ᠲᠦᠷ ᠴᠠᠭ ᠣᠶᠢᠲᠤ ᠭᠠᠵᠠᠷ ᠢ ᠡᠵᠡᠯᠡᠨ ᠬᠡᠷᠡᠭᠯᠡᠬᠦ ᠳᠤ ᠬᠡᠳᠦ ᠤᠳᠠᠭ᠎ᠠ ᠦᠷᠬᠦᠯᠵᠢᠯᠡᠨ ᠬᠡᠷᠡᠭᠯᠡᠵᠦ ᠪᠣᠯᠬᠤ ᠪᠤᠢ
ᠨᠡᠶᠢᠲᠡᠯᠡᠭᠰᠡᠨ ᠴᠠᠭ᠄
2023/1/28
     ︽ᠪᠥᠲᠥᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠬᠡᠷᠡᠭᠯᠡᠬᠦ ᠣᠶᠢᠲᠤ ᠭᠠᠵᠠᠷ ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠵᠢᠷᠤᠮᠵᠢᠯ︾᠎ ᠳᠤ:      ᠳᠥᠷᠪᠡ᠂ ᠪᠥᠲᠥᠭᠡᠨ ᠪᠠᠶᠢᠭᠤᠯᠤᠯᠲᠠ ᠎ ᠶᠢᠨ ᠲᠦᠷᠦᠯ ᠵᠦᠢᠯ ᠳᠤ ᠬᠡᠷᠡᠭᠯᠡᠬᠦ ᠣᠶᠢᠲᠤ ᠭᠠᠵᠠᠷ ᠎ ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠣᠨᠴᠠᠭᠠᠶ ᠲᠣᠭᠲᠠᠭᠠᠯ      ︵ᠭᠤᠷᠪᠠ︶ ᠵᠠᠰᠠᠮᠠᠯ ᠵᠠᠮ᠂ ᠲᠡᠮᠦᠷ ᠵᠠᠮ᠂ ᠤᠰᠤᠨ ᠠᠰᠢᠭᠯᠠᠯᠲᠠ᠂  ᠤᠰᠤᠨ ᠴᠠᠬᠢᠯᠭᠠᠨ  ᠂ ᠠᠭᠠᠷ ᠤᠨ ᠱᠤᠭᠤᠮ ᠵᠡᠷᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠦᠷ ᠴᠠᠭ ᠬᠡᠷᠡᠭᠯᠡᠬᠦ ᠣᠶᠢᠲᠤ ᠭᠠᠵᠠᠷ ᠤᠨ ᠵᠦᠪᠰᠢᠶᠡᠷᠡᠯ ᠤᠨ ᠬᠤᠭᠤᠴᠠᠭ᠎ᠠ ᠨᠢ ᠳᠠᠭᠤᠰᠤᠭᠰᠠᠨ ᠤ ᠳᠠᠷᠠᠭ᠎ᠠ ᠦᠷᠭᠦᠯᠵᠢᠯᠡᠨ ᠬᠡᠷᠡᠭᠯᠡᠬᠦ ᠴᠢᠬᠤᠯᠠᠲᠠᠶ ᠪᠠᠶᠢᠪᠠᠯ᠂ ᠭᠠᠵᠠᠷ ᠬᠡᠷᠡᠭᠯᠡᠬᠦ ᠨᠢᠭᠡᠴᠡ ᠪᠤᠶᠤ ᠬᠤᠪᠢ ᠬᠥᠮᠦᠨ ᠨᠢ ᠵᠦᠪᠰᠢᠶᠡᠷᠡᠯ ᠤᠨ ᠬᠤᠭᠤᠴᠠᠭ᠎ᠠ ᠨᠢ ᠳᠦᠭᠦᠷᠬᠦ ᠠᠴᠠ ᠡᠮᠦᠨ᠎ᠡ 3 ᠰᠠᠷ᠎ᠠ ᠶᠢᠨ ᠳᠣᠲᠣᠷ᠎ᠠ᠂ ᠣᠶᠢᠲᠤ ᠭᠠᠵᠠᠷ ᠢ ᠲᠦᠷ ᠴᠠᠭ ᠬᠡᠷᠡᠭᠯᠡᠬᠦ ᠭᠤᠶᠤᠴᠢᠯᠠᠯ ᠢᠶᠠᠨ ᠳᠤᠷᠠᠳᠴᠤ᠂ ᠦᠷᠬᠦᠯᠵᠢᠯᠡᠨ ᠬᠡᠷᠡᠭᠯᠡᠬᠦ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ ︽ᠠᠷᠭ᠎ᠠ︾᠎ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠪᠡᠯ᠂ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠪᠠᠷ ᠵᠥᠪᠰᠢᠶᠡᠷᠡᠭᠦᠯᠦᠭᠡᠳ ᠦᠷᠭᠦᠯᠵᠢᠯᠡᠨ ᠬᠡᠷᠡᠭᠯᠡᠵᠦ ᠪᠣᠯᠤᠨ᠎ᠠ᠂ ᠤᠳᠠᠭ᠎ᠠ ᠪᠦᠷᠢ ᠶᠢᠨ ᠦᠷᠭᠦᠯᠵᠢᠯᠡᠨ ᠬᠡᠷᠡᠭᠯᠡᠬᠦ ᠴᠠᠭ ᠬᠤᠭᠤᠴᠠᠭ᠎ᠠ ᠶᠢ 2 ᠵᠢᠯ ᠠᠴᠠ ᠬᠡᠲᠦᠷᠡᠭᠦᠯᠵᠦ ᠪᠣᠯᠬᠤ ᠥᠬᠡᠶ᠂ ᠦᠷᠭᠦᠯᠵᠢᠯᠡᠨ ᠬᠡᠷᠡᠭᠯᠡᠬᠦ ᠴᠠᠭ ᠬᠤᠭᠤᠴᠠᠭ᠎ᠠ ᠶᠢ ᠲᠦᠷᠦᠯ ᠵᠦᠢᠯ ᠤᠨ ᠪᠥᠲᠥᠭᠡᠨ ᠪᠠᠶᠢᠭᠤᠯᠬᠤ ᠠᠵᠢᠯ ᠤᠨ ᠬᠤᠭᠤᠴᠠᠭ᠎ᠠ ᠠᠴᠠ ᠬᠡᠲᠦᠷᠡᠭᠦᠯᠵᠦ ᠪᠣᠯᠬᠤ ᠥᠬᠡᠶ᠃  
 
ᠢᠷᠡᠯᠲᠡ᠄ ᠲᠤᠮᠳᠠᠳᠤ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号