ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠪᠠ ᠡᠨᠧᠷᠭᠢ ᠶᠢᠨ ᠬᠠᠩᠭᠠᠯᠭ᠎ᠠ ᠶᠢ ᠪᠠᠲᠤᠯᠠᠵᠤ | ᠦᠨ᠎ᠡ ᠬᠠᠩᠰᠢ ᠶᠢ ᠲᠣᠭᠲᠠᠪᠤᠷᠢᠵᠢᠭᠤᠯᠬᠤ ᠵᠡᠷᠭᠡ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ | ᠪᠠᠶᠢᠷᠢᠯᠠᠭᠤᠯᠵᠤ᠂ ᠣᠯᠠᠨ ᠲᠦᠮᠡᠨ ᠤ ᠠᠮᠢᠳᠤᠷᠠᠯ ᠪᠠ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠷᠡᠭᠴᠡᠭᠡ ᠶᠢ | ᠪᠠᠲᠤᠯᠠᠵᠤ᠂ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ | ᠣᠯᠠᠨ ᠲᠦᠮᠡᠨ ᠤ ᠴᠠᠭᠠᠨ ᠰᠠᠷ᠎ᠠ ᠪᠠᠨ ᠰᠠᠶᠢᠲᠤᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠰᠢᠨᠬᠤᠸᠠ ᠬᠤᠷᠢᠶᠠᠨ ᠤ ᠪᠡᠭᠡᠵᠢᠩ ᠤᠨ 1 ᠳ᠋ᠦ᠋ᠭᠡᠷ ᠰᠠᠷ᠎ᠠ ᠶᠢᠨ 4 ᠤ ᠡᠳᠦᠷ ᠤᠨ ᠴᠠᠬᠢᠯᠭᠠᠨ ᠮᠡᠳᠡᠭᠡ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 1 ᠳ᠋ᠦ᠋ᠭᠡᠷ ᠰᠠᠷ᠎ᠠ ᠶᠢᠨ 3 ᠤ ᠡᠳᠦᠷ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠷᠠᠳ ᠤᠨ | ᠠᠮᠢᠳᠤᠷᠠᠯ ᠤᠨ ᠴᠢᠬᠤᠯᠠ ᠲᠠᠸᠠᠷ ᠪᠣᠯᠣᠨ ᠡᠨᠧᠷᠭᠢ ᠶᠢᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ | ᠲᠣᠭᠲᠠᠪᠤᠷᠢᠵᠢᠭᠤᠯᠬᠤ ᠵᠡᠷᠭᠡ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠪᠠᠶᠢᠷᠢᠯᠠᠭᠤᠯᠵᠤ᠂ ᠤᠯᠠᠨ | ᠲᠦᠮᠡᠨ ᠤ ᠠᠮᠢᠳᠤᠷᠠᠯ ᠪᠠ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠷᠡᠭᠴᠡᠭᠡ ᠶᠢ ᠪᠠᠲᠤᠯᠠᠵᠤ᠂ ᠠᠷᠠᠳ ᠤᠨ | ᠠᠮᠢᠳᠤᠷᠠᠯ ᠤᠨ ᠭᠤᠣᠯᠳᠠᠯᠭ᠎ᠠ ᠲᠠᠢ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠤᠯᠠᠨ ᠲᠦᠮᠡᠨ ᠤ ᠴᠠᠭᠠᠨ | ᠰᠠᠷ᠎ᠠ ᠪᠠᠨ ᠰᠠᠶᠢᠲᠤᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠵᠢᠭᠠᠬᠤ ᠳᠤ ᠪᠠᠨ᠂ ᠥᠩᠭᠡᠷᠡᠭᠰᠡᠨ ᠨᠢᠭᠡ ᠵᠢᠯ ᠳᠤ ᠮᠠᠨ ᠤ ᠤᠯᠤᠰ ᠤᠨ ᠪᠠᠷᠠᠭᠠᠨ ᠤ ᠦᠨ᠎ᠡ | ᠢᠮᠠᠭᠲᠠ ᠲᠣᠭᠲᠠᠭᠤᠨ ᠪᠠᠶᠢᠳᠠᠯ ᠢ ᠪᠠᠲᠤᠯᠠᠵᠤ᠂ ᠠᠮᠤ ᠪᠤᠳᠠᠭ᠎ᠠ᠂ ᠡᠨᠧᠷᠭᠢ ᠶᠢᠨ ᠰᠤᠷᠪᠤᠯᠵᠢ ᠵᠡᠷᠭᠡ ᠶᠢᠨ | ᠲᠣᠭᠲᠠᠭᠤᠨ ᠬᠠᠩᠭᠠᠯᠭ᠎ᠠ ᠶᠢᠨ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃ ᠡᠨᠡ ᠪᠣᠯ ᠲᠦᠢᠯ ᠤᠨ ᠬᠢᠯᠪᠠᠷ | ᠪᠤᠰᠤ ᠶᠠᠪᠤᠳᠠᠯ ᠮᠥᠨ᠂ ᠡᠨᠡ ᠨᠢ ᠠᠵᠤ ᠠᠬᠤᠢ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ | ᠪᠠᠲᠤᠯᠠᠬᠤ ᠳᠤ ᠬᠦᠴᠦᠲᠡᠢ ᠲᠦᠰᠢᠭ ᠲᠤᠯᠭᠠᠭᠤᠷᠢ ᠬᠠᠩᠭᠠᠭᠰᠠᠨ ᠪᠠᠶᠢᠨ᠎ᠠ᠃ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠣᠭᠤᠰᠢᠯᠠᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠠᠩ ᠰᠠᠶᠢᠲᠤᠷ ᠨᠢᠭᠡᠳᠦᠯᠲᠡᠢ ᠲᠥᠯᠥᠪᠯᠡᠨ᠂ | ᠠᠷᠠᠳ ᠤᠨ ᠠᠮᠢᠳᠤᠷᠠᠯ ᠤᠨ ᠴᠢᠬᠤᠯᠠ ᠲᠠᠸᠠᠷ᠂ ᠡᠮᠴᠢᠯᠡᠭᠡᠨ ᠤ ᠡᠳ᠋ ᠪᠣᠳᠠᠰ᠂ ᠡᠨᠧᠷᠭᠢ ᠵᠡᠷᠭᠡ ᠶᠢᠨ ᠬᠠᠩᠭᠠᠯᠭ᠎ᠠ ᠶᠢ | ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠴᠠᠭᠠᠨ | ᠰᠠᠷ᠎ᠠ ᠶᠢᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ ᠪᠠᠶᠢᠬᠤ ᠪᠠ ᠦᠨ᠎ᠡ ᠬᠠᠩᠰᠢ ᠶᠢᠨ | ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠡᠮ ᠡᠮᠨᠡᠯᠭᠡ ᠶᠢᠨ ᠬᠡᠷᠡᠭᠴᠡᠭᠡ ᠱᠠᠭᠠᠷᠳᠠᠯᠭ᠎ᠠ | ᠪᠠ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠬᠤ ᠬᠡᠷᠡᠭᠲᠡᠢ᠃ ᠨᠢᠭᠡ ᠳᠤ᠂ ︽ᠠᠮᠤ ᠬᠦᠨᠡᠰᠦᠨ ᠤ ᠤᠭᠤᠲᠠ︾ | ᠶᠢᠨ ᠮᠤᠵᠢ ᠶᠢᠨ ᠳᠠᠷᠤᠭ᠎ᠠ ᠬᠠᠷᠢᠭᠤᠴᠠᠬᠤ ᠳᠦᠷᠢᠮ᠂ ︽ᠨᠣᠭᠤᠭ᠎ᠠ ᠶᠢᠨ ᠰᠠᠭᠰᠤ︾ ᠶᠢᠨ ᠬᠤᠳᠠ ᠶᠢᠨ ᠳᠠᠷᠤᠭ᠎ᠠ | ᠬᠠᠷᠢᠭᠤᠴᠠᠬᠤ ᠳᠦᠷᠢᠮ ᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢ | ᠴᠠᠭ ᠲᠤᠬᠠᠢ ᠳᠤ ᠨᠢ ᠰᠠᠶᠢᠲᠤᠷ ᠬᠢᠵᠦ᠂ ᠵᠢᠵᠢᠭ ᠪᠣᠭᠤᠳᠠᠯ ᠲᠠᠢ ᠠᠮᠤ ᠲᠤᠰᠤᠨ ᠤ ᠲᠦᠷᠤᠯ ᠵᠦᠢᠯ ᠢ | ᠪᠠᠶᠠᠯᠢᠭᠵᠢᠭᠤᠯᠤᠨ᠂ ᠡᠮᠦᠨᠡᠲᠦ ᠶᠢᠨ ᠨᠣᠭᠤᠭ᠎ᠠ ᠶᠢ ᠤᠮᠠᠷᠠᠰᠢ ᠵᠥᠭᠡᠭᠡᠪᠦᠷᠢᠯᠡᠬᠦ᠂ ᠪᠠᠷᠠᠭᠤᠨ ᠳᠠᠬᠢ ᠵᠢᠮᠢᠰ ᠢ ᠵᠡᠭᠦᠨᠰᠢ | ᠳᠠᠮᠵᠢᠭᠤᠯᠬᠤ ᠶᠢ ᠴᠢᠩᠭᠠᠳᠬᠠᠵᠤ᠂ ᠨᠥᠭᠡᠴᠡᠯᠡᠨ ᠲᠣᠬᠢᠷᠠᠭᠤᠯᠬᠤ ᠠᠵᠢᠯ ᠢ ᠵᠦᠢ ᠵᠣᠬᠢᠰᠲᠠᠢ ᠬᠢᠬᠦ ᠶᠢᠨ ᠬᠠᠮᠲᠤ | ᠠᠷᠠᠳ ᠤᠨ ᠠᠮᠢᠳᠤᠷᠠᠯ ᠤᠨ ᠪᠤᠰᠤᠳ ᠴᠢᠬᠤᠯᠠ ᠲᠠᠸᠠᠷ ᠤᠨ ᠦᠢᠯᠡᠳᠪᠦᠷᠢᠯᠡᠯ ᠪᠠ ᠬᠠᠩᠭᠠᠨ ᠪᠣᠷᠣᠯᠠᠭᠤᠯᠭ᠎ᠠ ᠶᠢ | ᠵᠣᠯᠭᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠦᠢᠯ ᠪᠠ | ᠬᠢᠮᠢ ᠶᠢᠨ ᠪᠣᠷᠳᠣᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠠᠲᠤᠯᠠᠭ᠎ᠠ ᠶᠢᠨ | ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠠᠮᠤ ᠪᠤᠳᠠᠭᠠᠨ ᠤ ᠦᠢᠯᠡᠳᠪᠦᠷᠢᠯᠡᠯ ᠢ ᠤᠯᠠᠮ ᠨᠢᠭᠡ ᠠᠯᠬᠤᠮ | ᠪᠣᠳᠠᠲᠠᠢ ᠠᠳᠬᠤᠵᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠰᠠᠭᠤᠷᠢ ᠶᠢ ᠪᠠᠲᠤᠳᠬᠠᠬᠤ ᠬᠡᠷᠡᠭᠲᠡᠢ᠃ | ᠬᠤᠶᠠᠷ ᠲᠤ᠂ ᠠᠷᠭ᠎ᠠ ᠪᠦᠬᠦᠨ ᠢ ᠰᠦᠪᠡᠭᠴᠢᠯᠡᠨ ᠡᠮᠴᠢᠯᠡᠭᠡ᠂ ᠬᠢᠵᠢᠭ ᠢ ᠰᠡᠷᠭᠡᠶᠢᠯᠡᠬᠦ ᠡᠳ᠋ ᠪᠣᠳᠠᠰ ᠤᠨ | ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠲᠣᠳᠣᠷᠬᠠᠢ | ᠬᠠᠭᠤᠳᠠᠰᠤ ᠪᠠᠶᠢᠭᠤᠯᠤᠨ ᠭᠦᠢᠴᠡᠳ ᠳᠠᠭᠠᠭᠠᠴᠠ ᠲᠠᠢ ᠦᠢᠯᠡᠳᠪᠦᠷᠢᠯᠡᠬᠦ ᠶᠢ ᠳᠡᠮᠵᠢᠵᠦ᠂ ᠲᠦᠭᠦᠬᠡᠢ ᠮᠠᠲ᠋ᠧᠷᠢᠶᠠᠯ ᠪᠠ | ᠲᠤᠰᠠᠯᠠᠬᠤ ᠮᠠᠲ᠋ᠧᠷᠢᠶᠠᠯ ᠤᠨ ᠬᠠᠩᠭᠠᠯᠭ᠎ᠠ᠂ ᠠᠵᠢᠯᠴᠢᠨ ᠬᠡᠷᠡᠭᠯᠡᠬᠦ᠂ ᠪᠡᠯᠡ ᠮᠥᠩᠭᠦ ᠵᠡᠷᠭᠡ ᠲᠠᠯ᠎ᠠ ᠪᠠᠷ ᠲᠤᠯᠭᠠᠷᠠᠭᠰᠠᠨ | ᠬᠦᠴᠢᠷᠳᠡᠯ ᠢ ᠨᠢ ᠴᠠᠭ ᠲᠤᠬᠠᠢ ᠳᠤ ᠨᠢ ᠵᠣᠬᠢᠴᠠᠭᠤᠯᠤᠨ ᠰᠢᠢᠳᠪᠦᠷᠢᠯᠡᠵᠦ᠂ ᠦᠢᠯᠡᠳᠪᠦᠷᠢᠯᠡᠯ ᠪᠠ ᠬᠠᠩᠭᠠᠯᠭ᠎ᠠ ᠶᠢ | ᠲᠠᠰᠤᠯᠳᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠡᠮ ᠤᠨ ᠵᠦᠢᠯ ᠵᠡᠷᠭᠡ ᠡᠮᠴᠢᠯᠡᠭᠡᠨ ᠤ ᠡᠳ᠋ ᠪᠣᠳᠠᠰ ᠤᠨ | ᠲᠣᠬᠢᠷᠠᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠪᠠᠶᠢᠭᠤᠯᠤᠮᠵᠢ᠂ ᠭᠡᠷ ᠲᠤ ᠪᠠᠨ ᠰᠠᠭᠤᠵᠤ ᠪᠠᠶᠢᠭ᠎ᠠ | ᠡᠪᠡᠳᠴᠢᠲᠡᠨ᠂ ᠨᠠᠰᠤᠲᠠᠨ ᠢ ᠠᠰᠠᠷᠠᠬᠤ ᠬᠦᠷᠢᠶᠡᠯᠡᠩ᠂ ᠬᠥᠳᠡᠭᠡ ᠲᠣᠰᠬᠤᠨ ᠤ ᠭᠠᠵᠠᠷ ᠣᠷᠣᠨ ᠵᠡᠷᠭᠡ ᠶᠢᠨ | ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠪᠠᠲᠤᠯᠠᠭ᠎ᠠ ᠬᠠᠩᠭᠠᠬᠤ | ᠬᠡᠷᠡᠭᠲᠡᠢ᠃ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠪᠡᠳᠴᠢᠨ ᠦᠵᠡᠭᠦᠯᠬᠦ ᠪᠠ ᠡᠮ ᠤᠨ | ᠵᠦᠢᠯ ᠤᠨ ᠵᠠᠷᠤᠳᠠᠯ ᠢ ᠪᠦᠬᠦᠨ ᠢ ᠮᠡᠳᠡᠭᠦᠯᠬᠦ ᠬᠡᠷᠡᠭᠲᠡᠢ᠃ ᠭᠤᠷᠪᠠ ᠳᠤ᠂ ᠡᠨᠧᠷᠭᠢ ᠶᠢᠨ ᠰᠤᠷᠪᠤᠯᠵᠢ ᠶᠢᠨ | ᠬᠠᠩᠭᠠᠯᠭ᠎ᠠ ᠶᠢ ᠪᠠᠲᠤᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠠᠳᠬᠤᠬᠤ ᠬᠡᠷᠡᠭᠲᠡᠢ᠃ ᠨᠡᠭᠦᠷᠡᠰᠦᠨ ᠤ | ᠲᠡᠷᠢᠭᠦᠨ ᠤ ᠦᠢᠯᠡᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠪᠠᠳᠠᠷᠠᠭᠤᠯᠵᠤ᠂ ᠨᠡᠭᠦᠷᠡᠰᠦ ᠴᠠᠬᠢᠯᠭᠠᠨ ᠤ ᠠᠵᠤ | ᠠᠬᠤᠶᠢᠯᠠᠯ ᠢ ᠬᠠᠪᠰᠤᠷᠤᠨ ᠲᠡᠳᠬᠦᠵᠦ ᠬᠦᠴᠢᠷᠳᠡᠯ ᠢ ᠨᠢ ᠲᠠᠶᠢᠯᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠡᠨᠧᠷᠭᠢ ᠶᠢᠨ ᠠᠵᠤ ᠠᠬᠤᠶᠢᠯᠠᠯ ᠤᠨ ᠪᠠᠶᠠᠷ ᠤᠨ ᠡᠳᠦᠷ ᠤᠨ ᠠᠮᠤᠷ ᠲᠦᠪᠰᠢᠨ ᠪᠥᠭᠡᠳ | ᠬᠡᠪ ᠤᠨ ᠦᠢᠯᠡᠳᠪᠦᠷᠢᠯᠡᠯ ᠢ ᠳᠡᠮᠵᠢᠵᠦ᠂ ᠡᠨᠧᠷᠭᠢ ᠶᠢᠨ ᠲᠣᠬᠢᠷᠠᠭᠤᠯᠤᠯᠲᠠ ᠶᠢ ᠴᠢᠩᠭᠠᠳᠬᠠᠨ᠂ ᠴᠠᠬᠢᠯᠭᠠᠨ ᠬᠦᠴᠦᠨ᠂ | ᠪᠠᠶᠢᠭᠠᠯᠢ ᠶᠢᠨ ᠰᠢᠲᠠᠮᠠᠬᠠᠢ ᠬᠡᠢ ᠶᠢᠨ ᠣᠷᠭᠢᠯ ᠦᠶ᠎ᠡ ᠤᠨ ᠬᠠᠩᠭᠠᠯᠭ᠎ᠠ ᠶᠢ ᠪᠠᠲᠤᠯᠠᠬᠤ ᠪᠡᠯᠡᠳᠬᠡᠯ ᠲᠥᠰᠥᠯ ᠢ | ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠬᠡᠷᠡᠭᠯᠡᠬᠦ ᠡᠨᠧᠷᠭᠢ ᠶᠢ ᠦᠨᠡᠨ ᠬᠦ ᠪᠠᠲᠤᠯᠠᠵᠤ᠂ ᠭᠤᠣᠯᠳᠠᠯᠭ᠎ᠠ ᠲᠠᠢ | ᠭᠠᠵᠠᠷ ᠣᠷᠣᠨ᠂ ᠠᠵᠢᠯ ᠲᠥᠷᠥᠯ ᠪᠠ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠶᠢ ᠪᠠᠲᠤᠯᠠᠬᠤ ᠬᠡᠷᠡᠭᠲᠡᠢ᠃ | ᠳᠥᠷᠪᠡ ᠳᠤ᠂ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡᠨ ᠤ ᠭᠤᠣᠯ ᠬᠦᠢᠰᠦ᠂ ᠪᠢᠴᠢᠯ ᠡᠷᠭᠢᠯᠲᠡ ᠶᠢᠨ | ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠪᠠᠷᠠᠭᠠᠨ ᠤ | ᠭᠦᠢᠯᠭᠡᠭᠡᠨ ᠤ ᠠᠵᠤ ᠠᠬᠤᠶᠢᠯᠠᠯ ᠤᠨ ᠲᠡᠭᠡᠭᠡᠪᠦᠷᠢ ᠶᠢᠨ ᠬᠦᠴᠦᠨ ᠢᠶᠠᠨ ᠵᠦᠢ ᠵᠣᠬᠢᠰᠲᠠᠢ ᠲᠣᠬᠢᠷᠠᠭᠤᠯᠬᠤ ᠶᠢ | ᠳᠡᠮᠵᠢᠵᠦ᠂ ᠨᠢᠭᠡᠳᠦᠭᠡᠷ ᠹᠷᠣᠨᠲ ᠤᠨ ᠬᠦᠴᠦᠨ ᠢ ᠨᠥᠬᠦᠪᠦᠷᠢᠯᠡᠵᠦ᠂ ᠲᠦᠷᠭᠡᠨ ᠬᠦᠷᠭᠡᠯᠲᠡ᠂ ᠵᠠᠬᠢᠶᠠᠯᠠᠭ᠎ᠠ ᠶᠢᠨ | ᠬᠤᠭᠤᠯᠠ ᠵᠡᠷᠭᠡ ᠶᠢᠨ ᠦᠢᠯᠡᠴᠢᠯᠡᠭᠡ ᠶᠢᠨ ᠬᠥᠮᠥᠰ ᠢ ᠬᠠᠯᠠᠮᠵᠢᠯᠠᠨ ᠬᠠᠶᠢᠷᠠᠯᠠᠵᠤ᠂ ᠡᠴᠦᠰ ᠤᠨ ᠦᠵᠦᠭᠦᠷ ᠤᠨ | ᠦᠢᠯᠡᠴᠢᠯᠡᠭᠡᠨ ᠳᠤ ᠲᠤᠯᠭᠠᠷᠠᠵᠤ ᠮᠡᠳᠡᠬᠦ ᠲᠦᠭᠵᠢᠷᠡᠯ ᠢ ᠴᠠᠭ ᠲᠤᠬᠠᠢ ᠳᠤ ᠨᠢ ᠨᠠᠪᠲᠠᠷᠡᠭᠦᠯᠵᠦ᠂ ᠴᠠᠭᠠᠨ ᠰᠠᠷ᠎ᠠ ᠶᠢᠨ | ᠬᠤᠭᠤᠴᠠᠭᠠᠨ ᠳᠠᠬᠢ ᠰᠢᠤᠳᠠᠨ ᠤ ᠲᠦᠷᠭᠡᠨ ᠬᠦᠷᠭᠡᠯᠲᠡ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃ | ᠲᠠᠪᠤ ᠳᠤ᠂ ᠣᠷᠣᠨ ᠨᠤᠲᠤᠭ ᠢ ᠵᠢᠯᠣᠭᠤᠳᠤᠨ ᠬᠦᠴᠢᠷᠳᠡᠯᠲᠡᠢ ᠣᠯᠠᠨ ᠲᠦᠮᠡᠨ ᠳᠤ ᠲᠣᠭᠲᠠᠭᠠᠯ ᠶᠣᠰᠣᠭᠠᠷ ᠦᠨ᠎ᠡ | ᠬᠠᠩᠰᠢ ᠶᠢᠨ ᠲᠦᠷ ᠴᠠᠭ ᠤᠨ ᠨᠥᠬᠦᠪᠦᠷᠢ ᠶᠢ ᠴᠠᠭ ᠲᠤᠬᠠᠢ ᠳᠤ ᠨᠢ ᠣᠯᠭᠤᠬᠤ ᠬᠡᠷᠡᠭᠲᠡᠢ᠃ ᠵᠢᠷᠭᠤᠭ᠎ᠠ ᠳᠤ᠂ ᠵᠠᠬ᠎ᠠ | ᠳᠡᠯᠭᠡᠭᠦᠷ ᠪᠠ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠷᠠᠮᠳᠤᠭᠤᠯᠤᠨ ᠳᠠᠷᠤᠵᠤ | ᠬᠤᠨᠵᠢᠨ ᠵᠠᠪᠰᠢᠬᠤ᠂ ᠦᠨ᠎ᠡ ᠬᠠᠩᠰᠢ ᠶᠢ ᠳᠦᠷᠭᠢᠯᠳᠦᠨ ᠥᠰᠬᠡᠬᠦ ᠵᠡᠷᠭᠡ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠴᠠᠭᠠᠨ ᠰᠠᠷ᠎ᠠ ᠣᠶᠢᠷᠠᠳᠴᠤ ᠪᠠᠶᠢᠭ᠎ᠠ ᠦᠶ᠎ᠡ ᠳᠤ᠂ ᠠᠷᠠᠳ ᠤᠨ | ᠠᠮᠢᠳᠤᠷᠠᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠪᠥᠭᠡᠳ ᠨᠠᠷᠢᠨ ᠨᠢᠮᠪᠠᠢ ᠰᠠᠶᠢᠲᠤᠷ ᠬᠢᠬᠦ ᠬᠡᠷᠡᠭᠲᠡᠢ᠃ | ᠨᠢᠭᠡ ᠳᠤ᠂ ᠬᠥᠯᠥᠰᠦᠨ ᠠᠵᠢᠯᠴᠢᠨ ᠤ ᠴᠠᠯᠢᠩ ᠢ ᠥᠭᠬᠦ ᠶᠠᠪᠤᠳᠠᠯ ᠢ ᠪᠣᠳᠠᠲᠠᠢ ᠪᠥᠭᠡᠳ ᠨᠠᠷᠢᠯᠢᠭ ᠠᠳᠬᠤᠵᠤ | ᠪᠠᠲᠤᠯᠠᠬᠤ ᠬᠡᠷᠡᠭᠲᠡᠢ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠪᠠᠷ ᠭᠤᠣᠯᠳᠠᠯᠭ᠎ᠠ | ᠪᠣᠯᠭᠠᠵᠤ᠂ ᠵᠠᠰᠠᠭ ᠤᠨ ᠣᠷᠳᠣᠨ ᠤ ᠪᠠᠷᠢᠯᠭ᠎ᠠ ᠪᠣᠯᠣᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠥᠷᠥᠯ | ᠵᠦᠢᠯ ᠤᠨ ᠴᠠᠯᠢᠩ ᠥᠷᠢᠲᠦᠵᠦ ᠪᠠᠶᠢᠭ᠎ᠠ ᠪᠠᠶᠢᠳᠠᠯ ᠢ ᠳᠠᠷᠦ᠋ᠢᠬᠠᠨ ᠴᠡᠭᠴᠡᠯᠡᠨ ᠥᠭᠡᠷᠡᠴᠢᠯᠡᠵᠦ᠂ ᠴᠠᠭᠠᠨ ᠰᠠᠷ᠎ᠠ ᠠᠴᠠ | ᠡᠮᠦᠨ᠎ᠡ ᠪᠦᠬᠦᠨ ᠢ ᠲᠥᠯᠥᠵᠦ ᠳᠠᠭᠤᠰᠬᠠᠬᠤ ᠪᠠᠷ ᠴᠢᠷᠮᠠᠶᠢᠬᠤ ᠬᠡᠷᠡᠭᠲᠡᠢ᠃ ᠥᠷᠢ ᠰᠢᠷᠢ ᠪᠠᠨ ᠢᠯᠭᠠᠷᠠᠭᠤᠯᠤᠨ | ᠬᠤᠷᠢᠶᠠᠵᠤ ᠠᠪᠤᠭᠰᠠᠨ ᠠᠵᠤ ᠠᠬᠤᠶᠢᠯᠠᠯ ᠤᠨ ᠳᠠᠩᠰᠠᠨ ᠵᠣᠭᠤᠰ ᠢ ᠤᠷᠢᠳ ᠢᠶᠠᠷ ᠬᠥᠯᠥᠰᠦᠨ ᠠᠵᠢᠯᠴᠢᠨ ᠤ | ᠴᠠᠯᠢᠩ ᠢ ᠥᠭᠬᠦ ᠳᠤ ᠬᠡᠷᠡᠭᠯᠡᠬᠦ ᠬᠡᠷᠡᠭᠲᠡᠢ᠃ ᠲᠦᠷ ᠴᠠᠭ ᠰᠢᠢᠳᠪᠦᠷᠢᠯᠡᠬᠦ ᠳᠤ ᠪᠡᠷᠬᠡᠲᠡᠢ ᠴᠠᠯᠢᠩ ᠥᠷᠢᠲᠦᠵᠦ ᠪᠠᠶᠢᠭ᠎ᠠ | ᠠᠰᠠᠭᠤᠳᠠᠯ ᠢ ᠣᠷᠣᠨ ᠨᠤᠲᠤᠭ ᠤᠨ ᠵᠠᠰᠠᠭ ᠤᠨ ᠣᠷᠳᠣᠨ ᠴᠠᠯᠢᠩ ᠤᠨ ᠪᠠᠲᠤᠯᠠᠭ᠎ᠠ ᠶᠢᠨ ᠮᠥᠩᠭᠦ᠂ ᠪᠠᠴᠢᠮ | ᠪᠠᠶᠢᠳᠠᠯ ᠢ ᠠᠷᠭᠠᠴᠠᠭᠠᠬᠤ ᠡᠷᠭᠢᠯᠲᠡ ᠶᠢᠨ ᠮᠥᠩᠭᠦ ᠵᠡᠷᠭᠡ ᠨᠥᠭᠡᠴᠡ ᠪᠡᠯᠡ ᠮᠥᠩᠭᠦ ᠪᠠᠷ ᠪᠠᠴᠢᠮ ᠪᠠᠶᠢᠳᠠᠯ ᠢ | ᠠᠷᠭᠠᠴᠠᠭᠠᠬᠤ ᠳᠡᠮᠵᠢᠯᠭᠡ ᠬᠠᠩᠭᠠᠬᠤ ᠬᠡᠷᠡᠭᠲᠡᠢ᠃ ᠠᠷᠠᠯᠵᠢᠶ᠎ᠠ ᠬᠤᠳᠠᠯᠳᠤᠭ᠎ᠠ᠂ ᠡᠳ᠋ᠰᠢᠭᠦᠯᠦᠨ ᠦᠢᠯᠡᠳᠬᠦ ᠵᠡᠷᠭᠡ | ᠠᠵᠢᠯ ᠲᠥᠷᠥᠯ ᠤᠨ ᠬᠦᠴᠢᠷᠳᠡᠯᠲᠡᠢ ᠠᠵᠤ ᠠᠬᠤᠶᠢᠯᠠᠯ ᠤᠨ ᠴᠠᠯᠢᠩ ᠥᠷᠢᠲᠦᠬᠦ ᠠᠰᠠᠭᠤᠳᠠᠯ ᠢ ᠨᠢᠭᠡᠳᠦᠯᠲᠡᠢ | ᠲᠥᠯᠥᠪᠯᠡᠨ ᠵᠣᠬᠢᠴᠠᠭᠤᠯᠵᠤ ᠰᠠᠶᠢᠲᠤᠷ ᠰᠢᠢᠳᠪᠦᠷᠢᠯᠡᠬᠦ ᠬᠡᠷᠡᠭᠲᠡᠢ᠃ ᠡᠷᠬᠡ ᠠᠰᠢᠭ ᠢᠶᠠᠨ ᠬᠠᠮᠠᠭᠠᠯᠠᠬᠤ ᠠᠷᠭ᠎ᠠ ᠵᠠᠮ ᠢ | ᠰᠠᠭᠠᠳ ᠦᠭᠡᠢ ᠨᠠᠪᠲᠠᠷᠡᠭᠦᠯᠵᠦ᠂ ᠵᠣᠷᠢᠭᠤᠳᠠ ᠴᠠᠯᠢᠩ ᠥᠷᠢᠲᠦᠬᠦ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ | ᠥᠭᠬᠦ ᠬᠡᠷᠡᠭᠲᠡᠢ᠃ ᠬᠥᠯᠥᠰᠦᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠪᠠᠷ ᠳᠠᠮᠵᠢᠭᠤᠯᠤᠨ | ᠲᠡᠳᠡᠨ ᠤ ᠢᠲᠡᠭᠡᠯ ᠵᠣᠷᠢᠭ ᠢ ᠨᠡᠮᠡᠭᠳᠡᠭᠦᠯᠵᠦ᠂ ᠴᠠᠭᠠᠨ ᠰᠠᠷ᠎ᠠ ᠶᠢᠨ ᠲᠠᠷᠠᠭ᠎ᠠ ᠬᠥᠯᠥᠰᠦᠨ ᠠᠵᠢᠯᠴᠢᠨ ᠤ ᠠᠵᠢᠯ | ᠣᠯᠬᠤ᠂ ᠠᠵᠢᠯ ᠤᠨ ᠪᠠᠶᠢᠷᠢ ᠳᠤ ᠪᠠᠨ ᠪᠤᠴᠠᠬᠤ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠳᠡᠭᠡᠭᠰᠢᠯᠡᠭᠦᠯᠬᠦ ᠪᠠᠷ | ᠴᠢᠷᠮᠠᠶᠢᠬᠤ ᠬᠡᠷᠡᠭᠲᠡᠢ᠃ ᠬᠤᠶᠠᠷ ᠲᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ | ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠦᠴᠢᠷᠳᠡᠯᠲᠡᠢ | ᠬᠦᠮᠦᠰ ᠢ ᠠᠪᠤᠷᠠᠨ ᠲᠤᠰᠠᠯᠠᠬᠤ᠂ ᠠᠵᠢᠯ ᠠᠯᠳᠠᠯᠲᠠ ᠶᠢᠨ ᠨᠥᠬᠦᠪᠦᠷᠢ ᠪᠠ ᠠᠪᠤᠷᠠᠨ ᠲᠤᠰᠠᠯᠠᠬᠤ ᠵᠡᠷᠭᠡ ᠪᠡᠯᠡ | ᠮᠥᠩᠭᠦ ᠶᠢ ᠴᠠᠭ ᠲᠤᠬᠠᠢ ᠳᠤ ᠨᠢ ᠭᠦᠢᠴᠡᠳ ᠲᠤᠭ᠎ᠠ ᠪᠠᠷ ᠲᠠᠷᠬᠠᠭᠠᠵᠤ᠂ ᠬᠢᠵᠢᠭ ᠪᠤᠶᠤ ᠭᠠᠮᠰᠢᠭ ᠠᠴᠠ ᠪᠣᠯᠣᠭᠰᠠᠨ | ᠬᠦᠴᠢᠷᠳᠡᠯ ᠲᠠᠢ ᠤᠯᠠᠨ ᠲᠦᠮᠡᠨ ᠢ ᠲᠦᠷ ᠴᠠᠭ ᠠᠪᠤᠷᠠᠨ ᠲᠤᠰᠠᠯᠠᠵᠤ᠂ ᠦᠨᠳᠦᠰᠦᠨ ᠠᠷᠠᠳ ᠤᠨ ᠠᠮᠢᠳᠤᠷᠠᠯ ᠤᠨ | ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠭᠤᠷᠪᠠ ᠳᠤ᠂ ᠠᠶᠤᠯᠭᠦᠢ ᠦᠢᠯᠡᠳᠪᠦᠷᠢᠯᠡᠯ ᠢ | ᠥᠴᠥᠬᠡᠨ ᠴᠦ ᠣᠰᠣᠯᠳᠠᠬᠤ ᠦᠭᠡᠢ ᠪᠠᠷ ᠰᠠᠶᠢᠲᠤᠷ ᠠᠳᠬᠤᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ | ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠂ ᠣᠯᠠᠨ ᠬᠥᠮᠥᠨ | ᠴᠤᠭᠯᠠᠷᠠᠬᠤ ᠲᠠᠯᠠᠪᠤᠷ ᠭᠠᠵᠠᠷ ᠤᠨ ᠠᠮᠤᠷ ᠲᠦᠪᠰᠢᠨ ᠤ ᠵᠢᠵᠢᠭᠦᠷᠯᠡᠯ ᠢ ᠴᠢᠩᠭᠠᠳᠬᠠᠵᠤ᠂ ᠬᠦᠨᠳᠦ ᠶᠡᠭᠡ ᠣᠨᠴᠠ | ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠣᠨᠴᠠᠭᠠᠶ ᠴᠠᠭ ᠠᠭᠤᠷ ᠵᠡᠷᠭᠡ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠪᠦᠷᠢᠨᠰᠢᠭᠦᠯᠵᠦ᠂ ᠵᠠᠮ ᠬᠠᠷᠢᠯᠴᠠᠭ᠎ᠠ᠂ ᠡᠨᠧᠷᠭᠢ ᠶᠢᠨ ᠰᠤᠷᠪᠤᠯᠵᠢ᠂ | ᠮᠡᠳᠡᠭᠡ ᠬᠤᠯᠪᠣᠭ᠎ᠠ ᠵᠡᠷᠭᠡ ᠰᠠᠭᠤᠷᠢ ᠪᠡᠯᠡᠳᠬᠡᠮᠵᠢ ᠶᠢᠨ ᠠᠶᠤᠯ ᠦᠭᠡᠢ ᠪᠥᠭᠡᠳ ᠲᠣᠭᠲᠠᠭᠤᠨ ᠢᠶᠠᠷ ᠠᠵᠢᠯᠯᠠᠬᠤ ᠶᠢ | ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | |