ᠬᠠᠷ᠎ᠠ ᠦᠮᠡᠬᠡᠢ ᠡᠪᠡᠰᠦ (ᠮᠦᠯᠬᠦᠭᠡ ᠦᠮᠡᠬᠡᠢ ᠡᠪᠡᠰᠦ)
ᠨᠡᠶᠢᠲᠡᠯᠡᠭᠰᠡᠨ ᠴᠠᠭ᠄
2023/1/28
     ᠤᠯᠠᠨ ᠨᠠᠰᠤᠲᠤ ᠡᠪᠡᠰᠦᠯᠢᠭ ᠤᠷᠭᠤᠮᠠᠯ ᠪᠤᠶᠤ ᠦᠨᠳᠦᠰᠦ ᠨᠢ ᠪᠤᠲᠠᠯᠠᠨ ᠤᠷᠭᠤᠬᠤ ᠬᠤᠵᠢᠷ ᠲᠤ ᠲᠡᠰᠪᠦᠷᠢᠳᠡᠢ ᠭᠠᠩᠰᠠᠭ ᠤᠷᠭᠤᠮᠠᠯ᠃ ᠴᠦᠯᠡᠷᠬᠡᠭ ᠪᠡᠯᠴᠢᠭᠡᠷ ᠠᠴᠠ ᠴᠦᠯ ᠬᠦᠷᠲᠡᠯ᠎ᠡ ᠲᠠᠷᠬᠠᠳᠠᠭ᠃ ᠤᠯᠠᠩᠬᠢ ᠨᠢ ᠰᠠᠭᠤᠷᠢᠰᠢᠯ ᠤᠨ ᠤᠶᠢᠷ᠎ᠠ ᠬᠠᠪᠢ᠂ ᠬᠠᠭᠤᠴᠢᠨ ᠪᠠᠭᠤᠴᠠ᠂ ᠬᠤᠳᠳᠤᠭ ᠤᠰᠤᠨ ᠤ ᠡᠷᠬᠢᠨ ᠲᠤᠭᠤᠷᠢᠨ᠂ ᠵᠠᠮ ᠤᠨ ᠬᠠᠵᠠᠭᠤ᠂ ᠬᠠᠷᠮᠠᠭ ᠤᠨ ᠪᠤᠲᠠ ᠶᠢᠨ ᠬᠤᠭᠤᠷᠤᠨᠳᠦ᠂ ᠲᠡᠷᠡᠰᠦᠨ ᠤ ᠪᠤᠲᠠ ᠶᠢᠨ ᠬᠤᠭᠤᠷᠤᠨᠲᠦ ᠤᠷᠭᠤᠳᠠᠭ᠃ ᠮᠠᠨ ᠤ ᠤᠷᠤᠨ ᠤ ᠳᠤᠮᠳᠠ ᠬᠡᠰᠡᠭ ᠪᠤᠯᠤᠨ ᠪᠠᠷᠠᠭᠤᠨ ᠬᠡᠰᠡᠭ ᠢᠶᠠᠷ ᠤᠷᠭᠤᠯᠲᠠ ᠲᠠᠢ᠃ ᠮᠠᠨ ᠤ ᠤᠯᠤᠰ ᠤᠨ ᠪᠠᠷᠠᠭᠤᠨ ᠬᠤᠶᠢᠲᠦ ᠤᠷᠤᠨ ᠢᠶᠠᠷ ᠲᠠᠷᠬᠠᠨ᠂ ᠤᠷᠤᠰ ᠮᠤᠩᠭᠤᠯ ᠤᠯᠤᠰ ᠢᠶᠠᠷ ᠪᠠᠰᠠ ᠲᠠᠷᠬᠠᠵᠤ ᠪᠠᠶᠢᠳᠠᠭ᠃ ᠳᠤᠤᠷ᠎ᠠ ᠵᠡᠷᠭᠡ ᠶᠢᠨ ᠲᠡᠵᠢᠭᠡᠯᠲᠦ ᠤᠷᠭᠤᠮᠠᠯ᠃ ᠦᠬᠡᠷ ᠪᠤᠯᠤᠨ ᠠᠳᠤᠭᠤ ᠢᠳᠡᠬᠦ ᠦᠭᠡᠢ᠂ ᠢᠮᠠᠭ᠎ᠠ ᠵᠦᠪᠬᠡᠨ ᠰᠤᠷᠭᠤᠭ ᠨᠤᠭᠤᠭᠠᠨ ᠦᠶ᠎ᠡ ᠳᠤ ᠨᠢ ᠪᠠᠭ᠎ᠠ ᠰᠠᠭ᠎ᠠ ᠢᠳᠡᠳᠡᠭ᠃ ᠪᠦᠬᠦᠯᠢ ᠡᠪᠡᠰᠦ ᠨᠢ ᠬᠤᠤᠷᠳᠠᠢ᠃ ᠪᠦᠬᠦᠯᠢ ᠡᠪᠡᠰᠦ ᠪᠤᠯᠤᠨ ᠦᠷ᠎ᠡ ᠨᠢ ᠡᠮ ᠳᠤ ᠤᠷᠤᠵᠤ᠂ ᠭᠤᠤᠯᠳᠠᠭᠤ ᠦᠶ᠎ᠡ ᠬᠡᠰᠢᠬᠦᠨ ᠤ ᠦᠷᠪᠢᠰᠦᠯ᠂ ᠰᠠᠯᠪᠤᠷᠢ ᠮᠦᠬᠡᠷᠡᠰᠦᠨ ᠬᠤᠭᠤᠯᠠᠢ ᠶᠢᠨ ᠦᠷᠪᠢᠰᠦᠯ᠂ ᠲᠤᠯᠤᠭᠠᠢ ᠡᠪᠡᠳᠬᠦ ᠵᠡᠷᠭᠡ ᠶᠢ ᠵᠠᠰᠠᠳᠠᠭ᠃ ᠦᠷ᠎ᠡ ᠨᠢ ᠭᠤᠤᠯᠳᠠᠭᠤ ᠬᠠᠨᠢᠶᠠᠳᠤ᠂ ᠠᠮᠢᠰᠬᠤᠭᠠᠳᠠᠬᠤ᠂ ᠰᠢᠭᠡᠭᠡᠬᠦ ᠳᠤ ᠬᠦᠴᠢᠷᠳᠡᠬᠦ᠂ ᠲᠡᠮᠪᠠ ᠡᠪᠡᠳᠴᠢᠨ ᠵᠢᠴᠢ ᠶᠠᠰᠤ ᠰᠢᠷᠪᠦᠰᠦ ᠰᠢᠮᠰᠢᠷᠠᠨ ᠡᠪᠡᠳᠬᠦ ᠶᠢ ᠵᠠᠰᠠᠳᠠᠭ᠃      ︽ᠦᠪᠦᠷ ᠮᠤᠩᠭᠤᠯ ᠤᠨ ᠬᠡᠭᠡᠷ᠎ᠡ ᠶᠢᠨ ᠤᠷᠭᠤᠮᠠᠯ ᠤᠨ ᠵᠢᠷᠤᠭᠲᠤ ᠲᠣᠯᠢ︾ ᠎ ᠠᠴᠠ ᠬᠠᠭᠤᠯᠠᠪᠦᠷᠢᠯᠠᠪᠠ᠃
 
ᠢᠷᠡᠯᠲᠡ᠄ ︽ᠦᠪᠦᠷ ᠮᠤᠩᠭᠤᠯ ᠤᠨ ᠬᠡᠭᠡᠷ᠎ᠡ ᠶᠢᠨ ᠤᠷᠭᠤᠮᠠᠯ ᠤᠨ ᠵᠢᠷᠤᠭᠲᠤ ᠲᠣᠯᠢ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号