ᠬᠠᠩ ᠳᠠᠭᠠᠭᠤᠯᠢ ᠤᠳᠤ ᠶᠢ ᠵᠢᠱᠢᠭᠰᠡᠨ ᠲᠣᠭᠤᠷᠢᠯᠲᠠ ᠶᠢᠨ ᠵᠠᠮ ᠳᠤ ᠤᠷᠤᠭᠰᠢᠲᠠᠶ ᠬᠠᠷᠪᠤᠵᠤ᠂ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃      ᠡᠬᠡ ᠬᠠᠭᠤᠷᠠᠶ ᠶᠢᠨ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠬᠢᠨᠠᠨ ᠬᠡᠮᠵᠢᠬᠦ ᠳᠠᠭᠠᠭᠤᠯᠢ ᠤᠳᠤ ᠨᠢ ᠭᠤᠤᠯᠳᠠᠭᠤ ᠡᠬᠡ ᠬᠠᠭᠤᠷᠠᠶ ᠶᠢᠨ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠬᠢᠨᠠᠨ ᠬᠡᠮᠵᠢᠬᠦ᠂ ᠡᠬᠡ ᠬᠠᠭᠤᠷᠠᠶ ᠶᠢᠨ ᠠᠮᠢ ᠠᠬᠤᠶ ᠪᠠ ᠡᠬᠢ ᠪᠠᠶᠠᠯᠢᠭ ᠢ ᠪᠠᠶᠢᠴᠠᠭᠠᠨ ᠬᠡᠮᠵᠢᠬᠦ᠂ ᠤᠯᠤᠰ ᠤᠨ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠢᠨᠠᠨ ᠬᠡᠮᠵᠢᠵᠦ ᠦᠨᠡᠯᠡᠬᠦ ᠳᠤ ᠬᠡᠷᠡᠭᠯᠡᠬᠦ ᠶᠢᠨ ᠬᠠᠮᠲᠤ ᠣᠷᠴᠢᠨ ᠲᠣᠭᠤᠷᠢᠨ ᠤ ᠬᠠᠮᠠᠭᠠᠯᠠᠯᠲᠠ᠂ ᠬᠡᠮᠵᠢᠨ ᠵᠢᠷᠤᠭᠯᠠᠯᠲᠠ᠂ ᠴᠠᠭ ᠠᠭᠤᠷ᠂ ᠲᠠᠷᠢᠶᠠᠯᠠᠩ᠂ ᠭᠠᠮᠰᠢᠭ ᠢ ᠪᠠᠭᠠᠰᠬᠠᠬᠤ ᠵᠡᠷᠭᠡ ᠬᠦᠷᠢᠶᠡᠨ ᠳᠤ ᠲᠤᠬᠠᠶᠢᠯᠠᠭᠰᠠᠨ ᠠᠵᠢᠯ ᠤᠨ ᠲᠤᠯᠭᠠᠭᠤᠷᠢᠯᠠᠯ ᠪᠠ ᠰᠤᠳᠤᠯᠭᠠᠨ ᠤ  ᠦᠢᠯᠡᠴᠢᠯᠡᠭᠡ ᠬᠠᠩᠭᠠᠨ᠎ᠠ᠃ ᠲᠣᠰ ᠤᠳᠠᠭᠠᠨ ᠤ ᠠᠵᠢᠯᠯᠠᠭ᠎ᠠ ᠪᠣᠯ ᠴᠠᠩ ᠵᠧᠩ ᠰᠢᠷᠢᠰ ᠲᠡᠶᠢᠷᠦᠯᠲᠦ ᠰᠤᠮᠤ ᠶᠢᠨ 430 ᠳ᠋ᠤᠭᠠᠷ ᠤᠳᠠᠭᠠᠨ ᠤ ᠠᠵᠢᠯᠯᠠᠭ᠎ᠠ ᠪᠣᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号