ᠥᠪᠥᠷ ᠮᠣᠩᠭᠤᠯ ᠤᠨ ᠣᠶ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠣᠩᠭᠤᠨ ᠪᠤᠶᠢᠵᠢᠭᠤᠯᠤᠭᠰᠠᠨ 3 ᠴᠢᠨ᠋ᠸ᠎ᠠ ᠶᠢᠨ ᠬᠠᠷᠮᠠᠭ ᠤᠨ ᠰᠢᠨ᠎ᠡ ᠡᠭᠦᠯᠳᠡᠷ ᠬᠢᠨᠠᠨ ᠪᠠᠶᠢᠴᠠᠭᠠᠯᠲᠠ ᠶᠢ ᠦᠩᠭᠡᠷᠡᠪᠡ
ᠨᠡᠶᠢᠲᠡᠯᠡᠭᠰᠡᠨ ᠴᠠᠭ᠄
2022/9/22
     9 ᠰᠠᠷ᠎ᠠ ᠶᠢᠨ 18᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠶᠠᠩ ᠷᠦᠩ ᠳᠡᠳ᠋ ᠰᠤᠳᠤᠯᠤᠭᠴᠢ ᠨᠠᠷ ᠤᠨ ᠰᠣᠩᠭᠤᠨ ᠪᠤᠶᠢᠵᠢᠭᠤᠯᠤᠭᠰᠠᠨ ᠴᠢᠨ᠋ᠸ᠎ᠠ ᠶᠢᠨ ᠬᠠᠷᠮᠠᠭ ᠤᠨ ᠰᠢᠨ᠎ᠡ ᠡᠭᠦᠯᠳᠡᠷ ︿ᠷᠦᠩ ᠴᠢ 1 ᠨᠤᠮᠧᠷᠲᠦ﹀᠂ ︿ᠯᠢᠨ ᠴᠢ 5 ᠨᠤᠮᠧᠷᠲᠦ﹀ ᠵᠢᠴᠢ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠬᠠᠮᠲᠤᠷᠠᠨ ᠰᠣᠩᠭᠤᠨ ᠪᠤᠶᠢᠵᠢᠭᠤᠯᠤᠭᠰᠠᠨ ︿ᠯᠢᠨ ᠴᠢ 1 ᠨᠤᠮᠧᠷᠲᠦ﹀ ᠰᠢᠨ᠎ᠡ ᠡᠭᠦᠯᠳᠡᠷ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ ᠠᠯᠪᠠᠨ ᠬᠡᠷ ᠤᠨ ᠵᠣᠬᠢᠶᠠᠨ ᠪᠠᠶᠢᠭᠤᠯᠤᠭᠰᠠᠨ ᠲᠤᠬᠠᠶ ᠶᠢᠨ ᠲᠠᠯᠠᠪᠠᠶ ᠶᠢᠨ ᠬᠢᠨᠠᠨ ᠪᠠᠶᠢᠴᠠᠭᠠᠯᠲᠠ ᠶᠢ ᠤᠷᠤᠭᠰᠢᠳᠠᠢ ᠦᠩᠭᠡᠷᠡᠪᠡ᠃      ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠤᠷᠭᠤᠮᠠᠯ ᠤᠨ ᠰᠢᠨ᠎ᠡ ᠡᠭᠦᠯᠳᠡᠷ ᠤᠨ ᠬᠢᠨᠠᠨ ᠬᠡᠮᠵᠢᠯᠲᠠ ᠶᠢᠨ ᠲᠥᠪ ᠤᠨ ᠬᠠᠷᠪᠢᠨ ᠤ ᠬᠤᠪᠢᠶᠠᠷᠢ ᠲᠥᠪ ︵ᠬᠠᠷᠠᠮᠥ᠋ᠷᠡᠨ ᠮᠤᠵᠢ ᠶᠢᠨ ᠣᠶ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ︶᠎ ᠤᠨ ᠪᠠᠢ ᠬᠦᠢ ᠰᠤᠳᠤᠯᠤᠭᠴᠢ᠂ ᠳᠤᠮᠳᠠᠳᠤ ᠤᠯᠤᠰ ᠤᠨ ᠣᠶ ᠰᠢᠭᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ  ᠡᠯᠡᠰᠦ ᠮᠠᠩᠬ᠎ᠠ ᠤᠢ ᠰᠢᠭᠤᠢ ᠶᠢᠨ ᠲᠥᠪ ᠤᠨ ᠰᠤᠳᠤᠯᠤᠭᠴᠢ ᠬᠤᠤ ᠢᠦᠶ ᠭᠤᠸᠠᠩ᠂ ᠨᠢᠩᠰᠢᠶᠠ ᠶᠢᠨ ᠲᠠᠷᠢᠶᠠᠯᠠᠩ ᠣᠶ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠴᠢᠨ ᠺᠧᠨ ᠰᠤᠳᠤᠯᠤᠭᠴᠢ ᠪᠠᠷ ᠪᠦᠷᠢᠯᠳᠦᠭᠰᠡᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠭᠤᠶᠤᠴᠢᠯᠠᠨ ᠮᠡᠳᠡᠭᠦᠯᠦᠭᠰᠡᠨ 3 ᠲᠥᠷᠥᠯ ᠵᠦᠢᠯ ᠤᠨ ᠰᠣᠩᠭᠤᠨ ᠪᠤᠶᠢᠵᠢᠭᠤᠯᠬᠤ ᠶᠠᠪᠤᠴᠠ ᠵᠢᠴᠢ ᠦᠪᠡᠷᠮᠢᠴᠡ ᠴᠢᠨᠠᠷ᠂ ᠨᠢᠭᠡᠳᠦᠯᠲᠦ ᠴᠢᠨᠠᠷ᠂ ᠲᠣᠭᠲᠠᠪᠤᠷᠢᠲᠤ ᠴᠢᠨᠠᠷ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠴᠢᠨ᠋ᠸ᠎ᠠ ᠶᠢᠨ ᠬᠠᠷᠮᠠᠭ ᠤᠨ ᠰᠢᠨ᠎ᠡ ᠲᠥᠷᠥᠯ ᠵᠦᠢᠯ ᠤᠨ DUS ᠬᠢᠨᠠᠨ ᠬᠡᠮᠵᠢᠯᠲᠡ ᠶᠢᠨ ᠵᠦᠭᠯᠡᠭᠦᠷ ᠲᠠᠢ ᠬᠠᠷᠢᠴᠠᠭᠤᠯᠵᠤ᠂ ᠭᠤᠶᠤᠴᠢᠯᠠᠨ ᠮᠡᠳᠡᠭᠦᠯᠦᠭᠰᠡᠨ ᠲᠥᠷᠥᠯ ᠵᠦᠢᠯ ᠤᠨ ᠰᠢᠨᠵᠢ ᠤᠨᠴᠠᠯᠢᠭ ᠤᠨ ᠬᠦᠢᠴᠡᠳᠬᠡᠯ ᠲᠤᠭ᠎ᠠ ᠶᠢ ᠬᠢᠨᠠᠨ ᠬᠠᠷᠭᠤᠭᠤᠯᠵᠤ᠂ ᠵᠠᠳᠠᠯᠤᠨ ᠰᠢᠨᠵᠢᠵᠦ ᠬᠢᠨᠠᠨ ᠲᠣᠭᠲᠠᠭᠠᠪᠠ᠃ ᠰᠤᠳᠤᠯᠤᠨ ᠶᠠᠷᠢᠯᠴᠠᠬᠤ ᠪᠠᠷ ᠳᠠᠮᠵᠢᠭᠠᠳ᠂ ᠮᠡᠳᠡᠭᠦᠯᠦᠭᠰᠡᠨ 3 ᠡᠭᠦᠯᠳᠡᠷ ᠤᠨ ᠢᠷᠡᠯᠲᠡ ᠨᠢ ᠲᠣᠳᠣᠷᠬᠠᠶ᠂ ᠥᠪᠡᠷᠮᠢᠴᠡ ᠴᠢᠨᠠᠷ ᠨᠢ ᠢᠯᠡᠷᠬᠡᠶ᠂ ᠨᠢᠭᠡᠳᠦᠯᠲᠦ ᠴᠢᠨᠠᠷ ᠪᠠ ᠲᠣᠭᠲᠠᠪᠤᠷᠢᠲᠤ ᠴᠢᠨᠠᠷ ᠢᠶᠠᠷ ᠴᠢᠩᠭ᠎ᠠ᠂ ᠤᠷᠭᠤᠮᠠᠯ ᠤᠨ ᠰᠢᠨ᠎ᠡ ᠡᠭᠦᠯᠳᠡᠷ ᠤᠨ ᠡᠷᠬᠡ ᠶᠢ ᠬᠠᠮᠠᠭᠠᠯᠠᠬᠤ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠵᠦ ᠪᠠᠶᠢᠬᠤ ᠶᠢ ᠪᠠᠲᠤᠯᠠᠭᠰᠠᠨ ᠪᠦᠭᠡᠳ ᠲᠤᠬᠠᠶ ᠶᠢᠨ ᠲᠠᠯᠠᠪᠠᠶ ᠶᠢᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠢ ᠰᠠᠨᠠᠯ ᠨᠢᠭᠡᠲᠡᠶ ᠵᠥᠪᠰᠢᠶᠡᠷᠡᠪᠡ᠃ 2014 ᠣᠨ ᠠᠴᠠ ᠨᠠᠰᠢ᠂ ᠥᠪᠥᠷ ᠮᠣᠩᠭᠤᠯ ᠤᠨ ᠣᠶ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠬᠠᠷ᠎ᠠ ᠵᠢᠮᠢᠰᠲᠦ ᠴᠢᠨ᠋ᠸ᠎ᠠ ᠶᠢᠨ ᠬᠠᠷᠮᠠᠭ ᠤᠨ ᠦᠷ᠎ᠡ ᠶᠢᠨ ᠡᠬᠢ ᠪᠠᠶᠠᠯᠢᠭ ᠢ ᠴᠤᠭᠯᠠᠭᠤᠯᠬᠤ᠂ ᠰᠢᠨ᠎ᠡ ᠶᠢ ᠡᠭᠦᠳᠬᠦ ᠪᠠ ᠦᠨᠡᠯᠡᠬᠦ ᠠᠵᠢᠯ ᠳᠤ ᠬᠦᠴᠦᠯᠡᠵᠦ᠂ ᠴᠡᠴᠡᠭ ᠤᠨ ᠬᠥᠬᠡ ᠡᠳ᠋ ᠤᠨ ᠠᠭᠤᠯᠤᠭᠳᠠᠴᠠ᠂ ᠰᠠᠯᠠᠭ᠎ᠠ ᠥᠷᠭᠡᠰᠦ᠂ ᠵᠢᠮᠢᠰ ᠤᠨ ᠶᠡᠭᠡ ᠪᠠᠭ᠎ᠠ᠂ ᠲᠡᠵᠢᠭᠡᠯᠭᠡ ᠶᠢᠨ ᠥᠷᠲᠡᠭ ᠵᠡᠷᠭᠡ ᠬᠦᠢᠴᠡᠳᠭᠡᠯ ᠲᠤᠭ᠎ᠠ ᠶᠢᠨ ᠲᠣᠭᠤᠷᠢᠨ ᠳᠤ ᠬᠠᠨᠳᠤᠯᠭ᠎ᠠ ᠲᠠᠢ ᠪᠠᠷ ᠰᠣᠩᠭᠤᠨ ᠪᠤᠶᠢᠵᠢᠭᠤᠯᠬᠤ ᠶᠢ ᠢᠳᠡᠪᠬᠢᠲᠡᠶ ᠶᠠᠪᠤᠭᠳᠠᠭᠤᠯᠪᠠ᠃      ᠲᠣᠰ ᠤᠳᠠᠭ᠎ᠠ ᠶᠢᠨ ᠭᠤᠶᠤᠴᠢᠯᠠᠨ ᠮᠡᠳᠡᠭᠦᠯᠦᠭᠰᠡᠨ ︿ᠷᠦᠩ ᠴᠢ 1 ᠨᠤᠮᠧᠷᠲᠦ﹀᠂ ︿ᠯᠢᠨ ᠴᠢ 5 ᠨᠤᠮᠧᠷᠲᠦ﹀ ᠪᠠ ︿ᠯᠢᠨ ᠴᠢ 1 ᠨᠤᠮᠧᠷᠲᠦ﹀  ᠪᠣᠯ ᠣᠶ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠦᠷᠦᠭᠦᠦ ᠪᠦᠯᠦᠭ ᠤᠷᠭᠤᠮᠠᠯ ᠤᠨ ᠰᠢᠨ᠎ᠡ ᠡᠭᠦᠯᠳᠡᠷ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠴᠢᠨ᠋ᠸ᠎ᠠ ᠶᠢᠨ ᠬᠠᠷᠮᠠᠭ ᠤᠨ ᠰᠢᠨ᠎ᠡ ᠡᠭᠦᠯᠳᠡᠷ ᠪᠣᠯᠤᠨ᠎ᠠ᠂ ᠲᠡᠷᠡ ᠨᠢ ᠣᠯᠠᠨ ᠬᠡᠷᠡᠭᠴᠡᠭᠡ ᠲᠠᠢ᠂ ᠤᠷᠭᠤᠯᠲᠠ ᠶᠢᠨ ᠪᠠᠶᠢᠳᠠᠯ ᠰᠠᠶᠢᠨ᠂ ᠰᠥᠷᠬᠦ ᠨᠦᠬᠦᠴᠡᠯ ᠳᠤ ᠡᠰᠡᠷᠭᠦᠴᠡᠬᠦ ᠴᠢᠨᠠᠷ ᠢᠶᠠᠷ ᠴᠢᠩᠭ᠎ᠠ᠂ ᠰᠠᠯᠠᠭ᠎ᠠ ᠨᠠᠮᠠᠭ᠎ᠠ ᠨᠢ ᠴᠥᠭᠡᠨ ᠵᠡᠷᠭᠡ ᠰᠢᠯᠢᠳᠡᠭ ᠣᠨᠴᠠᠯᠢᠭ ᠲᠠᠢ ᠪᠠᠶᠢᠵᠤ᠂ ᠳᠡᠯᠭᠡᠷᠡᠭᠦᠯᠦᠨ ᠬᠡᠷᠡᠭᠯᠡᠬᠦ ᠬᠡᠲᠦ ᠶᠢᠨ ᠲᠥᠯᠥᠪ ᠮᠠᠰᠢ ᠰᠠᠶᠢᠨ᠃ ᠲᠣᠰ ᠤᠳᠠᠭ᠎ᠠ ᠰᠣᠩᠭᠤᠨ ᠪᠤᠶᠢᠵᠢᠭᠤᠯᠤᠭᠰᠠᠨ ᠴᠢᠨ᠋ᠸ᠎ᠠ ᠶᠢᠨ ᠬᠠᠷᠮᠠᠭ ᠤᠨ ᠰᠢᠨ᠎ᠡ ᠡᠭᠦᠯᠳᠡᠷ ᠨᠢ ᠴᠢᠨ᠋ᠸ᠎ᠠ ᠶᠢᠨ ᠬᠠᠷᠮᠠᠭ ᠤᠨ ᠦᠷ᠎ᠡ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠴᠢᠨ᠋ᠸ᠎ᠠ ᠶᠢᠨ ᠬᠠᠷᠮᠠᠭ ᠤᠨ ᠠᠵᠤ ᠦᠢᠯᠡᠰ ᠤᠨ ᠡᠷᠡᠭᠦᠯ ᠢᠶᠠᠷ ᠬᠦᠭᠵᠢᠬᠦ ᠶᠢ ᠠᠬᠢᠭᠤᠯᠤᠭᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号