ᠬᠥᠮᠦᠨ ᠬᠠᠷ᠎ᠠ ᠭᠥᠷᠥᠭᠡᠰᠦ ᠮᠠᠨ ᠤ ᠤᠯᠤᠰ ᠤᠨ ᠠᠯᠢ ᠲᠥᠷᠥᠯ ᠤᠨ ᠬᠠᠮᠠᠭᠠᠯᠠᠯᠲᠠ ᠶᠢᠨ ᠠᠮᠢᠲᠠᠨ ᠳᠤ ᠬᠠᠷᠢᠶᠠᠯᠠᠭᠳᠠᠬᠤ ᠪᠤᠢ︖
ᠨᠡᠶᠢᠲᠡᠯᠡᠭᠰᠡᠨ ᠴᠠᠭ᠄
2022/8/5
     ᠬᠥᠮᠦᠨ ᠬᠠᠷ᠎ᠠ ᠭᠥᠷᠥᠭᠡᠰᠦ ᠶᠢᠨ ᠪᠣᠢ ᠪᠦᠬᠦᠢ ᠳᠦᠷᠰᠦ ᠨᠢ ︽ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠤᠷᠭᠤᠮᠠᠯ ᠤᠨ ᠳᠦᠷᠰᠦ ᠶᠢᠨ ᠣᠯᠠᠨ ᠤᠯᠤᠰ ᠤᠨ ᠠᠷᠠᠯᠵᠢᠶᠠᠨ ᠤ ᠨᠡᠶᠢᠲᠡ ᠶᠢᠨ ᠭᠡᠷ᠎ᠡ︾᠎ ᠶᠢᠨ ᠳᠠᠭᠠᠯᠳᠤᠭᠤᠯᠤᠯ ᠳᠦᠷᠰᠦ ᠪᠤᠯᠤᠨ᠎ᠠ᠃ ᠬᠥᠮᠦᠨ ᠬᠠᠷ᠎ᠠ ᠭᠥᠷᠥᠭᠡᠰᠦ ︵Pan troglodytes︶᠎ ᠢ ︽ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾᠎ ᠶᠢᠨ ᠭᠤᠴᠢᠨ ᠲᠠᠪᠤᠳᠤᠭᠠᠷ ᠵᠤᠷᠪᠤᠰ ᠪᠠ ᠤᠤᠯ ᠤᠨ ᠤᠢ ᠰᠢᠭᠤᠢ ᠶᠢᠨ ᠶᠠᠮᠤᠨ ᠤ ︽ᠮᠥᠬᠦᠬᠦ ᠰᠢᠬᠠᠭᠰᠠᠨ ᠬᠡᠰᠡᠭ ᠬᠡᠭᠡᠷ᠎ᠡ ᠶᠢᠨ ᠠᠮᠢᠲᠠᠨ ᠢ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠢᠶᠠᠷ ᠬᠢᠨᠠᠨ ᠵᠥᠪᠰᠢᠶᠡᠷᠡᠬᠦ ᠲᠤᠬᠠᠢ ᠮᠡᠳᠡᠭᠳᠡᠯ︾ ︵ᠤᠢ ᠬᠠᠮᠠᠭᠠᠯᠠᠬᠤ ᠦᠰᠦᠭ 〔1993〕48 ᠳ᠋ᠤᠭᠠᠷ ᠲᠣᠭᠠᠲᠤ︶᠎ ᠤᠨ ᠲᠣᠭᠲᠠᠭᠠᠯ ᠶᠣᠰᠣᠭᠠᠷ᠂ ᠤᠯᠤᠰ ᠤᠨ ᠨᠢᠭᠡᠳᠦᠭᠡᠷ ᠳᠡᠰ ᠤᠨ ᠬᠡᠭᠡᠷ᠎ᠡ ᠶᠢᠨ ᠬᠠᠮᠠᠭᠠᠯᠠᠯᠳᠠ ᠶᠢᠨ ᠠᠮᠢᠲᠠᠨ ᠢᠶᠠᠷ ᠬᠢᠨᠠᠨ ᠵᠦᠪᠰᠢᠶᠡᠷᠡᠬᠦᠯᠦᠭᠰᠡᠨ ᠪᠠᠶᠢᠨ᠎ᠠ᠃ ᠡᠨᠡ ᠮᠡᠲᠦ ᠶᠢᠨ ᠬᠡᠭᠡᠷ᠎ᠡ ᠶᠢᠨ ᠠᠮᠢᠲᠠᠨ ᠵᠢᠴᠢ ᠲᠡᠭᠦᠨ ᠤ ᠪᠦᠲᠦᠭᠡᠭᠳᠡᠬᠦᠨ ᠤ ᠬᠠᠮᠢᠶᠠᠷᠤᠯᠲᠠ ᠢ ᠮᠠᠨ ᠤ ᠤᠯᠤᠰ ᠤᠨ ᠨᠢᠭᠡᠳᠦᠭᠡᠷ ᠳᠡᠰ ᠤᠨ ᠬᠡᠭᠡᠷ᠎ᠡ ᠶᠢᠨ ᠬᠠᠮᠠᠭᠠᠯᠠᠯᠲᠠ ᠶᠢᠨ ᠠᠮᠢᠲᠠᠨ ᠲᠠᠢ ᠠᠳᠠᠯᠢᠬᠠᠨ ᠢᠶᠠᠷ ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠶᠤᠰᠤᠭᠠᠷ ᠬᠠᠮᠢᠶᠠᠷᠤᠨ᠎ᠠ᠃ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠪᠠᠶᠢᠪᠠᠯ᠂ ᠠᠳᠠᠯᠢᠬᠠᠨ ᠢᠶᠠᠷ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号