ᠬᠦᠴᠢᠷᠳᠡᠯᠲᠡᠢ ᠬᠦᠮᠦᠰ ᠲᠤ ᠨᠦᠬᠦᠪᠦᠷᠢ ᠣᠯᠭᠤᠨ᠎ᠠ
ᠨᠡᠶᠢᠲᠡᠯᠡᠭᠰᠡᠨ ᠴᠠᠭ᠄
2022/9/22
     ᠠᠵᠤ ᠠᠬᠤᠶ ᠶᠢ ᠲᠣᠭᠲᠠᠪᠣᠷᠢᠵᠢᠭᠤᠯᠤᠨ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠰᠠᠶᠢᠲᠤᠷ ᠬᠢᠬᠦ ᠶᠢᠨ ᠲᠥᠯᠥᠭᠡ᠂ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠎ ᠤᠨ ᠲᠢᠩᠬᠢᠮ ᠪᠣᠯᠣᠨ ᠡᠳ᠋ ᠤᠨ ᠵᠠᠰᠠᠭ ᠤᠨ ᠲᠢᠩᠬᠢᠮ ᠠᠴᠠ ︽ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠬᠠᠮᠢᠶ᠎ᠠ ᠪᠥᠬᠦᠶ ᠠᠵᠢᠯ ᠢ ᠤᠯᠠᠮ ᠴᠢᠩᠭᠠᠳᠬᠠᠬᠤ ᠲᠤᠬᠠᠶ ᠮᠡᠳᠡᠭᠳᠡᠯ︾᠎ ᠢ ᠨᠡᠶᠢᠲᠡᠯᠡᠪᠡ᠃      ︽ᠮᠡᠳᠡᠭᠳᠡᠯ︾᠎ ᠳᠤ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ ᠪᠥᠬᠦ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠲᠣᠣᠷ᠎ᠠ ᠪᠠᠲᠤᠯᠠᠭ᠎ᠠ ᠶᠢᠨ ᠬᠠᠷᠠᠭᠠᠯᠵᠠᠯ ᠬᠦᠷᠳᠡᠵᠦ ᠪᠠᠶᠢᠭ᠎ᠠ ᠬᠦᠮᠦᠰ᠂ ᠣᠨᠴᠠ ᠬᠦᠴᠢᠷᠳᠡᠯᠳᠡᠢ ᠬᠥᠮᠦᠰ᠂ ᠥᠨᠥᠴᠢᠨ ᠬᠡᠦᠬᠡᠳ ᠵᠢᠴᠢ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ ᠢ ᠪᠠᠭᠲᠠᠭᠠᠭᠰᠠᠨ 165 ᠲᠦᠮᠡ ᠭᠠᠷᠤᠶ ᠬᠦᠴᠢᠷᠳᠡᠯᠲᠡᠢ ᠣᠯᠠᠨ ᠲᠦᠮᠡᠨ ᠳᠤ ᠬᠥᠮᠦᠨ ᠪᠦᠷᠢ ᠶᠢᠨ 100 ᠲᠥᠭᠦᠷᠢᠭ ᠤᠨ ᠪᠠᠷᠢᠮᠵᠢᠶ᠎ᠠ ᠪᠠᠷ ᠠᠮᠢᠳᠤᠷᠠᠯ ᠤᠨ ᠨᠥᠬᠦᠪᠥᠷᠢ ᠨᠡᠮᠡᠵᠦ ᠦᠭᠬᠦᠨ᠎ᠡ ᠭᠡᠪᠠ᠃      ︽ᠮᠡᠳᠡᠭᠳᠡᠯ︾᠎ ᠳᠤ ᠪᠠᠰᠠ ᠪᠥᠬᠦ ᠣᠷᠣᠨ ᠤ ᠡᠯ᠎ᠡ ᠭᠠᠵᠠᠷ ᠤᠨ ᠬᠢᠨ ᠠᠮᠢᠳᠤᠷᠠᠯ ᠤᠨ ᠨᠥᠬᠦᠪᠥᠷᠢ ᠶᠢ ᠲᠤᠭ᠎ᠠ ᠶᠣᠰᠣᠭᠠᠷ ᠨᠢ ᠬᠦᠴᠢᠷᠳᠡᠯᠲᠡᠢ ᠣᠯᠠᠨ ᠲᠦᠮᠡᠨ ᠳᠤ ᠣᠯᠭᠤᠬᠤ ᠬᠡᠷᠡᠭᠲᠡᠶ ᠭᠡᠵᠦ ᠱᠠᠭᠠᠷᠳᠠᠪᠠ᠃  
 
ᠢᠷᠡᠯᠲᠡ᠄ ᠦᠪᠣᠷ ᠮᠣᠩᠭᠤᠯ ᠤᠨ ᠮᠣᠩᠭᠤᠯ ᠷᠠᠳᠢᠣ᠋
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号