ᠣᠷᠳᠣᠰ ᠬᠤᠲᠠ ᠶᠢᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠾᠧᠹᠧᠢ ᠬᠤᠲᠠ ᠳᠤ ᠬᠦᠷᠴᠦ ᠣᠢ ᠰᠢᠭᠤᠶ ᠶᠢᠨ ᠳᠠᠷᠤᠭ᠎ᠠ ᠶᠢᠨ ᠳᠦᠷᠢᠮ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/9/29
     ᠤᠷᠳᠤᠰ ᠬᠤᠲᠠ ᠶᠢᠨ ᠨᠠᠮ ᠤᠨ ᠬᠤᠷᠢᠶ᠎ᠠ ᠪᠠ ᠤᠷᠳᠤᠰ ᠬᠤᠲᠠ ᠶᠢᠨ ᠵᠠᠰᠠᠭ ᠤᠨ ᠣᠷᠳᠣᠨ ᠤ ︽ᠲᠡᠷᠢᠭᠦᠨ ᠤ ᠬᠢ ᠠᠴᠠ ᠰᠤᠷᠤᠯᠴᠠᠵᠤ᠂ ᠬᠤᠰᠢᠭᠤᠴᠢ ᠪᠤᠯᠬᠤ︾ ᠲᠤᠬᠠᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠶᠢᠨ ᠲᠥᠯᠥᠭᠡ᠂ 9 ᠰᠠᠷ᠎ᠠ ᠶᠢᠨ 19᠎ ᠤ ᠡᠳᠦᠷ ᠠᠴᠠ 21᠎ ᠤ ᠡᠳᠦᠷ ᠪᠣᠯᠲᠠᠯ᠎ᠠ᠂  ᠤᠷᠳᠤᠰ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠢᠶᠠ ᠢᠦᠶ ᠪᠦᠦ ᠨᠡᠷ ᠾᠧᠹᠧᠢ ᠬᠤᠲᠠ ᠳᠤ ᠬᠦᠷᠴᠦ ᠣᠶ ᠰᠢᠭᠤᠢ ᠶᠢᠨ ᠳᠠᠷᠤᠭ᠎ᠠ ᠶᠢᠨ ᠲᠦᠷᠢᠮ ᠤᠨ ᠠᠵᠢᠯ ᠢ ᠰᠢᠨᠵᠢᠯᠡᠨ ᠪᠠᠶᠢᠴᠠᠭᠠᠪᠠ᠃      ᠾᠧᠹᠸᠢ ᠬᠤᠳᠠ ᠪᠣᠯ ᠪᠦᠬᠦ ᠤᠯᠤᠰ ᠤᠨ ᠠᠩᠬᠠᠳᠠᠭᠴᠢ ᠪᠦᠯᠦᠭ ᠤᠢ ᠰᠢᠭᠤᠢ ᠶᠢᠨ ᠳᠠᠷᠤᠭ᠎ᠠ ᠶᠢᠨ ᠲᠦᠷᠢᠮ ᠢ ᠬᠡᠷᠡᠭᠵᠢᠭᠦᠯᠦᠭᠰᠡᠨ ᠬᠤᠳᠠ ᠶᠢᠨ ᠨᠢᠭᠡ ᠪᠣᠯᠤᠨ᠎ᠠ᠂ ᠮᠥᠨ ᠴᠦ ᠤᠷᠳᠤᠰ ᠬᠤᠳᠠ ᠶᠢᠨ ᠲᠡᠷᠢᠭᠦᠨ ᠤ ᠬᠢ ᠠᠴᠠ ᠰᠤᠷᠤᠯᠴᠠᠬᠤ ᠠᠵᠢᠯ ᠤᠨ ᠳᠠᠭᠤᠷᠢᠶᠠᠯ ᠪᠣᠯᠬᠤ ᠬᠤᠳᠠ ᠪᠣᠯᠤᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠹᠸᠢᠢᠰᠢ ᠰᠢᠶᠠᠨ᠂ ᠯᠦᠵᠢᠶᠠᠩ ᠰᠢᠶᠠᠨ᠂ ᠹᠸᠢᠢᠳᠦ᠋ᠩ ᠰᠢᠶᠠᠨ ᠵᠡᠷᠭᠡ ᠭᠠᠵᠠᠷ ᠤᠷᠤᠨ ᠳᠤ ᠭᠦᠨᠵᠡᠭᠡᠶᠢᠷᠡᠵᠦ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠣᠷᠣᠨ ᠲᠣᠭᠤᠷᠢᠭ ᠤᠨ ᠪᠦᠳᠦᠭᠡᠨ ᠪᠠᠶᠢᠭᠤᠯᠤᠯᠲᠠ᠂ ᠤᠢ ᠰᠢᠭᠤᠢ ᠶᠢᠨ ᠠᠵᠤ ᠦᠢᠯᠡᠰ ᠤᠨ ᠬᠥᠭᠵᠢᠯᠲᠡ᠂ ᠲᠦᠷᠪᠡᠨ ᠱᠠᠲᠤᠨ ᠤ ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠵᠣᠬᠢᠶᠠᠨ ᠪᠠᠶᠢᠭᠤᠯᠤᠯᠲᠠ᠂ ᠠᠭᠤᠷᠬᠠᠢ ᠶᠢᠨ ᠰᠡᠷᠭᠦᠭᠡᠨ ᠵᠠᠰᠠᠯᠲᠠ᠂ ᠴᠢᠭᠢᠭᠯᠢᠭ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠣᠯᠤᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠪᠥᠭᠡᠳ ᠾᠧᠹᠸᠢ ᠬᠤᠳᠠ ᠶᠢᠨ ᠬᠤᠳᠠ᠂ ᠰᠢᠶᠠᠨ᠂ ᠰᠢᠶᠠᠩ ᠭᠤᠷᠪᠠᠨ ᠱᠠᠲᠤᠨ ᠤ ᠤᠢ ᠰᠢᠭᠤᠢ ᠶᠢᠨ ᠳᠠᠷᠤᠭ᠎ᠠ ᠶᠢᠨ ᠠᠯᠪᠠᠨ ᠭᠡᠷ ᠲᠠᠢ ᠶᠠᠷᠢᠯᠴᠠᠬᠤ ᠬᠤᠷᠠᠯ ᠬᠤᠷᠠᠯᠳᠤᠭᠤᠯᠪᠠ᠃ ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠬᠤ᠂ ᠢᠵᠢ ᠪᠦᠷᠢᠳᠦᠬᠦᠯᠬᠦ ᠲᠦᠷᠢᠮ ᠢ ᠪᠠᠶᠢᠭᠤᠯᠬᠤ᠂ ᠤᠢ ᠰᠢᠭᠤᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠢᠴᠢ ᠬᠠᠮᠢᠶᠠᠷᠤᠯᠲᠠ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠬᠢᠨᠠᠨ ᠰᠢᠯᠭᠠᠯᠲᠠ ᠶᠢᠨ ᠲᠦᠷᠢᠮ ᠵᠡᠷᠭᠡ ᠶᠢᠨ ᠲᠤᠭᠤᠷᠢᠨ ᠳᠤ ᠦᠵᠡᠯ ᠪᠤᠳᠤᠯ ᠢᠶᠠᠨ ᠰᠤᠯᠢᠯᠴᠠᠪᠠ᠃      ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠡᡁᠧᠹᠸᠢ ᠬᠤᠳᠠ ᠶᠢᠨ  ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠠᠵᠢᠯ ᠤᠨ ᠣᠯᠤᠭᠰᠠᠨ ᠠᠮᠵᠢᠯᠲᠠ ᠪᠦᠲᠦᠮᠵᠢ ᠶᠢ ᠳᠡᠭᠡᠳᠦ  ᠬᠡᠮᠵᠢᠶ᠎ᠡ ᠪᠠᠷ ᠦᠨᠡᠯᠡᠵᠦ᠂ ᠤᠷᠳᠤᠰ ᠬᠤᠳᠠ ᠶᠢᠨ ᠬᠢᠨ ᠡᡁᠧᠹᠸᠢ ᠬᠤᠳᠠ ᠶᠢᠨ ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠥᠭᠡᠷᠡᠴᠢᠯᠡᠯᠲᠡ ᠶᠢᠨ ᠠᠮᠵᠢᠯᠲᠠ ᠲᠠᠢ ᠲᠤᠷᠰᠢᠯᠭ᠎ᠠ ᠶᠢ ᠰᠠᠶᠢᠲᠤᠷ ᠰᠤᠷᠤᠯᠴᠠᠵᠤ᠂ ︽ᠤᠢ ᠰᠢᠭᠤᠢ ᠶᠢᠨ ᠳᠠᠷᠤᠭ᠎ᠠ ᠶᠢᠨ ᠲᠦᠷᠢᠮ︾᠎ ᠢᠶᠠᠷ ᠭᠠᠷᠳᠠᠴᠠ ᠪᠣᠯᠭᠠᠵᠤ᠂ ᠠᠮᠢ ᠠᠬᠤᠢ ᠣᠷᠴᠢᠨ ᠲᠣᠭᠤᠷᠢᠨ ᠪᠠ ᠪᠠᠶᠢᠭᠠᠯᠢ ᠶᠢᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ᠂ ᠤᠢ ᠰᠢᠭᠤᠢ ᠨᠤᠲᠤᠭ ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠪᠣᠯᠤᠨ᠎ᠠ ᠭᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号