ᠨᠠᠮᠤᠷ ᠤᠨ ᠬᠤᠭᠤᠰ ᠪᠤᠶᠤ ᠳᠤᠮᠳᠠᠳᠤ ᠤᠯᠤᠰ ᠤᠨ ᠳᠠᠷᠢᠶᠠᠴᠢᠳ ᠤᠨ ᠡᠯᠪᠡᠭ ᠬᠤᠷᠢᠶᠠᠯᠳᠠ ᠶᠢᠨ ᠪᠠᠶᠠᠷ
ᠨᠡᠶᠢᠲᠡᠯᠡᠭᠰᠡᠨ ᠴᠠᠭ᠄
2022/9/29
     ᠨᠠᠮ ᠤᠨ ᠲᠦᠪ ᠬᠤᠷᠢᠶᠠᠨ ᠤ ᠵᠦᠪᠰᠢᠶᠡᠷᠡᠯ ᠢᠶᠠᠷ᠂ 2018 ᠤᠨ ᠠᠴᠠ ᠡᠬᠢᠯᠡᠨ ᠵᠢᠯ ᠪᠦᠷᠢ ᠶᠢᠨ ᠨᠠᠮᠤᠷ ᠎ ᠤᠨ ᠬᠤᠭᠤᠰ ᠤᠨ ᠡᠳᠤᠷ ᠢ ︽ᠳᠤᠮᠳᠠᠳᠤ ᠤᠯᠤᠰ ᠤᠨ ᠳᠠᠷᠢᠶᠠᠴᠢᠳ ᠤᠨ ᠡᠯᠪᠡᠭ ᠬᠤᠷᠢᠶᠠᠯᠳᠠ ᠶᠢᠨ ᠪᠠᠶᠠᠷ︾᠎ ᠢᠶᠠᠷ ᠳᠤᠭᠳᠠᠭᠠᠵᠠᠢ᠃ ᠡᠨᠡ ᠪᠤᠯ ᠤᠯᠤᠰ ᠤᠨ ᠱᠠᠳᠤᠨ ᠠᠴᠠ ᠳᠤᠰᠬᠠᠶᠢᠯᠠᠨ ᠳᠠᠷᠢᠶᠠᠴᠢᠳ ᠲᠤ ᠵᠤᠷᠢᠭᠤᠯᠤᠭᠰᠠᠨ ᠠᠩᠬᠠᠳᠠᠭᠴᠢ ᠪᠠᠶᠠᠷ ᠤᠨ ᠡᠳᠤᠷ ᠪᠤᠯᠤᠨ᠎ᠠ᠃ ᠳᠤᠮᠳᠠᠳᠤ ᠤᠯᠤᠰ ᠤᠨ ᠳᠠᠷᠢᠶᠠᠴᠢᠳ ᠤᠨ ᠡᠯᠪᠡᠭ ᠬᠤᠷᠢᠶᠠᠯᠳᠠ ᠶᠢᠨ ᠪᠠᠶᠠᠷ ᠢ ᠳᠤᠭᠳᠠᠭᠠᠭᠰᠠᠨ ᠨᠢ ᠳᠤᠩ ᠲᠦᠮᠡᠨ ᠳᠠᠷᠢᠶᠠᠴᠢᠳ ᠤᠨ ᠢᠳᠡᠪᠬᠢᠵᠢᠯ᠂ ᠰᠠᠨᠠᠭᠠᠴᠢᠯᠭᠠᠳᠤ ᠴᠢᠨᠠᠷ᠂ ᠪᠦᠳᠦᠬᠡᠯᠴᠢ ᠴᠢᠨᠠᠷ ᠢ ᠲᠦᠢᠯ ᠤᠨ ᠶᠡᠭᠡ ᠪᠠᠷ ᠳᠠᠶᠢᠴᠢᠯᠠᠵᠤ᠂ ᠳᠤᠩ ᠲᠦᠮᠡᠨ ᠳᠠᠷᠢᠶᠠᠴᠢᠳ ᠤᠨ ᠢᠷᠠᠭᠤ ᠠᠯᠳᠠᠷᠳᠤ ᠲᠦᠷᠦᠭᠳᠡᠯ᠂ ᠵᠢᠷᠭᠠᠯᠳᠤ ᠲᠦᠷᠦᠭᠳᠡᠯ᠂ ᠬᠦᠷᠳᠡᠮᠵᠢ ᠶᠢᠨ ᠲᠦᠷᠦᠭᠳᠡᠯ ᠢ ᠳᠡᠬᠡᠭᠰᠢᠯᠡᠬᠦᠯᠬᠦ ᠪᠤᠯᠤᠨ᠎ᠠ᠃            ︽ᠳᠤᠮᠳᠠᠳᠤ ᠤᠯᠤᠰ ᠤᠨ ᠳᠠᠷᠢᠶᠠᠴᠢᠳ ᠤᠨ ᠡᠯᠪᠡᠭ ᠬᠤᠷᠢᠶᠠᠯᠳᠠ ᠶᠢᠨ ᠪᠠᠶᠠᠷ︾᠎ ᠢ ᠪᠡᠯᠬᠡᠯᠡᠬᠦ ᠨᠢ ᠬᠦᠳᠡᠭᠡ ᠳᠤᠰᠬᠤᠨ ᠤ ᠦᠬᠡᠷᠡᠴᠢᠯᠡᠯᠳᠡ ᠬᠦᠭᠵᠢᠯᠳᠡ ᠶᠢᠨ ᠯᠤᠳᠤ ᠶᠡᠭᠡ ᠠᠮᠵᠢᠯᠳᠠ ᠪᠦᠳᠦᠮᠵᠢ ᠶᠢ ᠬᠠᠷᠠᠭᠤᠯᠬᠤ ᠶᠢᠨ ᠬᠠᠮᠳᠤ ᠪᠠᠰᠠ ᠳᠤᠮᠳᠠᠳᠤ ᠤᠯᠤᠰ ᠤᠨ ᠡᠷᠳᠡᠨ ᠠᠴᠠ ᠠᠪᠤᠭᠠᠳ ᠳᠠᠷᠢᠶᠠᠯᠠᠩ ᠢᠶᠠᠷ ᠦᠨᠳᠤᠰᠤ ᠪᠤᠯᠭᠠᠭᠰᠠᠨ ᠤᠯᠠᠮᠵᠢᠯᠠᠯ ᠢ ᠢᠯᠡᠷᠡᠬᠦᠯᠬᠦ ᠪᠤᠯᠤᠨ᠎ᠠ᠃ ᠳᠤᠮᠳᠠᠳᠤ ᠤᠯᠤᠰ ᠤᠨ ᠳᠠᠷᠢᠶᠠᠴᠢᠳ ᠤᠨ ᠡᠯᠪᠡᠭ ᠬᠤᠷᠢᠶᠠᠯᠳᠠ ᠶᠢᠨ ᠪᠠᠶᠠᠷ ᠢ ᠪᠡᠯᠬᠡᠯᠡᠬᠦ ᠪᠤᠳᠠᠳᠠᠢ ᠠᠵᠢᠯ ᠢ ᠳᠠᠷᠢᠶᠠᠯᠠᠩ ᠬᠦᠳᠡᠭᠡ ᠳᠤᠰᠬᠤᠨ ᠤ ᠶᠠᠮᠤᠨ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠎ ᠠᠴᠠ ᠵᠤᠬᠢᠶᠠᠨ ᠪᠠᠶᠢᠭᠤᠯᠤᠨ ᠬᠡᠷᠡᠭᠵᠢᠬᠦᠯᠳᠡᠭ᠃
 
ᠢᠷᠡᠯᠲᠡ᠄ ᠬᠦᠯᠦᠭ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号