ᠲᠣᠣᠷᠠᠶᠢᠲᠤ ᠨᠤᠲᠤᠭ ᠤᠨ ᠵᠠᠯᠠᠭᠤ ᠳᠡᠮᠡᠭᠡᠴᠢᠨ ᠳᠣᠯᠬᠢᠶᠠᠨ ᠤᠯᠠᠮᠵᠢᠯᠠᠯᠳᠤ ᠮᠠᠯ ᠠᠵᠤ ᠠᠬᠤᠢ ᠪᠠᠨ | ᠤᠯᠠᠮᠵᠢᠯᠠᠨ ᠬᠥᠭᠵᠢᠭᠦᠯᠬᠦ ᠶᠢᠨ ᠬᠠᠮᠲᠤ ᠰᠢᠨ᠎ᠡ ᠴᠠᠭ ᠥᠶ᠎ᠡ ᠶᠢᠨ ᠮᠠᠯᠵᠢᠯ ᠤᠨ ᠠᠷᠭ᠎ᠠ ᠵᠠᠮ ᠢ ᠵᠤᠷᠢᠭᠲᠠᠢ ᠡᠷᠢᠯᠬᠢᠯᠡᠨ᠂ | ᠳᠡᠮᠡᠭᠡᠨ ᠤ ᠠᠵᠤ ᠤᠶᠢᠯᠠᠰ ᠢᠶᠠᠨ ᠬᠦᠭᠵᠢᠬᠦᠯᠵᠦ᠂ ᠬᠥᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ᠳᠤ | ᠬᠦᠴᠦᠨ ᠨᠠᠮᠡᠷᠢᠯᠡᠨ᠎ᠡ᠃ | ᠵᠠᠯᠠᠭᠤ ᠳᠡᠮᠡᠭᠡᠴᠢᠨ ᠲᠤᠯᠬᠢᠶᠠᠨ ᠡᠮᠨᠡᠯᠭᠡ ᠶᠢᠨ ᠮᠡᠷᠭᠡᠵᠢᠯ ᠤᠨ ᠰᠤᠷᠭᠠᠭᠤᠯᠢ ᠳᠤ ᠰᠤᠷᠤᠯᠴᠠᠵᠤ᠂ ᠴᠡᠷᠢᠭ ᠤᠨ | ᠠᠯᠪᠠ ᠬᠠᠭᠠᠵᠤ ᠭᠠᠳᠠᠷ ᠣᠷᠣᠨ ᠳᠤ ᠨᠡᠯᠢᠶᠡᠳ ᠬᠡᠲᠦᠨ ᠵᠢᠯ ᠶᠠᠪᠤᠵᠤ᠂ 2012 ᠤᠨ ᠳᠤ ᠨᠤᠳᠤᠭ ᠲᠠᠭᠠᠨ | ᠬᠠᠷᠢᠵᠤ ᠢᠷᠡᠭᠡᠳ ᠲᠡᠮᠡᠬᠡᠴᠢᠨ ᠤ ᠠᠮᠢᠳᠤᠷᠠᠯ ᠢᠶᠠᠨ ᠡᠬᠢᠯᠡᠬᠦᠯᠵᠡᠢ᠃ ᠡᠳᠡᠨ ᠤ ᠬᠢᠨ ᠥᠵᠡᠰᠭᠦᠯᠡᠩᠲᠤ ᠰᠠᠶᠢᠬᠠᠨ | ᠲᠤᠤᠷᠠᠢ ᠶᠢᠨ ᠤᠢ ᠳᠠᠬᠢ ᠲᠦᠮᠡ ᠭᠠᠷᠤᠢ ᠮᠤ᠋ ᠪᠡᠯᠴᠢᠬᠡᠷ ᠲᠤ ᠪᠠᠨ ᠲᠡᠮᠡᠭᠡ ᠮᠠᠯ ᠮᠠᠯᠵᠢᠨ ᠰᠠᠭᠤᠷᠢᠰᠢᠵᠤ ᠪᠠᠶᠢᠵᠠᠢ᠃ | ᠳᠤᠯᠭᠢᠶᠠᠨ ᠬᠠᠷᠢᠵᠤ ᠢᠷᠡᠭᠡᠳ ᠲᠡᠮᠡᠭᠡ ᠪᠠᠨ ᠭᠤᠣᠯ ᠬᠥᠭᠵᠢᠭᠦᠯᠥᠭᠰᠡᠨ ᠠᠴᠠ ᠣᠳᠣ ᠲᠡᠳᠡᠨ ᠤ ᠬᠢᠨ ᠵᠠᠭᠤᠭᠠᠳ | ᠲᠡᠮᠡᠭᠡ ᠲᠠᠢ ᠪᠤᠯᠵᠠᠢ᠃ ᠠᠩᠬ᠎ᠠ ᠡᠬᠢᠨ ᠳᠡᠭᠡᠨ ᠲᠡᠷᠡ ᠪᠠᠷ ᠡᠮᠨᠡᠭ ᠲᠡᠮᠡᠭᠡ ᠰᠤᠷᠭᠠᠬᠤ᠂ ᠪᠦᠢᠯᠡ ᠬᠢᠬᠦ᠂ ᠪᠤᠷᠠᠨᠳᠠᠭ | ᠲᠠᠮᠤᠬᠤ ᠵᠡᠷᠭᠡ ᠠᠵᠢᠯ ᠢ ᠬᠢᠵᠤ ᠴᠢᠳᠠᠬᠤ ᠦᠭᠡᠢ ᠪᠠᠶᠢᠭᠰᠠᠨ ᠪᠦᠭᠡᠳ ᠤᠷᠤᠯᠳᠤᠭᠠᠨ ᠤ ᠲᠡᠮᠡᠭᠡ ᠰᠦᠢᠬᠤ᠂ | ᠤᠷᠤᠯᠳᠤᠭᠤᠯᠬᠤ ᠲᠠᠯ᠎ᠠ ᠪᠠᠷ ᠤᠯᠠᠨ ᠬᠥᠴᠢᠷ ᠪᠡᠷᠭᠡᠰᠢᠶᠡᠯ ᠢ ᠥᠩᠭᠡᠷᠡᠭᠦᠯᠵᠠᠢ᠃ ᠣᠳᠣ ᠪᠣᠯᠬᠤ ᠳᠤ ᠳᠤᠯᠬᠢᠶᠠᠨ | ᠨᠣᠳᠤᠭ ᠣᠷᠣᠨ ᠳᠠᠭᠠᠨ ᠨᠠᠶᠢᠷ ᠨᠠᠭᠠᠳᠣᠮ ᠡᠭᠦᠰᠬᠡᠨ ᠪᠠᠶᠢᠭᠤᠯᠵᠤ᠂ ᠵᠠᠯᠠᠭᠤ ᠨᠢᠭᠡ ᠥᠶ᠎ᠠ ᠶᠢᠨ ᠬᠢᠨ ᠳᠤ ᠪᠠᠨ | ᠥᠯᠢᠭᠡᠷ ᠳᠠᠭᠤᠷᠢᠶᠠᠯ ᠪᠣᠯᠵᠤ ᠶᠠᠪᠣᠨ᠎ᠠ᠃ | ᠰᠢᠨ᠎ᠡ ᠥᠶ᠎ᠠ ᠶᠢᠨ ᠵᠠᠯᠠᠭᠤ ᠳᠡᠮᠡᠭᠡᠴᠢᠨ ᠳᠣᠯᠬᠢᠶᠠᠨ᠂ ᠥᠪᠡᠷ ᠤᠨ ᠠᠵᠢᠯ ᠬᠥᠳᠡᠯᠮᠤᠷᠢ ᠪᠠᠷ ᠢᠶᠠᠨ ᠤᠯᠠᠨ ᠳᠤ | ᠮᠡᠳᠡᠷᠡᠭᠳᠡᠨ᠂ ᠵᠢᠯ ᠠᠴᠠ ᠵᠢᠯ ᠳᠤᠭ᠎ᠠ ᠳᠤᠯᠤᠭᠠᠢ ᠴᠥᠭᠡᠷᠡᠵᠦ ᠪᠠᠶᠢᠭ᠎ᠠ ᠲᠡᠮᠡᠭᠡ ᠪᠠᠨ ᠬᠥᠭᠵᠢᠭᠦᠯᠥᠨ᠂ ᠲᠡᠮᠡᠭᠡᠨ ᠤ | ᠴᠠᠭᠠᠨ ᠢᠳᠡᠭᠡᠨ ᠤ ᠥᠢᠯᠡᠰ ᠢ ᠵᠣᠭᠠᠴᠠᠯ ᠲᠠᠢ ᠤᠶᠠᠯᠳᠤᠭᠤᠯᠤᠨ ᠡᠵᠡᠩᠨᠡᠵᠦ ᠥᠷ᠎ᠠ ᠠᠰᠢᠭ ᠢᠶᠠᠨ ᠨᠡᠮᠡᠭᠳᠡᠬᠦᠯᠦᠨ᠂ | ᠰᠡᠳᠬᠢᠯ ᠳᠡᠨᠢᠬᠦᠨ ᠳᠡᠮᠡᠭᠡ ᠪᠠᠨ ᠥᠷᠡᠵᠢᠭᠦᠯᠵᠤ ᠲᠡᠮᠡᠭᠡᠨ ᠤ ᠥᠢᠯᠡᠰ ᠢᠶᠠᠨ ᠬᠥᠭᠵᠢᠭᠦᠯᠵᠤ ᠶᠠᠪᠣᠨ᠎ᠠ᠃ ᠲᠤᠯᠬᠢᠶᠠᠨ᠄ | ︽ᠣᠯᠣᠰ ᠠᠴᠠ ᠬᠥᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠣᠭᠰᠠᠨ ᠠᠴᠠ ᠮᠠᠯᠴᠢᠨ ᠪᠢᠳᠠᠨ ᠤ ᠠᠮᠢᠳᠤᠷᠠᠯ | ᠶᠡᠭᠡ ᠰᠠᠶᠢᠬᠠᠨ ᠪᠣᠯᠣᠭᠰᠠᠨ ᠪᠠᠶᠢᠨ᠎ᠠ᠃ ᠨᠢᠭᠡ ᠵᠠᠯᠠᠭᠤ ᠳᠡᠮᠡᠭᠡᠴᠢᠨ ᠪᠣᠯᠣᠭᠰᠠᠨ ᠤ ᠬᠤᠪᠢ ᠳᠤ ᠳᠡᠮᠡᠭᠡᠨ ᠤ | ᠤᠶᠢᠡᠯᠰ ᠢᠶᠠᠨ ᠨᠡᠩ ᠰᠠᠶᠢᠨ ᠬᠠᠮᠠᠭᠠᠯᠠᠵᠤ᠂ ᠤᠯᠠᠮᠵᠢᠯᠠᠵᠦ ᠬᠦᠭᠵᠢᠬᠦᠯᠵᠦ ᠶᠠᠪᠣᠨ᠎ᠠ ᠭᠡᠵᠦ ᠪᠤᠳᠤᠵᠤ ᠪᠠᠶᠢᠨ᠎ᠠ︾ | ᠭᠡᠪᠡ᠃ | |