ᠲᠦᠷᠦ ᠶᠢᠨ ᠪᠣᠳᠣᠯᠭ᠎ᠠ Q&A | ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠪᠠᠶᠢᠩᠭᠤ ᠶᠢᠨ ᠬᠤᠷᠠᠯ ᠬᠤᠷᠠᠯᠳᠤᠭᠤᠯᠵᠤ᠂ | ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠬᠤᠯᠪᠣᠭᠳᠠᠯ ᠪᠦᠬᠦᠢ | ᠠᠵᠢᠯ ᠢ ᠰᠤᠳᠤᠯᠵᠠᠢ᠃ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 8 ᠳ᠋ᠤᠭᠠᠷ | ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ | ᠪᠣᠳᠣᠯᠭ᠎ᠠ ᠶᠢᠨ ᠪᠠᠶᠢᠳᠠᠯ ᠢ ᠮᠡᠳᠡᠭᠳᠡᠬᠦ ᠵᠤᠷᠰᠢᠯᠲᠤ ᠬᠤᠷᠠᠯ ᠬᠢᠵᠦ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ | ᠵᠦᠢᠯ ᠢ ᠪᠠᠲᠤᠯᠠᠬᠤ ᠲᠤᠬᠠᠢ ᠪᠠᠶᠢᠳᠠᠯ ᠢ ᠲᠠᠨᠢᠯᠴᠠᠭᠤᠯᠪᠠ᠃ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠵᠤ | ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠬᠤ ᠲᠠᠯ᠎ᠠ ᠪᠠᠷ ᠪᠣᠳᠠᠲᠠᠢ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ | ᠳᠡᠮᠵᠢᠯᠭᠡ ᠪᠠᠶᠢᠬᠤ ᠪᠣᠶ︖ ᠬᠠᠮᠲᠤ ᠪᠠᠷ ᠠᠩᠬᠠᠷᠤᠶ᠎ᠠ︕ | Q1 | Q᠄ ᠣᠶᠢᠷ᠎ᠠ ᠶᠢᠨ ᠬᠤᠭᠤᠴᠠᠭᠠᠨ ᠳᠤ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠵᠤ ᠬᠠᠪᠰᠤᠷᠤᠨ | ᠲᠡᠳᠬᠦᠬᠦ ᠡᠷᠴᠢᠮ ᠢ ᠴᠢᠩᠭᠠᠷᠠᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ | A᠄ ᠨᠢᠭᠡ ᠳᠤ᠂ ᠡᠯ᠎ᠡ ᠭᠠᠵᠠᠷ ᠤᠨ ᠬᠢᠨ ᠢ ᠵᠢᠯᠤᠭᠤᠳᠴᠤ ᠪᠠᠶᠢᠭᠠᠳ ᠨᠠᠭᠠᠲᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠬᠦᠷᠲᠡᠵᠦ ᠪᠠᠶᠢᠭ᠎ᠠ ᠬᠦᠮᠦᠰ᠂ ᠣᠨᠴᠠ ᠬᠦᠴᠢᠷᠳᠡᠯᠲᠡᠢ ᠬᠥᠮᠥᠰ ᠵᠡᠷᠭᠡ ᠬᠦᠴᠢᠷᠳᠡᠯᠲᠡᠢ ᠣᠯᠠᠨ | ᠲᠦᠮᠡᠨ ᠳᠤ ᠨᠢᠭᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠨᠡᠮᠡᠵᠦ ᠣᠯᠭᠤᠨ᠎ᠠ᠃ | ᠬᠤᠶᠠᠷ ᠲᠤ᠂ ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠢ ᠲᠦᠷ ᠴᠠᠭ ᠠᠪᠤᠷᠠᠨ ᠲᠤᠰᠠᠯᠠᠬᠤ | ᠡᠷᠴᠢᠮ ᠢ ᠴᠢᠩᠭᠠᠷᠠᠭᠤᠯᠵᠤ᠂ ᠡᠯ᠎ᠡ ᠭᠠᠵᠠᠷ ᠢ ᠵᠢᠭᠠᠨ ᠵᠢᠯᠤᠭᠤᠳᠴᠤ ᠪᠠᠶᠢᠭᠠᠳ ᠨᠥᠬᠦᠴᠡᠯ ᠳᠤ ᠨᠡᠶᠢᠴᠡᠬᠦ | ᠳᠠᠭᠠᠳᠬᠠᠯ ᠳᠤ ᠣᠷᠣᠯᠴᠠᠭᠠᠳᠤᠢ ᠠᠵᠢᠯ ᠠᠯᠳᠠᠭᠰᠠᠳ ᠵᠡᠷᠭᠡ ᠬᠦᠴᠢᠷᠳᠡᠯ ᠲᠠᠢ ᠣᠯᠠᠨ ᠲᠦᠮᠡᠨ ᠳᠤ ᠬᠦᠴᠦ ᠶᠠᠪᠤᠵᠤ | ᠪᠠᠶᠢᠭ᠎ᠠ ᠭᠠᠵᠠᠷ ᠪᠤᠶᠤ ᠪᠠᠶᠢᠩᠭᠤ ᠰᠠᠭᠤᠭ᠎ᠠ ᠭᠠᠵᠠᠷ ᠠᠴᠠ ᠨᠢ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠶᠢ | ᠨᠢᠭᠡ ᠤᠳᠠᠭ᠎ᠠ ᠶᠢᠨ ᠴᠢᠨᠠᠷᠲᠠᠢ ᠣᠯᠭᠤᠨ᠎ᠠ᠃ | ᠭᠤᠷᠪᠠ ᠳᠤ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠥᠰ ᠢ | ᠠᠰᠠᠷᠠᠨ ᠲᠡᠵᠢᠭᠡᠬᠦ ᠵᠡᠷᠭᠡ ᠠᠪᠤᠷᠠᠨ ᠲᠤᠰᠠᠯᠠᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠶᠠᠳᠠᠭᠤ ᠠᠴᠠ ᠲᠣᠭᠲᠠᠭᠤᠨ ᠪᠤᠰᠤ ᠠᠩᠭᠢᠵᠢᠷᠠᠭᠰᠠᠨ ᠨᠥᠬᠦᠴᠡᠯ ᠳᠤ ᠨᠡᠶᠢᠴᠡᠬᠦ ᠬᠥᠮᠥᠨ ᠠᠮᠠ᠂ ᠬᠢᠯᠢ ᠬᠢᠵᠠᠭᠠᠷ ᠤᠨ | ᠠᠮᠠᠷᠬᠠᠨ ᠶᠠᠳᠠᠭᠤᠷᠠᠬᠤ ᠬᠥᠮᠥᠨ ᠠᠮᠠ ᠪᠠ ᠭᠡᠨᠡᠳᠲᠡ ᠶᠢᠨ ᠬᠦᠨᠳᠦ ᠨᠣᠴᠢᠲᠠᠢ ᠬᠦᠴᠢᠷᠳᠡᠯ ᠳᠤ ᠲᠤᠯᠭᠠᠷᠠᠭᠰᠠᠨ | ᠡᠷᠦᠬᠡ ᠶᠢ ᠴᠠᠭ ᠲᠤᠬᠠᠢ ᠳᠤ ᠨᠢ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠣᠨᠴᠠ ᠬᠦᠴᠢᠷᠳᠡᠯ ᠲᠠᠢ | ᠬᠥᠮᠥᠰ ᠢ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠵᠤ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ | ᠠᠪᠤᠷᠠᠬᠤ ᠶᠣᠰᠣᠲᠠᠢ ᠶᠢ ᠨᠢ ᠪᠦᠬᠦᠨ ᠢ ᠠᠪᠤᠷᠠᠬᠤ ᠶᠢ ᠪᠠᠲᠤᠯᠠᠨ᠎ᠠ᠃ | ᠳᠥᠷᠪᠡ ᠳᠤ᠂ ᠪᠦᠬᠦ ᠤᠯᠤᠰ ᠤᠨ ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ ᠬᠢᠨᠠᠨ | ᠬᠡᠮᠵᠢᠯᠲᠡ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠡᠯ᠎ᠡ | ᠭᠠᠵᠠᠷ ᠤᠨ ᠬᠢᠨ ᠢ ᠵᠢᠯᠣᠭᠤᠳᠤᠨ ᠠᠪᠤᠷᠠᠨ ᠲᠤᠰᠠᠯᠠᠬᠤ ᠴᠤᠪᠤᠷᠠᠯ ᠢ ᠳᠥᠭᠦᠮᠴᠢᠯᠡᠨ ᠰᠢᠯᠢᠳᠡᠭᠵᠢᠭᠦᠯᠵᠦ᠂ | ᠨᠡᠶᠢᠭᠡᠮ ᠤᠨ ᠠᠪᠤᠷᠠᠨ ᠲᠤᠰᠠᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠬᠦᠴᠢᠷᠳᠡᠯᠲᠡᠢ ᠣᠯᠠᠨ | ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠬᠤ ᠠᠷᠭ᠎ᠠ ᠬᠡᠮᠵᠢᠶ᠎ᠡ ᠶᠢ | ᠪᠠᠶᠢᠷᠢᠯᠠᠭᠤᠯᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠬᠦ | ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠢᠭᠡ ᠯᠡ ᠤᠳᠠᠭ᠎ᠠ ᠶᠢᠨ ᠴᠢᠨᠠᠷᠲᠠᠢ | ᠠᠮᠢᠳᠤᠷᠠᠯ ᠤᠨ ᠨᠥᠬᠦᠪᠦᠷᠢ ᠶᠢ ᠬᠦᠴᠢᠷᠳᠡᠯᠲᠡᠢ ᠣᠯᠠᠨ ᠲᠦᠮᠡᠨ ᠳᠤ ᠲᠦᠷᠭᠡᠬᠡᠨ ᠣᠯᠭᠤᠵᠤ᠂ ᠬᠦᠴᠢᠷᠳᠡᠯ ᠳᠤ | ᠲᠤᠯᠭᠠᠷᠠᠭᠰᠠᠨ ᠤᠯᠠᠨ ᠲᠦᠮᠡᠨ ᠢ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠵᠤ᠂ ᠨᠢᠭᠡ ᠤᠳᠠᠭ᠎ᠠ ᠶᠢᠨ | ᠴᠢᠨᠠᠷᠲᠠᠢ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠣᠯᠭᠤᠬᠤ ᠲᠦᠷᠦ ᠶᠢᠨ ᠪᠣᠳᠣᠯᠭ᠎ᠠ ᠶᠢ ᠱᠠᠯᠠᠪᠬᠠᠨ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠱᠠᠭᠠᠷᠳᠠᠭᠰᠠᠨ ᠤ ᠬᠠᠮᠲᠤ᠂ ᠡᠨᠡ ᠵᠢᠯ ᠤᠨ 9 ᠳ᠋ᠦ᠋ᠭᠡᠷ ᠰᠠᠷ᠎ᠠ ᠠᠴᠠ ᠢᠷᠡᠬᠦ | ᠵᠢᠯ ᠤᠨ 3 ᠳ᠋ᠤᠭᠠᠷ ᠰᠠᠷ᠎ᠠ ᠪᠣᠯᠲᠠᠯ᠎ᠠ᠂ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠤᠭᠠᠯᠠᠨ ᠬᠥᠳᠡᠯᠦᠯᠴᠡᠬᠦ | ᠲᠣᠭᠲᠠᠴᠠ ᠶᠢ ᠱᠠᠲᠤᠴᠢ ᠴᠢᠨᠠᠷᠲᠠᠢ ᠪᠠᠷ ᠲᠣᠬᠢᠷᠠᠭᠤᠯᠵᠤ᠂ ︽ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠵᠦ᠂ | ᠡᠬᠢᠯᠡᠭᠦᠯᠬᠦ ᠨᠥᠬᠦᠴᠡᠯ ᠢ ᠪᠠᠭᠤᠷᠠᠭᠤᠯᠬᠤ︾ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠦᠴᠢᠷᠳᠡᠯ ᠲᠠᠢ ᠤᠯᠠᠨ | ᠲᠦᠮᠡᠨ ᠳᠤ ᠪᠠᠷᠠᠭᠠᠨ ᠤ ᠦᠨ᠎ᠡ ᠶᠢᠨ ᠨᠥᠬᠦᠪᠦᠷᠢ ᠥᠭᠬᠦ ᠡᠷᠴᠢᠮ ᠢ ᠴᠢᠩᠭᠠᠷᠠᠭᠤᠯᠵᠤ᠂ ᠠᠷᠠᠳ ᠤᠨ ᠠᠮᠢᠳᠤᠷᠠᠯ ᠤᠨ | ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠬᠤ ᠪᠠᠷ ᠲᠣᠭᠲᠠᠭᠠᠪᠠ᠃ | | Q2 | Q᠄ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠳᠤ ᠱᠠᠲᠤᠴᠢ | ᠴᠢᠨᠠᠷᠲᠠᠢ ᠲᠣᠬᠢᠷᠠᠭᠤᠯᠤᠯᠲᠠ ᠬᠢᠬᠦ ᠲᠥᠷᠥ ᠶᠢᠨ ᠪᠣᠳᠣᠯᠭ᠎ᠠ ᠶᠢᠨ ᠠᠭᠤᠯᠭ᠎ᠠ ᠨᠢ ᠶᠠᠭᠤ ᠶᠠᠭᠤ ᠪᠠᠶᠢᠳᠠᠭ ᠪᠣᠶ︖ | A᠄ ᠨᠢᠭᠡ ᠳᠤ᠂ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠱᠠᠲᠤᠴᠢ ᠴᠢᠨᠠᠷᠲᠠᠢ ᠪᠠᠷ ᠥᠷᠭᠡᠳᠬᠡᠨ᠎ᠡ᠃ | ᠣᠲᠣ ᠶᠢᠨ ᠬᠡᠷᠡᠭᠵᠢᠭᠦᠯᠵᠦ ᠪᠠᠶᠢᠭ᠎ᠠ ᠦᠨ᠎ᠡ ᠬᠠᠩᠰᠢ ᠶᠢᠨ ᠨᠥᠬᠦᠪᠦᠷᠢ ᠶᠢᠨ ᠬᠠᠮᠲᠤᠷᠠᠨ ᠬᠥᠳᠡᠯᠦᠯᠴᠡᠬᠦ | ᠲᠣᠭᠲᠠᠴᠠ ᠶᠢ 2021 ᠣᠨ ᠳᠤ ᠵᠠᠰᠠᠪᠤᠷᠢ ᠣᠷᠣᠭᠤᠯᠤᠨ ᠪᠦᠷᠢᠨᠰᠢᠭᠦᠯᠵᠦ᠂ 7 ᠲᠥᠷᠥᠯ ᠤᠨ ᠬᠦᠮᠦᠰ ᠢ ᠬᠠᠮᠤᠷᠪᠠ | ᠃ ᠡᠨᠡ 7 ᠲᠥᠷᠥᠯ ᠤᠨ ᠬᠦᠮᠦᠰ ᠪᠣᠯ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ | ᠬᠦᠷᠲᠡᠵᠦ ᠪᠠᠶᠢᠭ᠎ᠠ ᠬᠦᠮᠦᠰ᠂ ᠣᠨᠴᠠ ᠬᠦᠴᠢᠷᠳᠡᠯᠲᠡᠢ ᠬᠥᠮᠥᠰ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ | ᠠᠪᠴᠤ ᠪᠠᠶᠢᠭ᠎ᠠ ᠬᠥᠮᠥᠰ᠂ ᠤᠯᠤᠰ ᠤᠨ ᠲᠣᠭᠲᠠᠮᠠᠯ ᠬᠤᠭᠤᠴᠠᠭᠠᠲᠤ ᠠᠰᠠᠷᠠᠮᠵᠢ ᠶᠢᠨ ᠨᠥᠬᠦᠪᠦᠷᠢ ᠬᠦᠷᠲᠡᠵᠦ | ᠪᠠᠶᠢᠭ᠎ᠠ ᠠᠰᠠᠷᠠᠨ ᠬᠠᠷᠠᠭᠠᠯᠵᠠᠯ ᠬᠦᠷᠲᠡᠵᠦ ᠪᠠᠶᠢᠭ᠎ᠠ ᠬᠥᠮᠥᠰ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ | ᠬᠥᠮᠥᠨ ᠦᠭᠡᠢ ᠬᠡᠦᠬᠡᠳ᠂ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ ᠵᠡᠷᠭᠡ ᠨᠡᠶᠢᠲᠡ | ᠪᠠᠷᠤᠭ 5800 ᠲᠦᠮᠡᠨ ᠬᠥᠮᠥᠨ ᠪᠠᠶᠢᠨ᠎ᠠ᠃ ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠩᠭᠤ ᠶᠢᠨ ᠬᠤᠷᠠᠯ ᠠᠴᠠ ᠡᠨᠡ ᠵᠢᠯ ᠤᠨ 9 ᠳ᠋ᠦ᠋ᠭᠡᠷ ᠰᠠᠷ᠎ᠠ ᠠᠴᠠ ᠢᠷᠡᠬᠦ ᠵᠢᠯ ᠤᠨ 3 ᠳ᠋ᠤᠭᠠᠷ ᠰᠠᠷ᠎ᠠ ᠪᠣᠯᠲᠠᠯ᠎ᠠ᠂ | ᠳᠡᠭᠡᠷ᠎ᠡ ᠳᠤᠷᠠᠳᠤᠭᠰᠠᠨ 7 ᠲᠥᠷᠥᠯ ᠤᠨ ᠬᠦᠮᠦᠰ ᠤᠨ ᠰᠠᠭᠤᠷᠢᠨ ᠳᠡᠭᠡᠷ᠎ᠡ᠂ ᠠᠵᠢᠯ ᠠᠯᠳᠠᠭᠰᠠᠳ ᠤᠨ ᠨᠥᠬᠦᠪᠦᠷᠢ | ᠮᠥᠩᠭᠦ ᠠᠪᠴᠤ ᠪᠠᠶᠢᠭ᠎ᠠ ᠬᠥᠮᠥᠰ ᠪᠠ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠬᠠᠪᠢᠳᠠᠭᠰᠠᠨ ᠬᠥᠮᠥᠨ | ᠠᠮᠠ ᠵᠡᠷᠭᠡ 2 ᠲᠥᠷᠥᠯ ᠤᠨ ᠬᠦᠮᠦᠰ ᠢ ᠱᠠᠲᠤᠴᠢ ᠴᠢᠨᠠᠷᠲᠠᠢ ᠪᠠᠷ ᠰᠢᠨ᠎ᠡ ᠪᠠᠷ ᠨᠡᠮᠡᠭᠳᠡᠬᠦ ᠦᠨ᠎ᠡ ᠬᠠᠩᠰᠢ ᠶᠢᠨ | ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ | ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠭᠰᠡᠨ ᠤ ᠳᠠᠷᠠᠭ᠎ᠠ᠂ ᠵᠢᠱᠢᠯᠲᠡ ᠪᠠᠷ 900 ᠲᠦᠮᠡ ᠰᠢᠬᠠᠮ ᠬᠥᠮᠥᠨ ᠳᠤ | ᠠᠰᠢᠭ ᠬᠦᠷᠲᠡᠭᠡᠵᠦ᠂ ᠨᠡᠶᠢᠲᠡ 6700 ᠲᠦᠮᠡᠨ ᠬᠦᠴᠢᠷᠳᠡᠯᠲᠡᠢ ᠣᠯᠠᠨ ᠲᠦᠮᠡᠨ ᠢ ᠬᠠᠮᠤᠷᠬᠤ ᠪᠣᠯᠣᠨ᠎ᠠ᠃ | ᠬᠤᠶᠠᠷ ᠲᠤ᠂ ᠡᠬᠢᠯᠡᠭᠦᠯᠬᠦ ᠨᠥᠬᠦᠴᠡᠯ ᠢ ᠱᠠᠲᠤᠴᠢ ᠴᠢᠨᠠᠷᠲᠠᠢ ᠪᠠᠷ ᠪᠠᠭᠤᠷᠠᠭᠤᠯᠤᠨ᠎ᠠ᠃ ᠣᠲᠣ ᠶᠢᠨ | ᠬᠡᠷᠡᠭᠵᠢᠭᠦᠯᠵᠦ ᠪᠠᠶᠢᠭ᠎ᠠ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ | ᠡᠬᠢᠯᠡᠭᠦᠯᠬᠦ ᠨᠥᠬᠦᠴᠡᠯ ᠤᠨ ᠳᠣᠲᠣᠷᠠᠬᠢ CPI ᠶᠢᠨ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ ᠥᠰᠦᠯᠲᠡ ᠶᠢᠨ | ᠬᠡᠮᠵᠢᠶ᠎ᠡ ᠶᠢ 3.5% ᠪᠠᠶᠢᠭᠰᠠᠨ ᠠᠴᠠ ᠨᠢ 3.0% ᠪᠣᠯᠭᠠᠨ ᠱᠠᠲᠤᠴᠢ ᠴᠢᠨᠠᠷᠲᠠᠢ ᠪᠠᠭᠤᠷᠠᠭᠤᠯᠬᠤ ᠶᠢᠨ ᠬᠠᠮᠲᠤ | CPI ᠶᠢᠨ ᠳᠣᠲᠣᠷᠠᠬᠢ ᠢᠳᠡᠭᠡᠨ ᠤ ᠵᠦᠢᠯ ᠤᠨ ᠦᠨ᠎ᠡ ᠬᠠᠩᠰᠢ ᠶᠢᠨ ᠠᠳᠠᠯᠢ ᠬᠤᠭᠤᠴᠠᠭᠠᠨ ᠤ ᠥᠰᠦᠯᠲᠡ ᠶᠢᠨ | ᠬᠡᠮᠵᠢᠶ᠎ᠡ 6% ᠬᠦᠷᠬᠦ ᠦᠶ᠎ᠡ ᠳᠤ ᠦᠨ᠎ᠡ ᠬᠠᠩᠰᠢ ᠶᠢᠨ ᠨᠥᠬᠦᠪᠦᠷᠢ ᠣᠯᠭᠤᠬᠤ ᠵᠡᠷᠭᠡ ᠪᠤᠰᠤᠳ ᠡᠬᠢᠯᠡᠭᠦᠯᠬᠦ | ᠨᠥᠬᠦᠴᠡᠯ ᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠶᠠᠮᠠᠷᠪᠠ ᠨᠢᠭᠡ ᠨᠥᠬᠦᠴᠡᠯ ᠢ ᠬᠠᠩᠭᠠᠪᠠᠯ ᠳᠠᠷᠤᠢ | ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠨ᠎ᠡ᠃ ᠡᠬᠢᠯᠡᠭᠦᠯᠬᠦ | ᠨᠥᠬᠦᠴᠡᠯ ᠢ ᠨᠢᠭᠡᠨᠲᠡ ᠵᠣᠬᠢᠰᠲᠠᠢ ᠪᠠᠭᠤᠷᠠᠭᠤᠯᠤᠭᠰᠠᠨ ᠭᠠᠵᠠᠷ ᠣᠷᠣᠨ ᠨᠢ᠂ ᠲᠤᠬᠠᠢ ᠶᠢᠨ ᠭᠠᠵᠠᠷ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠡᠬᠢᠯᠡᠭᠦᠯᠬᠦ ᠨᠥᠬᠦᠴᠡᠯ ᠢ ᠱᠠᠲᠤᠴᠢ ᠴᠢᠨᠠᠷᠲᠠᠢ ᠪᠠᠷ ᠤᠯᠠᠮ ᠨᠢᠭᠡ ᠠᠯᠬᠤᠮ | ᠪᠠᠭᠤᠷᠠᠭᠤᠯᠵᠤ ᠪᠣᠯᠣᠨ᠎ᠠ᠃ | Q3 | Q᠄ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠳᠤ ᠱᠠᠲᠤᠴᠢ | ᠴᠢᠨᠠᠷᠲᠠᠢ ᠲᠣᠬᠢᠷᠠᠭᠤᠯᠤᠯᠲᠠ ᠬᠢᠵᠦ᠂ ᠬᠦᠴᠢᠷᠳᠡᠯᠲᠡᠢ ᠣᠯᠠᠨ ᠲᠦᠮᠡᠨ ᠳᠤ ᠥᠭᠬᠦ ᠪᠠᠷᠠᠭᠠᠨ ᠤ ᠦᠨ᠎ᠡ ᠶᠢᠨ | ᠨᠥᠬᠦᠪᠦᠷᠢ ᠶᠢᠨ ᠡᠷᠴᠢᠮ ᠢ ᠴᠢᠩᠭᠠᠷᠠᠭᠤᠯᠬᠤ ᠳᠤ ᠬᠡᠳᠦᠢ ᠨᠥᠬᠦᠪᠦᠷᠢ ᠮᠥᠩᠭᠦ ᠨᠡᠮᠡᠬᠦ ᠴᠢᠬᠤᠯᠠᠲᠠᠢ ᠪᠣᠶ︖ ᠨᠡᠮᠡᠭᠳᠡᠬᠦ | ᠵᠠᠷᠤᠯᠭ᠎ᠠ ᠶᠢᠨ ᠪᠡᠯᠡ ᠮᠥᠩᠭᠦ ᠶᠢ ᠬᠡᠷᠬᠢᠨ ᠪᠠᠲᠤᠯᠠᠬᠤ ᠪᠤᠢ︖ | A᠄ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠯ᠎ᠡ ᠭᠠᠵᠠᠷ ᠤᠨ | ᠪᠠᠷᠠᠭᠠᠨ ᠤ ᠦᠨ᠎ᠡ ᠶᠢᠨ ᠥᠰᠦᠯᠲᠡ ᠶᠢᠨ ᠬᠡᠮᠵᠢᠶ᠎ᠡ ᠶᠢ ᠦᠨᠳᠦᠰᠦᠯᠡᠨ ᠡᠬᠢᠯᠡᠭᠦᠯᠦᠭᠰᠡᠨ ᠶᠤᠮ᠂ ᠨᠥᠬᠦᠪᠦᠷᠢ ᠶᠢᠨ | ᠪᠠᠷᠢᠮᠵᠢᠶ᠎ᠠ ᠶᠢ ᠴᠤ ᠲᠤᠬᠠᠢ ᠶᠢᠨ ᠭᠠᠵᠠᠷ ᠤᠨ ᠪᠠᠷᠠᠭᠠᠨ ᠤ ᠦᠨ᠎ᠡ ᠶᠢᠨ ᠥᠰᠦᠯᠲᠡ ᠶᠢᠨ ᠬᠡᠮᠵᠢᠶ᠎ᠡ ᠲᠠᠢ | ᠬᠤᠯᠪᠣᠭᠳᠠᠭᠤᠯᠤᠭᠰᠠᠨ ᠶᠤᠮ᠃ ᠨᠥᠬᠦᠪᠦᠷᠢ ᠶᠢᠨ ᠪᠡᠯᠡ ᠮᠥᠩᠭᠦ ᠶᠢᠨ ᠵᠣᠭᠤᠰ ᠤᠨ ᠲᠤᠭ᠎ᠠ ᠶᠢ ᠡᠯ᠎ᠡ ᠭᠠᠵᠠᠷ ᠤᠨ | ᠪᠠᠷᠠᠭᠠᠨ ᠤ ᠦᠨ᠎ᠡ ᠶᠢᠨ ᠥᠰᠥᠯᠲᠡ ᠶᠢᠨ ᠬᠡᠮᠵᠢᠶ᠎ᠡ ᠲᠠᠢ ᠬᠤᠯᠪᠣᠭᠳᠠᠭᠤᠯᠵᠤ ᠪᠣᠳᠣᠬᠤ ᠴᠢᠬᠤᠯᠠ ᠲᠠᠢ᠃ | ᠬᠤᠶᠢᠰᠢᠳᠠ ᠶᠢᠨ ᠨᠢᠭᠡ ᠬᠤᠭᠤᠴᠠᠭᠠᠨ ᠤ ᠤᠯᠤᠰ ᠤᠨ ᠳᠣᠲᠣᠭᠠᠳᠤ ᠶᠢᠨ ᠪᠠᠷᠠᠭᠠᠨ ᠤ ᠦᠨ᠎ᠡ ᠶᠢᠨ | ᠥᠰᠥᠯᠲᠡ ᠶᠢ ᠦᠨᠳᠦᠰᠦᠯᠡᠵᠦ᠂ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ | ᠲᠣᠭᠲᠠᠴᠠ ᠳᠤ ᠱᠠᠲᠤ ᠦᠶ᠎ᠡ ᠶᠢᠨ ᠴᠢᠨᠠᠷᠲᠠᠢ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠣᠯᠭᠤᠬᠤ ᠴᠢᠬᠤᠯᠠᠲᠠᠢ | ᠨᠥᠬᠦᠪᠦᠷᠢ ᠶᠢᠨ ᠪᠡᠯᠡ ᠮᠥᠩᠭᠦ ᠵᠢᠴᠢ ᠨᠡᠮᠡᠭᠳᠡᠭᠰᠡᠨ ᠵᠠᠷᠤᠯᠭ᠎ᠠ ᠶᠢᠨ ᠵᠣᠭᠤᠰ ᠤᠨ ᠲᠤᠭ᠎ᠠ ᠶᠢ ᠠᠩᠬ᠎ᠠ ᠠᠯᠬᠤᠮ ᠵᠢᠱᠢᠨ | ᠪᠣᠳᠣᠪᠠ᠃ ᠵᠢᠱᠢᠯᠲᠡ ᠪᠠᠷ ᠡᠨᠡ ᠵᠢᠯ ᠤᠨ 9 ᠳ᠋ᠦ᠋ᠭᠡᠷ ᠰᠠᠷ᠎ᠠ ᠠᠴᠠ ᠢᠷᠡᠬᠦ ᠵᠢᠯ ᠤᠨ 3 ᠳ᠋ᠤᠭᠠᠷ ᠰᠠᠷ᠎ᠠ ᠪᠣᠯᠲᠠᠯ᠎ᠠ᠂ | ᠡᠯ᠎ᠡ ᠭᠠᠵᠠᠷ ᠤᠨ ᠬᠢᠨ ᠬᠦᠴᠢᠷᠳᠡᠯᠲᠡᠢ ᠣᠯᠠᠨ ᠲᠦᠮᠡᠨ ᠳᠤ ᠪᠠᠷᠤᠭ 200 ᠳ᠋ᠦᠩᠰᠢᠭᠤᠷ ᠲᠥᠭᠦᠷᠢᠭ ᠤᠨ ᠦᠨ᠎ᠡ | ᠬᠠᠩᠰᠢ ᠶᠢᠨ ᠲᠦᠷ ᠴᠠᠭ ᠤᠨ ᠨᠥᠬᠦᠪᠦᠷᠢ ᠥᠭᠬᠦ ᠪᠣᠯᠣᠨ᠎ᠠ᠂ ᠡᠭᠦᠨ ᠳᠤ ᠪᠠᠲᠤᠯᠠᠭ᠎ᠠ ᠶᠢᠨ ᠬᠡᠪᠴᠢᠶ᠎ᠡ ᠶᠢ | ᠥᠷᠭᠡᠳᠬᠡᠭᠰᠡᠨ᠂ ᠡᠬᠢᠯᠡᠭᠦᠯᠬᠦ ᠨᠥᠬᠦᠴᠡᠯ ᠢ ᠪᠠᠭᠤᠷᠠᠭᠤᠯᠤᠭᠰᠠᠨ ᠠᠴᠠ ᠪᠣᠯᠵᠤ ᠣᠯᠭᠤᠬᠤ ᠨᠥᠬᠦᠪᠦᠷᠢ ᠶᠢ ᠪᠠᠷᠤᠭ | 70 ᠳ᠋ᠦᠩᠰᠢᠭᠤᠷ ᠲᠥᠭᠦᠷᠢᠭ ᠨᠡᠮᠡᠭᠳᠡᠭᠦᠯᠦᠨ᠎ᠡ᠃ | ᠨᠡᠮᠡᠭᠳᠡᠬᠦ ᠵᠠᠷᠤᠯᠭ᠎ᠠ ᠶᠢᠨ ᠪᠡᠯᠡ ᠮᠥᠩᠭᠦ ᠶᠢ ᠪᠠᠲᠤᠯᠠᠬᠤ ᠠᠷᠭ᠎ᠠ ᠵᠠᠮ ᠤᠨ ᠲᠠᠯ᠎ᠠ ᠪᠠᠷ᠂ ᠠᠵᠢᠯ ᠠᠯᠳᠠᠯᠲᠠ ᠶᠢᠨ | ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠥᠰ ᠪᠠ ᠠᠵᠢᠯ ᠠᠯᠳᠠᠯᠲᠠ ᠶᠢᠨ ᠲᠤᠰᠠᠯᠠᠮᠵᠢ ᠶᠢᠨ ᠮᠥᠩᠭᠦ ᠠᠪᠴᠤ | ᠪᠠᠶᠢᠭ᠎ᠠ ᠬᠥᠮᠥᠰ ᠤᠨ ᠨᠡᠮᠡᠭᠳᠡᠬᠦ ᠵᠠᠷᠤᠯᠭ᠎ᠠ ᠶᠢᠨ ᠪᠡᠯᠡ ᠮᠥᠩᠭᠦ ᠶᠢ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠳᠣᠲᠣᠷ᠎ᠠ ᠠᠴᠠ ᠭᠠᠷᠭᠠᠬᠤ ᠶᠢ ᠭᠠᠷᠭᠠᠪᠠᠯ᠂ ᠪᠤᠰᠤᠳ ᠬᠦᠴᠢᠷᠳᠡᠯᠲᠡᠢ ᠤᠯᠠᠨ ᠲᠦᠮᠡᠨ ᠳᠤ ᠨᠡᠮᠡᠵᠦ | ᠥᠭᠬᠦ ᠨᠥᠬᠦᠪᠦᠷᠢ ᠶᠢᠨ ᠪᠡᠯᠡ ᠮᠥᠩᠭᠦ ᠶᠢ ᠲᠥᠪ ᠤᠨ ᠡᠳ᠋ ᠤᠨ ᠵᠠᠰᠠᠭ ᠠᠴᠠ ᠭᠠᠵᠠᠷ ᠣᠷᠣᠨ ᠬᠤᠪᠢᠶᠠᠨ | ᠨᠥᠬᠦᠪᠦᠷᠢᠯᠡᠨ᠎ᠡ᠂ ᠡᠭᠦᠨ ᠳᠤ ᠵᠡᠭᠦᠨ ᠪᠡᠶ᠎ᠡ ᠶᠢᠨ ᠭᠠᠵᠠᠷ ᠣᠷᠣᠨ ᠳᠤ 30% ᠶᠢᠨ ᠨᠥᠬᠦᠪᠦᠷᠢ ᠥᠭᠴᠦ᠂ ᠳᠤᠮᠳᠠ | ᠪᠡᠶ᠎ᠡ ᠶᠢᠨ ᠭᠠᠵᠠᠷ ᠣᠷᠣᠨ ᠳᠤ 60% ᠶᠢᠨ ᠨᠥᠬᠦᠪᠦᠷᠢ ᠥᠭᠴᠦ᠂ ᠪᠠᠷᠠᠭᠤᠨ ᠪᠡᠶ᠎ᠡ ᠶᠢᠨ ᠭᠠᠵᠠᠷ ᠣᠷᠣᠨ ᠳᠤ | 80% ᠶᠢᠨ ᠨᠥᠬᠦᠪᠦᠷᠢ ᠥᠭᠭᠦᠨ᠎ᠡ᠃ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠶᠢ ᠣᠷᠣᠨ ᠨᠤᠲᠤᠭ | ᠤᠷᠢᠳ ᠢᠶᠠᠷ ᠣᠯᠭᠤᠵᠤ᠂ ᠲᠥᠪ ᠤᠨ ᠡᠳ᠋ ᠤᠨ ᠵᠠᠰᠠᠭ ᠠᠴᠠ ᠲᠡᠷᠠᠭ᠎ᠠ ᠪᠠᠷ ᠳ᠋ᠦᠩᠨᠡᠨ ᠪᠤᠳᠦᠨ᠎ᠡ᠃ | | Q4 Q᠄ ᠪᠠᠷᠢᠮᠵᠢᠶ᠎ᠠ ᠳᠤ ᠨᠡᠶᠢᠴᠡᠬᠦ ᠬᠥᠮᠥᠨ ᠠᠮᠠ ᠶᠢ ᠴᠠᠭ ᠲᠤᠬᠠᠢ ᠲᠤ ᠨᠢ ᠨᠠᠭᠠᠲᠤ ᠵᠠᠬ᠎ᠠ ᠶᠢᠨ | ᠪᠠᠲᠤᠯᠠᠭ᠎ᠠ ᠳᠤ ᠣᠷᠣᠭᠤᠯᠬᠤ ᠶᠢ ᠶᠠᠮᠠᠷ ᠶᠠᠮᠠᠷ ᠠᠷᠭ᠎ᠠ ᠪᠠᠷ ᠪᠠᠲᠤᠯᠠᠬᠤ ᠪᠤᠢ︖ | A᠄ ᠨᠢᠭᠡ ᠳᠤ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠡᠷᠴᠢᠮ ᠢ ᠴᠢᠩᠭᠠᠯᠠᠨ᠎ᠠ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ | ᠠᠰᠢᠭ ᠢ ᠨᠡᠮᠡᠭᠳᠡᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ ᠠᠷᠠᠳ ᠤᠨ ᠶᠠᠪᠤᠳᠠᠯ ᠤᠨ ᠶᠠᠮᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠬᠦ ᠲᠠᠯ᠎ᠠ ᠪᠠᠷ ᠳᠦᠷᠢᠮ ᠤᠨ ᠲᠠᠯ᠎ᠠ ᠶᠢᠨ ᠰᠢᠨᠡᠴᠢᠯᠡᠯᠲᠡ ᠬᠢᠪᠡ᠃ | ᠵᠢᠱᠢᠶᠡᠯᠡᠪᠡᠯ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠳᠣᠲᠣᠷᠠᠬᠢ | ᠬᠦᠨᠳᠦ ᠡᠪᠡᠳᠴᠢᠨ ᠲᠠᠢ ᠬᠦᠨᠳᠦ ᠵᠡᠮᠳᠡᠭ ᠬᠥᠮᠥᠰ ᠢ ᠠᠰ ᠢᠶᠠᠷ ᠨᠢ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠳᠤ ᠣᠷᠣᠭᠤᠯᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ | ᠬᠦᠨᠳᠦ ᠡᠪᠡᠳᠴᠢᠨ ᠲᠠᠢ ᠬᠦᠨᠳᠦ ᠵᠡᠮᠳᠡᠭ ᠬᠥᠮᠥᠰ ᠢ ᠠᠰ ᠢᠶᠠᠷ ᠨᠢ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠳᠤ ᠣᠷᠣᠭᠤᠯᠬᠤ ᠳᠤ ᠪᠠᠨ ᠳᠠᠷᠤᠢ ᠡᠷᠦᠬᠡ ᠪᠠᠷ ᠪᠠᠲᠤᠯᠠᠬᠤ ᠪᠠ ᠬᠥᠮᠥᠨ ᠢᠶᠠᠷ ᠪᠠᠲᠤᠯᠠᠬᠤ ᠶᠢ | ᠤᠶᠠᠯᠳᠤᠭᠤᠯᠤᠭᠰᠠᠨ ᠠᠴᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠨᠠᠩ ᠪᠠᠭᠲᠠᠭᠠᠮᠵᠢ ᠲᠠᠢ | ᠪᠣᠯᠭᠠᠪᠠ︔ ᠡᠯ᠎ᠡ ᠭᠠᠵᠠᠷ ᠤᠨ ᠬᠢᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠵᠤ | ᠨᠤᠲᠠᠯᠠᠬᠤ ᠡᠷᠬᠡ ᠶᠢᠨ ᠬᠢᠵᠠᠭᠠᠷ ᠢ ᠥᠩᠭᠡᠷᠡᠭᠰᠡᠨ ᠤ ᠰᠢᠶᠠᠨ ᠠᠴᠠ ᠵᠡᠭᠡᠯᠢ ᠭᠤᠳᠤᠮᠵᠢ ᠪᠠ ᠰᠢᠶᠠᠩ ᠪᠠᠯᠭᠠᠰᠤᠨ ᠳᠤ | ᠪᠠᠭᠤᠯᠭᠠᠬᠤ ᠶᠢ ᠵᠣᠷᠢᠭᠵᠢᠭᠤᠯᠵᠤ᠂ ᠡᠭᠦᠨ ᠤ ᠤᠯᠠᠮ ᠠᠴᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠬᠢᠨᠠᠨ ᠬᠠᠷᠭᠤᠭᠤᠯᠵᠤ ᠨᠤᠲᠠᠯᠠᠬᠤ ᠴᠠᠭ ᠤᠨ ᠬᠢᠵᠠᠭᠠᠷ ᠢ ᠪᠣᠭᠤᠨᠢᠰᠬᠠᠪᠠ᠃ ᠭᠡᠷ ᠪᠦᠯᠢ ᠶᠢᠨ ᠣᠷᠣᠯᠭ᠎ᠠ ᠶᠢ | ᠲᠣᠭᠠᠴᠠᠯᠠᠬᠤ ᠳᠤ ᠪᠠᠨ᠂ ᠲᠣᠭᠲᠠᠭᠠᠯ ᠶᠣᠰᠣᠭᠠᠷ ᠵᠠᠷᠢᠮ ᠵᠠᠶᠢᠯᠠᠰᠢ ᠦᠭᠡᠢ ᠵᠠᠷᠤᠯᠭ᠎ᠠ ᠪᠠ ᠴᠢᠬᠤᠯᠠ ᠪᠦᠬᠦᠢ ᠠᠵᠢᠯ | ᠣᠯᠭᠤᠯᠲᠠ ᠶᠢᠨ ᠥᠪᠡᠷ ᠤᠨ ᠦᠷᠲᠡᠭ ᠢ ᠵᠣᠬᠢᠰᠲᠠᠢ ᠬᠠᠰᠤᠵᠤ᠂ ᠠᠵᠢᠯ ᠣᠯᠣᠭᠰᠠᠨ ᠤ ᠳᠠᠷᠠᠭᠠᠬᠢ ᠭᠡᠷ ᠪᠦᠯᠢ ᠶᠢᠨ | ᠬᠥᠮᠥᠨ ᠳᠤᠮᠳᠠᠴᠢ ᠶᠢᠨ ᠣᠷᠣᠯᠭ᠎ᠠ ᠨᠢ ᠲᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠡᠳᠡᠭᠡᠷ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ | ᠪᠦᠯᠢ ᠶᠢ ᠴᠦ ᠲᠡᠷᠡ ᠳᠠᠷᠤᠢ ᠳᠤ ᠨᠢ ᠪᠤᠴᠠᠭᠠᠵᠤ ᠭᠠᠷᠭᠠᠬᠤ ᠦᠭᠡᠢ᠂ ᠲᠡᠭᠦᠨ ᠳᠤ ᠬᠠᠭᠠᠰ ᠵᠢᠯ ᠠᠴᠠ ᠨᠢᠭᠡ ᠵᠢᠯ ᠤᠨ | ᠠᠭᠠᠵᠢᠮ ᠢᠶᠠᠷ ᠪᠤᠴᠠᠵᠤ ᠭᠠᠷᠬᠤ ᠬᠤᠭᠤᠴᠠᠭ᠎ᠠ ᠥᠭᠴᠦ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠨᠡᠩ | ᠤᠯᠠᠨ ᠬᠦᠴᠢᠷᠳᠡᠯ ᠲᠠᠢ ᠤᠯᠠᠨ ᠲᠦᠮᠡᠨ ᠢ ᠬᠠᠮᠤᠷᠤᠭᠤᠯᠵᠤ᠂ ︽ᠪᠠᠲᠤᠯᠠᠪᠠᠰᠤ ᠵᠣᠬᠢᠬᠤ ᠶᠢ ᠨᠢ ᠪᠦᠬᠦᠨ ᠢ | ᠪᠠᠲᠤᠯᠠᠵᠤ᠂ ᠬᠠᠪᠰᠤᠷᠪᠠᠰᠤ ᠵᠣᠬᠢᠬᠤ ᠶᠢ ᠨᠢ ᠪᠦᠬᠦᠨ ᠢ ᠬᠠᠪᠰᠤᠷᠬᠤ︾ ᠶᠢ ᠴᠢᠷᠮᠠᠶᠢᠨ ᠪᠡᠶᠡᠯᠡᠭᠦᠯᠦᠨ᠎ᠡ᠃ | ᠬᠤᠶᠠᠷ ᠲᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠶᠢ ᠮᠠᠭᠠᠳᠯᠠᠨ | ᠲᠣᠭᠲᠠᠭᠠᠬᠤ ᠠᠵᠢᠯ ᠢ ᠴᠢᠩᠭᠠᠳᠬᠠᠨ᠎ᠠ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ︽ᠭᠠᠭᠴᠠ | ᠬᠥᠮᠥᠨ ᠤ ᠪᠠᠲᠤᠯᠠᠭ᠎ᠠ︾ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ᠂ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠶᠢ ᠲᠣᠭᠲᠠᠭᠠᠬᠤ ᠴᠢᠬᠤᠯᠠ ᠲᠠᠢ᠃ ᠨᠠᠭᠠᠲᠤ ᠵᠠᠬ᠎ᠠ ᠶᠢᠨ | ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠭᠡᠳᠡᠭ ᠨᠢ ᠡᠩ ᠤᠨ ᠪᠠᠶᠢᠳᠠᠯ ᠳᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠨᠥᠬᠦᠴᠡᠯ ᠳᠤ ᠨᠡᠶᠢᠴᠡᠬᠦ ᠦᠭᠡᠢ᠂ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠬᠥᠮᠥᠨ | ᠪᠦᠷᠢ ᠶᠢᠨ ᠳᠤᠮᠳᠠᠴᠢ ᠣᠷᠣᠯᠭ᠎ᠠ ᠨᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠠᠪᠠᠭᠰᠠᠨ ᠪᠣᠯᠪᠠᠴᠤ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1.5 ᠳᠠᠬᠢᠨ ᠠᠴᠠ ᠳᠣᠣᠷ᠎ᠠ ᠪᠠᠶᠢᠵᠤ᠂ ᠵᠠᠷᠢᠮ ᠭᠠᠵᠠᠷ | ᠣᠷᠣᠨ ᠳᠤ 2 ᠳᠠᠬᠢᠨ ᠠᠴᠠ ᠳᠣᠣᠷ᠎ᠠ ᠪᠠᠶᠢᠬᠤ ᠶᠢᠨ ᠬᠠᠮᠲᠤ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ | ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠭᠡᠷ ᠪᠦᠯᠢ ᠶᠢ ᠵᠢᠭᠠᠵᠤ ᠪᠣᠶ᠃ ᠣᠳᠣᠬᠠᠨ ᠳᠤ ᠡᠯ᠎ᠡ ᠱᠠᠲᠤᠨ ᠤ | ᠠᠷᠠᠳ ᠤᠨ ᠶᠠᠪᠤᠳᠠᠯ ᠤᠨ ᠰᠢᠰᠲ᠋ᠧᠮ ᠤᠳ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠬᠠᠪᠢᠳᠠᠭᠰᠠᠨ | 570 ᠭᠠᠷᠤᠢ ᠲᠦᠮᠡᠨ ᠬᠥᠮᠥᠨ ᠠᠮᠠ ᠶᠢ ᠨᠢᠭᠡᠨᠲᠡ ᠮᠠᠭᠠᠳᠯᠠᠨ ᠲᠣᠭᠲᠠᠭᠠᠭᠰᠠᠨ ᠪᠠᠶᠢᠨ᠎ᠠ᠂ ᠡᠨᠡ ᠬᠦ ᠠᠵᠢᠯ ᠢ | ᠪᠠᠰᠠ ᠤᠯᠠᠮ ᠨᠢᠭᠡ ᠠᠯᠬᠤᠮ ᠴᠢᠩᠭᠠᠳᠬᠠᠬᠤ ᠪᠠᠷ ᠪᠤᠢ᠃ | | Q5 | Q᠄ ᠬᠦᠴᠢᠷᠳᠡᠯᠲᠡᠢ ᠣᠯᠠᠨ ᠲᠦᠮᠡᠨ ᠦᠷᠭᠦᠯᠵᠢᠯᠡᠨ ᠨᠡᠮᠡᠭᠳᠡᠵᠦ ᠮᠡᠳᠡᠬᠦ ᠪᠠᠶᠢᠳᠠᠯ ᠳᠤ ᠴᠢᠭᠯᠡᠭᠦᠯᠦᠨ᠂ | ᠲᠠᠷᠠᠭᠠᠴᠢ ᠶᠢᠨ ᠠᠯᠬᠤᠮ ᠳᠤ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ | ᠬᠡᠷᠬᠢᠨ ᠴᠢᠩᠭᠠᠳᠬᠠᠬᠤ ᠪᠣᠶ︖ | A᠄ ᠬᠥᠳᠡᠯᠦᠩᠭᠦᠢ ᠪᠠᠷ ᠬᠢᠨᠠᠨ ᠬᠡᠮᠵᠢᠬᠦ ᠪᠠ ᠶᠡᠷᠦᠩᠬᠡᠶᠢᠯᠡᠨ ᠬᠠᠪᠰᠤᠷᠤᠨ ᠲᠡᠳᠬᠦᠬᠦ ᠡᠨᠡ ᠬᠤᠶᠠᠷ ᠲᠠᠯ᠎ᠠ ᠪᠠᠷ | ᠭᠤᠣᠯᠳᠠᠯᠭ᠎ᠠ ᠪᠣᠯᠭᠠᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ | ᠴᠢᠩᠭᠠᠷᠠᠭᠤᠯᠤᠨ᠎ᠠ᠃ ᠬᠥᠳᠡᠯᠦᠩᠭᠦᠢ ᠪᠠᠷ ᠬᠢᠨᠠᠨ ᠬᠡᠮᠵᠢᠬᠦ ᠭᠡᠳᠡᠭ ᠨᠢ ᠳᠠᠷᠤᠢ ᠪᠦᠬᠦ ᠤᠯᠤᠰ ᠤᠨ ᠣᠷᠣᠯᠭ᠎ᠠ ᠪᠠᠭᠠᠲᠠᠢ | ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠬᠡᠮᠵᠢᠬᠦ ᠮᠡᠳᠡᠭᠡ ᠵᠠᠩᠭᠢ ᠶᠢᠨ ᠲᠠᠪᠴᠠᠩ ᠢ ᠤᠯᠠᠮ ᠨᠢᠭᠡ ᠠᠯᠬᠤᠮ | ᠪᠦᠷᠢᠨᠰᠢᠭᠦᠯᠵᠦ᠂ ᠣᠷᠣᠯᠭ᠎ᠠ ᠪᠠᠭᠠᠲᠠᠢ ᠨᠡᠩ ᠤᠯᠠᠨ ᠬᠦᠴᠢᠷᠳᠡᠯᠲᠡᠢ ᠤᠯᠠᠨ ᠲᠦᠮᠡᠨ ᠢ ᠬᠢᠨᠠᠨ ᠬᠡᠮᠵᠢᠬᠦ | ᠬᠡᠪᠴᠢᠶᠡᠨ ᠳᠤ ᠣᠷᠣᠭᠤᠯᠬᠤ ᠶᠠᠪᠤᠳᠠᠯ ᠪᠣᠯᠣᠨ᠎ᠠ᠃ ᠣᠳᠣᠬᠠᠨ ᠳᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ | ᠪᠠᠶᠢᠭᠤᠯᠤᠭᠰᠠᠨ ᠪᠥᠬᠦ ᠤᠯᠤᠰ ᠤᠨ ᠣᠷᠣᠯᠭ᠎ᠠ ᠪᠠᠭᠠᠲᠠᠢ ᠬᠥᠮᠥᠨ ᠠᠮᠠ ᠶᠢ ᠬᠢᠨᠠᠨ ᠬᠡᠮᠵᠢᠬᠦ ᠮᠡᠳᠡᠭᠡ ᠵᠠᠩᠭᠢ ᠶᠢᠨ | ᠲᠠᠪᠴᠠᠩ ᠳᠤ ᠨᠢᠭᠡᠨᠲᠡ 6200 ᠲᠦᠮᠡᠨ ᠣᠷᠣᠯᠭ᠎ᠠ ᠪᠠᠭᠠᠲᠠᠢ ᠬᠦᠮᠦᠰ ᠤᠨ ᠮᠡᠳᠡᠭᠡ ᠵᠠᠩᠭᠢ ᠶᠢ ᠲᠡᠮᠳᠡᠭᠯᠡᠵᠦ᠂ | ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠬᠦᠮᠦᠰ᠂ ᠣᠨᠴᠠ ᠬᠦᠴᠢᠷᠳᠡᠯᠲᠡᠢ ᠬᠥᠮᠥᠰ᠂ | ᠵᠠᠷᠤᠯᠭ᠎ᠠ ᠶᠢᠨ ᠬᠡᠯᠪᠡᠷᠢ ᠶᠢᠨ ᠬᠦᠴᠢᠷᠳᠡᠯᠲᠡᠢ ᠣᠯᠠᠨ ᠲᠦᠮᠡᠨ᠂ ᠠᠮᠠᠷᠬᠠᠨ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ | ᠬᠥᠮᠥᠰ ᠪᠠ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠬᠠᠪᠢᠳᠠᠭᠰᠠᠨ ᠬᠥᠮᠥᠨ ᠠᠮᠠ ᠶᠢ ᠪᠠᠭᠲᠠᠭᠠᠭᠰᠠᠨ | ᠪᠥᠭᠡᠳ ᠪᠠᠰᠠ ᠨᠠᠩ ᠣᠯᠠᠨ ᠬᠦᠴᠢᠷᠳᠡᠯᠲᠡᠢ ᠣᠯᠠᠨ ᠲᠦᠮᠡᠨ ᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠬᠤ ᠪᠠᠷ | ᠪᠠᠶᠢᠨ᠎ᠠ᠃ ᠡᠭᠦᠨ ᠤ ᠵᠡᠷᠭᠡ ᠳᠤ ᠲᠠᠪᠴᠠᠩ ᠤᠨ ᠴᠢᠳᠠᠮᠵᠢ ᠶᠢᠨ ᠬᠡᠷᠡᠭᠯᠡᠯᠲᠡ ᠶᠢ ᠥᠷᠭᠡᠳᠬᠡᠨ᠎ᠡ᠂ ᠵᠢᠱᠢᠶᠡᠯᠡᠪᠡᠯ | ᠰᠤᠷᠭᠠᠨ ᠬᠥᠮᠦᠵᠢᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ | ᠳᠠᠭᠠᠳᠬᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠡᠷᠡᠭᠦᠯ ᠬᠠᠮᠠᠭᠠᠯᠠᠯ | ᠡᠷᠡᠭᠦᠯ ᠮᠡᠨᠳᠦ᠂ ᠪᠠᠴᠢᠮ ᠪᠠᠶᠢᠳᠠᠯ ᠢ ᠠᠷᠭᠠᠴᠠᠭᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠠᠵᠢᠯᠴᠢᠨ ᠤ ᠶᠡᠷᠦᠩᠬᠡᠢ ᠡᠪᠯᠡᠯ᠂ ᠵᠡᠮᠳᠡᠭᠴᠦᠳ ᠤᠨ ᠬᠤᠯᠪᠣᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠲᠤᠭ᠎ᠠ ᠪᠠᠷᠢᠮᠲᠠ ᠲᠠᠢ ᠠᠳᠠᠯᠢᠳᠬᠠᠬᠤ ᠶᠢ ᠴᠢᠩᠭᠠᠳᠬᠠᠵᠤ᠂ ᠬᠦᠨᠳᠦ ᠡᠪᠡᠳᠴᠢᠨ᠂ ᠵᠡᠮᠳᠡᠭ᠂ ᠠᠵᠢᠯ ᠣᠯᠬᠤ᠂ | ᠰᠤᠷᠭᠠᠭᠤᠯᠢ ᠳᠤ ᠣᠷᠣᠬᠤ ᠵᠡᠷᠭᠡ ᠪᠠᠶᠢᠳᠠᠯ ᠳᠤ ᠴᠢᠭᠯᠡᠭᠦᠯᠦᠨ ᠤᠷᠢᠳᠴᠢᠯᠠᠨ ᠰᠡᠷᠡᠮᠵᠢᠯᠡᠭᠦᠯᠬᠦ ᠭᠦᠢᠴᠡᠳᠬᠡᠯ ᠲᠤᠭ᠎ᠠ | ᠭᠠᠷᠭᠠᠵᠤ᠂ ᠵᠣᠬᠢᠴᠠᠩᠭᠤᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ᠎ᠠ᠃ | ᠶᠡᠷᠦᠩᠬᠡᠶᠢᠯᠡᠨ ᠬᠠᠪᠰᠤᠷᠤᠨ ᠲᠡᠳᠬᠦᠬᠦ ᠭᠡᠳᠡᠭ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠠᠳᠠᠯᠢ ᠪᠤᠰᠤ ᠬᠦᠴᠢᠷᠳᠡᠯ ᠲᠠᠢ ᠣᠯᠠᠨ ᠲᠦᠮᠡᠨ ᠳᠤ ᠴᠢᠭᠯᠡᠭᠦᠯᠦᠭᠰᠡᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ | ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠪᠤᠷᠠᠨ ᠲᠤᠰᠠᠯᠠᠬᠤ ᠬᠦᠷᠢᠶ᠎ᠡ ᠬᠡᠪᠴᠢᠶ᠎ᠡ ᠶᠢ | ᠪᠠᠶᠢᠭᠤᠯᠵᠤ᠂ ᠴᠠᠭ ᠲᠤᠬᠠᠢ ᠳᠤ ᠨᠢ ᠬᠠᠨᠳᠤᠯᠭ᠎ᠠ ᠲᠠᠢ ᠪᠠᠷ ᠠᠪᠤᠷᠠᠨ ᠲᠤᠰᠠᠯᠠᠵᠤ ᠬᠠᠪᠰᠤᠷᠤᠨ ᠳᠡᠳᠬᠦᠨ᠎ᠡ᠃ | ᠵᠢᠱᠢᠶᠡᠯᠡᠪᠡᠯ ᠠᠮᠢᠳᠤᠷᠠᠯ ᠨᠢ ᠬᠦᠴᠢᠷᠳᠡᠯ ᠲᠠᠢ ᠪᠣᠯ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠪᠤᠶᠤ ᠲᠦᠷ | ᠴᠠᠭ ᠤᠨ ᠠᠪᠤᠷᠠᠨ ᠲᠤᠰᠠᠯᠠᠯᠲᠠ ᠣᠯᠭᠤᠵᠤ᠂ ᠡᠪᠡᠳᠴᠢᠯᠡᠪᠡᠯ ᠡᠮᠴᠢᠯᠡᠭᠡᠨ ᠤ ᠠᠪᠤᠷᠠᠨ ᠲᠤᠰᠠᠯᠠᠯᠲᠠ ᠣᠯᠭᠤᠬᠤ᠂ | ᠰᠤᠷᠭᠠᠭᠤᠯᠢ ᠳᠤ ᠣᠷᠣᠬᠤ ᠳᠤ ᠬᠦᠴᠢᠷᠳᠡᠯ ᠲᠠᠢ ᠪᠣᠯ ᠰᠤᠷᠭᠠᠨ ᠬᠥᠮᠦᠵᠢᠯ ᠤᠨ ᠠᠪᠤᠷᠠᠨ ᠲᠤᠰᠠᠯᠠᠯᠲᠠ ᠣᠯᠭᠤᠵᠤ᠂ | ᠣᠷᠣᠨ ᠰᠠᠭᠤᠴᠠ ᠨᠢ ᠬᠦᠴᠢᠷᠳᠡᠯ ᠲᠠᠢ ᠪᠣᠯ ᠣᠷᠣᠨ ᠰᠠᠭᠤᠴᠠ ᠶᠢᠨ ᠠᠪᠤᠷᠠᠨ ᠲᠤᠰᠠᠯᠠᠯᠲᠠ ᠣᠯᠭᠤᠵᠤ᠂ ᠳᠡᠰ | ᠲᠥᠷᠥᠯ ᠬᠤᠪᠢᠶᠠᠨ ᠶᠡᠷᠦᠩᠬᠡᠶᠢᠯᠡᠨ ᠠᠪᠤᠷᠠᠨ ᠲᠤᠰᠠᠯᠠᠬᠤ ᠪᠠᠶᠢᠳᠠᠯ ᠢ ᠪᠤᠢ ᠪᠣᠯᠭᠠᠵᠤ᠂ ᠡᠭᠦᠨ ᠤ ᠤᠯᠠᠮ ᠢᠶᠠᠷ | ᠨᠡᠶᠢᠭᠡᠮ ᠤᠨ ᠠᠪᠤᠷᠠᠨ ᠲᠤᠰᠠᠯᠠᠬᠤ ᠲᠣᠭᠲᠠᠯᠴᠠᠭ᠎ᠠ ᠪᠠᠷ ᠳᠠᠮᠵᠢᠭᠤᠯᠤᠨ ᠠᠪᠤᠷᠠᠨ ᠲᠤᠰᠠᠯᠠᠬᠤ ᠡᠬᠢ ᠪᠠᠶᠠᠯᠢᠭ ᠢ | ᠨᠢᠭᠡᠳᠦᠯᠲᠡᠢ ᠲᠥᠯᠥᠪᠯᠡᠵᠦ᠂ ᠠᠪᠤᠷᠠᠨ ᠲᠤᠰᠠᠯᠠᠬᠤ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠬᠦᠴᠢᠷᠳᠡᠯ ᠲᠠᠢ ᠤᠯᠠᠨ | ᠲᠦᠮᠡᠨ ᠳᠤ ᠨᠡᠩ ᠬᠦᠴᠦᠨ ᠲᠠᠢ᠂ ᠨᠡᠩ ᠦᠷᠭᠦᠯᠵᠢᠯᠡᠬᠦ᠋ᠢᠴᠡ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ | ᠬᠠᠩᠭᠠᠨ᠎ᠠ᠃ | | |