ᠳᠠᠴᠢᠨᠲᠠᠯ᠎ᠠ ᠵᠡᠭᠡᠯᠢ ᠭᠤᠳᠤᠮᠵᠢ ᠲᠡᠷᠭᠡᠨ ᠵᠣᠭᠰᠣᠭᠠᠯ ᠤᠨ ᠱᠤᠭᠤᠮ ᠪᠠ ᠭᠠᠯ ᠤᠨᠲᠠᠷᠠᠭᠠᠬᠤ ᠨᠡᠪᠲᠡᠷᠡᠬᠦ ᠵᠠᠮ ᠤᠨ ᠢᠯᠭᠠᠬᠤ ᠱᠤᠭᠤᠮ ᠵᠢᠷᠤᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2022/8/5
     ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠵᠦ᠂ ᠵᠢᠵᠢᠭ ᠲᠣᠭᠤᠷᠢᠭ ᠤᠨ ᠳᠣᠲᠣᠷᠠᠬᠢ ᠮᠠᠰᠢᠨ ᠲᠡᠷᠭᠡ᠂ ᠮᠠᠰᠢᠨᠲᠤ ᠪᠤᠰᠤ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠦᠵᠡᠭᠳᠡᠯ ᠢ ᠰᠢᠢᠳᠪᠦᠷᠢᠯᠡᠬᠦ ᠶᠢᠨ ᠲᠥᠯᠥᠭᠡ᠂ ᠳᠠᠴᠢᠨᠲᠠᠯ᠎ᠠ ᠵᠡᠭᠡᠯᠢ ᠭᠤᠳᠤᠮᠵᠢ ᠠᠴᠠ ᠠᠳᠠᠯ ᠠᠬᠤᠶ ᠶᠢᠨ ᠥᠪᠡᠰᠦᠪᠡᠨ ᠬᠠᠮᠢᠶᠠᠷᠬᠤ ᠵᠢᠵᠢᠭ ᠲᠣᠭᠤᠷᠢᠭ ᠲᠤ ᠲᠡᠷᠭᠡ ᠵᠣᠭᠰᠣᠬᠤ ᠱᠤᠭᠤᠮ ᠪᠠ ᠭᠠᠯ ᠤᠨᠲᠠᠷᠠᠭᠠᠬᠤ ᠨᠡᠪᠲᠡᠷᠡᠬᠦ ᠵᠠᠮ ᠤᠨ ᠢᠯᠭᠠᠬᠤ ᠱᠤᠭᠤᠮ ᠢ ᠵᠢᠷᠤᠵᠤ᠂ ᠲᠡᠷᠭᠡ ᠬᠥᠰᠬᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠲᠡᠷᠭᠡ ᠵᠣᠭᠰᠣᠭᠠᠬᠤ ᠳᠤ ᠬᠦᠴᠢᠷᠲᠡᠶ ᠪᠠᠶᠢᠬᠤ ᠵᠡᠷᠭᠡ ᠠᠰᠠᠭᠤᠳᠠᠯ ᠢ ᠪᠦᠲᠦᠮᠵᠢᠲᠡᠶ ᠨᠠᠮᠳᠠᠭᠤᠯᠵᠤ᠂ ᠰᠠᠭᠤᠭᠠᠯᠢ ᠠᠷᠠᠳ ᠲᠤ ᠠᠮᠢᠳᠤᠷᠠᠯ ᠤᠨ ᠲᠥᠬᠦᠮ ᠨᠥᠬᠦᠴᠡᠯ ᠬᠠᠩᠭᠠᠪᠠ᠃
     ᠳᠠᠴᠢᠨᠲᠠᠯ᠎ᠠ ᠵᠡᠭᠡᠯᠢ ᠭᠤᠳᠤᠮᠵᠢ ᠡᠮᠦᠨᠡᠬᠢ ᠬᠤᠭᠤᠴᠠᠭᠠᠨ ᠤ ᠡᠯ᠎ᠡ ᠰᠠᠭᠤᠭᠠᠯᠢ ᠠᠷᠠᠳ ᠤᠨ ᠲᠣᠭᠤᠷᠢᠭ ᠤᠨ ᠲᠡᠷᠭᠡ ᠵᠣᠭᠰᠣᠵᠤ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ︽ᠵᠢᠷᠤᠭᠠᠰᠤ ᠵᠢᠷᠤᠬᠤ᠂ ᠵᠢᠷᠤᠮᠵᠢᠭᠤᠯᠬᠤ︾ ᠠᠷᠭ᠎ᠠ ᠮᠠᠶ᠋ᠢᠭ᠂ ᠲᠤᠬᠠᠶ ᠶᠢᠨ ᠭᠠᠵᠠᠷ ᠲᠤᠨᠢ ᠲᠣᠬᠢᠷᠠᠭᠤᠯᠤᠨ ᠪᠠᠶᠢᠴᠠᠭᠠᠨ ᠦᠵᠡᠬᠦ᠂ ᠵᠦᠢ ᠵᠣᠬᠢᠰᠲᠠᠶ ᠬᠤᠪᠢᠶᠠᠷᠢᠯᠠᠨ ᠬᠡᠷᠡᠭᠵᠢᠭᠦᠯᠬᠦ ᠪᠠᠷᠢᠮᠵᠢᠶ᠎ᠠ ᠶᠢ ᠰᠤᠳᠤᠯᠤᠨ ᠲᠤᠭᠲᠠᠭᠠᠵᠤ᠂ ᠬᠠᠭᠤᠴᠢᠨ᠂ ᠨᠢᠭᠡᠨᠲᠡ ᠪᠠᠯᠠᠷᠬᠠᠶ ᠪᠣᠯᠤᠭᠰᠠᠨ ᠲᠡᠷᠭᠡᠨ ᠵᠣᠭᠰᠣᠭᠠᠯ ᠪᠠ ᠭᠠᠯ ᠤᠨᠲᠠᠷᠠᠭᠠᠬᠤ ᠵᠠᠮ ᠤᠨ ᠲᠡᠮᠳᠡᠭ ᠱᠤᠭᠤᠮ ᠢ ᠳᠠᠬᠢᠨ ᠨᠥᠬᠦᠵᠦ ᠵᠢᠷᠤᠪᠠ᠂ ᠠᠰᠢᠭᠯᠠᠮᠵᠢ ᠶᠢ ᠳᠡᠭᠡᠭᠰᠢᠯᠡᠭᠦᠯᠬᠦ᠂ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠬᠠᠮᠲᠤ᠂ ᠪᠣᠯᠪᠠᠰᠤᠨ ᠬᠤᠳᠠ ᠪᠠᠶᠢᠭᠤᠯᠬᠤ ᠳᠤ ︽ᠦᠵᠡᠮᠵᠢ ᠶᠢᠨ ᠣᠷᠣᠨ︾ ᠨᠡᠮᠡᠷᠢᠯᠡᠪᠡ᠃ ᠲᠠᠷᠠᠭᠠᠴᠢ ᠶᠢᠨ ᠠᠯᠬᠤᠮ ᠳᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠬᠠᠭᠤᠯᠭ᠎ᠠ ᠶᠢᠨ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠠᠭᠤᠭᠠᠯᠢ ᠠᠷᠠᠳ ᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ᠲᠡᠷᠭᠡ ᠵᠤᠭᠰᠤᠭᠠᠬᠤ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠲᠡᠷᠭᠡ ᠵᠣᠭᠰᠣᠬᠤ ᠡᠮᠬᠢ ᠳᠢᠭᠯᠢᠮ ᠤᠨ ᠵᠢᠷᠤᠮᠵᠢᠯ ᠢ ᠦᠨᠡᠨ ᠬᠦ ᠪᠠᠲᠤᠯᠠᠵᠤ᠂ ᠪᠣᠯᠪᠠᠰᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠬᠠᠮᠲᠤ ᠪᠠᠷ ᠬᠦᠴᠦᠨ ᠨᠡᠮᠡᠷᠢᠯᠡᠨ᠎ᠡ᠃    
 
ᠢᠷᠡᠯᠲᠡ᠄ ᠨᠠᠢᠮᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号