ᠡᠶ᠎ᠡ ᠨᠠᠶᠢᠷᠠᠮᠳᠠᠭᠤ ᠦᠵᠡᠰᠬᠦᠯᠡᠩᠲᠦ ᠪᠠᠶᠢᠭᠠᠯᠢ ᠥᠷᠨᠢᠭᠦᠨ ᠪᠠᠳᠠᠷᠠᠬᠤ ᠶᠢᠨ ᠤᠴᠢᠷ — ᠮᠠᠨ ᠤ ᠣᠷᠣᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠨ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2022/8/9
     ᠮᠠᠨ ᠤ ᠣᠷᠣᠨ ᠤ ᠥᠪᠡᠷᠮᠢᠴᠡ ᠭᠠᠵᠠᠷ ᠵᠦᠢ ᠶᠢᠨ ᠪᠠᠶᠢᠷᠢᠰᠢᠯ ᠪᠣᠯᠤᠨ ᠭᠠᠵᠠᠷ ᠤᠨ ᠪᠠᠶᠢᠴᠠ ᠭᠠᠵᠠᠷ ᠤᠨ ᠭᠠᠳᠠᠷᠭᠤ ᠨᠢ ᠨᠠᠷᠢᠨ ᠪᠤᠳᠤᠯᠢᠶᠠᠨᠲᠠᠢ ᠣᠯᠠᠨ ᠶᠠᠩᠵᠤ ᠶᠢᠨ ᠠᠮᠢ ᠠᠬᠤᠢ ᠶᠢᠨ ᠰᠢᠰᠲ᠋ᠧᠮ ᠢ ᠪᠦᠷᠢᠯᠳᠦᠭᠦᠯᠵᠦ᠂ ᠮᠠᠨ ᠤ ᠤᠯᠤᠰ ᠤᠨ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠲᠥᠷᠥᠯ ᠬᠡᠯᠪᠡᠷᠢ ᠬᠠᠮᠤᠭ ᠤᠨ ᠪᠦᠷᠢᠨ ᠪᠦᠲᠦᠨ ᠭᠠᠵᠠᠷ ᠣᠷᠣᠨ ᠤ ᠨᠢᠭᠡ ᠪᠣᠯᠤᠨ᠎ᠠ᠃ ᠡᠨᠡ ᠬᠦ ᠦᠵᠡᠰᠬᠦᠯᠡᠩᠲᠦ ᠰᠠᠶᠢᠬᠠᠨ ᠥᠨᠢᠷ ᠪᠠᠶᠠᠯᠢᠭ ᠭᠠᠶᠢᠬᠠᠮᠰᠢᠭᠲᠤ ᠭᠠᠵᠠᠷ ᠣᠷᠣᠨ ᠪᠣᠯ ᠮᠠᠰᠢ ᠣᠯᠠᠨ ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠤᠷᠭᠤᠮᠠᠯ ᠤᠨ ᠣᠷᠣᠰᠢᠨ ᠠᠮᠢᠳᠤᠷᠠᠬᠤ ᠭᠡᠷ ᠣᠷᠣᠨ ᠪᠣᠯᠤᠭᠰᠠᠨ ᠶᠤᠮ᠃ ᠡᠭᠦᠨ ᠳᠤ ᠨᠣᠴᠣᠭᠠᠨ᠎ᠠ ᠵᠡᠷᠭᠡ 13 ᠵᠦᠢᠯ ᠤᠨ ᠬᠤᠪᠣᠷ ᠴᠤᠬᠠᠭ ᠬᠡᠭᠡᠷ᠎ᠡ ᠶᠢᠨ ᠤᠷᠭᠤᠮᠠᠯ᠂ ᠳᠡᠯᠡᠬᠡᠢ ᠶᠢᠨ ᠬᠤᠪᠣᠷ ᠨᠠᠨᠳᠢᠨ ᠠᠮᠢᠲᠠᠨ ᠤ ᠲᠥᠷᠥᠯ ᠤᠨ ᠬᠤᠯᠠᠨ᠂ ᠲᠠᠬᠢ᠂ ᠬᠠᠪᠲᠠᠭᠠᠢ ᠵᠡᠷᠭᠡ 101 ᠵᠦᠢᠯ ᠤᠨ ᠳᠤᠮᠳᠠᠳᠤ ᠤᠯᠤᠰ ᠤᠨ ᠮᠥᠬᠦᠬᠦ ᠰᠢᠬᠠᠭᠰᠠᠨ ᠠᠮᠢᠲᠠᠨ ᠤ ᠤᠯᠠᠭᠠᠨ ᠭᠠᠳᠠᠷᠳᠤ ᠪᠢᠴᠢᠭ ᠲᠤ ᠵᠢᠭᠰᠠᠭᠠᠭᠳᠠᠭᠰᠠᠨ ᠬᠤᠪᠣᠷ ᠴᠤᠬᠠᠭ ᠠᠮᠢᠲᠠᠨ ᠪᠠᠭᠲᠠᠨ᠎ᠠ᠃ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠰᠠᠶᠢᠵᠢᠷᠠᠯᠲᠠ ᠪᠠ ᠰᠡᠷᠭᠦᠭᠡᠯᠲᠡ ᠪᠣᠯ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠰᠠᠶᠢᠵᠢᠷᠠᠯᠲᠠ ᠶᠢᠨ ᠴᠢᠬᠤᠯᠠ ᠨᠥᠬᠦᠴᠡᠯ ᠮᠥᠨ᠃      2020 ᠣᠨ ᠪᠣᠯᠲᠠᠯ᠎ᠠ᠂ ᠮᠠᠨ ᠤ ᠣᠷᠣᠨ ᠨᠢᠭᠡᠨᠲᠡ ᠡᠯ᠎ᠡ ᠱᠠᠲᠤᠨ ᠤ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ 182 ᠪᠠᠶᠢᠭᠤᠯᠵᠤ᠂ ᠶᠡᠷᠦᠩᠬᠡᠢ ᠲᠠᠯᠠᠪᠠᠢ ᠨᠢ 1267.04 ᠲᠦᠮᠡᠨ ᠾᠧᠺᠲ᠋ᠠᠷ ᠲᠤ ᠬᠦᠷᠴᠦ᠂ ᠪᠦᠬᠦ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠲᠠᠯᠠᠪᠠᠢ ᠶᠢᠨ 10.71%᠎ ᠶᠢ ᠡᠵᠡᠯᠡᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠊ ᠠᠩᠬ᠎ᠠ ᠠᠯᠬᠤᠮ ᠪᠦᠷᠢᠯᠳᠦᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠪᠠᠶᠢᠷᠢᠰᠢᠯ ᠢ ᠴᠤ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠮᠢᠳᠤ ᠪᠣᠳᠠᠰ ᠲᠤ ᠰᠠᠶᠢᠨ ᠰᠠᠶᠢᠬᠠᠨ ᠣᠷᠣᠰᠢᠨ ᠠᠮᠢᠳᠤᠷᠠᠬᠤ ᠨᠥᠬᠦᠴᠡᠯ ᠢ ᠬᠠᠩᠭᠠᠪᠠ᠃ ᠣᠷᠳᠣᠰ ᠤᠨ ᠬᠤᠪᠣᠷ ᠴᠠᠬᠤᠯᠠᠢ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠤᠪᠣᠷ ᠴᠠᠬᠤᠯᠠᠢ᠂ ᠳᠣᠷᠣᠨᠠᠲᠤ ᠶᠢᠨ ᠴᠠᠭᠠᠨ ᠥᠷᠪᠢ᠂ ᠴᠠᠭᠠᠨ ᠰᠡᠭᠦᠯᠲᠦ ᠵᠠᠭᠠᠯᠶ ᠵᠡᠷᠭᠡ ᠣᠯᠠᠨ ᠠᠷᠪᠢᠨ ᠨᠡᠭᠦᠳᠡᠯ ᠤᠨ ᠰᠢᠪᠠᠭᠤᠳ ᠬᠠᠯᠢᠨ ᠳᠡᠭᠦᠯᠢᠵᠦ᠂ ᠬᠠᠮᠠᠭᠠᠯᠠᠯᠲᠠ ᠶᠢᠨ ᠣᠷᠣᠨ ᠳᠤ ᠭᠤᠶᠢᠳᠠ ᠰᠠᠶᠢᠬᠠᠨ ᠥᠩᠭᠡ ᠦᠵᠡᠮᠵᠢ ᠨᠡᠮᠡᠷᠢᠯᠡᠨ᠎ᠡ᠃ ︽ᠣᠳᠣᠬᠠᠨ᠎ᠠ᠂ ᠨᠤᠭᠤ ᠭᠠᠵᠠᠷ ᠤᠨ ᠤᠰᠤᠨ ᠤ ᠲᠠᠯᠠᠪᠠᠢ 8 ᠲᠡᠭᠰᠢ ᠳᠥᠷᠪᠡᠯᠵᠢᠨ ᠺᠢᠯᠣᠮᠧᠳ᠋ᠷ ᠰᠢᠬᠠᠮ ᠪᠠᠶᠢᠵᠤ᠂ ᠡᠨᠡ ᠵᠢᠯ ᠰᠢᠪᠠᠭᠤᠨ ᠤ ᠶᠡᠷᠦᠩᠬᠡᠢ ᠲᠤᠭ᠎ᠠ 3 ᠲᠦᠮᠡ ᠭᠠᠷᠤᠢ ᠪᠣᠯᠵᠠᠢ᠂ ᠡᠭᠦᠨ ᠳᠤ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠬᠡᠭᠡᠷ᠎ᠡ ᠶᠢᠨ ᠠᠮᠢᠲᠠᠨ ᠪᠣᠯᠬᠤ ᠬᠤᠪᠣᠷ ᠴᠠᠬᠤᠯᠠᠢ 3000 ᠪᠠᠶᠢᠵᠤ᠂ ᠨᠤᠭᠤ ᠭᠠᠵᠠᠷ ᠤᠨ ᠠᠮᠢ ᠠᠬᠤᠢ ᠶᠢᠨ ᠴᠢᠳᠠᠮᠵᠢ ᠴᠦ ᠢᠳᠡᠭ ᠢᠳᠡᠭ ᠢᠶᠠᠷ ᠰᠡᠷᠭᠦᠵᠦ ᠪᠠᠶᠢᠨ᠎ᠠ︾ ᠭᠡᠵᠦ ᠬᠠᠮᠠᠭᠠᠯᠠᠯᠲᠠ ᠶᠢᠨ ᠣᠷᠣᠨ ᠤ ᠳ᠋ᠦᠩᠱᠧᠩ ᠥᠷᠲᠡᠭᠡᠨ ᠤ ᠳᠠᠷᠤᠭ᠎ᠠ ᠷᠧᠨ ᠶᠥᠩ ᠴᠢ ᠲᠠᠨᠢᠯᠴᠠᠭᠤᠯᠪᠠ᠃      20 ᠳ᠋ᠤᠭᠠᠷ ᠵᠠᠭᠤᠨ ᠤ ᠨᠠᠶᠠᠭᠠᠳ ᠣᠨ ᠳᠤ ᠥᠪᠥᠷ ᠮᠣᠩᠭᠤᠯ ᠤᠨ ᠬᠡᠭᠡᠷ᠎ᠡ ᠶᠢᠨ ᠠᠮᠢᠲᠠᠨ ᠤ ᠪᠠᠶᠢᠴᠠᠭᠠᠯᠲᠠ ᠶᠢᠨ ᠠᠩᠭᠢ ᠠᠳᠡ ᠠᠴᠠ ᠳᠡᠯᠡᠬᠡᠢ ᠶᠢᠨ ᠤᠰᠠᠳᠬᠤ ᠰᠢᠬᠠᠭᠰᠠᠨ ᠰᠢᠪᠠᠭᠤᠨ ᠤ ᠲᠥᠷᠥᠯ ᠪᠣᠯᠬᠤ ᠬᠤᠪᠣᠷ ᠴᠠᠬᠤᠯᠠᠢ ᠶᠢ ᠢᠯᠡᠷᠡᠭᠦᠯᠵᠡᠢ᠂ ᠷᠧᠨ ᠶᠥᠩ ᠴᠢ ᠡᠭᠦᠨ ᠠᠴᠠ ᠡᠬᠢᠯᠡᠨ ᠬᠤᠪᠣᠷ ᠴᠠᠬᠤᠯᠠᠢ ᠲᠠᠢ ᠬᠤᠪᠢ ᠪᠠᠷᠢᠯᠳᠤᠯᠭ᠎ᠠ ᠲᠠᠢ ᠪᠣᠯᠵᠤ᠂ ᠪᠦᠬᠦ ᠰᠡᠳᠬᠢᠯ ᠢᠶᠠᠷ ᠢᠶᠠᠨ ᠬᠤᠪᠣᠷ ᠴᠠᠬᠤᠯᠠᠢ ᠶᠢ ᠬᠠᠮᠠᠭᠠᠯᠠᠬᠤ ᠠᠵᠢᠯ ᠳᠤ ᠣᠷᠣᠯᠴᠠᠵᠤ᠂ ᠣᠳᠣ ᠪᠣᠯᠲᠠᠯ᠎ᠠ ᠨᠢᠭᠡᠨᠲᠡ 30 ᠭᠠᠷᠤᠢ ᠬᠠᠪᠤᠷ ᠨᠠᠮᠤᠷ ᠢ ᠲᠤᠭᠤᠯᠵᠠᠢ᠃      2006 ᠣᠨ ᠠᠴᠠ ᠡᠬᠢᠯᠡᠨ᠂ ᠬᠤᠷ᠎ᠠ ᠲᠣᠨᠣᠳᠠᠰᠤ ᠪᠠᠭᠠᠰᠴᠤ᠂ ᠭᠠᠵᠠᠷ ᠤᠨ ᠭᠠᠳᠠᠷᠭᠤ ᠶᠢᠨ ᠤᠷᠤᠰᠬᠠᠯ ᠤᠨ ᠨᠥᠬᠦᠪᠥᠷᠢᠯᠡᠯᠲᠡ ᠬᠦᠷᠦᠯᠴᠡᠬᠦ ᠦᠭᠡᠢ ᠠᠴᠠ ᠪᠣᠯᠵᠤ᠂ ᠬᠠᠮᠠᠭᠠᠯᠠᠯᠲᠠ ᠶᠢᠨ ᠣᠷᠣᠨ ᠤ ᠨᠤᠭᠤ ᠭᠠᠵᠠᠷ ᠤᠨ ᠤᠰᠤᠨ ᠤ ᠲᠠᠯᠠᠪᠠᠢ ᠠᠪᠴᠢᠵᠤ᠂ ᠬᠤᠪᠣᠷ ᠴᠠᠬᠤᠯᠠᠢ 13 ᠵᠢᠯ ᠳᠠᠷᠠᠭᠠᠯᠠᠨ ᠠᠳᠡ ᠢᠷᠡᠵᠦ ᠡᠭᠦᠷ ᠪᠠᠷᠢᠵᠤ ᠦᠷᠡᠵᠢᠭ᠌ᠰᠡᠨ ᠦᠭᠡᠢ᠃ ᠠᠮᠢ ᠠᠬᠤᠢ ᠶᠢ ᠰᠡᠷᠭᠦᠭᠡᠵᠦ᠂ ᠬᠤᠪᠣᠷ ᠴᠠᠬᠤᠯᠠᠢ ᠶᠢ ︽ᠤᠭᠲᠤᠬᠤ︾᠎ ᠶᠢᠨ ᠲᠥᠯᠥᠭᠡ 2018 ᠣᠨ ᠳᠤ ᠣᠷᠳᠣᠰ ᠬᠤᠲᠠ ᠤᠰᠤ ᠨᠥᠬᠦᠪᠥᠷᠢᠯᠡᠬᠦ ᠢᠨᠵᠧᠨᠧᠷᠢᠩ ᠢ ᠬᠡᠷᠡᠭᠵᠢᠭᠦᠯᠵᠦ᠂ ᠲᠠᠰᠤᠷᠠᠯᠲᠠ ᠦᠭᠡᠢ ᠤᠰᠤ ᠨᠥᠬᠦᠪᠥᠷᠢᠯᠡᠵᠦ ᠨᠤᠭᠤ ᠭᠠᠵᠠᠷ ᠢ ᠳᠠᠬᠢᠨ ᠠᠮᠢᠯᠠᠭᠤᠯᠬᠤ ᠳᠤ ᠰᠢᠪᠠᠭᠤᠨ ᠤ ᠲᠥᠷᠥᠯ ᠵᠦᠢᠯ᠂ ᠲᠤᠭ᠎ᠠ ᠬᠡᠮᠵᠢᠶ᠎ᠡ ᠶᠢ ᠶᠡᠭᠡ ᠪᠠᠷ ᠨᠡᠮᠡᠭᠳᠡᠭᠦᠯᠪᠡ᠃      ᠷᠧᠨ ᠶᠥᠩ ᠴᠢ ᠬᠡᠳᠦᠨ ᠰᠠᠷ᠎ᠠ ᠶᠢᠨ ᠳᠠᠷᠠᠭ᠎ᠠ ᠠᠵᠢᠯ ᠠᠴᠠ ᠪᠠᠨ ᠠᠮᠠᠷᠠᠬᠤ ᠪᠣᠯᠤᠨ᠎ᠠ᠂ ᠣᠳᠣ ᠬᠠᠮᠠᠭᠠᠯᠠᠯᠲᠠ ᠶᠢᠨ ᠣᠷᠣᠨ ᠳᠤ ᠰᠢᠪᠠᠭᠤᠨ ᠤ ᠲᠥᠷᠥᠯ ᠣᠯᠠᠰᠢᠷᠠᠭᠰᠠᠨ ᠠᠴᠠ ᠲᠡᠷᠡ ᠤᠤᠯ ᠠᠴᠠ ᠪᠠᠨ ᠨᠠᠩ ᠶᠠᠭᠠᠷᠠᠤ ᠪᠣᠯᠤᠭᠰᠠᠨ ᠪᠣᠯᠪᠠᠴᠤ ᠬᠤᠪᠣᠷ ᠰᠢᠪᠠᠭᠤᠳ ᠤᠨ ᠲᠦᠷᠦᠯ ᠣᠯᠠᠰᠢᠷᠠᠭᠰᠠᠨ ᠳᠤ ᠰᠡᠳᠬᠢᠯ ᠳᠣᠲᠣᠷ᠎ᠠ ᠪᠠᠨ ᠰᠡᠮ ᠪᠠᠶᠠᠷᠯᠠᠵᠤ ᠪᠠᠶᠢᠯ᠎ᠠ᠃ ᠪᠠᠷᠠᠭᠤᠨ ᠣᠷᠳᠣᠰ ᠤᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯ ᠨᠣᠴᠣᠭᠠᠨ᠎ᠠ ᠵᠡᠷᠭᠡ 72 ᠵᠦᠢᠯ ᠤᠨ ᠡᠷᠲᠡᠨ ᠤ ᠮᠥᠬᠦᠬᠦ ᠰᠢᠬᠠᠭᠰᠠᠨ ᠤᠷᠭᠤᠮᠠᠯ ᠢ ᠬᠠᠮᠠᠭᠠᠯᠠᠬᠤ ᠪᠠᠷ ᠭᠤᠣᠯ ᠡᠲᠡᠭᠡᠳ ᠪᠣᠯᠭᠠᠭᠰᠠᠨ ᠶᠡᠷᠦᠩᠬᠡᠶᠢᠯᠡᠭᠰᠡᠨ ᠴᠢᠨᠠᠷᠲᠠᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯᠤᠨ᠎ᠠ᠃      ᠬᠠᠮᠠᠭᠠᠯᠠᠯᠲᠠ ᠶᠢᠨ ᠣᠷᠣᠨ ᠤ ᠣᠷᠳᠣᠰ ᠬᠠᠷᠢᠶ᠎ᠠ ᠣᠷᠣᠨ ᠤ ᠦᠵᠦᠭᠦᠷ ᠬᠠᠮᠢᠶᠠᠷᠤᠯᠲᠠ ᠶᠢᠨ ᠥᠷᠲᠡᠭᠡᠨ ᠤ ᠬᠠᠷᠢᠭᠤᠴᠠᠯᠭᠠᠲᠠᠨ ᠳ᠋ᠧᠩ ᠵᠢᠩ ᠰᠢᠶᠠᠨ ᠬᠤᠸᠠᠷ ᠴᠡᠴᠡᠭ ᠤᠨ ᠤᠷᠭᠤᠴᠠ ᠶᠢ ᠪᠠᠶᠢᠴᠠᠭᠠᠨ ᠦᠵᠡᠬᠦ ᠶᠢᠨ ᠳᠠᠭᠠᠤ ᠬᠠᠮᠠᠭᠠᠯᠠᠯᠲᠠ ᠶᠢᠨ ‍ᠣᠷᠣᠨ ᠤ ᠣᠶᠢᠷ᠎ᠠ ᠶᠢᠨ ᠵᠢᠯ ᠤᠨ ᠬᠤᠪᠢᠷᠠᠯᠲᠠ ᠶᠢ ᠰᠤᠷᠪᠤᠯᠵᠢᠯᠠᠭᠴᠢ ᠳᠤ ᠬᠡᠯᠡᠪᠡ᠃ ᠲᠡᠷᠡ ᠬᠡᠯᠡᠬᠦ ᠳᠤ ᠪᠠᠨ᠂ ᠣᠳᠣ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠨᠢ ᠮᠠᠨ ᠤ ᠬᠠᠮᠠᠭᠠᠯᠠᠬᠤ ᠠᠵᠢᠯ ᠢ ᠨᠡᠩ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠢ ᠪᠣᠯᠭᠠᠵᠠᠢ᠃ ᠬᠠᠮᠠᠭᠠᠯᠠᠯᠲᠠ ᠶᠢᠨ ᠣᠷᠣᠨ ᠳᠤ 4 ᠥᠨᠳᠥᠷ ᠣᠭᠲᠠᠷᠭᠤᠢ ᠶᠢᠨ ᠡᠭᠦᠯᠡᠨ ᠲᠠᠪᠴᠠᠩ ᠤᠨ ᠳᠦᠷᠰᠦ ᠰᠢᠩᠭᠡᠭᠡᠬᠦ ᠮᠠᠰᠢᠨ ᠤᠭᠰᠠᠷᠠᠵᠤ᠂ ᠵᠢᠷᠤᠭ ᠳᠦᠷᠰᠦ ᠶᠢ ᠰᠦᠯᠵᠢᠶ᠎ᠡ ᠪᠠᠷ ᠠᠯᠤᠰ ᠠᠴᠠ ᠬᠢᠨᠠᠨ ᠡᠵᠡᠮᠳᠡᠬᠦ ᠶᠢ ᠪᠡᠶᠡᠯᠡᠭᠦᠯᠵᠦ᠂ ᠡᠯ᠎ᠡ ᠲᠥᠷᠥᠯ ᠤᠨ ᠠᠮᠢ ᠠᠬᠤᠢ ᠣᠷᠴᠢᠨ ᠲᠣᠭᠤᠷᠢᠨ ᠤ ᠪᠠᠶᠢᠳᠠᠯ ᠪᠠ ᠬᠥᠮᠦᠨ ᠲᠥᠷᠥᠯᠬᠢᠲᠡᠨ ᠤ ᠠᠵᠢᠯᠯᠠᠭ᠎ᠠ ᠶᠢ ᠴᠠᠭ ᠲᠤᠬᠠᠢ ᠳᠤᠨᠢ ᠡᠵᠡᠮᠰᠢᠵᠦ᠂ ᠲᠤᠰ ᠬᠠᠷᠢᠶ᠎ᠠ ᠣᠷᠣᠨ ᠤ ᠬᠢᠨᠠᠯᠲᠠ ᠬᠠᠮᠢᠶᠠᠷᠤᠯᠲᠠ᠂ ᠬᠢᠨᠠᠨ ᠡᠵᠡᠮᠰᠢᠯ ᠳᠤ ᠨᠡᠩ ᠪᠦᠲᠦᠮᠵᠢᠲᠡᠢ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠪᠠ ᠭᠡᠵᠡᠢ᠃ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠦᠷᠭᠦᠯᠵᠢᠯᠡᠨ ᠥᠷᠨᠢᠭᠦᠯᠵᠦ᠂ ᠣᠷᠴᠢᠨ ᠲᠣᠭᠤᠷᠢᠨ ᠤ ᠪᠠᠭᠲᠠᠭᠠᠮᠵᠢ ᠶᠢ ᠥᠷᠭᠡᠳᠬᠡᠨ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠭᠰᠠᠨ ᠠᠴᠠ ᠮᠠᠨ ᠤ ᠣᠷᠣᠨ ᠤ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠲᠠᠰᠤᠷᠠᠯᠲᠠ ᠥᠬᠡᠶ ᠳᠡᠭᠡᠭᠰᠢᠯᠡᠵᠦ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠪᠠ᠃      ᠭᠤᠣᠯᠳᠠᠯᠭ᠎ᠠ ᠲᠠᠢ ᠬᠠᠮᠠᠭᠠᠯᠠᠯᠲᠠ ᠶᠢᠨ ᠣᠷᠣᠨ ᠢ ᠪᠠᠶᠢᠭᠤᠯᠬᠤ ᠠᠴᠠ ᠭᠠᠳᠠᠨ᠎ᠠ᠂ ᠮᠠᠨ ᠤ ᠣᠷᠣᠨ ᠪᠠᠰᠠ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠠᠬᠤ ᠳᠠᠶᠢᠯᠠᠯᠳᠤᠭᠠᠨ ᠤ ᠢᠯᠠᠯᠲᠠ ᠶᠢ ᠣᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠣᠷᠴᠢᠨ ᠲᠣᠭᠤᠷᠢᠨ ᠤ ᠳᠡᠭᠡᠭᠰᠢᠯᠡᠯᠲᠡ ᠪᠠᠷ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠶᠡᠭᠡ ᠬᠥᠭᠵᠢᠯᠲᠡ ᠶᠢ ᠠᠬᠢᠭᠤᠯᠪᠠ᠃ ᠬᠥᠯᠥᠨ ᠨᠠᠭᠤᠷ᠂ ᠳᠠᠭ᠎ᠠ ᠶᠢᠨ ᠨᠠᠭᠤᠷ᠂ ᠤᠯᠠᠭᠠᠨᠰᠤᠬᠠᠢ ᠨᠠᠭᠤᠷ ᠤᠨ ᠶᠡᠷᠦᠩᠬᠡᠢᠯᠡᠭ᠌ᠰᠡᠨ ᠵᠠᠰᠠᠯᠲᠠ ᠪᠣᠯ ᠳᠠᠷᠤᠢ ᠡᠭᠦᠨ ᠤ ᠨᠡᠶᠢᠲᠡᠯᠢᠭ ᠵᠢᠱᠢᠶ᠎ᠡ ᠪᠣᠯᠤᠨ᠎ᠠ᠃ ᠬᠤᠨ ᠭᠠᠯᠠᠭᠤ᠂ ᠠᠩᠭᠢᠷ᠂ ᠤᠯᠠᠭᠠᠨ ᠬᠤᠰᠢᠭᠤᠲᠤ ᠴᠠᠬᠤᠯᠠᠢ ᠁ ᠬᠡᠳᠦᠨ ᠡᠳᠦᠷ ᠤᠨ ᠲᠤᠷᠰᠢ᠂ ᠤᠯᠠᠭᠠᠨᠰᠤᠬᠠᠢ ᠨᠠᠭᠤᠷ ᠤᠨ ᠨᠤᠭᠤ ᠭᠠᠵᠠᠷ ᠲᠤ ᠶᠡᠭᠡ ᠬᠡᠮᠵᠢᠶᠡᠨ ᠤ ᠬᠢᠯᠢ ᠳᠠᠪᠠᠭᠰᠠᠨ ᠨᠡᠭᠦᠳᠡᠯ ᠤᠨ ᠰᠢᠪᠠᠭᠤ ᠠᠳᠡ ᠢᠷᠡᠵᠦ ᠣᠷᠣᠰᠢᠨ ᠠᠮᠢᠳᠤᠷᠠᠵᠤ ᠦᠷᠡᠵᠢᠨ ᠲᠥᠯᠵᠢᠬᠦ ᠪᠣᠯᠪᠠ᠃      ︽ᠵᠢᠭᠠᠰᠤᠨ ᠤ ᠲᠥᠷᠥᠯ ᠪᠠ ᠰᠢᠪᠠᠭᠤᠨ ᠤ ᠲᠥᠷᠥᠯ ᠤᠨ ᠨᠡᠮᠡᠭᠳᠡᠯ ᠪᠣᠯ ᠤᠯᠠᠭᠠᠨᠰᠤᠬᠠᠢ ᠨᠠᠭᠤᠷ ᠤᠨ ᠤᠰᠤᠨ ᠤ ᠴᠢᠨᠠᠷ ᠶᠢ ᠳᠡᠭᠡᠭᠰᠢᠯᠡᠭᠦᠯᠦᠭᠰᠡᠨ ᠬᠠᠮᠤᠭ ᠤᠨ ᠰᠠᠶᠢᠨ ᠭᠡᠷᠡᠴᠢ ᠪᠣᠯᠤᠨ᠎ᠠ᠂ ᠶᠡᠷᠦᠩᠬᠡᠶᠢᠯᠡᠨ ᠵᠠᠰᠠᠬᠤ ᠪᠠᠷ ᠳᠠᠮᠵᠢᠨ᠂ ᠤᠯᠠᠭᠠᠨᠰᠤᠬᠠᠢ ᠶᠢᠨ ᠤᠰᠤᠨ ᠤ ᠴᠢᠨᠠᠷ ᠨᠢᠭᠡᠨᠲᠡ ᠤᠤᠯ ᠤᠨ ᠮᠠᠭᠤ ᠲᠠᠪᠤᠳᠤᠭᠠᠷ ᠲᠦᠷᠦᠯ ᠪᠠᠶᠢᠭᠰᠠᠨ ᠠᠴᠠ ᠣᠳᠣ ᠶᠡᠷᠦᠩᠬᠡᠢ ᠴᠣᠭᠴᠠ ᠶᠢᠨ ᠲᠠᠪᠤᠳᠤᠭᠠᠷ ᠲᠥᠷᠥᠯ ᠳᠤ ᠬᠦᠷᠴᠦ᠂ ᠵᠠᠷᠢᠮ ᠬᠡᠰᠡᠭ ᠨᠢ ᠳᠥᠷᠪᠡᠳᠦᠭᠡᠷ ᠲᠥᠷᠥᠯ ᠤᠨ ᠤᠰᠤᠨ ᠤ ᠪᠠᠷᠢᠮᠵᠢᠶ᠎ᠠ ᠳᠤ ᠬᠦᠷᠴᠡᠢ᠃ ᠤᠯᠠᠭᠠᠨᠰᠤᠬᠠᠢ ᠨᠠᠭᠤᠷ ᠢᠶᠠᠷ ᠥᠩᠭᠡᠷᠡᠬᠦ ᠪᠤᠶᠤ ᠠᠳᠡ ᠦᠷᠡᠵᠢᠨ ᠲᠥᠯᠵᠢᠵᠦ ᠪᠠᠶᠢᠭ᠎ᠠ ᠰᠢᠪᠠᠭᠤᠨ ᠤ ᠲᠥᠷᠥᠯ 260 ᠭᠠᠷᠤᠢ ᠪᠣᠯᠵᠤ᠂ ᠪᠦᠬᠦ ᠲᠤᠭ᠎ᠠ ᠨᠢ 600 ᠲᠦᠮᠡ ᠶᠢ ᠳᠠᠪᠠᠵᠠᠢ︾ ᠭᠡᠵᠦ ᠤᠯᠠᠭᠠᠨᠰᠤᠬᠠᠢ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠲᠥᠪ ᠤᠨ ᠳᠡᠳ᠋ ᠡᠷᠬᠢᠯᠡᠭᠴᠢ ᠪᠦᠦ ᠸᠧᠢ ᠬᠡᠯᠡᠨ᠎ᠡ᠃      ᠬᠥᠯᠥᠨ ᠨᠠᠭᠤᠷ ᠤᠨ ᠤᠰᠤᠨ ᠤ ᠴᠢᠨᠠᠷ ᠳᠡᠭᠡᠭᠰᠢᠯᠡᠨ ᠠᠳᠠᠯᠢᠬᠠᠨ ᠦᠷ᠎ᠡ ᠪᠦᠲᠦᠮᠵᠢ ᠣᠯᠵᠤ᠂ ᠠᠮᠢᠲᠠᠨ ᠤ ᠲᠥᠷᠥᠯ ᠪᠠ ᠲᠤᠭ᠎ᠠ ᠬᠡᠮᠵᠢᠶ᠎ᠡ ᠢᠯᠡᠳᠲᠡ ᠨᠡᠮᠡᠭᠳᠡᠪᠡ᠃ ᠬᠥᠯᠥᠨ ᠨᠠᠭᠤᠷ ᠤᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ᠽᠧᠦ ᠸᠧᠢ ᠳ᠋ᠦᠩ ᠢᠯᠡᠷᠬᠡᠶᠢᠯᠡᠬᠦ ᠳᠤ ᠪᠠᠨ᠂ 2013 ᠣᠨ ᠠᠴᠠ ᠣᠳᠣ ᠪᠣᠯᠲᠠᠯ᠎ᠠ᠂ ᠬᠠᠮᠠᠭᠠᠯᠠᠯᠲᠠ ᠶᠢᠨ ᠣᠷᠣᠨ ᠤ ᠳᠣᠲᠣᠷ᠎ᠠ ᠲᠡᠮᠳᠡᠭᠯᠡᠭᠰᠡᠨ ᠰᠢᠪᠠᠭᠤᠨ ᠤ ᠲᠥᠷᠥᠯ ᠵᠢᠭᠠᠰᠤᠨ ᠤ ᠲᠥᠷᠥᠯ ᠪᠠ ᠬᠥᠬᠦᠲᠡᠨ ᠠᠮᠢᠲᠠᠨ ᠤ ᠲᠥᠷᠥᠯ ᠵᠦᠢᠯ ᠲᠤᠰ ᠲᠤᠰ 345᠂ 35 ᠪᠠ 38 ᠪᠣᠯᠵᠤ ᠨᠡᠮᠡᠭᠳᠡᠪᠡ᠃ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠤᠷᠭᠤᠮᠠᠯ ᠤᠨ ᠪᠦᠷᠬᠦᠴᠡ 2015 ᠣᠨ ᠳᠤ 68% ᠪᠠᠶᠢᠭᠰᠠᠨ ᠠᠴᠠ ᠪᠠᠨ ᠣᠳᠣ 70% ᠣᠷᠴᠢᠮ ᠪᠣᠯᠵᠤ ᠨᠡᠮᠡᠭᠳᠡᠨ᠂ ᠰᠢᠪᠠᠭᠤᠨ ᠤ ᠲᠥᠷᠥᠯ ᠵᠦᠢᠯ 2015 ᠣᠨ ᠳᠤ 68 ᠵᠦᠢᠯ ᠪᠠᠶᠢᠭᠰᠠᠨ ᠠᠴᠠ ᠪᠠᠨ ᠣᠳᠣ 91 ᠵᠦᠢᠯ ᠪᠣᠯᠵᠤ ᠨᠡᠮᠡᠭᠳᠡᠪᠡ᠃      ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠠᠰᠠ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠨᠤᠭᠤ ᠭᠠᠵᠠᠷ ᠤᠨ ᠴᠡᠴᠡᠷᠯᠢᠭ ᠵᠡᠷᠭᠡ ᠬᠡᠭᠡᠷ᠎ᠡ ᠶᠢᠨ ᠠᠮᠢᠲᠠᠨ ᠤ ᠴᠢᠬᠤᠯᠠ ᠲᠥᠪᠯᠡᠷᠡᠵᠦ ᠪᠠᠶᠢᠭ᠎ᠠ ᠭᠠᠵᠠᠷ ᠲᠤ ᠬᠡᠭᠡᠷ᠎ᠡ ᠶᠢᠨ ᠠᠮᠢᠲᠠᠨ ᠤ ᠬᠢᠵᠢᠭ ᠤᠨ ᠰᠤᠷᠪᠤᠯᠵᠢ ᠬᠢᠵᠢᠭ ᠡᠪᠡᠳᠴᠢᠨ ᠢ ᠬᠢᠨᠠᠨ ᠬᠡᠮᠵᠢᠬᠦ ᠥᠷᠲᠡᠭᠡ᠂ ᠠᠪᠤᠷᠠᠨ ᠲᠤᠰᠠᠯᠠᠬᠤ ᠥᠷᠲᠡᠭᠡ ᠪᠠᠶᠢᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠢᠴᠢ ᠬᠡᠭᠡᠷ᠎ᠡ ᠶᠢᠨ ᠠᠮᠢᠲᠠᠨ ᠤ ᠨᠡᠭᠦᠳᠡᠯᠯᠡᠬᠦ ᠵᠠᠮ᠂ ᠣᠷᠣᠰᠢᠨ ᠠᠮᠢᠳᠤᠷᠠᠬᠤ ᠭᠠᠵᠠᠷ ᠵᠡᠷᠭᠡ ᠶᠢ ᠴᠠᠭᠳᠠᠨ ᠪᠠᠶᠢᠴᠠᠭᠠᠵᠤ ᠲᠣᠭᠤᠷᠢᠨ ᠬᠠᠮᠠᠭᠠᠯᠠᠬᠤ ᠶᠢ ᠴᠢᠩᠭᠠᠳᠬᠠᠵᠤ᠂ ᠬᠡᠭᠡᠷ᠎ᠡ ᠶᠢᠨ ᠠᠮᠢᠲᠠᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠡᠢ᠃      ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠪᠣᠯ ᠳᠠᠷᠤᠢ ᠬᠥᠮᠦᠨ ᠲᠥᠷᠥᠯᠬᠢᠲᠡᠨ ᠥᠪᠡᠷ ᠢ ᠪᠠᠨ ᠬᠠᠮᠠᠭᠠᠯᠠᠵᠤ ᠪᠠᠶᠢᠭ᠎ᠠ ᠶᠠᠪᠤᠳᠠᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠮᠠᠨ ᠤ ᠣᠷᠣᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠳᠠᠪᠤᠷᠢ ᠪᠠ ᠲᠦᠪᠰᠢᠨ ᠢ ᠦᠷᠭᠦᠯᠵᠢᠯᠡᠨ ᠬᠦᠴᠦᠯᠡᠨ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠬᠢᠨᠠᠨ ᠬᠡᠮᠵᠢᠯᠲᠡ ᠬᠢᠭᠡᠳ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠢᠨᠠᠨ ᠬᠡᠮᠵᠢᠬᠦ ᠲᠣᠣᠷ ᠢ ᠨᠢᠢᠳᠬᠡᠨ ᠰᠢᠯᠢᠳᠡᠭᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠢᠨᠠᠨ ᠬᠠᠮᠢᠶᠠᠷᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ ᠭᠡᠵᠦ ᠢᠯᠡᠷᠬᠡᠶᠢᠯᠡᠪᠡ᠃    
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号