ᠨᠠᠮᠤᠷ ᠤᠨ ᠬᠤᠭᠤᠰ ᠤᠨ ︽ᠬᠤᠭᠤᠰ︾᠎ ᠨᠢ ᠶᠠᠮᠠᠷ ᠤᠳᠬ᠎ᠠ ᠲᠠᠢ ᠪᠤᠢ︖
ᠨᠡᠶᠢᠲᠡᠯᠡᠭᠰᠡᠨ ᠴᠠᠭ᠄
2022/9/29
     ᠨᠠᠮᠤᠷ ᠤᠨ ᠬᠤᠭᠤᠰ ᠪᠤᠯ ᠬᠤᠷᠢᠨ ᠲᠦᠷᠪᠡᠨ ᠤᠯᠠᠷᠢᠯ ᠤᠨ ᠠᠷᠪᠠᠨ ᠵᠢᠷᠭᠤᠳᠤᠭᠠᠷ ᠴᠠᠭ ᠤᠯᠠᠷᠢᠯ᠂ ᠨᠠᠮᠤᠷ ᠎ ᠤᠨ ᠤᠯᠠᠷᠢᠯ ᠤᠨ ᠲᠦᠷᠪᠡᠳᠡᠬᠢ ᠴᠠᠭ ᠤᠯᠠᠷᠢᠯ ᠪᠤᠯᠤᠨ᠎ᠠ᠃ ᠵᠢᠯ ᠪᠦᠷᠢ ᠶᠢᠨ 9 ᠰᠠᠷ᠎ᠠ ᠶᠢᠨ 22 — 24᠎ ᠤ ᠡᠳᠤᠷ ᠳᠤᠬᠢᠶᠠᠳᠠᠭ᠃            ᠨᠠᠮᠤᠷ ᠤᠨ ᠬᠤᠭᠤᠰ ᠤᠷᠤᠬᠤ ᠡᠨᠡ ᠡᠳᠤᠷ ᠨᠡᠷᠠ ᠪᠠᠷᠤᠭ ᠳᠡᠯᠡᠬᠡᠢ ᠶᠢᠨ ᠪᠦᠰᠡᠯᠡᠬᠦᠷ ᠳᠡᠬᠡᠷ᠎ᠡ ᠡᠭᠴᠡ ᠳᠤᠰᠴᠤ᠂ ᠪᠦᠬᠦ ᠪᠦᠮᠪᠦᠷᠴᠡᠭ ᠤᠨ ᠡᠯ᠎ᠡ ᠭᠠᠵᠠᠷ ᠤᠨ ᠡᠳᠤᠷ ᠰᠦᠨᠢ ᠨᠢ ᠠᠳᠠᠯᠢᠬᠠᠨ ᠤᠷᠳᠤ ᠪᠤᠯᠳᠠᠭ᠃            ︽ᠬᠤᠭᠤᠰ︾ ᠬᠡᠳᠡᠭ ᠨᠢ ︽ᠬᠠᠭᠠᠰ︾᠂ ︽ᠳᠡᠭᠰᠢ ᠬᠤᠪᠢᠶᠠᠭᠳᠠᠬᠤ︾ ᠬᠡᠬᠦ ᠤᠳᠬ᠎ᠠ ᠲᠠᠢ᠂ ᠳᠠᠷᠤᠢ ᠡᠳᠤᠷ ᠰᠦᠨᠢ ᠶᠢᠨ ᠳᠡᠭᠰᠢ ᠬᠤᠪᠢᠶᠠᠭᠳᠠᠬᠤ ᠶᠢ ᠵᠢᠭᠠᠬᠤ ᠠᠴᠠ ᠭᠠᠳᠠᠨ᠎ᠠ᠂ ᠪᠠᠰᠠ ᠨᠠᠮᠤᠷ ᠤᠨ ᠤᠯᠠᠷᠢᠯ ᠳᠡᠭᠰᠢ ᠬᠤᠪᠢᠶᠠᠭᠳᠠᠬᠤ ᠬᠡᠰᠡᠨ ᠤᠳᠬ᠎ᠠ ᠲᠠᠢ᠃ ᠨᠠᠮᠤᠷ ᠤᠨ ᠬᠤᠭᠤᠰ ᠤᠨ ᠡᠳᠤᠷ ᠤᠨ ᠳᠠᠷᠠᠭ᠎ᠠ᠂ ᠨᠠᠷᠠᠨ ᠤ ᠬᠡᠷᠡᠯ ᠤᠨ ᠡᠭᠴᠡ ᠳᠤᠰᠤᠯᠳᠠ ᠡᠮᠤᠨᠡᠰᠢ ᠰᠢᠯᠵᠢᠵᠤ᠂ ᠤᠮᠠᠷᠠᠳᠤ ᠬᠠᠭᠠᠰ ᠪᠦᠮᠪᠦᠷᠴᠡᠭ ᠤᠨ ᠡᠳᠤᠷ ᠤᠬᠤᠷ ᠰᠦᠨᠢ ᠤᠷᠳᠤ ᠪᠤᠯᠵᠤ᠂ ᠡᠳᠤᠷ ᠰᠦᠨᠢ ᠶᠢᠨ ᠳᠤᠯᠠᠭᠠᠨ ᠤ ᠵᠦᠷᠢᠶ᠎ᠡ ᠶᠡᠬᠡᠳᠤᠨ᠂ ᠠᠭᠠᠷ ᠤᠨ ᠳᠤᠯᠠᠭᠠᠨ ᠡᠳᠤᠷ ᠢᠷᠡᠬᠦᠶ᠎ᠡ ᠳᠤᠷᠤᠭᠰᠢᠯᠠᠨ᠎ᠠ᠃
 
ᠢᠷᠡᠯᠲᠡ᠄ ᠬᠦᠯᠦᠭ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号