– 2023 ᠣᠨ ᠤ 1 ᠳ᠋ᠦ᠋ᠭᠡᠷ ᠰᠠᠷ᠎ᠠ ᠶᠢᠨ 12 ᠤᠨ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠨᠢᠭᠡᠳᠦᠭᠡᠷ ᠬᠤᠷᠠᠯᠳᠤᠭᠠᠨ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | ᠲᠥᠯᠥᠭᠡᠯᠡᠭᠴᠢᠳ ᠠ᠋᠄ | ᠤᠳᠤ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ | ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ᠥᠩᠭᠡᠷᠡᠭᠰᠡᠨ ᠲᠠᠪᠤᠨ ᠵᠢᠯ ᠤᠨ ᠠᠵᠢᠯ ᠤᠨ ᠡᠷᠭᠢᠴᠡᠭᠦᠯᠦᠯ ᠥᠪᠡᠷᠲᠡᠭᠡᠨ ᠵᠠᠰᠠᠬᠤ ᠣᠷᠣᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ | ᠬᠤᠷᠠᠯᠳᠤᠭᠠᠨ ᠠᠴᠠ ᠨᠠᠭᠠᠰᠢᠬᠢ ᠲᠠᠪᠤᠨ ᠵᠢᠯ ᠪᠣᠯ ᠲᠤᠩ ᠶᠡᠷᠦ ᠪᠤᠰᠤ ᠶᠢᠨ ᠲᠠᠪᠤᠨ ᠵᠢᠯ ᠪᠣᠯᠣᠨ᠎ᠠ᠃ ᠶᠡᠷᠦᠩᠬᠡᠢ | ᠱᠦᠵᠢ ᠰᠢ ᠶᠢᠨ ᠫᠢᠩ ᠲᠠᠪᠤᠨ ᠵᠢᠯ ᠳᠠᠷᠠᠭᠠᠯᠠᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠣᠷᠣᠯᠴᠠᠨ᠂ | 2019 ᠣᠨ ᠳᠤ ᠮᠠᠨ ᠤ ᠣᠷᠣᠨ ᠳᠤ ᠮᠣᠷᠢᠯᠠᠨ ᠰᠠᠭᠠᠲᠠᠵᠤ ᠰᠢᠨᠵᠢᠯᠡᠨ ᠪᠠᠶᠢᠴᠠᠭᠠᠭᠰᠠᠨ ᠤ ᠬᠠᠮᠲᠤ ᠴᠢᠬᠤᠯᠠ | ᠶᠠᠷᠢᠶ᠎ᠠ ᠲᠠᠯᠪᠢᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠬᠥᠭᠵᠢᠯᠲᠡ ᠳᠤ ᠤᠷᠤᠭᠰᠢᠯᠠᠬᠤ ᠴᠢᠭᠯᠡᠯ ᠢ | ᠵᠢᠭᠠᠨ ᠥᠭᠴᠦ᠂ ᠦᠨᠳᠦᠰᠦᠨ ᠵᠢᠷᠤᠮᠯᠠᠯ ᠢ ᠬᠠᠩᠭᠠᠵᠤ ᠥᠭᠪᠡ᠃ ᠦᠨᠳᠦᠰᠦᠲᠡᠨ ᠨᠦᠭᠦᠳ ᠤᠨ ᠠᠷᠠᠳ ᠲᠦᠮᠡᠨ | ᠢᠮᠠᠭᠲᠠ ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠨ᠂ | ᠣᠷᠣᠨ ᠳᠠᠶᠠᠭᠠᠷ ᠰᠡᠳᠬᠢᠯ ᠨᠢᠭᠡᠳᠴᠦ ᠬᠦᠴᠦ ᠪᠠᠨ ᠬᠠᠮᠲᠤᠳᠬᠠᠨ ᠬᠥᠭᠵᠢᠯᠲᠡ ᠶᠢ ᠠᠳᠬᠤᠵᠤ᠂ | ᠥᠭᠡᠷᠡᠴᠢᠯᠡᠯᠲᠡ ᠶᠢ ᠠᠬᠢᠭᠤᠯᠤᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠪᠦᠯᠬᠦᠮᠳᠡᠯ ᠢ | ᠴᠢᠩᠭᠠᠷᠠᠭᠤᠯᠤᠨ᠂ ᠠᠮᠤᠷ ᠲᠦᠪᠰᠢᠨ ᠢ ᠬᠠᠮᠠᠭᠠᠯᠠᠵᠤ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ | ᠴᠢᠬᠤᠯᠠ ᠶᠡᠭᠡ ᠠᠮᠵᠢᠯᠲᠠ ᠪᠦᠲᠦᠭᠡᠯ ᠣᠯᠬᠤ ᠶᠢ ᠠᠬᠢᠭᠤᠯᠤᠭᠰᠠᠨ ᠪᠠᠶᠢᠨ᠎ᠠ᠃ | – ᠪᠦᠬᠦ ᠲᠠᠯ᠎ᠠ ᠪᠠᠷ ᠴᠢᠨᠡᠭᠡᠯᠢᠭᠵᠢᠬᠦ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠠᠨ ᠪᠡᠶᠡᠯᠡᠭᠦᠯᠪᠡ᠃ | ᠣᠷᠣᠨ ᠳᠠᠶᠠᠭᠠᠷ ᠢᠶᠠᠨ ᠬᠦᠴᠦᠯᠡᠨ ᠴᠢᠷᠮᠠᠶᠢᠵᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠳᠠᠶᠢᠯᠠᠯᠳᠤᠭᠠᠨ ᠤ ᠢᠯᠠᠯᠲᠠ ᠶᠢ ᠣᠯᠵᠤ᠂ 157 ᠲᠦᠮᠡᠨ ᠶᠠᠳᠠᠭᠤ ᠬᠦᠴᠢᠷᠳᠡᠯᠲᠡᠢ ᠬᠥᠮᠥᠨ ᠠᠮᠠ | ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ | ᠪᠦᠬᠦᠨ ᠢᠶᠠᠷ ᠢᠶᠠᠨ ᠶᠠᠳᠠᠭᠤ ᠨᠡᠷ᠎ᠡ ᠪᠠᠨ ᠬᠠᠰᠤᠭᠤᠯᠵᠤ᠂ 3681 ᠶᠠᠳᠠᠭᠤ ᠬᠦᠴᠢᠷᠳᠡᠯᠲᠡᠢ ᠭᠠᠴᠠᠭ᠎ᠠ ᠲᠤᠰᠬᠤᠨ | ᠪᠦᠬᠦᠨ ᠢᠶᠠᠷ ᠢᠶᠠᠨ ᠶᠠᠳᠠᠭᠤ ᠶᠢᠨ ᠵᠢᠭᠰᠠᠭᠠᠯᠲᠠ ᠠᠴᠠ ᠭᠠᠷᠴᠤ᠂ ᠬᠠᠷᠢᠴᠠᠯᠠᠰᠢ ᠦᠭᠡᠢ ᠶᠠᠳᠠᠭᠤ ᠬᠦᠴᠢᠷᠳᠡᠯᠲᠡᠢ | ᠪᠠᠶᠢᠬᠤ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠨ᠂ ᠪᠦᠬᠦ ᠤᠯᠤᠰ ᠲᠠᠢ ᠬᠠᠮᠲᠤ ᠪᠠᠷ ᠴᠢᠨᠡᠭᠡᠯᠢᠭᠵᠢᠬᠦ | ᠵᠡᠭᠦᠳᠦ ᠪᠠᠨ ᠲᠡᠷᠭᠡᠯᠰᠢᠭᠦᠯᠬᠦ ᠪᠠᠷ ᠰᠢᠨ᠎ᠡ ᠠᠶᠠᠨ ᠳᠤ ᠮᠣᠷᠳᠠᠭᠰᠠᠨ ᠪᠠᠶᠢᠨ᠎ᠠ᠃ | – ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠶᠡᠭᠡ ᠬᠡᠮᠵᠢᠶ᠎ᠡ ᠪᠠᠷ ᠳᠡᠭᠡᠭᠰᠢᠯᠡᠪᠡ᠃ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 1.5 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ | 2.3 ᠲᠦᠮᠡᠨ ᠳ᠋ᠦᠩᠰᠢᠭᠤᠷ ᠲᠥᠭᠦᠷᠢᠭ ᠪᠣᠯᠵᠤ ᠨᠡᠮᠡᠭᠳᠡᠨ᠂ ᠬᠥᠮᠥᠨ ᠳᠤᠮᠳᠠᠴᠢ ᠶᠢᠨ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠦᠷᠲᠡᠭ 6.1 ᠲᠦᠮᠡᠨ ᠲᠥᠭᠦᠷᠢᠭ ᠪᠠᠶᠢᠭᠰᠠᠨ ᠠᠴᠠ ᠪᠠᠨ 9.6 ᠲᠦᠮᠡᠨ | ᠲᠥᠭᠦᠷᠢᠭ ᠪᠣᠯᠵᠤ ᠨᠡᠮᠡᠭᠳᠡᠪᠡ᠃ ᠠᠮᠤ ᠪᠤᠳᠠᠭᠠᠨ ᠤ ᠶᠡᠷᠦᠩᠬᠡᠢ ᠤᠨᠠᠯᠲᠠ ᠪᠦᠬᠦ ᠤᠯᠤᠰ ᠤᠨ ᠠᠷᠪᠠᠳᠤᠭᠠᠷ ᠲᠤ | ᠪᠠᠶᠢᠭᠰᠠᠨ ᠠᠴᠠ ᠪᠠᠨ ᠳᠡᠭᠡᠭᠰᠢᠯᠡᠨ ᠵᠢᠷᠭᠤᠳᠤᠭᠠᠷ ᠪᠠᠶᠢᠷᠢᠨ ᠳᠤ ᠵᠢᠭᠰᠠᠭᠠᠭᠳᠠᠵᠤ᠂ ᠦᠨᠢᠶᠡᠨ ᠰᠦ᠂ ᠬᠤᠨᠢᠨ ᠮᠢᠬ᠎ᠠ᠂ | ᠦᠬᠡᠷ ᠤᠨ ᠮᠢᠬ᠎ᠠ ᠪᠠ ᠢᠮᠠᠭᠠᠨ ᠨᠣᠣᠯᠣᠭᠤᠷ᠂ ᠲᠡᠵᠢᠭᠡᠯ ᠡᠪᠡᠰᠦᠨ ᠤ ᠭᠠᠷᠤᠯᠲᠠ ᠪᠦᠬᠦ ᠤᠯᠤᠰ ᠲᠤ ᠲᠦᠷᠦᠭᠦᠯᠡᠪᠡ᠃ | ᠨᠡᠶᠢᠲᠡ 53 ᠳ᠋ᠦᠩᠰᠢᠭᠤᠷ ᠭᠠᠷᠤᠢ ᠲᠤᠨ ᠨᠡᠭᠦᠷᠡᠰᠦ ᠦᠢᠯᠡᠳᠪᠦᠷᠢᠯᠡᠨ᠂ 2.9 ᠲᠦᠮᠡᠨ ᠳ᠋ᠦᠩᠰᠢᠭᠤᠷ ᠭᠷᠡᠳᠦ᠋ᠰ | ᠴᠠᠬᠢᠯᠭᠠᠨ ᠭᠠᠷᠭᠠᠵᠤ᠂ ᠨᠡᠭᠦᠷᠡᠰᠦ᠂ ᠴᠠᠬᠢᠯᠭᠠᠨ ᠤ ᠬᠠᠩᠭᠠᠯᠭ᠎ᠠ ᠶᠢ ᠪᠠᠲᠤᠯᠠᠭᠰᠠᠨ ᠬᠡᠮᠵᠢᠶ᠎ᠡ ᠴᠥᠮ ᠪᠦᠬᠦ ᠤᠯᠤᠰ ᠲᠤ | ᠲᠦᠷᠦᠭᠦᠯᠡᠪᠡ᠃ | – ᠬᠤᠳᠠ ᠬᠥᠳᠡᠭᠡ ᠶᠢᠨ ᠳᠦᠷᠰᠦ ᠪᠠᠶᠢᠳᠠᠯ ᠳᠤ ᠯᠤᠲᠤ ᠶᠡᠭᠡ ᠬᠤᠪᠢᠷᠠᠯᠲᠠ ᠭᠠᠷᠪᠠ᠃ ᠬᠤᠳᠠ | ᠪᠠᠯᠭᠠᠰᠤᠵᠢᠯᠲᠠ ᠶᠢᠨ ᠨᠤᠷᠮ᠎ᠠ 64.6% ᠪᠠᠶᠢᠭᠰᠠᠨ ᠠᠴᠠ ᠪᠠᠨ 69% ᠰᠢᠬᠠᠮ ᠪᠣᠯᠵᠤ ᠳᠡᠭᠡᠭᠰᠢᠯᠡᠨ᠂ ᠬᠥᠳᠡᠭᠡ | ᠲᠤᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠪᠦᠬᠦ ᠲᠠᠯ᠎ᠠ ᠪᠠᠷ ᠠᠬᠢᠵᠤ᠂ ᠵᠡᠭᠦᠨ ᠳᠤᠮᠳᠠ ᠪᠠᠷᠠᠭᠤᠨ | ᠬᠡᠰᠡᠭ ᠤᠨ ᠵᠦᠷᠢᠶᠡᠵᠢᠭᠰᠡᠨ ᠵᠣᠬᠢᠴᠠᠩᠭᠤᠢ ᠬᠥᠭᠵᠢᠬᠦ ᠪᠠᠶᠢᠷᠢᠰᠢᠯ ᠠᠩᠬ᠎ᠠ ᠠᠯᠬᠤᠮ ᠪᠦᠷᠢᠯᠳᠦᠪᠡ᠃ ᠴᠢᠭᠤᠯᠤᠯᠲᠤ | ᠬᠠᠭᠠᠯᠭ᠎ᠠ ᠠᠴᠠ ᠬᠦᠬᠡᠬᠤᠳᠠ᠂ ᠲᠦᠩᠯᠢᠶᠣᠣ ᠠᠴᠠ ᠰᠢᠨ ᠮᠢᠨ᠂ ᠬᠠᠷᠠᠴᠢᠨ ᠠᠴᠠ ᠤᠯᠠᠭᠠᠨᠬᠠᠳᠠ ᠬᠦᠷᠬᠦ | ᠲᠦᠷᠭᠡᠨ ᠤ ᠲᠡᠮᠦᠷ ᠵᠠᠮ ᠵᠠᠯᠭᠠᠭ᠎ᠠ ᠪᠠᠷ ᠲᠡᠷᠭᠡ ᠨᠡᠪᠳᠡᠷᠡᠵᠦ᠂ ᠵᠠᠰᠠᠮᠠᠯ ᠵᠠᠮ ᠤᠨ ᠤᠷᠲᠤ 1.7 ᠲᠦᠮᠡᠨ ᠺᠢᠯᠤᠮᠧᠲᠷ | ᠨᠡᠮᠡᠭᠳᠡᠨ᠂ ᠬᠦᠬᠡᠬᠤᠳᠠ ᠰᠢᠨ᠎ᠡ ᠨᠢᠰᠬᠡᠯ ᠤᠨ ᠪᠠᠭᠤᠳᠠᠯ ᠤᠨ ᠭᠤᠣᠯ ᠴᠣᠭᠴᠠ ᠶᠢᠨ ᠪᠠᠷᠢᠯᠭ᠎ᠠ ᠳᠠᠭᠤᠰᠴᠤ᠂ 21 | ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠨ᠂ ᠤᠰᠤᠨ ᠠᠰᠢᠭᠯᠠᠯᠲᠠ᠂ ᠡᠨᠧᠷᠬᠢ᠂ | ᠮᠡᠳᠡᠭᠡ ᠵᠠᠩᠭᠢ ᠵᠡᠷᠭᠡ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠣᠭᠤᠯᠪᠠ᠃ | – ᠬᠥᠭᠵᠢᠯᠲᠡ ᠶᠢᠨ ᠬᠥᠳᠡᠯᠭᠡᠬᠦ ᠬᠦᠴᠦᠨ ᠠᠮᠢᠳᠤᠯᠢᠭ ᠬᠦᠴᠦᠨ ᠢᠯᠡᠳᠲᠡ ᠨᠡᠮᠡᠭᠳᠡᠪᠡ᠃ ᠴᠢᠬᠤᠯᠠ | ᠬᠦᠷᠢᠶ᠎ᠡ ᠪᠠ ᠵᠠᠩᠭᠢᠯᠠᠭ᠎ᠠ ᠶᠢᠨ ᠭᠤᠭᠴᠣᠭᠠᠨ ᠤ ᠥᠭᠡᠷᠡᠴᠢᠯᠡᠯᠲᠡ ᠳᠤ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ | ᠪᠣᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ 71% ᠬᠠᠰᠤᠵᠤ᠂ | ᠠᠵᠤ ᠠᠬᠤᠶᠢᠯᠠᠯ ᠳᠤ ᠬᠤᠯᠪᠣᠭᠳᠠᠬᠤ ᠡᠵᠡᠩᠨᠡᠯᠲᠡ ᠶᠢᠨ ᠵᠥᠪᠰᠢᠶᠡᠷᠡᠯ ᠤᠨ ᠵᠦᠢᠯᠡᠰ ᠪᠦᠬᠦᠨ ᠳᠤ ᠲᠣᠳᠣᠷᠬᠠᠢ | ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠠᠮᠵᠢᠯᠲᠠ ᠲᠠᠢ ᠳᠠᠭᠤᠰᠴᠤ᠂ ᠪᠦᠬᠦ ᠣᠷᠣᠨ ᠤ ᠡᠯ᠎ᠡ | ᠱᠠᠲᠤᠨ ᠤ 244 ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠳᠠᠬᠢᠨᠲᠠ ᠵᠣᠬᠢᠶᠠᠨ ᠪᠠᠶᠢᠭᠤᠯᠵᠤ ᠨᠡᠶᠢᠯᠡᠭᠦᠯᠦᠨ᠂ | ︽ᠭᠤᠷᠪᠠᠨ ᠬᠠᠩᠭᠠᠯᠭ᠎ᠠ ᠨᠢᠭᠡ ᠠᠳᠠᠯ ᠠᠬᠤᠢ︾ ᠶᠢᠨ ᠬᠠᠮᠢᠶᠠᠷᠤᠯᠲᠠ ᠶᠢ ᠰᠠᠯᠭᠠᠨ ᠰᠢᠯᠵᠢᠭᠦᠯᠵᠦ ᠲᠤᠰᠢᠶᠠᠬᠤ ᠵᠡᠷᠭᠡ | ᠲᠡᠦᠬᠡᠲᠦ ᠴᠢᠨᠠᠷᠲᠠᠢ ᠬᠦᠴᠢᠷ ᠠᠰᠠᠭᠤᠳᠠᠯ ᠢ ᠦᠨᠳᠦᠰᠦᠨ ᠳᠤ ᠪᠠᠨ ᠰᠢᠢᠳᠪᠦᠷᠢᠯᠡᠪᠡ᠃ 2021 ᠣᠨ ᠠᠴᠠ ᠨᠠᠭᠠᠰᠢ | ᠳ᠋ᠠ ᠵᠦᠩ ᠠᠭᠤᠷᠬᠠᠢ ᠶᠢᠨ ᠦᠢᠯᠡᠰ᠂ ᠶᠧᠦ ᠷᠠᠨ ᠮᠠᠯ ᠠᠵᠤ ᠠᠬᠤᠢ᠂ ᠳ᠋ᠠ ᠲᠠᠩ ᠡᠮ ᠤᠨ ᠦᠢᠯᠡᠰ᠂ ᠰᠢᠨᠬᠤᠸᠠ | ᠲᠠᠷᠬᠠᠭᠠᠬᠤ ᠪᠦᠯᠦᠭᠯᠡᠯ᠂ ᠧᠦ ᠵᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠠᠮᠵᠢᠯᠲᠠ ᠲᠠᠢ ᠪᠠᠷ ᠰᠲ᠋ᠣᠺ ᠤᠨ | ᠵᠠᠬ᠎ᠠ ᠳᠤ ᠭᠠᠷᠴᠤ᠂ ᠮᠠᠨ ᠤ ᠣᠷᠣᠨ ᠤ ᠠᠵᠤ ᠠᠬᠤᠶᠢᠯᠠᠯ 9 ᠵᠢᠯ A ᠰᠲ᠋ᠣᠺ ᠤᠨ ᠵᠠᠬ᠎ᠠ ᠳᠤ ᠭᠠᠷᠤᠭᠰᠠᠨ ᠦᠭᠡᠢ | ᠪᠠᠶᠢᠳᠠᠯ ᠢ ᠡᠴᠦᠰᠯᠡᠭᠦᠯᠪᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ ᠵᠢᠯ | ᠳᠤᠮᠳᠠᠴᠢ ᠪᠠᠷ 8% ᠠᠴᠠ ᠳᠡᠭᠡᠭᠰᠢ ᠨᠡᠮᠡᠭᠳᠡᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠪᠡᠯᠡ ᠮᠥᠩᠭᠦ | ᠨᠡᠶᠢᠳᠡ ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ᠃ | – ᠠᠷᠠᠳ ᠤᠨ ᠠᠮᠢᠳᠤᠷᠠᠯ ᠤᠨ ᠬᠢᠷᠢ ᠲᠦᠪᠰᠢᠨ ᠯᠠᠪᠳᠠᠭᠤᠨ ᠢᠶᠠᠷ ᠳᠡᠭᠡᠭᠰᠢᠯᠡᠪᠡ᠃ ᠰᠠᠭᠤᠭᠠᠯᠢ | ᠠᠷᠠᠳ ᠤᠨ ᠤᠷᠤᠯᠭ᠎ᠠ ᠶᠢᠨ ᠨᠡᠮᠡᠭᠳᠡᠯ ᠤᠨ ᠬᠤᠷᠳᠤᠴᠠ ᠶᠡᠷᠦᠩᠬᠡᠢ ᠳᠤ ᠪᠠᠨ ᠠᠵᠤ ᠠᠬᠤᠢ ᠶᠢᠨ ᠨᠡᠮᠡᠭᠳᠡᠯ ᠤᠨ | ᠬᠤᠷᠳᠤᠴᠠ ᠠᠴᠠ ᠲᠦᠷᠭᠡᠨ ᠪᠠᠶᠢᠵᠤ᠂ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ | ᠤᠷᠤᠯᠭ᠎ᠠ 2.6 ᠲᠦᠮᠡᠨ ᠲᠥᠭᠦᠷᠢᠭ ᠪᠠᠶᠢᠭᠰᠠᠨ ᠠᠴᠠ ᠪᠠᠨ 3.6 ᠲᠦᠮᠡᠨ ᠲᠥᠭᠦᠷᠢᠭ ᠰᠢᠬᠠᠮ ᠪᠣᠯᠵᠤ ᠨᠡᠮᠡᠭᠳᠡᠪᠡ᠃ | ᠬᠤᠳᠠ ᠪᠠᠯᠭᠠᠰᠤᠨ ᠤ ᠠᠵᠢᠯ ᠣᠯᠣᠭᠰᠠᠳ ᠢ ᠵᠢᠯ ᠳᠤᠮᠳᠠᠴᠢ ᠪᠠᠷ 20 ᠲᠦᠮᠡᠨ ᠬᠥᠮᠥᠨ ᠠᠴᠠ ᠳᠡᠭᠡᠭᠰᠢ | ᠰᠢᠨ᠎ᠡ ᠪᠠᠷ ᠨᠡᠮᠡᠭᠳᠡᠭᠦᠯᠵᠦ᠂ ᠰᠤᠷᠭᠠᠨ ᠬᠥᠮᠦᠵᠢᠯ ᠤᠨ ᠲᠦᠭᠡᠮᠡᠯᠵᠢᠯ᠂ ᠡᠮᠴᠢᠯᠡᠭᠡ ᠡᠷᠡᠭᠦᠯ ᠬᠠᠮᠠᠭᠠᠯᠠᠯ᠂ ᠰᠣᠶᠣᠯ | ᠪᠡᠶ᠎ᠡ ᠶᠢᠨ ᠲᠠᠮᠢᠷ ᠤᠨ ᠦᠢᠯᠡᠴᠢᠯᠡᠭᠡᠨ ᠪᠠ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠪᠦᠬᠦ ᠲᠠᠯ᠎ᠠ ᠪᠠᠷ | ᠳᠡᠭᠡᠭᠰᠢᠯᠡᠪᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠥᠩᠭᠡᠷᠡᠭᠰᠡᠨ ᠠᠴᠠ ᠦᠯᠡᠳᠡᠭᠳᠡᠵᠦ ᠢᠷᠡᠭᠰᠡᠨ | ᠠᠰᠠᠭᠤᠳᠠᠯ ᠤᠨ ᠲᠦᠷᠦᠯ ᠵᠦᠢᠯ ᠢ ᠨᠡᠶᠢᠲᠡ 2970᠂ 140 ᠲᠦᠮᠡᠨ ᠢᠵᠢ᠂ 1.55 ᠳ᠋ᠦᠩᠰᠢᠭᠤᠷ ᠲᠡᠭᠰᠢ | ᠳᠥᠷᠪᠡᠯᠵᠢᠨ ᠮᠧᠳ᠋ᠷ ᠰᠢᠢᠳᠪᠦᠷᠢᠯᠡᠵᠦ᠂ ᠬᠠᠭᠤᠴᠢᠨ ᠰᠠᠭᠤᠭᠠᠯᠢ ᠲᠣᠭᠤᠷᠢᠭ ᠢ 5108᠂ ᠳᠦᠭᠦᠮ ᠪᠦᠲᠦᠴᠡᠲᠦ | ᠣᠷᠣᠨ ᠰᠠᠭᠤᠴᠠ ᠶᠢᠨ ᠲᠣᠭᠤᠷᠢᠭ ᠢ 26 ᠲᠦᠮᠡᠨ ᠢᠵᠢ ᠣᠷᠴᠢᠮ᠂ ᠲᠠᠷᠢᠶᠠᠯᠠᠬᠤ ᠮᠠᠯᠵᠢᠬᠤ ᠣᠷᠣᠨ ᠤ ᠨᠤᠷᠠᠬᠤ | ᠠᠶᠤᠯᠲᠠᠢ ᠭᠡᠷ ᠪᠠᠶᠢᠰᠢᠩ ᠢ 9.6 ᠲᠦᠮᠡᠨ ᠢᠵᠢ ᠥᠭᠡᠷᠡᠴᠢᠯᠡᠨ ᠰᠢᠨᠡᠳᠬᠡᠵᠦ᠂ ᠪᠠᠲᠤᠯᠠᠭ᠎ᠠ ᠶᠢᠨ ᠴᠢᠨᠠᠷᠲᠠᠢ ᠣᠷᠣᠨ | ᠰᠠᠭᠤᠴᠠ ᠶᠢ 2 ᠲᠦᠮᠡᠨ ᠢᠵᠢ ᠪᠠᠶᠢᠭᠤᠯᠤᠨ᠂ 600 ᠭᠠᠷᠤᠢ ᠲᠦᠮᠡᠨ ᠤᠯᠠᠨ ᠲᠦᠮᠡᠨ ᠤ ᠠᠮᠤᠭᠤᠯᠠᠩ | ᠰᠠᠭᠤᠷᠢᠰᠢᠬᠤ ᠵᠡᠭᠦᠳᠦ ᠶᠢ ᠨᠢ ᠲᠡᠷᠭᠡᠯᠰᠢᠭᠦᠯᠦᠭᠰᠡᠨ ᠪᠠᠶᠢᠨ᠎ᠠ᠃ | – ᠠᠮᠢ ᠠᠬᠤᠢ ᠣᠷᠴᠢᠨ ᠲᠣᠭᠤᠷᠢᠨ ᠤ ᠴᠢᠨᠠᠷ ᠴᠢᠨᠰᠠᠭ᠎ᠠ ᠦᠷᠭᠦᠯᠵᠢᠯᠡᠨ ᠰᠠᠶᠢᠵᠢᠷᠠᠪᠠ᠃ ᠲᠥᠪ ᠤᠨ | ᠨᠢᠭᠡᠳᠦᠭᠡᠷ ᠡᠭᠡᠯᠵᠢ ᠶᠢᠨ ᠣᠷᠴᠢᠨ ᠲᠣᠭᠤᠷᠢᠨ ᠤ ᠰᠢᠮᠳᠠᠭᠤᠯᠤᠨ ᠪᠠᠶᠢᠴᠠᠭᠠᠭᠰᠠᠨ ᠪᠠ ︽ᠪᠤᠴᠠᠵᠤ ᠪᠠᠶᠢᠴᠠᠭᠠᠨ | ᠦᠵᠡᠬᠦ︾ ᠳᠤ ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠂ ᠬᠠᠲᠤᠨ | ᠭᠤᠣᠯ᠂ ︽ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾᠂ ᠴᠠᠭᠠᠨᠨᠠᠭᠤᠷ ᠵᠡᠷᠭᠡ ᠭᠤᠣᠯᠳᠠᠯᠭ᠎ᠠ | ᠪᠣᠯᠬᠤ ᠨᠠᠭᠤᠷ ᠭᠤᠣᠯ ᠤᠨ ᠰᠠᠪᠠ ᠭᠠᠵᠠᠷ ᠤᠨ ᠵᠠᠰᠠᠯᠲᠠ ᠶᠢᠨ ᠦᠷ᠎ᠡ ᠪᠦᠲᠦᠮᠵᠢ ᠢᠯᠡᠷᠬᠡᠢ ᠪᠠᠶᠢᠵᠤ᠂ ᠲᠣᠭᠲᠠᠭᠠᠯ | ᠪᠠ ᠬᠠᠤᠯᠢ ᠠᠴᠠ ᠵᠥᠷᠢᠴᠡᠵᠦ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠠᠰᠠᠭᠤᠳᠠᠯ ᠤᠳ ᠢ ᠪᠦᠲᠦᠮᠵᠢᠳᠠᠢ | ᠴᠡᠭᠴᠡᠯᠡᠨ ᠵᠠᠰᠠᠪᠠ᠃ ᠨᠡᠶᠢᠲᠡ 3700 ᠭᠠᠷᠤᠢ ᠲᠦᠮᠡᠨ ᠮᠦ ᠣᠶᠢᠵᠢᠭᠤᠯᠵᠤ᠂ 1.2 ᠳ᠋ᠦᠩᠰᠢᠭᠤᠷ ᠭᠠᠷᠤᠢ ᠮᠦ | ᠡᠪᠡᠰᠦ ᠲᠠᠷᠢᠵᠤ᠂ 5400 ᠭᠠᠷᠤᠢ ᠲᠦᠮᠡᠨ ᠮᠦ ᠡᠯᠡᠰᠦ ᠶᠢ ᠰᠡᠷᠭᠡᠶᠢᠯᠡᠨ ᠵᠠᠰᠠᠵᠤ᠂ ᠴᠥᠮ ᠪᠦᠭᠦ ᠤᠯᠤᠰ ᠤᠨ | ᠲᠡᠷᠢᠭᠦᠨ ᠳᠤ ᠣᠷᠣᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠲᠣᠭᠤᠷᠢᠭ ᠢ 10 ᠡᠭᠦᠳᠦᠨ ᠪᠠᠶᠢᠭᠤᠯᠤᠭᠰᠠᠨ ᠪᠠ ︽ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ | ᠠᠭᠤᠯᠠ︾ ᠶᠢᠨ ᠦᠢᠯᠡᠳᠦᠯᠭᠡᠵᠢᠭᠦᠯᠵᠦ ᠰᠢᠨ᠎ᠡ ᠶᠢ ᠡᠭᠦᠳᠬᠦ ᠰᠠᠭᠤᠷᠢᠨ ᠭᠠᠵᠠᠷ ᠢ 8 ᠡᠭᠦᠳᠦᠨ ᠪᠠᠶᠢᠭᠤᠯᠪᠠ᠃ | – ᠬᠦᠨᠳᠦ ᠬᠡᠴᠡᠭᠦᠦ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠳᠠᠢ ᠰᠡᠷᠭᠡᠶᠢᠯᠡᠪᠡ᠃ ᠨᠠᠮ ᠤᠨ ᠲᠥᠪ | ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠡᠵᠡᠨ᠎ᠡ᠂ ᠮᠠᠨᠵᠤᠤᠷ᠂ ᠡᠷᠢᠶᠡᠨ ᠬᠤᠳᠠ᠂ ᠬᠦᠬᠡᠬᠤᠳᠠ ᠵᠡᠷᠭᠡ ᠭᠠᠵᠠᠷ ᠤᠨ ᠬᠢᠵᠢᠭ ᠤᠨ | ᠪᠠᠶᠢᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ | ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠪᠠ᠃ ᠵᠠᠰᠠᠭ ᠤᠨ ᠣᠷᠳᠣᠨ ᠤ | ᠬᠡᠲᠦᠷᠬᠡᠢ ᠥᠷᠢ ᠲᠠᠯᠪᠢᠵᠤ ᠪᠠᠶᠢᠭᠰᠠᠨ ᠡᠮᠬᠢ ᠵᠠᠮᠪᠠᠷᠠᠭ᠎ᠠ ᠦᠭᠡᠢ ᠪᠠᠶᠢᠳᠠᠯ ᠢ ᠡᠷᠡᠰ ᠴᠡᠭᠴᠡᠯᠡᠨ ᠵᠠᠰᠠᠵᠤ᠂ | ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠪᠠ ᠬᠠᠤᠯᠢ ᠠᠴᠠ ᠵᠥᠷᠢᠴᠡᠭᠰᠡᠨ ᠠᠰᠠᠭᠤᠳᠠᠯ ᠤᠳ ᠢ | ᠴᠢᠩᠭ᠎ᠠ ᠬᠦᠴᠦᠲᠡᠢ ᠴᠡᠭᠴᠡᠯᠡᠨ ᠵᠠᠰᠠᠵᠤ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠥᠭᠡᠷᠡᠴᠢᠯᠡᠯᠲᠡ ᠬᠢᠵᠦ | ᠲᠦᠭᠰᠢᠭᠦᠷᠢ ᠶᠢ ᠨᠢ ᠠᠷᠢᠯᠭᠠᠬᠤ ᠠᠵᠢᠯ ᠢ ᠭᠦᠨᠵᠡᠭᠡᠢ ᠠᠬᠢᠭᠤᠯᠵᠤ᠂ ᠤᠤᠯ ᠤᠨ ᠪᠤᠤ ᠱᠠᠩ ᠪᠠᠩᠬᠢ᠂ ᠰᠢᠨ᠎ᠡ ᠴᠠᠭ | ᠦᠶ᠎ᠡ ᠢᠲᠡᠭᠡᠮᠵᠢᠲᠦ ᠨᠠᠶᠢᠳᠠᠯᠭ᠎ᠠ ᠶᠢᠨ ᠲᠦᠭᠰᠢᠭᠦᠷᠢ ᠶᠢ ᠲᠣᠬᠢᠲᠠᠢ ᠰᠢᠢᠳᠪᠦᠷᠢᠯᠡᠪᠡ᠃ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠢ ᠲᠡᠮᠡᠴᠡᠯ ᠲᠡᠭᠦᠰ ᠠᠮᠵᠢᠯᠲᠠ ᠲᠠᠢ ᠪᠠᠷ ᠳᠠᠭᠤᠰᠴᠤ᠂ ᠨᠡᠶᠢᠭᠡᠮ ᠤᠨ ᠠᠮᠤᠷ | ᠲᠦᠪᠰᠢᠨ᠂ ᠠᠶᠤᠯ ᠦᠭᠡᠢ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠠᠶᠢᠳᠠᠯ | ᠦᠷᠭᠦᠯᠵᠢᠯᠡᠨ ᠰᠠᠶᠢᠵᠢᠷᠠᠵᠤ᠂ ᠨᠡᠶᠢᠭᠡᠮ ᠤᠨ ᠶᠡᠭᠡ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠪᠠ᠃ | – ᠦᠨᠳᠦᠰᠦᠲᠡᠨ ᠤ ᠪᠦᠯᠬᠦᠮᠳᠡᠯ ᠤᠨ ᠪᠠᠶᠢᠳᠠᠯ ᠪᠠᠬᠢᠵᠢᠨ ᠬᠥᠭᠵᠢᠪᠡ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢᠶᠠᠷ ᠭᠤᠣᠯ ᠰᠢᠵᠢᠮ ᠪᠣᠯᠭᠠᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠶᠡᠭᠡ ᠪᠠᠷ ᠲᠦᠭᠡᠮᠡᠯᠵᠢᠭᠦᠯᠦᠨ | ᠳᠡᠯᠭᠡᠷᠡᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ | ᠬᠡᠷᠡᠭᠵᠢᠭᠦᠯᠦᠨ ᠬᠡᠷᠡᠭᠯᠡᠵᠦ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠲᠦᠷᠦ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠰᠢᠰᠲ᠋ᠧᠮ ᠲᠠᠢ ᠲᠡᠭᠦᠯᠳᠡᠷᠵᠢᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ | ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ | ᠠᠭᠤᠰᠤᠯᠴᠠᠭ᠎ᠠ ᠶᠢ ᠥᠷᠭᠡᠨ ᠳᠡᠯᠭᠡᠷᠡᠩᠭᠦᠢ ᠠᠬᠢᠭᠤᠯᠤᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠶᠡᠭᠡ | ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠨᠡᠩ ᠢᠯᠡᠭᠦᠦ ᠨᠠᠨᠳᠢᠩᠨᠠᠨ ᠡᠷᠬᠢᠮᠯᠡᠵᠦ᠂ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢᠶᠠᠨ ᠬᠠᠶᠢᠷᠠᠯᠠᠨ ᠬᠠᠮᠠᠭᠠᠯᠠᠪᠠ᠃ | ᠲᠠᠪᠤᠨ ᠵᠢᠯ ᠤᠨ ᠲᠤᠷᠰᠢ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ᠂ | ᠴᠢᠬᠤᠯᠠ ᠶᠡᠭᠡ ᠵᠦᠢᠯᠡᠰ᠂ ᠴᠢᠬᠤᠯᠠ ᠠᠰᠠᠭᠤᠳᠠᠯ ᠳᠤ ᠵᠢᠭᠠᠪᠤᠷᠢ ᠠᠪᠬᠤ ᠪᠠ ᠮᠡᠳᠡᠭᠦᠯᠭᠦ ᠳᠦᠷᠢᠮ ᠢ ᠴᠢᠩᠭ᠎ᠠ | ᠬᠡᠷᠡᠭᠵᠢᠭᠦᠯᠦᠨ᠂ ᠡᠯ᠎ᠡ ᠲᠠᠯ᠎ᠠ ᠶᠢᠨ ᠬᠢᠨ ᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ | 2953 ᠬᠤᠪᠢ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ 3329 ᠬᠤᠪᠢ ᠰᠠᠨᠠᠯ | ᠳᠤᠷᠠᠳᠤᠯᠭ᠎ᠠ ᠶᠢ ᠭᠦᠢᠴᠡᠳᠬᠡᠪᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠥᠪᠰᠢᠶᠡᠷᠡᠭᠦᠯᠦᠭᠰᠡᠨ ᠣᠷᠣᠨ ᠨᠤᠲᠤᠭ ᠤᠨ | ᠴᠢᠨᠠᠷᠲᠠᠢ ᠬᠠᠤᠯᠢ ᠲᠣᠭᠲᠠᠭᠠᠯ ᠤᠨ ᠲᠠᠯ᠎ᠠ ᠶᠢᠨ ᠰᠠᠨᠠᠯ ᠵᠥᠪᠯᠡᠯᠭᠡ 141 ᠵᠦᠢᠯ ᠪᠠᠶᠢᠵᠤ᠂ ᠵᠠᠰᠠᠭ ᠤᠨ ᠣᠷᠳᠣᠨ ᠤ | 87 ᠳᠦᠷᠢᠮ ᠲᠣᠭᠲᠠᠭᠠᠯ ᠢ ᠲᠣᠭᠲᠠᠭᠠᠵᠤ ᠵᠠᠰᠠᠪᠤᠷᠢ ᠣᠷᠣᠭᠤᠯᠤᠭᠰᠠᠨ ᠪᠠ ᠬᠦᠴᠦᠨ ᠦᠭᠡᠢ ᠪᠣᠯᠭᠠᠨ᠂ ᠵᠠᠰᠠᠭ ᠤᠨ | ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠦᠷᠭᠦᠯᠵᠢᠯᠡᠨ ᠴᠢᠩᠭᠠᠷᠠᠪᠠ᠃ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠠᠩᠭᠢ ᠪᠠ ᠣᠷᠣᠨ ᠨᠤᠲᠤᠭ ᠤᠨ ᠵᠣᠬᠢᠴᠠᠭᠤᠯᠭ᠎ᠠ᠂ ᠬᠤᠶᠠᠷ ᠢ | ᠬᠦᠷᠢᠶᠡᠯᠡᠬᠦ ᠪᠠ ᠠᠰᠠᠷᠠᠨ ᠬᠠᠷᠠᠭᠠᠯᠵᠠᠬᠤ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠠᠷᠠᠳ ᠤᠨ ᠠᠭᠠᠷ ᠤᠨ | ᠰᠡᠷᠭᠡᠶᠢᠯᠡᠯᠲᠡ ᠵᠡᠷᠭᠡ ᠠᠵᠢᠯ ᠴᠥᠮ ᠰᠢᠨ᠎ᠡ ᠠᠮᠵᠢᠯᠲᠠ ᠣᠯᠵᠤ᠂ ᠭᠠᠳᠠᠭᠠᠳᠤ ᠶᠠᠪᠤᠳᠠᠯ ᠪᠠ ᠬᠠᠷᠢᠶᠠᠲᠤ ᠶᠢᠨ | ᠶᠠᠪᠤᠳᠠᠯ᠂ ᠲᠤᠭ᠎ᠠ ᠪᠦᠷᠢᠳᠬᠡᠯ ᠪᠠᠶᠢᠴᠠᠭᠠᠯᠲᠠ᠂ ᠰᠣᠨᠢᠨ ᠮᠡᠳᠡᠭᠡ ᠷᠠᠳᠢᠣ᠋ ᠲᠧᠯᠸᠢᠰ᠂ ᠨᠡᠶᠢᠭᠡᠮ ᠤᠨ ᠰᠢᠨᠵᠢᠯᠡᠬᠦ | ᠤᠬᠠᠭᠠᠨ᠂ ᠳᠠᠩᠰᠠ ᠡᠪᠬᠡᠮᠡᠯ ᠪᠠ ᠨᠢᠭᠤᠴᠠ ᠶᠢ ᠬᠠᠮᠠᠭᠠᠯᠠᠬᠤ᠂ ᠵᠥᠪᠳᠡᠭᠴᠢ ᠪᠠ ᠰᠣᠶᠣᠯ ᠲᠡᠦᠬᠡ᠂ ᠭᠠᠵᠠᠷ | ᠬᠥᠳᠡᠯᠦᠯᠲᠡ ᠪᠠ ᠴᠠᠭ ᠠᠭᠤᠷ᠂ ᠭᠠᠵᠠᠷ ᠰᠢᠨᠵᠢᠯᠡᠭᠡᠨ ᠤ ᠬᠡᠮᠵᠢᠨ ᠵᠢᠷᠤᠭᠯᠠᠯ ᠵᠡᠷᠭᠡ ᠠᠵᠢᠯ ᠦᠢᠯᠡᠰ ᠴᠥᠮ ᠰᠢᠨ᠎ᠡ | ᠳᠠᠪᠰᠢᠯᠲᠠ ᠲᠠᠢ ᠪᠣᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ | ᠬᠤᠯᠪᠤᠭ᠎ᠠ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ | ᠨᠠᠰᠤᠲᠠᠶᠢᠴᠤᠳ ᠤᠨ ᠠᠵᠢᠯ ᠤᠨ ᠵᠥᠪᠯᠡᠯ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠵᠡᠷᠭᠡ | ᠵᠣᠬᠢᠶᠠᠨ ᠪᠠᠶᠢᠭᠤᠯᠤᠯᠲᠠ ᠳᠤ ᠴᠥᠮ ᠰᠢᠨ᠎ᠡ ᠳᠦᠷᠰᠦ ᠪᠠᠶᠢᠳᠠᠯ ᠢᠯᠡᠷᠡᠪᠡ᠃ | ᠲᠥᠯᠥᠭᠡᠯᠡᠭᠴᠢᠳ ᠠ᠋︕ ᠰᠠᠶ᠋ᠢᠬᠠᠨ ᠥᠩᠭᠡᠷᠡᠭᠰᠡᠨ 2022 ᠣᠨ ᠪᠣᠯ ᠨᠠᠮ ᠪᠠ ᠤᠯᠤᠰ ᠤᠨ | ᠲᠡᠦᠬᠡᠨ ᠳᠠᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠃ ᠪᠢᠳᠡ ᠨᠠᠮ ᠤᠨ ᠲᠥᠪ | ᠬᠤᠷᠢᠶᠠᠨ ᠤ ︽ᠬᠢᠵᠢᠭ ᠤᠨ ᠪᠠᠶᠢᠳᠠᠯ ᠢ ᠰᠡᠷᠭᠡᠶᠢᠯᠡᠨ᠂ ᠠᠵᠤ ᠠᠬᠤᠢ ᠶᠢ ᠲᠣᠭᠲᠠᠭᠤᠨ ᠪᠠᠶᠢᠯᠭᠠᠵᠤ᠂ | ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠠᠭᠠᠭᠤᠯᠭ᠎ᠠ ᠳᠣᠣᠷ᠎ᠠ᠂ ᠲᠣᠭᠲᠠᠭᠤᠨ ᠪᠠᠶᠢᠯᠭᠠᠬᠤ ᠶᠢᠨ | ᠳᠠᠭᠠᠤ ᠳᠤ ᠤᠷᠤᠭᠰᠢᠯᠠᠨ᠂ ᠬᠦᠴᠢᠷ ᠤᠨ ᠳᠤᠮᠳᠠ ᠪᠦᠲᠦᠭᠡᠬᠦ ᠪᠠᠷ ᠴᠢᠷᠮᠠᠶᠢᠵᠤ᠂ ᠪᠦᠬᠦ ᠵᠢᠯ ᠤᠨ ᠡᠯ᠎ᠡ ᠵᠦᠢᠯ ᠤᠨ | ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠦᠷᠲᠡᠭ 4% ᠠᠴᠠ ᠳᠡᠭᠡᠭᠰᠢ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠦᠷᠲᠡᠭ 8% ᠠᠴᠠ ᠳᠡᠭᠡᠭᠰᠢ ᠨᠡᠮᠡᠭᠳᠡᠵᠦ᠂ ᠪᠦᠭᠦ ᠤᠯᠤᠰ ᠤᠨ ᠭᠤᠷᠪᠠᠳᠤᠭᠠᠷ ᠲᠤ ᠪᠠᠶᠢᠷᠢᠯᠠᠵᠤ᠂ | ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ 17% ᠠᠴᠠ ᠳᠡᠭᠡᠭᠰᠢ ᠨᠡᠮᠡᠭᠳᠡᠨ᠂ ᠪᠦᠭᠦ ᠤᠯᠤᠰ ᠤᠨ | ᠲᠡᠷᠢᠭᠦᠨ ᠳᠤ ᠪᠠᠶᠢᠷᠢᠯᠠᠵᠤ᠂ ᠡᠩ ᠤᠨ ᠤᠯᠠᠨ ᠨᠡᠶᠢᠲᠡ ᠶᠢᠨ ᠲᠥᠰᠥᠪ ᠤᠨ ᠤᠷᠤᠯᠭ᠎ᠠ 20.2% ᠨᠡᠮᠡᠭᠳᠡᠵᠦ᠂ | ᠪᠦᠭᠦ ᠤᠯᠤᠰ ᠤᠨ ᠬᠤᠶᠠᠳᠤᠭᠠᠷ ᠲᠤ ᠪᠠᠶᠢᠷᠢᠯᠠᠪᠠ᠃ | ᠨᠢᠭᠡ ᠵᠢᠯ ᠤᠨ ᠲᠤᠷᠰᠢ᠂ ᠪᠢᠳᠡ ᠡᠷᠲᠡ ᠠᠴᠠ ᠭᠠᠷᠳᠠᠵᠤ ᠠᠵᠢᠯᠯᠠᠬᠤ ᠶᠢ ᠪᠠᠷᠢᠮᠲᠠᠯᠠᠪᠠ᠂ ᠵᠢᠯ ᠤᠨ | ᠡᠬᠢᠨ ᠠᠴᠠ ᠡᠬᠢᠯᠡᠨ ᠲᠦᠷᠦ ᠶᠢᠨ ᠪᠣᠳᠣᠯᠭ᠎ᠠ ᠶᠢᠨ ︽ᠬᠠᠮ ᠠᠷᠭ᠎ᠠ ᠪᠣᠳᠣᠯᠭ᠎ᠠ︾ ᠶᠢ ᠲᠠᠰᠤᠷᠠᠯᠲᠠ ᠦᠭᠡᠢ | ᠨᠡᠶᠢᠲᠡᠯᠡᠨ ᠭᠠᠷᠭᠠᠵᠤ᠂ ᠠᠵᠤ ᠠᠬᠤᠢ ᠶᠢ ᠲᠣᠭᠲᠠᠭᠤᠨ ᠪᠠᠶᠢᠯᠭᠠᠬᠤ 40 ᠵᠤᠷᠪᠤᠰ ᠲᠥᠬᠦᠷ ᠲᠦᠷᠦ ᠶᠢᠨ ᠪᠣᠳᠣᠯᠭ᠎ᠠ᠂ | 21 ᠵᠤᠷᠪᠤᠰ ᠦᠷᠭᠦᠯᠵᠢᠯᠡᠭᠰᠡᠨ ᠲᠦᠷᠦ ᠶᠢᠨ ᠪᠣᠳᠣᠯᠭ᠎ᠠ ᠶᠢ ᠤᠷᠢᠳ ᠬᠤᠵᠢᠳ ᠲᠣᠭᠲᠠᠭᠠᠨ᠂ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ 181 ᠵᠤᠷᠪᠤᠰ᠂ ᠠᠵᠤ ᠦᠢᠯᠡᠰ ᠢ ᠴᠢᠨᠠᠷ ᠰᠠᠶᠢᠲᠠᠢ | ᠬᠥᠭᠵᠢᠭᠦᠯᠬᠦ 130 ᠵᠤᠷᠪᠤᠰ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ 9 ᠵᠤᠷᠪᠤᠰ᠂ ᠵᠠᠰᠠᠮᠠᠯ ᠵᠠᠮ ᠤᠨ | ᠪᠡᠯᠡ ᠤᠷᠤᠭᠤᠯᠤᠯᠲᠠ ᠶᠢᠨ 6 ᠵᠤᠷᠪᠤᠰ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ 11 | ᠵᠤᠷᠪᠤᠰ ᠪᠠ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ᠂ ᠪᠠᠷᠢᠯᠭ᠎ᠠ ᠶᠢᠨ ᠦᠢᠯᠡᠰ᠂ ᠰᠢᠨ᠎ᠡ ᠡᠨᠧᠷᠬᠢ ᠶᠢᠨ | ᠪᠦᠬᠦ ᠠᠵᠤ ᠦᠢᠯᠡᠰ ᠤᠨ ᠬᠡᠯᠬᠢᠶᠡᠨ ᠤ ᠪᠦᠲᠦᠭᠡᠨ ᠪᠠᠶᠢᠭᠤᠯᠤᠯᠲᠠ ᠶᠢᠨ ᠲᠦᠷᠦ ᠶᠢᠨ ᠪᠣᠳᠣᠯᠭ᠎ᠠ ᠨᠤᠭᠤᠳ ᠢ | ᠨᠡᠶᠢᠲᠡᠯᠡᠵᠦ᠂ ᠠᠵᠤ ᠠᠬᠤᠢ ᠶᠢᠨ ᠨᠡᠮᠡᠭᠳᠡᠯ ᠳᠤ ︽ᠪᠠᠲᠤ ᠳᠡᠭᠡᠭᠰᠢᠯᠡᠭᠦᠯᠬᠦ ᠠᠷᠭ᠎ᠠ︾ ᠶᠢ ᠬᠡᠷᠡᠭᠯᠡᠨ᠂ ᠵᠠᠬ᠎ᠠ | ᠳᠡᠯᠭᠡᠭᠦᠷ ᠤᠨ ᠭᠤᠣᠯ ᠴᠣᠭᠴᠠ ᠳᠤ ︽ᠰᠡᠳᠬᠢᠯ ᠠᠮᠤᠷ ᠬᠥᠭᠵᠢᠬᠦ ᠪᠣᠳᠣᠯᠭ᠎ᠠ︾ ᠲᠣᠭᠲᠠᠭᠠᠵᠤ ᠥᠭᠪᠡ᠃ | 3343 ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠦᠨ᠂ ᠪᠦᠲᠦᠭᠡᠨ ᠪᠠᠶᠢᠭᠤᠯᠤᠯᠲᠠ ᠶᠢᠨ ᠪᠡᠯᠡ | ᠤᠷᠤᠭᠤᠯᠤᠯᠲᠠ 6000 ᠳ᠋ᠦᠩᠰᠢᠭᠤᠷ ᠲᠥᠭᠦᠷᠢᠭ ᠢ ᠳᠠᠪᠠᠵᠤ᠂ ᠠᠵᠤ ᠦᠢᠯᠡᠳᠪᠦᠷᠢ ᠶᠢᠨ ᠪᠡᠯᠡ ᠤᠷᠤᠭᠤᠯᠤᠯᠲᠠ | 44% ᠠᠴᠠ ᠳᠡᠭᠡᠭᠰᠢ ᠨᠡᠮᠡᠭᠳᠡᠵᠦ᠂ ᠲᠣᠨᠤᠭ ᠲᠥᠬᠦᠭᠡᠷᠦᠮᠵᠢ ᠦᠢᠯᠡᠣᠡᠭᠦ ᠦᠢᠯᠡᠰ ᠤᠨ ᠪᠡᠯᠡ ᠤᠷᠤᠭᠤᠯᠤᠯᠲᠠ 1. | 2 ᠲᠠᠬᠢᠨ ᠠᠴᠠ ᠳᠡᠭᠡᠭᠰᠢ ᠨᠡᠮᠡᠭᠳᠡᠨ᠂ ᠰᠢᠨ᠎ᠡ ᠡᠨᠧᠷᠬᠢ ᠶᠢᠨ ᠪᠡᠯᠡ ᠤᠷᠤᠭᠤᠯᠤᠯᠲᠠ 5 ᠳᠠᠬᠢᠨ ᠠᠴᠠ ᠳᠡᠭᠡᠭᠰᠢ | ᠨᠡᠮᠡᠭᠳᠡᠵᠦ᠂ ᠨᠢᠭᠡ ᠪᠦᠯᠦᠭ ᠴᠢᠬᠤᠯᠠ ᠶᠡᠭᠡ ᠠᠵᠤ ᠦᠢᠯᠡᠰ ᠪᠠ ᠦᠨᠳᠦᠰᠦᠨ ᠪᠦᠲᠦᠭᠡᠨ ᠪᠠᠶᠢᠭᠤᠯᠤᠯᠲᠠ ᠶᠢᠨ | ᠲᠦᠷᠦᠯ ᠵᠦᠢᠯ ᠢ ᠪᠣᠳᠠᠲᠠᠶᠢᠵᠢᠭᠤᠯᠤᠨ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠪᠦᠲᠦᠴᠡ ᠶᠢ ᠲᠣᠬᠢᠷᠠᠭᠤᠯᠬᠤ᠂ | ᠰᠠᠭᠤᠷᠢ ᠶᠢ ᠪᠠᠬᠢᠵᠢᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | ᠨᠢᠭᠡ ᠵᠢᠯ ᠤᠨ ᠲᠤᠷᠰᠢ᠂ ᠪᠢᠳᠡ ᠶᠡᠭᠡ ᠪᠠᠶᠢᠳᠠᠯ ᠢ ᠪᠠᠲᠤᠯᠠᠵᠤ᠂ ᠶᠡᠭᠡ ᠪᠠᠶᠢᠳᠠᠯ ᠳᠤ ᠦᠢᠯᠡᠴᠢᠯᠡᠬᠦ ᠶᠢ | ᠪᠠᠷᠢᠮᠲᠠᠯᠠᠪᠠ᠂ ᠤᠯᠤᠰ ᠤᠨ ᠡᠨᠧᠷᠬᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ | ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ᠨᠡᠭᠦᠷᠡᠰᠦᠨ ᠤ ᠭᠠᠷᠤᠯᠲᠠ 12.2 | ᠳ᠋ᠦᠩᠰᠢᠭᠤᠷ ᠲᠤᠨ᠂ ᠴᠠᠬᠢᠯᠭᠠᠨ ᠭᠠᠷᠭᠠᠭᠰᠠᠨ ᠬᠡᠮᠵᠢᠶ᠎ᠡ 6465 ᠳ᠋ᠦᠩᠰᠢᠭᠤᠷ ᠭᠷᠡᠳᠦ᠋ᠰ᠂ ᠨᠡᠭᠦᠷᠡᠰᠦᠨ ᠤ | ᠬᠠᠩᠭᠠᠯᠭ᠎ᠠ ᠶᠢ ᠪᠠᠲᠤᠯᠠᠬᠤ ᠡᠭᠦᠷᠭᠡ ᠪᠠᠨ 9.45 ᠳ᠋ᠦᠩᠰᠢᠭᠤᠷ ᠲᠤᠨ᠂ ᠭᠠᠳᠠᠭᠰᠢ ᠴᠠᠬᠢᠯᠭᠠᠨ ᠳᠠᠮᠵᠢᠭᠤᠯᠤᠭᠰᠠᠨ | ᠬᠡᠮᠵᠢᠶ᠎ᠡ 2640 ᠳ᠋ᠦᠩᠰᠢᠭᠤᠷ ᠭᠷᠡᠳᠦ᠋ᠰ ᠢ ᠪᠡᠶᠡᠯᠡᠭᠦᠯᠦᠨ᠂ ᠴᠥᠮ ᠪᠦᠬᠦ ᠤᠯᠤᠰ ᠤᠨ ᠲᠡᠷᠢᠭᠦᠨ ᠳᠤ ᠪᠠᠶᠢᠷᠢᠯᠠᠪᠠ︔ | 400 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠰᠢᠷ᠎ᠠ ᠪᠤᠷᠴᠠᠭ᠂ | ᠲᠣᠰᠣᠯᠢᠭ ᠲᠠᠷᠢᠮᠠᠯ ᠢ ᠥᠷᠭᠡᠳᠬᠡᠨ ᠲᠠᠷᠢᠬᠤ ᠡᠭᠦᠷᠭᠡ ᠪᠠᠨ ᠪᠡᠶᠡᠯᠡᠭᠦᠯᠵᠦ᠂ ᠠᠮᠤ ᠪᠤᠳᠠᠭᠠᠨ ᠤ ᠤᠨᠠᠯᠲᠠ 780 | ᠳ᠋ᠦᠩᠰᠢᠭᠤᠷ ᠵᠢᠩ᠂ ᠦᠨᠢᠶᠡᠨ ᠰᠦ ᠶᠢᠨ ᠭᠠᠷᠤᠯᠲᠠ 734 ᠲᠦᠮᠡᠨ ᠲᠣᠨ᠂ ᠮᠢᠬᠠᠨ ᠤ ᠲᠦᠷᠦᠯ ᠤᠨ ᠭᠠᠷᠤᠯᠲᠠ | 278 ᠲᠦᠮᠡᠨ ᠲᠣᠨ᠂ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠰᠢᠯᠢᠳᠡᠭᠵᠢᠭᠦᠯᠵᠦ᠂ ᠣᠯᠠᠨ | ᠡᠭᠡᠯᠵᠢ ᠶᠢᠨ ᠬᠢᠵᠢᠭ ᠤᠨ ᠪᠠᠶᠢᠳᠠᠯ ᠢ ᠦᠳᠲᠡᠷ ᠲᠦᠷᠭᠡᠨ ᠰᠢᠢᠳᠪᠦᠷᠢᠯᠡᠪᠡ᠂ ᠣᠨᠴᠠᠭᠠᠶᠢᠯᠠᠨ ᠣᠷᠣᠨ ᠳᠠᠶᠠᠭᠠᠷ ᠨᠢᠭᠡ | ᠬᠥᠯᠭᠡ ᠰᠢᠲᠠᠷ᠎ᠠ ᠲᠠᠢ ᠠᠳᠠᠯᠢ ᠪᠠᠷ ᠳᠡᠭᠡᠳᠦ ᠳᠣᠣᠷᠠᠳᠤ ᠱᠠᠲᠤ ᠪᠠᠷ ᠢᠶᠠᠨ ᠨᠢᠭᠡ ᠰᠡᠳᠬᠢᠯ ᠢᠶᠠᠷ ᠬᠦᠬᠡᠬᠤᠲᠠ ᠶᠢ | ᠬᠠᠮᠠᠭᠠᠯᠠᠬᠤ ᠳᠠᠶᠢᠯᠠᠯᠳᠤᠭᠠᠨ ᠢ ᠡᠬᠢᠯᠡᠭᠦᠯᠵᠦ᠂ 23.74 ᠲᠦᠮᠡᠨ ᠣᠶᠤᠲᠠᠳ ᠢ ᠡᠮᠬᠢ ᠵᠢᠷᠤᠮ ᠲᠠᠢ ᠪᠠᠷ ᠵᠣᠬᠢᠶᠠᠨ | ᠪᠠᠶᠢᠭᠤᠯᠵᠤ ᠨᠤᠲᠤᠭ ᠲᠤ ᠨᠢ ᠬᠠᠷᠢᠭᠤᠯᠵᠤ᠂ ︽ᠰᠢᠨ᠎ᠡ ᠠᠷᠪᠠᠨ ᠵᠤᠷᠪᠤᠰ︾ ᠤᠨ ᠳᠠᠷᠠᠭ᠎ᠠ ᠪᠦᠬᠦ ᠣᠷᠣᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠯᠠᠪᠳᠠᠭᠤᠨ ᠲᠣᠭᠲᠠᠭᠤᠨ ᠢᠶᠠᠷ ᠰᠢᠯᠵᠢᠨ ᠬᠤᠪᠢᠷᠠᠬᠤ ᠶᠢ | ᠪᠡᠶᠡᠯᠡᠭᠦᠯᠪᠡ᠃ ᠨᠠᠮ ᠤᠨ ᠬᠤᠷᠢᠳᠤᠭᠠᠷ ᠶᠡᠭᠡ ᠬᠤᠷᠠᠯ ᠪᠠ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ | ᠲᠠᠮᠢᠷ ᠤᠨ ᠴᠤᠭᠯᠠᠭᠠᠨ᠂ ᠵᠡᠮᠳᠡᠭᠴᠦᠳ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ | ᠴᠤᠭᠯᠠᠭᠠᠨ ᠵᠡᠷᠭᠡ ᠳᠤ ᠦᠢᠯᠡᠴᠢᠯᠡᠭᠡ ᠪᠠᠲᠤᠯᠠᠭ᠎ᠠ ᠬᠠᠩᠭᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ | ᠣᠶᠢᠷ᠎ᠠ ᠶᠢᠨ ᠵᠢᠯ ᠤᠳ ᠲᠠᠬᠢ ᠲᠣᠮᠣ ᠬᠡᠯᠪᠡᠷᠢ ᠶᠢᠨ ᠠᠮᠤᠷ ᠢ ᠬᠠᠮᠠᠭᠠᠯᠠᠨ ᠲᠣᠭᠲᠠᠭᠤᠨ ᠢ ᠪᠠᠲᠤᠯᠠᠬᠤ ᠠᠵᠢᠯ ᠳᠤ | ᠬᠠᠮᠤᠭ ᠤᠨ ᠰᠠᠶᠢᠨ ᠦᠷ᠎ᠡ ᠪᠦᠲᠦᠮᠵᠢ ᠣᠯᠪᠠ᠃ | ᠨᠢᠭᠡ ᠵᠢᠯ ᠤᠨ ᠲᠤᠷᠰᠢ᠂ ᠪᠢᠳᠠ ᠠᠵᠤ ᠦᠢᠯᠡᠰ ᠢ ᠪᠤᠶᠢᠵᠢᠭᠤᠯᠬᠤ᠂ ᠬᠥᠳᠡᠯᠭᠡᠭᠴᠢ ᠴᠢᠳᠠᠪᠤᠷᠢ ᠪᠠᠨ | ᠰᠣᠯᠢᠬᠤ ᠶᠢ ᠪᠠᠷᠢᠮᠲᠠᠯᠠᠪᠠ᠂ 8 ᠲᠣᠮᠣ ᠠᠵᠤ ᠦᠢᠯᠡᠰ ᠤᠨ ᠪᠦᠯᠦᠭᠵᠢᠯ ᠪᠠ 12 ᠵᠤᠷᠪᠤᠰ ᠭᠤᠣᠯᠳᠠᠯᠭ᠎ᠠ ᠪᠣᠯᠬᠤ | ᠠᠵᠤ ᠦᠢᠯᠡᠰ ᠤᠨ ᠬᠡᠯᠬᠢᠶ᠎ᠡ ᠶᠢ ᠨᠠᠷᠢᠨ ᠨᠢᠮᠪᠠᠢ ᠰᠡᠳᠦᠨ ᠲᠥᠯᠥᠪᠯᠡᠵᠦ᠂ ︽ᠬᠤᠶᠠᠷ ᠵᠢᠷᠤᠭ ᠬᠤᠶᠠᠷ ᠬᠥᠮᠥᠷᠭᠡ | ᠬᠤᠶᠠᠷ ᠬᠦᠰᠦᠨᠦᠭᠲᠦ︾ ᠶᠢᠨ ᠠᠬᠢᠭᠤᠯᠬᠤ ᠲᠣᠭᠲᠠᠴᠠ ᠶᠢ ᠬᠡᠷᠡᠭᠵᠢᠭᠦᠯᠵᠦ᠂ ᠪᠦᠬᠦ ᠠᠵᠤ ᠦᠢᠯᠡᠰ ᠤᠨ | ᠬᠡᠯᠬᠢᠶ᠎ᠡ ᠶᠢᠨ ᠲᠦᠷᠦᠯ ᠵᠦᠢᠯ ᠢ 140 ᠪᠠᠶᠢᠭᠤᠯᠵᠤ᠂ ᠬᠡᠯᠬᠢᠶ᠎ᠡ ᠶᠢᠨ ᠭᠤᠣᠯ ᠪᠣᠯᠬᠤ ᠠᠵᠤ ᠠᠬᠤᠶᠢᠯᠠᠯ ᠢ ᠵᠠᠭᠤ | ᠰᠢᠬᠠᠮ ᠪᠣᠳᠠᠲᠠᠶᠢᠵᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠢ ᠪᠣᠯᠤᠭᠰᠠᠨ ᠠᠵᠤ | ᠦᠢᠯᠡᠰ ᠤᠨ ᠨᠡᠮᠡᠭᠳᠡᠯ ᠦᠷᠲᠡᠭ ᠢ 19% ᠠᠴᠠ ᠳᠡᠭᠡᠭᠰᠢ ᠨᠡᠮᠡᠭᠳᠡᠭᠦᠯᠵᠦ᠂ ᠳᠡᠭᠡᠳᠦ ᠮᠡᠷᠭᠡᠵᠢᠯ ᠤᠨ ᠦᠢᠯᠡᠳᠬᠦ | ᠦᠢᠯᠡᠰ ᠢ 33% ᠠᠴᠠ ᠳᠡᠭᠡᠭᠰᠢ ᠨᠡᠮᠡᠭᠳᠡᠭᠦᠯᠵᠦ᠂ ᠲᠤᠨᠤᠭ ᠲᠥᠬᠦᠭᠡᠷᠦᠮᠵᠢ ᠦᠢᠯᠡᠳᠬᠦ ᠦᠢᠯᠡᠰ ᠢ 43% ᠠᠴᠠ | ᠳᠡᠭᠡᠭᠰᠢ ᠨᠡᠮᠡᠭᠳᠡᠭᠦᠯᠪᠡ᠃ ᠣᠨᠴᠠᠭᠠᠶᠢᠯᠠᠨ ᠰᠢᠨ᠎ᠡ ᠣᠨᠣᠯᠵᠢᠬᠤᠨ ᠢᠶᠠᠷ ᠰᠢᠨ᠎ᠡ ᠡᠨᠧᠷᠬᠢ ᠶᠢᠨ ᠪᠦᠬᠦ ᠠᠵᠤ | ᠦᠢᠯᠡᠰ ᠤᠨ ᠬᠡᠯᠬᠢᠶ᠎ᠡ ᠶᠢ ᠴᠣᠭᠴᠠᠯᠠᠨ᠂ ᠨᠡᠭᠡᠭᠡᠨ ᠠᠰᠢᠭᠯᠠᠬᠤ ᠶᠢ ᠠᠳᠬᠤᠭᠰᠠᠨ ᠮᠥᠷᠲᠡᠭᠡᠨ ᠪᠠᠰᠠ ᠲᠤᠨᠤᠭ | ᠲᠥᠬᠦᠭᠡᠷᠦᠮᠵᠢ ᠦᠢᠯᠡᠳᠬᠦ ᠶᠢ ᠠᠳᠬᠤᠵᠤ᠂ ᠲᠥᠪ ᠤᠨ ᠠᠵᠤ ᠠᠬᠤᠶᠢᠯᠠᠯ ᠯᠤᠭ᠎ᠠ ᠬᠠᠮᠲᠤᠷᠠᠯᠴᠠᠬᠤ ᠶᠢ | ᠠᠬᠢᠭᠤᠯᠤᠭᠰᠠᠨ ᠮᠥᠷᠲᠡᠭᠡᠨ ᠪᠠᠰᠠ ᠣᠷᠣᠨ ᠨᠤᠲᠤᠭ ᠤᠨ ᠠᠵᠤ ᠠᠬᠤᠶᠢᠯᠠᠯ ᠤᠨ ᠣᠷᠤᠯᠴᠠᠬᠤ ᠶᠢ ᠠᠬᠢᠭᠤᠯᠤᠨ᠂ | ᠮᠠᠰᠢᠨ ᠴᠣᠭᠴᠠᠯᠠᠪᠤᠷᠢ ᠶᠢ 2000 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠵᠦ᠂ ᠪᠠᠷᠤᠭ 1 ᠳ᠋ᠦᠩᠰᠢᠭᠤᠷ | ᠺᠢᠯᠣᠸᠠᠲ ᠢ ᠴᠣᠬᠤᠯᠠᠪᠤᠷᠢᠯᠠᠨ ᠵᠥᠪᠰᠢᠶᠡᠷᠡᠭᠦᠯᠵᠦ ᠬᠡᠷᠡᠭᠵᠢᠭᠦᠯᠦᠨ᠂ ᠵᠠᠬ᠎ᠠ ᠳᠡᠯᠭᠡᠭᠦᠷᠴᠢᠯᠡᠭᠰᠡᠨ 6 ᠲᠦᠷᠦᠯ ᠤᠨ | ᠬᠡᠷᠡᠭᠯᠡᠭᠡᠨ ᠤ ᠠᠬᠤᠢ ᠲᠠᠯᠠᠪᠠᠢ ᠶᠢᠨ ᠲᠦᠷᠦᠯ ᠵᠦᠢᠯ ᠢ 3000 ᠭᠠᠷᠤᠢ ᠲᠦᠮᠡᠨ ᠺᠢᠯᠣᠸᠠᠲ ᠪᠠᠶᠢᠭᠤᠯᠵᠤ᠂ | 1300 ᠭᠠᠷᠤᠢ ᠳ᠋ᠦᠩᠰᠢᠭᠤᠷ ᠭᠷᠡᠳᠦ᠋ᠰ ᠤᠨ ᠴᠠᠬᠢᠯᠭᠠᠨ ᠭᠠᠷᠭᠠᠵᠤ᠂ ᠭᠤᠷᠪᠠᠨ ᠬᠠᠪᠴᠢᠯ ᠤᠨ ᠢᠨᠵᠧᠨᠧᠷᠢᠩ ᠤᠨ | ᠨᠢᠭᠡ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠠᠴᠠ ᠳᠠᠪᠠᠪᠠ᠂ ᠰᠠᠯᠬᠢ ᠭᠡᠷᠡᠯ ᠣᠰᠤᠳᠦ᠋ᠷᠦᠭᠴᠢ ᠨᠥᠭᠡᠴᠡ ᠶᠢᠨ | ᠠᠵᠤ ᠦᠢᠯᠡᠰ ᠤᠨ ᠪᠦᠯᠦᠭᠵᠢᠯ ᠪᠠ ᠬᠦᠬᠡᠬᠤᠲᠠ ᠪᠤᠭᠤᠲᠤ ᠣᠷᠳᠣᠰ ᠲᠦᠩᠯᠢᠶᠣᠣ ᠶᠢᠨ ᠲᠤᠨᠤᠭ ᠲᠥᠬᠦᠭᠡᠷᠦᠮᠵᠢ | ᠦᠢᠯᠡᠳᠬᠦ ᠰᠠᠭᠤᠷᠢᠨ ᠭᠠᠵᠠᠷ ᠢ ᠪᠠᠶᠢᠭᠤᠯᠵᠤ ᠡᠬᠢᠯᠡᠪᠡ᠃ | ᠨᠢᠭᠡ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠶᠢ ᠠᠳᠬᠤᠵᠤ᠂ ᠨᠡᠭᠡᠭᠡᠯᠲᠡ ᠪᠠᠨ ᠥᠷᠭᠡᠳᠬᠡᠬᠦ ᠶᠢ | ᠪᠠᠷᠢᠮᠲᠠᠯᠠᠪᠠ᠂ ᠪᠦᠬᠦ ᠣᠷᠣᠨ ᠳᠤ ᠬᠠᠯᠠᠮᠰᠢᠯ ᠤᠲᠠᠰᠤ ︽12345︾ ᠶᠢ ᠳᠡᠯᠭᠡᠷᠡᠭᠦᠯᠦᠨ ᠬᠡᠷᠡᠭᠯᠡᠵᠦ᠂ | ᠴᠤᠤᠷᠢᠶᠠᠲᠤᠨ ᠳᠠᠭᠠᠭᠰᠠᠨ ᠨᠤᠷᠮ᠎ᠠ᠂ ᠭᠦᠢᠴᠡᠳᠬᠡᠵᠦ ᠳᠠᠭᠤᠰᠬᠠᠭᠰᠠᠨ ᠨᠣᠷᠮ᠎ᠠ᠂ ᠬᠠᠨᠤᠮᠵᠢ ᠶᠢᠨ ᠨᠣᠷᠮ᠎ᠠ ᠳᠤ | ᠰᠠᠷ᠎ᠠ ᠪᠠᠷ ᠨᠡᠷᠡᠰ ᠤᠨ ᠵᠢᠭᠰᠠᠭᠠᠯᠲᠠ ᠬᠢᠵᠦ᠂ ᠨᠡᠷᠡᠰ ᠲᠤ ᠬᠤᠶᠢᠭᠤᠷ ᠵᠢᠭᠰᠠᠭᠠᠭᠳᠠᠵᠤ ᠪᠠᠶᠢᠭ᠎ᠠ ᠶᠢ ᠨᠢ | ᠭᠤᠣᠯᠳᠠᠯᠭ᠎ᠠ ᠲᠠᠢ ᠠᠩᠬᠠᠷᠤᠨ ᠰᠢᠮᠳᠠᠭᠤᠯᠪᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠢᠨᠵᠧᠨᠧᠷᠢᠩ ᠤᠨ | ᠲᠦᠷᠦᠯ ᠵᠦᠢᠯ ᠢ ᠬᠢᠨᠠᠨ ᠵᠥᠪᠰᠢᠶᠡᠷᠡᠬᠦ ᠪᠠ ︽ᠭᠡᠷᠡᠴᠢ ᠪᠠ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ︽ᠬᠤᠶᠠᠷ ᠢ ᠰᠢᠯᠢᠳᠡᠭᠵᠢᠭᠦᠯᠬᠦ︾ ᠲᠤᠰᠬᠠᠢ ᠠᠵᠢᠯᠯᠠᠭᠠᠨ ᠢ ᠥᠷᠨᠢᠭᠦᠯᠦᠨ᠂ ᠬᠦᠬᠡᠬᠤᠲᠠ | ᠪᠤᠭᠤᠲᠤ ᠣᠷᠳᠣᠰ ᠤᠯᠠᠭᠠᠨᠴᠠᠪ ᠲᠤ ᠵᠠᠰᠠᠭ ᠵᠠᠬᠢᠷᠭᠠᠨ ᠤ ᠡᠷᠬᠡ ᠶᠢᠨ 38 ᠵᠦᠢᠯᠡᠰ ᠢ ᠪᠠᠭᠤᠯᠭᠠᠨ ᠥᠭᠴᠦ᠂ | ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠷᠬᠡ ᠶᠢᠨ ᠵᠦᠢᠯᠡᠰ ᠤᠨ 72 ᠢ ᠬᠦᠴᠦᠨ ᠦᠭᠡᠢ ᠪᠣᠯᠭᠠᠵᠦ᠂ | 679 ᠶᠢ ᠨᠢ ᠳᠣᠷᠣᠭᠰᠢ ᠪᠠᠭᠤᠯᠭᠠᠨ᠂ ᠠᠵᠢᠯ ᠶᠠᠪᠤᠳᠠᠯ ᠭᠦᠢᠴᠡᠳᠬᠡᠬᠦ ᠴᠠᠭ ᠤᠨ ᠬᠢᠵᠠᠭᠠᠷ ᠢ 49.4%᠂ | ᠭᠤᠭᠴᠤᠭ᠎ᠠ ᠶᠢ 20.8%᠂ ᠮᠠᠲ᠋ᠧᠷᠢᠶᠠᠯ ᠢ 26.5% ᠪᠠᠭᠠᠰᠬᠠᠪᠠ᠂ ᠬᠢᠯᠢ ᠶᠢᠨ ᠪᠣᠭᠤᠮᠲᠠ ᠶᠢᠨ ︽ᠥᠩᠭᠡᠷᠡᠭᠦᠯᠬᠦ | ︾ ᠪᠠ ︽ᠰᠡᠷᠭᠡᠶᠢᠯᠡᠬᠦ︾ ᠶᠢ ᠨᠢᠭᠡᠳᠦᠯᠲᠡᠢ ᠲᠥᠯᠥᠪᠯᠡᠨ᠂ ︽ᠲᠤᠯᠤᠭᠠᠨ ᠠᠵᠢᠯ ᠢ ᠡᠬᠢᠯᠡᠭᠦᠯᠬᠦ︾ ᠠᠷᠭ᠎ᠠ | ᠬᠡᠮᠵᠢᠶ᠎ᠡ ᠳᠤ ᠰᠢᠨ᠎ᠡ ᠶᠢ ᠡᠭᠦᠳᠴᠦ᠂ ᠬᠢᠯᠢ ᠪᠠᠷ ᠳᠠᠮᠵᠢᠵᠤ ᠥᠩᠭᠡᠷᠡᠭᠰᠡᠨ ᠳᠤᠮᠳᠠᠳᠦ ᠡᠸᠦ᠋ᠷᠦᠫᠡ ᠶᠢᠨ ᠡᠭᠡᠯᠵᠢ ᠶᠢᠨ | ᠭᠠᠯᠲᠤ ᠲᠡᠷᠭᠡ 7337 ᠴᠤᠪᠤᠭ᠎ᠠ ᠪᠠᠶᠢᠵᠤ᠂ 19% ᠨᠡᠮᠡᠭᠳᠡᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠶᠡᠷᠦᠩᠬᠡᠢ ᠲᠤᠭ᠎ᠠ 15% ᠠᠴᠠ ᠳᠡᠭᠡᠭᠰᠢ ᠨᠡᠮᠡᠭᠳᠡᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠠᠴᠠ ᠵᠣᠬᠢᠶᠠᠨ ᠪᠠᠶᠢᠭᠤᠯᠤᠭᠰᠠᠨ ᠵᠠᠰᠠᠭ ᠪᠠ ᠠᠵᠤ ᠠᠬᠤᠶᠢᠯᠠᠯ ᠤᠨ ᠬᠠᠷᠢᠯᠴᠠᠭ᠎ᠠ ᠵᠥᠪᠳᠡᠯᠴᠡᠭᠡ 66 | ᠤᠳᠠᠭ᠎ᠠ ᠪᠠᠶᠢᠵᠤ᠂ 257 ᠠᠵᠤ ᠠᠬᠤᠶᠢᠯᠠᠯ ᠲᠠᠢ ᠬᠠᠷᠢᠯᠴᠠᠵᠤ᠂ ᠠᠶᠢᠮᠠᠭ ᠬᠤᠲᠠ ᠶᠢᠨ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠨᠥᠬᠦᠳ ᠬᠤᠳᠠᠯᠳᠤᠭᠠᠴᠢᠨ ᠤᠷᠢᠬᠤ ᠠᠵᠢᠯᠯᠠᠭ᠎ᠠ ᠶᠢ 217 ᠤᠳᠠᠭ᠎ᠠ ᠥᠷᠨᠢᠭᠦᠯᠵᠦ᠂ ᠪᠦᠬᠦ | ᠣᠷᠣᠨ ᠳᠤ 3300 ᠭᠠᠷᠤᠢ ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠪᠠ᠃ | ᠨᠢᠭᠡ ᠵᠢᠯ ᠤᠨ ᠲᠤᠷᠰᠢ᠂ ᠪᠢᠳᠡ ᠣᠷᠤᠭᠤᠯᠤᠯᠲᠠ ᠪᠠᠨ ᠨᠡᠮᠡᠭᠳᠡᠭᠦᠯᠦᠨ᠂ ᠰᠢᠨ᠎ᠡ ᠶᠢ ᠡᠭᠦᠳᠬᠦ ᠪᠠᠨ | ᠠᠬᠢᠭᠤᠯᠬᠤ ᠶᠢ ᠪᠠᠷᠢᠮᠲᠠᠯᠠᠪᠠ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠠᠬᠢ ᠣᠷᠤᠭᠤᠯᠤᠯᠲᠠ ᠪᠠᠨ 36.9% ᠨᠡᠮᠡᠭᠳᠡᠭᠦᠯᠦᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠲᠦᠪᠰᠢᠨ ᠤ ᠶᠡᠷᠦᠩᠬᠡᠶᠢᠯᠡᠭᠰᠡᠨ ᠵᠢᠭᠠᠯᠲᠠ ᠲᠤᠭ᠎ᠠ | ᠪᠦᠬᠦ ᠤᠯᠤᠰ ᠤᠨ ᠳᠤᠮᠳᠠ ᠵᠡᠷᠭᠡ ᠶᠢᠨ ᠰᠢᠨ᠎ᠡ ᠶᠢ ᠡᠭᠦᠳᠬᠦ ᠭᠠᠵᠠᠷ ᠣᠷᠣᠨ ᠤ ᠡᠩᠨᠡᠭᠡᠨ ᠳᠤ ᠠᠩᠬᠠᠳᠤᠭᠠᠷ ᠤᠳᠠᠭ᠎ᠠ | ᠵᠢᠭᠰᠠᠭᠠᠭᠳᠠᠪᠠ᠃ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ᠂ | ᠪᠠᠶᠠᠨᠨᠠᠭᠤᠷ ᠲᠠᠬᠢ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ | ᠦᠵᠡᠭᠦᠯᠬᠦ ᠲᠣᠭᠤᠷᠢᠭ᠂ ᠣᠷᠳᠣᠰ ᠲᠠᠬᠢ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠦᠪᠯᠡᠬᠦ ᠵᠦᠢᠯ ᠤᠨ ᠰᠢᠨ᠎ᠡ | ᠡᠭᠦᠳᠦᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠵᠥᠪᠰᠢᠶᠡᠷᠡᠯ ᠣᠯᠵᠤ᠂ 2 ᠲᠤᠷᠰᠢᠯᠲᠠ ᠶᠢᠨ ᠲᠠᠰᠤᠭ ᠢ ᠪᠦᠬᠦ | ᠤᠯᠤᠰ ᠤᠨ ᠭᠤᠣᠯᠳᠠᠯᠭ᠎ᠠ ᠪᠣᠯᠬᠤ ᠲᠤᠷᠰᠢᠯᠲᠠ ᠶᠢᠨ ᠲᠠᠰᠤᠭ ᠤᠨ ᠴᠤᠪᠤᠷᠠᠯ ᠳᠤ ᠣᠷᠣᠭᠤᠯᠤᠨ᠂ ᠤᠯᠤᠰ ᠤᠨ | ᠳᠡᠰ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠰᠢᠨ᠎ᠡ ᠡᠭᠦᠳᠦᠯᠲᠡ ᠶᠢᠨ 5 ᠲᠠᠪᠴᠠᠩ ᠢ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠳᠤ ᠪᠠᠶᠢᠭᠤᠯᠵᠤ᠂ 8 ᠠᠵᠤ ᠠᠬᠤᠶᠢᠯᠠᠯ ᠤᠯᠤᠰ ᠤᠨ ᠦᠷ᠎ᠡ ᠡᠭᠦᠯᠳᠡᠷ ᠤᠨ | ᠦᠢᠯᠡᠰ ᠤᠨ ᠡᠩᠨᠡᠭᠡᠨ ᠤ ᠬᠡᠯᠪᠡᠷᠢ ᠪᠦᠬᠦᠢ ᠠᠵᠤ ᠠᠬᠤᠶᠢᠯᠠᠯ ᠪᠣᠯᠵᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠢ ᠪᠠᠶᠢᠭᠤᠯᠵᠤ ᠡᠵᠡᠩᠨᠡᠨ ᠠᠵᠢᠯᠯᠠᠭᠤᠯᠵᠤ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ 300᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠳᠤᠮᠳᠠ | ᠵᠢᠵᠢᠭ ᠠᠵᠤ ᠠᠬᠤᠶᠢᠯᠠᠯ 760 ᠰᠢᠨ᠎ᠡ ᠪᠠᠷ ᠨᠡᠮᠡᠭᠳᠡᠪᠡ᠃ 5 ᠠᠺᠠᠳᠧᠮᠢᠴᠢ ᠶᠢ ᠣᠷᠣᠭᠤᠯᠤᠨ ᠠᠪᠴᠢᠷᠠᠵᠤ᠂ | ᠠᠺᠠᠳᠧᠮᠢᠴᠢ ᠦᠭᠡᠢ ᠪᠠᠶᠢᠳᠠᠯ ᠢ ᠡᠴᠦᠰᠯᠡᠭᠦᠯᠪᠡ᠃ ︽ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠬᠤ︾ ᠴᠢᠬᠤᠯᠠ | ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ 26 ᠲᠦᠷᠦᠯ ᠵᠦᠢᠯ ᠢ ᠬᠡᠷᠡᠭᠵᠢᠭᠦᠯᠵᠦ᠂ ᠨᠢᠭᠡ ᠪᠦᠯᠦᠭ ᠮᠡᠷᠭᠡᠵᠢᠯ ᠳᠤ | ᠪᠣᠭᠤᠮᠲᠠ ᠰᠢᠪᠲᠤᠯᠤᠭᠰᠠᠨ ᠪᠠ ᠠᠵᠤ ᠦᠢᠯᠡᠰᠵᠢᠭᠦᠯᠦᠭᠰᠡᠨ ᠬᠡᠷᠡᠭᠯᠡᠭᠡᠨ ᠤ ᠦᠷ᠎ᠡ ᠪᠦᠲᠦᠭᠡᠯ ᠢ ᠣᠯᠪᠠ᠃ | ᠨᠢᠭᠡ ᠵᠢᠯ ᠤᠨ ᠲᠤᠷᠰᠢ᠂ ᠪᠢᠳᠡ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠢ | ᠪᠠᠶᠠᠰᠬᠠᠬᠤ ᠶᠢ ᠪᠠᠷᠢᠮᠲᠠᠯᠠᠪᠠ᠂ ᠠᠵᠢᠯ ᠣᠯᠭᠤᠯᠲᠠ᠂ ᠡᠮᠴᠢᠯᠡᠭᠡ᠂ ᠨᠡᠶᠢᠭᠡᠮ ᠤᠨ ᠪᠠᠲᠤᠯᠠᠭ᠎ᠠ ᠵᠡᠷᠭᠡ ᠵᠠᠷᠤᠯᠭ᠎ᠠ ᠳᠤ | ᠬᠤᠶᠠᠷ ᠣᠷᠣᠨᠲᠤ ᠨᠡᠮᠡᠭᠳᠡᠯ ᠲᠠᠢ ᠪᠠᠶᠢᠬᠤ ᠶᠢ ᠪᠠᠲᠤᠯᠠᠵᠤ᠂ ᠬᠤᠲᠠ ᠪᠠᠯᠭᠠᠰᠤᠨ ᠤ ᠠᠵᠢᠯ ᠣᠯᠣᠭᠰᠠᠳ ᠢ ᠰᠢᠨ᠎ᠡ ᠪᠠᠷ | ᠨᠡᠮᠡᠭᠳᠡᠭᠦᠯᠬᠦ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠰᠡᠷᠭᠡᠶᠢᠯᠡᠨ ᠠᠵᠢᠭᠯᠠᠬᠤ ᠳᠤ ᠪᠠᠶᠢᠭᠰᠠᠳ ᠤᠨ | ᠪᠤᠴᠠᠭᠠᠳ ᠶᠠᠳᠠᠭᠤᠷᠠᠬᠤ ᠪᠠ ᠶᠠᠳᠠᠭᠤ ᠪᠠᠶᠢᠳᠠᠯ ᠳᠤ ᠣᠷᠣᠬᠤ ᠲᠦᠭᠰᠢᠭᠦᠷᠢ ᠶᠢ ᠬᠥᠳᠡᠯᠦᠩᠭᠦᠢ ᠪᠠᠷ ᠦᠭᠡᠶᠢᠰᠬᠡᠪᠡ᠃ | ᠤᠯᠤᠰ ᠤᠨ ᠲᠡᠷᠢᠭᠦᠨ ᠳᠡᠰ ᠤᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠴᠡᠭ ᠢ 146 ᠡᠭᠦᠳᠦᠨ ᠪᠠᠶᠢᠭᠤᠯᠵᠤ᠂ | ᠶᠡᠭᠡ ᠳᠡᠭᠡᠳᠦ ᠰᠤᠷᠭᠠᠭᠤᠯᠢ ᠶᠢᠨ A ᠳᠡᠰ ᠤᠨ ᠬᠢᠴᠢᠶᠡᠯ ᠰᠢᠨᠵᠢᠯᠡᠭᠡᠨ ᠤ ᠰᠠᠯᠠᠭ᠎ᠠ ᠪᠠᠶᠢᠭᠰᠠᠨ ᠦᠭᠡᠢ ᠪᠠᠶᠢᠳᠠᠯ ᠳᠤ | ᠰᠢᠪᠲᠤᠯᠤᠯᠲᠠ ᠲᠠᠢ ᠪᠣᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭ ᠲᠠᠢ ᠲᠤᠰᠬᠠᠢ | ᠮᠡᠷᠭᠡᠵᠢᠯ ᠤᠨ ᠲᠤᠷᠰᠢᠯᠲᠠ ᠶᠢᠨ ᠴᠡᠭ ᠪᠠ ︽ᠤᠷᠠᠨ ᠳᠠᠷᠬᠠᠨ ᠤ ᠠᠩᠭᠢ︾ ᠶᠢᠨ ᠲᠥᠯᠥᠪᠯᠡᠭᠡ ᠶᠢ ᠬᠡᠷᠡᠭᠵᠢᠭᠦᠯᠵᠦ᠂ | ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠳ᠋ᠡ ᠶᠠᠩ ᠱᠦ ᠪᠠᠯᠭᠠᠰᠤᠨ ᠳᠤ ᠶᠡᠭᠡ ᠰᠤᠷᠭᠠᠭᠤᠯᠢ ᠳᠤ | ᠰᠢᠯᠭᠠᠭᠤᠯᠬᠤ ᠴᠡᠭ ᠲᠣᠬᠢᠷᠠᠭᠤᠯᠵᠤ᠂ ᠲᠤᠬᠠᠢ ᠶᠢᠨ ᠭᠠᠵᠠᠷ ᠤᠨ ᠰᠢᠯᠭᠠᠭᠤᠯᠬᠤ ᠰᠣᠷᠣᠭᠴᠢ 34 ᠵᠢᠯ ︽ᠣᠨᠳᠣᠣ | ᠭᠠᠵᠠᠷ ᠲᠤ ᠶᠡᠭᠡ ᠰᠤᠷᠭᠠᠭᠤᠯᠢ ᠳᠤ ᠰᠢᠯᠭᠠᠬᠤ ᠰᠢᠯᠭᠠᠯᠲᠠ ᠳᠤ ᠣᠷᠣᠯᠴᠠᠵᠣ︾ ᠪᠠᠶᠢᠭᠰᠠᠨ ᠲᠡᠦᠬᠡ ᠶᠢ | ᠡᠴᠦᠰᠯᠡᠭᠦᠯᠪᠡ᠃ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠵᠦ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠶᠢ 885 ᠪᠠᠶᠢᠭᠤᠯᠪᠠ᠃ ᠤᠷᠠᠨ ᠰᠠᠶᠢᠬᠠᠨ ᠤ ᠰᠣᠳᠣᠨ ᠪᠦᠲᠦᠭᠡᠯ ᠵᠠᠯᠭᠠᠭ᠎ᠠ ᠪᠠᠷ ᠭᠠᠷᠴᠤ᠂ | ᠪᠥᠵᠢᠭᠲᠦ ᠵᠦᠴᠦᠭᠡ ︽ᠮᠣᠷᠢᠲᠤ ᠴᠡᠷᠢᠭ︾ ᠸᠧᠨ ᠬᠤᠸᠠ ᠱᠠᠩᠨᠠᠯ ᠬᠦᠷᠲᠡᠵᠦ᠂ ᠪᠥᠵᠢᠭ ︽ᠣᠢ ᠰᠢᠭᠤᠢ ᠳᠠᠬᠢ | ᠪᠡᠭᠡᠯᠡᠢ︾ ᠣᠯᠠᠨ ᠲᠦᠮᠡᠨ ᠤ ᠤᠷᠠᠯᠢᠭ ᠤᠨ ᠣᠳᠣᠨ ᠱᠠᠩᠨᠠᠯ ᠬᠦᠷᠲᠡᠵᠦ᠂ ᠣᠯᠠᠨ ᠲᠦᠮᠡᠨᠴᠢ ᠴᠢᠨᠠᠷᠲᠠᠢ ᠰᠣᠶᠣᠯ | ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃ ᠬᠤᠲᠠ ᠪᠠᠯᠭᠠᠰᠤᠨ ᠤ ᠬᠠᠭᠤᠴᠢᠨ ᠰᠠᠭᠤᠭᠠᠯᠢ | ᠲᠣᠭᠤᠷᠢᠭ ᠢ 1571᠂ ᠬᠠᠭᠤᠴᠢᠨ ᠬᠤᠭᠤᠯᠠᠢ ᠭᠤᠤᠷᠰᠤ ᠶᠢᠨ ᠲᠣᠣᠷ ᠢ 2170 ᠺᠢᠯᠤᠮᠧᠲᠷ ᠥᠭᠡᠷᠡᠴᠢᠯᠡᠨ | ᠰᠢᠨᠡᠳᠬᠡᠵᠦ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ 6261 ᠺᠢᠯᠤᠮᠧᠲᠷ ᠳᠡᠪᠢᠰᠴᠦ᠂ ᠡᠷᠦᠬᠡ ᠶᠢᠨ | ᠵᠣᠷᠯᠤᠩ ᠢ 10 ᠲᠦᠮᠡ ᠭᠠᠷᠤᠢ ᠥᠭᠡᠷᠡᠴᠢᠯᠡᠨ ᠰᠢᠨᠡᠳᠬᠡᠵᠦ᠂ ᠬᠤᠲᠠ ᠬᠥᠳᠡᠭᠡ ᠶᠢᠨ ᠣᠷᠣᠰᠢᠨ ᠰᠠᠭᠤᠷᠢᠰᠢᠬᠤ | ᠣᠷᠴᠢᠨ ᠨᠥᠬᠦᠴᠡᠯ ᠤᠨ ᠲᠣᠬᠢᠷᠠᠮᠵᠢᠲᠤ ᠴᠢᠨᠠᠷ ᠪᠠ ᠠᠮᠤᠷ ᠲᠦᠪᠰᠢᠨ ᠴᠢᠨᠠᠷ ᠢ ᠳᠡᠭᠡᠭᠰᠢᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠦᠨᠳᠦᠰᠦᠨ ᠱᠠᠲᠤ ᠶᠢ ᠪᠠᠲᠤᠯᠠᠬᠤ᠂ ᠭᠤᠣᠯ ᠴᠣᠭᠴᠠ ᠪᠠᠨ ᠪᠠᠲᠤᠯᠠᠬᠤ ᠶᠢ | ᠪᠠᠷᠢᠮᠲᠠᠯᠠᠪᠠ᠂ ᠡᠳ᠋ ᠤᠨ ᠬᠦᠴᠦᠨ ᠤ ᠴᠢᠨᠠᠷᠲᠠᠢ ᠰᠢᠯᠵᠢᠭᠦᠯᠦᠨ ᠲᠦᠯᠦᠬᠦ ᠵᠠᠷᠤᠯᠭ᠎ᠠ ᠶᠢ 1484 ᠳ᠋ᠦᠩᠰᠢᠭᠤᠷ | ᠲᠥᠭᠦᠷᠢᠭ ᠪᠠᠭᠤᠯᠭᠠᠵᠤ᠂ ︽ᠳᠦᠷᠪᠡᠨ ᠨᠢᠭᠡ ᠪᠦᠯᠦᠭ︾ ᠢ ᠬᠡᠷᠡᠭᠵᠢᠭᠦᠯᠦᠨ ᠦᠨᠳᠦᠰᠦᠨ ᠱᠠᠲᠤ ᠶᠢ ᠬᠠᠪᠰᠤᠷᠴᠤ | ᠪᠠᠶᠢᠭᠠᠳ 300 ᠳ᠋ᠦᠩᠰᠢᠭᠤᠷ ᠲᠥᠭᠦᠷᠢᠭ ᠰᠢᠬᠠᠮ ᠤᠨ ᠥᠷᠢ ᠥᠭᠴᠡᠭᠡ ᠶᠢ ᠨᠢ ᠠᠷᠢᠯᠭᠠᠵᠤ ᠥᠭᠪᠡ᠃ ᠰᠣᠶᠣᠯ | ᠵᠢᠭᠤᠯᠴᠢᠯᠠᠯ ᠤᠨ ᠪᠡᠯᠡ ᠣᠷᠤᠭᠤᠯᠤᠯᠲᠠ ᠶᠢᠨ ᠪᠦᠯᠦᠭᠯᠡᠯ ᠪᠠ ᠰᠢᠨ᠎ᠡ ᠡᠨᠧᠷᠬᠢ ᠶᠢᠨ ᠠᠵᠢᠯᠯᠠᠭᠤᠯᠵᠤ ᠬᠠᠮᠠᠭᠠᠯᠠᠬᠤ | ᠺᠣᠮᠫᠠᠨᠢ ᠶᠢ ᠰᠢᠨ᠎ᠡ ᠪᠠᠷ ᠪᠠᠶᠢᠭᠤᠯᠵᠤ᠂ ᠡᠨᠧᠷᠬᠢ ᠶᠢᠨ ᠪᠦᠯᠦᠭᠯᠡᠯ ᠤᠨ ᠬᠥᠭᠵᠢᠯᠲᠡ ᠪᠠᠨ ᠲᠦᠷᠭᠡᠳᠬᠡᠬᠦ ᠶᠢ ᠳᠡᠮᠵᠢᠵᠦ᠂ | ᠠᠯᠳᠠᠪᠤᠷᠢ ᠲᠠᠢ ᠪᠠᠶᠢᠭᠰᠠᠨ ᠠᠴᠠ ᠣᠯᠵᠠᠪᠤᠷᠢ ᠲᠠᠢ ᠪᠣᠯᠬᠤ ᠶᠢ ᠨᠢᠭᠡ ᠵᠢᠯ ᠤᠨ ᠳᠣᠲᠣᠷ᠎ᠠ ᠪᠡᠶᠡᠯᠡᠭᠦᠯᠪᠡ᠃ | ᠰᠢᠨ᠎ᠡ ᠪᠠᠷ ᠨᠡᠮᠡᠭᠳᠡᠭᠰᠡᠨ ᠭᠠᠶᠢᠯᠢ ᠶᠢ ᠬᠥᠩᠭᠡᠷᠡᠭᠦᠯᠵᠦ ᠰᠦᠢᠳᠬᠡᠯ ᠢ ᠪᠠᠭᠤᠷᠠᠭᠤᠯᠬᠤ᠂ ᠲᠤᠯᠭᠠᠨ ᠰᠠᠭᠤᠯᠭᠠᠵᠤ | ᠦᠯᠡᠳᠡᠪᠦᠷᠢ ᠭᠠᠶᠢᠯᠢ ᠶᠢ ᠪᠤᠴᠠᠭᠠᠬᠤ᠂ ᠭᠠᠶᠢᠯᠢ ᠶᠢ ᠬᠤᠶᠢᠰᠢᠯᠠᠭᠤᠯᠤᠨ ᠲᠤᠰᠢᠶᠠᠬᠤ ᠵᠠᠷᠤᠳᠠᠯ ᠨᠢ 600 | ᠳ᠋ᠦᠩᠰᠢᠭᠤᠷ ᠲᠥᠭᠦᠷᠢᠭ ᠢ ᠳᠠᠪᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ 36.84 ᠲᠦᠮᠡᠨ ᠡᠷᠦᠬᠡ | ᠰᠢᠨ᠎ᠡ ᠪᠠᠷ ᠨᠡᠮᠡᠭᠳᠡᠪᠡ᠃ ᠴᠠᠭ ᠲᠤ ᠪᠠᠨ ᠪᠠᠲᠤᠯᠠᠨ ᠲᠤᠰᠢᠶᠠᠬᠤ ᠠᠰᠠᠷ ᠢ 1.05 ᠲᠦᠮᠡᠨ ᠢᠵᠢ ᠪᠠᠶᠢᠭᠤᠯᠤᠨ | ᠳᠠᠭᠤᠰᠬᠠᠵᠤ᠂ ᠤᠷᠢᠳᠴᠢᠯᠠᠨ ᠬᠤᠳᠠᠯᠳᠤᠭᠰᠠᠨ ᠪᠡᠯᠡ ᠮᠥᠩᠭᠦᠨ ᠳᠤ ᠬᠢᠨᠠᠯᠲᠠ ᠬᠠᠮᠢᠶᠠᠷᠤᠯᠲᠠ ᠬᠢᠬᠦ ᠶᠢ ᠪᠦᠷᠢᠨ | ᠪᠦᠷᠬᠦᠭᠦᠯᠪᠡ᠃ | ᠨᠢᠭᠡ ᠵᠢᠯ ᠤᠨ ᠲᠤᠷᠰᠢ᠂ ᠪᠢᠳᠡ ᠠᠮᠢ ᠠᠬᠤᠢ ᠶᠢ ᠬᠠᠮᠠᠭᠠᠯᠠᠬᠤ᠂ ᠠᠷᠪᠢᠯᠠᠨ ᠭᠠᠮᠨᠠᠬᠤ ᠪᠠᠨ ᠠᠬᠢᠭᠤᠯᠬᠤ ᠶᠢ | ᠪᠠᠷᠢᠮᠲᠠᠯᠠᠪᠠ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠪᠠ ︽ᠭᠤᠷᠪᠠᠨ ᠲᠦᠷᠦᠯ ᠤᠨ ᠣᠷᠣᠨ ᠵᠠᠢ ᠶᠢᠨ ᠲᠣᠭᠤᠷᠢᠭ ᠪᠠ ᠭᠤᠷᠪᠠᠨ ᠵᠤᠷᠪᠤᠰ ᠬᠢᠵᠠᠭᠠᠷᠯᠠᠬᠤ | ᠱᠤᠭᠤᠮ︾ ᠢ ᠬᠤᠪᠢᠶᠠᠷᠢᠯᠠᠨ ᠲᠣᠭᠲᠠᠭᠠᠬᠤ ᠪᠠᠨ ᠪᠡᠶᠡᠯᠡᠭᠦᠯᠵᠦ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠭᠰᠠᠨ ᠵᠢᠴᠢ ᠴᠡᠭᠴᠡᠯᠡᠨ ᠰᠠᠶᠢᠵᠢᠷᠠᠭᠤᠯᠬᠤ ᠵᠦᠢᠯ ᠢ | ᠨᠠᠶᠢᠳᠠᠪᠤᠷᠢᠵᠢᠭᠤᠯᠬᠤ ᠪᠠᠨ ᠭᠦᠨᠵᠡᠭᠡᠶᠢᠷᠡᠭᠦᠯᠵᠦ᠂ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ | ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠠᠮᠢ ᠠᠬᠤᠢ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ | ᠦᠷᠭᠦᠯᠵᠢᠯᠡᠨ ᠰᠠᠶᠢᠵᠢᠷᠠᠭᠤᠯᠪᠠ᠃ ︽ᠬᠤᠣᠰ ᠨᠡᠭᠦᠷᠡᠰᠦᠳᠦ᠋ᠷᠦᠭᠴᠢ︾ ᠶᠢᠨ ᠲᠦᠷᠦ ᠶᠢᠨ ᠪᠣᠳᠣᠯᠭ᠎ᠠ ᠶᠢᠨ | ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠡᠭᠦᠷᠡᠰᠦ ᠴᠠᠬᠢᠯᠭᠠᠨ ᠤ ︽ᠭᠤᠷᠪᠠ ᠶᠢ ᠥᠭᠡᠷᠡᠴᠢᠯᠡᠨ ᠰᠢᠨᠡᠳᠬᠡᠬᠦ ᠪᠠᠨ | ᠬᠤᠯᠪᠤᠭᠠᠯᠠᠨ ᠬᠥᠳᠡᠯᠦᠯᠴᠡᠭᠦᠯᠬᠦ︾ ᠪᠠ ︽ᠵᠠᠰᠠᠮᠠᠯ ᠵᠠᠮ ᠠᠴᠠ ᠲᠡᠮᠦᠷ ᠵᠠᠮ ᠳᠤ ᠰᠢᠯᠵᠢᠭᠦᠯᠬᠦ︾᠂ ︽ᠰᠤᠯᠠ ᠠᠴᠠ | ᠴᠢᠩᠭᠡᠯᠢᠭ ᠢᠶᠠᠷ ᠲᠡᠭᠡᠭᠡᠪᠦᠷᠢᠯᠡᠬᠦ ᠪᠣᠯᠭᠠᠨ ᠬᠤᠪᠢᠷᠠᠭᠤᠯᠬᠤ︾ ᠶᠢ ᠠᠬᠢᠭᠤᠯᠵᠤ᠂ ᠣᠶᠤᠨᠯᠢᠭ ᠬᠦᠷᠢᠶᠡᠯᠡᠩ | ᠲᠣᠭᠤᠷᠢᠭ ᠢ 55᠂ ᠳᠣᠣᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠢ 4᠂ ᠨᠡᠭᠦᠷᠡᠰᠦᠳᠦ᠋ᠷᠦᠭᠴᠢ ᠦᠯᠦ | ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ 2 ᠡᠭᠦᠳᠦᠨ ᠪᠠᠶᠢᠭᠤᠯᠪᠠ᠃ ︽ᠲᠠᠪᠤ ᠶᠢ ᠲᠦᠢᠯᠪᠤᠷᠢᠲᠠᠢ | ᠰᠢᠢᠳᠪᠦᠷᠢᠯᠡᠬᠦ︾ ᠠᠵᠢᠯᠯᠠᠭᠠᠨ ᠢ ᠯᠠᠪᠳᠠᠭᠤᠨ ᠪᠠᠲᠤᠲᠠᠢ ᠥᠷᠨᠢᠭᠦᠯᠵᠦ᠂ ᠲᠦᠮᠡ ᠰᠢᠬᠠᠮ ᠲᠦᠷᠦᠯ ᠵᠦᠢᠯ᠂ 64 | ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠮᠥᠩᠭᠦ᠂ 13 ᠲᠦᠮᠡ ᠭᠠᠷᠤᠢ ᠮᠦ ᠭᠠᠵᠠᠷ ᠰᠢᠷᠣᠢ ᠶᠢ ᠠᠮᠢᠵᠢᠷᠠᠭᠤᠯᠪᠠ᠃ | | ᠲᠥᠯᠥᠭᠡᠯᠡᠭᠴᠢᠳ ᠠ᠋︕ | ᠨᠢᠭᠡ ᠵᠢᠯ ᠤᠨ ᠠᠵᠢᠯ ᠢᠶᠠᠨ ᠡᠷᠭᠢᠴᠡᠭᠦᠯᠵᠦ᠂ ᠥᠩᠭᠡᠷᠡᠭᠰᠡᠨ ᠲᠠᠪᠤᠨ ᠵᠢᠯ ᠢᠶᠠᠨ ᠬᠠᠷᠠᠬᠤᠶ᠎ᠠ᠂ ᠠᠮᠵᠢᠯᠲᠠ | ᠪᠦᠬᠦᠨ᠂ ᠳᠠᠪᠰᠢᠯᠲᠠ ᠪᠣᠯᠭᠠᠨ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠵᠢᠭᠠᠨ ᠤᠳᠤᠷᠢᠳᠤᠭᠰᠠᠨ ᠤ ᠦᠷ᠎ᠡ ᠳ᠋ᠦᠩ ᠪᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠦ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ | ᠤᠬᠠᠭᠠᠨᠴᠢ ᠪᠠᠷ ᠵᠢᠯᠣᠭᠤᠳᠤᠨ ᠳᠠᠭᠠᠭᠤᠯᠤᠭᠰᠠᠨ ᠤ ᠦᠷ᠎ᠡ ᠳ᠋ᠦᠩ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠠᠴᠠ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ | ᠬᠠᠮᠲᠤ ᠪᠠᠷ ᠲᠡᠮᠡᠴᠡᠵᠦ᠂ ᠪᠣᠳᠠᠲᠠᠢ ᠪᠠᠷ ᠠᠵᠢᠯᠯᠠᠵᠤ᠂ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠪᠥᠭᠡᠳ | ᠨᠡᠶᠢᠭᠡᠮ ᠤᠨ ᠡᠯ᠎ᠡ ᠡᠲᠡᠭᠡᠳ ᠪᠠ ᠡᠯ᠎ᠡ ᠲᠠᠯ᠎ᠠ ᠶᠢᠨ ᠬᠢᠨ ᠤ ᠬᠦᠴᠦᠲᠡᠢ ᠳᠡᠮᠵᠢᠭᠰᠡᠨ ᠤ ᠦᠷ᠎ᠡ ᠳ᠋ᠦᠩ ᠪᠣᠯᠣᠨ᠎ᠠ︕ | ᠠᠳᠡ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ᠂ ᠥᠪᠥᠷ ᠮᠣᠩᠭᠤᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ | ᠪᠦᠬᠦ ᠨᠠᠶᠢᠵᠠ ᠨᠥᠬᠦᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠲᠤᠬᠠᠢ | ᠬᠤᠶᠢᠰᠢᠳᠠ ᠶᠢᠨ ᠲᠠᠪᠤᠨ ᠵᠢᠯ ᠪᠣᠯ ᠮᠠᠨ ᠤ ᠤᠯᠤᠰ ᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ ᠡᠬᠢᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠮᠥᠨ ᠴᠦ ᠥᠪᠥᠷ | ᠮᠣᠩᠭᠤᠯ ᠤᠨ ᠰᠢᠨ᠎ᠡ ᠡᠬᠢᠯᠡᠯᠲᠠ ᠶᠢᠨ ᠴᠡᠭ ᠳᠡᠭᠡᠷ᠎ᠡ ᠲᠦᠷᠭᠡᠨ ᠬᠦᠭᠵᠢᠬᠦ ᠪᠠ ᠴᠢᠨᠠᠷ ᠰᠠᠶᠢᠲᠠᠢ ᠬᠦᠭᠵᠢᠬᠦ ᠴᠢᠬᠤᠯᠠ | ᠬᠤᠭᠤᠴᠠᠭ᠎ᠠ ᠪᠣᠯᠣᠨ᠎ᠠ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ︽ᠬᠤᠶᠠᠷ ᠢ ᠲᠣᠭᠲᠠᠭᠠᠭᠰᠠᠨ︾ | ᠤ ᠰᠢᠢᠳᠪᠦᠷᠢᠯᠡᠬᠦ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠤᠬᠠᠵᠤ᠂ ᠨᠡᠩ ᠡᠷᠡᠰ ᠰᠢᠭᠤᠷᠬᠠᠢ ᠪᠠᠷ | ᠰᠠᠨᠠᠭᠠᠴᠢᠯᠠᠭ᠎ᠠ ᠠᠴᠠ ᠪᠠᠨ ︽ᠬᠤᠶᠠᠷ ᠢ ᠬᠠᠮᠠᠭᠠᠯᠠᠬᠤ︾ ᠶᠢ ᠭᠦᠢᠴᠡᠳᠬᠡᠵᠦ᠂ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠦ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ ᠠᠵᠢᠯ ᠤᠨ | ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ | ᠵᠥᠪ ᠣᠨᠤᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠤᠨ᠂ ᠬᠥᠭᠵᠢᠯᠲᠡ ᠶᠢᠨ ᠰᠢᠨ᠎ᠡ ᠪᠠᠶᠢᠷᠢᠰᠢᠯ ᠳᠤ ᠢᠳᠡᠪᠬᠢᠲᠡᠢ | ᠦᠢᠯᠡᠴᠢᠯᠡᠬᠦ ᠪᠠ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠮᠣᠩᠭᠤᠯ | ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠰᠤᠷᠲᠠᠯᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠠᠴᠠ ᠥᠪᠥᠷ | ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠡᠨᠡ ᠬᠦ | ᠦᠵᠡᠮᠵᠢ ᠶᠢᠨ ᠣᠷᠣᠨ ᠢ ᠨᠡᠩ ᠦᠵᠡᠰᠭᠦᠯᠡᠩ ᠰᠠᠶᠢᠬᠠᠨ ᠪᠣᠯᠭᠠᠵᠣ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠲᠣᠮᠳᠠᠳᠣ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠡᠨᠳᠣᠯᠳᠡ ᠶᠢ ᠪᠦᠭᠦ ᠲᠠᠯ᠎ᠠ ᠪᠠᠷ ᠠᠬᠢᠭᠤᠯᠬᠤ ᠳᠤ ᠥᠪᠥᠷ ᠮᠣᠩᠭᠤᠯ ᠤᠨ ᠢᠶᠠᠨ ᠬᠤᠪᠢ ᠨᠡᠮᠡᠷᠢ ᠶᠢ ᠦᠵᠡᠭᠦᠯᠦᠨ᠎ᠡ᠃ | ᠪᠠᠶᠢᠳᠠᠯ ᠢ ᠶᠡᠷᠦᠩᠬᠡᠶᠢᠯᠡᠨ ᠵᠠᠳᠠᠯᠪᠠᠯ᠂ ᠮᠠᠨ ᠤ ᠣᠷᠣᠨ ᠤ ᠬᠥᠭᠵᠢᠯᠲᠡ ᠳᠤ ᠠᠵᠠ ᠲᠣᠬᠢᠶᠠᠯ ᠪᠠᠶᠢᠬᠤ | ᠮᠥᠷᠲᠡᠭᠡᠨ ᠥᠷᠢᠰᠦᠯᠳᠦᠭᠡᠨ ᠴᠦ ᠲᠤᠯᠭᠠᠷᠠᠵᠤ ᠪᠠᠶᠢᠨ᠎ᠠ᠃ ᠣᠳᠣᠬᠠᠨ ᠳᠠᠬᠢ ᠮᠠᠨ ᠤ ᠤᠯᠤᠰ ᠤᠨ ᠭᠠᠳᠠᠷ | ᠲᠠᠯ᠎ᠠ ᠶᠢᠨ ᠣᠷᠴᠢᠨ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠶᠢᠵᠤ᠂ ᠬᠥᠭᠵᠢᠯᠲᠡ ᠳᠤ ᠲᠣᠬᠲᠠᠭᠠᠯᠲᠦ | ᠪᠤᠰᠤ ᠲᠥᠰᠥᠭᠡᠯᠡᠬᠦᠶ᠎ᠡ ᠪᠡᠷᠬᠡ ᠬᠦᠴᠦᠨ ᠵᠦᠢᠯ ᠨᠡᠮᠡᠭᠳᠡᠵᠦ ᠪᠠᠶᠢᠨ᠎ᠠ᠂ ᠤᠯᠤᠰ ᠤᠨ ᠠᠮᠢ ᠠᠬᠤᠢ ᠶᠢᠨ ᠠᠮᠤᠷ | ᠲᠦᠪᠰᠢᠨ᠂ ᠡᠨᠧᠷᠬᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ | ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ ᠢ ᠪᠠᠲᠤᠯᠠᠬᠤ ᠠᠵᠢᠯ ᠳᠠᠬᠢ ᠥᠪᠥᠷ ᠮᠣᠩᠭᠤᠯ ᠤᠨ | ᠬᠠᠷᠢᠭᠤᠴᠠᠯᠭ᠎ᠠ ᠨᠡᠩ ᠲᠣᠪᠤᠶᠢᠮ᠎ᠠ ᠪᠣᠯᠵᠤ᠂ ︽ᠬᠤᠣᠰ ᠨᠡᠭᠦᠷᠡᠰᠦᠳᠦ᠋ᠷᠦᠭᠴᠢ︾ ᠶᠢᠨ ᠠᠬᠤᠢ ᠪᠠᠶᠢᠳᠠᠯ ᠳᠠᠬᠢ ᠠᠵᠤ | ᠦᠢᠯᠡᠳᠪᠦᠷᠢ ᠲᠠᠷᠢᠶᠠᠯᠠᠩ ᠤᠨ ᠥᠷᠭᠡᠨ ᠬᠡᠷᠡᠭᠴᠡᠭᠡᠨ ᠤ ᠦᠢᠯᠡᠳᠬᠦᠨ ᠪᠦᠲᠦᠭᠡᠭᠳᠡᠬᠦᠨ ᠤ ᠪᠦᠬᠦ ᠤᠯᠤᠰ ᠤᠨ | ᠬᠥᠭᠵᠢᠯᠲᠡ ᠶᠢ ᠰᠠᠭᠤᠷᠢ ᠠᠴᠠ ᠨᠢ ᠪᠠᠲᠤᠯᠠᠬᠤ ᠳᠤ ᠦᠵᠡᠭᠦᠯᠬᠦ ᠦᠢᠯᠡᠳᠦᠯ᠂ ᠠᠵᠤ ᠠᠬᠤᠢ ᠶᠢᠨ ᠲᠣᠮᠣ ᠮᠤᠵᠢ ᠶᠢᠨ | ᠬᠥᠭᠵᠢᠯᠲᠡ ᠳᠤ ᠲᠤᠯᠭᠠᠭᠤᠷᠢᠯᠠᠬᠤ ᠦᠢᠯᠡᠳᠦᠯ ᠦᠵᠡᠭᠦᠯᠬᠦ ᠶᠠᠪᠤᠳᠠᠯ ᠨᠡᠩ ᠲᠣᠪᠤᠶᠢᠮ᠎ᠠ ᠪᠣᠯᠵᠤ᠂ ᠡᠨᠧᠷᠬᠢ᠂ ᠡᠬᠢ | ᠪᠠᠶᠠᠯᠢᠭ᠂ ᠭᠠᠵᠠᠷ ᠣᠷᠣᠨ᠂ ᠨᠤᠲᠤᠭ ᠳᠡᠪᠢᠰᠬᠡᠷ ᠵᠡᠷᠭᠡ ᠲᠠᠯ᠎ᠠ ᠪᠠᠷ ᠬᠢ ᠶᠡᠷᠦᠩᠬᠡᠶᠢᠯᠡᠭᠰᠡᠨ ᠳᠠᠪᠠᠭᠤᠯᠢᠭ ᠲᠠᠯ᠎ᠠ ᠨᠡᠩ | ᠲᠣᠪᠤᠶᠢᠮ᠎ᠠ ᠪᠣᠯᠵᠤ ᠪᠠᠶᠢᠨ᠎ᠠ᠃ ᠡᠭᠦᠨ ᠤ ᠬᠠᠮᠲᠤ᠂ ᠮᠠᠨ ᠤ ᠣᠷᠣᠨ ᠤ ᠬᠥᠭᠵᠢᠯᠲᠡ ᠳᠤ ᠪᠠᠰᠠ ᠮᠠᠰᠢ ᠣᠯᠠᠨ | ᠬᠥᠭᠵᠢᠨ ᠪᠤᠶᠢᠵᠢᠬᠤ ᠶᠠᠪᠤᠴᠠ ᠳᠠᠬᠢ ︽ᠪᠤᠬᠢᠨᠢᠳᠤᠯ︾ ᠪᠠ ᠬᠡᠯᠪᠡᠷᠢ ᠪᠠᠨ ᠬᠤᠪᠢᠷᠠᠭᠤᠯᠬᠤ ᠶᠠᠪᠤᠴᠠ ᠳᠠᠬᠢ | ᠬᠦᠴᠢᠷᠳᠡᠯ ᠲᠤᠯᠭᠠᠷᠠᠵᠤ ᠪᠠᠶᠢᠬᠤ ᠶᠢ ᠡᠷᠬᠡᠪᠰᠢ ᠣᠯᠵᠤ ᠬᠠᠷᠠᠬᠤ ᠬᠡᠷᠡᠭᠲᠡᠢ᠃ ᠨᠢᠭᠡ ᠳᠤ ᠠᠵᠤ ᠠᠬᠤᠢ ᠶᠢᠨ | ᠶᠡᠷᠦᠩᠬᠡᠢ ᠬᠡᠮᠵᠢᠶ᠎ᠡ ᠶᠡᠭᠡ ᠪᠢᠰᠢ ᠪᠠᠶᠢᠨ᠎ᠠ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠰᠠᠶ᠋ᠢᠬᠠᠨ | 2 ᠲᠦᠮᠡᠨ ᠳ᠋ᠦᠩᠰᠢᠭᠤᠷ ᠲᠥᠭᠦᠷᠢᠭ ᠢ ᠳᠠᠪᠠᠭᠠᠳ ᠪᠦᠬᠦ ᠤᠯᠤᠰ ᠤᠨ 21 ᠳᠤ ᠣᠷᠣᠵᠤ᠂ ᠮᠠᠨ ᠤ ᠣᠷᠣᠨ ᠤ | ᠡᠨᠧᠷᠬᠢ ᠡᠬᠢ ᠪᠠᠶᠠᠯᠢᠭ ᠵᠡᠷᠭᠡ ᠶᠢᠨ ᠳᠠᠪᠠᠭᠤᠯᠢᠭ ᠲᠠᠢ ᠵᠣᠬᠢᠴᠠᠯᠳᠤᠬᠤ ᠦᠭᠡᠢ ᠪᠠᠶᠢᠵᠤ᠂ ᠬᠥᠭᠵᠢᠯᠲᠡ ᠪᠠᠨ | ᠲᠦᠷᠭᠡᠳᠬᠡᠬᠦ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠣᠢ᠃ ᠬᠤᠶᠠᠷ ᠲᠤ ᠠᠵᠤ ᠦᠢᠯᠡᠰ ᠤᠨ ᠪᠦᠲᠦᠴᠡ ᠶᠢᠨ | ᠲᠠᠯ᠎ᠠ ᠪᠠᠷ ᠰᠠᠶᠢᠨ ᠪᠢᠰᠢ ᠪᠠᠶᠢᠨ᠎ᠠ᠂ ᠠᠵᠤ ᠦᠢᠯᠡᠳᠪᠦᠷᠢ ᠳᠤ ᠮᠢᠩᠭᠠᠨ ᠳ᠋ᠦᠩᠰᠢᠭᠤᠷ ᠢ ᠳᠠᠪᠠᠭᠰᠠᠨ ᠨᠡᠮᠡᠭᠳᠡᠯ | ᠦᠷᠲᠡᠭ ᠲᠠᠢ ᠨᠢ ᠵᠦᠪᠬᠡᠨ ᠨᠡᠭᠦᠷᠡᠰᠦ᠂ ᠴᠠᠬᠢᠯᠭᠠᠨ ᠬᠤᠶᠠᠷ ᠠᠵᠢᠯ ᠲᠦᠷᠦᠯ ᠪᠠᠶᠢᠵᠤ᠂ ᠦᠢᠯᠡᠳᠬᠦ ᠦᠢᠯᠡᠰ ᠤᠨ | ᠡᠵᠡᠯᠡᠬᠦ ᠬᠤᠪᠢ ᠶᠢᠨ ᠵᠢᠩ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠨᠡᠯᠢᠶᠡᠳ ᠳᠣᠣᠷ᠎ᠠ ᠪᠠᠶᠢᠵᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠡᠵᠡᠯᠡᠬᠦ ᠳᠡᠭᠡᠳᠦ ᠮᠡᠷᠭᠡᠵᠢᠯ ᠤᠨ ᠦᠢᠯᠡᠳᠬᠦ ᠦᠢᠯᠡᠰ᠂ | ᠲᠤᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠦᠷᠲᠡᠭ ᠤᠨ ᠬᠤᠪᠢ ᠶᠢᠨ ᠵᠢᠩ ᠴᠥᠮ 3% ᠬᠦᠷᠬᠦ | ᠦᠭᠡᠢ ᠪᠠᠶᠢᠨ᠎ᠠ᠃ ᠭᠤᠷᠪᠠ ᠳᠤ ᠬᠦᠴᠦᠨ ᠵᠦᠢᠯ ᠤᠨ ᠲᠤᠯᠭᠠᠭᠤᠷᠢᠯᠠᠯ ᠪᠠᠲᠤ ᠪᠠᠬᠢ ᠪᠢᠰᠢ ᠪᠠᠶᠢᠨ᠎ᠠ᠂ ᠰᠠᠭᠤᠷᠢ | ᠪᠡᠯᠡᠳᠬᠡᠮᠵᠢ ᠪᠠ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ ᠥᠷᠢ ᠲᠥᠯᠥᠭᠡᠰᠦ ᠨᠡᠯᠢᠶᠡᠳ ᠠᠷᠪᠢᠨ᠂ | ᠡᠬᠢ ᠪᠠᠶᠠᠯᠢᠭ ᠣᠷᠴᠢᠨ ᠲᠣᠭᠤᠷᠢᠨ ᠤ ᠬᠦᠯᠢᠶᠡᠰᠦᠯᠡᠯ ᠴᠢᠩᠭᠠᠷᠠᠬᠤ ᠬᠠᠨᠳᠤᠰᠢ ᠲᠠᠢ᠂ ᠮᠥᠩᠭᠦᠨ ᠭᠦᠢᠯᠭᠡᠭᠡᠨ ᠤ | ᠲᠤᠯᠭᠠᠭᠤᠷᠢᠯᠠᠬᠤ ᠴᠢᠳᠠᠪᠤᠷᠢ ᠨᠡᠯᠢᠶᠡᠳ ᠪᠠᠭᠤᠷᠠᠢ᠂ ᠴᠢᠳᠠᠪᠤᠷᠢᠲᠠᠨ ᠤ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ | ᠮᠥᠷᠲᠡᠭᠡᠨ ᠭᠠᠳᠠᠭᠰᠢ ᠶᠠᠪᠤᠭᠰᠠᠨ ᠪᠠᠶᠢᠳᠠᠯ ᠬᠦᠨᠳᠦ ᠨᠣᠴᠢᠲᠠᠢ ᠪᠠᠶᠢᠵᠤ᠂ ᠰᠤᠳᠤᠯᠤᠨ ᠨᠡᠭᠡᠭᠡᠬᠦ ᠵᠠᠷᠤᠳᠠᠯ ᠤᠨ | ᠤᠷᠤᠭᠤᠯᠤᠯᠳᠠ ᠶᠢᠨ ᠡᠷᠴᠢᠮ ᠤᠷᠳᠤ ᠬᠤᠭᠤᠴᠠᠭ᠎ᠠ ᠪᠠᠷ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ | ᠳᠣᠣᠷ᠎ᠠ ᠪᠠᠶᠢᠨ᠎ᠠ᠃ ᠳᠥᠷᠪᠡ ᠳᠤ ᠬᠥᠭᠵᠢᠯᠲᠡ ᠶᠢᠨ ᠠᠷᠭ᠎ᠠ ᠬᠡᠯᠪᠡᠷᠢ ᠪᠦᠳᠦᠭᠦᠯᠢᠭ ᠪᠠᠶᠢᠨ᠎ᠠ᠂ ᠡᠬᠢ ᠪᠠᠶᠠᠯᠢᠭ ᠢ | ᠠᠷᠪᠢᠲᠠᠢ ᠡᠷᠴᠢᠮᠲᠡᠢ ᠠᠰᠢᠭᠯᠠᠬᠤ ᠬᠢᠷᠢ ᠲᠦᠪᠰᠢᠨ ᠥᠨᠳᠥᠷ ᠪᠢᠰᠢ᠂ ᠨᠡᠭᠦᠷᠡᠰᠦᠳᠦ᠋ᠷᠦᠭᠴᠢ ᠶᠢᠨ | ᠭᠠᠳᠠᠭᠰᠢᠯᠠᠭᠤᠯᠤᠯᠲᠠ ᠶᠢᠨ ᠬᠦᠴᠦᠯᠡᠴᠡ᠂ ᠡᠨᠧᠷᠬᠢ ᠶᠢᠨ ᠬᠤᠷᠣᠭᠳᠠᠯ ᠤᠨ ᠬᠦᠴᠦᠯᠡᠴᠡ ᠪᠦᠬᠦ ᠤᠯᠤᠰ ᠤᠨ | ᠳᠤᠮᠳᠠᠴᠢ ᠬᠢᠷᠢ ᠲᠦᠪᠰᠢᠨ ᠠᠴᠠ ᠬᠤᠯᠡ ᠥᠨᠳᠥᠷ ᠪᠠᠶᠢᠵᠤ᠂ ᠨᠢᠭᠡᠴᠢ GDP ᠤᠰᠤᠨ ᠤ ᠬᠤᠷᠣᠭᠳᠠᠯ ᠪᠦᠬᠦ | ᠤᠯᠤᠰ ᠤᠨ ᠳᠤᠮᠳᠠᠴᠢ ᠬᠢᠷᠢ ᠲᠦᠪᠰᠢᠨ ᠤ 1.6 ᠳᠠᠬᠢᠨ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠮᠦ | ᠪᠦᠷᠢ ᠶᠢᠨ ᠠᠰᠢᠭᠯᠠᠮᠵᠢ ᠪᠠ ᠦᠢᠯᠡᠳᠬᠦᠨ ᠤ ᠥᠷᠲᠡᠭ ᠨᠢ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ | ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ ᠲᠠᠪᠤ ᠳᠤ ᠲᠦᠭᠰᠢᠭᠦᠷᠢ ᠶᠢᠨ ᠳᠠᠯᠳᠠ ᠭᠡᠮ ᠤᠯᠠᠨ ᠪᠠᠶᠢᠨ᠎ᠠ᠂ ᠢᠯᠠᠩᠭᠤᠶ᠎ᠠ | ᠣᠷᠣᠨ ᠨᠤᠲᠤᠭ ᠤᠨ ᠥᠷᠢ ᠥᠭᠴᠡᠭᠡ᠂ ᠮᠥᠩᠭᠦᠨ ᠭᠦᠢᠯᠭᠡᠭᠡ᠂ ᠭᠡᠷ ᠪᠠᠶᠢᠰᠢᠩ ᠭᠠᠵᠠᠷ ᠬᠥᠷᠥᠩᠭᠡ ᠵᠡᠷᠭᠡ | ᠬᠦᠷᠢᠶᠡᠨ ᠳᠤ ᠡᠳᠦᠢ ᠲᠡᠳᠦᠢ ᠬᠠᠭᠤᠴᠢᠨ ᠠᠰᠠᠭᠤᠳᠠᠯ ᠣᠷᠣᠰᠢᠵᠤ᠂ ᠡᠳᠦᠢ ᠲᠡᠳᠦᠢ ᠰᠢᠨ᠎ᠡ ᠪᠠᠶᠢᠳᠠᠯ ᠲᠤᠯᠭᠠᠷᠠᠵᠤ | ᠪᠠᠶᠢᠭ᠎ᠠ ᠮᠥᠷᠲᠡᠭᠡᠨ ᠳᠠᠪᠬᠤᠴᠠᠯ ᠲᠦᠭᠰᠢᠭᠦᠷᠢ ᠪᠠ ᠬᠤᠯᠪᠣᠭᠳᠠᠯ ᠨᠥᠯᠥᠭᠡ ᠲᠠᠢ ᠪᠠᠶᠢᠬᠤ ᠶᠢ ᠣᠮᠲᠣᠭᠠᠶᠢᠯᠠᠵᠤ | ᠪᠣᠯᠣᠰᠢ ᠦᠭᠡᠢ᠃ ᠬᠥᠭᠵᠢᠯᠲᠡ ᠶᠢᠨ ᠠᠵᠠ ᠲᠣᠬᠢᠶᠠᠯ ᠢ ᠬᠢᠴᠢᠶᠡᠬᠦ ᠦᠭᠡᠢ ᠪᠣᠯ ᠬᠤᠷᠤᠮᠬᠠᠨ ᠵᠠᠭᠤᠷ᠎ᠠ ᠠᠯᠳᠠᠨ᠎ᠠ᠂ | ᠠᠳᠬᠤᠵᠤ ᠳᠡᠶᠢᠯᠪᠡᠯ ᠰᠢᠨ᠎ᠡ ᠪᠠᠶᠢᠳᠠᠯ ᠢ ᠨᠡᠭᠡᠭᠡᠨ᠎ᠡ︔ ᠠᠰᠠᠭᠤᠳᠠᠯ ᠪᠠ ᠥᠷᠢᠰᠦᠯᠳᠦᠭᠡᠨ ᠠᠴᠠ ᠵᠠᠶᠢᠯᠠᠵᠤ | ᠬᠤᠯᠠᠳᠴᠤ ᠳᠡᠶᠢᠯᠬᠦ ᠦᠭᠡᠢ᠂ ᠰᠠᠶᠢᠲᠤᠷ ᠰᠢᠢᠳᠪᠦᠷᠢᠯᠡᠵᠦ ᠰᠠᠶᠢᠬᠠᠨ ᠠᠷᠭᠠᠴᠠᠭᠠᠵᠤ ᠳᠡᠶᠢᠯᠪᠡᠯ ᠰᠢᠨ᠎ᠡ ᠠᠵᠠ | ᠲᠣᠬᠢᠶᠠᠯ ᠲᠠᠢ ᠪᠣᠯᠣᠨ᠎ᠠ᠃ ᠪᠢᠳᠡ ᠵᠠᠪᠠᠯ ᠠᠵᠠ ᠳᠤᠬᠢᠶᠠᠯ ᠢ ᠵᠠᠪᠳᠤᠨ ᠠᠳᠬᠤᠬᠤ ᠳᠤᠮᠳᠠ ᠳᠠᠪᠠᠭᠤᠯᠢᠭ ᠢᠶᠠᠨ | ᠪᠠᠳᠠᠷᠠᠭᠤᠯᠵᠤ᠂ ᠳᠠᠪᠠᠭᠤᠯᠢᠭ ᠲᠠᠯ᠎ᠠ ᠪᠠᠨ ᠳᠠᠪᠲᠠᠵᠤ᠂ ᠥᠷᠢᠰᠦᠯᠳᠦᠭᠡᠨ ᠢ ᠠᠷᠭᠠᠴᠠᠭᠠᠬᠤ ᠳᠤᠮᠳᠠ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠤᠨ᠂ ᠳᠤᠲᠠᠭᠤᠳᠠᠯ ᠢᠶᠠᠨ ᠨᠥᠬᠦᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠠᠵᠤ | ᠠᠬᠤᠢ ᠶᠢᠨ ᠶᠡᠷᠦᠩᠬᠡᠢ ᠬᠡᠮᠵᠢᠶ᠎ᠡ ᠪᠠᠨ ᠶᠡᠬᠡᠰᠬᠡᠵᠦ᠂ ᠠᠵᠤ ᠠᠬᠤᠢ ᠶᠢᠨ ᠪᠠᠶᠢᠷᠢᠰᠢᠯ ᠢᠶᠠᠨ ᠰᠢᠯᠢᠳᠡᠭᠵᠢᠭᠦᠯᠵᠦ᠂ ᠠᠵᠤ | ᠠᠬᠤᠢ ᠶᠢᠨ ᠪᠦᠲᠦᠴᠡ ᠪᠠᠨ ᠲᠣᠬᠢᠷᠠᠭᠤᠯᠤᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ | ᠭᠤᠶᠢᠪᠢᠰᠢ ᠦᠭᠡᠢ ᠵᠠᠮᠨᠠᠬᠤ ᠬᠡᠷᠡᠭᠲᠡᠢ᠃ | ᠢᠷᠡᠭᠡᠳᠦᠢ ᠶᠢᠨ ᠲᠠᠪᠤᠨ ᠵᠢᠯ ᠳᠠᠬᠢ ᠮᠠᠨ ᠤ ᠣᠷᠣᠨ ᠤ ᠬᠥᠭᠵᠢᠯᠲᠡ ᠶᠢᠨ ᠲᠠᠯ᠎ᠠ ᠪᠠᠷ᠂ ᠥᠪᠡᠷᠲᠡᠭᠡᠨ ᠵᠠᠰᠠᠬᠤ | ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠠᠷᠪᠠᠨ ᠨᠢᠭᠡᠳᠦᠭᠡᠷ | ᠬᠤᠭᠤᠴᠠᠭᠠᠨ ᠤ ᠨᠠᠮ ᠤᠨ ᠬᠤᠷᠢᠶᠠᠨ ᠤ ᠤᠳᠠᠭ᠎ᠠ ᠪᠦᠷᠢ ᠶᠢᠨ ᠪᠦᠬᠦᠳᠠ ᠬᠤᠷᠠᠯ ᠪᠠ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠦᠪᠵᠢᠭᠦᠯᠭᠡ ᠳᠤ ᠨᠢᠭᠡᠨᠲᠡ ᠲᠣᠳᠣᠷᠬᠠᠢ ᠪᠠᠶᠢᠷᠢᠯᠠᠭᠤᠯᠤᠯᠲᠠ ᠬᠢᠪᠡ᠂ ᠵᠠᠰᠠᠭ ᠤᠨ | ᠣᠷᠳᠣᠨ ᠤ ᠠᠵᠢᠯ ᠤᠨ ᠲᠡᠷᠢᠭᠦᠨ ᠴᠢᠬᠤᠯᠠ ᠡᠭᠦᠷᠭᠡ ᠬᠠᠷᠢᠭᠤᠴᠠᠯᠭ᠎ᠠ ᠪᠣᠯ ᠡᠳᠡᠭᠡᠷ ᠬᠠᠷᠠᠯᠲᠠ ᠡᠭᠦᠷᠭᠡ ᠶᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠪᠣᠳᠠᠲᠠᠢ ᠪᠦᠲᠦᠮᠵᠢ ᠭᠠᠷᠭᠠᠨ᠎ᠠ᠂ ᠴᠢᠬᠤᠯᠠ ᠠᠴᠠ ᠴᠢᠬᠤᠯᠠ ᠶᠠᠪᠤᠳᠠᠯ | ᠪᠣᠯ ᠶᠡᠷᠦᠩᠬᠡᠢ ᠱᠦᠵᠢ ᠰᠢ ᠶᠢᠨ ᠫᠢᠩ ᠠᠴᠠ ᠥᠪᠥᠷ ᠮᠣᠩᠭᠤᠯ ᠳᠤ ᠲᠤᠰᠢᠶᠠᠵᠤ ᠥᠭᠭᠦᠭᠰᠡᠨ ᠲᠠᠪᠤᠨ ᠶᠡᠭᠡ | ᠡᠭᠦᠷᠭᠡ ᠶᠢ ᠰᠠᠶᠢᠲᠤᠷ ᠪᠡᠶᠡᠯᠡᠭᠦᠯᠦᠨ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠰᠠᠶᠢᠲᠤᠷ ᠪᠦᠲᠦᠭᠡᠨ | ᠪᠠᠶᠢᠭᠤᠯᠬᠤ ᠳᠤ ᠪᠣᠢ᠃ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠶᠡᠷᠦᠩᠬᠡᠢ ᠱᠦᠵᠢ | ᠰᠢ ᠶᠢᠨ ᠫᠢᠩ ᠤᠨ ᠤᠳᠤᠷᠢᠳᠤᠯᠭ᠎ᠠ ᠵᠢᠯᠣᠭᠤᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠳᠠᠭᠠᠭᠤᠯᠭ᠎ᠠ ᠳᠣᠣᠷ᠎ᠠ᠂ ᠪᠦᠬᠦ ᠣᠷᠣᠨ ᠤ ᠦᠨᠳᠦᠰᠦᠲᠡᠨ ᠨᠦᠭᠦᠳ ᠤᠨ 2400 ᠲᠦᠮᠡ ᠭᠠᠷᠤᠢ ᠠᠷᠠᠳ ᠲᠦᠮᠡᠨ | ᠯᠠᠪᠲᠠᠶᠢᠶ᠎ᠠ ᠪᠠᠲᠤ ᠴᠢᠩᠭ᠎ᠠ ᠢᠲᠡᠭᠡᠯ ᠵᠣᠷᠢᠭ ᠪᠠ ᠡᠷᠬᠢᠮ ᠳᠡᠭᠡᠳᠦ ᠡᠭᠦᠷᠭᠡᠲᠦ ᠰᠡᠳᠬᠢᠯᠭᠡ ᠶᠢ ᠡᠪᠦᠷᠯᠡᠨ᠂ ᠲᠠᠪᠤᠨ | ᠵᠢᠯ ᠤᠨ ᠴᠢᠷᠮᠠᠶᠢᠯᠭ᠎ᠠ ᠪᠠᠷ ᠳᠠᠮᠵᠢᠨ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠨ 3 ᠲᠦᠮᠡᠨ ᠳ᠋ᠦᠩᠰᠢᠭᠤᠷ | ᠲᠥᠭᠦᠷᠢᠭ ᠤᠨ ᠶᠡᠭᠡ ᠪᠣᠭᠤᠮᠲᠠ ᠶᠢ ᠳᠠᠪᠠᠭᠤᠯᠵᠤ᠂ ᠬᠥᠭᠵᠢᠯᠲᠡ ᠶᠢᠨ ᠶᠠᠰᠤ ᠴᠢᠨᠠᠷ ᠢᠶᠠᠨ ᠲᠡᠦᠬᠡᠲᠦ ᠴᠢᠨᠠᠷᠲᠠᠢ | ᠱᠠᠲᠤᠨ ᠳᠤ ᠣᠷᠣᠭᠤᠯᠤᠨ᠂ ︽ᠬᠤᠶᠠᠷ ᠬᠠᠯᠬᠠᠪᠴᠢ︾ ᠶᠢ ᠨᠡᠩ ᠪᠠᠲᠤ ᠪᠠᠬᠢᠵᠢᠭᠦᠯᠵᠦ᠂ ︽ᠬᠤᠶᠠᠷ ᠰᠠᠭᠤᠷᠢᠨ︾ | ᠤ ᠬᠡᠮᠵᠢᠶ᠎ᠡ ᠴᠢᠨᠠᠷ ᠢ ᠵᠡᠷᠭᠡ ᠳᠤ ᠨᠢ ᠳᠡᠭᠡᠭᠰᠢᠯᠡᠭᠦᠯᠦᠨ᠂ ︽ᠬᠥᠭᠦᠷᠭᠡᠨ ᠪᠠᠬᠢᠯᠡᠯᠲᠡ︾ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠭᠡᠬᠦ ᠡᠨᠡ ᠬᠦ ᠲᠤᠭ ᠤᠨ ᠢᠷᠠᠭᠤ ᠠᠯᠳᠠᠷ ᠢ ᠨᠡᠩ | ᠥᠨᠳᠥᠷ ᠮᠠᠨᠳᠤᠭᠤᠯᠤᠨ᠎ᠠ ᠭᠡᠳᠡᠭ ᠲᠤ ᠪᠢᠳᠠ ᠪᠠᠲᠤ ᠢᠲᠡᠭᠡᠯ ᠲᠠᠢ ᠪᠠᠶᠢᠨ᠎ᠠ᠃ | ᠭᠤᠷᠪᠠ᠂ 2023 ᠣᠨ ᠤ ᠭᠤᠣᠯᠳᠠᠯᠭ᠎ᠠ ᠪᠣᠯᠬᠤ ᠠᠵᠢᠯ ᠤᠨ ᠡᠭᠦᠷᠭᠡ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠳᠠ ᠶᠢᠨ ᠵᠢᠯ ᠪᠣᠯᠣᠨ᠎ᠠ᠂ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ | ᠨᠢᠭᠡᠳᠦᠭᠡᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ | ᠶᠣᠰᠣᠭᠠᠷ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 6% ᠣᠷᠴᠢᠮ ᠨᠡᠮᠡᠭᠳᠡᠭᠦᠯᠵᠦ᠂ ᠪᠣᠳᠠᠲᠠᠢ | ᠠᠵᠢᠯ ᠤᠨ ᠶᠠᠪᠤᠴᠠ ᠳᠤ ᠤᠯᠠᠮ ᠰᠠᠶᠢᠨ ᠬᠢᠷᠢ ᠪᠦᠲᠦᠮᠵᠢ ᠣᠯᠬᠤ ᠪᠠᠷ ᠴᠢᠷᠮᠠᠶᠢᠨ᠎ᠠ︔ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠢ 7% ᠠᠴᠠ ᠳᠡᠭᠡᠭᠰᠢ ᠨᠡᠮᠡᠭᠳᠡᠭᠦᠯᠤᠨ᠎ᠡ︔ ᠲᠣᠭᠲᠠᠮᠠᠯ | ᠬᠥᠷᠥᠩᠭᠡ ᠶᠢᠨ ᠪᠡᠯᠡ ᠤᠷᠤᠭᠤᠯᠤᠯᠳᠠ ᠶᠢ 10% ᠠᠴᠠ ᠳᠡᠭᠡᠭᠰᠢ ᠨᠡᠮᠡᠭᠳᠡᠭᠦᠯᠦᠨ᠎ᠡ︔ ᠬᠤᠳᠠ ᠪᠠᠯᠭᠠᠰᠤᠨ ᠤ | ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠤᠷᠮ᠎ᠠ ᠶᠢ 6% ᠣᠷᠴᠢᠮ ᠪᠠᠶᠢᠯᠭᠠᠵᠤ᠂ ᠬᠤᠳᠠ ᠪᠠᠯᠭᠠᠰᠤᠨ ᠤ | ᠠᠵᠢᠯ ᠣᠯᠣᠭᠰᠠᠳ ᠢ 20 ᠲᠦᠮᠡ ᠭᠠᠷᠤᠢ ᠰᠢᠨ᠎ᠡ ᠪᠠᠷ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ ᠬᠡᠷᠡᠭᠯᠡᠭᠡ ᠶᠢᠨ | ᠦᠨ᠎ᠡ ᠬᠠᠩᠰᠢ ᠶᠢᠨ ᠥᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠤ ᠪᠠᠨ ᠠᠳᠠᠯᠢ ᠪᠠᠶᠢᠯᠭᠠᠨ᠎ᠠ︔ | ᠡᠨᠧᠷᠬᠢ ᠶᠢᠨ ᠬᠤᠷᠣᠭᠳᠠᠯ ᠤᠨ ᠬᠦᠴᠦᠯᠡᠴᠡ ᠪᠠ ᠪᠣᠬᠢᠷᠳᠤᠯ ᠢ ᠭᠠᠳᠠᠭᠰᠢᠯᠠᠭᠤᠯᠬᠤ ᠪᠠᠨ ᠪᠠᠭᠠᠰᠬᠠᠬᠤ ᠭᠦᠢᠴᠡᠳᠬᠡᠯ | ᠲᠤᠭ᠎ᠠ ᠶᠢ ᠤᠯᠤᠰ ᠤᠨ ᠱᠠᠭᠠᠷᠳᠠᠯᠭ᠎ᠠ ᠶᠣᠰᠣᠭᠠᠷ ᠲᠣᠬᠢᠷᠠᠭᠤᠯᠤᠨ᠎ᠠ᠃ ᠡᠳᠡᠭᠡᠷ ᠬᠠᠷᠠᠯᠲᠠ ᠳᠤ ᠨᠠᠮ ᠤᠨ ᠲᠥᠪ | ᠬᠤᠷᠢᠶᠠᠨ ᠤ ᠠᠵᠤ ᠠᠬᠤᠢ ᠶᠢᠨ ᠠᠵᠢᠯᠯᠠᠭᠠᠨ ᠢᠶᠠᠨ ᠪᠦᠬᠦᠯᠢ ᠴᠣᠭᠴᠠ ᠪᠠᠷ ᠰᠠᠶᠢᠵᠢᠷᠠᠭᠤᠯᠵᠤ ᠠᠬᠢᠭᠤᠯᠬᠤ ᠴᠢᠬᠤᠯᠠ | ᠱᠠᠭᠠᠷᠳᠠᠯᠭ᠎ᠠ ᠶᠢ ᠲᠤᠭᠤᠰᠢᠯᠠᠭᠤᠯᠵᠤ᠂ ᠥᠪᠥᠷ ᠮᠣᠩᠭᠤᠯ ᠤᠨ ᠲᠦᠷᠭᠡᠨ ᠬᠥᠭᠵᠢᠯᠲᠡ᠂ ᠴᠢᠨᠠᠷ ᠰᠠᠶᠢᠲᠠᠢ | ᠬᠥᠭᠵᠢᠯᠲᠡ ᠶᠢᠨ ᠪᠣᠳᠠᠲᠤ ᠬᠡᠷᠡᠭᠴᠡᠭᠡ ᠶᠢ ᠪᠣᠳᠣᠯᠬᠢᠯᠠᠪᠠ᠃ ᠡᠨᠡ ᠵᠢᠯ ᠤᠨ ᠬᠥᠭᠵᠢᠯᠲᠡ ᠶᠢᠨ ᠣᠷᠴᠢᠨ ᠨᠥᠬᠦᠴᠡᠯ | ᠪᠠᠰᠠ ᠮᠠᠰᠢ ᠶᠡᠭᠡ ᠲᠣᠭᠲᠠᠪᠤᠷᠢ ᠦᠭᠡᠢ ᠴᠢᠨᠠᠷ ᠲᠠᠢ ᠪᠠᠶᠢᠨ᠎ᠠ᠂ ᠮᠠᠨ ᠤ ᠣᠷᠣᠨ ᠤ ᠠᠵᠤ ᠠᠬᠤᠢ ᠮᠥᠨ ᠯᠠ | ᠨᠡᠯᠢᠶᠡᠳ ᠶᠡᠭᠡ ᠪᠠᠭᠤᠷᠠᠯᠲᠠ ᠶᠢᠨ ᠳᠠᠷᠤᠯᠲᠠ ᠳᠤ ᠲᠤᠯᠭᠠᠷᠠᠵᠤ᠂ ᠡᠳᠡᠭᠡᠷ ᠬᠠᠷᠠᠯᠲᠠ ᠶᠢ ᠪᠡᠶᠡᠯᠡᠭᠦᠯᠬᠦ ᠳᠤ ᠳᠠᠷᠤᠯᠲᠠ | ᠪᠠ ᠳᠠᠷᠤᠭᠠᠰᠤ ᠶᠢ ᠳᠠᠭᠠᠭᠠᠵᠤ ᠡᠭᠦᠷᠭᠡᠯᠡᠨ᠂ ᠥᠨᠳᠥᠷ ᠪᠠᠷᠢᠮᠵᠢᠶᠠᠨ ᠳᠤ ᠬᠦᠷᠭᠡᠬᠦ ᠪᠠᠷ ᠴᠢᠷᠮᠠᠶᠢᠬᠤ ᠴᠢᠬᠤᠯᠠᠲᠠᠢ ᠶᠤᠮ᠃ | ᠪᠢᠳᠡ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠨ᠂ ᠡᠷᠴᠢ ᠵᠣᠷᠢᠭ ᠢᠶᠠᠨ ᠴᠢᠩᠭᠠᠯᠠᠨ ᠬᠥᠪᠴᠢᠯᠡᠵᠦ᠂ | ᠬᠥᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠨ᠂ ᠬᠥᠭᠵᠢᠯᠲᠡ ᠶᠢ ᠴᠠᠯᠠᠭᠠᠶᠢᠷᠠᠯ ᠦᠭᠡᠢ ᠲᠦᠷᠭᠡᠳᠬᠡᠵᠦ᠂ ᠠᠤᠭ᠎ᠠ | ᠬᠦᠰᠡᠯ ᠡᠷᠡᠯᠬᠡᠭ ᠵᠣᠷᠢᠭ ᠢᠶᠠᠷ ᠶᠡᠷᠦᠩᠬᠡᠢ ᠬᠡᠮᠵᠢᠶ᠎ᠡ ᠪᠠᠨ ᠶᠡᠬᠡᠰᠬᠡᠨ᠂ ᠰᠠᠭᠤᠷᠢ ᠪᠠᠨ ᠪᠠᠬᠢᠵᠢᠭᠦᠯᠬᠦ ᠬᠡᠷᠡᠭᠲᠡᠢ᠃ | ᠡᠭᠦᠨ ᠳᠤ ᠭᠤᠣᠯᠳᠠᠭᠤ ᠳᠣᠣᠷᠠᠬᠢ ᠠᠵᠢᠯ ᠢ ᠰᠠᠶᠢᠲᠤᠷ ᠠᠳᠬᠤᠨ᠎ᠠ᠃ | ︵ᠨᠢᠭᠡ︶ ︽ᠲᠣᠭᠲᠠᠭᠤᠨ ᠡᠬᠢᠯᠡᠭᠦᠯᠵᠦ᠂ ᠤᠷᠤᠭᠰᠢᠲᠠᠢ ᠡᠬᠢᠯᠡᠭᠦᠯᠬᠦ︾ ᠶᠢ ᠴᠢᠷᠮᠠᠶᠢᠨ ᠪᠡᠶᠡᠯᠡᠭᠦᠯᠵᠦ᠂ | ᠲᠣᠭᠲᠠᠭᠤᠨ ᠪᠠᠶᠢᠯᠭᠠᠬᠤ ᠶᠢᠨ ᠳᠠᠭᠠᠤ ᠠᠬᠢᠯᠲᠠ ᠲᠠᠢ ᠪᠣᠯᠭᠠᠵᠦ᠂ ᠪᠦᠬᠦᠯᠢ ᠴᠣᠭᠴᠠ ᠪᠠᠷ ᠰᠠᠶᠢᠵᠢᠷᠠᠬᠤ | ᠬᠥᠭᠵᠢᠯᠲᠡ ᠶᠢᠨ ᠬᠠᠨᠳᠤᠰᠢ ᠶᠢ ᠪᠠᠲᠤᠯᠠᠨ᠎ᠠ᠃ ᠨᠢᠳᠤᠨᠤᠨ ᠤ ᠨᠢᠭᠡᠳᠦᠭᠡᠷ ᠤᠯᠠᠷᠢᠯ ᠳᠤ ᠪᠦᠬᠦ ᠣᠷᠣᠨ ᠤ ᠠᠵᠤ | ᠠᠬᠤᠢ 5.8% ᠨᠡᠮᠡᠭᠳᠡᠵᠦ᠂ ᠡᠨᠡ ᠵᠢᠯ ᠳᠤ ᠡᠨᠡ ᠬᠦ ᠥᠨᠳᠥᠷ ᠰᠠᠭᠤᠷᠢ ᠲᠣᠭᠠᠨ ᠤ ᠳᠡᠭᠡᠷ᠎ᠡ ᠰᠠᠶᠢᠨ | ᠡᠬᠢᠯᠡᠯᠳᠠ ᠲᠠᠢ ᠪᠣᠯᠭᠠᠬᠤ ᠨᠢ ᠲᠡᠶᠢᠮᠦ ᠬᠢᠯᠪᠠᠷ ᠶᠠᠪᠤᠳᠠᠯ ᠪᠢᠰᠢ ᠪᠠᠶᠢᠵᠤ᠂ ᠡᠷᠬᠡᠪᠰᠢ ᠡᠬᠢᠯᠡᠮᠡᠭᠴᠡ ᠪᠠᠨ 6% | ᠣᠷᠴᠢᠮ ᠤᠨ ᠨᠡᠮᠡᠭᠳᠡᠯ ᠤᠨ ᠬᠠᠷᠠᠯᠲᠠ ᠶᠢ ᠲᠣᠭᠲᠠᠭᠠᠨ᠂ ᠢᠳᠡ ᠲᠠᠢ ᠡᠬᠢᠯᠡᠭᠦᠯᠵᠦ ᠢᠳᠡᠷᠡᠭᠦᠨ ᠤᠷᠤᠭᠰᠢᠯᠠᠬᠤ ᠶᠢ | ᠴᠢᠷᠮᠠᠶᠢᠨ ᠪᠡᠶᠡᠯᠡᠭᠦᠯᠬᠦ ᠬᠡᠷᠡᠭᠲᠡᠢ᠃ | ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠠᠳᠬᠤᠨ᠎ᠠ᠃ ︽ᠪᠡᠯᠡ ᠣᠷᠤᠭᠤᠯᠤᠯᠲᠠ᠂ ᠬᠡᠷᠡᠭᠯᠡᠭᠡ᠂ | ᠭᠠᠳᠠᠭᠰᠢ ᠭᠠᠷᠭᠠᠯᠲᠠ︾ ᠶᠢᠨ ᠳᠣᠲᠣᠷ᠎ᠠ᠂ ᠮᠠᠨ ᠤ ᠣᠷᠣᠨ ᠤ ᠬᠡᠷᠡᠭᠯᠡᠭᠡ ᠶᠢᠨ ᠬᠡᠮᠵᠢᠶ᠎ᠡ ᠠᠨᠠᠢ᠂ ᠭᠠᠳᠠᠭᠰᠢ | ᠭᠠᠷᠭᠠᠯᠲᠠ ᠪᠠᠭ᠎ᠠ ᠪᠣᠯᠬᠤᠷ᠂ ᠬᠠᠮᠤᠭ ᠤᠨ ᠪᠣᠳᠠᠲᠠᠢ ᠰᠣᠩᠭᠤᠯᠲᠠ ᠪᠣᠯ ᠪᠡᠯᠡ ᠤᠷᠤᠭᠤᠯᠤᠯᠳᠠ ᠳᠤ ᠲᠦᠰᠢᠭᠯᠡᠨ | ᠬᠡᠮᠵᠢᠶ᠎ᠡ ᠶᠢ ᠨᠡᠮᠡᠭᠳᠡᠭᠦᠯᠵᠦ᠂ ᠪᠦᠲᠦᠴᠡ ᠶᠢ ᠰᠢᠯᠢᠳᠡᠭᠵᠢᠭᠦᠯᠬᠦ ᠪᠣᠯᠣᠨ᠎ᠠ᠃ ᠦᠨᠳᠦᠰᠦᠨ ᠪᠠᠶᠢᠳᠠᠯ ᠪᠣᠯ 6300 | ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠦᠨ᠎ᠡ᠂ ᠭᠤᠣᠯᠳᠠᠯᠭ᠎ᠠ ᠨᠢ ᠣᠳᠣ ᠦᠶ᠎ᠡ ᠶᠢᠨ | ᠡᠨᠧᠷᠬᠢ ᠶᠢᠨ ᠠᠵᠤ ᠠᠬᠤᠢ᠂ ᠲᠡᠷᠢᠭᠦᠨ ᠤ ᠦᠢᠯᠡᠳᠬᠦ ᠦᠢᠯᠡᠰ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠪᠠ ᠣᠷᠣᠨ ᠪᠦᠰᠡ ᠶᠢᠨ ᠭᠤᠣᠯ ᠲᠥᠪ ᠪᠣᠯᠬᠤ ᠬᠤᠳᠠ᠂ ᠰᠠᠭᠤᠷᠢ | ᠪᠡᠯᠡᠳᠬᠡᠮᠵᠢ ᠶᠢᠨ ᠪᠣᠷᠣ ᠲᠥᠯᠥᠪ᠂ ᠤᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠤᠨ ᠬᠦᠷᠢᠶᠡᠨ ᠳᠤ ᠡᠳᠦᠢ | ᠲᠡᠳᠦᠢ ᠶᠡᠭᠡ ᠲᠦᠷᠦᠯ ᠵᠦᠢᠯ᠂ ᠰᠠᠶᠢᠨ ᠲᠦᠷᠦᠯ ᠵᠦᠢᠯ ᠢ ᠠᠳᠬᠤᠨ᠎ᠠ᠃ ᠵᠠᠮ ᠬᠠᠷᠢᠯᠴᠠᠭᠠᠨ ᠤ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠯᠠᠪᠳᠠᠭᠤᠨ ᠪᠠᠲᠤᠲᠠᠢ ᠠᠬᠢᠭᠤᠯᠤᠨ᠂ ᠵᠢᠨᠢᠩ | ᠳ᠋ᠠᠲ᠋ᠦ᠋ᠩ ᠶᠤᠸᠠᠨᠫᠢᠩ᠂ ᠪᠤᠭᠤᠲᠤ ᠢᠷᠭᠠᠢ᠂ ᠲᠠᠶᠢᠽᠢ ᠰᠢᠯᠢ ᠶᠢᠨ ᠬᠤᠲᠠ ᠵᠡᠷᠭᠡ ᠲᠦᠷᠦᠯ ᠵᠦᠢᠯ ᠤᠨ ᠠᠬᠢᠴᠠ ᠶᠢ | ᠲᠦᠷᠭᠡᠳᠬᠡᠨ᠂ ᠣᠷᠳᠣᠰ ᠲᠡᠮᠡᠭᠡᠲᠦ ᠶᠠᠨ ᠠᠨ ᠤ ᠲᠦᠷᠭᠡᠨ ᠤ ᠲᠡᠮᠦᠷ ᠵᠠᠮ ᠤᠨ ᠪᠠᠷᠢᠯᠭ᠎ᠠ ᠶᠢ ᠡᠬᠢᠯᠡᠭᠦᠯᠦᠨ | ᠪᠠᠶᠢᠭᠤᠯᠵᠤ᠂ ᠪᠤᠭᠤᠲᠤ ᠣᠷᠳᠣᠰ᠂ ᠵᠢᠨᠢᠩ ᠲᠦᠩᠯᠢᠶᠣᠣ ᠴᠠᠩᠴᠦ᠋ᠨ᠂ ᠴᠢᠴᠢᠬᠠᠷ ᠤᠯᠠᠭᠠᠨᠬᠤᠲᠠ ᠲᠦᠩᠯᠢᠶᠣᠣ᠂ | ᠴᠢᠴᠢᠬᠠᠷ ᠬᠠᠶᠢᠯᠠᠷ ᠮᠠᠨᠵᠤᠤᠷ ᠤᠨ ᠲᠦᠷᠭᠡᠨ ᠤ ᠲᠡᠮᠦᠷ ᠵᠠᠮ ᠵᠢᠴᠢ ᠢᠮᠢᠨ ᠢᠷᠱᠢ᠂ ᠯᠢᠨᠾᠧ ᠬᠠᠮᠢ ᠶᠢᠨ ᠲᠡᠮᠦᠷ | ᠵᠠᠮ ᠢ ᠥᠭᠡᠷᠡᠴᠢᠯᠡᠨ ᠰᠢᠨᠡᠳᠬᠡᠬᠦ ᠵᠡᠷᠭᠡ ᠡᠬᠢᠨ ᠤ ᠬᠤᠭᠤᠴᠠᠭᠠᠨ ᠳᠠᠬᠢ ᠠᠵᠢᠯ ᠢ ᠱᠠᠯᠠᠪᠳᠠᠨ ᠠᠬᠢᠭᠤᠯᠵᠤ᠂ ᠲᠡᠮᠦᠷ | ᠵᠠᠮ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ 1700 ᠺᠢᠯᠤᠮᠧᠲᠷ᠂ ᠲᠦᠷᠭᠡᠨ ᠤ ᠲᠡᠮᠦᠷ ᠵᠠᠮ ᠢ 470 | ᠺᠢᠯᠤᠮᠧᠲᠷ ᠲᠤ ᠬᠦᠷᠭᠡᠬᠦ ᠪᠠᠷ ᠬᠦᠴᠦᠯᠡᠨ ᠴᠢᠷᠮᠠᠶᠢᠨ᠎ᠠ︔ G5511 ᠶᠡᠭᠡ ᠨᠡᠪᠳᠡᠷᠡᠯ ᠵᠠᠮ᠂ G331 ᠬᠢᠯᠢ | ᠳᠠᠭᠠᠤ ᠶᠢᠨ ᠵᠠᠰᠠᠮᠠᠯ ᠵᠠᠮ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠤᠯᠤᠰ | ᠮᠤᠵᠢ ᠶᠢᠨ ᠭᠤᠣᠯ ᠱᠤᠭᠤᠮ ᠤᠨ 15 ︽ᠮᠤᠬᠤᠷ ᠵᠠᠮ︾ ᠢ ᠨᠡᠪᠲᠡᠷᠡᠭᠦᠯᠬᠦ ᠢᠨᠵᠧᠨᠧᠷᠢᠩ ᠢ ᠬᠡᠷᠡᠭᠵᠢᠭᠦᠯᠵᠦ᠂ | ᠲᠦᠮᠡᠨ ᠺᠢᠯᠤᠮᠧᠲᠷ ᠤᠷᠳᠤ ᠵᠠᠰᠠᠮᠠᠯ ᠵᠠᠮ ᠢ ᠠᠵᠢᠯ ᠡᠬᠢᠯᠡᠭᠦᠯᠦᠨ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ︔ | ᠬᠦᠬᠡᠬᠤᠳᠠ ᠰᠢᠨ᠎ᠡ ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ ᠲᠣᠭᠤᠷᠢᠭ᠂ ᠨᠢᠰᠦᠯᠲᠡ ᠶᠢᠨ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ 11 ᠨᠡᠶᠢᠳᠡᠮ ᠬᠡᠷᠡᠭᠯᠡᠭᠡᠨ ᠤ ᠨᠢᠰᠬᠡᠯ ᠤᠨ | ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠪᠢᠳᠡ ᠲᠦᠷᠭᠡᠨ ᠤ ᠲᠡᠮᠦᠷ ᠵᠠᠮ᠂ ᠲᠦᠷᠭᠡᠨ ᠤ | ᠵᠠᠰᠠᠮᠠᠯ ᠵᠠᠮ ᠢ ᠠᠳᠬᠤᠬᠤ ᠪᠠᠷ ᠪᠠᠷᠠᠬᠤ ᠦᠭᠡᠢ᠂ ᠪᠠᠰᠠ ᠨᠢᠭᠡ ᠪᠦᠯᠦᠭ ᠲᠡᠮᠦᠷ ᠵᠠᠮ᠂ ᠵᠠᠰᠠᠮᠠᠯ ᠵᠠᠮ ᠤᠨ ︽ᠮᠤᠬᠤᠷ | ᠵᠠᠮ︾ ᠢ ᠨᠡᠪᠲᠡᠷᠡᠭᠦᠯᠬᠦ ᠠᠵᠢᠯ ᠢ ᠠᠳᠬᠤᠨ᠂ ᠵᠡᠭᠦᠨ ᠪᠠᠷᠠᠭᠤᠨ ᠢ ᠰᠤᠨᠳᠠᠯᠠᠭᠰᠠᠨ᠂ ᠡᠮᠦᠨ᠎ᠡ ᠤᠮᠠᠷ᠎ᠠ ᠶᠢ | ᠬᠤᠯᠪᠣᠭᠰᠠᠨ᠂ ᠪᠡᠭᠡᠵᠢᠩ ᠤᠷᠤᠭᠤ ᠨᠡᠪᠲᠡᠷᠡᠭᠰᠡᠨ᠂ ᠨᠠᠢᠮᠠᠨ ᠮᠤᠵᠢ ᠲᠠᠢ ᠬᠤᠯᠪᠣᠭᠰᠠᠨ᠂ ᠬᠢᠯᠢ ᠬᠢᠵᠠᠭᠠᠷ ᠪᠠ ᠳᠠᠯᠠᠢ | ᠳᠠᠭᠠᠤ ᠬᠦᠷᠬᠦ᠂ ᠬᠤᠳᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠵᠠᠮ ᠬᠠᠷᠢᠯᠴᠠᠭᠠᠨ ᠤ ᠪᠣᠰᠤᠭ᠎ᠠ ᠵᠥᠷᠢᠯᠢᠭ | ᠵᠠᠮ ᠢ ᠪᠦᠬᠦ ᠬᠦᠴᠦ ᠪᠠᠷ ᠢᠶᠠᠨ ᠪᠠᠶᠢᠭᠤᠯᠤᠨ᠎ᠠ᠃ ᠠᠵᠤ ᠦᠢᠯᠡᠰ ᠤᠨ ᠬᠥᠭᠵᠢᠯᠲᠡ ᠲᠠᠢ ᠤᠶᠠᠯᠳᠤᠭᠤᠯᠤᠨ ᠰᠠᠭᠤᠷᠢ | ᠪᠡᠯᠡᠳᠬᠡᠮᠵᠢ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠦᠨ᠂ ᠨᠢᠭᠡ ᠪᠦᠯᠦᠭ ᠬᠦᠷᠢᠶᠡᠯᠡᠩ ᠲᠣᠭᠤᠷᠢᠭ ᠤᠨ ᠲᠡᠮᠦᠷ | ᠵᠠᠮ ᠤᠨ ᠲᠤᠰᠬᠠᠢ ᠱᠤᠭᠤᠮ ᠪᠠ ᠵᠢᠭᠤᠯᠴᠢᠯᠠᠯ ᠤᠨ ᠵᠠᠮ᠂ ᠠᠵᠤ ᠦᠢᠯᠡᠰ ᠤᠨ ᠵᠠᠮ ᠢ ᠲᠥᠯᠥᠪᠵᠢᠭᠦᠯᠦᠨ | ᠪᠠᠶᠢᠭᠤᠯᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠥᠬᠦᠷ | ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠤᠨ᠎ᠠ᠃ ᠵᠡᠭᠦᠨ ᠲᠠᠶᠢᠰᠠ ᠤᠰᠤᠨ ᠴᠦᠬᠦᠷᠦᠮ ᠢ ᠪᠠᠶᠢᠭᠤᠯᠵᠤ᠂ ᠴᠤᠤᠯ | ᠭᠤᠣᠯ ᠤᠨ ᠤᠰᠤ ᠶᠢ ᠲᠠᠲᠠᠵᠤ ᠯᠢᠶᠤᠤ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭ᠎ᠠ᠂ | ᠪᠣᠷᠣᠳᠣᠬᠤᠢ ᠶᠢᠨ ᠤᠰᠤᠯᠠᠯᠲᠠ ᠶᠢᠨ ᠣᠷᠣᠨ ᠢ ᠥᠭᠡᠷᠡᠴᠢᠯᠡᠨ ᠰᠢᠨᠡᠳᠬᠡᠬᠦ ᠵᠡᠷᠭᠡ ᠢᠨᠵᠧᠨᠧᠷᠢᠩ ᠢ ᠠᠬᠢᠭᠤᠯᠤᠨ᠂ | ᠬᠠᠳᠤᠨ ᠭᠤᠣᠯ ᠤᠨ ᠦᠶᠡᠷ ᠢ ᠰᠡᠷᠭᠡᠶᠢᠯᠡᠬᠦ ᠭᠤᠷᠪᠠᠳᠤᠭᠠᠷ ᠬᠤᠭᠤᠴᠠᠭ᠎ᠠ᠂ ᠨᠤᠨ ᠭᠤᠣᠯ ᠤᠨ ᠤᠰᠤ ᠶᠢ ᠲᠠᠲᠠᠵᠤ | ᠰᠢᠯᠢ ᠶᠢᠨ ᠭᠤᠣᠯ ᠢ ᠲᠤᠰᠠᠯᠠᠬᠤ᠂ ᠤᠯᠠᠭᠠᠨᠴᠠᠪ ᠤᠨ ᠬᠤᠳᠠ ᠶᠢᠨ ᠲᠣᠭᠤᠷᠢᠭ ᠲᠤ ᠤᠰᠤ ᠬᠠᠩᠭᠠᠬᠤ ᠵᠡᠷᠭᠡ ᠶᠢᠨ | ᠡᠬᠢᠨ ᠤ ᠬᠤᠭᠤᠴᠠᠭᠠᠨ ᠤ ᠠᠵᠢᠯ ᠢ ᠥᠷᠨᠢᠭᠦᠯᠵᠦ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠦᠶᠡᠷ ᠢ ᠰᠡᠷᠭᠡᠶᠢᠯᠡᠬᠦ ᠭᠠᠮᠰᠢᠭ ᠢ ᠪᠠᠭᠠᠰᠬᠠᠬᠤ᠂ | ᠤᠰᠤᠨ ᠤ ᠡᠬᠢ ᠰᠣᠷᠪᠤᠯᠵᠢ ᠶᠢ ᠲᠣᠬᠢᠷᠠᠭᠤᠯᠬᠤ᠂ ᠤᠰᠤᠨ ᠤ ᠡᠬᠢ ᠰᠣᠷᠪᠤᠯᠵᠢ ᠶᠢ ᠬᠠᠮᠠᠭᠠᠯᠠᠬᠤ ᠵᠡᠷᠭᠡ | ᠴᠢᠳᠠᠮᠵᠢ ᠶᠢ ᠨᠢ ᠨᠢᠭᠡ ᠴᠣᠭᠴᠠᠵᠢᠭᠤᠯᠤᠭᠰᠠᠨ ᠤᠰᠤᠨ ᠤ ᠶᠡᠷᠦᠩᠬᠡᠶᠢᠯᠡᠭᠰᠡᠨ ᠲᠣᠣᠷ ᠢ ᠬᠦᠴᠦᠯᠡᠨ ᠪᠠᠶᠢᠭᠤᠯᠤᠨ᠎ᠠ᠃ | ᠥᠪᠥᠷ ᠮᠣᠩᠭᠤᠯ ᠤᠨ ᠪᠠᠷᠠᠭᠤᠨ ᠬᠡᠰᠡᠭ ᠲᠠᠬᠢ ︽ᠳᠦᠷᠪᠡᠨ ᠬᠥᠨᠳᠡᠯᠡᠨ ᠲᠠᠪᠤᠨ ᠭᠤᠯᠳᠤ︾᠂ ᠥᠪᠥᠷ | ᠮᠣᠩᠭᠤᠯ ᠤᠨ ᠵᠡᠭᠦᠨ ᠬᠡᠰᠡᠭ ᠲᠠᠬᠢ ︽ᠨᠠᠢᠮᠠᠨ ᠬᠥᠨᠳᠡᠯᠡᠨ ᠬᠤᠶᠠᠷ ᠭᠤᠯᠳᠤ︾ ᠴᠠᠬᠢᠯᠭᠠᠨ ᠬᠦᠴᠦᠨ ᠤ ᠭᠤᠣᠯ | ᠲᠣᠣᠷᠵᠢᠯ ᠢ ᠪᠦᠲᠦᠭᠡᠨ ᠪᠠᠶᠢᠭᠤᠯᠵᠤ᠂ ᠰᠢᠨ᠎ᠡ ᠡᠨᠧᠷᠬᠢ ᠶᠢᠨ ᠲᠣᠮᠣ ᠰᠠᠭᠤᠷᠢᠨ ᠭᠠᠵᠠᠷ ᠤᠨ ᠲᠥᠪᠯᠡᠷᠡᠭᠦᠯᠦᠨ | ᠭᠠᠳᠠᠭᠰᠢ ᠬᠦᠷᠭᠡᠬᠦ ᠢᠨᠵᠧᠨᠧᠷᠢᠩ ᠪᠠ ᠪᠣᠬᠢᠷᠳᠤᠯ ᠦᠭᠡᠢ ᠴᠠᠬᠢᠯᠭᠠᠨ᠂ ᠪᠣᠬᠢᠷᠳᠤᠯ ᠦᠭᠡᠢ ᠤᠰᠤᠳᠥ᠋ᠷᠦᠭᠴᠢ ᠶᠢ | ᠪᠡᠭᠡᠵᠢᠩ ᠳᠤ ᠬᠦᠷᠭᠡᠬᠦ ᠰᠢᠨ᠎ᠡ ᠨᠡᠪᠳᠡᠷᠡᠯ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠢᠭᠡ ᠪᠦᠯᠦᠭ | ᠴᠠᠬᠢᠯᠭᠠᠨ ᠴᠡᠨᠡᠭᠯᠡᠬᠦ ᠱᠣᠩ᠂ ᠤᠰᠤᠳᠥ᠋ᠷᠦᠭᠴᠢ ᠨᠡᠮᠡᠬᠦ ᠥᠷᠲᠡᠭᠡ ᠶᠢ ᠪᠠᠶᠢᠷᠢᠰᠢᠭᠤᠯᠤᠨ᠎ᠠ᠃ ᠳ᠋ᠠᠶᠢᠲ᠋ᠠ ᠶᠢᠨ | ᠲᠥᠪ ᠲᠤ 50 ᠲᠦᠮᠡᠨ ᠮᠠᠰᠢᠨ ᠴᠣᠭᠴᠠᠯᠠᠪᠤᠷᠢ ᠶᠢ ᠰᠢᠨ᠎ᠡ ᠪᠠᠷ ᠤᠭᠰᠠᠷᠠᠵᠤ᠂ 5G ᠰᠠᠭᠤᠷᠢ ᠦᠷᠲᠡᠭᠡ ᠶᠢ 2 | ᠲᠦᠮᠡ ᠰᠢᠨ᠎ᠡ ᠪᠠᠷ ᠪᠠᠶᠢᠭᠤᠯᠤᠨ᠎ᠠ᠃ | ᠬᠤᠳᠠᠯᠳᠤᠭᠠᠴᠢᠨ ᠤᠷᠢᠬᠤ ᠶᠢ ᠪᠦᠬᠦ ᠬᠦᠴᠦ ᠪᠠᠷ ᠠᠳᠬᠤᠨ᠎ᠠ᠃ ᠬᠤᠳᠠᠯᠳᠤᠭᠠᠴᠢᠨ ᠤᠷᠢᠵᠤ ᠪᠡᠯᠡ | ᠤᠷᠤᠭᠤᠯᠬᠤ ᠭᠤᠷᠪᠠᠨ ᠵᠢᠯ ᠤᠨ ᠠᠵᠢᠯᠯᠠᠭᠠᠨ ᠢ ᠨᠠᠷᠢᠯᠢᠭ ᠰᠡᠳᠬᠢᠨ ᠨᠢᠮᠪᠠᠢ ᠰᠡᠳᠦᠵᠦ᠂ ᠠᠵᠤ ᠦᠢᠯᠡᠰ ᠤᠨ | ᠪᠦᠯᠦᠭᠵᠢᠯ ᠪᠠ ᠭᠤᠣᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶ᠎ᠡ ᠳᠤ ᠲᠥᠪᠯᠡᠷᠡᠭᠦᠯᠦᠨ᠂ ᠳᠡᠯᠡᠬᠡᠢ ᠶᠢᠨ 500 | ᠬᠦᠴᠦᠷᠬᠡᠭ᠂ ᠳᠤᠮᠳᠠᠳᠤ ᠤᠯᠤᠰ ᠤᠨ 500 ᠬᠦᠴᠦᠷᠬᠡᠭ᠂ ᠠᠷᠠᠳ ᠠᠴᠠ ᠡᠵᠡᠩᠨᠡᠭᠰᠡᠨ 500 ᠬᠦᠴᠦᠷᠬᠡᠭ᠂ | ᠦᠢᠯᠡᠳᠬᠦ ᠦᠢᠯᠡᠰ ᠤᠨ 500 ᠬᠦᠴᠦᠷᠬᠡᠭ ᠢ ᠴᠢᠩᠭ᠎ᠠ ᠠᠩᠬᠠᠷᠴᠤ᠂ ᠲᠣᠯᠣᠭᠠᠶᠢᠯᠠᠭᠴᠢ ᠠᠵᠤ ᠠᠬᠤᠶᠢᠯᠠᠯ᠂ | ᠪᠦᠯᠦᠭᠯᠡᠯ ᠤᠨ ᠭᠤᠣᠯ ᠠᠵᠤ ᠠᠬᠤᠶᠢᠯᠠᠯ᠂ ᠬᠡᠯᠬᠢᠶ᠎ᠡ ᠶᠢᠨ ᠭᠤᠣᠯ ᠠᠵᠤ ᠠᠬᠤᠶᠢᠯᠠᠯ ᠢ ᠴᠢᠩᠭ᠎ᠠ ᠠᠳᠬᠤᠨ᠂ | ᠬᠠᠨᠳᠤᠯᠭ᠎ᠠ ᠲᠠᠢ ᠪᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠵᠤ᠂ ᠠᠯᠬᠤᠮ ᠠᠯᠬᠤᠮ ᠢᠶᠠᠷ ᠠᠬᠢᠭᠤᠯᠤᠨ᠂ | 3800 ᠭᠠᠷᠤᠢ ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠵᠤ ᠠᠪᠴᠢᠷᠠᠬᠤ ᠪᠠᠷ ᠴᠢᠷᠮᠠᠶᠢᠨ᠎ᠠ᠃ | ᠲᠤᠰᠬᠠᠶᠢᠵᠢᠭᠰᠠᠨ ᠪᠦᠯᠬᠦᠮ ᠨᠡᠶᠢᠲᠡ ᠪᠠ ᠪᠡᠯᠡ ᠣᠷᠣᠭᠤᠯᠵᠤ ᠲᠣᠬᠢᠷᠠᠭᠤᠯᠬᠤ ᠲᠠᠪᠴᠠᠩ ᠢ ᠪᠤᠢ ᠪᠤᠯᠭᠠᠵᠤ᠂ ︽ | ᠣᠷᠣᠨ ᠠᠯᠤᠰᠯᠠᠨ︾ ᠬᠤᠳᠠᠯᠳᠤᠭᠠᠴᠢᠨ ᠤᠷᠢᠬᠤ᠂ ︽ᠪᠦᠬᠦᠯᠢ ᠬᠡᠯᠬᠢᠶ᠎ᠡ︾ ᠪᠠᠷ ᠬᠤᠳᠠᠯᠳᠤᠭᠠᠴᠢᠨ ᠤᠷᠢᠬᠤ᠂ | ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠭᠤᠯᠬᠤ ᠵᠡᠷᠭᠡ ᠵᠠᠭᠪᠤᠷ ᠢ ᠠᠬᠢᠭᠤᠯᠤᠨ᠂ ᠠᠷᠭ᠎ᠠ ᠪᠦᠬᠦᠨ ᠢ | ᠰᠦᠪᠡᠭᠴᠢᠯᠡᠨ ᠲᠦᠷᠦᠯ ᠵᠦᠢᠯ ᠢ ᠪᠠᠶᠢᠷᠢᠰᠢᠭᠤᠯᠬᠤ᠂ ᠠᠵᠤ ᠦᠢᠯᠡᠰ ᠢ ᠲᠦᠭᠦᠷᠵᠢᠬᠦᠯᠬᠦ᠂ ᠬᠦᠴᠦᠨ ᠵᠦᠢᠯ ᠢ | ᠪᠠᠲᠤᠯᠠᠬᠤ ᠵᠡᠷᠭᠡ ᠳᠠᠪᠠᠭᠤᠯᠢᠭ ᠢ ᠲᠥᠪᠯᠡᠷᠡᠭᠦᠯᠦᠨ᠂ ᠤᠯᠠᠮ ᠤᠯᠠᠨ ᠰᠢᠯᠢᠳᠡᠭ ᠰᠠᠶᠢᠨ ᠠᠵᠤ ᠠᠬᠤᠶᠢᠯᠠᠯ ᠢ ᠲᠠᠲᠠᠨ | ᠣᠷᠣᠭᠤᠯᠵᠤ ᠨᠤᠲᠤᠭᠰᠢᠭᠤᠯᠤᠨ᠂ ᠣᠬᠢ ᠰᠠᠶᠢᠨ ᠲᠦᠷᠦᠯ ᠵᠦᠢᠯ ᠢ ᠪᠣᠳᠠᠲᠠᠢ ᠨᠠᠶᠢᠳᠠᠪᠤᠷᠢᠵᠢᠭᠤᠯᠤᠨ᠎ᠠ᠃ ᠠᠵᠢᠯ | ᠲᠦᠷᠦᠯ ᠢ ᠬᠠᠮᠢᠶᠠᠷᠬᠤ᠂ ᠬᠦᠷᠢᠶᠡᠯᠡᠩ ᠲᠣᠭᠤᠷᠢᠭ ᠢ ᠬᠠᠮᠢᠶᠠᠷᠬᠤ᠂ ᠣᠷᠣᠨ ᠨᠤᠲᠤᠭ ᠢ ᠬᠠᠮᠢᠶᠠᠷᠬᠤ ᠳᠤ ᠴᠥᠮ | ᠬᠤᠳᠠᠯᠳᠤᠭᠠᠴᠢᠨ ᠤᠷᠢᠬᠤ ᠶᠢ ᠬᠠᠮᠢᠶᠠᠷᠬᠤ ᠪᠠᠶᠢᠳᠠᠯ ᠢ ᠪᠣᠢ ᠪᠣᠯᠭᠠᠵᠤ᠂ ᠡᠨᠡ ᠵᠢᠯ ᠳᠤ ᠦᠷᠭᠦᠯᠵᠢᠯᠡᠨ 8100 | ᠲᠦᠮᠡᠨ ᠲᠥᠭᠦᠷᠢᠭ ᠭᠠᠷᠭᠠᠵᠤ ᠪᠠᠶᠢᠭᠠᠳ ᠬᠥᠬᠢᠭᠦᠯᠦᠨ ᠱᠠᠩᠨᠠᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ | ᠂ ᠳᠡᠭᠡᠳᠦ ᠱᠠᠲᠤ ᠪᠠ ᠳᠣᠣᠷᠠᠳᠤ ᠱᠠᠲᠤ᠂ ᠰᠢᠰᠲ᠋ᠧᠮ ᠪᠠ ᠬᠡᠰᠡᠭ᠂ ᠰᠠᠯᠠᠭ᠎ᠠ ᠮᠥᠴᠢᠷ ᠪᠠ ᠣᠷᠣᠨ ᠨᠤᠲᠤᠭ ᠢ | ᠬᠤᠯᠪᠣᠭᠳᠠᠭᠤᠯᠵᠤ ᠪᠠᠶᠢᠭᠠᠳ ᠲᠡᠳᠡᠨ ᠤ ᠬᠤᠳᠠᠯᠳᠤᠭᠠᠴᠢᠨ ᠤᠷᠢᠬᠤ ᠢᠳᠡᠪᠬᠢᠵᠢᠯ ᠢ ᠨᠢ ᠳᠠᠶᠢᠴᠢᠯᠠᠵᠤ᠂ | ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠠᠵᠢᠯ ᠢ ᠭᠤᠷᠤᠬ᠎ᠠ ᠨᠡᠶᠢᠯᠡᠵᠦ ᠭᠤᠣᠯ ᠪᠣᠯᠵᠤ ᠤᠷᠤᠰᠬᠠᠯ ᠨᠡᠶᠢᠯᠡᠵᠦ | ᠳᠠᠯᠠᠢ ᠪᠦᠲᠦᠭᠰᠡᠨ ᠮᠡᠲᠦ ᠥᠷᠨᠢᠯᠲᠡ ᠲᠠᠢ ᠪᠣᠯᠭᠠᠨ᠎ᠠ᠃ | ᠣᠨᠣᠴᠠᠲᠠᠢ ᠪᠠᠷ ᠬᠦᠴᠦᠯᠡᠵᠦ ᠬᠡᠷᠡᠭᠯᠡᠭᠡ ᠶᠢ ᠠᠳᠬᠤᠨ᠎ᠠ᠃ ᠮᠠᠨ ᠤ ᠣᠷᠣᠨ ᠤ ᠬᠡᠷᠡᠭᠯᠡᠭᠡ ᠤᠷᠳᠤ | ᠬᠤᠭᠤᠴᠠᠭ᠎ᠠ ᠪᠠᠷ ᠥᠷᠨᠢᠭᠦᠨ ᠪᠤᠰᠤ᠂ ᠣᠨᠴᠠᠭᠠᠶᠢᠯᠠᠨ ᠬᠢᠵᠢᠭ ᠲᠤ ᠨᠥᠯᠥᠭᠡᠯᠡᠭᠳᠡᠵᠦ ᠤᠯᠠᠮ ᠠᠨᠠᠶᠢᠬᠠᠨ ᠪᠣᠯᠪᠠ᠃ | ᠡᠷᠬᠡᠪᠰᠢ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠤᠳᠠᠯᠳᠤᠭᠠᠨ ᠤ | ᠵᠡᠭᠡᠯᠢ᠂ ᠶᠠᠪᠠᠭᠠᠨ ᠵᠡᠭᠡᠯᠢ᠂ ᠲᠣᠮᠣ ᠬᠤᠳᠠᠯᠳᠤᠭ᠎ᠠ ᠳᠡᠯᠭᠡᠭᠦᠷ᠂ ᠵᠢᠵᠢᠭ ᠬᠤᠷᠰᠢᠶ᠎ᠠ ᠳᠡᠯᠭᠡᠭᠦᠷ ᠪᠦᠭᠦᠨ ᠢ ᠨᠡᠭᠡᠭᠡᠵᠦ | ᠬᠥᠭᠵᠢᠶᠡᠨ ᠲᠠᠢ ᠪᠣᠯᠭᠠᠨ᠂ ᠲᠠᠮᠢᠷᠵᠢᠭᠤᠯᠤᠨ ᠲᠡᠩᠬᠡᠷᠡᠭᠦᠯᠵᠦ᠂ ᠨᠠᠷᠭᠢᠶ᠎ᠠ ᠳᠠᠷᠭᠢᠶᠠ ᠲᠠᠢ ᠪᠣᠯᠭᠠᠬᠤ ᠨᠢ ᠣᠳᠣᠬᠠᠨ ᠤ | ᠪᠠᠷᠢᠨ ᠭᠦᠢᠴᠡᠳᠬᠡᠬᠦ ᠪᠠᠴᠢᠮ ᠡᠭᠦᠷᠭᠡ ᠪᠣᠯᠪᠠ᠃ ᠨᠢᠭᠡ ᠪᠦᠯᠦᠭ ᠬᠡᠷᠡᠭᠯᠡᠭᠡ ᠶᠢᠨ ᠪᠥᠭᠡᠮᠨᠡᠷᠡᠯ ᠤᠨ ᠣᠷᠣᠨ᠂ | ᠪᠡᠶᠡᠴᠢᠯᠡᠨ ᠣᠶᠢᠯᠠᠭᠠᠬᠤ ᠲᠥᠪ ᠪᠠ ᠬᠤᠳᠠ ᠶᠢᠨ ᠳᠡᠭᠦᠷᠭᠡ ᠶᠢᠨ ᠲᠣᠮᠣ ᠬᠥᠮᠥᠷᠭᠡ ᠶᠢ ᠲᠥᠯᠥᠪᠵᠢᠭᠦᠯᠦᠨ | ᠪᠠᠶᠢᠭᠤᠯᠵᠤ᠂ ᠬᠦᠬᠡᠬᠤᠳᠡ᠂ ᠪᠤᠭᠤᠲᠤ᠂ ᠣᠷᠳᠣᠰ᠂ ᠤᠯᠠᠭᠠᠨᠬᠠᠳᠠ᠂ ᠲᠦᠩᠯᠢᠶᠣᠣ ᠶᠢ ᠬᠡᠷᠡᠭᠯᠡᠭᠡᠨ ᠤ ᠭᠤᠣᠯ ᠲᠥᠪ | ᠪᠣᠯᠬᠤ ᠬᠤᠳᠠ ᠪᠠᠷ ᠪᠦᠲᠦᠭᠡᠨ ᠪᠠᠶᠢᠭᠤᠯᠬᠤ ᠶᠢ ᠳᠡᠮᠵᠢᠵᠤ᠂ ᠠᠶᠢᠮᠠᠭ ᠬᠤᠳᠠ ᠶᠢᠨ ᠭᠤᠣᠯ ᠲᠥᠪ ᠪᠣᠯᠬᠤ ᠬᠤᠳᠠ | ᠲᠣᠭᠤᠷᠢᠭ ᠲᠤ ᠵᠠᠬ᠎ᠠ ᠶᠢᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠤᠭᠰᠠᠨ ᠲᠠᠸᠠᠷ ᠤᠨ ᠳᠡᠯᠭᠡᠨ ᠦᠵᠡᠭᠦᠯᠬᠦ | ᠳᠡᠯᠭᠡᠭᠦᠷ ᠢ ᠪᠠᠶᠢᠭᠤᠯᠵᠤ᠂ ᠴᠠᠭ ᠤᠨ ᠤᠷᠤᠰᠬᠠᠯ ᠳᠠᠭᠠᠨᠨᠰᠠᠨ ᠰᠥᠨᠢ ᠶᠢᠨ ᠵᠠᠬ᠎ᠠ᠂ ᠠᠷᠠᠳ ᠤᠨ ᠠᠮᠢᠳᠤᠷᠠᠯ ᠤᠨ | ᠥᠷᠯᠥᠭᠡ ᠶᠢᠨ ᠵᠠᠬ᠎ᠠ᠂ ᠬᠤᠳᠠ ᠬᠥᠳᠡᠭᠡ ᠶᠢᠨ ᠴᠤᠭᠯᠠᠭ᠎ᠠ ᠮᠠᠶᠢᠮᠠᠢ ᠶᠢᠨ ᠬᠡᠷᠡᠭᠯᠡᠭᠡ ᠶᠢᠨ ᠪᠠᠶᠢᠳᠠᠯ ᠢ ᠶᠡᠭᠡ ᠪᠠᠷ | ᠬᠥᠭᠵᠢᠭᠦᠯᠵᠦ᠂ ᠮᠤᠵᠢ ᠶᠢᠨ ᠬᠤᠭᠤᠷᠤᠨᠳᠤᠬᠢ ᠵᠢᠭᠤᠯᠴᠢᠯᠠᠨ ᠰᠠᠭᠤᠷᠢᠰᠢᠬᠤ ᠨᠠᠰᠤᠵᠢᠯ ᠤᠨ ᠬᠠᠮᠲᠤᠷᠠᠯᠴᠠᠭ᠎ᠠ ᠶᠢᠨ | ᠲᠤᠷᠰᠢᠯᠲᠠ ᠶᠢᠨ ᠴᠡᠭ ᠢ ᠥᠷᠨᠢᠭᠦᠯᠵᠦ᠂ ︽ᠠᠮᠢᠵᠢᠷᠠᠯ ᠤᠨ ᠬᠦᠴᠦᠨ ᠲᠠᠢ ᠥᠪᠥᠷ ᠮᠣᠩᠭᠤᠯ · ᠪᠠᠶᠠᠰᠤᠯᠳᠤ | ᠬᠡᠷᠡᠭᠯᠡᠭᠡ︾ ᠶᠢᠨ ᠭᠤᠣᠯ ᠰᠡᠳᠦᠪᠲᠦ ᠠᠵᠢᠯᠯᠠᠭ᠎ᠠ ᠶᠢ ᠰᠠᠶᠢᠲᠤᠷ ᠡᠷᠬᠢᠯᠡᠨ᠂ ᠤᠯᠤᠰ ᠤᠨ ᠳᠣᠲᠣᠭᠠᠳᠤ | ᠭᠠᠳᠠᠭᠠᠳᠤ ᠳᠤ ᠨᠡᠷ᠎ᠡ ᠠᠯᠳᠠᠷᠰᠢᠭᠰᠠᠨ ᠨᠡᠷᠡᠳᠤ ᠲᠡᠮᠳᠡᠭ ᠢ ᠢᠳᠡᠪᠬᠢᠲᠡᠢ ᠲᠠᠲᠠᠨ ᠣᠷᠣᠭᠤᠯᠵᠤ ᠲᠦᠷᠦᠭᠦᠴᠢ | ᠳᠡᠯᠭᠡᠭᠦᠷ ᠨᠡᠭᠡᠭᠡᠯᠭᠡᠨ᠂ ᠠᠩᠬ᠎ᠠ ᠲᠠᠷᠬᠠᠭᠠᠬᠤ ᠠᠵᠢᠯᠯᠠᠭ᠎ᠠ ᠡᠷᠬᠢᠯᠡᠭᠦᠯᠵᠤ᠂ ᠨᠡᠷᠡᠳᠤ ᠲᠡᠮᠳᠡᠭ ᠤᠨ ᠲᠦᠷᠦᠭᠦᠴᠢ | ᠳᠡᠯᠭᠡᠭᠦᠷ ᠢ 100 ᠡᠷᠦᠬᠡ ᠰᠢᠨ᠎ᠡ ᠪᠠᠷ ᠲᠠᠲᠠᠵᠤ ᠣᠷᠤᠭᠤᠯᠬᠤ ᠪᠠᠷ ᠴᠢᠷᠮᠠᠶᠢᠨ᠎ᠠ︔ ︽ᠬᠠᠭᠤᠴᠢᠨ ᠨᠡᠷᠡᠮᠵᠢᠳᠣ︾ | ᠶᠢ ᠵᠠᠯᠭᠠᠮᠵᠢᠯᠠᠨ ᠬᠠᠮᠠᠭᠠᠯᠠᠵᠤ᠂ ᠰᠢᠨ᠎ᠡ ᠶᠢ ᠡᠭᠦᠳᠦᠨ ᠬᠦᠭᠵᠢᠭᠦ ᠶᠢ ᠵᠣᠷᠢᠭᠵᠢᠭᠤᠯᠤᠨ ᠳᠡᠮᠵᠢᠵᠦ᠂ ᠲᠡᠳᠡᠭᠡᠷ ᠵᠠᠭᠤᠨ | ᠵᠢᠯ ᠤᠨ ᠬᠠᠭᠤᠴᠢᠨ ᠳᠡᠯᠭᠡᠭᠦᠷ᠂ ︽ᠬᠠᠭᠤᠴᠢᠨ ᠨᠡᠷᠡᠮᠵᠢᠳᠣ︾ ᠶᠢᠨ ᠰᠢᠨ᠎ᠡ ᠠᠮᠢᠵᠢᠷᠠᠯ ᠤᠨ ᠬᠦᠴᠦᠨ ᠢ ᠨᠢ | ᠬᠥᠭᠵᠢᠭᠡᠨ ᠪᠠᠳᠠᠷᠠᠭᠤᠯᠦᠨ᠎ᠡ︔ ︽ᠢᠨᠲ᠋ᠧᠷ ᠰᠦᠯᠵᠢᠶ᠎ᠡ +︾ ᠬᠡᠷᠡᠭᠯᠡᠭᠡ ᠶᠢᠨ ᠡᠵᠡᠩᠨᠡᠯᠲᠡ ᠶᠢᠨ ᠪᠠᠶᠢᠳᠠᠯ ᠢ | ᠵᠣᠷᠢᠭᠵᠢᠭᠤᠯᠤᠨ ᠬᠥᠭᠵᠢᠭᠦᠯᠵᠦ᠂ ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠪᠠᠷᠠᠭᠠᠨ ᠤ ᠴᠤᠭᠯᠠᠭᠠᠨ᠂ ᠨᠡᠷᠡᠳᠤ | ᠲᠡᠮᠳᠡᠭ ᠪᠠ ᠴᠢᠨᠠᠷ ᠴᠢᠨᠰᠠᠭ᠎ᠠ ᠶᠢᠨ ᠬᠡᠷᠡᠭᠯᠡᠭᠡ ᠶᠢᠨ ᠰᠦᠯᠵᠢᠶ᠎ᠡ ᠪᠠᠷ ᠬᠤᠳᠠᠯᠳᠤᠨ ᠠᠪᠬᠤ ᠴᠤᠭᠯᠠᠭᠠᠨ ᠵᠡᠷᠭᠡ | ᠠᠵᠢᠯᠯᠠᠭ᠎ᠠ ᠶᠢ ᠡᠷᠬᠢᠯᠡᠵᠤ᠂ ᠰᠦ ᠪᠠ ᠮᠢᠬᠠᠨ ᠤ ᠭᠠᠷᠤᠯᠲᠠ ᠶᠢ ᠰᠦᠯᠵᠢᠶ᠎ᠡ ᠪᠠᠷ ᠪᠣᠷᠣᠯᠠᠭᠤᠯᠬᠤ ᠬᠤᠣᠰ ᠵᠠᠭᠤᠨ | ᠳ᠋ᠦᠩᠰᠢᠭᠤᠷ ᠤᠨ ᠲᠤᠰᠬᠠᠢ ᠠᠵᠢᠯᠯᠠᠭᠠᠨ ᠢ ᠠᠬᠢᠭᠤᠯᠵᠤ᠂ ᠰᠦᠯᠵᠢᠶ᠎ᠡ ᠪᠠᠷ ᠵᠢᠵᠢᠭᠯᠡᠨ ᠬᠤᠳᠠᠯᠳᠤᠬᠤ ᠬᠡᠮᠵᠢᠶ᠎ᠡ ᠶᠢ | 600 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠣᠷᠣᠯᠭ᠎ᠠ ᠪᠣᠯ ᠬᠡᠷᠡᠭᠯᠡᠭᠡ ᠶᠢ ᠨᠥᠯᠥᠭᠡᠯᠡᠬᠦ | ᠬᠠᠮᠤᠭ ᠤᠨ ᠦᠨᠳᠦᠰᠦᠨ ᠬᠦᠴᠦᠨ ᠵᠦᠢᠯ ᠪᠣᠯᠣᠨ᠎ᠠ᠂ ᠠᠷᠭ᠎ᠠ ᠪᠦᠬᠦᠨ ᠢ ᠰᠦᠪᠡᠭᠴᠢᠯᠡᠵᠦ ᠤᠯᠠᠨ ᠲᠦᠮᠡᠨ ᠢ | ᠵᠣᠭᠤᠰ ᠮᠥᠩᠭᠦ ᠲᠠᠢ ᠪᠣᠯᠬᠤ ᠳᠤ ᠪᠠᠨ ᠢᠲᠡᠭᠡᠯ ᠲᠠᠢ᠂ ᠵᠣᠭᠤᠰ ᠮᠥᠩᠭᠦ ᠪᠠᠨ ᠵᠠᠷᠤᠬᠤ ᠳᠤ ᠵᠣᠷᠢᠭ ᠲᠠᠢ᠂ | ᠬᠡᠷᠡᠭᠯᠡᠭᠡ ᠳᠤ ᠵᠠᠷᠤᠬᠤ ᠵᠣᠭᠤᠰ ᠮᠥᠩᠭᠦ ᠲᠠᠢ ᠪᠣᠯᠭᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠠᠵᠢᠯ | ᠣᠯᠭᠤᠯᠲᠠ ᠶᠢ ᠳᠠᠶᠢᠴᠢᠯᠠᠬᠤ ᠪᠠᠷ ᠴᠢᠩᠭ᠎ᠠ ᠪᠠᠶᠢᠳᠠᠭ ᠲᠦᠷᠦᠯ ᠵᠦᠢᠯ ᠢ ᠤᠯᠠᠨ ᠬᠡᠷᠡᠭᠵᠢᠭᠦᠯᠵᠦ᠂ ᠠᠵᠢᠯ | ᠣᠯᠭᠤᠯᠲᠠ ᠶᠢ ᠭᠦᠨᠵᠡᠭᠡᠶᠢᠷᠡᠭᠦᠯᠬᠦ ᠪᠠᠷ ︽ᠲᠠᠪᠤᠨ ᠶᠡᠭᠡ ᠠᠵᠢᠯᠯᠠᠭᠠᠨ︾ ᠢ ᠠᠬᠢᠭᠤᠯᠵᠤ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠪᠠᠷ ᠨᠢᠭᠡ ᠪᠦᠯᠦᠭ ᠢ ᠰᠢᠨ᠎ᠡ ᠪᠠᠷ ᠨᠡᠮᠡᠭᠳᠡᠭᠦᠯᠦᠨ᠂ ᠠᠮᠢᠳᠤᠯᠢᠭ ᠢᠶᠠᠷ ᠠᠵᠢᠯᠴᠢᠨ | ᠬᠡᠷᠡᠭᠯᠡᠬᠦ ᠪᠠᠷ ᠨᠢᠭᠡ ᠪᠦᠯᠦᠭ ᠢ ᠰᠢᠩᠭᠡᠬᠡᠨ ᠠᠪᠴᠤ᠂ ᠰᠢᠨ᠎ᠡ ᠪᠠᠷ ᠪᠣᠶ ᠪᠣᠯᠤᠭᠰᠠᠨ ᠡᠵᠡᠩᠨᠡᠯᠲᠡ ᠶᠢᠨ ᠪᠠᠶᠢᠳᠠᠯ ᠢᠶᠠᠷ | ᠨᠢᠭᠡ ᠪᠦᠯᠦᠭ ᠢ ᠬᠥᠭᠵᠢᠭᠡᠨ᠂ ᠰᠢᠨ᠎ᠡ ᠶᠢ ᠡᠭᠦᠳᠦᠨ ᠦᠢᠯᠡᠰ ᠪᠣᠰᠬᠠᠬᠤ ᠪᠠᠷ ᠨᠢᠭᠡ ᠪᠦᠯᠦᠭ ᠢ ᠳᠠᠶᠢᠴᠢᠯᠠᠵᠤ᠂ | ᠤᠷ᠎ᠠ ᠮᠡᠷᠭᠡᠰᠢᠯ ᠪᠤᠯᠪᠠᠰᠤᠷᠠᠭᠤᠯᠬᠤ ᠪᠠᠷ ᠨᠢᠭᠡ ᠪᠦᠯᠦᠭ ᠢ ᠳᠡᠭᠡᠭᠰᠢᠯᠡᠭᠦᠯᠵᠦ᠂ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠳᠤ ᠨᠢ ᠬᠡᠷᠡᠭᠯᠡᠵᠦ ᠠᠵᠢᠯ ᠣᠯᠭᠤᠯᠲᠠ ᠶᠢ ᠥᠷᠭᠡᠳᠬᠡᠨ ᠣᠷᠣᠯᠭ᠎ᠠ ᠶᠢ ᠨᠢ ᠨᠡᠮᠡᠭᠳᠡᠭᠦᠯᠦᠨ᠎ᠡ᠃ | ᠵᠢᠭᠤᠯᠴᠢᠯᠠᠯ ᠪᠣᠯ ᠥᠨᠢᠳᠡ ᠶᠢᠨ ᠥᠭᠡᠳᠡᠷᠬᠡᠭ ᠠᠵᠤ ᠦᠢᠯᠡᠰ ᠪᠣᠯᠣᠨ᠎ᠠ᠂ ᠪᠠᠰᠠ ᠴᠤ ᠨᠡᠶᠢᠲᠡᠯᠢᠭ ᠬᠡᠷᠡᠭᠯᠡᠭᠡ ᠶᠢᠨ | ᠠᠵᠤ ᠠᠬᠤᠢ ᠮᠥᠨ᠂ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠵᠦ᠂ ᠨᠡᠷ᠎ᠡ ᠴᠤᠤ ᠶᠢ ᠨᠢ ᠮᠠᠨᠳᠤᠭᠤᠯᠵᠤ᠂ ᠤᠯᠠᠨ ᠤ | ᠲᠠᠭᠠᠰᠢᠶᠠᠯ ᠢ ᠣᠯᠬᠤ ᠪᠣᠯ ᠵᠠᠩᠭᠢᠯᠠᠭ᠎ᠠ ᠪᠣᠯᠣᠨ᠎ᠠ᠃ ᠷᠠᠰᠢᠶᠠᠨ ᠢ ᠤᠯᠤᠰ ᠤᠨ ᠲᠠᠰ ᠤᠨ ᠵᠢᠭᠤᠯᠴᠢᠯᠠᠯ | ᠠᠮᠠᠷᠠᠯᠲᠠ ᠶᠢᠨ ᠲᠣᠭᠤᠷᠢᠭ ᠪᠣᠯᠭᠠᠬᠤ ᠵᠥᠪᠰᠢᠶᠡᠷᠡᠯ ᠣᠯᠬᠤ ᠳᠤ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠮᠡᠷᠭᠡᠯ | ᠭᠤᠣᠯ᠂ ᠳᠠᠭᠤᠲᠤ ᠨᠠᠭᠤᠷ ᠵᠡᠷᠭᠡ 5A ᠲᠠᠰ ᠤᠨ ᠦᠵᠡᠮᠵᠢ ᠶᠢᠨ ᠣᠷᠣᠨ ᠢ ᠪᠥᠬᠦ ᠬᠦᠴᠦᠨ ᠢᠶᠠᠷ ᠢᠶᠠᠨ ᠡᠭᠦᠳᠦᠨ | ᠪᠠᠶᠢᠭᠤᠯᠵᠤ᠂ ᠴᠡᠯᠡᠭᠡᠷ ᠲᠠᠯ᠎ᠠ᠂ ᠬᠢᠶ᠎ᠡ ᠪᠠᠭᠰᠢ᠂ ᠡᠵᠡᠨ᠎ᠡ ᠵᠡᠷᠭᠡ 8 ᠰᠣᠶᠣᠯ ᠵᠢᠭᠤᠯᠴᠢᠯᠠᠯ ᠤᠨ ᠠᠵᠤ ᠦᠢᠯᠡᠰ ᠢ | ᠠᠭᠤᠰᠤᠯᠴᠠᠭᠤᠯᠵᠤ ᠬᠥᠭᠵᠢᠭᠦᠯᠦᠭᠰᠡᠨ ᠵᠢᠱᠢᠶ᠎ᠡ ᠦᠵᠡᠭᠦᠯᠬᠦ ᠲᠣᠭᠤᠷᠢᠭ ᠢ ᠪᠣᠢ ᠪᠣᠯᠭᠠᠨ᠂ ᠪᠣᠳᠠᠰ ᠤᠨ ᠪᠤᠰᠤ | ᠰᠣᠶᠣᠯ ᠤᠨ ᠥᠪ ᠤᠨ ᠣᠨᠴᠠᠯᠢᠭ ᠲᠠᠢ ᠰᠣᠳᠣᠨ ᠵᠢᠭᠤᠯᠴᠢᠯᠠᠯ ᠤᠨ 10 ᠵᠤᠷᠪᠤᠰ ᠵᠠᠮ ᠱᠤᠭᠤᠮ ᠪᠠ ᠪᠣᠳᠠᠰ ᠤᠨ | ᠪᠤᠰᠤ ᠰᠣᠶᠣᠯ ᠤᠨ ᠥᠪ ᠤᠨ ᠣᠨᠴᠠᠯᠢᠭ ᠲᠠᠢ ᠨᠢᠭᠡ ᠪᠦᠯᠦᠭ ᠲᠣᠰᠬᠤᠨ ᠪᠠᠯᠭᠠᠰᠤ ᠵᠡᠭᠡᠯᠢ ᠭᠤᠳᠤᠮᠵᠢ ᠶᠢ | ᠪᠠᠶᠢᠭᠤᠯᠵᠤ᠂ ᠪᠥᠬᠦ ᠤᠯᠤᠰ ᠤᠨ ᠴᠢᠨᠠᠷᠲᠠᠢ ᠦᠵᠡᠰᠬᠦᠯᠡᠩ ᠴᠤᠭᠯᠠᠭᠠᠨ ᠦᠵᠡᠭᠦᠯᠭᠡ ᠲᠣᠭᠯᠠᠯᠲᠠ ᠶᠢᠨ ᠰᠣᠳᠣᠨ | ᠪᠦᠲᠦᠭᠡᠯ ᠢ ᠪᠣᠶ ᠪᠣᠯᠭᠠᠵᠤ᠂ ᠬᠠᠲᠤᠨ ᠭᠤᠣᠯ ᠤᠨ ᠲᠣᠬᠤᠢ ᠶᠢᠨ ᠰᠣᠶᠣᠯ ᠵᠢᠭᠤᠯᠴᠢᠯᠠᠯ ᠤᠨ ᠨᠠᠶᠢᠷ ᠵᠡᠷᠭᠡ ᠰᠢᠷᠢᠰ | ᠠᠵᠢᠯᠯᠠᠭ᠎ᠠ ᠶᠢ ᠡᠷᠬᠢᠯᠡᠨ᠂ ᠵᠢᠭᠤᠯᠴᠢᠯᠠᠯ ᠤᠨ ᠲᠤᠰᠬᠠᠢ ᠴᠤᠪᠤᠭ᠎ᠠ ᠲᠡᠷᠭᠡ᠂ ᠵᠢᠭᠤᠯᠴᠢᠯᠠᠯ ᠤᠨ ᠲᠦᠷᠢᠶᠡᠰᠦᠨ ᠨᠢᠰᠬᠡᠯ | ᠵᠡᠷᠭᠡ ᠪᠠᠷᠢᠮᠵᠢᠶ᠎ᠠ ᠲᠣᠭᠲᠠᠭᠰᠠᠨ ᠦᠢᠯᠡᠴᠢᠯᠡᠭᠡ ᠪᠠ ᠮᠠᠰᠢᠨ ᠲᠡᠷᠭᠡ ᠲᠦᠷᠢᠶᠡᠰᠦᠯᠡᠬᠦ ᠵᠡᠷᠭᠡ ᠲᠤᠬᠠᠢ ᠶᠢᠨ | ᠭᠠᠵᠠᠷ ᠢᠶᠠᠷ ᠨᠢ ᠵᠢᠭᠤᠯᠴᠢᠯᠠᠬᠤ ᠳᠤ ᠦᠢᠯᠡᠴᠢᠯᠡᠬᠦ ᠠᠵᠢᠯ ᠢ ᠥᠷᠨᠢᠭᠦᠯᠦᠨ᠎ᠡ᠃ ᠢᠯᠠᠩᠭᠤᠶ᠎ᠠ ᠨᠠᠶᠢᠷ ᠨᠠᠭᠠᠳᠤᠮ ᠤᠨ | ᠠᠵᠢᠯᠯᠠᠭ᠎ᠠ ᠶᠢ ᠬᠥᠷ ᠬᠥᠭᠵᠢᠶᠡᠨ ᠲᠠᠢ ᠥᠷᠨᠢᠭᠦᠯᠵᠦ᠂ ᠳᠠᠭᠤᠤ ᠪᠥᠵᠢᠭ ᠤᠨ ᠭᠦᠭ ᠠᠶᠠᠰ᠂ ᠰᠦ ᠮᠢᠬᠠᠨ ᠤ ᠦᠨᠦᠷ | ᠠᠮᠲᠠ᠂ ᠰᠦᠷᠯᠢᠭ ᠰᠠᠶᠢᠬᠠᠨ ᠥᠩᠭᠡ ᠦᠵᠡᠮᠵᠢ ᠪᠠᠷ ᠢᠶᠠᠨ ᠬᠤᠯᠠ ᠣᠶᠢᠷ᠎ᠠ ᠶᠢᠨ ᠵᠢᠭᠤᠯᠴᠢᠯᠠᠭᠴᠢᠳ ᠢ ᠲᠡᠳᠡᠨ | ᠠᠪᠴᠢᠷᠠᠵᠤ᠂ ᠥᠪᠥᠷ ᠮᠣᠩᠭᠤᠯ ᠢᠶᠠᠨ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠬᠤ ᠲᠡᠷᠢᠭᠦᠨ ᠰᠣᠩᠭᠤᠯᠲᠠ ᠶᠢᠨ | ᠭᠠᠵᠠᠷ᠂ ᠬᠡᠭᠡᠷᠡᠯᠡᠨ ᠪᠠᠭᠤᠳᠠᠯᠯᠠᠵᠤ ᠵᠢᠭᠤᠯᠴᠢᠯᠠᠬᠤ ᠰᠠᠶᠢᠬᠠᠨ ᠭᠠᠵᠠᠷ᠂ ᠠᠮᠠᠷᠠᠯᠲᠠ ᠪᠠᠷ ᠵᠠᠪᠠᠯ ᠵᠢᠭᠤᠯᠴᠢᠯᠠᠬᠤ ᠭᠠᠵᠠᠷ | ᠂ ᠡᠷᠡᠭᠦᠯᠵᠢᠯ ᠰᠤᠪᠢᠯᠠᠯᠲᠠ ᠬᠢᠬᠦ ᠰᠠᠶᠢᠨ ᠭᠠᠵᠠᠷ ᠪᠣᠯᠭᠠᠨ᠎ᠠ᠃ ᠰᠣᠶᠣᠯ ᠵᠢᠭᠤᠯᠴᠢᠯᠠᠯ ᠤᠨ ᠪᠡᠯᠡ | ᠣᠷᠣᠭᠤᠯᠤᠯᠲᠠ ᠶᠢᠨ ᠪᠦᠯᠦᠭᠯᠡᠯ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠡᠬᠢ ᠪᠠᠶᠠᠯᠢᠭ ᠢ | ᠡᠮᠬᠢᠯᠡᠨ ᠨᠡᠶᠢᠯᠡᠭᠦᠯᠬᠦ᠂ ᠣᠷᠣᠨ ᠪᠦᠰᠡ ᠶᠢ ᠵᠣᠬᠢᠴᠠᠭᠤᠯᠬᠤ ᠪᠠ ᠨᠡᠷᠡᠲᠦ ᠲᠡᠮᠳᠡᠭ ᠢ ᠨᠢᠭᠡᠳᠦᠯᠲᠡᠢ | ᠲᠥᠯᠥᠪᠵᠢᠭᠦᠯᠬᠦ ᠪᠠᠨ ᠴᠢᠩᠭᠠᠷᠠᠭᠤᠯᠵᠤ᠂ ᠪᠦᠬᠦ ᠤᠯᠤᠰ ᠲᠤ ᠠᠯᠳᠠᠷᠰᠢᠭᠰᠠᠨ᠂ ᠵᠠᠬ᠎ᠠ ᠳᠡᠯᠭᠡᠭᠦᠷ ᠲᠤ ᠲᠣᠭᠲᠠᠵᠤ | ᠳᠡᠶᠢᠯᠬᠦ ᠬᠡᠳᠦᠨ ᠦᠵᠡᠮᠵᠢ ᠶᠢᠨ ᠣᠷᠣᠨ ᠢ ᠲᠥᠪᠯᠡᠷᠡᠭᠦᠯᠦᠨ ᠪᠠᠶᠢᠭᠤᠯᠵᠤ᠂ ᠬᠠᠮᠤᠭ ᠤᠨ ᠭᠤᠶᠤ ᠲᠠᠯ᠎ᠠ ᠨᠤᠲᠤᠭ ᠤᠢ | ᠰᠢᠭᠤᠢ᠂ ᠨᠡᠯᠦᠭᠡᠷ ᠶᠡᠭᠡ ᠡᠯᠡᠰᠦ ᠮᠠᠩᠬ᠎ᠠ᠂ ᠰᠤᠨᠤᠯᠵᠠᠬᠤ ᠭᠤᠣᠯ ᠲᠤᠨᠤᠯᠵᠠᠬᠤ ᠨᠠᠭᠤᠷ᠂ ᠮᠥᠰᠥᠲᠦ ᠳᠡᠯᠡᠬᠡᠢ | ᠴᠠᠰᠤᠲᠤ ᠶᠢᠷᠲᠢᠨᠴᠦ ᠪᠠᠷ ᠢᠶᠠᠨ ᠡᠯᠳᠡᠪ ᠵᠦᠢᠯ ᠤᠨ ᠦᠢᠯᠡᠳᠬᠦᠨ ᠪᠠ ᠰᠣᠳᠣᠨ ᠪᠦᠲᠦᠭᠡᠭᠳᠡᠬᠦᠨ ᠵᠣᠬᠢᠶᠠᠨ | ᠦᠢᠯᠡᠳᠴᠦ᠂ ᠰᠣᠶᠣᠯ ᠵᠢᠭᠤᠯᠴᠢᠯᠠᠯ ᠠᠭᠤᠰᠤᠯᠴᠠᠭᠰᠠᠨ ᠦᠵᠡᠮᠦᠷᠢ ᠲᠠᠢ᠂ ᠨᠡᠷ᠎ᠡ ᠴᠤᠤ ᠲᠠᠢ᠂ ᠬᠤᠳᠠᠯᠳᠤᠨ ᠠᠪᠬᠤ | ᠳᠤᠷᠠᠰᠢᠯ ᠲᠠᠢ ᠪᠣᠯᠬᠤ ᠵᠦᠢᠯ ᠢ ᠮᠠᠰᠢ ᠤᠯᠠᠨ ᠵᠣᠬᠢᠶᠠᠨ ᠭᠠᠷᠭᠠᠵᠤ᠂ ᠵᠡᠭᠦᠨ ᠦᠵᠦᠭᠦᠷ ᠠᠴᠠ ᠪᠠᠷᠠᠭᠤᠨ ᠵᠠᠬ᠎ᠠ | ᠬᠦᠷᠲᠡᠯᠡᠬᠢ ᠪᠦᠬᠦ ᠣᠷᠣᠨ ᠪᠦᠰᠡ ᠪᠠᠷ ᠵᠢᠭᠤᠯᠴᠢᠯᠠᠵᠤ ᠪᠣᠯᠬᠤ᠂ ᠳᠦᠷᠪᠡᠨ ᠤᠯᠠᠷᠢᠯ ᠢᠯᠭᠠᠯ ᠦᠭᠡᠢ ᠪᠦᠬᠦ | ᠵᠢᠯ ᠢᠶᠠᠷ ᠨᠢ ᠬᠥᠭᠵᠢᠶᠡᠨ ᠲᠠᠢ ᠪᠣᠯᠭᠠᠨ᠎ᠠ᠃ | ︵ᠬᠤᠶᠠᠷ︶ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠣᠯ ᠰᠡᠳᠦᠪ ᠢ ᠪᠠᠲᠤ ᠡᠵᠡᠮᠳᠡᠵᠦ᠂ | ᠪᠦᠲᠦᠴᠡ ᠶᠢ ᠲᠣᠬᠢᠷᠠᠭᠤᠯᠬᠤ᠂ ᠴᠢᠳᠠᠮᠵᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ | ᠰᠢᠪᠲᠤᠯᠤᠯᠲᠠ ᠲᠠᠢ ᠪᠣᠯᠭᠠᠨ᠎ᠠ᠃ ︽ᠬᠤᠶᠠᠷ ᠰᠠᠭᠤᠷᠢᠨ ᠭᠠᠵᠠᠷ︾ ᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠲᠠᠢ | ᠨᠢᠭᠲᠠ ᠤᠶᠠᠯᠳᠤᠭᠤᠯᠤᠨ᠂ ᠤᠯᠠᠮᠵᠢᠯᠠᠯᠲᠤ ᠠᠵᠤ ᠦᠢᠯᠡᠰ ᠢ ᠲᠦᠢᠯᠪᠤᠷᠢᠲᠠᠢ ᠥᠭᠡᠷᠡᠴᠢᠯᠡᠵᠦ᠂ ᠰᠢᠨ᠎ᠡ ᠪᠠᠷ ᠪᠤᠢ | ᠪᠣᠯᠤᠭᠰᠠᠨ ᠠᠵᠤ ᠦᠢᠯᠡᠰ ᠤᠨ ᠬᠦᠴᠦᠨ ᠴᠢᠳᠠᠯ ᠢ ᠨᠢ ᠴᠢᠩᠭᠠᠷᠠᠭᠤᠯᠤᠨ᠂ ᠲᠤᠯᠭᠠᠭᠤᠷᠢ ᠠᠵᠤ ᠦᠢᠯᠡᠰ ᠤᠨ | ᠬᠡᠯᠬᠢᠶᠡᠵᠢᠨ ᠪᠥᠭᠡᠮᠨᠡᠷᠡᠬᠦ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠬᠦ᠂ ᠠᠵᠤ | ᠦᠢᠯᠡᠰᠵᠢᠬᠦ᠂ ᠲᠥᠷᠥᠯ ᠲᠡᠮᠳᠡᠭᠵᠢᠬᠦ ᠶᠢ ᠲᠦᠷᠭᠡᠳᠬᠡᠨ ᠠᠬᠢᠭᠤᠯᠤᠨ᠎ᠠ᠃ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠣᠮᠣ ᠣᠷᠣᠨ ᠪᠠᠶᠢᠭᠰᠠᠨ ᠢᠶᠠᠨ ᠲᠠᠷᠢᠶᠠᠯᠠᠩ | ᠮᠠᠯ ᠠᠵᠤ ᠠᠬᠤᠢ ᠶᠢᠨ ᠠᠵᠤ ᠦᠢᠯᠡᠰ ᠤᠨ ᠬᠦᠴᠦᠷᠬᠡᠭ ᠣᠷᠣᠨ ᠪᠣᠯᠭᠠᠨ ᠬᠤᠪᠢᠷᠠᠭᠤᠯᠬᠤ ᠬᠠᠷᠠᠯᠲᠠ ᠳᠤ | ᠬᠠᠨᠳᠤᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠨᠡᠮᠡᠯᠲᠡ ᠥᠷᠲᠡᠭ ᠢ ᠳᠡᠭᠡᠭᠰᠢᠯᠡᠭᠦᠯᠬᠦ᠂ ᠠᠵᠤ | ᠠᠬᠤᠶᠢᠯᠠᠯ ᠢ ᠬᠦᠴᠦᠷᠬᠡᠭᠵᠢᠭᠦᠯᠦᠨ ᠪᠤᠵᠠᠭᠠᠶᠢᠷᠠᠭᠤᠯᠬᠤ ᠲᠠᠯ᠎ᠠ ᠪᠠᠷ ᠭᠤᠣᠯᠳᠠᠯᠭ᠎ᠠ ᠲᠠᠢ ᠬᠦᠴᠦᠯᠡᠨ᠎ᠡ᠃ ᠡᠨᠡ ᠵᠢᠯ | ᠲᠦᠷᠪᠡᠨ ᠵᠦᠢᠯ ᠤᠨ ᠠᠵᠢᠯ ᠢ ᠰᠠᠶᠢᠲᠤᠷ ᠠᠳᠬᠤᠨ᠎ᠠ᠃ ᠨᠢᠭᠡ ᠳᠤ ᠭᠠᠷᠤᠯᠲᠠ ᠶᠢ ᠲᠣᠭᠲᠠᠪᠤᠷᠢᠵᠢᠭᠤᠯᠤᠨ | ᠬᠠᠩᠭᠠᠯᠭ᠎ᠠ ᠶᠢ ᠪᠠᠲᠤᠯᠠᠵᠤ᠂ ᠠᠮᠤ ᠪᠤᠳᠠᠭ᠎ᠠ᠂ ᠮᠠᠯ ᠲᠡᠵᠢᠭᠡᠪᠦᠷᠢ ᠶᠢᠨ ᠤᠨᠠᠯᠲᠠ ᠥᠰᠦᠯᠲᠡ ᠶᠢ ᠲᠣᠭᠲᠠᠭᠤᠨ | ᠪᠠᠶᠢᠯᠭᠠᠨ᠎ᠠ᠂ ᠪᠤᠷᠴᠠᠭ᠂ ᠰᠦ᠂ ᠮᠢᠬ᠎ᠠ ᠶᠢᠨ ᠣᠨᠠᠯᠲᠠ ᠭᠠᠷᠤᠯᠲᠠ ᠶᠢ ᠨᠡᠮᠡᠭᠳᠡᠭᠦᠯᠦᠨ᠂ ᠠᠮᠤ ᠪᠤᠳᠠᠭᠠᠨ ᠤ | ᠤᠨᠠᠯᠲᠠ ᠶᠢ 780 ᠳ᠋ᠦᠩᠰᠢᠭᠤᠷ ᠵᠢᠩ ᠣᠷᠴᠢᠮ ᠳᠤ ᠲᠣᠭᠲᠠᠪᠤᠷᠢᠵᠢᠭᠤᠯᠤᠨ᠂ ᠦᠨᠢᠶᠡᠨ ᠰᠦ ᠶᠢᠨ ᠭᠠᠷᠤᠯᠲᠠ ᠶᠢ | 785 ᠲᠦᠮᠡᠨ ᠲᠣᠨ ᠬᠦᠷᠲᠡᠯ᠎ᠡ ᠳᠡᠭᠡᠭᠰᠢᠯᠡᠭᠦᠯᠵᠦ᠂ ᠮᠢᠬᠠᠨ ᠤ ᠵᠦᠢᠯ ᠤᠨ ᠭᠠᠷᠤᠯᠲᠠ ᠶᠢ 300 ᠲᠦᠮᠡᠨ ᠲᠣᠨ | ᠬᠦᠷᠲᠡᠯ᠎ᠡ ᠨᠡᠮᠡᠭᠳᠡᠭᠦᠯᠦᠨ᠂ ︽ᠳᠤᠮᠳᠠᠳᠤ ᠤᠯᠤᠰ ᠤᠨ ᠪᠤᠳᠠᠭᠠᠨ ᠠᠶᠠᠭᠠᠨ︾ ᠳᠤ ᠠᠮᠤ ᠪᠤᠳᠠᠭ᠎ᠠ ᠢᠯᠡᠭᠦᠬᠡᠨ | ᠰᠠᠪᠠᠯᠠᠵᠤ᠂ ᠠᠮᠲᠠ ᠰᠢᠮᠲᠡ ᠲᠠᠢ ᠪᠤᠳᠠᠭ᠎ᠠ᠂ ᠰᠦ᠂ ᠮᠢᠬ᠎ᠠ ᠳᠦᠭᠦᠷᠡᠩ ᠰᠠᠪᠠᠯᠠᠨ᠎ᠠ᠃ ᠬᠤᠶᠠᠷ ᠲᠤ ᠰᠠᠭᠤᠷᠢ ᠪᠠᠨ | ᠪᠠᠬᠢᠵᠢᠭᠦᠯᠵᠦ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠨ᠎ᠠ᠂ ᠠᠮᠢᠲᠠᠨ | ᠤᠷᠭᠤᠮᠠᠯ ᠤᠨ ᠭᠡᠮ ᠬᠢᠵᠢᠭ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠢᠩᠭᠠᠨ ᠠᠶᠢᠮᠠᠭ ᠲᠠᠬᠢ ᠤᠯᠤᠰ ᠤᠨ | ᠳᠡᠰ ᠤᠨ ᠣᠳᠣ ᠦᠶ᠎ᠡ ᠶᠢᠨ ᠮᠠᠯ ᠠᠵᠤ ᠠᠬᠤᠢ ᠶᠢᠨ ᠲᠤᠷᠰᠢᠯᠲᠠ ᠶᠢᠨ ᠲᠣᠭᠤᠷᠢᠭ ᠢ ᠪᠦᠲᠦᠭᠡᠨ ᠪᠠᠶᠢᠭᠤᠯᠬᠤ᠂ | ᠪᠠᠶᠠᠨᠨᠠᠭᠤᠷ ᠤᠨ ᠪᠦᠭᠦ ᠣᠷᠣᠨ ᠪᠦᠰᠡ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠠᠶᠢᠭᠤᠯᠬᠤ᠂ | ᠤᠯᠠᠭᠠᠨᠴᠠᠪ ᠤᠨ ᠲᠥᠮᠥᠰᠥᠨ ᠤ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠲᠣᠭᠤᠷᠢᠭ | ᠴᠣᠭᠴᠠᠯᠠᠬᠤ ᠶᠢ ᠲᠡᠮᠵᠢᠵᠣ᠂ ᠪᠦᠭᠦ ᠣᠷᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 395 ᠲᠦᠮᠡᠨ ᠮᠦ | ᠰᠢᠨ᠎ᠡ ᠪᠠᠷ ᠪᠠᠶᠢᠭᠤᠯᠵᠤ᠂ ᠴᠢᠨᠠᠷ ᠰᠠᠶᠢᠲᠠᠢ ᠲᠡᠵᠢᠭᠡᠯ ᠡᠪᠡᠰᠦ ᠶᠢ 300 ᠲᠦᠮᠡᠨ ᠮᠦ ᠲᠠᠷᠢᠵᠤ᠂ ᠪᠡᠯᠡᠳᠭᠡᠮᠵᠢᠲᠦ | ᠲᠠᠷᠢᠶᠠᠯᠠᠩ ᠢ 20 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠰᠠᠭᠠᠯᠢ ᠶᠢᠨ ᠦᠨᠢᠶᠡᠨ ᠤ ᠬᠡᠪᠴᠢᠶᠡᠵᠢᠭᠦᠯᠦᠨ | ᠲᠡᠵᠢᠭᠡᠵᠦ ᠦᠷᠡᠵᠢᠭᠦᠯᠬᠦ ᠲᠠᠯᠠᠪᠠᠢ ᠶᠢ 58 ᠪᠠᠶᠢᠭᠤᠯᠵᠤ᠂ ᠠᠯᠠᠰᠢᠨ ᠦᠬᠡᠷ ᠬᠤᠨᠢ ᠲᠡᠵᠢᠭᠡᠨ ᠦᠷᠡᠵᠢᠭᠦᠯᠬᠦ | ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠲᠠᠯᠠᠪᠠᠢ ᠶᠢ 800 ᠡᠷᠦᠬᠡ ᠡᠭᠦᠳᠦᠨ ᠪᠠᠶᠢᠭᠤᠯᠵᠤ᠂ ᠮᠦ ᠪᠦᠷᠢ ᠶᠢᠨ | ᠤᠨᠠᠯᠲᠠ ᠶᠢ ᠳᠡᠭᠡᠭᠰᠢᠯᠡᠭᠦᠯᠬᠦ ᠪᠠ ᠦᠷ᠎ᠡ ᠠᠰᠢᠭ ᠢ ᠲᠡᠭᠡᠭᠰᠢᠯᠡᠬᠦᠯᠬᠦ ᠪᠠᠷ ᠬᠦᠴᠦᠯᠡᠨ᠎ᠡ᠃ ᠭᠤᠷᠪᠠ ᠳᠤ᠂ ᠠᠵᠤ | ᠠᠬᠤᠶᠢᠯᠠᠯ ᠢ ᠪᠤᠶᠢᠵᠢᠭᠤᠯᠵᠤ ᠬᠡᠯᠬᠢᠶ᠎ᠡ ᠶᠢ ᠨᠢ ᠤᠷᠲᠤᠳᠬᠠᠵᠤ᠂ ᠲᠠᠷᠢᠶᠠᠯᠠᠩ ᠮᠠᠯ ᠠᠵᠤ ᠠᠬᠤᠢ ᠶᠢ ᠵᠣᠬᠢᠬᠤ | ᠬᠡᠮᠵᠢᠶ᠎ᠡ ᠪᠠᠷ ᠬᠡᠪᠴᠢᠶᠡᠵᠢᠭᠦᠯᠦᠨ ᠡᠵᠡᠩᠨᠡᠭᠦᠯᠬᠦ ᠶᠢ ᠠᠬᠢᠭᠤᠯᠤᠨ᠎ᠠ᠂ ᠠᠷᠭ᠎ᠠ ᠪᠦᠬᠦᠨ ᠢ ᠰᠦᠪᠡᠭᠴᠢᠯᠡᠨ ᠬᠥᠲᠥᠴᠢ | ᠠᠵᠤ ᠠᠬᠤᠶᠢᠯᠠᠯ ᠢ ᠪᠤᠶᠢᠵᠢᠭᠤᠯᠵᠤ᠂ ᠢᠯᠢ᠂ ᠮᠧᠩ ᠨᠢᠦ ᠮᠡᠲᠦ ᠶᠢᠨ ᠲᠣᠮᠣ ᠠᠵᠤ ᠠᠬᠤᠶᠢᠯᠠᠯ ᠢ ︽ᠰᠦ | ᠰᠠᠭᠠᠯᠢ ᠶᠢᠨ ᠬᠤᠶᠠᠷ ᠲᠤᠯᠭᠠᠭᠤᠷᠢ ᠬᠦᠴᠦᠨ︾ ᠪᠣᠯᠭᠠᠨ ᠳᠡᠮᠵᠢᠬᠦ ᠪᠠᠷ ᠪᠠᠷᠠᠬᠤ ᠦᠭᠡᠢ᠂ ᠪᠠᠰᠠ ᠤᠯᠠᠮ ᠤᠯᠠᠨ | ᠴᠠᠭᠠᠨ ᠢᠳᠡᠭᠡᠨ ᠤ ᠠᠵᠤ ᠠᠬᠤᠶᠢᠯᠠᠯ᠂ ᠤᠯᠠᠭᠠᠨ ᠢᠳᠡᠭᠡᠨ ᠤ ᠠᠵᠤ ᠠᠬᠤᠶᠢᠯᠠᠯ᠂ ᠲᠥᠮᠥᠰᠥᠨ ᠤ ᠠᠵᠤ | ᠠᠬᠤᠶᠢᠯᠠᠯ᠂ ᠨᠣᠣᠯᠣᠭᠤᠷ ᠤᠨ ᠠᠵᠤ ᠠᠬᠤᠶᠢᠯᠠᠯ ᠢ ᠳᠡᠮᠵᠢᠵᠦ ᠪᠠᠶᠢᠭᠠᠳ ᠥᠷᠭᠡᠨ ᠲᠡᠨᠢᠭᠡᠷ ᠲᠠᠯ᠎ᠠ ᠨᠤᠲᠤᠭ ᠲᠤ ᠪᠠᠨ | ︽ᠥᠩᠭᠡ ᠪᠦᠷᠢ ᠶᠢᠨ ᠴᠡᠴᠡᠭ ᠵᠡᠷᠭᠡ ᠪᠠᠷ ᠳᠡᠯᠭᠡᠷᠡᠭᠰᠡᠨ︾ ᠪᠠᠶᠢᠳᠠᠯ ᠢ ᠪᠣᠢ ᠪᠣᠯᠭᠠᠨ᠎ᠠ᠂ ᠴᠠᠭᠠᠨ ᠢᠳᠡᠭᠡ ᠤᠯᠠᠭᠠᠨ | ᠢᠳᠡᠭᠡ ᠲᠥᠮᠥᠰᠥ ᠨᠣᠣᠯᠣᠭᠤᠷ ᠤᠨ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ | ᠡᠷᠳᠡᠨᠢ ᠰᠢᠰᠢ ᠶᠢᠨ ᠮᠢᠩᠭᠠᠨ ᠳ᠋ᠦᠩᠰᠢᠭᠤᠷ ᠲᠡᠰ ᠤᠨ ᠠᠵᠤ ᠦᠢᠯᠡᠰ ᠢ ᠨᠠᠷᠢᠯᠢᠭᠵᠢᠭᠤᠯᠤᠨ ᠬᠦᠴᠦᠷᠬᠡᠭᠵᠢᠭᠦᠯᠦᠨ᠎ᠡ᠃ | ᠳᠥᠷᠪᠡ ᠳᠤ ᠨᠠᠷᠠᠲᠤ ᠲᠡᠮᠳᠡᠭ ᠤᠳ ᠢ ᠪᠣᠢ ᠪᠣᠯᠭᠠᠨ᠎ᠠ᠂ ︽ᠥᠪᠥᠷ ᠮᠣᠩᠭᠤᠯ︾ ᠨᠡᠷᠡᠮᠵᠢᠲᠦ ᠨᠡᠷᠡᠳᠣ ᠲᠡᠮᠳᠡᠭ ᠢ | ᠪᠣᠢ ᠪᠣᠯᠭᠠᠵᠣ᠂ ᠨᠡᠩ ᠣᠯᠠᠨ ᠰᠠᠶᠢᠨ ᠦᠢᠯᠡᠳᠬᠦᠨ ᠢ ᠰᠠᠶᠢᠨ ᠨᠡᠷᠡᠳᠣ ᠲᠡᠮᠳᠡᠭ ᠪᠣᠯᠭᠠᠨ᠂ ᠨᠡᠷ᠎ᠡ ᠴᠣᠣ ᠶᠢ ᠨᠢ | ᠮᠠᠨᠳᠤᠭᠤᠯᠵᠤ᠂ ᠶᠡᠭᠡ ᠵᠠᠬ᠎ᠠ ᠳᠡᠯᠭᠡᠭᠦᠷ ᠢ ᠡᠵᠡᠯᠡᠭᠦᠯᠵᠦ ᠪᠠᠶᠢᠭᠠᠳ ︽ᠥᠷᠭᠡᠨ ᠲᠡᠨᠢᠭᠡᠷ ᠲᠠᠯ᠎ᠠ ᠨᠤᠲᠤᠭ᠂ ᠥᠩ | ᠰᠢᠮᠡᠯᠢᠭ ᠮᠠᠯᠵᠢᠯ ᠤᠨ ᠲᠠᠯᠠᠪᠠᠶ᠂ ᠠᠮᠢ ᠠᠬᠤᠢ ᠶᠢᠨ ᠥᠪᠥᠷ ᠮᠣᠩᠭᠤᠯ᠂ ᠪᠠᠶᠢᠭᠠᠯᠢᠯᠢᠭ ᠰᠠᠶᠢᠬᠠᠨ ᠠᠮᠲᠠᠲᠤ ᠢᠳᠡᠭᠡᠨ︾ | ᠢᠶᠠᠨ ᠤᠯᠠᠮ ᠠᠴᠠ ᠤᠯᠠᠮ ᠠᠯᠳᠠᠷᠰᠢᠭᠤᠯᠤᠨ ᠴᠤᠤᠷᠢᠶᠠᠲᠤᠭᠤᠯᠤᠨ᠎ᠠ᠃ | ᠡᠨᠧᠷᠭᠢ ᠶᠢᠨ ᠠᠵᠤ ᠠᠬᠤᠢ ᠶᠢᠨ ᠤᠯᠠᠨ ᠡᠰᠢᠵᠢᠬᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ | ᠳᠡᠭᠡᠳᠦ ᠲᠡᠰᠵᠢᠬᠦ ᠶᠢ ᠲᠦᠷᠭᠡᠳᠬᠡᠨ ᠠᠬᠢᠭᠤᠯᠤᠨ᠎ᠠ᠃ ᠡᠨᠧᠷᠭᠢ ᠶᠢᠨ ᠠᠵᠤ ᠦᠢᠯᠡᠰ ᠪᠣᠯ ᠮᠠᠨ ᠤ ᠣᠷᠣᠨ ᠤ | ᠲᠦᠰᠢᠭ ᠲᠤᠯᠭᠠᠭᠤᠷᠢ ᠠᠵᠤ ᠦᠢᠯᠡᠰ ᠪᠣᠯᠣᠨ᠎ᠠ᠂ ᠪᠠᠰᠠ ᠴᠤ ᠭᠤᠣᠯᠯᠠᠬᠤ ᠠᠵᠤ ᠦᠢᠯᠡᠰ ᠮᠥᠨ᠂ ᠡᠶᠢᠮᠦ ᠠᠴᠠ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠠᠴᠠ ᠪᠢᠰᠢ᠂ ᠪᠠᠭᠠᠰᠬᠠᠵᠤ ᠬᠠᠶᠠᠭᠳᠠᠭᠤᠯᠵᠤ ᠪᠣᠯᠬᠤ ᠦᠭᠡᠢ᠃ | ᠤᠯᠠᠮᠵᠢᠯᠠᠯᠲᠤ ᠡᠨᠧᠷᠭᠢ ᠪᠠ ᠨᠡᠭᠦᠷᠡᠰᠦᠨ ᠳᠤ ᠰᠠᠭᠤᠷᠢᠯᠠᠭᠰᠠᠨ ᠠᠵᠤ ᠦᠢᠯᠡᠰ ᠤᠨ ᠰᠢᠨ᠎ᠡ ᠪᠠᠷ ᠬᠥᠭᠵᠢᠵᠦ | ᠳᠡᠭᠵᠢᠷᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠮᠠᠨ ᠤ ᠣᠷᠣᠨ ᠤ ᠨᠡᠭᠦᠷᠡᠰᠦᠨ ᠤ ᠭᠠᠷᠤᠯᠲᠠ ᠪᠠᠷᠤᠭ | ᠪᠦᠬᠦ ᠤᠯᠤᠰ ᠤᠨ 1/4᠂ ᠪᠦᠬᠦ ᠪᠥᠮᠪᠥᠷᠴᠡᠭ ᠤᠨ 1/8 ᠶᠢ ᠡᠵᠡᠯᠡᠵᠦ ᠪᠠᠶᠢᠨ᠎ᠠ᠂ ᠬᠡᠷᠪᠡ ᠨᠢᠭᠡ ᠯᠡ ᠬᠥᠭ ᠢᠶᠠᠷ | ᠭᠠᠷᠤᠯᠲᠠ ᠶᠢ ᠬᠥᠭᠡᠭᠡᠴᠡᠯᠳᠦᠭᠡᠳ ᠠᠵᠤ ᠦᠢᠯᠡᠰ ᠤᠨ ᠲᠠᠯ᠎ᠠ ᠶᠢ ᠣᠮᠲᠣᠭᠠᠶᠢᠯᠠᠵᠤ᠂ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠬᠤ ᠦᠭᠡᠢ᠂ ᠤᠯᠠᠷᠢᠭᠤᠯᠬᠤ ᠨᠣᠷᠮ᠎ᠠ ᠶᠢ ᠳᠡᠭᠡᠭᠰᠢᠯᠡᠭᠦᠯᠬᠦ ᠦᠭᠡᠢ ᠶᠤᠮ ᠪᠣᠯ ︽ᠨᠡᠭᠦᠷᠡᠰᠦ ᠮᠠᠯᠲᠠᠵᠤ | ᠨᠡᠭᠦᠷᠡᠰᠦ ᠬᠤᠳᠠᠯᠳᠤᠬᠤ︾ ᠪᠠᠶᠢᠳᠠᠯ ᠢ ᠲᠡᠶᠢᠮᠦ ᠠᠮᠠᠷᠬᠠᠨ ᠢᠶᠠᠷ ᠬᠤᠪᠢᠷᠠᠭᠤᠯᠵᠤ ᠴᠢᠳᠠᠬᠤ ᠦᠭᠡᠢ ᠶᠤᠮ᠂ ᠨᠡᠭᠦᠷᠡᠰᠦ᠂ | ᠰᠢᠲᠠᠭᠠᠮᠠᠯ ᠬᠡᠢ ᠵᠡᠷᠭᠡ ᠭᠠᠵᠠᠷ ᠳᠣᠣᠷᠠᠬᠢ ᠡᠷᠳᠡᠨᠢᠰ ᠢ ᠮᠠᠯᠲᠠᠵᠤ ᠭᠠᠷᠭᠠᠮᠠᠭᠴᠠ ᠪᠠᠨ ᠬᠤᠳᠠᠯᠳᠤᠨ ᠶᠠᠪᠤᠭᠤᠯᠵᠤ | ᠪᠤᠯᠬᠤ ᠦᠭᠡᠢ᠂ ᠡᠷᠬᠡᠪᠰᠢ ᠥᠪᠥᠷ ᠮᠣᠩᠭᠤᠯ ᠳᠤ ᠪᠠᠨ ᠤᠯᠠᠷᠢᠭᠤᠯᠤᠨ ᠥᠷᠲᠡᠭ ᠢ ᠨᠢ ᠨᠡᠮᠡᠭᠳᠡᠭᠦᠯᠬᠦ ᠬᠡᠷᠡᠭᠲᠡᠢ᠃ ︽ | ᠨᠡᠭᠦᠷᠡᠰᠦ ᠪᠠᠷ ᠲᠦᠷᠦᠭᠦᠯᠡᠭᠦᠯᠵᠦ ᠬᠢᠮᠢ ᠶᠢᠨ ᠠᠵᠤ ᠦᠢᠯᠡᠳᠪᠦᠷᠢ ᠶᠢ ᠬᠠᠪᠰᠤᠷᠭᠠᠬᠤ︾ ᠳᠤ ᠬᠠᠨᠳᠤᠭᠤᠯᠤᠨ᠂ | ᠣᠷᠳᠣᠰ ᠤᠨ ᠣᠳᠣᠬᠢᠴᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠬᠦᠯᠬᠦ | ᠲᠣᠭᠤᠷᠢᠭ ᠪᠠᠶᠢᠭᠤᠯᠬᠤ ᠶᠢ ᠲᠡᠮᠵᠢᠵᠦ᠂ ᠨᠢᠭᠡ ᠪᠦᠯᠦᠭ ᠰᠢᠨ᠎ᠡ ᠬᠡᠯᠪᠡᠷᠢ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠲᠦᠷᠦᠯ ᠵᠦᠢᠯ ᠢ ᠲᠦᠷᠭᠡᠨ ᠪᠠᠶᠢᠷᠢᠰᠢᠭᠤᠯᠬᠤ ᠪᠠᠷ ᠪᠠᠷᠠᠬᠤ ᠦᠭᠡᠢ᠂ ᠪᠠᠰᠠ ᠨᠡᠭᠦᠷᠡᠰᠦᠨ | ᠬᠡᠦᠷᠡᠰᠦ᠂ ᠾᠯᠣᠷᠲᠤ ᠱᠦᠯᠲᠦ᠂ ᠹᠯᠣᠷᠲᠤ ᠴᠠᠬᠢᠭᠤᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ | ᠤᠷᠲᠤᠳᠬᠠᠨ ᠠᠭᠤᠰᠤᠯᠴᠠᠭᠤᠯᠬᠤ ᠶᠢ ᠠᠬᠢᠭᠤᠯᠵᠤ᠂ ᠲᠤᠯᠭᠠᠭᠤᠷᠢ ᠬᠦᠴᠦᠨ ᠪᠣᠯᠤᠭᠰᠠᠨ ᠲᠣᠮᠣ ᠲᠦᠷᠦᠯ ᠵᠦᠢᠯ ᠪᠠ | ᠤᠷᠲᠤᠳᠬᠠᠵᠤ ᠨᠠᠷᠢᠯᠢᠭ ᠬᠤᠪᠢᠶᠠᠭᠰᠠᠨ ᠰᠠᠶᠢᠨ ᠲᠦᠷᠦᠯ ᠵᠦᠢᠯ ᠳᠤ ᠲᠦᠰᠢᠭᠯᠡᠨ ᠤᠯᠠᠷᠢᠭᠤᠯᠵᠤ ᠦᠷᠳᠡᠭ ᠢ ᠨᠢ | ᠨᠡᠮᠡᠭᠳᠡᠭᠦᠯᠬᠦ ᠰᠢᠨ᠎ᠡ ᠪᠠᠶᠢᠳᠠᠯ ᠢ ᠪᠣᠢ ᠪᠣᠯᠭᠠᠨ᠎ᠠ᠃ ᠨᠡᠭᠦᠷᠡᠰᠦ ᠶᠢ ᠴᠡᠪᠡᠷᠰᠢᠭᠦᠯᠦᠨ ᠥᠨᠳᠥᠷ ᠦᠷ᠎ᠡ | ᠪᠦᠲᠦᠮᠵᠢᠲᠡᠢ ᠪᠠᠷ ᠠᠰᠢᠭᠯᠠᠬᠤ ᠶᠢ ᠴᠢᠩᠭᠠᠳᠬᠠᠵᠤ᠂ ᠨᠡᠭᠦᠷᠡᠰᠦ ᠴᠠᠬᠢᠯᠭᠠᠨ ᠤ ᠮᠠᠰᠢᠨ ᠪᠦᠯᠦᠭ ᠤᠨ ︽ᠭᠤᠷᠪᠠ ᠶᠢ | ᠥᠭᠡᠷᠡᠴᠢᠯᠡᠨ ᠰᠢᠨᠡᠳᠬᠡᠬᠦ ᠪᠠᠨ ᠬᠤᠯᠪᠤᠭᠠᠯᠠᠨ ᠬᠥᠳᠡᠯᠦᠯᠴᠡᠭᠦᠯᠬᠦ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ | ᠬᠤᠴᠤᠷᠤᠩᠭᠤᠢ ᠮᠠᠰᠢᠨ ᠪᠦᠯᠦᠭ ᠢ ᠰᠢᠭᠰᠢᠭᠳᠡᠭᠦᠯᠵᠦ ᠪᠠᠶᠢᠭᠰᠠᠨ ᠢᠶᠠᠨ ᠪᠠᠴᠢᠮ ᠪᠠᠶᠢᠳᠠᠯ ᠢ ᠠᠷᠭᠠᠴᠠᠭᠠᠬᠤ ᠪᠠ | ᠬᠡᠷᠡᠭᠯᠡᠬᠦ ᠬᠡᠮᠵᠢᠶᠡᠨ ᠤ ᠴᠠᠭ ᠬᠤᠪᠢᠶᠠᠷᠢ ᠶᠢ ᠲᠣᠬᠢᠷᠠᠭᠤᠯᠬᠤ ᠮᠠᠰᠢᠨ ᠪᠦᠯᠦᠭ ᠪᠣᠯᠭᠠᠨ ᠬᠤᠪᠢᠷᠠᠭᠤᠯᠵᠤ᠂ | ᠤᠯᠠᠮᠵᠢᠯᠠᠯᠲᠤ ᠨᠡᠭᠦᠷᠡᠰᠦ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ ᠶᠢ ᠰᠢᠨ᠎ᠡ ᠬᠡᠯᠪᠡᠷᠢ ᠶᠢᠨ ᠪᠣᠬᠢᠷᠳᠤᠯ | ᠦᠭᠡᠢ ᠣᠶᠤᠨᠯᠢᠭ ᠴᠠᠬᠢᠯᠭᠠᠨ ᠤ ᠦᠢᠯᠡᠳᠪᠦᠷᠢ ᠪᠣᠯᠭᠠᠨ ᠬᠤᠪᠢᠷᠠᠭᠤᠯᠤᠨ᠎ᠠ᠃ ᠨᠡᠭᠦᠷᠡᠰᠦᠨ ᠤ ᠬᠠᠷᠢᠮᠠᠬᠠᠢ ᠴᠢᠨᠠᠷᠲᠠᠢ | ᠦᠢᠯᠡᠳᠪᠦᠷᠢᠯᠡᠬᠦ ᠴᠢᠳᠠᠮᠵᠢ ᠪᠠ ᠪᠠᠴᠢᠮ ᠪᠠᠶᠢᠳᠠᠯ ᠢ ᠠᠷᠭᠠᠴᠠᠭᠠᠵᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠨᠢ | ᠳᠡᠭᠡᠭᠰᠢᠯᠡᠭᠦᠯᠦᠨ᠂ ᠰᠢᠲᠠᠭᠠᠮᠠᠯ ᠬᠡᠢ ᠶᠢᠨ ᠡᠬᠢ ᠪᠠᠶᠠᠯᠢᠭ ᠢ ᠬᠠᠶᠢᠨ ᠰᠢᠨᠵᠢᠬᠦ ᠪᠠ ᠨᠡᠮᠡᠵᠦ ᠨᠥᠭᠡᠴᠡᠯᠡᠨ | ᠭᠠᠷᠤᠯᠲᠠ ᠶᠢ ᠨᠢ ᠨᠡᠮᠡᠭᠳᠡᠭᠦᠯᠬᠦ ᠡᠷᠴᠢᠮ ᠢ ᠴᠢᠩᠭᠠᠷᠠᠭᠤᠯᠵᠤ᠂ ᠨᠡᠭᠦᠷᠡᠰᠦᠨ ᠤ ᠪᠤᠰᠤ ᠠᠭᠤᠷᠬᠠᠢ ᠶᠢᠨ ᠭᠠᠷᠤᠯᠲᠠ ᠶᠢᠨ | ᠡᠬᠢ ᠪᠠᠶᠠᠯᠢᠭ ᠢ ᠠᠮᠤᠷ ᠲᠦᠪᠰᠢᠨ ᠪᠥᠭᠡᠳ ᠪᠣᠬᠢᠷᠳᠤᠯ ᠦᠭᠡᠢ ᠪᠠᠷ ᠡᠮᠬᠢ ᠵᠢᠷᠤᠮ ᠲᠠᠢ ᠨᠡᠭᠡᠭᠡᠬᠦ ᠶᠢ ᠠᠬᠢᠭᠤᠯᠤᠨ᠎ᠠ᠃ | ᠰᠢᠨ᠎ᠡ ᠡᠨᠧᠷᠭᠢ ᠶᠢ ᠲᠦᠷᠭᠡᠬᠡᠨ ᠨᠡᠭᠡᠭᠡᠨ ᠬᠥᠭᠵᠢᠭᠦᠯᠬᠦ ᠪᠠ ᠪᠦᠬᠦ ᠠᠵᠤ ᠦᠢᠯᠡᠰ ᠤᠨ ᠬᠡᠯᠬᠢᠶ᠎ᠡ ᠶᠢᠨ | ᠪᠠᠶᠢᠭᠤᠯᠤᠯᠲᠠ ᠶᠢ ᠪᠦᠭᠦ ᠬᠦᠴᠦᠨ ᠢᠶᠠᠷ ᠠᠬᠢᠭᠤᠯᠤᠨ᠎ᠠ᠃ ᠣᠳᠣᠬᠢ ᠱᠠᠲᠤᠨ ᠳᠤ ᠰᠢᠨ᠎ᠡ ᠡᠨᠧᠷᠭᠢ ᠶᠢᠨ ᠬᠥᠭᠵᠢᠯᠲᠡ | ᠨᠢᠭᠡᠨ ᠲᠡᠦᠬᠡᠲᠦ ᠴᠢᠨᠠᠷᠲᠠᠢ ᠱᠠᠲᠤᠨ ᠳᠤ ᠣᠷᠣᠭᠰᠠᠨ ᠪᠠᠶᠢᠨ᠎ᠠ᠂ ᠡᠷᠬᠡᠪᠰᠢ ᠰᠢᠨ᠎ᠡ ᠬᠥᠭᠵᠢᠯᠲᠡ ᠶᠢᠨ ᠣᠨᠣᠯᠵᠢᠬᠤᠨ᠂ | ᠪᠦᠬᠦ ᠠᠵᠤ ᠦᠢᠯᠡᠰ ᠤᠨ ᠬᠡᠯᠬᠢᠶ᠎ᠡ ᠶᠢᠨ ᠰᠡᠳᠬᠢᠬᠦᠢ ᠶᠣᠰᠣᠭᠠᠷ᠂ ᠨᠢᠭᠡ ᠲᠠᠯ᠎ᠠ ᠪᠠᠷ ᠰᠢᠨ᠎ᠡ ᠡᠨᠧᠷᠭᠢ ᠶᠢᠨ ᠨᠡᠭᠡᠭᠡᠨ | ᠬᠥᠭᠵᠢᠭᠦᠯᠵᠦ ᠪᠦᠲᠦᠭᠡᠨ ᠪᠠᠶᠢᠭᠤᠯᠬᠤ ᠶᠢ ᠠᠳᠬᠤᠵᠤ᠂ ᠨᠦᠬᠦᠭᠡ ᠲᠠᠯ᠎ᠠ ᠪᠠᠷ ᠲᠤᠨᠤᠭ ᠲᠥᠬᠦᠭᠡᠷᠦᠮᠵᠢ ᠦᠢᠯᠡᠳᠬᠦ | ᠦᠢᠯᠡᠰ ᠤᠨ ᠬᠥᠭᠵᠢᠯᠲᠡ ᠶᠢ ᠠᠳᠬᠤᠨ᠎ᠠ᠃ ᠰᠢᠨ᠎ᠡ ᠡᠨᠧᠷᠭᠢ ᠪᠠᠷ ᠰᠢᠨ᠎ᠡ ᠠᠵᠤ ᠦᠢᠯᠡᠳᠪᠦᠷᠢ ᠪᠠᠨ | ᠳᠠᠶᠢᠴᠢᠯᠠᠬᠤ ᠶᠢ ᠪᠠᠷᠢᠮᠲᠠᠯᠠᠵᠤ᠂ ︽ᠬᠤᠶᠠᠷ ᠢ ᠤᠷᠢᠳ ᠢᠶᠠᠷ ᠴᠣᠭᠴᠠᠯᠠᠬᠤ︾᠂ ︽ᠬᠤᠶᠠᠷ ᠢ ᠳᠠᠪᠠᠭᠤᠯᠬᠤ︾ | ᠬᠠᠷᠠᠯᠲᠠ ᠳᠤ ᠴᠢᠭᠯᠡᠭᠦᠯᠦᠨ᠂ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠰᠠᠭᠤᠷᠢᠨ | ᠭᠠᠵᠠᠷ ᠪᠣᠯᠣᠨ ᠴᠠᠬᠢᠯᠭᠠᠨ ᠰᠤᠷᠪᠤᠯᠵᠢ ᠪᠠ ᠲᠣᠣᠷ ᠳᠠᠭᠠᠭᠠᠴᠠ ᠨᠥᠭᠡᠴᠡ᠂ ᠰᠠᠯᠬᠢᠨ ᠬᠦᠴᠦᠨ ᠤ ᠴᠠᠬᠢᠯᠭᠠᠨ | ᠭᠡᠷᠡᠯᠴᠢ ᠴᠡᠨᠡᠭ ᠢᠶᠠᠷ ᠤᠰᠤᠲᠥ᠋ᠷᠥᠭᠴᠢ ᠦᠢᠯᠡᠳᠬᠦ ᠵᠡᠷᠭᠡ ᠠᠬᠤᠢ ᠲᠠᠯᠠᠪᠠᠢ ᠶᠢᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ 2500 ᠲᠦᠮᠡᠨ ᠬᠢᠯᠦᠸᠠᠲ ᠠᠴᠠ ᠳᠡᠭᠡᠭᠰᠢᠬᠢ ᠮᠠᠰᠢᠨ ᠴᠣᠭᠴᠠᠯᠠᠪᠤᠷᠢ ᠶᠢ | ᠴᠠᠬᠢᠯᠭᠠᠨ ᠬᠦᠴᠦᠨ ᠤ ᠲᠣᠣᠷ ᠲᠤ ᠨᠡᠶᠢᠯᠡᠭᠦᠯᠬᠦ ᠪᠠᠷ ᠴᠢᠷᠮᠠᠶᠢᠵᠤ᠂ ᠠᠬᠤᠢ ᠲᠠᠯᠠᠪᠠᠢ ᠶᠢᠨ ᠬᠡᠷᠡᠭᠯᠡᠭᠡᠨ ᠤ | ᠬᠡᠪᠴᠢᠶ᠎ᠡ ᠶᠢ 1000 ᠲᠦᠮᠡᠨ ᠺᠢᠯᠣᠸᠠᠲ ᠠᠴᠠ ᠳᠡᠭᠡᠭᠰᠢ ᠥᠷᠭᠡᠳᠬᠡᠵᠦ ᠪᠠᠶᠢᠭᠤᠯᠤᠨ᠎ᠠ᠃ ᠰᠠᠯᠬᠢ ᠭᠡᠷᠡᠯ | ᠤᠰᠤᠲᠥ᠋ᠷᠥᠭᠴᠢ ᠨᠥᠭᠡᠴᠡ ᠡᠨᠧᠷᠬᠢ ᠶᠢᠨ ᠠᠵᠤ ᠦᠢᠯᠡᠰ ᠤᠨ ᠪᠦᠯᠦᠭᠵᠢᠯ ᠪᠠ ᠬᠥᠬᠡᠬᠤᠲᠠ ᠪᠤᠭᠤᠲᠤ ᠣᠷᠳᠣᠰ | ᠲᠦᠩᠯᠢᠶᠣᠣ ᠶᠢᠨ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠢ ᠲᠥᠪᠯᠡᠷᠡᠭᠦᠯᠦᠨ ᠪᠠᠶᠢᠭᠤᠯᠵᠤ᠂ ᠰᠢᠨ᠎ᠡ | ᠡᠨᠧᠷᠭᠢ ᠶᠢᠨ ᠬᠦᠷᠢᠶᠡᠨ ᠳᠤ ︽ᠠᠵᠤ ᠦᠢᠯᠡᠳᠪᠦᠷᠢ ᠶᠢᠨ ᠥᠪᠥᠷ ᠮᠣᠩᠭᠤᠯ︾ ᠢ ᠳᠠᠬᠢᠨᠲᠠ ᠪᠠᠶᠢᠭᠤᠯᠬᠤ ᠪᠠᠷ | ᠴᠢᠷᠮᠠᠶᠢᠨ᠎ᠠ᠃ ᠦᠢᠯᠡᠳᠬᠦ ᠦᠢᠯᠡᠰ ᠤᠨ ᠳᠡᠭᠡᠳᠦ ᠲᠡᠰᠵᠢᠬᠦ᠂ ᠣᠶᠤᠨᠴᠢᠯᠠᠬᠤ᠂ ᠪᠣᠬᠢᠷᠳᠤᠯ ᠦᠭᠡᠢ ᠪᠣᠯᠭᠠᠬᠤ ᠶᠢ | ᠲᠦᠷᠭᠡᠳᠬᠡᠨ ᠠᠬᠢᠭᠤᠯᠤᠨ᠎ᠠ᠃ | ᠦᠢᠯᠡᠳᠬᠦ ᠦᠢᠯᠡᠰ ᠪᠣᠯ ᠮᠠᠨ ᠤ ᠣᠷᠣᠨ ᠤ ᠠᠵᠤ ᠦᠢᠯᠡᠳᠪᠦᠷᠢ ᠶᠢᠨ ᠳᠤᠲᠠᠭᠤᠳᠠᠯ ᠪᠣᠯᠣᠨ᠎ᠠ᠂ ᠪᠠᠰᠠ ᠴᠤ | ᠪᠦᠲᠦᠴᠡ ᠶᠢ ᠲᠣᠬᠢᠷᠠᠭᠤᠯᠬᠤ ᠶᠢᠨ ᠭᠤᠣᠯᠳᠠᠯᠭ᠎ᠠ ᠮᠥᠨ᠂ ᠠᠵᠤ ᠦᠢᠯᠡᠳᠪᠦᠷᠢ ᠶᠢᠨ ᠠᠵᠤ ᠠᠬᠤᠢ ᠶᠢᠨ | ᠪᠦᠲᠦᠴᠡ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠡᠨᠧᠷᠭᠢ ᠶᠡᠭᠡ | ᠠᠴᠢᠶᠠᠯᠠᠬᠤ᠂ ᠨᠡᠭᠦᠷᠡᠰᠦᠲᠥ᠋ᠷᠥᠭᠴᠢ ᠶᠡᠭᠡ ᠭᠠᠳᠠᠭᠰᠢᠯᠠᠭᠤᠯᠬᠤ᠂ ᠳᠣᠣᠷ᠎ᠠ ᠲᠦᠪᠰᠢᠨ ᠪᠦᠬᠦᠢ ᠠᠵᠤ ᠦᠢᠯᠡᠰ ᠢ | ᠡᠨᠧᠷᠭᠢ ᠶᠡᠭᠡ ᠠᠴᠢᠶᠠᠯᠠᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠥᠨᠳᠥᠷ ᠲᠦᠪᠰᠢᠨ ᠪᠦᠬᠦᠢ ᠠᠵᠤ | ᠦᠢᠯᠡᠰ ᠪᠣᠯᠭᠠᠨ ᠬᠤᠪᠢᠷᠠᠭᠤᠯᠤᠨ᠎ᠠ᠃ ᠠᠵᠤ ᠦᠢᠯᠡᠰ ᠤᠨ ᠪᠦᠲᠦᠴᠡ ᠶᠢᠨ ᠳᠡᠰ ᠳᠠᠪᠬᠤᠷᠭ᠎ᠠ ᠶᠢ ᠪᠦᠬᠦ | ᠬᠡᠯᠬᠢᠶ᠎ᠡ ᠪᠠᠷ ᠳᠡᠭᠡᠭᠰᠢᠯᠡᠭᠦᠯᠦᠨ᠎ᠡ᠂ ᠠᠵᠤ ᠦᠢᠯᠡᠰ ᠤᠨ ᠰᠠᠭᠤᠷᠢ ᠶᠢ ᠳᠠᠬᠢᠨᠲᠠ ᠴᠣᠭᠴᠠᠯᠠᠵᠤ᠂ ᠠᠵᠤ | ᠦᠢᠯᠡᠳᠪᠦᠷᠢ ᠶᠢᠨ ᠮᠡᠷᠭᠡᠵᠢᠯ ᠢ ᠥᠭᠡᠷᠡᠴᠢᠯᠡᠨ ᠰᠢᠨᠡᠳᠬᠡᠬᠦ᠂ ᠠᠵᠤ ᠠᠬᠤᠶᠢᠯᠠᠯ ᠤᠨ ᠵᠢᠭᠰᠠᠭᠠᠯ ᠤᠨ ᠪᠦᠲᠦᠴᠡ ᠪᠠᠨ | ᠨᠢᠭᠡ ᠴᠣᠭᠴᠠᠵᠢᠭᠤᠯᠤᠨ ᠠᠬᠢᠭᠤᠯᠵᠤ᠂ ᠪᠣᠯᠣᠳ ᠲᠡᠮᠦᠷ᠂ ᠥᠩᠭᠡᠲᠦ ᠲᠡᠮᠦᠷᠯᠢᠭ᠂ ᠬᠢᠮᠢ ᠶᠢᠨ ᠠᠵᠤ ᠦᠢᠯᠡᠳᠪᠦᠷᠢ | ᠵᠡᠷᠭᠡ ᠤᠯᠠᠮᠵᠢᠯᠠᠯᠲᠤ ᠠᠵᠤ ᠦᠢᠯᠡᠰ ᠢ ᠳᠤᠮᠳᠠ ᠳᠣᠣᠷᠠᠳᠤ ᠬᠡᠯᠬᠢᠶ᠎ᠡ ᠲᠡᠶᠢᠰᠢ ᠤᠷᠲᠤᠳᠬᠠᠬᠤ᠂ ᠳᠤᠮᠳᠠ ᠳᠡᠭᠡᠳᠦ | ᠦᠵᠦᠭᠦᠷ ᠲᠡᠶᠢᠰᠢ ᠠᠬᠢᠭᠤᠯᠤᠨ᠂ ᠤᠳᠤ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ᠂ | ᠡᠯᠧᠺᠳ᠋ᠷᠣᠨ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠢ | ᠶᠡᠭᠡ ᠪᠠᠷ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠦᠢᠯᠡᠳᠬᠦ ᠦᠢᠯᠡᠰ ᠤᠨ ᠲᠥᠪᠯᠡᠷᠡᠭᠰᠡᠨ | ᠲᠣᠭᠤᠷᠢᠭ ᠢ ᠰᠠᠶᠢᠲᠤᠷ ᠲᠥᠯᠥᠪᠵᠢᠭᠦᠯᠵᠦ ᠪᠦᠲᠦᠭᠡᠨ ᠪᠠᠶᠢᠭᠤᠯᠤᠨ᠎ᠠ᠃ ᠠᠵᠤ ᠦᠢᠯᠡᠰ ᠢ ᠲᠣᠭᠠᠵᠢᠭᠤᠯᠵᠤ ᠡᠷᠴᠢᠮ | ᠬᠦᠴᠦᠨ ᠢ ᠨᠢ ᠴᠢᠩᠭᠠᠷᠠᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠶᠡᠷᠦᠩᠬᠡᠶᠢᠯᠡᠭᠰᠡᠨ ᠲᠤᠷᠰᠢᠯᠲᠠ ᠬᠢᠬᠦ | ᠲᠣᠭᠤᠷᠢᠭ᠂ ᠭᠤᠣᠯᠯᠠᠬᠤ ᠰᠢᠭᠤᠳ ᠬᠠᠷᠢᠯᠴᠠᠭᠠᠨ ᠤ ᠴᠡᠭ᠂ ᠲᠣᠭᠠᠵᠢᠭᠤᠯᠵᠤ ᠪᠤᠳᠤᠬᠤ ᠴᠢᠳᠠᠮᠵᠢ ᠶᠢᠨ ᠵᠠᠩᠭᠢᠯᠠᠭ᠎ᠠ | ᠪᠣᠯᠬᠤ ᠴᠡᠭ ᠪᠠ ᠵᠡᠭᠦᠨ ᠣᠷᠣᠨ ᠤ ᠳ᠋ᠠᠶᠢᠲ᠋ᠠ ᠶᠢ ᠪᠠᠷᠠᠭᠤᠨ ᠣᠷᠣᠨ ᠳᠤ ᠲᠣᠭᠠᠵᠢᠭᠤᠯᠤᠨ ᠠᠵᠢᠯᠯᠠᠭᠤᠯᠬᠤ᠂ ︽ | ᠮᠢᠩᠭᠠᠨ ᠰᠠᠶ᠎ᠠ ᠰᠦᠯᠵᠢᠶᠡᠨ ᠤ ᠬᠤᠳᠠ︾ ᠳᠤ ᠲᠦᠰᠢᠭᠯᠡᠨ᠂ ᠠᠵᠤ ᠦᠢᠯᠡᠰ ᠢ ᠲᠣᠭᠠᠵᠢᠭᠤᠯᠤᠨ ᠬᠡᠯᠪᠡᠷᠢ ᠪᠠᠨ | ᠬᠤᠪᠢᠷᠠᠭᠤᠯᠬᠤ᠂ ᠣᠶᠤᠨᠴᠢᠯᠠᠨ ᠳᠡᠰ ᠲᠡᠪᠰᠢᠬᠦ ᠲᠦᠷᠦᠯ ᠵᠦᠢᠯ ᠢ ᠰᠢᠰᠲ᠋ᠧᠮ ᠲᠠᠢ ᠪᠠᠶᠢᠷᠢᠯᠠᠭᠤᠯᠵᠤ᠂ ᠠᠵᠤ | ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠪᠠ ᠣᠶᠤᠨᠯᠢᠭ ᠬᠦᠷᠢᠶᠡᠯᠡᠩ ᠲᠣᠭᠤᠷᠢᠭ᠂ ᠣᠶᠤᠨᠴᠢ | ᠦᠢᠯᠡᠳᠪᠦᠷᠢ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠪᠥᠬᠦ ᠠᠵᠢᠯ ᠲᠥᠷᠥᠯ ᠢᠶᠠᠷ ᠢᠶᠠᠨ | ᠨᠡᠬᠦᠷᠡᠰᠦᠳᠦ᠋ᠷᠦᠭᠴᠢ ᠪᠠᠭᠠᠲᠠᠢ ᠪᠠᠷ ᠤᠷᠴᠢᠯᠳᠤᠭᠤᠯᠤᠨ ᠬᠥᠭᠵᠢᠭᠦᠯᠬᠦ ᠶᠢ ᠠᠬᠢᠭᠤᠯᠤᠨ᠂ ᠪᠣᠬᠢᠷᠳᠤᠯ ᠦᠭᠡᠢ | ᠦᠢᠯᠡᠳᠬᠦ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠪᠠ ᠡᠨᠧᠷᠭᠢ ᠠᠷᠪᠢᠯᠠᠨ ᠤᠰᠤ ᠠᠷᠪᠢᠯᠠᠬᠤ | ᠮᠡᠷᠭᠡᠵᠢᠯ ᠤᠨ ᠥᠭᠡᠷᠡᠴᠢᠯᠡᠨ ᠰᠢᠨᠡᠳᠬᠡᠬᠦ ᠶᠢ ᠶᠡᠭᠡ ᠪᠠᠷ ᠠᠬᠢᠭᠤᠯᠵᠤ᠂ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠳ ᠤᠨ ᠪᠣᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠬᠡᠷᠡᠭᠵᠢᠭᠦᠯᠬᠦ᠂ ᠪᠣᠬᠢᠷᠳᠤᠯ ᠦᠭᠡᠢ | ᠤᠷᠠᠯᠠᠯ ᠪᠠ ᠪᠣᠬᠢᠷᠳᠤᠯ ᠦᠭᠡᠢ ᠮᠠᠲ᠋ᠧᠷᠢᠶᠠᠯ ᠬᠡᠷᠡᠭᠯᠡᠬᠦ ᠶᠢ ᠵᠣᠷᠢᠭᠵᠢᠭᠤᠯᠤᠨ᠂ ᠳᠣᠣᠷ᠎ᠠ ᠨᠡᠭᠦᠷᠡᠰᠦᠲᠥ᠋ᠷᠥᠭᠴᠢᠲᠦ | ᠬᠦᠷᠢᠶᠡᠯᠡᠩ ᠲᠣᠭᠤᠷᠢᠭ᠂ ᠨᠡᠬᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ ᠨᠠᠩ ᠣᠯᠠᠨ | ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠪᠠᠨ ᠪᠣᠬᠢᠷᠳᠤᠯ ᠦᠭᠡᠢ ᠪᠤᠯᠭᠠᠬᠤ | ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠪᠠᠨ ᠥᠷᠭᠡᠳᠬᠡᠬᠦ᠂ ᠴᠢᠨᠠᠷ ᠴᠢᠨᠰᠠᠭ᠎ᠠ ᠪᠠᠨ | ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠤᠨ᠎ᠠ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠪᠣᠯ ᠠᠵᠤ | ᠦᠢᠯᠡᠰ ᠤᠨ ᠬᠥᠭᠵᠢᠯᠲᠡ ᠶᠢᠨ ᠬᠠᠨᠳᠤᠰᠢ ᠪᠣᠯᠣᠨ᠎ᠠ᠂ ᠲᠡᠷᠡ ᠨᠢ ᠠᠵᠢᠯ ᠣᠯᠭᠤᠯᠲᠠ ᠶᠢ ᠠᠬᠢᠭᠤᠯᠵᠤ᠂ ᠠᠵᠢᠯ | ᠦᠢᠯᠡᠰ ᠢ ᠳᠠᠶᠢᠴᠢᠯᠠᠬᠤ ᠦᠢᠯᠡᠳᠦᠯ ᠲᠠᠢ ᠶᠤᠮ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠵᠢᠯ ᠢ | ᠰᠠᠶᠢᠲᠤᠷ ᠬᠢᠬᠦ ᠳᠤ᠂ ᠰᠤᠳᠤᠯᠤᠨ ᠨᠡᠭᠡᠭᠡᠵᠦ ᠵᠢᠷᠤᠭᠯᠠᠨ ᠲᠥᠯᠥᠪᠯᠡᠬᠦ᠂ ᠮᠡᠳᠡᠭᠡ ᠵᠠᠩᠭᠢ ᠶᠢᠨ ᠵᠥᠭᠡᠯᠡᠨ ᠲᠣᠨᠤᠭ᠂ | ᠬᠤᠳᠠᠯᠳᠤᠭᠠᠨ ᠤ ᠶᠠᠪᠤᠳᠠᠯ ᠤᠨ ᠴᠤᠭᠯᠠᠭᠠᠨ ᠦᠵᠡᠰᠬᠦᠯᠡᠩ᠂ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡᠨ ᠵᠡᠷᠭᠡ | ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠬᠦ ᠶᠢ ᠠᠬᠢᠭᠤᠯᠬᠤ | ᠲᠥᠷᠥ ᠶᠢᠨ ᠪᠣᠳᠣᠯᠭ᠎ᠠ ᠲᠣᠭᠲᠠᠭᠠᠵᠤ᠂ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ ᠠᠳᠠᠯ ᠠᠬᠤᠢ᠂ ᠭᠡᠷ | ᠠᠬᠤᠢ ᠶᠢᠨ ᠶᠠᠪᠤᠳᠠᠯ ᠵᠡᠷᠭᠡ ᠠᠮᠢᠳᠤᠷᠠᠯ ᠤᠨ ᠬᠡᠷᠡᠭᠴᠡᠭᠡᠨ ᠤ ᠦᠢᠯᠡᠴᠢᠯᠡᠭᠡᠨ ᠤ ᠦᠢᠯᠡᠰ ᠤᠨ ᠪᠠᠭᠲᠠᠭᠠᠮᠵᠢ ᠶᠢ | ᠥᠷᠭᠡᠳᠬᠡᠨ ᠴᠢᠨᠠᠷ ᠢ ᠨᠢ ᠳᠡᠭᠡᠭᠰᠢᠯᠡᠭᠦᠯᠬᠦ ᠶᠢ ᠲᠡᠳᠬᠦᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ ᠣᠲᠣ ᠦᠶ᠎ᠡ ᠶᠢᠨ | ᠦᠢᠯᠡᠴᠢᠯᠡᠭᠡᠨ ᠤ ᠦᠢᠯᠡᠰ ᠢᠶᠠᠨ ᠲᠡᠷᠢᠭᠦᠨ ᠤ ᠦᠢᠯᠡᠳᠬᠦ ᠦᠢᠯᠡᠰ᠂ ᠣᠲᠣ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠯᠤᠭ᠎ᠠ ᠭᠦᠨ ᠠᠭᠤᠰᠤᠯᠴᠠᠭᠤᠯᠬᠤ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠦᠢᠯᠡᠰ ᠤᠨ | ᠥᠭᠡᠷᠡᠴᠢᠯᠡᠯᠲᠡ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠪᠡᠯᠡ ᠲᠣᠬᠢᠷᠠᠭᠤᠯᠬᠤ ᠬᠡᠪᠴᠢᠶᠡᠨ ᠤ ᠨᠡᠮᠡᠭᠳᠡᠯ ᠤᠨ | ᠬᠤᠷᠳᠤᠴᠠ ᠶᠢ ᠠᠵᠤ ᠠᠬᠤᠢ ᠶᠢᠨ ᠨᠡᠮᠡᠭᠳᠡᠯ ᠯᠦᠭᠡ ᠢᠵᠢᠯ ᠠᠯᠬᠤᠮ ᠲᠠᠢ ᠪᠠᠶᠢᠯᠭᠠᠬᠤ ᠶᠢ ᠪᠠᠲᠤᠯᠠᠨ᠎ᠠ᠂ | ᠲᠠᠷᠢᠶᠠᠯᠠᠩ ᠤᠨ ᠪᠠᠩᠬᠢ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠠᠭᠪᠤᠷ ᠢ ᠳᠡᠯᠭᠡᠷᠡᠭᠦᠯᠵᠦ᠂ | ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠠᠩᠬᠢ᠂ ᠤᠯᠤᠰ ᠤᠨ ᠥᠮᠴᠢᠯᠡᠯᠲᠦ ᠲᠣᠮᠣ ᠬᠡᠯᠪᠡᠷᠢ ᠶᠢᠨ ᠬᠤᠳᠠᠯᠳᠤᠭᠠᠨ ᠤ | ᠪᠠᠩᠬᠢ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠬᠤᠪᠢᠴᠠᠭᠠᠨ ᠤ | ᠳᠦᠷᠢᠮᠲᠦ ᠪᠠᠩᠬᠢ᠂ ᠣᠷᠣᠨ ᠨᠤᠲᠤᠭ ᠤᠨ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ | ᠵᠢᠯᠤᠭᠤᠳᠴᠤ ᠪᠠᠶᠢᠭᠠᠳ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠬᠤᠯᠠ | ᠲᠦᠷᠣᠯ ᠵᠦᠢᠯ ᠤᠨ ᠪᠦᠲᠦᠭᠡᠨ ᠪᠠᠶᠢᠭᠤᠯᠤᠯᠲᠠ ᠶᠢ ᠤᠷᠲᠤᠪᠲᠤᠷ ᠪᠠ ᠣᠷᠳᠣ ᠬᠤᠭᠤᠴᠠᠭᠠᠨ ᠤ ᠵᠢᠭᠡᠯᠡᠯᠭᠡ ᠪᠠᠷ | ᠳᠡᠮᠵᠢᠭᠦ ᠡᠷᠴᠢᠮ ᠢᠶᠠᠨ ᠴᠢᠩᠭᠠᠷᠠᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠳᠤ ᠨᠠᠩ ᠰᠠᠶᠢᠲᠤᠷ | ᠦᠢᠯᠡᠴᠢᠯᠡᠬᠦᠯᠦᠨ᠎ᠡ︔ ᠲᠤᠰᠬᠠᠢ ᠵᠦᠢᠯ ᠤᠨ ᠥᠷᠢ ᠶᠢᠨ ᠲᠡᠮᠳᠡᠭᠲᠦ ᠪᠠ ᠲᠦᠷᠣ ᠶᠢᠨ ᠪᠣᠳᠣᠯᠭ᠎ᠠ ᠶᠢᠨ ᠴᠢᠨᠠᠷᠲᠠᠢ | ᠮᠥᠩᠭᠦᠨ ᠭᠦᠢᠯᠭᠡᠭᠡᠨ ᠤ ᠪᠠᠭᠠᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ︽ᠵᠣᠭᠤᠰ ᠨᠢ ᠲᠦᠷᠣᠯ | ᠵᠦᠢᠯ ᠢᠶᠠᠨ ᠬᠦᠯᠢᠶᠡᠬᠦ︾ ᠠᠰᠠᠭᠤᠳᠠᠯ ᠢ ᠲᠣᠪᠤᠶᠢᠮ᠎ᠠ ᠰᠢᠢᠳᠪᠦᠷᠢᠯᠡᠨ᠎ᠡ︔ ᠰᠢᠭᠤᠳ ᠪᠡᠯᠡ ᠲᠣᠬᠢᠷᠠᠭᠤᠯᠬᠤ | ᠬᠡᠪᠴᠢᠶ᠎ᠡ ᠶᠢ ᠥᠷᠭᠡᠳᠬᠡᠨ᠂ ︽ᠲᠢᠶᠠᠨ ᠵᠢᠶᠦ᠋ᠨ ᠲᠥᠯᠥᠪᠯᠡᠭᠡ︾ ᠶᠢ ᠭᠦᠨᠵᠡᠭᠡᠢ ᠬᠡᠷᠡᠭᠵᠢᠭᠦᠯᠵᠦ᠂ ᠠᠵᠤ | ᠠᠬᠤᠶᠢᠯᠠᠯ ᠢ ᠵᠠᠬ᠎ᠠ ᠳᠤ ᠭᠠᠷᠭᠠᠬᠤ ᠪᠠᠷ ᠨᠥᠭᠡᠴᠡᠯᠡᠨ ᠪᠤᠶᠢᠵᠢᠭᠤᠯᠬᠤ ᠪᠠᠨ ᠲᠦᠷᠭᠡᠳᠬᠡᠨ᠂ ᠡᠨᠡ ᠵᠢᠯ 5 ᠠᠵᠤ | ᠠᠬᠤᠶᠢᠯᠠᠯ ᠢ ᠰᠲ᠋ᠣᠺ ᠤᠨ ᠵᠠᠬ᠎ᠠ ᠳᠤ ᠭᠠᠷᠭᠠᠬᠤ ᠠᠩᠬᠠᠨ ᠤ ᠲᠠᠷᠬᠠᠭᠠᠯᠲᠠ ᠶᠢᠨ ᠪᠡᠯᠡ ᠲᠣᠬᠢᠷᠠᠭᠤᠯᠭ᠎ᠠ ᠶᠢ | ᠪᠡᠶᠡᠯᠡᠭᠦᠯᠬᠦ ᠪᠠᠷ ᠴᠢᠷᠮᠠᠶᠢᠨ᠎ᠠ︔ ᠬᠥᠷᠥᠩᠭᠡ ᠶᠢᠨ ᠮᠥᠩᠭᠦ ᠨᠥᠬᠦᠪᠦᠷᠢᠯᠡᠬᠦ ᠤᠷᠲᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠵᠤ᠂ ᠬᠤᠲᠠ ᠶᠢᠨ ᠬᠤᠳᠠᠯᠳᠤᠭᠠᠨ ᠤ ᠪᠠᠩᠬᠢ ᠶᠢ ᠰᠢᠯᠢᠳᠡᠭᠵᠢᠭᠦᠯᠦᠨ ᠳᠠᠬᠢᠨᠲᠠ ᠵᠣᠬᠢᠶᠠᠨ | ᠪᠠᠶᠢᠭᠤᠯᠬᠤ ᠶᠢ ᠠᠬᠢᠭᠤᠯᠤᠨ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠪᠠ ᠲᠣᠰᠬᠤᠨ ᠪᠠᠯᠭᠠᠰᠤᠨ ᠤ | ᠪᠠᠩᠬᠢ ᠶᠢᠨ ᠥᠮᠴᠢᠯᠡᠯ ᠤᠨ ᠡᠷᠬᠡ ᠶᠢᠨ ᠳᠦᠷᠢᠮ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢᠨ ᠥᠭᠡᠷᠡᠴᠢᠯᠡᠯᠲᠡ ᠶᠢ | ᠠᠬᠢᠭᠤᠯᠵᠤ᠂ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠲᠡᠬᠡᠭᠰᠢᠯᠡᠬᠦᠯᠦᠨ᠎ᠡ᠃ ᠭᠡᠷ ᠪᠠᠶᠢᠰᠢᠩ ᠭᠠᠵᠠᠷ | ᠬᠥᠷᠥᠩᠭᠡ ᠶᠢᠨ ᠰᠠᠶᠢᠨ ᠤᠷᠴᠢᠯᠳᠤᠬᠤ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ | ᠂ ᠭᠠᠵᠠᠷ ᠰᠢᠷᠣᠢ ᠶᠢᠨ ᠦᠨ᠎ᠡ ᠶᠢ ᠲᠣᠭᠲᠠᠪᠤᠷᠢᠵᠢᠭᠤᠯᠤᠨ᠂ ᠭᠡᠷ ᠪᠠᠶᠢᠰᠢᠩ ᠤᠨ ᠦᠨ᠎ᠡ ᠶᠢ ᠲᠣᠭᠲᠠᠪᠤᠷᠢᠵᠢᠭᠤᠯᠵᠤ᠂ | ᠵᠢᠱᠢᠯᠲᠡ ᠶᠢ ᠲᠣᠭᠲᠠᠪᠤᠷᠢᠵᠢᠭᠤᠯᠵᠤ᠂ ᠬᠥᠮᠥᠨ ᠬᠠᠷ᠎ᠠ᠂ ᠭᠡᠷ ᠪᠠᠶᠢᠰᠢᠩ᠂ ᠭᠠᠵᠠᠷ ᠰᠢᠷᠣᠢ᠂ ᠵᠣᠭᠤᠰ ᠮᠥᠩᠭᠦᠨ ᠤ | ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ ᠵᠠᠶᠢᠯᠠᠰᠢ ᠦᠭᠡᠢ ᠴᠢᠨᠠᠷᠲᠠᠢ ᠪᠠ | ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠳᠡᠮᠵᠢᠵᠦ᠂ ᠪᠠᠲᠤᠯᠠᠭ᠎ᠠ ᠶᠢᠨ | ᠣᠷᠣᠨ ᠰᠠᠭᠤᠴᠠ᠂ ᠣᠷᠳᠣ ᠬᠤᠭᠤᠴᠠᠭ᠎ᠠ ᠪᠠᠷ ᠲᠦᠷᠢᠶᠡᠰᠦᠯᠡᠬᠦ ᠣᠷᠣᠨ ᠰᠠᠭᠤᠴᠠ ᠶᠢ ᠪᠥᠭᠡᠮ ᠢᠶᠠᠷ ᠬᠤᠳᠠᠯᠳᠤᠨ | ᠠᠪᠬᠤ ᠪᠤᠶᠤ ᠵᠠᠰᠠᠭ ᠤᠨ ᠣᠷᠳᠣᠨ ᠬᠤᠳᠠᠯᠳᠤᠨ ᠠᠪᠬᠤ ᠵᠡᠷᠭᠡ ᠶᠢᠨ ᠦᠢᠯᠡᠳᠦᠯ ᠢ ᠪᠠᠳᠠᠷᠠᠭᠤᠯᠵᠤ᠂ ᠭᠡᠷ ᠪᠠᠶᠢᠰᠢᠩ | ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠪᠠᠷᠠᠭᠠᠨ ᠤ ᠭᠦᠢᠯᠭᠡᠭᠡᠨ ᠤ ᠦᠢᠯᠡᠰ ᠢ ᠰᠠᠭᠤᠷᠢᠰᠢᠭᠤᠯᠬᠤ᠂ ᠲᠠᠪᠴᠠᠩᠵᠢᠭᠤᠯᠬᠤ ᠬᠥᠭᠵᠢᠯᠲᠡ ᠶᠢᠨ ᠬᠠᠨᠳᠤᠰᠢ ᠳᠤ | ᠵᠣᠬᠢᠴᠠᠭᠤᠯᠤᠨ᠂ ᠬᠦᠬᠡᠬᠤᠳᠡ᠂ ᠣᠷᠳᠣᠰ᠂ ᠤᠯᠠᠭᠠᠨᠴᠠᠪ – ᠡᠷᠢᠶᠡᠨ ᠬᠤᠳᠡ᠂ ᠮᠠᠨᠵᠤᠤᠷ ᠤᠨ ᠤᠯᠤᠰ ᠤᠨ | ᠪᠠᠷᠠᠭᠠᠨ ᠤ ᠭᠦᠢᠯᠭᠡᠭᠡᠨ ᠤ ᠬᠦᠢᠰᠦ ᠶᠢᠨ ᠣᠳᠣᠬᠢᠴᠢᠯᠠᠨ ᠳᠡᠰ ᠳᠡᠪᠰᠢᠬᠦ ᠶᠢ ᠠᠬᠢᠭᠤᠯᠤᠨ᠎ᠠ᠂ ᠲᠤᠰ ᠨᠤᠲᠤᠭ | ᠣᠷᠣᠨ ᠤ ᠲᠣᠣᠷ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠲᠠᠪᠴᠠᠩ ᠪᠠ ᠬᠥᠲᠥᠴᠢ ᠠᠵᠤ ᠠᠬᠤᠶᠢᠯᠠᠯ ᠢ | ᠪᠤᠶᠢᠵᠢᠭᠤᠯᠤᠨ᠂ ᠣᠯᠠᠨ ᠬᠡᠯᠪᠡᠷᠢ ᠪᠦᠬᠦᠢ ᠬᠤᠯᠪᠤᠭᠠᠯᠠᠨ ᠲᠡᠭᠡᠭᠡᠪᠦᠷᠢᠯᠡᠵᠦ ᠵᠢᠱᠢᠶ᠎ᠡ ᠦᠵᠡᠭᠦᠯᠬᠦ ᠢᠨᠵᠧᠨᠧᠷᠢᠩ ᠪᠠ | ᠣᠨᠴᠠᠯᠢᠭ ᠲᠠᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠤᠷᠰᠢᠯᠲᠠ ᠶᠢᠨ ᠴᠡᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠲᠦᠷᠭᠡᠨ ᠤ ᠵᠠᠰᠠᠮᠠᠯ ᠵᠠᠮ ᠤᠨ ᠵᠦᠷᠢᠶᠡᠴᠢᠯᠡᠭᠰᠡᠨ ᠰᠦᠢᠳᠬᠡᠯ ᠬᠤᠷᠢᠶᠠᠬᠤ | ᠲᠤᠷᠰᠢᠯᠲᠠ ᠶᠢᠨ ᠴᠡᠭ ᠤᠨ ᠬᠡᠪᠴᠢᠶ᠎ᠡ ᠶᠢ ᠥᠷᠭᠡᠳᠬᠡᠨ᠂ ᠪᠠᠷᠠᠭᠠᠨ ᠤ ᠲᠡᠭᠡᠭᠡᠪᠦᠷᠢ ᠪᠠᠷᠠᠭᠠᠨ ᠤ ᠭᠦᠢᠯᠭᠡᠭᠡᠨ ᠤ | ᠥᠪᠡᠷ ᠤᠨ ᠥᠷᠲᠡᠭ ᠢ ᠨᠢ ᠪᠠᠭᠤᠷᠠᠭᠤᠯᠤᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠵᠤ᠂ ᠪᠠᠷᠠᠭᠠᠨ ᠤ | ᠭᠦᠢᠯᠭᠡᠭᠡᠨ ᠤ ᠦᠢᠯᠡᠰ ᠤᠨ ᠬᠥᠭᠵᠢᠯᠲᠡ ᠪᠠᠷ ᠲᠤᠬᠠᠢ ᠶᠢᠨ ᠭᠠᠵᠠᠷ ᠪᠠ ᠠᠷᠠᠳ ᠤᠨ ᠠᠮᠢᠳᠤᠷᠠᠯ ᠳᠤ ᠨᠠᠩ ᠢᠯᠡᠭᠦᠦ | ᠠᠰᠢᠭ ᠬᠦᠷᠲᠡᠭᠡᠨ᠎ᠡ᠃ ᠲᠤᠭᠠᠵᠢᠯᠳᠤ ᠠᠵᠤ ᠠᠬᠤᠢ ᠶᠢ ᠪᠤᠵᠠᠭᠠᠶᠢᠷᠠᠭᠤᠯᠵᠤ᠂ ᠳ᠋ᠠᠶᠢᠲ᠋ᠠ ᠶᠢᠨ ᠡᠬᠢ ᠪᠠᠶᠠᠯᠢᠭ ᠤᠨ | ᠠᠷᠠᠯᠵᠢᠶᠠᠨ ᠤ ᠪᠠᠶᠢᠭᠤᠯᠤᠮᠵᠢ ᠪᠠ ᠳ᠋ᠠᠶᠢᠲ᠋ᠠ ᠶᠢ ᠨᠡᠭᠡᠭᠡᠨ ᠠᠰᠢᠭᠯᠠᠬᠤ ᠲᠠᠪᠴᠠᠩ ᠪᠠᠶᠢᠭᠤᠯᠤᠨ᠎ᠠ᠂ ᠳ᠋ᠠᠶᠢᠲ᠋ᠠ ᠶᠢᠨ | ᠠᠰᠢᠭᠯᠠᠵᠤ ᠰᠢᠢᠳᠪᠦᠷᠢᠯᠡᠬᠦ᠂ ᠵᠠᠳᠠᠯᠤᠨ ᠬᠡᠷᠡᠭᠯᠡᠬᠦ᠂ ᠭᠦᠢᠯᠭᠡᠭᠡᠨ ᠠᠷᠠᠯᠵᠢᠶᠠᠯᠠᠬᠤ ᠵᠡᠷᠭᠡ ᠠᠵᠤ ᠦᠢᠯᠡᠰ ᠢ ᠶᠡᠭᠡ ᠪᠠᠷ | ᠬᠥᠭᠵᠢᠭᠦᠯᠵᠦ᠂ ᠬᠤᠷᠢᠨᠭᠡᠷ ᠤᠨ ︽ᠳᠤᠮᠳᠠᠳᠤ ᠤᠯᠤᠰ ᠤᠨ ᠡᠭᠦᠯᠡᠨ ᠵᠢᠯᠠᠭ᠎ᠠ︾ ᠵᠥᠭᠡᠯᠡᠨ ᠲᠤᠨᠤᠭ ᠪᠠ ᠮᠡᠳᠡᠭᠡ | ᠵᠠᠩᠭᠢ ᠶᠢᠨ ᠮᠡᠷᠭᠡᠵᠢᠯ ᠤᠨ ᠪᠥᠭᠡᠮᠨᠡᠷᠡᠯ ᠤᠨ ᠲᠣᠭᠤᠷᠢᠭ ᠢ ᠪᠠᠶᠢᠭᠤᠯᠵᠤ᠂ ᠲᠤᠭᠠᠵᠢᠯᠳᠤ ᠠᠵᠤ ᠠᠬᠤᠢ ᠪᠠ ᠪᠣᠳᠠᠲᠤ | ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ | ︵ᠭᠤᠷᠪᠠ︶ ᠰᠢᠨ᠎ᠡ ᠬᠥᠭᠵᠢᠯᠲᠡ ᠶᠢᠨ ᠣᠨᠣᠯᠵᠢᠬᠤᠨ ᠢᠶᠠᠷ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠣᠢ | ᠪᠣᠯᠭᠠᠨ᠂ ᠠᠵᠤ ᠦᠢᠯᠡᠰ ᠤᠨ ᠪᠦᠯᠦᠭᠵᠢᠯ᠂ ᠬᠦᠴᠦᠨ ᠵᠦᠢᠯ ᠤᠨ ᠪᠥᠭᠡᠮᠨᠡᠷᠡᠯ᠂ ᠡᠬᠢ ᠪᠠᠶᠠᠯᠢᠭ ᠢ ᠠᠷᠪᠢᠯᠠᠬᠤ | ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠨ᠎ᠠ᠃ ᠮᠠᠨ ᠤ ᠣᠷᠣᠨ ᠤ ᠨᠤᠲᠤᠭ ᠳᠡᠪᠢᠰᠬᠡᠷ ᠥᠷᠭᠡᠨ ᠠᠭᠤᠳᠠᠮ᠂ | ᠭᠠᠵᠠᠷ ᠨᠤᠲᠤᠭ ᠰᠢᠮᠡᠯᠢᠭ ᠬᠥᠮᠥᠨ ᠠᠮᠠ ᠰᠡᠶᠢᠷᠡᠭ᠂ ᠪᠠᠶᠢᠷᠢᠰᠢᠯᠲᠠ ᠲᠠᠷᠠᠬᠠᠢ ᠪᠤᠲᠠᠷᠬᠠᠢ ᠪᠣᠯᠬᠤᠷ᠂ ᠡᠷᠬᠡᠪᠰᠢ ᠠᠵᠤ | ᠦᠢᠯᠡᠰ ᠤᠨ ᠪᠦᠯᠦᠭᠵᠢᠯ᠂ ᠬᠥᠮᠥᠨ ᠠᠮᠠ ᠶᠢᠨ ᠲᠥᠪᠯᠡᠷᠡᠯ ᠪᠠ ᠡᠬᠢ ᠪᠠᠶᠠᠯᠢᠭ ᠣᠷᠴᠢᠨ ᠲᠣᠭᠤᠷᠢᠨ ᠤ | ᠳᠠᠭᠠᠭᠠᠴᠠ ᠶᠢ ᠳᠡᠭᠡᠭᠰᠢᠯᠡᠭᠦᠯᠵᠦ ᠪᠠᠶᠢᠭᠠᠳ ᠲᠥᠪᠯᠡᠷᠡᠭᠦᠯᠵᠦ ᠬᠤᠷᠠᠭᠤᠯᠵᠤ ᠡᠷᠴᠢᠮᠵᠢᠭᠦᠯᠦᠨ ᠬᠥᠭᠵᠢᠭᠦᠯᠬᠦ ᠵᠠᠮ ᠢᠶᠠᠷ | ᠵᠠᠮᠨᠠᠨ᠎ᠠ᠃ | ᠬᠡᠯᠬᠢᠶᠡᠰᠦᠯᠡᠯ ᠮᠠᠶ᠋ᠢᠭ ᠤᠨ ᠰᠡᠳᠬᠢᠬᠦᠢ ᠪᠠᠷ ᠠᠵᠤ ᠦᠢᠯᠡᠰ ᠢᠶᠠᠨ ᠠᠳᠬᠤᠬᠤ ᠶᠢ ᠪᠠᠷᠢᠮᠲᠠᠯᠠᠨ᠎ᠠ᠃ | ᠳᠠᠪᠠᠭᠤᠯᠢᠭ ᠠᠵᠤ ᠦᠢᠯᠡᠰ᠂ ᠣᠨᠴᠠᠯᠢᠭ ᠲᠠᠢ ᠠᠵᠤ ᠦᠢᠯᠡᠰ᠂ ᠲᠤᠯᠭᠠᠭᠤᠷᠢ ᠪᠣᠯᠬᠤ ᠠᠵᠤ ᠦᠢᠯᠡᠰ ᠲᠤ | ᠠᠩᠬᠠᠷᠤᠯ ᠢᠶᠠᠨ ᠲᠥᠪᠯᠡᠷᠡᠭᠦᠯᠵᠦ᠂ ᠬᠡᠯᠬᠢᠶ᠎ᠡ ᠶᠢ ᠤᠷᠲᠤᠳᠬᠠᠬᠤ ᠨᠥᠬᠦᠪᠦᠷᠢᠯᠡᠬᠦ ᠴᠢᠩᠳᠠᠯᠠᠬᠤ ᠠᠵᠢᠯᠯᠠᠭᠠᠨ ᠢ | ᠭᠦᠨᠵᠡᠭᠡᠢ ᠥᠷᠨᠢᠭᠦᠯᠵᠦ᠂ ᠲᠢᠩᠬᠢᠮ ᠲᠣᠪᠴᠢᠶᠠᠨ ᠤ ᠳᠠᠷᠤᠭ᠎ᠠ᠂ ᠠᠶᠢᠮᠠᠭ ᠬᠤᠳᠡ ᠶᠢᠨ ᠳᠠᠷᠤᠭ᠎ᠠ᠂ ᠬᠤᠰᠢᠭᠤ | ᠰᠢᠶᠠᠨ ᠤ ᠳᠠᠷᠤᠭ᠎ᠠ ᠨᠠᠷ ᠴᠥᠮ ᠬᠡᠯᠬᠢᠶᠡᠨ ᠳᠠᠷᠤᠭ᠎ᠠ ᠶᠢᠨ ᠠᠵᠢᠯ ᠢᠶᠠᠨ ᠰᠠᠶᠢᠲᠤᠷ ᠬᠢᠵᠦ᠂ ᠪᠦᠭᠦ ᠣᠷᠣᠨ ᠤ | ᠭᠤᠣᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶᠡᠨ ᠤ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ | ᠠᠬᠢᠭᠤᠯᠤᠨ᠎ᠠ᠃ ᠰᠦ ᠶᠢᠨ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ | ᠬᠦᠴᠦᠷᠬᠡᠭᠵᠢᠭᠦᠯᠦᠨ᠎ᠡ᠂ ᠢᠯᠢ᠂ ᠮᠧᠩ ᠨᠢᠦ ᠶᠢᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ | ᠴᠢᠩᠭᠠᠷᠠᠭᠤᠯᠤᠨ᠂ ᠢᠯᠢ ᠶᠢᠨ ᠣᠳᠣ ᠦᠶ᠎ᠡ ᠶᠢᠨ ᠣᠶᠤᠨᠯᠢᠭ ᠡᠷᠡᠭᠦᠯ ᠮᠠᠡᠳᠣ ᠶᠢᠨ ᠵᠢᠯᠠᠭ᠎ᠠ᠂ ᠮᠧᠩ ᠨᠢᠦ ᠶᠢᠨ | ᠲᠣᠮᠳᠠᠳᠣ ᠤᠯᠤᠰ ᠤᠨ ᠰᠦ ᠰᠠᠭᠠᠯᠢ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠦᠷᠣᠯ | ᠵᠦᠢᠯ ᠢᠶᠠᠷ ᠭᠠᠷᠳᠠᠴᠠ ᠪᠣᠯᠭᠠᠵᠣ ᠪᠦᠭᠦ ᠪᠥᠮᠪᠥᠷᠴᠡᠭ ᠤᠨ ᠲᠡᠷᠢᠭᠦᠨ ᠳᠡᠰ ᠤᠨ ᠰᠦ ᠰᠠᠭᠠᠯᠢ ᠶᠢᠨ ᠦᠢᠯᠡᠰ ᠤᠨ ᠪᠦᠭᠦ | ᠠᠵᠤ ᠦᠢᠯᠡᠰ ᠤᠨ ᠬᠡᠯᠬᠢᠶᠡᠨ ᠳᠠᠬᠢ ᠠᠮᠢ ᠠᠬᠤᠢ ᠶᠢᠨ ᠲᠣᠭᠤᠷᠢᠭ ᠢ ᠪᠣᠢ ᠪᠣᠯᠭᠠᠵᠣ᠂ ᠲᠡᠵᠢᠭᠡᠯ ᠡᠪᠡᠰᠦᠨ ᠤ | ᠰᠠᠭᠤᠷᠢᠨ ᠭᠠᠵᠠᠷ᠂ ᠦᠷ᠎ᠡ ᠡᠭᠦᠯᠳᠡᠷ ᠤᠨ ᠦᠬᠡᠷ ᠤᠨ ᠰᠠᠭᠤᠷᠢᠨ ᠭᠠᠵᠠᠷ᠂ ᠲᠡᠵᠢᠭᠡᠨ ᠦᠷᠡᠵᠢᠭᠦᠯᠭᠦ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠡᠪᠡᠰᠦᠨ ᠤ ᠢᠷᠡᠯᠲᠡ᠂ ᠦᠬᠡᠷ ᠤᠨ ᠢᠷᠡᠯᠲᠡ᠂ | ᠰᠦ ᠶᠢᠨ ᠢᠷᠡᠯᠲᠡ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠨᠢᠭᠡ ᠰᠢᠷᠬᠡᠭ ᠡᠪᠡᠰᠦ ᠶᠢ ᠰᠠᠶᠢᠨ | ᠲᠠᠷᠢᠬᠤ ᠠᠴᠠ ᠨᠢᠭᠡᠨ ᠠᠶᠠᠭ᠎ᠠ ᠴᠢᠨᠠᠷ ᠰᠠᠶᠢᠲᠠᠢ ᠰᠦ ᠤᠤᠭᠤᠬᠤ ᠬᠦᠷᠲᠡᠯᠡᠬᠢ︾ ᠪᠦᠭᠦ ᠬᠡᠯᠬᠢᠶᠡᠰᠦᠨ ᠳᠤ ᠬᠦᠴᠦ | ᠲᠠᠯᠪᠢᠵᠤ᠂ ᠣᠷᠣᠨ ᠨᠤᠲᠤᠭ ᠤᠨ ᠣᠨᠴᠠᠯᠢᠭ ᠲᠠᠢ ᠴᠢᠨᠠᠷ ᠰᠠᠶᠢᠲᠠᠢ ᠰᠦ ᠴᠠᠭᠠᠨ ᠢᠳᠡᠭᠡᠨ ᠤ ᠵᠦᠢᠯ ᠢᠶᠠᠨ ᠲᠦᠷᠭᠡᠨ | ᠬᠥᠭᠵᠢᠭᠦᠯᠬᠦ ᠶᠢ ᠳᠡᠮᠵᠢᠵᠣ᠂ ᠡᠨᠡ ᠵᠢᠯ ᠤᠨ ᠪᠦᠭᠦ ᠠᠵᠤ ᠦᠢᠯᠡᠰ ᠤᠨ ᠬᠡᠯᠬᠢᠶᠡᠨ ᠳᠠᠬᠢ ᠰᠦ ᠶᠢᠨ ᠦᠢᠯᠡᠰ ᠤᠨ | ᠦᠢᠯᠡᠳᠬᠦᠨ ᠤ ᠦᠷᠲᠡᠭ ᠢ 2000 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠠᠯᠠᠰᠢᠨ | ᠦᠬᠡᠷ᠂ ᠠᠯᠠᠰᠢᠨ ᠬᠤᠨᠢ ᠶᠢᠨ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠂ ᠡᠬᠢ | ᠪᠠᠶᠠᠯᠢᠭ ᠢ ᠨᠡᠶᠢᠯᠡᠭᠦᠯᠬᠦ ᠡᠷᠴᠢᠮ ᠪᠠ ᠬᠥᠭᠵᠢᠯᠲᠡ ᠶᠢ ᠲᠥᠪᠯᠡᠷᠡᠭᠦᠯᠬᠦ ᠡᠷᠴᠢᠮ ᠢᠶᠠᠨ ᠳᠡᠭᠡᠭᠰᠢᠯᠡᠭᠦᠯᠵᠦ᠂ ᠲᠠᠷᠢᠵᠣ | ᠲᠡᠵᠢᠭᠡᠨ ᠡᠳ᠋ᠰᠢᠭᠦᠯᠦᠨ ᠪᠣᠷᠣᠯᠠᠭᠤᠯᠬᠤ ᠪᠦᠭᠦ ᠬᠡᠯᠬᠢᠶᠡᠨ ᠤ ᠬᠥᠭᠵᠢᠯᠲᠡ ᠶᠢ ᠠᠬᠢᠭᠤᠯᠤᠨ᠂ ᠲᠦᠩᠯᠢᠶᠣᠣ ᠳᠤ ᠪᠦᠭᠦ | ᠤᠯᠤᠰ ᠲᠠᠬᠢ ᠠᠯᠠᠰᠢᠨ ᠦᠬᠡᠷ ᠤᠨ ᠠᠵᠤ ᠦᠢᠯᠡᠰ ᠤᠨ ᠨᠢᠭᠡᠳᠦᠭᠡᠷ ᠴᠢᠬᠤᠯᠠ ᠪᠠᠯᠭᠠᠰᠤ᠂ ᠰᠢᠯᠢ ᠶᠢᠨ ᠭᠤᠣᠯ ᠳᠤ | ᠲᠣᠮᠳᠠᠳᠣ ᠶᠢᠨ ᠰᠢᠮᠧᠨ᠋ᠳᠡᠷ ᠦᠬᠡᠷ ᠤᠨ ᠦᠷ᠎ᠡ ᠡᠭᠦᠯᠳᠡᠷ ᠤᠨ ᠭᠠᠷᠤᠯᠲᠠ ᠶᠢᠨ ᠰᠠᠭᠤᠷᠢᠨ ᠭᠠᠵᠠᠷ ᠪᠠᠶᠢᠭᠤᠯᠬᠤ ᠶᠢ | ᠳᠡᠮᠵᠢᠵᠦ᠂ ᠠᠯᠠᠰᠢᠨ ᠦᠬᠡᠷ᠂ ᠠᠯᠠᠰᠢᠨ ᠬᠤᠨᠢᠨ ᠤ ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠡᠳᠦᠢ ᠲᠡᠳᠦᠢ | ᠪᠠᠶᠢᠭᠤᠯᠵᠤ᠂ 3 ᠵᠢᠯ ᠣᠷᠴᠢᠮ ᠤᠨ ᠴᠠᠭ ᠬᠤᠭᠤᠴᠠᠭᠠᠨ ᠳᠤ 2 ᠠᠵᠤ ᠦᠢᠯᠡᠰ ᠤᠨ ᠦᠢᠯᠡᠳᠬᠦᠨ ᠤ | ᠦᠷᠲᠡᠭ ᠢ ᠨᠢ ᠮᠢᠩᠭᠠᠨ ᠳ᠋ᠦᠩᠰᠢᠭᠤᠷ ᠢ ᠳᠠᠪᠠᠭᠤᠯᠬᠤ ᠪᠠᠷ ᠴᠢᠷᠮᠠᠶᠢᠨ᠎ᠠ᠃ ᠣᠢ ᠰᠢᠭᠤᠢ ᠡᠪᠡᠰᠦ ᠪᠡᠯᠴᠢᠭᠡᠷ ᠤᠨ | ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠂ ᠨᠢᠭᠡ ᠲᠠᠯ᠎ᠠ ᠪᠠᠷ ︽ᠲᠡᠵᠢᠭᠡᠨ | ᠦᠷᠡᠵᠢᠭᠦᠯᠭᠦ ᠳᠤ ᠵᠣᠷᠢᠭᠤᠯᠵᠤ ᠲᠠᠷᠢᠬᠤ︾ ᠶᠢ ᠠᠳᠬᠤᠵᠤ᠂ ᠲᠡᠵᠢᠭᠡᠯ ᠡᠪᠡᠰᠦᠨ ᠤ ᠦᠢᠯᠡᠰ ᠢ ᠶᠡᠭᠡ ᠪᠠᠷ | ᠬᠥᠭᠵᠢᠭᠦᠯᠵᠦ᠂ ᠴᠢᠨᠠᠷ ᠰᠠᠶᠢᠲᠠᠢ ᠲᠡᠵᠢᠭᠡᠯ ᠡᠪᠡᠰᠦ ᠲᠠᠷᠢᠵᠣ ᠪᠤᠶᠢᠵᠢᠭᠤᠯᠬᠤ ᠬᠡᠪᠴᠢᠶ᠎ᠡ ᠶᠢ ᠲᠣᠭᠲᠠᠪᠤᠷᠢᠵᠢᠭᠤᠯᠤᠨ᠂ | ᠬᠤᠨᠢ ᠢᠮᠠᠭᠠᠨ ᠤ ᠲᠡᠵᠢᠭᠡᠯ ᠡᠪᠡᠰᠦᠨ ᠤ ᠠᠵᠤ ᠦᠢᠯᠡᠰ ᠢ ᠪᠣᠢ ᠪᠣᠯᠭᠠᠨ ᠪᠤᠵᠠᠭᠠᠶᠢᠷᠠᠭᠤᠯᠤᠨ᠎ᠠ︔ ᠨᠦᠭᠦᠭᠡ | ᠲᠠᠯ᠎ᠠ ᠪᠠᠷ ︽ᠠᠮᠢ ᠠᠬᠤᠢ ᠪᠠᠷ ᠮᠠᠯ ᠠᠵᠤ ᠠᠬᠤᠢ ᠳᠤ ᠠᠰᠢᠭ ᠬᠦᠷᠲᠡᠭᠡᠬᠦ︾ ᠶᠢ ᠠᠳᠬᠤᠵᠤ᠂ ᠠᠮᠢ ᠠᠬᠤᠢ ᠶᠢᠨ | ᠡᠪᠡᠰᠦ ᠪᠡᠯᠴᠢᠭᠡᠷ ᠤᠨ ᠦᠢᠯᠡᠰ ᠢ ᠶᠡᠭᠡ ᠪᠠᠷ ᠬᠥᠭᠵᠢᠭᠦᠯᠦᠨ᠂ ᠨᠡᠯᠦ᠋ᠢᠭᠰᠡᠨ ᠲᠠᠯ᠎ᠠ ᠶᠢᠨ ᠡᠯᠡᠰᠦ ᠮᠠᠩᠬᠠᠨ ᠭᠠᠵᠠᠷ ᠢ | ︽ᠡᠷᠳᠡᠨᠢᠰ ᠴᠤᠭᠯᠠᠭᠤᠯᠬᠤ ᠰᠠᠩ︾᠂ ︽ᠨᠡᠭᠦᠷᠡᠰᠣᠲᠦ᠋ᠷᠥᠭᠴᠢ ᠬᠤᠷᠠᠭᠤᠯᠬᠤ ᠬᠥᠮᠥᠷᠭᠡ︾ ᠪᠣᠯᠭᠠᠨ | ᠬᠤᠪᠢᠷᠠᠭᠤᠯᠤᠨ᠎ᠠ᠃ ᠣᠢ ᠰᠢᠭᠤᠢ ᠶᠢᠨ ᠬᠤᠷᠮᠣᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠭᠤᠳᠠᠯᠵᠤ᠂ | ᠵᠢᠮᠢᠰ᠂ ᠴᠡᠴᠡᠭ᠂ ᠨᠣᠭᠤᠭ᠎ᠠ᠂ ᠮᠦᠭᠦ᠂ ᠡᠮ ᠤᠨ ᠵᠦᠢᠯ ᠵᠡᠷᠭᠡ ᠣᠨᠴᠠᠯᠢᠭ ᠲᠠᠢ ᠠᠵᠤ ᠦᠢᠯᠡᠰ ᠪᠠ ᠣᠨᠴᠠᠭᠠᠢ | ᠵᠦᠢᠯ ᠤᠨ ᠲᠡᠵᠢᠭᠡᠨ ᠦᠷᠡᠵᠢᠭᠦᠯᠭᠦ ᠦᠢᠯᠡᠰ ᠢ ᠶᠡᠭᠡ ᠪᠠᠷ ᠬᠥᠭᠵᠢᠭᠦᠯᠵᠦ᠂ ᠴᠡᠩᠬᠡᠷ ᠨᠣᠭᠤᠭᠠᠨ ᠣᠢ ᠰᠢᠭᠤᠢ ᠶᠢ | ᠣᠯᠠᠨ ᠲᠦᠮᠡᠨ ᠤ ︽ᠵᠢᠮᠢᠰ ᠤᠨ ᠬᠠᠶᠢᠷᠴᠠᠭ︾᠂ ︽ᠴᠡᠴᠡᠭ ᠤᠨ ᠰᠠᠭᠰᠤ︾᠂ ︽ᠨᠣᠭᠤᠭ᠎ᠠ ᠶᠢᠨ ᠰᠠᠭᠰᠤ︾᠂ ︽ | ᠡᠮ ᠤᠨ ᠬᠠᠶᠢᠷᠴᠠᠭ︾ ᠪᠣᠯᠭᠠᠨ᠎ᠠ᠃ ᠰᠢᠨ᠎ᠡ ᠡᠨᠧᠷᠬᠢ ᠲᠣᠨᠤᠭ ᠲᠥᠬᠦᠭᠡᠷᠦᠮᠵᠢ ᠦᠢᠯᠡᠣᠡᠭᠦ ᠠᠵᠤ ᠦᠢᠯᠡᠰ ᠤᠨ | ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠂ ︽ᠰᠠᠯᠬᠢ ᠭᠡᠷᠡᠯ ᠣᠰᠣᠲᠦ᠋ᠷᠦᠭᠴᠢ ᠨᠥᠭᠡᠴᠡ ᠮᠠᠰᠢᠨ | ᠲᠡᠷᠭᠡ︾ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠠᠯᠬᠢᠨ ᠬᠦᠴᠦᠨ ᠤ ᠴᠠᠬᠢᠯᠭᠠᠨ ᠤ ᠲᠠᠯ᠎ᠠ ᠳᠤ ᠭᠤᠣᠯᠳᠠᠭᠤ | ᠠᠷᠠᠭᠠᠲᠤ ᠬᠦᠷᠳᠦᠨ ᠤ ᠬᠠᠶᠢᠷᠴᠠᠭ᠂ ᠴᠠᠬᠢᠯᠭᠠᠨ ᠭᠠᠷᠭᠠᠬᠤ ᠮᠠᠰᠢᠨ ᠪᠠ ᠬᠦᠷᠳᠦᠨ ᠤ ᠬᠦᠢᠰᠦ᠂ ᠬᠤᠯᠬᠤᠪᠴᠢ᠂ | ᠡᠵᠡᠮᠳᠡᠬᠦ ᠰᠢᠰᠲ᠋ᠧᠮ ᠵᠡᠷᠭᠡ ᠪᠠᠷ ᠪᠠᠷᠤᠭᠲᠠᠢ ᠪᠠᠶᠢᠭ᠎ᠠ ᠵᠦᠢᠯ ᠳᠤ ᠰᠢᠪᠲᠤᠯᠤᠯᠲᠠ ᠬᠢᠵᠦ᠂ ᠡᠨᠡ ᠵᠢᠯ ᠪᠦᠬᠦᠯᠢ | ᠴᠣᠭᠴᠠ ᠪᠠᠷ ᠢᠵᠢ ᠪᠦᠷᠢᠳᠦᠭᠰᠡᠨ ᠴᠢᠳᠠᠪᠤᠷᠢ ᠶᠢ ᠨᠢ 2000 ᠲᠦᠮᠡᠨ ᠺᠢᠯᠣᠸᠠᠲ ᠲᠤ ᠬᠦᠷᠭᠡᠭᠦ ᠪᠠᠷ ᠴᠢᠷᠮᠠᠶᠢᠨ᠎ᠠ︔ | ᠭᠡᠷᠡᠯ ᠤᠨ ᠴᠠᠬᠢᠯᠭᠠᠨ ᠤ ᠲᠠᠯ᠎ᠠ ᠳᠤ ᠭᠤᠣᠯᠳᠠᠭᠤ ᠰᠢᠯ᠂ ᠬᠠᠯᠬᠠᠪᠴᠢ ᠬᠠᠪᠲᠠᠰᠤ᠂ ᠬᠠᠪᠢᠰᠤ ᠬᠦᠷᠢᠶ᠎ᠡ᠂ ᠴᠠᠪᠠᠤᠯᠢᠭ | ᠪᠦᠷᠬᠦᠭᠦᠯ᠂ ᠭᠠᠩᠨᠠᠭᠤᠷ ᠪᠦᠰᠡ᠂ ᠮᠥᠩᠭᠦᠨ ᠴᠠᠷᠳᠠᠭᠤᠯ᠂ ᠬᠥᠩᠭᠡᠨ ᠴᠠᠭᠠᠨ ᠤ ᠴᠠᠷᠳᠠᠭᠤᠯ ᠵᠡᠷᠭᠡ ᠪᠠᠷ ᠪᠠᠷᠤᠭᠲᠠᠢ | ᠪᠠᠶᠢᠭ᠎ᠠ ᠵᠦᠢᠯ ᠳᠤ ᠰᠢᠪᠳᠣᠯᠣᠯᠣᠳᠡ ᠬᠢᠵᠦ᠂ ᠡᠨᠡ ᠵᠢᠯ ᠴᠡᠨᠡᠭ ᠤᠨ ᠢᠯᠲᠠᠰᠤ ᠪᠠ ᠪᠦᠯᠦᠭ ᠲᠣᠨᠤᠭ ᠤᠨ ᠬᠠᠩᠭᠠᠬᠤ | ᠴᠢᠳᠠᠪᠤᠷᠢ ᠶᠢ 5000 ᠲᠦᠮᠡᠨ ᠺᠢᠯᠣᠸᠠᠲ ᠲᠤ ᠬᠦᠷᠭᠡᠭᠦ ᠪᠠᠷ ᠴᠢᠷᠮᠠᠶᠢᠨ᠎ᠡ︔ ᠤᠰᠤᠲᠥ᠋ᠷᠥᠭᠴᠢᠲᠤ ᠡᠨᠧᠷᠬᠢ ᠶᠢᠨ | ᠲᠠᠯ᠎ᠠ ᠳᠤ ᠭᠤᠣᠯᠳᠠᠭᠤ ᠤᠰᠣᠲᠦ᠋ᠷᠦᠭᠴᠢ ᠦᠢᠯᠡᠣᠡᠭᠦ ᠭᠤᠭᠴᠣᠭᠠᠨ ᠳᠠᠬᠢ ᠴᠠᠬᠢᠯᠭᠠᠨ ᠵᠠᠳᠠᠯᠤᠯᠲᠠ ᠶᠢᠨ ᠣᠩᠭᠤᠴᠠ | ᠪᠠ ᠨᠥᠭᠡᠴᠡᠯᠡᠵᠦ ᠵᠥᠭᠡᠭᠡᠪᠦᠷᠢᠯᠡᠬᠦ ᠭᠤᠭᠴᠣᠭᠠᠨ ᠳᠠᠬᠢ ᠠᠪᠴᠢᠭᠤᠯᠬᠤ ᠮᠠᠰᠢᠨ᠂ ᠡᠷᠭᠢᠯᠳᠦᠭᠦᠯᠬᠦ ᠬᠥᠭᠡᠷᠭᠡ ᠳᠤ | ᠰᠢᠪᠲᠤᠯᠤᠯᠲᠠ ᠬᠢᠵᠦ᠂ ᠡᠨᠡ ᠵᠢᠯ ᠳᠤ ᠤᠰᠤᠳᠦ᠋ᠷᠦᠭᠴᠢ ᠦᠢᠯᠡᠣᠡᠭᠦ ᠲᠥᠬᠦᠭᠡᠷᠦᠮᠵᠢ ᠶᠢᠨ ᠦᠢᠯᠡᠳᠪᠦᠷᠢᠯᠡᠬᠦ | ᠴᠢᠳᠠᠪᠤᠷᠢ ᠶᠢ 250 ᠢᠵᠢ ᠳᠤ ᠬᠦᠷᠭᠡᠭᠦ ᠪᠠᠷ ᠴᠢᠷᠮᠠᠶᠢᠨ᠎ᠡ︔ ᠡᠨᠧᠷᠬᠢ ᠨᠥᠭᠡᠴᠡᠯᠡᠬᠦ ᠳᠤ ᠭᠤᠣᠯᠳᠠᠭᠤ ᠳᠡᠭᠡᠳᠦ | ᠬᠡᠯᠬᠢᠶᠡᠨ ᠤ ᠴᠠᠬᠢᠯᠭᠠᠨ ᠴᠢᠫ ᠦᠢᠯᠡᠣᠡᠭᠦ ᠪᠠ ᠳᠣᠣᠷᠠᠳᠤ ᠬᠡᠯᠬᠢᠶᠡᠨ ᠤ ᠡᠨᠧᠷᠬᠢ ᠨᠥᠭᠡᠴᠡᠯᠡᠵᠦ ᠬᠤᠷᠠᠭᠤᠯᠬᠤ | ᠲᠠᠯ᠎ᠠ ᠳᠤ ᠰᠢᠪᠲᠤᠯᠤᠯᠲᠠ ᠬᠢᠵᠦ᠂ ᠡᠨᠡ ᠵᠢᠯ ᠳᠤ ᠡᠨᠧᠷᠬᠢ ᠨᠥᠭᠡᠴᠡᠯᠡᠬᠦ ᠲᠣᠨᠤᠭ ᠲᠥᠬᠦᠭᠡᠷᠦᠮᠵᠢ ᠦᠢᠯᠡᠣᠡᠭᠦ | ᠴᠢᠳᠠᠪᠤᠷᠢ ᠨᠢ 100 ᠲᠦᠮᠡᠨ ᠺᠢᠯᠣᠸᠠᠲ ᠴᠠᠭ ᠤᠨ ᠡᠨᠧᠷᠬᠢ ᠨᠥᠭᠡᠴᠡᠯᠡᠬᠦ ᠮᠠᠰᠢᠨ ᠴᠣᠭᠴᠠᠯᠠᠪᠤᠷᠢ ᠶᠢᠨ | ᠱᠠᠭᠠᠷᠳᠠᠯᠭ᠎ᠠ ᠶᠢ ᠬᠠᠩᠭᠠᠯᠭᠠᠬᠤ ᠪᠠᠷ ᠴᠢᠷᠮᠠᠶᠢᠨ᠎ᠠ︔ ᠰᠢᠨ᠎ᠡ ᠡᠨᠧᠷᠬᠢ ᠶᠢᠨ ᠮᠠᠰᠢᠨ ᠲᠡᠷᠭᠡᠨ ᠤ ᠦᠢᠯᠡᠳᠪᠦᠷᠢᠯᠡᠯ ᠤᠨ | ᠴᠢᠳᠠᠪᠤᠷᠢ ᠶᠢ ᠲᠦᠷᠭᠡᠳᠬᠡᠨ ᠥᠷᠭᠡᠳᠬᠡᠵᠦ᠂ ᠲᠣᠨᠤᠭ ᠲᠥᠬᠦᠭᠡᠷᠦᠮᠵᠢ ᠦᠢᠯᠡᠳᠪᠦᠷᠢᠯᠡᠵᠦ ᠢᠵᠢ ᠪᠦᠷᠢᠳᠦᠭᠦᠯᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠂ ᠨᠡᠭᠦᠷᠡᠰᠦᠨ ᠳᠤ ᠰᠠᠭᠤᠷᠢᠯᠠᠭᠰᠠᠨ ᠣᠨᠴᠠᠭᠠᠢ | ᠰᠢᠲᠠᠭᠠᠯᠭ᠎ᠠ ᠪᠠ ᠨᠡᠭᠦᠷᠡᠰᠦᠨ ᠳᠤ ᠰᠠᠭᠤᠷᠢᠯᠠᠭᠰᠠᠨ ᠠᠮᠢᠳᠤ ᠪᠣᠳᠠᠰ ᠤᠨ ᠵᠠᠳᠠᠷᠠᠵᠤ ᠪᠣᠯᠬᠤᠶᠢᠴᠠ ᠮᠠᠲ᠋ᠧᠷᠢᠶᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠨᠡᠭᠦᠷᠡᠰᠦ ᠪᠠᠷ ᠠᠯᠺᠤᠨ ᠨᠡᠭᠦᠷᠥᠭᠴᠢ ᠦᠢᠯᠡᠣᠡᠭᠦ ᠠᠴᠠ ᠬᠠᠷᠢᠮᠠᠬᠠᠢ ᠪᠡᠶᠡᠲᠦ | ᠮᠠᠲ᠋ᠧᠷᠢᠶᠠᠯ᠂ ᠨᠢᠯᠦᠨ᠂ ᠣᠨᠴᠠ ᠲᠦᠷᠣᠯ ᠤᠨ ᠰᠦᠯᠢᠶᠥᠦ ᠵᠡᠷᠭᠡ ᠦᠢᠯᠡᠣᠭᠦᠨ ᠦᠢᠯᠡᠣᠡᠭᠦ ᠲᠡᠶᠢᠰᠢ | ᠤᠷᠲᠤᠳᠬᠠᠬᠤ ᠶᠢ ᠭᠤᠣᠯᠳᠠᠭ᠎ᠠ ᠲᠠᠢ ᠠᠬᠢᠭᠤᠯᠵᠤ᠂ ᠨᠡᠭᠦᠷᠡᠰᠦ ᠪᠠᠷ ᠡᠲ᠋ᠠ ᠬᠤᠶᠠᠷᠴᠢ ᠠᠯᠺᠣᠣᠯ ᠦᠢᠯᠡᠣᠡᠭᠦ ᠠᠴᠠ | ᠪᠥᠭᠡᠭᠡᠨᠡᠷᠡᠯ ᠡᠲ᠋ᠢᠯ ᠠᠯᠺᠣᠣᠯ ᠤᠨ ᠬᠦᠴᠢᠯ᠂ ᠪᠥᠭᠡᠭᠡᠨᠡᠷᠡᠯ ᠡᠰᠲ᠋ᠧᠷ ᠰᠢᠷᠬᠡᠭ ᠵᠡᠷᠭᠡ ᠦᠢᠯᠡᠳᠬᠦᠨ ᠦᠢᠯᠡᠣᠡᠭᠦ | ᠲᠡᠶᠢᠰᠢ ᠤᠷᠲᠤᠳᠬᠠᠬᠤ ᠶᠢ ᠠᠬᠢᠭᠤᠯᠵᠤ᠂ ᠮᠡᠷᠭᠡᠵᠢᠯ᠂ ᠲᠥᠬᠦᠭᠡᠷᠦᠮᠵᠢ᠂ ᠲᠦᠷᠭᠡᠳᠬᠡᠭᠦᠷ ᠡᠳ᠋ ᠵᠡᠷᠭᠡ ᠶᠢᠨ | ᠣᠷᠣᠨ ᠤ ᠳᠣᠲᠣᠭᠠᠳᠤ ᠳᠠᠬᠢ ᠲᠦᠭᠦᠷᠵᠢᠭᠦᠯᠭᠦ ᠨᠣᠷᠮ᠎ᠡ ᠪᠠᠨ ᠳᠡᠭᠡᠭᠰᠢᠯᠡᠭᠦᠯᠵᠦ᠂ ᠲᠣᠮᠳᠠᠳᠣ ᠤᠯᠤᠰ ᠤᠨ ᠴᠢᠯᠠᠭᠤᠨ | ᠲᠣᠰᠣᠨ ᠤ ᠬᠢᠮᠢ᠂ ᠪᠣᠣ ᠹᠧᠩ ᠵᠡᠷᠭᠡ ᠴᠢᠬᠤᠯᠠ ᠶᠡᠭᠡ ᠲᠦᠷᠣᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠣᠷᠳᠣᠰ ᠤᠨ ᠲᠠᠬᠢᠨ ᠡᠭᠦᠰᠴᠦ ᠪᠣᠯᠬᠤ ᠡᠨᠧᠷᠬᠢ ᠪᠠᠷ ᠣᠰᠤᠲᠦ᠋ᠷᠥᠭᠴᠢ ᠦᠢᠯᠡᠣᠡᠭᠦ ᠬᠢᠭᠡᠳ ᠣᠳᠣ | ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠡᠪᠴᠡᠯᠳᠦᠨ ᠭᠦᠭᠵᠢᠭᠦ ᠶᠢ | ᠳᠡᠮᠵᠢᠵᠣ᠂ ᠦᠬᠠᠢ ᠳᠤ ᠨᠡᠭᠦᠷᠡᠰᠦᠨ ᠳᠤ ᠰᠠᠭᠤᠷᠢᠯᠠᠭᠰᠠᠨ ᠠᠮᠢᠳᠤ ᠪᠣᠳᠠᠰ ᠤᠨ ᠵᠠᠳᠠᠷᠠᠵᠤ ᠪᠣᠯᠬᠤᠶᠢᠴᠠ | ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠵᠦ᠂ ᠡᠨᠡ ᠵᠢᠯ ᠳᠤ ᠣᠳᠣ | ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠦᠷᠲᠡᠭ ᠢᠶᠠᠨ ᠮᠢᠩᠭᠠᠨ ᠳ᠋ᠥᠩᠰᠢᠭᠤᠷ | ᠲᠥᠭᠦᠷᠢᠭ ᠤᠨ ᠶᠡᠭᠡ ᠪᠣᠭᠤᠮᠲᠠ ᠶᠢ ᠳᠠᠪᠠᠭᠤᠯᠬᠤ ᠪᠠᠷ ᠴᠢᠷᠮᠠᠶᠢᠨ᠎ᠠ᠃ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ | ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠂ ᠲᠣᠭᠲᠠᠮᠠᠯ ᠰᠣᠷᠢᠨᠵᠢᠨ᠂ | ᠭᠢᠯᠠᠶᠢᠯᠭᠠᠬᠤ᠂ ᠬᠡᠷᠡᠯᠳᠣᠭᠦᠯᠭᠦ᠂ ᠲᠦᠷᠭᠡᠳᠬᠡᠬᠦ ᠪᠠ ᠴᠠᠬᠢᠯᠭᠠᠨ ᠮᠠᠰᠢᠨ᠂ ᠣᠰᠤᠲᠦ᠋ᠷᠥᠭᠴᠢ ᠨᠥᠭᠡᠴᠡᠯᠡᠬᠦ᠂ ᠣᠨᠴᠠ | ᠲᠦᠷᠣᠯ ᠤᠨ ᠬᠠᠶᠢᠯᠤᠰᠢ᠂ ᠭᠡᠷᠡᠯᠯᠢᠭ ᠰᠢᠯ ᠵᠡᠷᠭᠡ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠢᠴᠢ ᠦᠵᠦᠭᠦᠷ | ᠬᠡᠷᠡᠭᠯᠡᠭᠡᠨ ᠤ ᠠᠵᠤ ᠦᠢᠯᠡᠰ ᠵᠡᠷᠭᠡ ᠶᠢ ᠶᠡᠭᠡ ᠪᠠᠷ ᠬᠥᠭᠵᠢᠭᠦᠯᠵᠦ᠂ ᠪᠦᠭᠦ ᠤᠯᠤᠰ ᠲᠠᠬᠢ ᠬᠤᠪᠣᠷ ᠰᠢᠷᠣᠢ ᠶᠢᠨ | ᠰᠢᠨ᠎ᠡ ᠮᠠᠲ᠋ᠧᠷᠢᠶᠠᠯ ᠤᠨ ᠬᠠᠮᠤᠭ ᠤᠨ ᠲᠣᠮᠣ ᠰᠠᠭᠤᠷᠢᠨ ᠭᠠᠵᠠᠷ ᠪᠠ ᠪᠦᠭᠦ ᠤᠯᠤᠰ ᠤᠨ ᠬᠤᠪᠣᠷ ᠰᠢᠷᠣᠢ ᠶᠢᠨ | ᠬᠡᠷᠡᠭᠯᠡᠭᠡᠨ ᠤ ᠲᠡᠷᠢᠭᠦᠨ ᠳᠤ ᠣᠷᠣᠬᠤ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃ ᠲᠥᠪᠯᠡᠷᠡᠭᠦᠯᠦᠨ | ᠠᠬᠢᠭᠤᠯᠬᠤ᠂ ᠭᠤᠣᠯᠳᠠᠯᠭ᠎ᠠ ᠲᠠᠢ ᠰᠢᠪᠲᠤᠯᠤᠯᠲᠠ ᠬᠢᠬᠦ ᠪᠠᠷ ᠳᠠᠮᠵᠢᠭᠤᠯᠤᠨ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠬᠦ ᠵᠢᠴᠢ ᠨᠠᠷᠢᠯᠢᠭ ᠭᠦᠨ ᠡᠳ᠋ᠰᠢᠭᠦᠯᠵᠦ ᠪᠣᠯᠪᠠᠰᠣᠷᠠᠭᠤᠯᠬᠤ᠂ ᠰᠢᠨ᠎ᠡ | ᠡᠨᠧᠷᠬᠢ ᠵᠢᠴᠢ ᠲᠣᠨᠤᠭ ᠲᠥᠬᠦᠭᠡᠷᠦᠮᠵᠢ ᠦᠢᠯᠡᠣᠡᠭᠦ᠂ ᠨᠡᠭᠦᠷᠡᠰᠦ ᠵᠢᠴᠢ ᠨᠡᠭᠦᠷᠡᠰᠦᠨ ᠳᠤ ᠰᠠᠭᠤᠷᠢᠯᠠᠭᠰᠠᠨ ᠠᠵᠤ | ᠦᠢᠯᠡᠰ᠂ ᠲᠡᠮᠦᠷᠯᠢᠭ ᠪᠣᠯᠪᠠᠰᠣᠷᠠᠭᠤᠯᠬᠤ ᠵᠢᠴᠢ ᠰᠢᠨ᠎ᠡ ᠮᠠᠲ᠋ᠧᠷᠢᠶᠠᠯ ᠦᠢᠯᠡᠣᠡᠭᠦ ᠡᠨᠡ ᠬᠦ 4 ᠲᠣᠮᠣ ᠲᠤᠯᠭᠠᠭᠤᠷᠢ | ᠪᠣᠯᠬᠤ ᠠᠵᠤ ᠦᠢᠯᠡᠰ ᠤᠨ ᠦᠢᠯᠡᠳᠬᠦᠨ ᠤ ᠦᠷᠲᠡᠭ ᠢ ᠲᠦᠮᠡᠨ ᠳ᠋ᠦᠩᠰᠢᠭᠤᠷ ᠤᠨ ᠳᠡᠰ ᠲᠡᠶᠢᠰᠢ ᠳᠠᠪᠰᠢᠭᠤᠯᠵᠤ᠂ | ᠪᠣᠬᠢᠷᠳᠤᠯ ᠦᠭᠡᠢ ᠣᠨᠴᠠᠯᠢᠭ ᠲᠠᠢ ᠳᠠᠪᠠᠭᠤᠯᠢᠭ ᠣᠳᠣ ᠦᠶ᠎ᠡ ᠶᠢᠨ ᠠᠵᠤ ᠦᠢᠯᠡᠰ ᠤᠨ ᠪᠦᠯᠦᠭᠵᠢᠯ ᠢ | ᠲᠦᠷᠭᠡᠪᠴᠢᠯᠡᠨ ᠪᠠᠶᠢᠭᠤᠯᠤᠨ᠎ᠠ᠃ | ᠲᠥᠪᠯᠡᠷᠡᠭᠦᠯᠦᠨ ᠪᠥᠭᠡᠮᠨᠡᠷᠡᠭᠦᠯᠵᠦ ᠬᠥᠭᠵᠢᠭᠦᠯᠬᠦ ᠶᠢ ᠪᠠᠷᠢᠮᠲᠠᠯᠠᠨ᠎ᠠ᠃ ᠡᠬᠢ ᠪᠠᠶᠠᠯᠢᠭ ᠤᠨ ᠬᠦᠴᠦᠨ ᠵᠦᠢᠯ ᠢ | ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠠᠵᠤ ᠠᠬᠤᠢ ᠶᠢᠨ ᠪᠠᠶᠢᠷᠢᠰᠢᠭᠤᠯᠤᠯᠲᠠ ᠶᠢ ᠲᠣᠬᠢᠷᠠᠭᠤᠯᠤᠨ | ᠰᠢᠯᠢᠳᠡᠭᠵᠢᠭᠦᠯᠦᠨ᠎ᠡ᠃ ᠬᠤᠳᠡ ᠶᠢᠨ ᠪᠦᠯᠦᠭᠵᠢᠯ ᠪᠠ ᠣᠷᠣᠨ ᠪᠦᠰᠡ ᠶᠢᠨ ᠲᠥᠪ ᠪᠣᠯᠬᠤ ᠬᠤᠳᠡ ᠶᠢ ᠬᠦᠴᠦᠯᠡᠨ | ᠪᠣᠢ ᠪᠣᠯᠭᠠᠵᠣ᠂ ᠬᠦᠬᠡᠬᠤᠳᠠ ᠪᠤᠭᠤᠲᠤ ᠣᠷᠳᠣᠰ ᠤᠯᠠᠭᠠᠨᠴᠠᠪ ᠤᠨ ᠬᠤᠳᠡ ᠶᠢᠨ ᠪᠦᠯᠦᠭᠵᠢᠯ ᠪᠠ ᠤᠯᠠᠭᠠᠨᠬᠠᠳᠠ᠂ | ᠲᠦᠩᠯᠢᠶᠣᠣ ᠶᠢᠨ ︽ᠬᠤᠶᠠᠷ ᠬᠥᠪᠡᠭᠦᠨ ᠣᠳᠣᠨ ᠣᠷᠣᠨ︾ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠤ᠂ | ᠳᠤᠮᠳᠠ ᠪᠠᠭ᠎ᠠ ᠬᠤᠲᠡ ᠪᠠ ᠰᠢᠶᠠᠨ ᠤ ᠬᠤᠳᠡ ᠶᠢᠨ ᠬᠥᠮᠥᠨ ᠠᠮᠠ ᠶᠢᠨ ᠲᠠᠲᠠᠬᠤ ᠬᠦᠴᠦᠨ ᠪᠣᠯᠣᠨ ᠠᠵᠤ | ᠠᠬᠤᠢ ᠶᠢᠨ ᠳᠠᠭᠠᠭᠠᠬᠤ ᠬᠦᠴᠦᠨ ᠢ ᠪᠦᠳᠣᠮᠵᠢᠳᠠᠢ ᠳᠡᠭᠡᠭᠰᠢᠯᠡᠭᠦᠯᠦᠨ᠎ᠡ᠃ ᠬᠤᠳᠡ ᠶᠢᠨ ᠬᠠᠮ ᠰᠢᠨᠵᠢᠯᠡᠭᠡ | ᠵᠠᠳᠠᠯᠤᠯᠲᠠ ᠶᠢ ᠥᠷᠨᠢᠭᠦᠯᠵᠦ᠂ ᠬᠤᠳᠡ ᠶᠢᠨ ᠰᠢᠨᠡᠳᠬᠡᠯ ᠢ ᠠᠬᠢᠭᠤᠯᠤᠨ᠂ ᠨᠠᠷᠢᠯᠢᠭᠵᠢᠭᠤᠯᠤᠨ ᠬᠠᠮᠢᠶᠠᠷᠬᠤ ᠪᠠᠨ | ᠴᠢᠩᠭᠠᠳᠬᠠᠵᠤ᠂ ᠰᠠᠭᠤᠷᠢᠰᠢᠬᠤ ᠳᠤ ᠲᠠᠭᠠᠯᠠᠮᠵᠢᠲᠠᠢ᠂ ᠣᠶᠠᠨᠯᠢᠭ ᠴᠢᠨᠠᠷᠲᠠᠢ᠂ ᠣᠶᠤᠨᠯᠢᠭ ᠬᠤᠳᠡ ᠶᠢ ᠵᠢᠱᠢᠶ᠎ᠡ | ᠦᠵᠡᠭᠦᠯᠦᠨ ᠪᠠᠶᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠨ ᠪᠦᠭᠦ ᠲᠠᠯ᠎ᠠ ᠪᠠᠷ | ᠠᠬᠢᠭᠤᠯᠵᠤ᠂ ᠲᠥᠪᠯᠡᠷᠡᠭᠦᠯᠬᠦ ᠳᠤ ᠲᠣᠬᠢᠷᠠᠮᠵᠢᠲᠠᠢ ᠪᠣᠯ ᠲᠥᠪᠯᠡᠷᠡᠭᠦᠯᠦᠨ᠂ ᠰᠢᠯᠵᠢᠭᠦᠯᠭᠦ ᠳᠤ ᠲᠣᠬᠢᠷᠠᠮᠵᠢᠲᠠᠢ ᠪᠣᠯ | ᠰᠢᠯᠵᠢᠭᠦᠯᠵᠦ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠬᠥᠮᠥᠨ ᠠᠷᠠᠳ ᠤᠨ ᠰᠠᠭᠤᠷᠢᠰᠢᠨ ᠠᠮᠢᠳᠤᠷᠠᠬᠤ ᠣᠷᠴᠢᠨ ᠲᠣᠭᠤᠷᠢᠨ ᠢ | ᠴᠡᠭᠴᠡᠯᠡᠨ ᠵᠠᠰᠠᠵᠤ ᠳᠡᠭᠡᠭᠰᠢᠯᠡᠭᠦᠯᠦᠨ᠂ ᠠᠵᠤ ᠲᠦᠷᠣᠵᠣ ᠠᠮᠢᠳᠤᠷᠠᠬᠤ ᠳᠤ ᠲᠣᠬᠢᠷᠠᠮᠵᠢᠲᠠᠢ ᠡᠶ᠎ᠡ ᠨᠠᠶᠢᠷᠲᠠᠢ ᠭᠤᠶᠣ | ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠣᠳᠣᠬᠢᠴᠢᠯᠠᠭᠰᠠᠨ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠲᠦᠢᠯᠪᠤᠷᠢᠲᠠᠢ ᠰᠢᠢᠳᠪᠦᠷᠢᠯᠡᠭᠰᠡᠨ︾ ᠦᠷ᠎ᠡ ᠪᠦᠲᠦᠭᠡᠯ ᠢ | ᠰᠠᠶᠢᠲᠤᠷ ᠠᠰᠢᠭᠯᠠᠵᠤ᠂ ᠮᠦ ᠪᠦᠷᠢ ᠶᠢᠨ ᠪᠡᠯᠡ ᠣᠷᠣᠭᠤᠯᠣᠯᠳᠡ ᠪᠠᠷ ᠴᠢᠳᠠᠯᠲᠠᠨ ᠢ ᠦᠨᠡᠯᠡᠭᠦ᠂ ᠮᠦ ᠪᠦᠷᠢ ᠶᠢᠨ | ᠪᠦᠲᠦᠭᠡᠭᠳᠡᠬᠦᠨ ᠤ ᠦᠷᠲᠡᠭ ᠢᠶᠠᠷ ᠴᠢᠳᠠᠯᠲᠠᠨ ᠢ ᠦᠨᠡᠯᠡᠭᠦ᠂ ᠮᠦ ᠪᠦᠷᠢ ᠶᠢᠨ ᠬᠤᠷᠣᠭᠳᠠᠯ ᠢ ᠪᠠᠭᠠᠰᠬᠠᠭᠰᠠᠨ ᠢᠶᠠᠷ | ᠴᠢᠳᠠᠯᠲᠠᠨ ᠢ ᠦᠨᠡᠯᠡᠭᠦ ᠤᠳᠤᠷᠢᠳᠤᠮᠵᠢ ᠪᠠᠨ ᠴᠢᠩᠳᠠᠯᠠᠨ᠂ ᠡᠨᠧᠷᠬᠢ ᠶᠢᠨ ᠬᠤᠷᠣᠭᠳᠠᠯ ᠤᠨ ︽ᠬᠤᠶᠠᠷ ᠢ | ᠬᠢᠵᠠᠭᠠᠷᠯᠠᠬᠤ︾ ᠪᠠᠶᠢᠭᠰᠠᠨ ᠠᠴᠠ ᠨᠡᠭᠦᠷᠡᠰᠣᠲᠦ᠋ᠷᠦᠭᠴᠢ ᠭᠠᠳᠠᠭᠰᠢᠯᠠᠭᠤᠯᠬᠤ ᠶᠢᠨ ︽ᠬᠤᠶᠠᠷ ᠢ ᠬᠢᠵᠠᠭᠠᠷᠯᠠᠬᠤ︾ | ᠲᠡᠶᠢᠰᠢ ᠬᠤᠪᠢᠷᠠᠭᠤᠯᠬᠤ ᠶᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠵᠤ᠂ ︽ᠣᠷᠣᠨ ᠪᠦᠰᠡ ᠪᠠᠷ | ᠦᠨᠡᠯᠡᠨ ᠵᠢᠱᠢᠭᠦ + ᠪᠠᠷᠢᠮᠵᠢᠶᠠᠲᠤ ᠭᠠᠵᠠᠷ︾ ᠤᠨ ᠵᠠᠭᠪᠤᠷ ᠢ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠲᠤ | ᠣᠷᠣᠭᠰᠠᠨ ᠠᠵᠤ ᠦᠢᠯᠡᠰ ᠤᠨ ᠲᠦᠷᠣᠯ ᠵᠦᠢᠯ ᠤᠨ ᠡᠨᠧᠷᠬᠢ ᠶᠢᠨ ᠠᠰᠢᠭᠯᠠᠮᠵᠢ ᠶᠢᠨ ᠪᠠᠷᠢᠮᠵᠢᠶ᠎ᠠ ᠪᠠ | ᠭᠠᠷᠭᠠᠯᠲᠠ ᠶᠢᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠬᠢᠵᠠᠭᠠᠷᠯᠠᠭᠳᠠᠭᠰᠠᠨ ᠦᠢᠯᠡᠳᠪᠦᠷᠢᠯᠡᠬᠦ | ᠴᠢᠳᠠᠮᠵᠢ ᠶᠢ ᠨᠢ ᠪᠤᠴᠠᠭᠠᠨ ᠭᠠᠷᠭᠠᠬᠤ ᠪᠠᠨ ᠲᠦᠷᠭᠡᠳᠬᠡᠵᠦ᠂ ︽ᠬᠤᠶᠠᠷ ᠶᠡᠬᠡᠲᠡᠢ︾ ᠲᠦᠷᠣᠯ ᠵᠦᠢᠯ ᠢ ᠳᠣᠣᠷ᠎ᠠ | ᠬᠢᠷᠢ ᠲᠦᠪᠰᠢᠨ ᠲᠠᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠵᠤ᠂ ᠬᠦᠷᠢᠶᠡᠯᠡᠩ ᠲᠣᠭᠤᠷᠢᠭ ᠤᠨ | ᠠᠵᠤ ᠦᠢᠯᠡᠰ ᠤᠨ ᠲᠥᠪᠯᠡᠷᠡᠬᠦ ᠬᠡᠮᠵᠢᠶ᠎ᠡ᠂ ᠳᠠᠭᠠᠭᠠᠬᠤ ᠬᠦᠴᠦᠨ ᠪᠠ ᠪᠣᠬᠢᠷᠳᠤᠯ ᠦᠭᠡᠶᠢᠳᠡᠭᠦᠯᠬᠦ ᠬᠢᠷᠢ | ᠲᠦᠪᠰᠢᠨ ᠢ ᠨᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ | ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢ ᠪᠠᠷᠢᠮᠲᠠᠯᠠᠨ᠎ᠠ᠃ ᠪᠦᠭᠦ | ᠲᠠᠯ᠎ᠠ ᠪᠠᠷ ᠠᠷᠪᠢᠯᠠᠵᠤ ᠭᠠᠮᠨᠠᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ᠲᠠᠪᠤ ᠶᠢ ᠲᠦᠢᠯᠪᠤᠷᠢᠲᠠᠢ | ᠰᠢᠢᠳᠪᠦᠷᠢᠯᠡᠬᠦ︾ ᠠᠵᠢᠯᠯᠠᠭᠠᠨ ᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠠᠵᠠᠷ ᠰᠢᠷᠣᠢ ᠶᠢ ᠠᠰᠢᠭᠯᠠᠬᠤ᠂ ᠬᠤᠳᠡ | ᠬᠥᠳᠡᠭᠡ ᠶᠢ ᠪᠦᠲᠦᠭᠡᠨ ᠪᠠᠶᠢᠭᠤᠯᠬᠤ᠂ ᠡᠬᠢ ᠪᠠᠶᠠᠯᠢᠭ ᠢ ᠨᠡᠭᠡᠭᠡᠬᠦ᠂ ᠬᠠᠲᠠᠭᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ | ᠵᠡᠷᠭᠡ ᠬᠦᠷᠢᠶᠡᠨ ᠳᠠᠬᠢ ᠪᠦᠷᠢᠯᠭᠡᠨ ᠰᠦᠢᠳᠬᠡᠬᠦ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠡᠨᠧᠷᠬᠢ᠂ ᠤᠰᠤ᠂ | ᠠᠮᠤ ᠪᠤᠳᠠᠭ᠎ᠠ᠂ ᠭᠠᠵᠠᠷ ᠰᠢᠷᠣᠢ᠂ ᠠᠭᠤᠷᠬᠠᠢ᠂ ᠮᠠᠲ᠋ᠧᠷᠢᠶᠠᠯ ᠢ ᠪᠦᠭᠦ ᠲᠠᠯ᠎ᠠ ᠪᠠᠷ ᠠᠷᠪᠢᠯᠠᠵᠤ ᠭᠠᠮᠨᠠᠬᠤ ᠶᠢ | ᠠᠬᠢᠭᠤᠯᠤᠨ᠎ᠠ᠂ ᠣᠨᠴᠠᠭᠠᠶᠢᠯᠠᠨ ᠤᠰᠤ ᠶᠢ ᠰᠠᠶᠢᠨ ᠠᠷᠪᠢᠯᠠᠵᠤ ᠤᠰᠤ ᠰᠠᠶᠢᠨ ᠬᠢᠵᠠᠭᠠᠷᠯᠠᠬᠤ ᠠᠵᠢᠯᠯᠠᠭᠠᠨ ᠢ | ᠰᠠᠶᠢᠲᠤᠷ ᠥᠷᠨᠢᠭᠦᠯᠵᠦ᠂ ᠲᠠᠷᠢᠶᠠᠯᠠᠩ ᠤᠨ ᠤᠰᠤ ᠠᠷᠪᠢᠯᠠᠵᠤ ᠣᠨᠠᠯᠳᠡ ᠪᠠᠨ ᠳᠡᠭᠡᠭᠰᠢᠯᠡᠭᠦᠯᠭᠦ᠂ ᠠᠵᠤ | ᠦᠢᠯᠡᠳᠪᠦᠷᠢ ᠶᠢᠨ ᠤᠰᠤ ᠠᠷᠪᠢᠯᠠᠵᠤ ᠭᠠᠳᠠᠭᠰᠢᠯᠠᠭᠤᠯᠤᠯᠲᠠ ᠪᠠᠨ ᠪᠠᠭᠠᠰᠬᠠᠬᠤ᠂ ᠬᠤᠳᠡ ᠪᠠᠯᠭᠠᠰᠤᠨ ᠤ ᠤᠰᠤ | ᠠᠷᠪᠢᠯᠠᠵᠤ ᠰᠦᠢᠳᠬᠡᠬᠦ ᠶᠢ ᠪᠠᠭᠠᠰᠬᠠᠬᠤ ᠪᠠ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠵᠤ ᠬᠡᠷᠡᠭᠯᠡᠬᠦ ᠶᠢ | ᠶᠡᠷᠦᠩᠬᠡᠶᠢᠯᠡᠨ ᠵᠠᠰᠠᠬᠤ᠂ ᠳᠠᠬᠢᠯᠲᠠ ᠤᠰᠤ ᠶᠢ ᠠᠰᠢᠭᠯᠠᠬᠤ ᠪᠠᠨ ᠬᠦᠴᠦᠲᠡᠢ ᠠᠬᠢᠭᠤᠯᠤᠨ᠎ᠠ᠂ ᠢᠯᠠᠩᠭᠤᠶ᠎ᠠ ︽ | ᠬᠤᠭᠤᠰᠤᠨ ᠭᠠᠵᠠᠷ ᠢ ᠤᠰᠤᠯᠠᠬᠤ︾ ᠵᠡᠷᠭᠡ ᠲᠠᠷᠢᠶᠠᠯᠠᠩ ᠤᠨ ᠤᠰᠤ ᠰᠦᠢᠳᠬᠡᠬᠦ ᠠᠰᠠᠭᠤᠳᠠᠯ ᠢ ᠭᠤᠣᠯᠳᠠᠭ᠎ᠠ ᠲᠠᠢ | ᠰᠢᠢᠳᠪᠦᠷᠢᠯᠡᠵᠦ᠂ ᠤᠰᠤ ᠶᠢ ᠠᠷᠪᠢᠯᠠᠵᠤ ᠤᠰᠤ ᠶᠢ ᠠᠰᠢᠭᠲᠠᠢ ᠬᠡᠷᠡᠭᠯᠡᠬᠦ ᠪᠣᠯᠭᠠᠨ᠎ᠠ᠃ ᠠᠭᠤᠯᠠ ᠤᠰᠤ ᠣᠢ ᠲᠠᠷᠢᠶ᠎ᠡ | ᠨᠠᠭᠤᠷ ᠪᠡᠯᠴᠢᠭᠡᠷ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ | ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠪᠠᠷ ᠭᠠᠷᠳᠠᠴᠠ | ᠪᠣᠯᠭᠠᠵᠣ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠭᠰᠠᠨ ᠢᠶᠠᠷ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠪᠦᠭᠦ ᠲᠠᠯ᠎ᠠ ᠪᠠᠷ ᠠᠬᠢᠭᠤᠯᠤᠨ᠂ ᠴᠢᠬᠤᠯᠠ ᠪᠣᠯᠬᠤ | ᠠᠮᠢ ᠠᠬᠤᠢ ᠶᠢᠨ ᠰᠢᠰᠲ᠋ᠧᠮ ᠢ ᠬᠠᠮᠠᠭᠠᠯᠠᠵᠤ ᠰᠡᠷᠭᠦᠭᠡᠨ ᠵᠠᠰᠠᠬᠤ ᠢᠨᠵᠧᠨᠧᠷᠢᠩ ᠢ ᠬᠦᠴᠦᠯᠡᠨ ᠬᠡᠷᠡᠭᠵᠢᠭᠦᠯᠵᠦ᠂ | ᠤᠯᠤᠰ ᠤᠨ ᠭᠠᠵᠠᠷ ᠰᠢᠷᠣᠢ ᠶᠢ ᠨᠣᠭᠤᠭᠠᠷᠠᠭᠤᠯᠬᠤ ᠪᠠ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠡᠭᠦᠷᠭᠡ ᠪᠠᠨ ᠴᠢᠨᠠᠷ | ᠰᠠᠶᠢᠲᠠᠢ ᠪᠡᠶᠡᠯᠡᠭᠦᠯᠵᠦ᠂ ᠬᠠᠳᠣᠨ ᠭᠤᠣᠯ᠂ ︽ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾᠂ | ᠴᠠᠭᠠᠨᠨᠠᠭᠤᠷ ᠵᠡᠷᠭᠡ ᠭᠤᠣᠯᠳᠠᠯᠭ᠎ᠠ ᠪᠣᠯᠬᠤ ᠨᠠᠭᠤᠷ ᠭᠤᠣᠯ ᠢ ᠶᠡᠷᠦᠩᠬᠡᠶᠢᠯᠡᠨ ᠵᠠᠰᠠᠬᠤ᠂ ᠬᠥᠯᠥᠨ ᠪᠦᠢᠷ ᠲᠤ ᠠᠮᠢ | ᠠᠬᠤᠢ ᠶᠢᠨ ᠪᠦᠲᠦᠭᠡᠭᠳᠡᠬᠦᠨ ᠤ ᠦᠨ᠎ᠡ ᠦᠷᠲᠡᠭ ᠤᠨ ᠪᠡᠶᠡᠯᠡᠭᠳᠡᠯ ᠤᠨ ᠲᠣᠭᠲᠠᠴᠠ ᠶᠢᠨ ᠲᠤᠷᠰᠢᠯᠲᠠ ᠶᠢᠨ ᠴᠡᠭ | ᠥᠷᠨᠢᠭᠦᠯᠬᠦ ᠶᠢ ᠳᠡᠮᠵᠢᠵᠦ᠂ ᠠᠯᠠᠱᠠᠨ ᠠᠭᠤᠯᠠ᠂ ᠳᠠᠯᠠᠨ ᠬᠠᠷ᠎ᠠ ᠠᠭᠤᠯᠠ ᠤᠯᠤᠰ ᠤᠨ ᠴᠡᠴᠡᠷᠯᠢᠭ ᠢ | ᠪᠠᠶᠢᠭᠤᠯᠬᠤ ᠪᠠᠨ ᠲᠦᠷᠭᠡᠳᠬᠡᠨ᠎ᠡ᠃ ᠴᠡᠩᠬᠡᠷ ᠣᠭᠲᠠᠷᠭᠤᠢ᠂ ᠴᠡᠩᠭᠡᠭ ᠤᠰᠤ᠂ ᠴᠡᠪᠡᠷ ᠭᠠᠵᠠᠷ ᠰᠢᠷᠣᠢ ᠶᠢᠨ | ᠬᠠᠮᠠᠭᠠᠯᠠᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠬᠦᠨᠳᠦ ᠪᠣᠬᠢᠷᠲᠤᠭᠰᠠᠨ ᠠᠭᠠᠷ ᠢ ᠰᠡᠷᠭᠡᠶᠢᠯᠡᠨ | ᠵᠠᠰᠠᠬᠤ᠂ ᠪᠠᠷᠢᠮᠵᠢᠶ᠎ᠠ ᠳᠤ ᠨᠠᠶᠢᠴᠠᠭᠦ ᠦᠭᠡᠢ ᠣᠭᠲᠣᠯᠣᠭᠠᠰᠤ ᠶᠢᠨ ᠣᠰᠦᠨ ᠪᠡᠶᠡᠲᠦ ᠶᠢ ᠴᠡᠭᠴᠡᠯᠡᠨ ᠵᠠᠰᠠᠬᠤ ᠪᠠ | ᠲᠠᠷᠢᠶᠠᠯᠠᠩ ᠤᠨ ᠪᠣᠷᠳᠣᠭᠤᠷ ᠬᠡᠷᠡᠭᠯᠡᠬᠦ ᠶᠢ ᠬᠢᠵᠠᠭᠠᠷᠯᠠᠬᠤ᠂ ᠲᠠᠷᠢᠶᠠᠨ ᠡᠮ ᠬᠡᠷᠡᠭᠯᠡᠬᠦ ᠶᠢ ᠬᠢᠵᠠᠭᠠᠷᠯᠠᠬᠤ᠂ ᠤᠰᠤ | ᠬᠡᠷᠡᠭᠯᠡᠬᠦ ᠶᠢ ᠬᠢᠵᠠᠭᠠᠷᠯᠠᠬᠤ᠂ ᠨᠢᠮᠭᠡᠨ ᠪᠦᠷᠬᠦᠭᠴᠢ ᠬᠡᠷᠡᠭᠯᠡᠬᠦ ᠶᠢ ᠬᠢᠵᠠᠭᠠᠷᠯᠠᠬᠤ ᠠᠵᠢᠯᠯᠠᠭᠠᠨ ᠢ ᠲᠣᠪᠤᠶᠢᠮ᠎ᠠ ᠰᠠᠶᠢᠨ | ᠠᠳᠬᠤᠵᠤ᠂ ᠥᠪᠥᠷ ᠮᠣᠩᠭᠤᠯ ᠤᠨ ᠡᠨᠡ ᠬᠦ ᠨᠣᠮᠢᠨ ᠨᠣᠭᠤᠭᠠᠨ᠂ ᠴᠡᠩᠬᠡᠷ ᠬᠥᠬᠡ᠂ ᠴᠡᠪᠡᠷ ᠲᠤᠩᠭᠠᠯᠠᠭ ᠢ ᠡᠷᠡᠰ | ᠰᠠᠬᠢᠨ ᠬᠠᠮᠠᠭᠠᠯᠠᠨ᠎ᠠ᠃ | ︵ᠳᠥᠷᠪᠡ︶ ᠰᠢᠪᠲᠤᠯᠤᠯᠲᠠ ᠬᠢᠬᠦ ᠠᠷᠭ᠎ᠠ ᠬᠡᠮᠵᠢᠶ᠎ᠡ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠡᠭᠦᠳᠦᠯᠲᠡ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢᠯᠠᠭᠴᠢ ᠴᠢᠨᠠᠷ᠂ ᠪᠠᠶᠢᠯᠳᠤᠬᠤ | ᠪᠣᠳᠣᠯᠭᠠᠲᠤ ᠴᠢᠨᠠᠷ ᠤᠨ ᠲᠤᠯᠭᠠᠭᠤᠷᠢᠯᠠᠯ ᠢ ᠲᠠᠰᠣᠷᠠᠯᠳᠡ ᠦᠭᠡᠢ ᠴᠢᠩᠭᠠᠷᠠᠭᠤᠯᠤᠨ᠎ᠠ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠣᠡᠭᠦ ᠪᠣᠯ ᠮᠠᠨ ᠤ ᠣᠷᠣᠨ ᠤ ᠳᠤᠲᠠᠭᠤᠳᠠᠯ ᠲᠠᠢ ᠲᠠᠯ᠎ᠠ ᠪᠣᠯᠣᠨ᠎ᠠ᠂ ᠮᠥᠨ ᠴᠦ | ᠴᠢᠨᠠᠷ ᠰᠠᠶᠢᠲᠠᠢ ᠬᠥᠭᠵᠢᠯᠲᠡ ᠳᠤ ᠰᠢᠢᠳᠪᠦᠷᠢᠯᠡᠭᠴᠢ ᠦᠢᠯᠡᠳᠦᠯ ᠲᠠᠢ ᠵᠠᠩᠭᠢᠯᠠᠭ᠎ᠠ ᠪᠣᠯᠬᠤᠷ᠂ ᠡᠷᠬᠡᠪᠰᠢ ᠰᠢᠨᠵᠢᠯᠡᠬᠦ | ᠤᠬᠠᠭᠠᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠬᠠᠮᠲᠤ ᠳᠤ ᠨᠢ ᠠᠳᠬᠤᠬᠤ ᠶᠢ ᠪᠠᠷᠢᠮᠲᠠᠯᠠᠵᠤ᠂ ᠰᠢᠨ᠎ᠡ ᠶᠢ | ᠡᠭᠦᠣᠡᠭᠦ ᠪᠠᠷ ᠬᠥᠳᠡᠯᠭᠡᠭᠦᠷ ᠪᠣᠯᠭᠠᠭᠰᠠᠨ ᠪᠠᠶᠢᠯᠳᠤᠬᠤ ᠪᠣᠳᠣᠯᠭ᠎ᠠ ᠶᠢ ᠰᠠᠶᠢᠲᠤᠷ ᠬᠡᠷᠡᠭᠵᠢᠭᠦᠯᠦᠨ᠎ᠡ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠣᠷᠣᠭᠤᠯᠣᠯᠳᠡ ᠶᠢ ᠳᠠᠬᠢᠨᠲᠠ ᠨᠡᠮᠡᠭᠳᠡᠭᠦᠯᠦᠨ᠎ᠡ᠃ ᠵᠠᠰᠠᠭ ᠤᠨ ᠣᠷᠳᠣᠨ | ᠲᠦᠷᠦᠭᠦᠯᠡᠨ ᠰᠢᠪᠲᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ | ᠲᠣᠬᠢᠷᠠᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠲᠦᠷᠣᠯ ᠤᠨ ᠪᠡᠯᠡ ᠮᠥᠩᠭᠦ ᠶᠢ 20% | ᠨᠡᠮᠡᠭᠳᠡᠭᠦᠯᠦᠨ᠂ ᠡᠯ᠎ᠡ ᠲᠦᠷᠣᠯ ᠤᠨ ᠰᠢᠨ᠎ᠡ ᠶᠢ ᠡᠭᠦᠣᠡᠭᠦ ᠭᠤᠣᠯ ᠴᠣᠭᠴᠠ ᠶᠢᠨ ᠰᠢᠨ᠎ᠡ ᠶᠢ ᠡᠭᠦᠣᠡᠭᠦ ᠪᠠᠷ ᠰᠡᠣᠡᠬᠢᠭᠦ᠂ | ᠵᠣᠷᠢᠭᠲᠠᠢ ᠪᠠᠷ ᠰᠢᠨ᠎ᠡ ᠶᠢ ᠡᠭᠦᠣᠡᠭᠦ᠂ ᠰᠢᠨ᠎ᠡ ᠶᠢ ᠡᠭᠦᠳᠴᠦ ᠲᠠᠶᠢᠯᠭᠦ ᠪᠣᠯᠭᠠᠨ ᠬᠥᠲᠥᠯᠥᠨ ᠵᠢᠯᠤᠭᠤᠳᠴᠤ | ᠤᠷᠮᠠᠰᠢᠭᠤᠯᠤᠨ ᠵᠣᠷᠢᠭᠵᠢᠭᠤᠯᠤᠨ᠎ᠠ᠃ ᠠᠵᠤ ᠠᠬᠤᠶᠢᠯᠠᠯ ᠤᠳ ᠭᠤᠣᠯᠯᠠᠬᠤ ᠦᠢᠯᠡᠳᠦᠯ ᠦᠵᠡᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠰᠤᠳᠤᠯᠤᠨ ᠨᠡᠭᠡᠭᠡᠬᠦ ᠪᠠᠶᠢᠭᠤᠯᠤᠮᠵᠢ | ᠲᠣᠬᠢᠷᠠᠭᠤᠯᠬᠤ᠂ ᠰᠤᠳᠤᠯᠤᠨ ᠨᠡᠭᠡᠭᠡᠬᠦ ᠠᠵᠢᠯᠯᠠᠭᠠᠨ ᠥᠷᠨᠢᠭᠦᠯᠬᠦ᠂ ᠰᠤᠳᠤᠯᠤᠨ ᠨᠡᠭᠡᠭᠡᠬᠦ ᠣᠷᠣᠭᠤᠯᠣᠯᠳᠡ ᠶᠢ ᠨᠢ | ᠨᠡᠮᠡᠭᠳᠡᠭᠦᠯᠬᠦ ︽ᠭᠤᠷᠪᠠ ᠶᠢ ᠨᠡᠶᠢᠳᠡᠮ ᠬᠠᠮᠤᠷᠬᠤ︾ ᠲᠥᠯᠥᠪᠯᠡᠭᠡ ᠶᠢ ᠬᠡᠷᠡᠭᠵᠢᠭᠦᠯᠦᠨ᠂ ᠦᠢᠯᠡᠳᠪᠦᠷᠢᠯᠡᠬᠦ ᠵᠢᠭᠠᠬᠤ | ᠰᠤᠳᠤᠯᠬᠤ ᠬᠡᠷᠡᠭᠯᠡᠬᠦ ᠪᠠᠨ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠤᠨ᠎ᠠ᠃ ᠰᠢᠨ᠎ᠡ ᠶᠢ ᠡᠭᠦᠣᠡᠭᠦ ᠬᠡᠯᠪᠡᠷᠢ ᠪᠦᠬᠦᠢ | ᠠᠵᠤ ᠠᠬᠤᠶᠢᠯᠠᠯ ᠤᠨ ︽ᠬᠤᠣᠰ ᠳᠠᠬᠢᠨ ᠨᠡᠮᠡᠭᠳᠡᠬᠦ ᠪᠠ ᠬᠤᠶᠠᠷ ᠢ ᠳᠡᠭᠡᠭᠰᠢᠯᠡᠭᠦᠯᠭᠦ︾ ᠠᠵᠢᠯᠯᠠᠭᠠᠨ ᠢ ᠬᠡᠷᠡᠭᠵᠢᠭᠦᠯᠵᠦ | ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 300᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ ᠢ 400 ᠰᠢᠨ᠎ᠡ ᠪᠠᠷ ᠨᠡᠮᠡᠭᠳᠡᠭᠦᠯᠦᠨ᠎ᠡ᠃ | ᠰᠢᠨ᠎ᠡ ᠶᠢ ᠡᠭᠦᠣᠡᠬᠦ ᠲᠠᠪᠴᠠᠩ ᠢ ᠳᠠᠬᠢᠨᠲᠠ ᠴᠢᠩᠭᠠᠷᠠᠭᠤᠯᠤᠨ᠎ᠠ᠃ ᠨᠢᠭᠡᠨᠲᠡ ᠵᠥᠪᠰᠢᠶᠡᠷᠡᠭᠳᠡᠭᠰᠡᠨ | ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ᠂ ᠪᠠᠶᠠᠨᠨᠠᠭᠤᠷ ᠲᠠᠬᠢ | ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠭᠦ ᠲᠣᠭᠤᠷᠢᠭ᠂ | ᠣᠷᠳᠣᠰ ᠲᠠᠬᠢ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠦᠪᠯᠡᠭᠦ ᠵᠦᠢᠯ ᠤᠨ ᠰᠢᠨ᠎ᠡ ᠡᠭᠦᠳᠦᠯᠲᠡ ᠶᠢᠨ | ᠵᠢᠱᠢᠶ᠎ᠡ ᠦᠵᠡᠭᠦᠯᠭᠦ ᠲᠣᠭᠤᠷᠢᠭ ᠪᠠ ᠤᠯᠤᠰ ᠤᠨ ᠭᠤᠣᠯᠳᠠᠯᠭ᠎ᠠ ᠪᠣᠯᠬᠤ ᠲᠤᠷᠰᠢᠯᠲᠠ ᠶᠢᠨ ᠲᠠᠰᠤᠭ᠂ ᠰᠢᠨ᠎ᠡ ᠪᠠᠷ | ᠪᠠᠶᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠯ ᠤᠨ ᠬᠦᠷᠢᠶᠡᠯᠡᠩ ᠵᠡᠷᠭᠡ ᠰᠤᠳᠤᠯᠤᠯ ᠤᠨ | ᠪᠠᠶᠢᠭᠤᠯᠤᠮᠵᠢ ᠨᠤᠭᠤᠳ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠭᠦᠷᠭᠡ ᠶᠢ | ᠢᠳᠡᠪᠬᠢᠲᠡᠢ ᠡᠭᠦᠷᠭᠡᠯᠡᠵᠦ᠂ ᠰᠢᠨ᠎ᠡ ᠶᠢ ᠡᠭᠦᠣᠡᠭᠦ ᠢᠨᠵᠧᠨᠧᠷᠢᠩ ᠤᠨ ᠲᠣᠳᠣᠷᠬᠠᠢ ᠬᠠᠭᠤᠳᠠᠰᠤ ᠪᠠ ᠵᠢᠱᠢᠶ᠎ᠡ | ᠦᠵᠡᠭᠦᠯᠭᠦ ᠲᠦᠷᠣᠯ ᠵᠦᠢᠯ ᠤᠨ ᠲᠣᠳᠣᠷᠬᠠᠢ ᠬᠠᠭᠤᠳᠠᠰᠤ ᠶᠢ ᠵᠢᠭᠰᠠᠭᠠᠨ ᠭᠠᠷᠭᠠᠵᠤ᠂ ᠠᠵᠢᠯ ᠲᠦᠷᠣᠯ ᠢ ᠡᠷᠴᠢᠯᠡᠬᠦ᠂ | ᠭᠠᠵᠠᠷ ᠣᠷᠣᠨ ᠢ ᠬᠥᠭᠵᠢᠭᠡᠬᠦ ᠨᠡᠩ ᠣᠯᠠᠨ ᠦᠷ᠎ᠡ ᠪᠦᠲᠦᠭᠡᠯ ᠢ ᠭᠠᠷᠭᠠᠨ᠎ᠠ᠃ ᠡᠭᠦᠳᠦᠨ ᠪᠠᠶᠢᠭᠤᠯᠵᠤ ᠪᠠᠶᠢᠭ᠎ᠠ | ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠡᠪᠡᠰᠦᠨ ︵ᠦᠷ᠎ᠡ ᠡᠭᠦᠯᠳᠡᠷ︶ ᠤ ᠦᠢᠯᠡᠰ ᠤᠨ ᠤᠯᠤᠰ ᠤᠨ | ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠪᠠ ᠬᠦᠬᠡᠬᠤᠳᠠ ᠪᠤᠭᠤᠲᠤ ᠣᠷᠳᠣᠰ ᠲᠠᠬᠢ ᠤᠯᠤᠰ ᠤᠨ ᠪᠡᠶ᠎ᠡ ᠪᠠᠨ | ᠳᠠᠭᠠᠭᠠᠭᠰᠠᠨ ᠰᠢᠨ᠎ᠡ ᠡᠭᠦᠳᠦᠯᠲᠡ ᠶᠢᠨ ᠵᠢᠱᠢᠶ᠎ᠡ ᠦᠵᠡᠭᠦᠯᠭᠦ ᠲᠣᠭᠤᠷᠢᠭ᠂ ᠬᠤᠸᠠᠢ ᠷᠧᠦ ᠶᠢᠨ ᠲᠤᠷᠰᠢᠯᠲᠠ ᠶᠢᠨ | ᠲᠠᠰᠤᠭ ᠤᠨ ᠥᠪᠥᠷ ᠮᠣᠩᠭᠤᠯ ᠤᠨ ᠰᠠᠭᠤᠷᠢᠨ ᠭᠠᠵᠠᠷ ᠤᠳ ᠳᠦᠷᠢᠮ᠂ ᠬᠠᠮᠢᠶᠠᠷᠤᠯᠲᠠ᠂ ᠴᠢᠳᠠᠪᠤᠷᠢᠲᠠᠨ᠂ | ᠦᠢᠯᠡᠴᠢᠯᠡᠭᠡ ᠵᠡᠷᠭᠡ ᠲᠠᠯ᠎ᠠ ᠪᠠᠷ ᠦᠨᠡᠨ ᠪᠣᠳᠠᠲᠠᠢ ᠠᠷᠭ᠎ᠠ ᠪᠠᠷᠢᠯ ᠠᠪᠴᠤ᠂ ᠪᠣᠯᠤᠮᠠᠷ ᠰᠠᠶᠢᠨ ᠦᠷ᠎ᠡ ᠪᠦᠲᠦᠭᠡᠯ | ᠭᠠᠷᠭᠠᠵᠤ ᠦᠵᠡᠭᠦᠯᠦᠨ᠎ᠡ᠃ | ᠰᠢᠨ᠎ᠡ ᠶᠢ ᠡᠭᠦᠣᠡᠭᠦ ᠬᠡᠯᠬᠢᠶᠡᠨ ᠤ ᠪᠠᠶᠢᠷᠢᠰᠢᠭᠤᠯᠤᠯᠲᠠ ᠳᠤ ᠳᠠᠬᠢᠨᠲᠠ ᠬᠦᠴᠦᠨ ᠨᠡᠮᠡᠷᠢᠯᠡᠨ᠎ᠡ᠃ ᠠᠵᠤ | ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶᠡᠨ ᠤ ᠲᠣᠭᠤᠷᠢᠨ ᠳᠤ ᠰᠢᠨ᠎ᠡ ᠶᠢ ᠡᠭᠦᠣᠡᠭᠦ ᠬᠡᠯᠬᠢᠶ᠎ᠡ | ᠪᠠᠶᠢᠷᠢᠰᠢᠭᠤᠯᠬᠤ ᠶᠢ ᠪᠠᠷᠢᠮᠲᠠᠯᠠᠨ᠂ ᠮᠠᠨ ᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠰᠢᠨᠵᠢᠯᠡᠬᠦ ᠤᠬᠠᠭᠠᠨ ᠤ | ᠰᠤᠳᠤᠯᠤᠯ ᠤᠨ ᠵᠠᠷᠤᠳᠠᠯ ᠣᠷᠣᠭᠤᠯᠬᠤ ᠬᠠᠨᠳᠤᠰᠢ ᠪᠠ ᠰᠢᠨᠵᠢᠯᠡᠬᠦ ᠤᠬᠠᠭᠠᠨ ᠤ ᠰᠤᠳᠤᠯᠬᠤ ᠲᠦᠷᠣᠯ ᠵᠦᠢᠯ ᠤᠨ | ᠪᠠᠶᠢᠷᠢᠰᠢᠭᠤᠯᠤᠯᠲᠠ ᠶᠢ ᠡᠨᠧᠷᠬᠢ᠂ ᠰᠦ ᠶᠢᠨ ᠦᠢᠯᠡᠰ᠂ ᠡᠪᠡᠰᠦᠨ ᠤ ᠦᠢᠯᠡᠰ᠂ ᠦᠷ᠎ᠡ ᠡᠭᠦᠯᠳᠡᠷ ᠤᠨ ᠦᠢᠯᠡᠰ᠂ | ᠬᠤᠪᠣᠷ ᠰᠢᠷᠣᠢ ᠵᠡᠷᠭᠡ ᠭᠤᠣᠯᠳᠠᠯᠭ᠎ᠠ ᠪᠣᠯᠬᠤ ᠬᠦᠷᠢᠶᠡᠨ ᠳᠤ ᠲᠥᠪᠯᠡᠷᠡᠭᠦᠯᠬᠦ ᠶᠢ ᠠᠬᠢᠭᠤᠯᠤᠨ᠂ ᠰᠠᠶᠢᠨ ᠠᠷᠭ᠎ᠠ | ᠬᠢᠳᠡᠯ ᠢᠶᠠᠨ ᠣᠨᠢᠨ ᠳᠡᠭᠡᠷ᠎ᠡ ᠨᠢ ᠬᠡᠷᠡᠭᠯᠡᠵᠦ ᠢᠳᠡ ᠬᠦᠴᠦ ᠶᠢ ᠨᠢ ᠪᠠᠳᠠᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ | ᠣᠷᠣᠨ ᠡᠨᠡ ᠵᠢᠯ ︽ᠮᠧᠩ ᠺᠧ ᠵᠢᠦᠢ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠭᠦᠳᠦᠯᠲᠡ ᠶᠢᠨ ︽ | ᠨᠢᠭᠡᠳᠪᠦᠷᠢ ᠰᠦᠯᠵᠢᠶ᠎ᠡ︾ ᠶᠢ ᠪᠦᠭᠦ ᠬᠦᠴᠦᠨ ᠢᠶᠠᠷ ᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠤᠳᠤᠯᠵᠤ ᠨᠡᠭᠡᠭᠡᠬᠦ᠂ ᠬᠥᠷᠥᠩᠭᠡ ᠶᠢᠨ ᠭᠦᠢᠯᠭᠡᠭᠡᠨ ᠠᠵᠢᠯᠯᠠᠬᠤ᠂ ᠲᠦᠷᠣᠯ ᠵᠦᠢᠯ ᠢ ᠨᠠᠪᠴᠢᠭᠦᠯᠭᠦ᠂ | ᠦᠷ᠎ᠡ ᠪᠦᠲᠦᠭᠡᠯ ᠢ ᠤᠯᠠᠷᠢᠭᠤᠯᠬᠤ᠂ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠵᠡᠷᠭᠡ ᠴᠢᠳᠠᠮᠵᠢ ᠶᠢ | ᠬᠤᠷᠠᠭᠤᠯᠤᠨ᠂ ᠰᠢᠨ᠎ᠡ ᠶᠢ ᠡᠭᠦᠣᠡᠭᠦ ᠬᠦᠴᠦᠨ ᠵᠦᠢᠯ ᠤᠨ ᠤᠷᠢᠳ ᠢᠶᠠᠷ ︽ᠪᠥᠭᠡᠭᠡᠨᠡᠷᠡᠨ︾᠂ ᠳᠠᠬᠢᠭᠠᠣᠨ ︽ | ᠨᠡᠶᠢᠯᠡᠯᠲᠡ︾ ᠲᠠᠢ ᠪᠣᠯᠬᠤ ᠶᠢ ᠠᠬᠢᠭᠤᠯᠵᠤ᠂ ᠡᠨᠡ ᠬᠦ ᠰᠢᠨ᠎ᠡ ᠶᠢ ᠡᠭᠦᠣᠡᠭᠦ ᠬᠥᠳᠡᠯᠭᠡᠭᠦᠷ ᠤᠨ ᠬᠦᠷᠳᠦ ᠶᠢ | ᠡᠷᠭᠢᠯᠳᠦᠭᠦᠯᠵᠦ ᠬᠤᠷᠳᠤᠳᠬᠠᠨ᠎ᠠ᠃ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠪᠠᠨ ᠳᠠᠬᠢᠨᠲᠠ ᠴᠢᠩᠭᠠᠳᠬᠠᠨ᠎ᠠ᠃ ᠠᠷᠭ᠎ᠠ | ᠪᠦᠭᠦᠨ ᠢ ᠰᠦᠪᠡᠭᠴᠢᠯᠡᠵᠦ ᠪᠠᠶᠢᠭᠠᠳ ᠣᠷᠣᠭᠤᠯᠵᠤ ᠠᠪᠴᠢᠷᠠᠭᠰᠠᠨ ᠠᠺᠠᠳᠧᠮᠢᠴᠢ᠂ ᠰᠢᠯᠭᠠᠷᠠᠭᠰᠠᠨ ᠵᠠᠯᠠᠭᠤᠴᠤᠳ | ᠵᠡᠷᠭᠡ ᠴᠢᠳᠠᠪᠤᠷᠢᠲᠠᠨ ᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠳᠤ ᠨᠡᠩ ᠠᠰᠢᠭᠲᠠᠢ ᠨᠥᠬᠦᠴᠡᠯ ᠪᠦᠷᠢᠯᠳᠦᠭᠦᠯᠵᠦ | ᠦᠭᠭᠦ ᠶᠢᠨ ᠬᠠᠮᠲᠤ᠂ ᠰᠠᠶᠢᠨ ᠲᠦᠷᠣ ᠶᠢᠨ ᠪᠣᠳᠣᠯᠭ᠎ᠠ᠂ ᠰᠠᠶᠢᠬᠠᠨ ᠣᠷᠴᠢᠨ ᠲᠣᠭᠤᠷᠢᠨ ᠢᠶᠠᠷ ᠨᠡᠩ ᠣᠯᠠᠨ | ᠴᠢᠳᠠᠪᠤᠷᠢᠲᠠᠨ ᠢ ᠲᠠᠲᠠᠵᠤ ᠠᠪᠴᠢᠷᠠᠨ ︽ᠭᠠᠷᠤᠳᠢ ᠭᠠᠯᠪᠢᠩᠭ᠎ᠠ ᠶᠢ ᠤᠷᠢᠳ ᠠᠴᠠ ᠨᠢᠰᠴᠦ ᠢᠷᠡᠭᠦᠯᠦᠨ︾᠂ ︽ | ᠬᠠᠯᠢᠭᠤᠨ ᠭᠠᠯᠠᠭᠤ ᠶᠢ ᠤᠮᠠᠷᠠᠲᠤ ᠳᠤ ᠪᠠᠨ ᠪᠤᠴᠠᠵᠤ ᠢᠷᠡᠭᠦᠯᠦᠨ᠎ᠡ︾᠃ ᠡᠭᠦᠨ ᠤ ᠬᠠᠮᠲᠤ ᠨᠤᠲᠤᠭ ᠤᠨ | ᠴᠢᠳᠠᠪᠤᠷᠢᠲᠠᠨ ᠢ ᠬᠠᠷᠠᠭᠠᠯᠵᠠᠨ ᠬᠠᠯᠠᠮᠵᠢᠯᠠᠵᠤ᠂ ᠲᠡᠳᠡᠨᠣᠰ ᠤᠨ ᠰᠡᠳᠬᠢᠯ ᠠᠮᠤᠷ ᠠᠵᠢᠯᠯᠠᠵᠤ ᠦᠢᠯᠡᠰ ᠪᠣᠰᠬᠠᠨ᠂ | ᠨᠤᠲᠤᠭ ᠤᠰᠤᠨ ᠳᠤ ᠪᠠᠨ ᠦᠨᠡᠨ ᠰᠡᠳᠬᠢᠯ ᠠᠴᠠ ᠪᠠᠨ ᠬᠤᠪᠢ ᠨᠡᠮᠡᠷᠢ ᠦᠵᠡᠭᠦᠯᠭᠦ ᠶᠢ ᠳᠠᠶᠢᠴᠢᠯᠠᠨ᠎ᠠ᠃ ᠰᠤᠷᠭᠠᠨ | ᠬᠥᠮᠦᠵᠢᠯ ᠢᠶᠠᠷ ᠴᠢᠳᠠᠪᠤᠷᠢᠲᠠᠨ ᠢ ᠬᠥᠮᠥᠵᠢᠭᠦᠯᠬᠦ ᠪᠣᠯ ᠮᠠᠨ ᠤ ᠣᠷᠣᠨ ᠤ ᠪᠠᠭᠤᠷᠠᠢ ᠲᠠᠯ᠎ᠠ ᠪᠠᠶᠢᠵᠤ᠂ ᠵᠠᠩᠭᠢᠯᠠᠭ᠎ᠠ ᠨᠢ | ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠴᠢᠨᠠᠷ ᠰᠠᠶᠢᠲᠠᠢ | ᠬᠥᠭᠵᠢᠯᠲᠡ ᠯᠦᠭᠡ ᠠᠪᠴᠠᠯᠳᠤᠭᠤᠯᠬᠤ ᠳᠤ ᠪᠠᠶᠢᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠨᠢ ᠬᠥᠲᠥᠴᠢ | ᠠᠵᠤ ᠠᠬᠤᠶᠢᠯᠠᠯ ᠯᠤᠭ᠎ᠠ ︽ᠬᠤᠯᠪᠣᠭᠠᠯᠠᠬᠤ︾ ᠶᠢ ᠴᠢᠬᠤᠯᠠᠴᠢᠯᠠᠨ᠂ ︽ᠵᠠᠬᠢᠶᠠᠯᠠᠭ᠎ᠠ ᠶᠢᠨ ᠮᠠᠶ᠋ᠢᠭ︾ ᠢᠶᠠᠷ | ᠬᠥᠮᠥᠵᠢᠭᠦᠯᠬᠦ ᠶᠢ ᠠᠬᠢᠭᠤᠯᠵᠤ᠂ ︽ᠤᠷᠠᠨ ᠳᠠᠷᠬᠠᠨ ᠤ ᠠᠩᠭᠢ︾ ᠶᠢᠨ ᠲᠥᠯᠥᠪᠯᠡᠭᠡ ᠶᠢ ᠬᠡᠷᠡᠭᠵᠢᠭᠦᠯᠵᠦ᠂ ᠥᠨᠳᠥᠷ | ᠬᠡᠪ ᠴᠢᠨᠠᠷ ᠪᠦᠬᠦᠢ ᠤᠷ᠎ᠠ ᠮᠡᠷᠭᠡᠰᠢᠯ ᠲᠠᠢ ᠴᠢᠳᠠᠪᠤᠷᠢᠲᠠᠨ ᠢ ᠬᠠᠮᠲᠤ ᠪᠠᠷ ᠬᠥᠮᠥᠵᠢᠭᠦᠯᠵᠦ᠂ 40 ᠠᠵᠤ ᠠᠬᠤᠶᠢᠯᠠᠯ ᠢ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠯᠤᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠨᠢ | ᠭᠤᠣᠯᠳᠠᠯᠭ᠎ᠠ ᠲᠠᠢ ᠠᠬᠢᠭᠤᠯᠤᠨ᠂ ᠳᠡᠭᠡᠳᠦ ᠤᠷ᠎ᠠ ᠮᠡᠷᠭᠡᠰᠢᠯ ᠲᠠᠢ ᠴᠢᠳᠠᠪᠤᠷᠢᠲᠠᠨ ᠤ ᠶᠡᠷᠦᠩᠬᠡᠶᠢᠯᠡᠨ ᠬᠥᠮᠥᠵᠢᠭᠦᠯᠬᠦ | ᠰᠢᠨ᠎ᠡ ᠡᠭᠦᠳᠦᠯᠲᠡ ᠶᠢᠨ ᠭᠠᠷᠠᠮ ᠢ 3 ᠪᠠᠶᠢᠷᠢᠰᠢᠭᠤᠯᠤᠨ ᠪᠠᠶᠢᠭᠤᠯᠵᠤ᠂ ᠦᠢᠯᠡᠳᠪᠦᠷᠢᠯᠡᠬᠦ ᠪᠠ ᠵᠢᠭᠠᠨ ᠰᠤᠷᠭᠠᠬᠤ | ᠬᠤᠯᠪᠣᠭᠠᠲᠤ ᠴᠣᠭᠴᠠ᠂ ᠬᠠᠮᠲᠤ ᠶᠢᠨ ᠴᠣᠭᠴᠠ ᠪᠣᠯᠣᠨ ᠦᠢᠯᠡᠳᠦᠯᠭᠡᠵᠢᠭᠦᠯᠬᠦ ᠲᠥᠪ ᠢ ᠪᠦᠲᠦᠭᠡᠨ ᠪᠠᠶᠢᠭᠤᠯᠬᠤ | ᠲᠤᠷᠰᠢᠯᠲᠠ ᠶᠢᠨ ᠴᠡᠭ ᠢ ᠡᠬᠢᠯᠡᠭᠦᠯᠵᠦ᠂ ᠡᠨᠡ ᠵᠢᠯ ᠰᠤᠷᠭᠠᠭᠤᠯᠢ ᠪᠠ ᠠᠵᠤ ᠠᠬᠤᠶᠢᠯᠠᠯ ᠬᠠᠮᠲᠤ ᠪᠠᠷ 5 ᠳᠡᠭᠡᠳᠦ | ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠠᠷ ᠴᠢᠷᠮᠠᠶᠢᠵᠤ᠂ ᠠᠵᠢᠯ ᠮᠡᠷᠭᠡᠵᠢᠯ ᠤᠨ ᠵᠢᠩᠬᠢᠨᠢ ᠠᠩᠭᠢ ᠲᠠᠢ ᠳᠡᠭᠡᠳᠦ | ᠰᠤᠷᠭᠠᠭᠤᠯᠢ ᠶᠢ ᠡᠭᠦᠳᠦᠨ ᠪᠠᠶᠢᠭᠤᠯᠤᠨ᠎ᠠ︔ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠠᠯ᠎ᠠ ᠪᠠᠷ ᠣᠶᠣᠨ | ᠴᠢᠳᠠᠯ ᠢᠶᠠᠨ ᠰᠤᠷᠭᠠᠭᠤᠯᠢ ᠡᠷᠬᠢᠯᠡᠭᠦ ᠴᠢᠨᠠᠷ ᠴᠢᠨᠰᠠᠭ᠎ᠠ ᠪᠠ ᠰᠤᠳᠤᠯᠵᠤ ᠨᠡᠭᠡᠭᠡᠬᠦ ᠴᠢᠳᠠᠪᠤᠷᠢ ᠪᠠᠨ ᠳᠡᠭᠡᠭᠰᠢᠯᠡᠭᠦᠯᠭᠦ ᠳᠤ | ᠲᠥᠪᠯᠡᠷᠡᠭᠦᠯᠵᠦ᠂ ᠲᠡᠷᠢᠭᠦᠨ ᠳᠡᠰ ᠤᠨ ᠬᠢᠴᠢᠶᠡᠯ ᠰᠢᠨᠵᠢᠯᠡᠭᠡᠨ ᠤ ᠰᠠᠯᠠᠭ᠎ᠠ᠂ ᠲᠡᠷᠢᠭᠦᠨ ᠳᠡᠰ ᠤᠨ ᠲᠤᠰᠬᠠᠢ ᠮᠡᠷᠭᠡᠵᠢᠯ | ᠪᠠ ᠭᠤᠣᠯᠳᠠᠯᠭ᠎ᠠ ᠪᠣᠯᠬᠤ ᠲᠤᠷᠰᠢᠯᠲᠠ ᠬᠢᠬᠦ ᠲᠠᠰᠤᠭ ᠤᠨ ᠪᠠᠶᠢᠭᠤᠯᠤᠯᠲᠠ ᠶᠢ ᠴᠢᠩᠭᠠᠳᠬᠠᠨ᠂ ᠣᠳᠣ ᠦᠶ᠎ᠡ ᠶᠢᠨ | ᠠᠵᠤ ᠦᠢᠯᠡᠰ ᠤᠨ ᠳᠡᠭᠡᠳᠦ ᠰᠤᠷᠭᠠᠭᠤᠯᠢ᠂ ᠲᠤᠰᠬᠠᠢ ᠮᠡᠷᠭᠡᠵᠢᠯ ᠤᠨ ᠣᠨᠴᠠᠯᠢᠭ ᠲᠠᠢ ᠳᠡᠭᠡᠳᠦ ᠰᠤᠷᠭᠠᠭᠤᠯᠢ ᠪᠠ | ᠢᠷᠡᠭᠡᠳᠦᠢ ᠶᠢᠨ ᠮᠡᠷᠭᠡᠵᠢᠯ ᠤᠨ ᠳᠡᠭᠡᠳᠦ ᠰᠤᠷᠭᠠᠭᠤᠯᠢ ᠶᠢ 16 ᠪᠠᠶᠢᠷᠢᠰᠢᠭᠤᠯᠤᠨ ᠪᠠᠶᠢᠭᠤᠯᠵᠤ᠂ ᠨᠢᠭᠡ ᠪᠦᠯᠦᠭ | ᠥᠨᠳᠥᠷ ᠬᠢᠷᠢ ᠲᠦᠪᠰᠢᠨ ᠪᠦᠬᠦᠢ ᠵᠢᠭᠠᠨ ᠰᠤᠷᠭᠠᠵᠤ ᠰᠢᠨ᠎ᠡ ᠶᠢ ᠡᠭᠦᠣᠡᠭᠦ ᠪᠦᠯᠭᠦᠮ ᠨᠡᠶᠢᠲᠡ ᠪᠠ ᠵᠠᠩᠭᠢᠯᠠᠭ᠎ᠠ ᠪᠣᠯᠬᠤ | ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠠᠪᠴᠠᠩ ᠢ ᠪᠣᠢ ᠪᠣᠯᠭᠠᠵᠣ᠂ ᠰᠢᠨ᠎ᠡ ᠶᠢ ᠡᠭᠦᠣᠡᠭᠦ ᠵᠣᠷᠢᠭ | ᠰᠠᠨᠠᠭ᠎ᠠ ᠪᠠ ᠦᠢᠯᠡᠳᠦᠯᠭᠡ ᠶᠢᠨ ᠴᠢᠳᠠᠪᠤᠷᠢ ᠲᠠᠢ ᠥᠨᠳᠥᠷ ᠳᠡᠰ ᠤᠨ ᠲᠤᠰᠬᠠᠢ ᠴᠢᠳᠠᠪᠤᠷᠢᠲᠠᠨ ᠢ ᠨᠡᠩ ᠣᠯᠠᠨ | ᠬᠥᠮᠥᠵᠢᠭᠦᠯᠦᠨ᠎ᠡ᠃ | ︵ᠲᠠᠪᠤ︶ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠥᠭᠵᠢᠯᠲᠡ ᠶᠢᠨ | ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠬᠥᠭᠵᠢᠯᠲᠡ ᠶᠢᠨ ᠬᠥᠳᠡᠯᠭᠡᠬᠦ ᠬᠦᠴᠦᠨ ᠢ | ᠨᠡᠮᠡᠭᠳᠡᠭᠦᠯᠦᠨ᠎ᠡ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠢᠳᠦᠨ ᠡᠮᠦᠨᠡᠬᠢ ᠬᠦᠴᠢᠷᠳᠡᠯ ᠢ ᠰᠢᠢᠳᠪᠦᠷᠢᠯᠡᠬᠦ | ᠪᠤᠶᠤ ᠠᠯᠤᠰ ᠬᠤᠯᠠ ᠶᠢ ᠪᠣᠳᠣᠯᠬᠢᠯᠠᠬᠤ ᠳᠤ᠂ ᠴᠥᠮ ᠥᠭᠡᠷᠡᠴᠢᠯᠡᠯᠲᠡ ᠨᠡᠭᠡᠭᠡᠯᠲᠡ ᠬᠢᠬᠦ ᠡᠨᠡ ᠬᠦ ᠵᠠᠩᠭᠢᠯᠠᠭ᠎ᠠ ᠶᠢᠨ | ᠠᠷᠭ᠎ᠠ ᠶᠢ ᠰᠠᠶᠢᠲᠤᠷ ᠬᠡᠷᠡᠭᠯᠡᠨ᠎ᠡ᠃ | ᠥᠭᠡᠷᠡᠴᠢᠯᠡᠯᠲᠡ ᠶᠢ ᠡᠷᠴᠢᠮ ᠬᠦᠴᠦᠲᠡᠢ ᠪᠠᠷ ᠭᠦᠨᠵᠡᠭᠡᠶᠢᠷᠡᠭᠦᠯᠦᠨ᠎ᠡ᠃ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ᠂ ︽ᠲᠠᠯᠪᠢᠬᠤ︾ ᠲᠠᠯ᠎ᠠ ᠪᠠᠷ ᠡᠷᠬᠡ ᠶᠢ | ᠲᠦᠢᠯᠪᠤᠷᠢᠲᠠᠢ ᠲᠠᠯᠪᠢᠬᠤ ᠮᠥᠷᠲᠡᠭᠡᠨ ᠦᠨᠳᠦᠰᠦᠨ ᠱᠠᠲᠤᠨ ᠤ ᠬᠢᠨ ᠴᠦ ᠳᠠᠭᠠᠭᠠᠨ ᠠᠪᠴᠤ ᠳᠡᠶᠢᠯᠬᠦ ᠪᠣᠯᠭᠠᠨ᠎ᠠ᠂ | ᠥᠪᠡᠷᠲᠡᠭᠡᠨ ᠵᠠᠰᠠᠬᠤ ᠣᠷᠣᠨ ᠠᠴᠠ 679 ᠡᠷᠬᠡ ᠶᠢᠨ ᠵᠦᠢᠯᠡᠰ ᠢ ᠨᠢᠭᠡᠨᠲᠡ ᠳᠣᠷᠣᠭᠰᠢ ᠲᠠᠯᠪᠢᠵᠤ᠂ ᠣᠨᠴᠠᠭᠠᠶᠢᠯᠠᠨ | ᠬᠥᠭᠵᠢᠭᠦᠯᠦᠯᠲᠡ ᠪᠠ ᠥᠭᠡᠷᠡᠴᠢᠯᠡᠯᠲᠡ᠂ ᠡᠨᠧᠷᠬᠢ ᠵᠡᠷᠭᠡ ᠰᠠᠯᠠᠭ᠎ᠠ ᠮᠥᠴᠢᠷ ᠤᠨ ᠲᠦᠷᠦᠯ ᠵᠦᠢᠯ ᠤᠨ ᠬᠢᠨᠠᠨ | ᠵᠥᠪᠰᠢᠶᠡᠷᠡᠬᠦ ᠳᠤ ᠬᠤᠯᠪᠣᠭᠳᠠᠭᠰᠠᠨ ᠮᠠᠰᠢ ᠣᠯᠠᠨ ᠴᠢᠬᠤᠯᠠ ᠵᠦᠢᠯᠡᠰ ᠢ ᠴᠥᠮ ᠳᠣᠷᠣᠭᠰᠢ ᠲᠠᠯᠪᠢᠵᠤ ᠥᠭᠪᠡ᠂ | ᠡᠯ᠎ᠡ ᠭᠠᠵᠠᠷ ᠤᠨ ᠳᠠᠭᠠᠭᠠᠨ ᠵᠠᠯᠭᠠᠭᠤᠯᠵᠤ ᠠᠪᠬᠤ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠶᠢ ᠨᠢ ᠵᠢᠭᠠᠨ | ᠵᠢᠯᠤᠭᠤᠳᠴᠤ᠂ ᠠᠶᠢᠮᠠᠭ ᠬᠤᠲᠠ᠂ ᠬᠤᠰᠢᠭᠤ ᠰᠢᠶᠠᠨ ᠤ ︽ᠬᠤᠶᠠᠷ ᠢ ᠰᠢᠯᠢᠳᠡᠭᠵᠢᠭᠦᠯᠬᠦ︾ ᠲᠤᠰᠬᠠᠢ | ᠠᠵᠢᠯᠯᠠᠭᠠᠨ ᠢ ᠬᠡᠷᠡᠭᠵᠢᠭᠦᠯᠦᠨ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠪᠠ ᠠᠵᠢᠯᠯᠠᠭᠠᠨ ᠤ ᠵᠢᠷᠤᠮᠵᠢᠯ ᠢ | ᠨᠢᠭᠡᠳᠦᠯᠲᠡᠢ ᠪᠣᠯᠭᠠᠵᠣ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠷᠠᠭᠤᠯᠬᠤ ᠬᠢᠷᠢ ᠲᠦᠪᠰᠢᠨ ᠢ | ᠳᠡᠭᠡᠭᠰᠢᠯᠡᠭᠦᠯᠵᠦ᠂ ᠲᠣᠳᠣᠷᠬᠠᠢ ᠬᠠᠭᠤᠳᠠᠰᠤᠨ ᠤ ᠵᠦᠢᠯᠡᠰ ᠢ ᠰᠦᠯᠵᠢᠶ᠎ᠡ ᠪᠠᠷ ᠭᠦᠢᠴᠡᠳᠬᠡᠬᠦ ᠶᠢ ᠠᠬᠢᠭᠤᠯᠵᠤ᠂ ︽ | ᠨᠢᠭᠡ ᠬᠠᠭᠤᠳᠠᠰᠤᠨ ᠳᠤ ᠪᠦᠭᠦᠨ ᠢ ᠵᠢᠭᠰᠠᠭᠠᠵᠤ᠂ ᠲᠣᠰ ᠬᠠᠭᠤᠳᠠᠰᠤᠨ ᠠᠴᠠ ᠪᠤᠰᠤᠳ ᠬᠠᠭᠤᠳᠠᠰᠤ ᠭᠠᠷᠭᠠᠬᠤ | ᠦᠭᠡᠢ︾ ᠪᠠᠶᠢᠬᠤ ᠶᠢ ᠪᠡᠶᠡᠯᠡᠭᠦᠯᠦᠨ᠂ ᠦᠨᠳᠦᠰᠦᠨ ᠱᠠᠲᠤᠨ ᠤ ᠬᠢᠨ ᠢ ᠰᠠᠶᠢᠲᠤᠷ ᠳᠠᠭᠠᠭᠠᠨ ᠠᠪᠴᠤ ᠰᠠᠶᠢᠲᠤᠷ | ᠬᠠᠮᠢᠶᠠᠷᠴᠤ ᠳᠡᠶᠢᠯᠬᠦ ᠪᠣᠯᠭᠠᠨ᠂ ᠠᠵᠤ ᠠᠬᠤᠶᠢᠯᠠᠯ ᠪᠠ ᠣᠯᠠᠨ ᠲᠦᠮᠡᠨ ᠳᠤ ᠦᠨᠡᠨ ᠬᠦ ᠳᠦᠭᠦᠮ ᠦᠵᠡᠭᠦᠯᠵᠦ | ᠠᠰᠢᠭ ᠬᠦᠷᠲᠡᠭᠡᠨ᠎ᠡ︔ ︽ᠬᠠᠮᠢᠶᠠᠷᠬᠤ︾ ᠲᠠᠯ᠎ᠠ ᠪᠠᠷ ᠬᠠᠮᠢᠶᠠᠷᠴᠤ ᠳᠡᠶᠢᠯᠬᠦ ᠮᠥᠷᠲᠡᠭᠡᠨ ᠰᠠᠶᠢᠲᠤᠷ ᠬᠠᠮᠢᠶᠠᠷᠴᠤ᠂ | ᠳᠤᠷ᠎ᠠ ᠪᠠᠷ ᠵᠠᠬᠢᠶ᠎ᠠ ᠵᠢᠭᠠᠪᠤᠷᠢ ᠪᠠᠭᠤᠯᠭᠠᠬᠤ ᠦᠭᠡᠢ᠂ ᠬᠡᠪ ᠤᠨ ᠠᠵᠢᠯ ᠶᠠᠪᠤᠳᠠᠯ ᠢ ᠰᠢᠯᠤᠭᠤᠬᠠᠨ ᠭᠦᠢᠴᠡᠳᠬᠡᠵᠦ᠂ | ᠳᠤᠷ᠎ᠠ ᠪᠠᠷ ᠭᠠᠷ ᠳᠦᠷᠦᠬᠦ ᠦᠭᠡᠢ︔ ︽ᠦᠢᠯᠡᠴᠢᠯᠡᠬᠦ︾ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ | ᠦᠨᠳᠦᠰᠦᠨ ᠱᠠᠲᠤᠨ ᠳᠤ ᠦᠢᠯᠡᠴᠢᠯᠡᠬᠦ ᠦᠵᠡᠯ ᠤᠬᠠᠮᠰᠠᠷ ᠢ ᠴᠢᠩᠭᠠᠷᠠᠭᠤᠯᠵᠤ᠂ ᠡᠯ᠎ᠡ ᠱᠠᠲᠤᠨ ᠤ ᠵᠠᠰᠠᠭ ᠤᠨ | ᠣᠷᠳᠣᠨ ᠨᠢ ᠦᠨᠳᠦᠰᠦᠨ ᠱᠠᠲᠤᠨ ᠤ ᠠᠵᠢᠯ ᠶᠠᠪᠤᠳᠠᠯ᠂ ᠣᠯᠠᠨ ᠲᠦᠮᠡᠨ ᠤ ᠤᠴᠢᠷ ᠶᠠᠪᠤᠳᠠᠯ᠂ ᠠᠵᠤ | ᠠᠬᠤᠶᠢᠯᠠᠯ ᠤᠨ ᠠᠵᠢᠯ ᠬᠡᠷᠡᠭ ᠢ ᠥᠪᠡᠷ ᠤᠨ ᠭᠦᠢᠴᠡᠳᠬᠡᠬᠦ ᠬᠠᠷᠢᠭᠤᠴᠠᠯᠭ᠎ᠠ ᠲᠠᠢ ᠠᠵᠢᠯ ᠶᠠᠪᠤᠳᠠᠯ᠂ ᠵᠠᠪᠠᠯ | ᠭᠦᠢᠴᠡᠳᠬᠡᠬᠦ ᠠᠵᠢᠯ ᠶᠠᠪᠤᠳᠠᠯ ᠪᠣᠯᠭᠠᠵᠤ᠂ ᠬᠦᠴᠢᠷ ᠶᠠᠪᠤᠳᠠᠯ ᠳᠤ ᠨᠢ ᠬᠠᠪᠰᠤᠷᠤᠯᠭ᠎ᠠ ᠳᠡᠮᠵᠢᠯᠭᠡ ᠦᠵᠡᠭᠦᠯᠦᠨ | ᠵᠣᠷᠢᠭᠲᠠᠢ ᠬᠠᠮᠵᠢᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠢᠶᠠᠨ ᠰᠠᠶᠢᠨ ᠭᠦᠢᠴᠡᠳᠬᠡᠵᠦ | ᠰᠠᠶᠢᠬᠠᠨ ᠪᠦᠲᠦᠭᠡᠬᠦ ᠪᠣᠯᠭᠠᠵᠤ᠂ ᠶᠠᠪᠤᠳᠠᠯ ᠤᠴᠢᠷ ᠲᠤ ᠨᠢ ᠰᠠᠭᠠᠳ ᠦᠭᠡᠢ ᠪᠠᠶᠢᠯᠭᠠᠬᠤ ᠶᠢ ᠬᠢᠴᠢᠶᠡᠨ᠎ᠡ᠃ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠨ᠎ᠡ ᠨᠢᠭᠡ ᠡᠭᠡᠯᠵᠢ ᠶᠢᠨ ᠥᠭᠡᠷᠡᠴᠢᠯᠡᠯᠲᠡ ᠶᠢᠨ ᠠᠵᠢᠯᠯᠠᠭᠠᠨ ᠢ | ᠥᠷᠨᠢᠭᠦᠯᠦᠨ᠎ᠡ᠂ ᠲᠡᠷᠢᠭᠦᠨ ᠳᠡᠰ ᠤᠨ ᠠᠵᠤ ᠠᠬᠤᠶᠢᠯᠠᠯ ᠢ ᠡᠭᠦᠳᠦᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠦᠨ᠂ | ᠳᠠᠪᠠᠭᠤᠯᠢᠭ ᠠᠵᠢᠯ ᠲᠦᠷᠦᠯ ᠪᠠ ᠵᠠᠩᠭᠢᠯᠠᠭ᠎ᠠ ᠪᠣᠯᠬᠤ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ ᠪᠠᠶᠢᠭᠠᠳ | ᠨᠢᠭᠡ ᠪᠦᠯᠦᠭ ᠢ ᠨᠢ ᠡᠮᠬᠢᠯᠡᠨ ᠨᠡᠶᠢᠯᠡᠭᠦᠯᠵᠦ ᠳᠠᠬᠢᠨᠲᠠ ᠪᠠᠶᠢᠭᠤᠯᠵᠤ᠂ ᠨᠢᠭᠡ ᠪᠦᠯᠦᠭ ᠢ ᠨᠢ ᠵᠣᠬᠢᠶᠠᠨ ᠪᠠᠶᠢᠭᠤᠯᠵᠤ | ᠴᠣᠭᠴᠠᠯᠠᠨ᠂ ᠨᠢᠭᠡ ᠪᠦᠯᠦᠭ ᠢ ᠨᠢ ᠬᠦᠴᠦᠷᠬᠡᠭᠵᠢᠭᠦᠯᠦᠨ ᠪᠤᠵᠠᠭᠠᠶᠢᠷᠠᠭᠤᠯᠵᠤ᠂ ᠨᠢᠭᠡ ᠪᠦᠯᠦᠭ ᠢ ᠨᠢ ᠵᠠᠬ᠎ᠠ | ᠳᠡᠯᠭᠡᠭᠦᠷ ᠲᠤ ᠭᠠᠷᠭᠠᠬᠤ ᠪᠠᠷ ᠠᠬᠢᠭᠤᠯᠵᠤ᠂ ᠪᠦᠯᠦᠭ ᠪᠦᠷᠢ ᠳᠤ ᠨᠢ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ᠂ | ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠭᠠᠷᠭᠠᠵᠤ᠂ ︽ᠥᠪᠥᠷ ᠮᠣᠩᠭᠤᠯ︾ ᠨᠡᠷᠡᠮᠵᠢᠲᠦ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠵᠢᠭᠰᠠᠭᠠᠯ ᠢ ᠲᠦᠷᠭᠡᠳᠬᠡᠨ ᠴᠣᠭᠴᠠᠯᠠᠵᠤ ᠪᠠᠶᠢᠭᠤᠯᠤᠨ᠎ᠠ᠃ ᠠᠷᠠᠳ ᠠᠴᠠ | ᠡᠵᠡᠩᠨᠡᠭᠰᠡᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠪᠦᠬᠦ ᠬᠦᠴᠦᠨ ᠢᠶᠠᠷ ᠢᠶᠠᠨ ᠳᠡᠮᠵᠢᠨ᠎ᠡ᠂ ᠤᠯᠤᠰ ᠤᠨ | ᠭᠠᠶᠢᠯᠢ ᠰᠦᠢᠳᠬᠡᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠰᠠᠭᠠᠲᠠᠭᠠᠬᠤ ᠦᠭᠡᠢ᠂ | ᠪᠦᠷᠢᠨ ᠭᠦᠢᠴᠡᠳ ᠲᠤᠭᠤᠰᠢᠲᠠᠢ ᠬᠡᠷᠡᠭᠵᠢᠭᠦᠯᠵᠦ ᠪᠣᠳᠠᠲᠠᠶᠢᠵᠢᠭᠤᠯᠤᠨ᠎ᠠ᠂ ︽ᠭᠤᠶᠤᠴᠢᠯᠠᠵᠤ ᠣᠯᠣᠮᠠᠭᠴᠠ ᠭᠦᠷᠳᠡᠭᠦ | ︾ ᠪᠠ ᠥᠪᠡᠷᠲᠡᠭᠡᠨ ᠵᠠᠰᠠᠬᠤ ᠣᠷᠳᠣᠨ ᠤ ᠠᠵᠤ ᠠᠬᠤᠶᠢᠯᠠᠯ ᠳᠤ ᠲᠤᠰᠠᠯᠠᠵᠤ ᠬᠦᠴᠢᠷᠳᠡᠯ ᠢ ᠲᠠᠶᠢᠯᠬᠤ ᠲᠦᠷᠣ ᠶᠢᠨ | ᠪᠣᠳᠣᠯᠭ᠎ᠠ ᠪᠠᠨ ︽ᠰᠢᠭᠤᠳ ᠪᠠᠭᠤᠯᠭᠠᠵᠤ ᠲᠦᠷᠭᠡᠨ ᠬᠡᠷᠡᠭᠵᠢᠭᠦᠯᠵᠦ ᠬᠦᠷᠲᠡᠭᠡᠬᠦ︾ ᠪᠣᠯᠭᠠᠨ᠂ ᠳᠤᠮᠳᠠ ᠵᠢᠵᠢᠭ | ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠣᠭᠡ ᠶᠢ ᠬᠠᠪᠰᠤᠷᠴᠤ ᠪᠡᠷᠬᠡ ᠶᠢ | ᠲᠣᠭᠤᠯᠣᠭᠤᠯᠵᠣ ᠲᠡᠳᠬᠦᠨ ᠲᠡᠩᠬᠡᠷᠡᠭᠦᠯᠦᠨ᠎ᠡ᠃ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠠᠶᠢᠭᠤᠯᠵᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠳᠤᠮᠳᠠ ᠵᠢᠵᠢᠭ ᠠᠵᠤ ᠠᠬᠤᠶᠢᠯᠠᠯ ᠳᠤ | ᠳᠠᠩᠰᠠᠨ ᠳᠠᠬᠢ ᠵᠣᠭᠤᠰ ᠥᠷᠢᠲᠦᠵᠦ ᠪᠠᠶᠢᠭ᠎ᠠ ᠠᠰᠠᠭᠤᠳᠠᠯ ᠢ ᠨᠢ ᠰᠢᠢᠳᠪᠦᠷᠢᠯᠡᠨ᠎ᠡ᠂ ᠡᠨᠡ ᠵᠢᠯ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠴᠢᠩᠭ᠎ᠠ ᠲᠤᠰᠬᠠᠵᠤ ᠪᠠᠶᠢᠭ᠎ᠠ ᠭᠠᠵᠠᠷ ᠰᠢᠷᠣᠢ ᠭᠡᠷ ᠪᠠᠶᠢᠰᠢᠩ ᠤᠨ | ᠦᠮᠴᠢᠯᠡᠯ ᠤᠨ ᠡᠷᠬᠡ᠂ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠪᠠ ᠵᠠᠬ᠎ᠠ ᠳᠡᠯᠭᠡᠭᠦᠷ ᠲᠤ ᠵᠥᠪᠰᠢᠶᠡᠷᠡᠨ | ᠣᠷᠤᠭᠤᠯᠬᠤ᠂ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠵᠡᠷᠭᠡ ᠲᠠᠯ᠎ᠠ ᠶᠢᠨ ᠠᠰᠠᠭᠤᠳᠠᠯ ᠳᠤ ᠴᠢᠭᠯᠡᠭᠦᠯᠦᠨ ᠠᠷᠭ᠎ᠠ | ᠪᠣᠳᠣᠯᠭ᠎ᠠ ᠬᠡᠷᠡᠭᠵᠢᠭᠦᠯᠦᠨ᠂ ᠬᠠᠨᠳᠤᠯᠭ᠎ᠠ ᠲᠠᠢ ᠰᠢᠢᠳᠪᠦᠷᠢᠯᠡᠬᠦ ᠪᠠᠷ ᠵᠣᠷᠢᠭ ᠰᠢᠭᠤᠳᠴᠤ᠂ ᠵᠢᠵᠢᠭ ᠪᠢᠴᠢᠯ ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠢ ᠬᠤᠷᠰᠢᠶ᠎ᠠ ᠶᠢᠨ ᠭᠤᠷᠪᠠᠨ ᠵᠢᠯ ᠤᠨ | ᠪᠦᠢᠵᠢᠯᠲᠠ ᠬᠥᠭᠵᠢᠯᠲᠡ ᠶᠢᠨ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ ︽ᠲᠠᠷᠠᠬᠠᠢ ᠡᠷᠦᠬᠡ ᠶᠢ ᠵᠠᠬ᠎ᠠ | ᠳᠡᠯᠭᠡᠭᠦᠷ ᠲᠤ ᠣᠷᠤᠭᠤᠯᠬᠤ︾ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ | ᠪᠣᠯᠭᠠᠬᠤ︾ ︽ᠵᠢᠵᠢᠭ ᠪᠢᠴᠢᠯ ᠠᠵᠤ ᠠᠬᠤᠶᠢᠯᠠᠯ ᠢ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠪᠣᠯᠭᠠᠬᠤ︾ | ᠶᠢ ᠬᠦᠴᠦᠲᠡᠢ ᠠᠬᠢᠭᠤᠯᠤᠨ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠣᠯᠠᠰᠢᠷᠠᠭᠤᠯᠵᠤ᠂ | ᠬᠥᠭᠵᠢᠶᠡᠨᠵᠢᠭᠦᠯᠵᠦ᠂ ᠬᠦᠴᠦᠷᠬᠡᠭᠵᠢᠭᠦᠯᠬᠦ ᠪᠠᠷ ᠴᠢᠷᠮᠠᠶᠢᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ︽ᠬᠤᠶᠠᠷ ᠢ | ᠤᠭᠲᠣ ᠭᠤᠶᠢᠪᠢᠰᠢ ᠦᠭᠡᠢ ᠪᠠᠶᠢᠯᠭᠠᠬᠤ︾ ᠶᠢ ᠦᠨᠡᠨ ᠬᠦ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯᠲᠦ ᠠᠵᠤ | ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠵᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠴᠢᠬᠤᠯᠠᠴᠢᠯᠠᠬᠤ ᠮᠥᠷᠲᠡᠭᠡᠨ ᠬᠤᠳᠠᠯᠳᠤᠭᠠᠴᠢᠳ ᠢ ᠰᠡᠳᠬᠢᠯ | ᠠᠮᠤᠷ ᠪᠠᠶᠢᠯᠭᠠᠬᠤ ᠪᠥᠭᠡᠳ ᠬᠤᠳᠠᠯᠳᠤᠭᠠᠴᠢᠳ ᠲᠤ ᠦᠢᠯᠡᠴᠢᠯᠡᠬᠦ ᠶᠢ ᠴᠢᠬᠤᠯᠠᠴᠢᠯᠠᠵᠤ᠂ ᠠᠵᠤ ᠠᠬᠤᠶᠢᠯᠠᠯᠲᠠᠨ ᠤ | ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠤ ᠠᠬᠤᠶᠢᠯᠠᠯᠲᠠᠳ ᠤᠨ ᠡᠷᠬᠡ ᠠᠰᠢᠭ ᠢ ᠬᠠᠮᠠᠭᠠᠯᠠᠨ᠎ᠠ᠂ ᠢᠯᠠᠩᠭᠤᠶ᠎ᠠ ᠠᠵᠤ | ᠠᠬᠤᠢ ᠶᠢ ᠰᠠᠶᠢᠨ ᠣᠶᠢᠯᠠᠭᠠᠳᠠᠭ ᠺᠠᠳ᠋ᠷᠴᠤᠳ ᠢ ᠵᠣᠬᠢᠶᠠᠨ ᠪᠠᠶᠢᠭᠤᠯᠵᠤ ᠠᠵᠤ ᠠᠬᠤᠶᠢᠯᠠᠯ ᠳᠤ ᠣᠴᠢᠭᠤᠯᠤᠨ ᠠᠵᠤ | ᠠᠬᠤᠶᠢᠯᠠᠯ ᠢ ᠬᠠᠪᠰᠤᠷᠴᠤ ᠪᠠᠶᠢᠭᠠᠳ ᠪᠡᠯᠡ ᠮᠥᠩᠭᠦ᠂ ᠲᠦᠭᠦᠬᠡᠢ ᠮᠠᠲ᠋ᠧᠷᠢᠶᠠᠯ᠂ ᠠᠵᠢᠯᠴᠢᠨ᠂ ᠵᠠᠬ᠎ᠠ ᠳᠡᠯᠭᠡᠭᠦᠷ | ᠣᠯᠵᠤ ᠥᠭᠭᠦᠨ᠎ᠡ᠂ ᠠᠵᠤ ᠠᠬᠤᠶᠢᠯᠠᠯᠲᠠᠨ ᠳᠤ ᠭᠡᠷ ᠤᠨ ᠬᠥᠮᠥᠰ ᠲᠠᠢ ᠪᠠᠨ ᠠᠳᠠᠯᠢ ᠪᠠᠷ ᠬᠠᠨᠳᠤᠵᠤ᠂ ᠦᠨᠡᠨ | ᠰᠡᠳᠬᠢᠯ ᠠᠴᠠ ᠪᠠᠨ ᠠᠵᠤ ᠠᠬᠤᠶᠢᠯᠠᠯ ᠤᠨ ᠬᠦᠴᠢᠷᠳᠡᠯ ᠢ ᠨᠢ ᠳᠡᠶᠢᠯᠵᠦ᠂ ᠬᠦᠴᠢᠷ ᠵᠦᠢᠯ ᠢ ᠨᠢ ᠰᠢᠢᠳᠪᠦᠷᠢᠯᠡᠨ | ᠥᠭᠴᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠵᠣᠷᠢᠭᠲᠠᠢ ᠠᠵᠢᠯᠯᠠᠭᠤᠯᠤᠨ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠢ ᠵᠣᠷᠢᠭᠲᠠᠢ ᠤᠷᠤᠭᠰᠢᠯᠠᠭᠤᠯᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠵᠣᠷᠢᠭᠲᠠᠢ | ᠣᠷᠤᠭᠤᠯᠤᠯᠲᠠ ᠬᠢᠬᠦ ᠪᠣᠯᠭᠠᠨ᠂ ᠥᠪᠥᠷ ᠮᠣᠩᠭᠤᠯ ᠳᠤ ᠪᠡᠯᠡ ᠣᠷᠣᠭᠤᠯᠵᠤ ᠦᠢᠯᠡᠰ ᠪᠣᠰᠬᠠᠬᠤ ᠬᠠᠯᠠᠮᠰᠢᠯ᠂ | ᠨᠤᠲᠤᠭ ᠲᠤ ᠪᠠᠨ ᠪᠤᠴᠠᠵᠤ ᠦᠢᠯᠡᠰ ᠪᠣᠰᠬᠠᠬᠤ ᠥᠷᠨᠢᠯᠲᠡ ᠶᠢ ᠪᠣᠢ ᠪᠣᠯᠭᠠᠨ᠎ᠠ᠃ ᠴᠠᠬᠢᠯᠭᠠᠨ ᠤ ᠦᠨ᠎ᠡ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠂ ᠬᠡᠷᠡᠭᠯᠡᠬᠦ ᠬᠡᠮᠵᠢᠶ᠎ᠡ ᠪᠠᠷ ᠴᠠᠬᠢᠯᠭᠠᠨ ᠤ ᠦᠨ᠎ᠡ ᠲᠣᠬᠢᠷᠠᠭᠤᠯᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠰᠢᠭ ᠲᠤᠰᠠ ᠶᠢ ᠬᠠᠮᠲᠤ ᠪᠠᠷ ᠬᠦᠷᠲᠡᠬᠦ ᠴᠠᠬᠢᠯᠭᠠᠨ | ᠬᠦᠴᠦᠨ ᠤ ᠵᠠᠬ᠎ᠠ ᠳᠡᠯᠭᠡᠭᠦᠷᠴᠢᠯᠡᠭᠰᠡᠨ ᠠᠷᠠᠯᠵᠢᠶᠠᠨ ᠤ ᠲᠣᠭᠲᠠᠴᠠ ᠶᠢ ᠲᠡᠭᠦᠯᠳᠡᠷᠵᠢᠭᠦᠯᠦᠨ᠂ ᠴᠠᠬᠢᠯᠭᠠᠨ ᠬᠦᠴᠦᠨ ᠤ | ᠥᠪᠡᠷ ᠤᠨ ᠥᠷᠲᠡᠭ ᠤᠨ ᠳᠠᠪᠠᠭᠤᠯᠢᠭ ᠢ ᠪᠠᠬᠢᠵᠢᠭᠦᠯᠦᠨ᠎ᠡ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ | ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠥᠷᠨᠢᠭᠦᠯᠦᠨ᠂ ᠪᠦᠬᠦ | ᠪᠠᠶᠢᠳᠠᠯ ᠢ ᠲᠣᠳᠣᠷᠬᠠᠢ ᠣᠶᠢᠯᠠᠭᠠᠨ᠂ ᠠᠵᠤ ᠠᠬᠤᠢ ᠶᠢᠨ ᠪᠠᠶᠢᠳᠠᠯ ᠢ ᠵᠠᠳᠠᠯᠤᠨ ᠣᠨᠣᠰᠢᠯᠠᠵᠤ᠂ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠨᠠᠶᠢᠳᠠᠪᠤᠷᠢᠲᠠᠢ ᠲᠤᠯᠭᠠᠭᠤᠷᠢᠯᠠᠯ ᠬᠠᠩᠭᠠᠨ᠎ᠠ᠃ | ᠨᠡᠭᠡᠭᠡᠯᠲᠡ ᠶᠢ ᠰᠥᠰᠥ ᠵᠣᠷᠢᠭᠲᠠᠢ ᠪᠠᠷ ᠥᠷᠭᠡᠳᠬᠡᠨ᠎ᠡ᠃ ᠨᠢᠭᠡ ᠳᠤ ᠪᠣᠭᠤᠮᠲᠠ ᠶᠢᠨ ᠪᠦᠲᠦᠮᠵᠢᠲᠡᠢ | ᠠᠵᠢᠯᠯᠠᠭᠠᠨ ᠳᠤ ᠬᠠᠷᠠᠭ᠎ᠠ ᠪᠠᠨ ᠬᠠᠨᠳᠤᠭᠤᠯᠤᠨ᠎ᠠ᠃ ᠣᠷᠣᠨ ᠠᠴᠠ ᠡᠬᠢᠯᠡᠵᠦ ᠠᠶᠠᠯᠠᠬᠤ ᠳᠤᠮᠳᠠᠳᠤ ᠡᠸᠦ᠋ᠷᠦᠫᠡ ᠶᠢᠨ | ᠡᠭᠡᠯᠵᠢ ᠶᠢᠨ ᠭᠠᠯᠲᠤ ᠲᠡᠷᠭᠡᠨ ᠤ ᠲᠤᠭ᠎ᠠ ᠬᠡᠮᠵᠢᠶ᠎ᠡ ᠶᠢ ᠨᠢ ᠨᠡᠮᠡᠭᠳᠡᠭᠦᠯᠵᠦ ᠥᠷᠭᠡᠳᠬᠡᠬᠦ᠂ ᠬᠢᠯᠢ ᠶᠢᠨ ᠪᠣᠭᠤᠮᠲᠠ ᠶᠢᠨ | ᠴᠢᠳᠠᠪᠤᠷᠢ ᠶᠢ ᠳᠡᠭᠡᠭᠰᠢᠯᠡᠭᠦᠯᠵᠦ ᠴᠢᠩᠭᠠᠷᠠᠭᠤᠯᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠡᠨᠧᠷᠬᠢ᠂ | ᠠᠭᠤᠷᠬᠠᠢ ᠶᠢᠨ ᠭᠠᠷᠤᠯᠲᠠ᠂ ᠠᠮᠤ ᠪᠤᠳᠠᠭ᠎ᠠ ᠵᠡᠷᠭᠡ ᠭᠦᠢᠯᠭᠡᠭᠡᠨ ᠶᠡᠬᠡᠲᠡᠢ ᠲᠠᠸᠠᠷ ᠢ ᠭᠠᠳᠠᠭᠠᠳᠤ ᠠᠴᠠ | ᠣᠷᠤᠭᠤᠯᠬᠤ ᠪᠠᠨ ᠥᠷᠭᠡᠳᠬᠡᠵᠦ᠂ ᠴᠠᠬᠢᠯᠭᠠᠨ ᠬᠦᠴᠦᠨ᠂ ᠮᠧᠬᠠᠨᠢᠭ᠂ ᠲᠤᠨᠤᠭ ᠲᠥᠬᠦᠭᠡᠷᠦᠮᠵᠢ᠂ ᠨᠡᠬᠡᠮᠡᠯ ᠵᠡᠷᠭᠡ | ᠳᠠᠪᠠᠭᠤᠯᠢᠭ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠪᠠᠨ ᠥᠷᠭᠡᠳᠬᠡᠨ᠂ ᠬᠢᠯᠢ ᠶᠢᠨ ᠪᠣᠭᠤᠮᠲᠠ ᠶᠢᠨ ᠠᠴᠢᠶ᠎ᠠ | ᠲᠡᠭᠡᠭᠡᠪᠦᠷᠢ ᠶᠢᠨ ᠬᠡᠮᠵᠢᠶ᠎ᠡ ᠶᠢ 30% ᠣᠷᠴᠢᠮ ᠨᠡᠮᠡᠭᠳᠡᠭᠦᠯᠬᠦ ᠪᠠᠷ ᠴᠢᠷᠮᠠᠶᠢᠨ᠎ᠠ᠂ ᠬᠢᠯᠢ ᠪᠠᠷ ᠣᠷᠣᠵᠤ ᠭᠠᠷᠬᠤ | ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢᠨ ᠴᠤᠪᠤᠭ᠎ᠠ ᠶᠢ 7% ᠣᠷᠴᠢᠮ ᠨᠡᠮᠡᠭᠳᠡᠭᠦᠯᠵᠦ᠂ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠲᠤᠭ᠎ᠠ ᠶᠢ 1600 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ᠃ ᠬᠤᠶᠠᠷ ᠲᠤ ᠲᠤᠯᠭᠠᠭᠤᠷᠢᠯᠠᠬᠤ ᠴᠡᠭ ᠢ ᠪᠠᠶᠢᠷᠢᠯᠠᠭᠤᠯᠤᠨ᠎ᠠ᠃ | ᠤᠯᠠᠭᠠᠨᠴᠠᠪ ᠤᠨ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡᠨ ᠤ ᠲᠥᠪᠯᠡᠷᠡᠭᠦᠯᠵᠦ ᠬᠤᠪᠢᠶᠠᠷᠢᠯᠠᠬᠤ | ᠲᠥᠪ ᠪᠠ ᠤᠯᠤᠰ ᠤᠨ ᠭᠠᠳᠠᠭᠠᠳᠤ ᠠᠴᠠ ᠣᠷᠤᠭᠤᠯᠬᠤ ᠠᠷᠠᠯᠵᠢᠶ᠎ᠠ ᠶᠢ ᠠᠬᠢᠭᠤᠯᠤᠨ ᠰᠢᠨ᠎ᠡ ᠶᠢ ᠡᠭᠦᠳᠴᠦ ᠵᠢᠱᠢᠶ᠎ᠡ | ᠦᠵᠡᠭᠦᠯᠬᠦ ᠲᠣᠭᠤᠷᠢᠭ ᠢ ᠲᠥᠪᠯᠡᠷᠡᠭᠦᠯᠦᠨ ᠪᠠᠶᠢᠭᠤᠯᠵᠤ᠂ ᠮᠠᠨᠵᠤᠤᠷ᠂ ᠡᠷᠢᠶᠡᠨ ᠬᠤᠲᠠ ᠶᠢᠨ ᠬᠦᠢᠰᠦ ᠪᠣᠯᠬᠤ | ᠬᠢᠯᠢ ᠶᠢᠨ ᠪᠣᠭᠤᠮᠲᠠ ᠪᠠ ᠭᠠᠭᠴᠠ ᠮᠣᠳᠣ᠂ ᠴᠡᠭᠡ᠂ ᠮᠠᠨᠳᠤᠯ᠂ ᠵᠡᠭᠦᠨ ᠬᠠᠳᠠᠪᠴᠢ ᠵᠡᠷᠭᠡ ᠭᠤᠣᠯᠳᠠᠯᠭ᠎ᠠ ᠪᠣᠯᠬᠤ | ᠬᠢᠯᠢ ᠶᠢᠨ ᠪᠣᠭᠤᠮᠲᠠ ᠶᠢ ᠨᠡᠩ ᠡᠷᠴᠢᠮᠲᠡᠢ ᠪᠦᠲᠦᠭᠡᠨ ᠪᠠᠶᠢᠭᠤᠯᠵᠤ᠂ ᠬᠢᠯᠢ ᠠᠯᠤᠰᠯᠠᠭᠰᠠᠨ ᠲᠡᠮᠦᠷ ᠵᠠᠮ᠂ ᠵᠠᠰᠠᠮᠠᠯ | ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠭᠠᠷ ᠠᠶᠠᠯᠠᠯ ᠤᠨ ᠬᠢᠯᠢ ᠶᠢᠨ ᠪᠣᠭᠤᠮᠲᠠ ᠶᠢᠨ | ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠲᠤᠷᠰᠢᠯᠲᠠ ᠶᠢᠨ ᠲᠣᠭᠤᠷᠢᠭ᠂ ᠭᠠᠶᠢᠯᠢ ᠪᠠᠲᠤᠯᠠᠬᠤ | ᠲᠣᠭᠤᠷᠢᠭ᠂ ᠬᠠᠮᠲᠤᠷᠠᠨ ᠠᠵᠢᠯᠯᠠᠬᠤ ᠲᠣᠭᠤᠷᠢᠭ᠂ ᠬᠠᠷᠢᠯᠴᠠᠨ ᠠᠷᠠᠯᠵᠢᠶᠠᠯᠠᠬᠤ ᠲᠣᠭᠤᠷᠢᠭ ᠵᠡᠷᠭᠡ ᠡᠯ᠎ᠡ | ᠲᠦᠷᠦᠯ ᠤᠨ ᠨᠡᠭᠡᠭᠡᠯᠲᠡ ᠶᠢᠨ ᠲᠠᠪᠴᠠᠩ ᠤᠨ ᠴᠢᠳᠠᠮᠵᠢ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠯᠴᠠᠨ | ᠬᠠᠷᠢᠴᠠᠵᠤ ᠨᠡᠪᠲᠡᠷᠡᠯᠴᠡᠬᠦ᠂ ᠲᠤᠰ ᠭᠠᠵᠠᠷ ᠲᠤ ᠨᠢ ᠰᠠᠭᠤᠷᠢᠯᠠᠭᠤᠯᠵᠤ ᠡᠳ᠋ᠰᠢᠭᠦᠯᠦᠨ ᠪᠣᠯᠪᠠᠰᠤᠷᠠᠭᠤᠯᠬᠤ᠂ ᠪᠠᠷᠠᠭᠠᠨ ᠤ | ᠲᠥᠪᠯᠡᠷᠡᠭᠦᠯᠵᠦ ᠬᠤᠪᠢᠶᠠᠷᠢᠯᠠᠬᠤ᠂ ᠡᠭᠡᠯᠵᠢ ᠶᠢᠨ ᠭᠠᠯᠲᠤ ᠲᠡᠷᠭᠡ ᠶᠢᠨ ᠲᠥᠪᠯᠡᠷᠡᠭᠦᠯᠵᠦ ᠨᠡᠶᠢᠯᠡᠭᠦᠯᠬᠦ᠂ ᠬᠢᠯᠢ | ᠠᠯᠤᠰᠯᠠᠭᠰᠠᠨᠡᠯᠧᠺᠲᠷᠣᠨ ᠬᠤᠳᠠᠯᠳᠤᠭ᠎ᠠ ᠵᠡᠷᠭᠡ ᠲᠠᠯ᠎ᠠ ᠳᠤ ᠨᠢᠭᠡ ᠪᠦᠯᠦᠭ ᠢᠨᠵᠧᠨᠧᠷᠢᠩ ᠤᠨ ᠲᠦᠷᠦᠯ ᠵᠦᠢᠯ ᠢ | ᠬᠡᠷᠡᠭᠵᠢᠭᠦᠯᠦᠨ᠎ᠡ᠃ ᠭᠤᠷᠪᠠ ᠳᠤ ᠬᠠᠮᠲᠤᠷᠠᠨ ᠠᠵᠢᠯᠯᠠᠬᠤ ᠲᠠᠯ᠎ᠠ ᠪᠠᠨ ᠥᠷᠭᠡᠳᠬᠡᠨ᠎ᠡ᠃ ᠬᠠᠭᠠᠯᠭ᠎ᠠ ᠴᠣᠩᠬᠤ | ᠣᠩᠭᠤᠶᠢᠯᠭᠠᠬᠤ ᠦᠭᠡᠢ ᠪᠣᠯ ᠴᠡᠪᠡᠷ ᠠᠭᠠᠷ ᠬᠤᠮᠰᠠᠳᠠᠨᠠ᠂ ᠬᠥᠮᠥᠨ ᠬᠠᠷ᠎ᠠ ᠴᠤᠭᠯᠠᠷᠠᠬᠤ ᠦᠭᠡᠢ ᠪᠣᠯ ᠬᠥᠭᠵᠢᠶᠡᠨ | ᠨᠠᠷᠭᠢᠶᠠᠨ ᠳᠤᠮᠳᠠᠷᠠᠨᠠ᠃ ᠣᠯᠠᠨ ᠤᠯᠤᠰ ᠤᠨ ᠬᠤᠭᠤᠷᠤᠨᠳᠤᠬᠢ ᠠᠵᠢᠯᠯᠠᠭᠠᠨ ᠳᠤ ᠣᠷᠣᠯᠴᠠᠨ ᠠᠭᠤᠰᠤᠯᠴᠠᠬᠤ ᠳᠤ | ᠬᠠᠷᠠᠭ᠎ᠠ ᠪᠤᠳᠤᠯ ᠢᠶᠠᠨ ᠥᠷᠭᠡᠳᠬᠡᠨ ᠲᠡᠯᠡᠵᠦ᠂ ᠣᠷᠣᠰ ᠮᠣᠩᠭᠤᠯ ᠯᠤᠭ᠎ᠠ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠮᠥᠷᠲᠡᠭᠡᠨ᠂ ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ᠂ ᠡᠸᠦ᠋ᠷᠦᠫᠡ ᠵᠡᠷᠭᠡ | ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠥᠷᠭᠡᠳᠬᠡᠵᠦ᠂ ᠠᠷᠠᠯᠵᠢᠶ᠎ᠠ ᠶᠢ ᠠᠬᠢᠭᠤᠯᠬᠤ ᠪᠠᠶᠢᠭᠤᠯᠤᠮᠵᠢ᠂ | ᠦᠵᠡᠭᠦᠯᠭᠡ ᠶᠢᠨ ᠠᠵᠤ ᠠᠬᠤᠶᠢᠯᠠᠯ ᠤᠨ ᠰᠦᠯᠵᠢᠶ᠎ᠡ ᠪᠠ ᠰᠦᠯᠵᠢᠶᠡᠨ ᠠᠴᠠ ᠭᠠᠳᠠᠭᠤᠷ ᠬᠢᠯᠢ ᠶᠢᠨ ᠭᠠᠳᠠᠨᠠᠬᠢ | ᠦᠵᠡᠭᠦᠯᠭᠡ ᠴᠤᠭᠯᠠᠭᠠᠨ ᠡᠷᠬᠢᠯᠡᠭᠦ ᠶᠢ ᠵᠣᠷᠢᠭᠵᠢᠭᠤᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠵᠠᠬ᠎ᠠ | ᠳᠡᠯᠭᠡᠭᠦᠷ ᠢᠶᠠᠨ ᠥᠷᠭᠡᠳᠬᠡᠬᠦ᠂ ᠵᠠᠬᠢᠶᠠᠯᠠᠭ᠎ᠠ ᠶᠢᠨ ᠬᠠᠭᠤᠳᠠᠰᠤ ᠣᠯᠬᠤ ᠳᠤ ᠨᠢ ᠬᠠᠪᠰᠤᠷᠴᠤ᠂ ᠠᠵᠤ ᠠᠬᠤᠶᠢᠯᠠᠯ ᠤᠨ | ᠵᠣᠷᠢᠭᠲᠠᠢ ᠭᠠᠳᠠᠭᠰᠢ ᠭᠠᠷᠴᠤ ᠮᠠᠨ ᠤ ᠣᠷᠣᠨ ᠤ ᠴᠢᠨᠠᠭᠰᠢᠯᠠᠪᠠᠯ ᠪᠦᠭᠦ ᠤᠯᠤᠰ ᠤᠨ ᠦᠢᠯᠡᠳᠬᠦᠨ ᠢ ᠬᠤᠳᠠᠯᠳᠤᠵᠤ | ᠭᠠᠷᠭᠠᠬᠤ ᠶᠢ ᠨᠢ ᠳᠠᠶᠢᠴᠢᠯᠠᠨ᠎ᠠ︔ ᠤᠯᠤᠰ ᠤᠨ ᠳᠣᠲᠣᠭᠠᠳᠤ ᠶᠢᠨ ᠠᠵᠢᠯᠯᠠᠭᠠᠨ ᠳᠤ ᠣᠷᠣᠯᠴᠠᠨ ᠠᠭᠤᠰᠤᠯᠴᠠᠬᠤ ᠳᠤ | ᠨᠡᠩ ᠢᠯᠡᠭᠦᠦ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠡᠭᠡᠵᠢᠩ ᠲᠢᠶᠠᠨᠵᠢᠨ ᠾᠧᠪᠧᠢ᠂ ᠵᠢᠶᠠᠩᠰᠤ ᠵᠧᠵᠢᠶᠠᠩ | ᠱᠠᠩᠬᠠᠢ᠂ ᠭᠤᠸᠠᠩᠳᠦ᠋ᠩ ᠰᠢᠶᠠᠩᠭᠠᠩ ᠣᠣᠮᠧᠨ ᠵᠢᠴᠢ ᠴᠧᠩᠳᠦ᠋ ᠴᠦᠩᠴᠢᠩ᠂ ᠯᠢᠶᠣᠤᠨᠢᠩ ᠬᠢᠷᠢᠨ ᠬᠠᠷᠠᠮᠥ᠋ᠷᠡᠨ | ᠵᠡᠷᠭᠡ ᠣᠷᠣᠨ ᠪᠦᠰᠡ ᠯᠦᠭᠡ ᠶᠢᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠵᠥᠪᠯᠡᠯᠴᠡᠭᠡᠷ ᠢᠶᠠᠷ | ᠲᠣᠭᠲᠠᠭᠰᠠᠨ ᠵᠦᠢᠯᠡᠰ ᠢᠶᠠᠨ ᠪᠣᠳᠠᠲᠠᠶᠢᠵᠢᠭᠤᠯᠬᠤ ᠶᠢ ᠱᠠᠯᠠᠪᠳᠠᠨ ᠠᠬᠢᠭᠤᠯᠤᠨ᠎ᠠ᠃ ᠳᠥᠷᠪᠡ ᠳᠤ ᠤᠷᠮᠠᠰᠢᠯ | ᠢᠳᠡᠪᠬᠢᠵᠢᠯ ᠢᠶᠠᠨ ᠴᠢᠩᠭᠠᠷᠠᠭᠤᠯᠤᠨ᠎ᠠ᠃ ᠳᠤᠮᠳᠠᠳᠤ ᠣᠷᠣᠰ᠂ ᠳᠤᠮᠳᠠᠳᠤ ᠮᠣᠩᠭᠤᠯ ᠯᠤᠭ᠎ᠠ ᠨᠡᠭᠡᠭᠡᠯᠲᠡ ᠬᠢᠵᠦ | ᠬᠠᠮᠲᠤᠷᠠᠨ ᠠᠵᠢᠯᠯᠠᠬᠤ ᠶᠢᠨ ᠴᠢᠬᠤᠯᠠ ᠶᠡᠭᠡ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠳᠠᠭᠠᠭᠠᠨ ᠠᠪᠴᠤ | ᠨᠠᠶᠢᠳᠠᠪᠤᠷᠢᠵᠢᠭᠤᠯᠤᠨ᠂ ᠳᠤᠮᠳᠠᠳᠤ ᠮᠣᠩᠭᠤᠯ ᠤᠨ ᠦᠵᠡᠰᠭᠦᠯᠡᠩ ᠢ ᠰᠠᠶᠢᠲᠤᠷ ᠡᠷᠬᠢᠯᠡᠵᠦ᠂ ᠳᠡᠯᠡᠬᠡᠢ ᠶᠢᠨ ᠰᠢᠨ᠎ᠡ | ᠡᠨᠧᠷᠬᠢ ᠰᠢᠨ᠎ᠡ ᠮᠠᠲ᠋ᠧᠷᠢᠶᠠᠯ ᠤᠨ ᠴᠤᠭᠯᠠᠭᠠᠨ᠂ ᠪᠦᠬᠦ ᠪᠥᠮᠪᠥᠷᠴᠡᠭ ᠤᠨ ᠰᠦ ᠰᠠᠭᠠᠯᠢ ᠶᠢᠨ ᠦᠢᠯᠡᠰ ᠤᠨ ᠴᠤᠭᠯᠠᠭᠠᠨ | ᠵᠡᠷᠭᠡ ᠣᠯᠠᠨ ᠤᠯᠤᠰ ᠤᠨ ᠰᠣᠯᠢᠯᠴᠠᠭᠠᠨ ᠤ ᠰᠢᠨ᠎ᠡ ᠲᠠᠪᠴᠠᠩ ᠢ ᠴᠣᠭᠴᠠᠯᠠᠨ᠂ ᠪᠦᠬᠦ ᠪᠥᠮᠪᠥᠷᠴᠡᠭ ᠤᠨ ᠥᠪᠥᠷ | ᠮᠣᠩᠭᠤᠯ ᠤᠨ ᠬᠤᠳᠠᠯᠳᠤᠭᠠᠴᠢᠳ ᠤᠨ ᠶᠡᠭᠡ ᠬᠤᠷᠠᠯ ᠢ ᠡᠷᠬᠢᠯᠡᠵᠦ᠂ ᠳᠤᠮᠳᠠᠳᠤ ᠤᠯᠤᠰ ︵ᠪᠤᠭᠤᠲᠤ︶ ᠤᠨ | ᠬᠠᠭᠤᠷᠠᠢ ᠳᠡᠭᠡᠷᠡᠬᠢ ᠲᠤᠨᠤᠭ ᠲᠥᠬᠦᠭᠡᠷᠦᠮᠵᠢ ᠶᠢᠨ ᠦᠵᠡᠰᠭᠦᠯᠡᠩ ᠢ ᠳᠠᠭᠠᠭᠠᠨ ᠡᠷᠬᠢᠯᠡᠵᠦ᠂ ᠤᠯᠤᠰ ᠤᠨ ᠤᠮᠠᠷᠠᠰᠢ | ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠳᠡᠨ ᠬᠡᠯᠡᠯᠴᠡᠬᠦ ᠬᠤᠷᠠᠯ ᠢ ᠡᠭᠦᠳᠦᠨ ᠡᠷᠬᠢᠯᠡᠵᠦ᠂ ᠨᠡᠭᠡᠭᠡᠯᠲᠡ | ᠬᠢᠵᠦ ᠬᠠᠮᠲᠤᠷᠠᠨ ᠠᠵᠢᠯᠯᠠᠬᠤ ᠳᠤ ᠨᠡᠩ ᠣᠯᠠᠨ ᠲᠤᠯᠭᠠᠭᠤᠷᠢᠯᠠᠬᠤ ᠴᠡᠭ ᠢ ᠡᠭᠦᠳᠦᠨ ᠪᠠᠶᠢᠭᠤᠯᠤᠨ᠎ᠠ᠃ | ︵ᠵᠢᠷᠭᠤᠭ᠎ᠠ︶ ᠠᠷᠠᠳ ᠤᠨ ᠰᠠᠨᠠᠭᠠᠰᠢᠷᠠᠵᠤ ᠪᠠᠶᠢᠭ᠎ᠠ ᠶᠢ ᠣᠶᠢᠯᠠᠭᠠᠨ ᠰᠢᠢᠳᠪᠦᠷᠢᠯᠡᠬᠦ ᠪᠠ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ ᠪᠣᠳᠠᠲᠠᠢ ᠠᠵᠢᠯ ᠰᠠᠶᠢᠨ ᠶᠠᠪᠤᠳᠠᠯ ᠢ ᠰᠠᠶᠢᠲᠤᠷ ᠬᠢᠵᠦ᠂ ᠠᠷᠠᠳ ᠣᠯᠠᠨ ᠤ | ᠠᠮᠢᠳᠤᠷᠠᠯ ᠢ ᠤᠯᠠᠮ ᠰᠠᠶᠢᠵᠢᠷᠠᠭᠤᠯᠬᠤ ᠪᠠᠷ ᠴᠢᠷᠮᠠᠶᠢᠨ᠎ᠠ᠃ ᠡᠨᠡ ᠵᠢᠯ ᠥᠪᠡᠷᠲᠡᠭᠡᠨ ᠵᠠᠰᠠᠬᠤ ᠣᠷᠣᠨ ᠠᠴᠠ ᠣᠯᠠᠨ | ᠲᠦᠮᠡᠨ ᠤ ᠬᠦᠰᠡᠯ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠣᠯᠠᠨ ᠲᠦᠮᠡᠨ ᠤ ︽ᠵᠠᠩᠭᠢᠯᠠᠭ᠎ᠠ ᠪᠣᠯᠬᠤ ᠵᠢᠵᠢᠭ | ᠶᠠᠪᠤᠳᠠᠯ︾ ᠤᠨ ᠲᠣᠭᠤᠷᠢᠨ ᠳᠤ ᠠᠷᠠᠳ ᠤᠨ ᠠᠮᠢᠳᠤᠷᠠᠯ ᠤᠨ ᠲᠠᠯ᠎ᠠ ᠳᠤ ᠬᠢᠵᠦ ᠦᠭᠬᠦ ᠪᠣᠳᠠᠲᠠᠢ ᠶᠠᠪᠤᠳᠠᠯ ᠤᠨ | ᠲᠣᠳᠣᠷᠬᠠᠢ ᠬᠠᠭᠤᠳᠠᠰᠤ ᠶᠢ ᠭᠠᠷᠭᠠᠵᠤ᠂ ᠲᠦᠷᠦᠯ ᠵᠦᠢᠯᠵᠢᠭᠦᠯᠦᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠂ ᠪᠣᠳᠠᠲᠠᠢ | ᠶᠠᠪᠤᠳᠠᠯ ᠢ ᠦᠨᠡᠨ ᠬᠦ ᠰᠠᠶᠢᠲᠤᠷ ᠬᠢᠵᠦ᠂ ᠰᠠᠶᠢᠨ ᠶᠠᠪᠤᠳᠠᠯ ᠢ ᠪᠠᠲᠤᠲᠠᠢ ᠬᠢᠬᠦ ᠪᠣᠯᠭᠠᠨ᠎ᠠ᠃ | ᠠᠵᠢᠯ ᠣᠯᠭᠤᠯᠲᠠ ᠶᠢ ᠬᠦᠴᠦᠯᠡᠨ ᠠᠬᠢᠭᠤᠯᠵᠤ ᠣᠷᠣᠯᠭ᠎ᠠ ᠶᠢ ᠪᠠᠲᠤᠯᠠᠨ᠎ᠠ᠃ ᠰᠤᠷᠭᠠᠭᠤᠯᠢ ᠠᠴᠠ ᠪᠠᠨ | ᠰᠠᠯᠤᠭᠠᠳ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠦᠨᠡᠨ ᠨᠡᠷ᠎ᠡ ᠶᠢᠨ ᠳᠦᠷᠢᠮᠲᠦ | ᠬᠠᠪᠰᠤᠷᠤᠨ ᠲᠡᠳᠭᠦᠬᠦ ᠠᠵᠢᠯᠯᠠᠭᠠᠨ ᠢ ᠬᠡᠷᠡᠭᠵᠢᠭᠦᠯᠵᠦ᠂ ᠵᠢᠯ ᠤᠨ ᠰᠡᠭᠦᠯᠴᠢ ᠪᠣᠯᠬᠤ ᠳᠤ ᠠᠵᠢᠯ ᠣᠯᠭᠤᠯᠲᠠ ᠶᠢᠨ | ᠨᠤᠷᠮ᠎ᠠ ᠪᠠᠨ 90% ᠭᠠᠷᠤᠢ ᠪᠣᠯᠭᠠᠬᠤ ᠶᠢ ᠦᠨᠡᠨ ᠬᠦ ᠪᠠᠲᠤᠯᠠᠨ᠎ᠠ᠃ ︽ᠭᠤᠷᠪᠠ ᠶᠢ ᠳᠡᠮᠵᠢᠵᠦ ᠨᠢᠭᠡ ᠶᠢ ᠲᠡᠳᠭᠦᠬᠦ | ︾ ᠪᠠ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠦᠨᠳᠦᠰᠦᠨ ᠱᠠᠲᠤᠨ ᠤ ᠦᠢᠯᠡᠴᠢᠯᠡᠭᠡᠨ ᠤ | ᠲᠥᠯᠥᠪᠯᠡᠭᠡ ᠶᠢ ᠬᠡᠷᠡᠭᠵᠢᠭᠦᠯᠵᠦ᠂ ᠲᠦᠷᠦᠯ ᠵᠦᠢᠯ ᠤᠨ ᠠᠵᠢᠯᠲᠠᠨ ᠢ 7500 ᠡᠯᠰᠡᠨ᠎ᠡ᠃ ᠬᠤᠰᠢᠭᠤ ᠰᠢᠶᠠᠨ ︵ | ᠬᠤᠲᠠ᠂ ᠲᠣᠭᠤᠷᠢᠭ︶ ᠪᠣᠯᠭᠠᠨ ᠳᠤ ᠡᠳᠦᠷ ᠤᠨ ᠬᠦᠴᠦ ᠶᠠᠪᠤᠭᠰᠠᠳ ᠤᠨ ᠵᠠᠬ᠎ᠠ ᠳᠡᠯᠭᠡᠭᠦᠷ ᠢ ᠨᠠᠭᠠᠲᠤ | ᠵᠠᠬ᠎ᠠ ᠳᠤ ᠪᠠᠨ 1 ᠪᠠᠶᠢᠭᠤᠯᠵᠤ᠂ ᠤᠶᠠᠨ ᠠᠮᠢᠳᠤᠯᠢᠭ ᠢᠶᠠᠷ ᠠᠵᠢᠯᠯᠠᠬᠤ ᠬᠥᠮᠥᠰ ᠲᠤ ᠠᠵᠢᠯ ᠣᠯᠭᠤᠬᠤ ᠶᠢ | ᠠᠬᠢᠭᠤᠯᠤᠨ᠎ᠠ᠃ ᠵᠡᠮᠳᠡᠭᠴᠦᠳ ᠲᠤ ᠠᠵᠢᠯ ᠣᠯᠭᠤᠬᠤ ᠠᠵᠢᠯᠯᠠᠭᠠᠨ ᠢ ᠬᠡᠷᠡᠭᠵᠢᠭᠦᠯᠵᠦ᠂ ᠠᠵᠢᠯ ᠣᠯᠣᠭᠰᠠᠳ ᠢ | 8000 ᠰᠢᠨ᠎ᠡ ᠪᠠᠷ ᠨᠡᠮᠡᠭᠳᠡᠭᠦᠯᠦᠨ᠎ᠡ᠃ ᠵᠠᠰᠠᠭ ᠤᠨ ᠣᠷᠳᠣᠨ ᠤ ᠨᠥᠬᠦᠪᠦᠷᠢ ᠥᠭᠬᠦ ᠴᠢᠨᠠᠷᠲᠠᠢ ᠠᠵᠢᠯ | ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ 25 ᠲᠦᠮᠡᠨ ᠬᠥᠮᠥᠨ ᠤᠳᠠᠭ᠎ᠠ ᠥᠷᠨᠢᠭᠦᠯᠵᠦ᠂ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢ ᠵᠣᠬᠢᠶᠠᠨ ᠪᠠᠶᠢᠭᠤᠯᠵᠤ ᠪᠠᠶᠢᠭᠠᠳ ᠠᠵᠢᠯ ᠣᠯᠬᠤ ᠳᠤ ᠬᠦᠴᠢᠷᠲᠡᠢ ᠵᠡᠷᠭᠡ | ᠬᠥᠮᠥᠰ ᠲᠤ ᠰᠦᠢᠳᠬᠡᠯ ᠬᠤᠷᠢᠶᠠᠬᠤ ᠦᠭᠡᠢ ᠪᠠᠷ 10 ᠲᠦᠮᠡᠨ ᠬᠥᠮᠥᠨ ᠤᠳᠠᠭ᠎ᠠ ᠪᠣᠯᠪᠠᠰᠤᠷᠠᠯ ᠬᠦᠷᠲᠡᠭᠡᠨ᠎ᠡ᠃ | ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠦᠷᠦᠯ ᠵᠦᠢᠯ ᠳᠤ ᠬᠦᠳᠡᠯᠮᠦᠷᠢ ᠪᠠᠷ ᠲᠡᠳᠬᠦᠮᠵᠢ ᠶᠢ | ᠣᠷᠣᠯᠠᠭᠤᠯᠬᠤ ᠶᠢ ᠬᠡᠷᠡᠭᠵᠢᠭᠦᠯᠵᠦ ᠪᠠᠶᠢᠭᠠᠳ ᠲᠤᠬᠠᠢ ᠶᠢᠨ ᠭᠠᠵᠠᠷ ᠤᠨ ᠣᠯᠠᠨ ᠲᠦᠮᠡᠨ ᠤ ᠣᠷᠤᠯᠭ᠎ᠠ ᠶᠢ ᠨᠢ | ᠨᠡᠮᠡᠭᠳᠡᠭᠦᠯᠬᠦ ᠶᠢ ᠠᠬᠢᠭᠤᠯᠤᠨ᠎ᠠ᠂ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠭᠳᠠᠭᠤᠯᠬᠤ | ᠲᠣᠭᠲᠠᠴᠠ᠂ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠲᠠᠪᠴᠠᠩ ᠵᠡᠷᠭᠡ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ ᠪᠠᠶᠢᠭᠠᠳ ᠲᠠᠷᠢᠶᠠᠴᠢᠨ ᠮᠠᠯᠴᠢᠳ ᠤᠨ ᠣᠷᠤᠯᠭ᠎ᠠ ᠶᠢ ᠨᠢ ᠨᠡᠮᠡᠭᠳᠡᠭᠦᠯᠬᠦ ᠪᠠᠷ ᠳᠠᠶᠢᠴᠢᠯᠠᠨ᠎ᠠ᠃ ᠴᠠᠯᠢᠩ | ᠬᠥᠯᠥᠰᠦ ᠶᠢ ᠨᠢ ᠦᠷᠢᠲᠦᠬᠦ ᠶᠢ ᠰᠡᠷᠭᠡᠶᠢᠯᠡᠨ ᠴᠡᠭᠴᠡᠯᠡᠵᠦ ᠵᠠᠰᠠᠬᠤ ᠪᠠᠨ ᠴᠢᠩᠭᠠᠷᠠᠭᠤᠯᠵᠤ᠂ ᠬᠥᠯᠥᠰᠦᠨ ᠲᠠᠷᠢᠶᠠᠴᠢᠨ | ᠮᠠᠯᠴᠢᠳ ᠤᠨ ᠵᠣᠪᠠᠵᠤ ᠵᠦᠳᠡᠷᠡᠵᠦ ᠣᠯᠣᠭᠰᠠᠨ ᠵᠣᠭᠤᠰ ᠢ ᠨᠢᠭᠡ ᠮᠥᠩᠭᠦ ᠴᠦ ᠥᠷᠢᠲᠦᠵᠦ ᠪᠣᠯᠬᠤ ᠦᠭᠡᠢ᠃ | ᠨᠡᠶᠢᠭᠡᠮ ᠤᠨ ᠪᠠᠲᠤᠯᠠᠭ᠎ᠠ ᠶᠢ ᠬᠦᠴᠦᠯᠡᠨ ᠴᠢᠩᠭᠠᠳᠬᠠᠨ᠎ᠠ᠃ ᠨᠠᠰᠤᠵᠢᠯ ᠤᠨ ᠦᠨᠳᠦᠰᠦᠨ ᠳᠠᠭᠠᠳᠬᠠᠯ ᠳᠤ | ᠣᠷᠣᠯᠴᠠᠭᠰᠠᠳ ᠢ 50 ᠲᠦᠮᠡ ᠰᠢᠨ᠎ᠡ ᠪᠠᠷ ᠨᠡᠮᠡᠭᠳᠡᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ | ᠪᠠᠷᠢᠮᠵᠢᠶ᠎ᠠ ᠶᠢ ᠳᠡᠭᠡᠭᠰᠢᠯᠡᠭᠦᠯᠦᠨ᠂ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠡᠮᠡᠭᠳᠡᠯ ᠤᠨ | ᠬᠡᠮᠵᠢᠶ᠎ᠡ ᠶᠢ 5% ᠠᠴᠠ ᠳᠡᠭᠡᠭᠰᠢ ᠪᠣᠯᠭᠠᠵᠤ᠂ ᠥᠨᠥᠴᠢᠨ ᠬᠡᠦᠬᠡᠳ ᠤᠨ ᠪᠠᠲᠤᠯᠠᠭ᠎ᠠ ᠶᠢᠨ ᠮᠥᠩᠭᠦᠨ ᠤ ᠨᠡᠮᠡᠭᠳᠡᠯ ᠤᠨ | ᠬᠡᠮᠵᠢᠶ᠎ᠡ ᠶᠢ 8.3% ᠠᠴᠠ ᠳᠡᠭᠡᠭᠰᠢ ᠪᠣᠯᠭᠠᠨ᠎ᠠ᠃ ︽ᠨᠠᠰᠤᠲᠠᠶᠢᠴᠤᠳ ᠪᠠ ᠨᠢᠯᠬᠠᠰ︾ ᠢ ᠰᠡᠳᠬᠢᠯ ᠲᠠᠯᠪᠢᠨ | ᠬᠠᠶᠢᠷᠠᠯᠠᠵᠤ ᠬᠠᠮᠠᠭᠠᠯᠠᠨ᠂ ᠬᠤᠲᠠ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠨᠢᠭᠡ | ᠮᠥᠴᠡ ᠶᠢᠨ ᠬᠡᠪᠴᠢᠶᠡᠨ ᠳᠤ ᠭᠦᠢᠴᠡᠳᠬᠡᠬᠦ ᠴᠢᠳᠠᠮᠵᠢ ᠶᠢ ᠪᠠᠲᠤᠳᠬᠠᠨ ᠳᠡᠭᠡᠭᠰᠢᠯᠡᠭᠦᠯᠵᠦ᠂ ᠣᠨᠴᠠᠭᠠᠢ | ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢᠨ 2.6 ᠲᠦᠮᠡᠨ ᠡᠷᠦᠬᠡ ᠶᠢ ᠥᠲᠡᠭᠦᠰ ᠲᠤ ᠲᠣᠬᠢᠷᠠᠭᠤᠯᠬᠤ ᠪᠠᠷ | ᠥᠭᠡᠷᠡᠴᠢᠯᠡᠵᠦ ᠰᠢᠨᠡᠳᠬᠡᠨ᠂ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠣᠭᠤᠷᠢᠭ ᠲᠤ | ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠪᠦᠷᠢᠨ ᠲᠣᠬᠢᠷᠠᠭᠤᠯᠤᠨ᠎ᠠ︔ ᠰᠢᠶᠠᠩ ᠪᠠᠯᠭᠠᠰᠤᠨ ᠤ | ᠨᠠᠰᠤᠵᠢᠯ ᠤᠨ ᠦᠢᠯᠡᠴᠢᠯᠡᠭᠡᠨ ᠤ ᠲᠥᠪ ᠪᠠ ᠲᠤᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ | 2350 ᠰᠢᠨ᠎ᠡ ᠪᠠᠷ ᠪᠠᠶᠢᠭᠤᠯᠵᠤ᠂ ᠬᠥᠳᠡᠭᠡ ᠲᠤᠰᠬᠤᠨ ᠤ ᠬᠠᠷᠢᠯᠴᠠᠨ ᠲᠤᠰᠠᠯᠠᠯᠴᠠᠬᠤ ᠨᠠᠰᠤᠵᠢᠯ ᠤᠨ ᠵᠣᠯ | ᠵᠢᠷᠭᠠᠯᠲᠤ ᠬᠦᠷᠢᠶᠡᠯᠡᠩ ᠤᠨ 200 ᠬᠦᠷᠢᠶᠡᠯᠡᠩ ᠤᠨ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠨ | ᠳᠡᠭᠡᠭᠰᠢᠯᠡᠭᠦᠯᠦᠨ᠎ᠡ︔ ᠴᠡᠴᠡᠷᠯᠢᠭ ᠤᠨ ᠨᠢᠯᠬ᠎ᠠ ᠨᠢᠷᠠᠢ ᠬᠡᠦᠬᠡᠳ ᠤᠨ ᠣᠷᠣ ᠶᠢ 2 ᠲᠦᠮᠡ ᠰᠢᠨ᠎ᠡ ᠪᠠᠷ | ᠨᠡᠮᠡᠭᠳᠡᠭᠦᠯᠦᠨ᠎ᠡ᠃ ᠬᠦᠴᠢᠷᠳᠡᠯᠲᠡᠢ ᠬᠦᠨᠳᠦ ᠵᠡᠮᠳᠡᠭᠴᠦᠳ ᠤᠨ ᠭᠡᠷ ᠪᠦᠯᠢ ᠶᠢᠨ 6500 ᠡᠷᠦᠬᠡ ᠳᠤ ᠰᠠᠭᠠᠳ | ᠦᠭᠡᠢ ᠲᠥᠬᠦᠭᠡᠷᠦᠮᠵᠢ ᠥᠭᠡᠷᠡᠴᠢᠯᠡᠵᠦ ᠲᠣᠬᠢᠷᠠᠭᠤᠯᠬᠤ ᠶᠢ ᠪᠡᠶᠡᠯᠡᠭᠦᠯᠦᠨ᠎ᠡ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠭᠡᠷ ᠪᠦᠯᠢ ᠶᠢᠨ ᠵᠣᠬᠢᠬᠤ ᠨᠠᠰᠤᠨ ᠤ ᠡᠮᠡᠭᠲᠡᠶᠢᠴᠦᠳ ᠲᠤ ᠰᠦᠢᠳᠬᠡᠯ ᠬᠤᠷᠢᠶᠠᠬᠤ ᠦᠭᠡᠢ ᠪᠠᠷ ︽ᠬᠤᠶᠠᠷ ᠵᠦᠢᠯ ᠤᠨ | ᠦᠮᠡᠨ ᠡᠪᠡᠳᠴᠢᠨ︾ ᠢ ᠨᠢ ᠰᠢᠭᠰᠢᠨ ᠪᠠᠶᠢᠴᠠᠭᠠᠬᠤ ᠠᠵᠢᠯ ᠢ ᠥᠷᠨᠢᠭᠦᠯᠵᠦ᠂ ᠣᠨᠣᠰᠢᠯᠠᠭᠳᠠᠭᠰᠠᠨ ᠡᠪᠡᠳᠴᠢᠲᠡᠨ ᠳᠤ | ᠲᠤᠬᠠᠢ ᠶᠢᠨ ᠵᠢᠯ ᠳᠤ ᠨᠢ ᠲᠦᠮᠡᠨ ᠲᠥᠭᠦᠷᠢᠭ ᠤᠨ ᠲᠤᠰᠠᠯᠠᠮᠵᠢ ᠣᠯᠭᠤᠨ᠎ᠠ᠃ | ᠣᠯᠠᠨ ᠲᠦᠮᠡᠨ ᠳᠤ ᠬᠤᠯᠪᠣᠭᠳᠠᠬᠤ ᠠᠵᠢᠯ ᠶᠠᠪᠤᠳᠠᠯ ᠢ ᠴᠢᠷᠮᠠᠶᠢᠨ ᠰᠠᠶᠢᠲᠤᠷ ᠭᠦᠢᠴᠡᠳᠬᠡᠵᠦ ᠥᠭᠭᠦᠨ᠎ᠡ᠃ | ᠬᠡᠦᠬᠡᠳ ᠤᠨ ᠴᠡᠴᠡᠷᠯᠢᠭ ᠢ 204᠂ ᠳᠤᠮᠳᠠᠳᠤ ᠪᠠᠭ᠎ᠠ ᠰᠤᠷᠭᠠᠭᠤᠯᠢ ᠶᠢ 676᠂ ᠣᠨᠴᠠᠭᠠᠢ ᠰᠤᠷᠭᠠᠨ | ᠬᠥᠮᠦᠵᠢᠯ ᠤᠨ ᠰᠤᠷᠭᠠᠭᠤᠯᠢ ᠶᠢ 13 ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠢᠨᠡᠳᠬᠡᠵᠦ ᠥᠷᠭᠡᠳᠬᠡᠨ | ᠪᠠᠶᠢᠭᠤᠯᠵᠤ᠂ ᠬᠡᠦᠬᠡᠳ ᠪᠠ ᠰᠤᠷᠤᠭᠴᠢᠳ ᠤᠨ ᠣᠷᠣ ᠶᠢ 6.9 ᠲᠦᠮᠡ ᠰᠢᠨ᠎ᠡ ᠪᠠᠷ ᠨᠡᠮᠡᠭᠳᠡᠭᠦᠯᠦᠨ᠎ᠡ᠃ ᠤᠯᠤᠰ ᠤᠨ | ᠣᠶᠤᠨᠯᠢᠭ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠥᠪᠥᠷ ᠮᠣᠩᠭᠤᠯ ᠤᠨ | ᠲᠤᠷᠰᠢᠯᠲᠠ ᠶᠢᠨ ᠴᠡᠭ ᠢ ᠲᠦᠷᠭᠡᠳᠬᠡᠨ ᠪᠠᠶᠢᠭᠤᠯᠵᠤ᠂ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ | ᠲᠣᠭᠠᠵᠢᠭᠤᠯᠤᠭᠰᠠᠨ ᠪᠠᠷᠢᠮᠵᠢᠶᠠᠲᠤ ᠰᠢᠯᠭᠠᠯᠲᠠ ᠶᠢᠨ 2 ᠲᠦᠮᠡᠨ ᠲᠠᠯᠠᠪᠤᠷ ᠢ ᠳᠡᠰ ᠳᠡᠪᠰᠢᠭᠦᠯᠦᠨ ᠥᠭᠡᠷᠡᠴᠢᠯᠡᠵᠦ | ᠰᠢᠨᠡᠳᠬᠡᠨ᠎ᠡ᠃ ᠬᠤᠲᠠ ᠲᠣᠭᠤᠷᠢᠭ ᠤᠨ 1000 ᠰᠢᠯᠢᠳᠡᠭ ᠪᠠᠭᠰᠢ ᠶᠢ ᠬᠥᠳᠡᠭᠡ ᠲᠤᠰᠬᠤᠨ ᠤ ᠨᠥᠬᠦᠴᠡᠯ ᠢᠶᠠᠷ | ᠪᠠᠷᠤᠭᠲᠠᠢ ᠰᠤᠷᠭᠠᠭᠤᠯᠢ ᠳᠤ ᠰᠣᠩᠭᠤᠨ ᠲᠣᠮᠢᠯᠠᠵᠤ ᠬᠤᠷᠰᠢᠯᠴᠠᠨ ᠬᠠᠪᠰᠤᠷᠤᠯᠴᠠᠭᠤᠯᠵᠤ ᠲᠡᠳᠬᠦᠨ᠎ᠡ᠃ ᠪᠡᠭᠡᠵᠢᠩ | ᠥᠪᠥᠷ ᠮᠣᠩᠭᠤᠯ ᠤᠨ ᠬᠠᠮᠲᠤᠷᠠᠯᠴᠠᠭᠠᠨ ᠤ ᠡᠮᠨᠡᠯᠭᠡ ᠶᠢᠨ ᠬᠤᠷᠢᠶ᠎ᠠ ᠶᠢ 43᠂ ᠨᠢᠭᠲᠠ ᠬᠡᠯᠪᠡᠷᠢ ᠪᠦᠬᠦᠢ | ᠡᠮᠴᠢᠯᠡᠭᠡᠨ ᠤ ᠬᠠᠮᠲᠤ ᠶᠢᠨ ᠴᠣᠭᠴᠠ ᠶᠢ 20᠂ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ 140 | ᠪᠠᠶᠢᠭᠤᠯᠵᠤ᠂ ᠦᠨᠳᠦᠰᠦᠨ ᠱᠠᠲᠤᠨ ᠤ ᠬᠢᠲᠠᠳ ︵ᠮᠣᠩᠭᠤᠯ︶ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ ᠠᠵᠢᠯᠯᠠᠭᠠᠨ ᠢ ᠥᠷᠨᠢᠭᠦᠯᠵᠦ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠥᠷᠭᠡᠳᠬᠡᠬᠦ ᠪᠠ | ᠣᠷᠣᠨ ᠪᠦᠰᠡ ᠳᠤ ᠲᠡᠩᠴᠡᠭᠦᠷᠢᠲᠡᠢ ᠪᠠᠶᠢᠷᠢᠰᠢᠭᠤᠯᠬᠤ ᠶᠢ ᠠᠬᠢᠭᠤᠯᠤᠨ᠂ ᠣᠯᠠᠨ ᠲᠦᠮᠡᠨ ᠤ ᠡᠪᠡᠳᠴᠢᠨ ᠢᠶᠠᠨ | ᠡᠮᠨᠡᠭᠦᠯᠵᠦ ᠡᠮ ᠲᠠᠩ ᠬᠤᠳᠠᠯᠳᠤᠵᠤ ᠠᠪᠬᠤ ᠶᠢᠨ ᠲᠦᠭᠦᠮ ᠳᠥᠲᠡ ᠴᠢᠨᠠᠷ᠂ ᠥᠨᠳᠥᠷ ᠪᠦᠲᠦᠮᠵᠢᠲᠦ ᠴᠢᠨᠠᠷ᠂ | ᠠᠮᠤᠷ ᠲᠦᠪᠰᠢᠨ ᠤ ᠴᠢᠨᠠᠷ ᠢ ᠳᠡᠭᠡᠭᠰᠢᠯᠡᠭᠦᠯᠦᠨ᠎ᠡ᠃ ᠭᠡᠷ ᠪᠦᠯᠢ ᠶᠢᠨ ᠡᠮᠴᠢ ᠯᠦᠭᠡ ᠭᠡᠷ᠎ᠡ ᠲᠣᠭᠲᠠᠭᠰᠠᠨ | ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ | ᠰᠤᠷᠤᠭᠴᠢᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ᠠᠵᠢᠯ ᠳᠤ ᠨᠡᠶᠢᠳᠡᠮ ᠰᠢᠭᠰᠢᠨ ᠪᠠᠶᠢᠴᠠᠭᠠᠯᠲᠠ ᠬᠢᠵᠦ᠂ | ᠬᠦᠴᠢᠷᠳᠡᠯᠲᠡᠢ ᠭᠡᠷ ᠪᠦᠯᠢ ᠶᠢᠨ ᠬᠡᠦᠬᠡᠳ ᠲᠤ ᠰᠦᠢᠳᠬᠡᠯ ᠬᠤᠷᠢᠶᠠᠬᠤ ᠦᠭᠡᠢ ᠪᠠᠷ ᠨᠢᠳᠦᠨ ᠰᠢᠯ ᠲᠠᠭᠠᠷᠠᠭᠤᠯᠤᠨ | ᠥᠭᠴᠦ᠂ ᠰᠦᠢᠳᠬᠡᠯ ᠬᠤᠷᠢᠶᠠᠬᠤ ᠦᠭᠡᠢ ᠪᠠᠷ ᠬᠢᠯᠠᠷ ᠬᠠᠷᠠᠭ᠎ᠠ ᠰᠤᠯᠠ ᠬᠠᠷᠠᠭ᠎ᠠ ᠶᠢ ᠨᠢ ᠵᠠᠰᠠᠬᠤ ᠪᠤᠶᠤ ᠡᠮᠨᠡᠵᠦ | ᠥᠭᠭᠦᠨ᠎ᠡ᠃ ᠬᠠᠮᠠᠷ ᠤᠨ ᠬᠠᠷᠰᠢᠮᠠᠲᠠᠭᠠᠢ ᠦᠷᠪᠢᠰᠦᠯ ᠢ ᠶᠡᠷᠦᠩᠬᠡᠢ ᠳᠤ ᠨᠢ ᠰᠡᠷᠭᠡᠶᠢᠯᠡᠨ ᠵᠠᠰᠠᠬᠤ ᠶᠢ ᠥᠷᠨᠢᠭᠦᠯᠦᠨ᠎ᠡ᠃ | ᠤᠯᠠᠭᠠᠨᠮᠥ᠋ᠴᠢᠷ ᠪᠠ ᠡᠯ᠎ᠡ ᠱᠠᠲᠤᠨ ᠤ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ | ᠦᠨᠳᠦᠰᠦᠨ ᠱᠠᠲᠤᠨ ᠳᠤ ᠣᠴᠢᠵᠤ ᠲᠦᠮᠡ ᠭᠠᠷᠤᠢ ᠲᠠᠯᠠᠪᠤᠷ ᠲᠣᠭᠯᠠᠯᠲᠠ ᠭᠠᠷᠭᠠᠬᠤ ᠶᠢ ᠵᠣᠬᠢᠶᠠᠨ ᠪᠠᠶᠢᠭᠤᠯᠤᠨ᠎ᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 350 ᠵᠦᠢᠯᠡᠰ ᠲᠤ ︽ᠭᠡᠷᠡᠴᠢ ᠦᠨᠡᠮᠯᠡᠯ ᠠᠪᠬᠤ ᠦᠭᠡᠢ ᠪᠠᠷ | ᠭᠦᠢᠴᠡᠳᠬᠡᠬᠦ︾᠂ 115 ᠵᠦᠢᠯᠡᠰ ᠲᠤ ︽ᠨᠢᠭᠡ ᠠᠵᠢᠯ ᠶᠠᠪᠤᠳᠠᠯ ᠢ ᠨᠢᠭᠡ ᠯᠠ ᠤᠳᠠᠭ᠎ᠠ ᠳᠤ ᠭᠦᠢᠴᠡᠳᠬᠡᠬᠦ︾ | ᠪᠣᠯᠭᠠᠵᠤ᠂ ᠲᠤᠰᠬᠤᠨ ᠤ ᠱᠠᠲᠤᠨ ᠤ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠲᠥᠪ ᠤᠨ ︽ | ᠬᠠᠪᠰᠤᠷᠴᠤ ᠣᠷᠣᠯᠠᠨ ᠭᠦᠢᠴᠡᠳᠬᠡᠬᠦ︾ ᠶᠢ ᠭᠦᠨᠵᠡᠭᠡᠢ ᠬᠡᠷᠡᠭᠵᠢᠭᠦᠯᠵᠦ᠂ ︽ᠰᠦᠯᠵᠢᠶ᠎ᠡ ᠪᠠᠷ ᠭᠦᠢᠴᠡᠳᠬᠡᠵᠦ | ᠴᠡᠴᠡᠷᠯᠢᠭ ᠲᠤ ᠰᠠᠭᠤᠯᠭᠠᠬᠤ︾ ︽ᠰᠦᠯᠵᠢᠶ᠎ᠡ ᠪᠠᠷ ᠭᠦᠢᠴᠡᠳᠬᠡᠵᠦ ᠰᠤᠷᠭᠠᠭᠤᠯᠢ ᠳᠤ ᠰᠤᠷᠤᠯᠴᠠᠭᠤᠯᠬᠤ︾ ᠶᠢ ᠪᠦᠬᠦ | ᠲᠠᠯ᠎ᠠ ᠪᠠᠷ ᠬᠡᠷᠡᠭᠵᠢᠭᠦᠯᠦᠨ᠂ ᠡᠮᠴᠢᠯᠡᠭᠡᠨ ᠤ ᠳᠠᠭᠠᠳᠬᠠᠯ ᠤᠨ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ | 15 ᠮᠢᠨᠦ᠋ᠲ ᠤᠨ ᠬᠡᠪᠴᠢᠶᠡᠨ ᠳᠤ ᠭᠦᠢᠴᠡᠳᠬᠡᠬᠦ ᠲᠣᠭᠤᠷᠢᠭ ᠢ ᠪᠦᠬᠦ ᠲᠠᠯ᠎ᠠ ᠪᠠᠷ ᠪᠠᠶᠢᠭᠤᠯᠤᠨ᠎ᠠ᠃ | ᠣᠯᠠᠨ ᠲᠦᠮᠡᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ | ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ 1602᠂ ᠳᠦᠭᠦᠮ ᠪᠦᠲᠦᠴᠡᠲᠦ ᠣᠷᠣᠨ | ᠰᠠᠭᠤᠴᠠ ᠶᠢᠨ ᠲᠣᠭᠤᠷᠢᠭ ᠢ 1.5 ᠲᠦᠮᠡᠨ ᠢᠵᠢ ᠥᠭᠡᠷᠡᠴᠢᠯᠡᠨ ᠰᠢᠨᠡᠳᠬᠡᠵᠦ᠂ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢ 1.1 ᠲᠦᠮᠡᠨ ᠢᠵᠢ ᠪᠠᠶᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ | ᠥᠩᠭᠡᠷᠡᠭᠰᠡᠨ ᠤ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠪᠠᠨ ᠦᠷᠭᠦᠯᠵᠢᠯᠡᠨ ᠠᠬᠢᠭᠤᠯᠤᠨ᠎ᠠ᠂ | ᠰᠢᠲᠠᠮᠠᠬᠠᠢ ᠬᠡᠢ᠂ ᠤᠰᠤ ᠬᠠᠩᠭᠠᠬᠤ᠂ ᠤᠰᠤ ᠵᠠᠯᠠᠬᠤ᠂ ᠢᠯᠴᠢ ᠬᠠᠩᠭᠠᠬᠤ ᠵᠡᠷᠭᠡ ᠬᠠᠭᠤᠴᠢᠷᠠᠭᠰᠠᠨ ᠬᠤᠭᠤᠯᠠᠢ | ᠭᠤᠤᠷᠰᠤ ᠶᠢ 1500 ᠺᠢᠯᠤᠮᠧᠲᠷ ᠥᠭᠡᠷᠡᠴᠢᠯᠡᠨ ᠰᠢᠨᠡᠳᠬᠡᠨ᠎ᠡ᠃ ᠪᠡᠶ᠎ᠡ ᠶᠢᠨ ᠲᠠᠮᠢᠷ ᠤᠨ ᠴᠡᠴᠡᠷᠯᠢᠭ ᠢ 36᠂ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ 32᠂ ᠲᠡᠰᠢᠯᠲᠡ ᠶᠢᠨ ᠲᠠᠯᠠᠪᠤᠷ ᠢ 33᠂ ᠣᠯᠠᠨ ᠴᠢᠳᠠᠮᠵᠢᠲᠤ | ᠲᠠᠮᠢᠷ ᠤᠨ ᠬᠥᠳᠡᠯᠭᠡᠭᠡᠨ ᠤ ᠲᠠᠯᠠᠪᠤᠷ ᠢ 103᠂ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠢ 335 ᠺᠢᠯᠤᠮᠧᠲᠷ | ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠢᠨᠡᠳᠬᠡᠵᠦ ᠥᠷᠭᠡᠳᠬᠡᠨ ᠪᠠᠶᠢᠭᠤᠯᠤᠨ᠎ᠠ᠃ ᠲᠠᠷᠢᠶᠠᠯᠠᠬᠤ ᠮᠠᠯᠵᠢᠬᠤ | ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ 3000 ᠭᠠᠷᠤᠢ ᠥᠭᠡᠷᠡᠴᠢᠯᠡᠨ ᠰᠢᠨᠡᠳᠬᠡᠵᠦ᠂ ᠲᠠᠷᠢᠶᠠᠯᠠᠬᠤ | ᠮᠠᠯᠵᠢᠬᠤ ᠣᠷᠣᠨ ᠤ ᠵᠠᠰᠠᠮᠠᠯ ᠵᠠᠮ ᠢ 5000 ᠺᠢᠯᠤᠮᠧᠲᠷ᠂ ᠡᠷᠦᠬᠡ ᠶᠢᠨ ᠠᠷᠢᠭᠤᠨ ᠴᠡᠪᠡᠷ ᠵᠤᠷᠯᠤᠩ ᠢ 6 ᠲᠦᠮᠡ | ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠢᠨᠡᠳᠬᠡᠵᠦ ᠪᠠᠶᠢᠭᠤᠯᠤᠨ᠂ ᠤᠰᠤ ᠬᠠᠩᠭᠠᠬᠤ ᠪᠠᠲᠤᠯᠠᠭ᠎ᠠ ᠶᠢᠨ | ᠢᠨᠵᠧᠨᠧᠷᠢᠩ ᠢ 500᠂ ᠬᠢᠯᠢ ᠬᠢᠵᠠᠭᠠᠷ ᠤᠨ ᠮᠠᠯᠵᠢᠬᠤ ᠣᠷᠣᠨ ᠤ ᠲᠠᠷᠠᠬᠠᠢ ᠪᠤᠲᠠᠷᠬᠠᠢ ᠤᠰᠤᠨ ᠰᠤᠷᠪᠤᠯᠵᠢ ᠶᠢᠨ | ᠴᠡᠭ ᠤᠨ ᠢᠨᠵᠧᠨᠧᠷᠢᠩ ᠢ 820 ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠤᠨ᠎ᠠ᠃ ᠲᠠᠷᠢᠶᠠᠯᠠᠬᠤ | ᠮᠠᠯᠵᠢᠬᠤ ᠣᠷᠣᠨ ᠤ ︽ᠠᠶᠠᠨᠴᠢᠳ ᠤᠨ ᠲᠡᠭᠡᠭᠡᠪᠦᠷᠢ ᠪᠠᠷᠠᠭᠠᠨ ᠤ ᠭᠦᠢᠯᠭᠡᠭᠡ ᠰᠢᠤᠳᠠᠨ ᠤ ᠲᠦᠷᠭᠡᠨ ᠢᠯᠡᠭᠡᠯᠲᠡ︾ | ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠵᠦ᠂ ︽ᠭᠠᠴᠠᠭ᠎ᠠ ᠲᠤᠰᠬᠤᠨ ᠳᠤ ᠲᠦᠷᠭᠡᠨ ᠢᠯᠡᠭᠡᠯᠲᠡ ᠲᠠᠢ | ᠪᠣᠯᠭᠠᠬᠤ︾ ᠴᠢᠨᠠᠷ ᠴᠢᠨᠰᠠᠭ᠎ᠠ ᠪᠠ ᠦᠷ᠎ᠡ ᠠᠰᠢᠭ ᠢ ᠳᠡᠭᠡᠭᠰᠢᠯᠡᠭᠦᠯᠦᠨ᠂ ᠭᠠᠴᠠᠭ᠎ᠠ ᠲᠤᠰᠬᠤᠨ ᠳᠠᠬᠢ ᠭᠤᠪᠢᠭᠤᠯᠵᠤ | ᠢᠯᠡᠭᠡᠬᠦ ᠪᠠᠷᠠᠭᠠᠨ ᠤ ᠭᠦᠢᠯᠭᠡᠭᠡᠨ ᠤ ᠴᠡᠭ ᠢ 3500 ᠰᠢᠨ᠎ᠡ ᠪᠠᠷ ᠨᠡᠮᠡᠭᠳᠡᠭᠦᠯᠵᠦ᠂ ᠲᠠᠷᠢᠶᠠᠯᠠᠬᠤ ᠮᠠᠯᠵᠢᠬᠤ ᠣᠷᠣᠨ ᠤ | ᠭᠤᠪᠢᠭᠤᠯᠵᠤ ᠢᠯᠡᠭᠡᠬᠦ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡ ᠶᠢᠨ ᠪᠦᠷᠢᠨ ᠪᠦᠷᠬᠦᠬᠦ ᠶᠢ | ᠦᠨᠳᠦᠰᠦᠨ ᠳᠤ ᠪᠠᠨ ᠪᠡᠶᠡᠯᠡᠭᠦᠯᠦᠨ᠎ᠡ᠃ ᠬᠤᠲᠠ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠳᠤ ᠬᠡᠷᠡᠭᠯᠡᠬᠦ | ᠨᠡᠭᠦᠷᠡᠰᠦ᠂ ᠲᠠᠷᠢᠶᠠᠴᠢᠨ ᠮᠠᠯᠴᠢᠳ ᠲᠤ ︽ᠬᠠᠯᠠᠮᠵᠢ ᠶᠢᠨ ᠨᠡᠭᠦᠷᠡᠰᠦ︾ ᠶᠢ ᠪᠠᠲᠤᠯᠠᠬᠤ ᠪᠠ ᠴᠡᠪᠡᠷ ᠳᠤᠯᠠᠭᠠᠯᠠᠯᠭ᠎ᠠ ᠶᠢ | ᠥᠭᠡᠷᠡᠴᠢᠯᠡᠨ ᠰᠢᠨᠡᠳᠬᠡᠬᠦ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠯᠠᠨ ᠲᠦᠮᠡᠨ ᠤ ᠳᠤᠯᠠᠭᠠᠨ | ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠨ᠎ᠠ᠃ | ︵ᠲᠣᠯᠤᠭ᠎ᠠ︶ ᠭᠤᠣᠯᠳᠠᠯᠭ᠎ᠠ ᠪᠣᠯᠬᠤ ᠬᠦᠷᠢᠶᠡᠨ ᠤ ᠲᠦᠭᠰᠢᠭᠦᠷᠢ ᠶᠢᠨ ᠬᠡᠮ ᠰᠣᠭᠤᠭ ᠢ ᠪᠦᠳᠦᠮᠵᠢᠳᠡᠢ | ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠴᠣᠭᠴᠠᠯᠠᠵᠤ᠂ | ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ | ᠪᠠᠲᠤᠯᠠᠬᠤ᠂ ᠠᠮᠤᠷ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ | ᠠᠳᠬᠤᠵᠤ᠂ ᠠᠮᠤᠷ ᠲᠦᠪᠰᠢᠨ ᠤ ᠵᠠᠰᠠᠯᠲᠠ᠂ ᠨᠡᠶᠢᠭᠡᠮ ᠤᠨ ᠵᠠᠰᠠᠯᠲᠠ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠠᠯ᠎ᠠ ᠪᠠᠷ ᠬᠢ ᠴᠢᠳᠠᠪᠤᠷᠢ ᠶᠢᠨ ᠳᠤᠲᠠᠭᠤᠳᠠᠯ ᠢᠶᠠᠨ ᠬᠦᠴᠦᠯᠡᠨ ᠨᠥᠬᠦᠪᠦᠷᠢᠯᠡᠵᠦ᠂ ᠨᠡᠩ | ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠥᠪᠥᠷ ᠮᠣᠩᠭᠤᠯ ᠢ ᠲᠦᠷᠭᠡᠳᠬᠡᠨ ᠪᠠᠶᠢᠭᠤᠯᠤᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠰᠠᠶᠢᠲᠤᠷ ᠨᠢᠭᠡᠳᠦᠯᠲᠡᠢ ᠲᠥᠯᠥᠪᠵᠢᠭᠦᠯᠦᠨ᠎ᠡ᠃ ᠰᠢᠨ᠎ᠡ ᠱᠠᠲᠤ ᠦᠶ᠎ᠡ ᠳᠠᠬᠢ ᠰᠢᠨ᠎ᠡ ᠬᠡᠯᠪᠡᠷᠢ ᠶᠢᠨ ᠲᠢᠲᠢᠮᠯᠢᠭ | ᠸᠢᠷᠦ᠋ᠰ ᠤᠨ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠤᠨ᠂ | ᠠᠵᠢᠯ ᠤᠨ ᠭᠤᠣᠯᠳᠠᠯᠭ᠎ᠠ ᠪᠠᠨ ᠡᠷᠡᠭᠦᠯ ᠴᠢᠭᠢᠷᠠᠭ ᠢ ᠬᠠᠮᠠᠭᠠᠯᠠᠬᠤ᠂ ᠬᠦᠨᠳᠦ ᠡᠪᠡᠳᠴᠢᠨ ᠲᠤᠰᠬᠤ ᠶᠢ ᠰᠡᠷᠭᠡᠶᠢᠯᠡᠬᠦ | ᠳᠡᠭᠡᠷ᠎ᠡ ᠰᠢᠯᠵᠢᠭᠦᠯᠵᠦ᠂ ︽ᠬᠥᠬᠡᠭᠴᠢᠨ ᠲᠦᠷᠦᠯ ᠳᠤ ᠬᠥᠬᠡᠭᠴᠢᠨ ᠲᠡᠰ ᠤᠨ ᠬᠠᠮᠢᠶᠠᠷᠤᠯᠲᠠ ᠬᠢᠬᠦ︾ ᠶᠢ ᠯᠠᠪᠳᠠᠭᠤᠨ | ᠪᠠᠲᠤᠲᠠᠢ ᠡᠮᠬᠢ ᠳᠢᠭᠯᠢᠮ ᠲᠠᠢ ᠬᠡᠷᠡᠭᠵᠢᠭᠦᠯᠦᠨ᠂ ᠡᠯ᠎ᠡ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠳᠤ ᠬᠠᠯᠠᠭᠤᠷᠠᠯ ᠢ ᠡᠮᠨᠡᠬᠦ ᠲᠠᠰᠤᠭ ᠲᠣᠬᠢᠷᠠᠭᠤᠯᠵᠤ ᠪᠣᠯᠪᠠᠯ ᠠᠯᠢ ᠴᠢᠳᠠᠬᠤ ᠪᠠᠷ ᠲᠣᠬᠢᠷᠠᠭᠤᠯᠵᠤ᠂ | ᠠᠵᠢᠯᠯᠠᠵᠤ ᠪᠣᠯᠪᠠᠯ ᠠᠯᠢ ᠴᠢᠳᠠᠬᠤ ᠪᠠᠷ ᠠᠵᠢᠯᠯᠠᠭᠤᠯᠬᠤ ᠶᠢ ᠠᠬᠢᠭᠤᠯᠤᠨ᠂ ᠡᠮ ᠤᠨ ᠵᠦᠢᠯ ᠤᠨ ᠬᠠᠩᠭᠠᠯᠭ᠎ᠠ ᠶᠢ | ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠪᠠ ᠡᠮᠴᠢᠯᠡᠭᠡᠨ ᠤ ᠠᠪᠤᠷᠠᠨ ᠵᠠᠰᠠᠬᠤ ᠪᠠᠲᠤᠯᠠᠭ᠎ᠠ ᠶᠢ ᠰᠠᠶᠢᠲᠤᠷ | ᠠᠳᠬᠤᠵᠤ᠂ ᠦᠨᠳᠦᠰᠦᠨ ᠱᠠᠲᠤᠨ ᠤ ᠬᠢᠵᠢᠭ ᠢ ᠰᠡᠷᠭᠡᠶᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ | ᠲᠠᠷᠢᠶᠠᠯᠠᠬᠤ ᠮᠠᠯᠵᠢᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠪᠦᠭᠦ | ᠬᠥᠮᠥᠰ ᠲᠤ ᠡᠬᠡᠯᠢᠯᠡᠭᠡ ᠶᠢᠨ ᠲᠠᠷᠢᠯᠭ᠎ᠠ ᠲᠠᠷᠢᠬᠤ ᠶᠢ ᠴᠢᠩᠭᠠᠳᠬᠠᠨ᠂ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠢ ᠤᠯᠠᠮ ᠬᠠᠨᠳᠤᠯᠠᠭᠠᠳᠤ ᠴᠢᠨᠠᠷ ᠲᠠᠢ ᠥᠷᠨᠢᠭᠦᠯᠵᠦ᠂ ᠨᠠᠰᠤᠲᠠᠶᠢᠴᠤᠳ᠂ ᠬᠡᠦᠬᠡᠳ | ᠵᠡᠷᠭᠡ ᠭᠤᠣᠯᠳᠠᠯᠭ᠎ᠠ ᠪᠣᠯᠬᠤ ᠬᠥᠮᠥᠰ ᠲᠤ ᠰᠡᠷᠭᠡᠶᠢᠯᠡᠵᠦ ᠬᠠᠮᠠᠭᠠᠯᠠᠬᠤ ᠪᠠ ᠠᠪᠤᠷᠠᠨ ᠵᠠᠰᠠᠬᠤ ᠠᠵᠢᠯ ᠢ ᠪᠦᠭᠦ | ᠬᠦᠴᠦᠨ ᠢᠶᠠᠷ ᠢᠶᠠᠨ ᠰᠠᠶᠢᠲᠤᠷ ᠬᠢᠵᠦ᠂ ᠡᠮᠴᠢᠯᠡᠭᠡᠨ ᠤ ᠲᠠᠯ᠎ᠠ ᠳᠤ ᠲᠦᠷᠬᠢᠯᠡᠨ ᠰᠢᠪᠬᠠᠷᠤᠭᠤᠯᠬᠤ ᠪᠠᠶᠢᠳᠠᠯ ᠡᠬᠦᠰᠬᠦ᠂ | ᠳᠠᠭᠠᠯᠲᠠ ᠭᠠᠢ ᠭᠠᠷᠬᠤ ᠠᠴᠠ ᠰᠡᠷᠭᠡᠶᠢᠯᠡᠨ᠂ ᠨᠡᠶᠢᠭᠡᠮ ᠤᠨ ᠡᠮᠬᠢ ᠳᠢᠭᠯᠢᠮ ᠤᠨ ᠲᠣᠭᠲᠠᠭᠤᠨ ᠪᠠᠶᠢᠬᠤ ᠶᠢ ᠦᠨᠡᠨ ᠬᠦ | ᠪᠠᠲᠤᠯᠠᠨ᠎ᠠ᠃ | ᠠᠵᠤ ᠠᠬᠤᠢ ᠮᠥᠩᠭᠦᠨ ᠭᠦᠢᠯᠭᠡᠭᠡᠨ ᠤ ᠬᠦᠷᠢᠶᠡᠨ ᠤ ᠲᠦᠭᠰᠢᠭᠦᠷᠢ ᠶᠢᠨ ︽ᠳᠥᠯᠭᠡᠨ ᠰᠢᠯᠵᠢᠯᠲᠡ︾ ᠶᠢ | ᠬᠦᠴᠦᠯᠡᠨ ᠠᠬᠢᠭᠤᠯᠤᠨ᠎ᠠ᠃ ᠵᠠᠰᠠᠭ ᠤᠨ ᠣᠷᠳᠣᠨ ᠤ ᠥᠷᠢ ᠥᠭᠴᠡᠭᠡᠨ ᠤ ᠲᠦᠭᠰᠢᠭᠦᠷᠢ ᠶᠢ ᠠᠷᠢᠯᠭᠠᠵᠤ ᠪᠡᠷᠬᠡ ᠶᠢ | ᠲᠣᠭᠤᠯᠬᠤ ᠠᠵᠢᠯᠯᠠᠭᠠᠨ ᠢ ᠥᠷᠨᠢᠭᠦᠯᠦᠨ᠎ᠡ᠂ ︽ᠲᠦᠷᠪᠡᠨ ᠨᠢᠭᠡ ᠪᠦᠯᠦᠭ︾ ᠤᠨ ᠠᠷᠭ᠎ᠠ ᠪᠠᠷᠢᠯ ᠢ ᠦᠷᠭᠦᠯᠵᠢᠯᠡᠨ | ᠬᠡᠷᠡᠭᠵᠢᠭᠦᠯᠵᠦ ᠦᠨᠳᠦᠰᠦᠨ ᠱᠠᠲᠤᠨ ᠤ ᠥᠷᠢ ᠥᠭᠴᠡᠭᠡ ᠶᠢ ᠠᠷᠢᠯᠭᠠᠬᠤ ᠳᠤ ᠬᠠᠪᠰᠤᠷᠤᠯᠭ᠎ᠠ ᠦᠵᠡᠭᠦᠯᠦᠨ᠂ ᠥᠷᠢ | ᠥᠭᠴᠡᠭᠡᠨ ᠤ ᠨᠡᠮᠡᠭᠳᠡᠯ ᠢ ᠡᠷᠡᠰ ᠬᠤᠷᠢᠭᠯᠠᠬᠤ ᠪᠠ ᠦᠯᠡᠳᠡᠭᠳᠡᠯ ᠢ ᠠᠷᠢᠯᠭᠠᠵᠤ᠂ ᠬᠡᠯᠪᠡᠷᠢ ᠶᠢ ᠨᠢ ᠥᠭᠡᠷᠡᠲᠦᠭᠦᠯᠦᠨ | ᠵᠢᠭᠡᠯᠡᠯᠭᠡ ᠵᠢᠭᠡᠯᠡᠬᠦ᠂ ᠬᠤᠳᠠᠯ ᠬᠠᠭᠤᠷᠮᠠᠭ ᠢᠶᠠᠷ ᠥᠷᠢ ᠥᠭᠴᠡᠭᠡ ᠪᠠᠨ ᠠᠷᠢᠯᠭᠠᠬᠤ ᠦᠵᠡᠭᠳᠡᠯ ᠢ ᠡᠷᠡᠰ ᠬᠤᠷᠢᠭᠯᠠᠨ᠂ | ᠪᠦᠭᠦ ᠣᠷᠣᠨ ᠤ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠪᠠᠨ ᠪᠡᠶᠡᠯᠡᠭᠦᠯᠦᠨ᠎ᠡ᠃ ᠡᠳ᠋ ᠤᠨ ᠵᠠᠰᠠᠭ ᠤᠨ | ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠷᠠᠭᠤᠯᠵᠤ᠂ ᠡᠩ ᠤᠨ ᠴᠢᠨᠠᠷᠲᠠᠢ ᠰᠢᠯᠵᠢᠭᠦᠯᠦᠨ | ᠲᠦᠯᠦᠬᠦ ᠶᠢ ᠨᠡᠮᠡᠭᠳᠡᠭᠦᠯᠬᠦ ᠪᠠ ᠲᠤᠰᠬᠠᠢ ᠵᠦᠢᠯ ᠢᠶᠠᠷ ᠰᠢᠯᠵᠢᠭᠦᠯᠦᠨ ᠲᠦᠯᠦᠬᠦ ᠶᠢ ᠪᠠᠭᠠᠰᠬᠠᠨ᠂ ᠡᠳ᠋ ᠤᠨ ᠬᠦᠴᠦᠨ ᠢ | ᠦᠨᠳᠦᠰᠦᠨ ᠱᠠᠲᠤ ᠤᠷᠤᠭᠤ ᠬᠠᠨᠳᠤᠭᠤᠯᠬᠤ ᠪᠠ ᠪᠡᠯᠡ ᠮᠥᠩᠭᠦ ᠶᠢ ᠰᠢᠭᠤᠳ ᠪᠠᠭᠤᠯᠭᠠᠬᠤ ᠡᠷᠴᠢᠮ ᠢᠶᠠᠨ | ᠴᠢᠩᠭᠠᠷᠠᠭᠤᠯᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠨ᠎ᠠ᠃ | ᠠᠷᠪᠢᠴᠢ ᠭᠠᠮᠲᠠᠢ ᠠᠮᠢᠳᠤᠷᠠᠬᠤ ᠶᠢ ᠪᠠᠷᠢᠮᠲᠠᠯᠠᠵᠤ᠂ ᠡᠩ ᠤᠨ ᠴᠢᠨᠠᠷᠲᠠᠢ ᠵᠠᠷᠤᠯᠭ᠎ᠠ ᠪᠠ ︽ᠠᠯᠪᠠᠨ ᠤ ᠭᠤᠷᠪᠠᠨ︾ | ᠵᠠᠷᠤᠳᠠᠯ ᠤᠨ ᠲᠥᠰᠥᠪ ᠤᠨ ᠲᠣᠬᠢᠷᠠᠭᠤᠯᠤᠯᠲᠠ ᠶᠢ ᠴᠢᠩᠭ᠎ᠠ ᠡᠵᠡᠮᠳᠡᠵᠦ᠂ ᠵᠠᠰᠠᠭ ᠤᠨ ᠣᠷᠳᠣᠨ ᠤ ᠴᠢᠨᠠᠷᠲᠠᠢ ᠠᠰᠠᠷ | ᠲᠠᠭᠲᠤ ᠲᠠᠩᠬᠢᠮ ᠪᠠᠭᠤᠳᠠᠯ ᠢ ᠰᠡᠯᠪᠢᠨ ᠵᠠᠰᠠᠵᠤ ᠰᠢᠨᠡᠳᠬᠡᠬᠦ᠂ ᠠᠯᠪᠠᠯᠠᠬᠤ ᠪᠠ ᠲᠤᠬᠠᠶᠢᠯᠠᠭᠰᠠᠨ ᠠᠵᠢᠯ ᠳᠤ | ᠲᠦᠷᠢᠶᠡᠰᠦᠯᠡᠨ ᠬᠡᠷᠡᠭᠯᠡᠬᠦ ᠭᠡᠷ ᠪᠠᠶᠢᠰᠢᠩ ᠤᠨ ᠰᠢᠨ᠎ᠡ ᠪᠠᠷ ᠨᠡᠮᠡᠭᠳᠡᠬᠦ ᠶᠢ ᠴᠢᠩᠭ᠎ᠠ ᠡᠵᠡᠮᠳᠡᠵᠦ᠂ ᠬᠤᠷᠠᠯ᠂ ᠵᠠᠮ ᠤᠨ | ᠵᠠᠷᠤᠳᠠᠯ᠂ ᠪᠣᠯᠪᠠᠰᠤᠷᠠᠯ᠂ ᠪᠠᠶᠠᠷ ᠨᠠᠶᠢᠷ ᠵᠡᠷᠭᠡ ᠠᠯᠪᠠᠨ ᠤ ᠠᠵᠢᠯᠯᠠᠭ᠎ᠠ ᠶᠢ ᠴᠣᠮᠠᠬᠤᠡᠬᠠᠵᠦ᠂ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠳᠤ ᠪᠠᠴᠢᠮ ᠱᠠᠭᠠᠷᠳᠠᠭᠳᠠᠬᠤ ᠪᠤᠰᠤ ᠪᠠ ᠵᠠᠪᠠᠯ ᠬᠡᠷᠡᠭᠰᠡᠬᠦ ᠪᠤᠰᠤ ᠴᠢᠨᠠᠷᠲᠠᠢ ᠲᠥᠰᠥᠪ ᠤᠨ | ᠵᠠᠷᠤᠯᠭ᠎ᠠ ᠶᠢ 53 ᠳ᠋ᠦᠩᠰᠢᠭᠤᠷ ᠲᠥᠭᠦᠷᠢᠭ ᠪᠠᠭᠠᠰᠬᠠᠨ᠎ᠠ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠠᠷᠢᠯᠭᠠᠵᠤ | ᠪᠡᠷᠬᠡ ᠶᠢ ᠲᠣᠭᠤᠯᠬᠤ ᠠᠵᠢᠯᠯᠠᠭᠠᠨ ᠢ ᠥᠷᠨᠢᠭᠦᠯᠦᠨ᠎ᠡ᠂ ︽ᠭᠤᠷᠪᠠ ᠶᠢ ᠢᠯᠭᠠᠷᠠᠭᠤᠯᠵᠤ ᠨᠢᠭᠡ ᠶᠢ ᠨᠡᠬᠡᠮᠵᠢᠯᠡᠬᠦ︾ | ᠦᠷ᠎ᠡ ᠪᠦᠳᠦᠮᠵᠢ ᠪᠠᠨ ᠪᠠᠬᠢᠵᠢᠭᠦᠯᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ | ᠪᠣᠳᠠᠲᠠᠶᠢᠵᠢᠭᠤᠯᠤᠨ᠂ ᠲᠦᠭᠰᠢᠭᠦᠷᠢ ᠶᠡᠬᠡᠲᠡᠢ ᠪᠠᠶᠢᠭᠤᠯᠤᠮᠵᠢ ᠶᠢ ᠪᠠᠭᠠᠰᠬᠠᠵᠤ᠂ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠪᠤᠴᠠᠭᠠᠯ ᠦᠭᠡᠢ ᠬᠥᠷᠥᠩᠭᠡ ᠶᠢ ᠪᠦᠳᠦᠮᠵᠢᠳᠠᠢ ᠰᠢᠢᠳᠪᠦᠷᠢᠯᠡᠵᠦ᠂ ᠬᠠᠤᠯᠢ ᠪᠤᠰᠤ | ᠮᠥᠩᠭᠦᠨ ᠭᠦᠢᠯᠭᠡᠭᠡᠨ ᠤ ᠠᠵᠢᠯᠯᠠᠭ᠎ᠠ ᠪᠣᠯᠣᠨ ᠥᠷᠢ ᠠᠴᠠ ᠵᠠᠶᠢᠯᠠᠬᠤ ᠪᠠ ᠪᠠᠯᠠᠷᠠᠭᠤᠯᠬᠤ ᠠᠵᠢᠯᠯᠠᠭ᠎ᠠ ᠳᠤ ᠬᠦᠨᠳᠦ | ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠢ ᠣᠷᠣᠨ ᠪᠦᠰᠡ ᠶᠢᠨ ᠴᠢᠨᠠᠷᠲᠠᠢ ᠮᠥᠩᠭᠦᠨ ᠭᠦᠢᠯᠭᠡᠭᠡᠨ ᠤ | ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ | ᠲᠦᠭᠰᠢᠭᠦᠷᠢ ᠶᠢ ᠠᠷᠢᠯᠭᠠᠵᠤ ᠪᠡᠷᠬᠡ ᠶᠢ ᠲᠣᠭᠤᠯᠬᠤ ᠠᠵᠢᠯᠯᠠᠭᠠᠨ ᠢ ᠥᠷᠨᠢᠭᠦᠯᠦᠨ᠎ᠡ᠂ ᠠᠰᠠᠷ ᠪᠠᠷᠢᠵᠤ | ᠳᠠᠭᠤᠰᠬᠠᠬᠤ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠲᠣᠭᠲᠠᠭᠤᠨ ᠢ ᠪᠠᠲᠤᠯᠠᠬᠤ ᠡᠯ᠎ᠡ ᠵᠦᠢᠯ ᠤᠨ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠢᠯ ᠲᠦᠷᠦᠯ ᠤᠨ ᠪᠡᠯᠡ ᠲᠣᠬᠢᠷᠠᠭᠤᠯᠭ᠎ᠠ ᠪᠠᠷ ᠲᠡᠮᠵᠢᠬᠦ | ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠰᠢᠯᠢᠳᠡᠭ ᠠᠵᠤ | ᠠᠬᠤᠶᠢᠯᠠᠯ ᠤᠨ ᠬᠦᠴᠢᠷᠳᠡᠯ ᠢ ᠲᠤᠭᠤᠯᠵᠦ ᠭᠠᠷᠬᠤ ᠳᠤ ᠬᠠᠪᠰᠤᠷᠤᠯᠭ᠎ᠠ ᠦᠵᠡᠭᠦᠯᠵᠦ᠂ ᠠᠰᠠᠷ ᠢ ᠪᠠᠷᠢᠵᠤ | ᠳᠠᠭᠤᠰᠬᠠᠬᠤ ᠬᠤᠭᠤᠴᠠᠭ᠎ᠠ ᠠᠴᠠ ᠪᠠᠨ ᠬᠡᠲᠦᠷᠡᠭᠦᠯᠦᠨ ᠲᠤᠰᠢᠶᠠᠬᠤ ᠲᠦᠭᠰᠢᠭᠦᠷᠢ ᠶᠢ ᠨᠢ ᠪᠦᠳᠦᠮᠵᠢᠳᠡᠢ ᠰᠡᠷᠭᠡᠶᠢᠯᠡᠨ | ᠰᠢᠢᠳᠪᠦᠷᠢᠯᠡᠨ᠎ᠡ᠃ | ᠤᠯᠠᠨ ᠨᠡᠶᠢᠲᠡ ᠶᠢᠨ ᠠᠮᠤᠷ ᠲᠦᠪᠰᠢᠨ ᠪᠠ ᠨᠡᠶᠢᠭᠡᠮ ᠤᠨ ᠵᠠᠰᠠᠯᠲᠠ ᠶᠢᠨ ᠲᠦᠪᠰᠢᠨ ᠢ ᠲᠡᠬᠡᠭᠰᠢᠯᠡᠬᠦᠯᠦᠨ᠎ᠡ᠃ | ᠠᠵᠤ ᠦᠢᠯᠡᠳᠪᠦᠷᠢ ᠠᠭᠤᠷᠬᠠᠢ ᠪᠠ ᠠᠶᠤᠯᠲᠠᠢ ᠬᠢᠮᠢ ᠶᠢᠨ ᠪᠣᠳᠠᠰ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ | ᠭᠠᠵᠠᠷ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠡᠵᠡᠩᠨᠡᠯᠲᠡ ᠶᠢᠨ ᠴᠢᠨᠠᠷᠲᠠᠢ ᠦᠪᠡᠰᠦᠪᠡᠨ ᠪᠠᠷᠢᠭᠰᠠᠨ ᠭᠡᠷ᠂ | ᠬᠥᠮᠥᠨ ᠬᠠᠷ᠎ᠠ ᠤᠪᠤᠷᠠᠨ ᠴᠤᠭᠯᠠᠷᠠᠬᠤ ᠲᠠᠯᠠᠪᠤᠷ ᠭᠠᠵᠠᠷ ᠵᠡᠷᠭᠡ ᠭᠤᠣᠯᠳᠠᠯᠭ᠎ᠠ ᠪᠣᠯᠬᠤ ᠬᠦᠷᠢᠶᠡᠨ ᠤ ᠲᠦᠭᠰᠢᠭᠦᠷᠢ ᠶᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ᠂ ᠣᠨᠴᠠ ᠬᠦᠨᠳᠦ ᠶᠡᠭᠡ ᠠᠶᠤᠯ ᠦᠭᠡᠢ | ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠬᠦᠴᠦᠨ ᠤ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠢ ᠠᠬᠢᠭᠤᠯᠵᠤ᠂ ᠦᠨᠳᠦᠰᠦᠨ | ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠣᠢ | ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ᠂ ᠠᠶᠤᠯᠲᠠᠢ ᠬᠢᠮᠢ ᠶᠢᠨ ᠪᠣᠳᠠᠰ᠂ | ᠠᠭᠤᠷᠬᠠᠢ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠭᠤᠷᠪᠠᠨ ᠶᠡᠭᠡ ᠰᠠᠭᠤᠷᠢᠨ ᠭᠠᠵᠠᠷ ᠪᠠ | ᠪᠤᠭᠤᠲᠤ ᠶᠢᠨ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠲᠤᠨᠤᠭ ᠲᠥᠬᠦᠭᠡᠷᠦᠮᠵᠢ ᠦᠢᠯᠡᠳᠬᠦ ᠰᠠᠭᠤᠷᠢᠨ | ᠭᠠᠵᠠᠷ ᠢ ᠪᠠᠶᠢᠭᠤᠯᠤᠨ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠤᠯᠠᠨ | ᠨᠡᠶᠢᠲᠡ ᠶᠢᠨ ᠭᠡᠨᠡᠳᠲᠡ ᠶᠢᠨ ᠬᠡᠷᠡᠭ ᠢ ᠰᠡᠷᠭᠡᠶᠢᠯᠡᠵᠦ ᠰᠢᠢᠳᠪᠦᠷᠢᠯᠡᠬᠦ ᠴᠢᠳᠠᠪᠤᠷᠢ ᠪᠠᠨ ᠲᠡᠬᠡᠭᠰᠢᠯᠡᠬᠦᠯᠦᠨ᠎ᠡ᠃ ᠢᠳᠡᠭᠡᠨ | ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠢᠨᠠᠨ ᠰᠢᠨᠵᠢᠵᠦ | ᠵᠠᠰᠠᠯᠲᠠ ᠬᠢᠬᠦ ᠡᠷᠴᠢᠮ ᠢᠶᠠᠨ ᠴᠢᠩᠭᠠᠷᠠᠭᠤᠯᠤᠨ᠂ ᠤᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ | ᠢ ᠪᠠᠲᠤᠯᠠᠨ᠎ᠠ᠃ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠭᠰᠠᠨ ᠪᠠᠶᠢᠭᠤᠯᠤᠯᠲᠠ ᠶᠢ | ᠴᠢᠩᠭᠠᠷᠠᠭᠤᠯᠤᠨ᠂ ︽ᠰᠢᠨ᠎ᠡ ᠴᠠᠭ ᠦᠶ᠎ᠡ ᠰᠢᠨ᠎ᠡ ᠨᠡᠶᠢᠭᠡᠮ ᠲᠣᠭᠤᠷᠢᠭ ᠰᠢᠨ᠎ᠡ ᠠᠵᠤ ᠠᠮᠢᠳᠤᠷᠠᠯ︾ ᠬᠡᠮᠡᠬᠦ | ᠦᠢᠯᠡᠴᠢᠯᠡᠭᠡ ᠵᠠᠰᠠᠯᠲᠠ ᠶᠢ ᠲᠡᠬᠡᠭᠰᠢᠯᠡᠬᠦᠯᠬᠦ ᠲᠤᠰᠬᠠᠢ ᠠᠵᠢᠯᠯᠠᠭᠠᠨ ᠢ ᠥᠷᠨᠢᠭᠦᠯᠦᠨ᠂ ︽ᠰᠦᠯᠵᠢᠶ᠎ᠡ + ᠲᠣᠣᠷᠠᠯᠵᠢ | ︾ ᠪᠣᠯᠬᠤ ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠪᠠ ᠨᠡᠶᠢᠭᠡᠮ ᠤᠨ ᠠᠵᠢᠯ ᠤᠨ ᠦᠢᠯᠡᠴᠢᠯᠡᠭᠡᠨ ᠤ | ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠵᠥᠷᠢᠴᠡᠯ ᠵᠢᠭᠤᠷᠠᠯᠳᠤᠭᠠᠨ ᠢ ᠣᠯᠠᠨ ᠡᠰᠢ ᠪᠠᠷ ᠠᠷᠢᠯᠭᠠᠬᠤ ᠲᠣᠭᠲᠠᠴᠠ ᠶᠢ | ᠪᠦᠷᠢᠨᠰᠢᠭᠦᠯᠦᠨ᠂ ᠣᠯᠠᠨ ᠲᠦᠮᠡᠨ ᠤ ᠠᠮᠤᠷ ᠲᠦᠪᠰᠢᠨ ᠬᠦᠢᠲᠡᠨ ᠳᠤᠯᠠᠭᠠᠨ ᠪᠠ ᠡᠳᠦᠷ ᠲᠣᠳᠣᠮ ᠤᠨ ᠤᠴᠢᠷ | ᠶᠠᠪᠤᠳᠠᠯ ᠢ ᠨᠢ ᠬᠠᠯᠠᠮᠵᠢᠯᠠᠵᠤ ᠬᠠᠮᠢᠶᠠᠷᠬᠤ ᠬᠥᠮᠥᠨ ᠲᠠᠢ ᠪᠤᠯᠭᠠᠵᠦ᠂ ᠦᠨᠳᠦᠰᠦᠨ ᠱᠠᠲᠤᠨ ᠤ ᠵᠠᠰᠠᠯᠲᠠ ᠶᠢ ᠤᠯᠠᠮ | ᠡᠶ᠎ᠡ ᠵᠦᠢ ᠲᠠᠢ ᠬᠢᠵᠦ᠂ ᠠᠷᠠᠳ ᠣᠯᠠᠨ ᠳᠤ ᠮᠠᠰᠢ ᠶᠡᠭᠡ ᠵᠣᠯ ᠵᠢᠷᠭᠠᠯ ᠲᠠᠢ ᠰᠠᠨᠠᠭᠳᠠᠭᠤᠯᠤᠨ᠎ᠠ᠃ ᠤᠯᠤᠰ ᠤᠨ | ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠠᠶᠢᠭᠤᠯᠤᠯᠲᠠ ᠶᠢ ᠲᠡᠮᠵᠢᠵᠦ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠴᠡᠷᠢᠭ ᠠᠩᠭᠢ ᠣᠷᠣᠨ ᠨᠤᠲᠤᠭ ᠤᠨ | ᠵᠣᠬᠢᠴᠠᠭᠤᠯᠭ᠎ᠠ ᠶᠢ ᠴᠢᠩᠭᠠᠳᠬᠠᠨ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢ | ᠴᠢᠩᠭᠠᠷᠠᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠭᠰᠡᠨ ᠪᠠᠶᠢᠳᠠᠯ ᠢ ᠪᠠᠬᠢᠵᠢᠭᠦᠯᠦᠨ ᠬᠥᠭᠵᠢᠭᠦᠯᠦᠨ᠎ᠡ᠃ | | ᠳᠡᠭᠡᠷ᠎ᠡ ᠳᠤᠷᠠᠳᠤᠭᠰᠠᠨ ᠠᠵᠢᠯ ᠢ ᠰᠠᠶᠢᠲᠤᠷ ᠬᠢᠬᠦ ᠳᠤ᠂ ᠬᠤᠶᠠᠷ ᠶᠡᠭᠡ ᠤᠷᠢᠳᠠᠴᠢ ᠵᠦᠢᠯ ᠢ ᠢᠮᠠᠭᠲᠠ ᠪᠠᠲᠤ | ᠴᠡᠭᠡᠵᠢᠯᠡᠵᠦ᠂ ᠲᠣᠭᠲᠠᠯ ᠬᠦᠴᠦᠨ ᠢᠶᠠᠨ ᠪᠠᠲᠤᠯᠠᠬᠤ ᠬᠡᠷᠡᠭᠲᠡᠢ᠃ ᠨᠢᠭᠡ ᠳᠤ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠬᠤ ᠶᠢ ᠡᠷᠬᠡᠪᠰᠢ ᠪᠠᠷᠢᠮᠲᠠᠯᠠᠨ᠎ᠠ᠃ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ | ᠪᠦᠲᠦᠭᠡᠨ ᠪᠠᠶᠢᠭᠤᠯᠬᠤ ᠠᠵᠢᠯ ᠢ ᠠᠯᠢᠪᠠ ᠠᠴᠠ ᠴᠢᠬᠤᠯᠠ ᠡᠭᠦᠷᠭᠡ ᠪᠣᠯᠭᠠᠨ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠪᠦᠭᠦ ᠨᠤᠲᠤᠭ ᠪᠦᠰᠡ ᠪᠦᠭᠦ ᠶᠠᠪᠤᠴᠠ ᠪᠠᠷ ᠴᠢᠩᠭᠠᠳᠬᠠᠨ᠂ ᠬᠥᠭᠵᠢᠯᠲᠡ ᠶᠢᠨ ᠠᠷᠭ᠎ᠠ | ᠬᠡᠯᠪᠡᠷᠢ ᠶᠢᠨ ᠪᠣᠬᠢᠷᠳᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠪᠦᠭᠦ ᠣᠷᠣᠨ ᠪᠦᠰᠡ ᠪᠦᠭᠦ | ᠬᠡᠪᠴᠢᠶᠡᠨ ᠳᠤ ᠠᠬᠢᠭᠤᠯᠵᠤ᠂ ᠨᠡᠭᠦᠷᠡᠰᠦᠳᠦ᠋ᠷᠦᠭᠴᠢ ᠶᠢ ᠪᠠᠭᠠᠰᠬᠠᠬᠤ᠂ ᠪᠣᠬᠢᠷᠳᠤᠯ ᠢ ᠪᠠᠭᠠᠰᠬᠠᠬᠤ᠂ | ᠨᠣᠭᠤᠭᠠᠷᠠᠭᠤᠯᠤᠯᠲᠠ ᠪᠠᠨ ᠥᠷᠭᠡᠳᠬᠡᠬᠦ᠂ ᠠᠵᠤ ᠠᠬᠤᠢ ᠶᠢ ᠨᠡᠮᠡᠭᠳᠡᠭᠦᠯᠬᠦ ᠪᠠᠨ ᠬᠠᠮᠵᠢᠯᠴᠠᠨ ᠠᠬᠢᠭᠤᠯᠵᠤ᠂ ᠰᠠᠶᠢᠨ | ᠰᠠᠶᠢᠬᠠᠨ ᠠᠮᠢ ᠠᠬᠤᠢ ᠣᠷᠴᠢᠨ ᠲᠣᠭᠤᠷᠢᠨ ᠢ ᠥᠪᠥᠷ ᠮᠣᠩᠭᠤᠯ ᠤᠨ ᠪᠦᠭᠦ ᠲᠠᠯ᠎ᠠ ᠶᠢᠨ ᠣᠳᠣᠬᠢᠴᠢᠯᠠᠯᠲᠠ ᠶᠢᠨ | ᠥᠩᠭᠡ ᠢᠯᠭᠠᠷᠠᠮ᠎ᠠ ᠵᠢᠷᠤᠭ ᠲᠥᠰᠥᠪ ᠪᠠ ᠬᠠᠷᠠᠭ᠎ᠠ ᠪᠤᠯᠢᠶᠠᠮ᠎ᠠ ᠠᠮᠵᠢᠯᠲᠠ ᠪᠦᠳᠦᠮᠵᠢ ᠪᠣᠯᠭᠠᠨ᠎ᠠ᠃ ᠬᠤᠶᠠᠷ ᠲᠤ | ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠬᠦ ᠤᠯᠠᠮᠵᠢᠯᠠᠯ ᠢ ᠡᠷᠬᠡᠪᠰᠢ ᠪᠠᠳᠠᠷᠠᠭᠤᠯᠤᠨ᠎ᠠ᠃ | ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠬᠦ ᠪᠠᠨ ᠡᠬᠡ ᠤᠯᠤᠰ ᠤᠨ ᠤᠮᠠᠷᠠᠲᠤ | ᠬᠢᠯᠢ ᠶᠢᠨ ᠠᠮᠤᠷ ᠲᠦᠪᠰᠢᠨ ᠤ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠶᠢᠨ ᠦᠨᠳᠦᠰᠦᠨ ᠴᠢᠨᠠᠷᠲᠠᠢ | ᠡᠭᠦᠷᠭᠡ ᠪᠣᠯᠭᠠᠨ᠂ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠡᠨᠡ | ᠬᠦ ᠭᠤᠣᠯ ᠰᠢᠵᠢᠮ ᠤᠨ ᠲᠣᠭᠤᠷᠢᠨ ᠳᠤ ᠦᠨᠳᠦᠰᠦᠲᠡᠨ ᠤ ᠠᠵᠢᠯ ᠢ ᠰᠠᠶᠢᠲᠤᠷ ᠬᠢᠵᠦ᠂ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠤ ᠠᠭᠤᠯᠤᠭᠳᠠᠬᠤᠨ ᠪᠠ ᠠᠭᠤᠯᠬᠤᠨ ᠢ ᠪᠠᠶᠠᠯᠢᠭᠵᠢᠭᠤᠯᠤᠨ ᠥᠷᠭᠡᠳᠬᠡᠵᠦ᠂ | ᠦᠨᠳᠦᠰᠦᠲᠡᠨ ᠨᠦᠭᠦᠳ ᠤᠨ ᠠᠷᠠᠳ ᠲᠦᠮᠡᠨ ᠢ ᠴᠢᠩ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠬᠤ᠂ | ᠨᠠᠮ ᠤᠨ ᠦᠭᠡ ᠶᠢ ᠰᠤᠨᠤᠰᠬᠤ᠂ ᠨᠠᠮ ᠢᠶᠠᠨ ᠳᠠᠭᠠᠬᠤ ᠪᠣᠯᠭᠠᠨ ᠬᠥᠮᠥᠵᠢᠭᠦᠯᠵᠦ ᠬᠥᠲᠥᠯᠥᠨ ᠵᠢᠯᠤᠭᠤᠳᠴᠤ᠂ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠤᠯᠠᠮ ᠰᠠᠶᠢᠨ ᠪᠣᠯᠭᠠᠨ᠂ ᠨᠠᠮ ᠪᠠ ᠤᠯᠤᠰ ᠤᠨ ᠶᠡᠭᠡ ᠲᠠᠯ᠎ᠠ ᠳᠤ | ᠤᠯᠠᠮ ᠰᠠᠶᠢᠲᠤᠷ ᠬᠤᠪᠢ ᠨᠡᠮᠡᠷᠢ ᠦᠵᠡᠭᠦᠯᠵᠦ᠂ ᠪᠦᠯᠬᠦᠮᠳᠡᠨ ᠲᠡᠮᠡᠴᠡᠵᠦ ᠪᠠᠶᠢᠭᠠᠳ ᠡᠬᠡ ᠤᠯᠤᠰ ᠤᠨ ᠬᠢᠯᠢ | ᠬᠢᠵᠠᠭᠠᠷ ᠢᠶᠠᠨ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤ ᠪᠠᠷ ᠴᠣᠭᠴᠠᠯᠠᠨ᠎ᠠ᠃ | | ᠲᠥᠯᠥᠭᠡᠯᠡᠭᠴᠢᠳ ᠠ᠋︕ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠤᠭᠤᠴᠠᠭ᠎ᠠ | ᠰᠣᠯᠢᠬᠤ ᠪᠣᠯᠣᠯ᠎ᠠ᠂ ᠰᠢᠨ᠎ᠡ ᠤᠳᠤᠷᠢᠳᠬᠤ ᠪᠠᠭ ᠤᠨ ᠬᠢᠨ ᠰᠢᠨ᠎ᠡ ᠳᠦᠷᠰᠦ ᠪᠠᠶᠢᠳᠠᠯ ᠰᠢᠨ᠎ᠡ ᠠᠮᠵᠢᠯᠲᠠ ᠪᠦᠳᠦᠮᠵᠢ | ᠭᠠᠷᠭᠠᠬᠤ ᠬᠡᠷᠡᠭᠲᠡᠢ᠂ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ︽ | ᠭᠤᠷᠪᠠᠨ ᠡᠷᠬᠡᠪᠰᠢ︾ ᠶᠢ ᠢᠮᠠᠭᠲᠠ ᠪᠠᠲᠤ ᠴᠡᠭᠡᠵᠢᠯᠡᠨ᠂ ᠨᠠᠮ ᠪᠠ ᠠᠷᠠᠳ ᠤᠨ ᠲᠥᠯᠥᠭᠡ ᠠᠮᠢ ᠬᠤᠪᠢ ᠪᠠᠨ ᠦᠯᠦ | ᠪᠤᠳᠤᠵᠦ᠂ ᠠᠵᠢᠯ ᠪᠠ ᠦᠢᠯᠡᠰ ᠤᠨ ᠲᠥᠯᠥᠭᠡ ᠪᠡᠶ᠎ᠡ ᠪᠠᠨ ᠴᠦᠯᠡᠬᠦ᠂ ᠬᠦᠴᠢᠷ ᠪᠠ ᠪᠡᠷᠬᠡᠰᠢᠶᠡᠯ ᠢ ᠲᠤᠭᠤᠯᠬᠤ ᠪᠠᠷ | ᠮᠡᠷᠡᠶᠢᠨ ᠵᠢᠳᠭᠦᠬᠦ ᠤᠶᠤᠨ ᠰᠠᠨᠠᠭᠠᠨ ᠤ ᠲᠦᠪᠰᠢᠨ ᠲᠠᠢ ᠪᠠᠶᠢᠬᠤ ᠶᠢ ᠪᠠᠷᠢᠮᠲᠠᠯᠠᠨ ᠬᠥᠭᠡᠭᠡᠴᠡᠯᠳᠦᠵᠦ᠂ ᠦᠨᠡᠨᠴᠢ | ᠰᠢᠳᠤᠷᠭᠤ᠂ ᠠᠷᠢᠭᠤᠨ ᠴᠢᠬᠡᠴᠢ᠂ ᠵᠣᠷᠢᠭᠲᠠᠢ ᠡᠭᠦᠷᠭᠡᠯᠡᠬᠦ ᠤᠯᠤᠰ ᠲᠦᠷᠦ ᠶᠢᠨ ᠣᠣᠷ ᠴᠢᠨᠠᠷ ᠢ ᠥᠨᠢᠳᠡ | ᠪᠠᠷᠢᠮᠲᠠᠯᠠᠨ᠎ᠠ᠃ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠣᠷᠣᠯᠴᠠᠵᠦ᠂ ᠪᠦᠭᠦ ᠲᠠᠯ᠎ᠠ ᠪᠠᠷ ᠡᠵᠡᠮᠰᠢᠵᠦ᠂ ᠪᠦᠭᠦ | ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠬᠦᠰᠡᠯᠡᠩ ᠢᠶᠠᠨ ᠪᠠᠲᠤᠳᠬᠠᠨ᠂ | ᠨᠠᠮᠴᠢ ᠴᠢᠨᠠᠷ ᠢᠶᠠᠨ ᠳᠠᠪᠲᠠᠨ ᠪᠤᠯᠪᠠᠰᠤᠷᠠᠭᠤᠯᠵᠦ᠂ ᠦᠢᠯᠡᠳᠦᠯᠭᠡ ᠪᠠᠨ ᠵᠢᠯᠣᠭᠤᠳᠤᠭᠤᠯᠤᠨ᠂ ᠠᠵᠢᠯ ᠢᠶᠠᠨ | ᠠᠬᠢᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ | ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ︽ᠬᠤᠶᠠᠷ ᠢ | ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ | ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠪᠠᠨ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠨᠨᠰᠠᠨ | ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠨ᠎ᠠ᠃ ᠬᠥᠭᠵᠢᠯᠲᠡ ᠶᠢᠨ | ᠦᠵᠡᠯᠲᠡ ᠪᠠᠨ ᠲᠥᠪ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ | ᠬᠤᠭᠤᠴᠠᠭᠠᠨ ᠤ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠠᠴᠠ ᠳᠤᠷᠠᠳᠤᠭᠰᠠᠨ ︽ᠲᠤᠯᠤᠭ᠎ᠠ ᠶᠢ ᠲᠠᠶᠠᠭᠳᠠᠬᠤ︾ | ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠵᠣᠷᠢᠭᠲᠠᠢ ᠪᠠᠷ ᠲᠦᠷᠦᠭᠦᠯᠡᠨ ᠬᠢᠬᠦ᠂ ᠡᠷᠡᠮᠡᠬᠡᠢ ᠪᠠᠷ | ᠲᠡᠷᠢᠭᠦᠨ ᠤ ᠬᠢ ᠶᠢ ᠭᠦᠢᠴᠡᠨ ᠳᠠᠪᠠᠭ᠋ᠤ ᠡᠷᠴᠢ ᠵᠣᠷᠢᠭ ᠢᠶᠠᠨ ᠬᠥᠭᠵᠢᠭᠡᠵᠦ᠂ ᠶᠡᠭᠡ ᠪᠠᠷ ᠠᠵᠢᠯᠯᠠᠵᠤ ᠲᠦᠷᠭᠡᠨ | ᠬᠥᠭᠵᠢᠭᠦᠯᠬᠦ᠂ ᠥᠷᠯᠥᠭᠡ ᠦᠳᠡᠰᠢ ᠦᠭᠡᠢ ᠴᠢᠷᠮᠠᠶᠢᠨ ᠲᠡᠮᠡᠴᠡᠬᠦ ᠤᠷᠮ᠎ᠠ ᠵᠣᠷᠢᠭ ᠢᠶᠠᠨ ᠭᠦᠢᠴᠡᠳ ᠪᠠᠳᠠᠷᠠᠭᠤᠯᠵᠤ᠂ | ᠦᠷ᠎ᠡ ᠳ᠋ᠦᠩ ᠢᠶᠠᠷ ᠢᠶᠠᠨ ᠠᠵᠢᠯ ᠦᠢᠯᠡᠰ ᠢᠶᠠᠨ ᠲᠣᠳᠣᠷᠠᠭᠤᠯᠬᠤ᠂ ᠦᠨᠡᠨ ᠪᠦᠳᠦᠮᠵᠢ ᠪᠠᠷ ᠢᠶᠠᠨ ᠬᠦᠴᠦ | ᠴᠢᠳᠠᠪᠤᠷᠢ ᠪᠠᠨ ᠰᠢᠯᠭᠠᠬᠤ ᠤᠳᠤᠷᠢᠳᠤᠮᠵᠢ ᠶᠢ ᠴᠢᠩᠭᠠᠷᠠᠭᠤᠯᠤᠨ᠂ ᠠᠭᠤᠯᠠ ᠲᠠᠭᠠᠷᠠᠪᠠᠯ ᠵᠠᠮ ᠲᠡᠪᠢᠰᠬᠦ᠂ ᠭᠤᠣᠯ | ᠬᠠᠰᠢᠪᠠᠯ ᠬᠥᠭᠦᠷᠭᠡ ᠲᠠᠯᠪᠢᠬᠤ ᠰᠥᠰᠥ ᠵᠣᠷᠢᠭ ᠢᠶᠠᠷ ᠬᠤᠯᠡ ᠣᠶᠢᠷ᠎ᠠ ᠶᠢ ᠬᠠᠮᠲᠤ ᠳᠤ ᠨᠢ ᠬᠠᠷᠠᠭᠠᠯᠵᠠᠵᠤ᠂ ᠦᠷ᠎ᠡ | ᠠᠰᠢᠭ ᠢ ᠤᠷᠢᠳ ᠢᠶᠠᠷ ᠪᠣᠳᠣᠯᠬᠢᠯᠠᠬᠤ ᠣᠨᠣᠯᠵᠢᠬᠤᠨ ᠢ ᠪᠠᠷᠢᠮᠲᠠᠯᠠᠨ᠂ ᠣᠨᠴᠠ ᠨᠠᠷᠢᠯᠢᠭ ᠠᠴᠠ ᠣᠭᠢ ᠰᠢᠯᠢᠳᠡᠭ | ᠮᠥᠷᠲᠡᠭᠡᠨ ᠪᠠᠷᠢᠮᠵᠢᠶ᠎ᠠ ᠥᠨᠳᠥᠷ ᠴᠢᠨᠠᠷ ᠰᠠᠶᠢᠲᠠᠢ ᠲᠦᠪᠰᠢᠨ ᠢ ᠬᠥᠭᠡᠭᠡᠴᠡᠯᠳᠦᠵᠦ᠂ ᠡᠵᠡᠩᠨᠡᠨ ᠬᠠᠮᠢᠶᠠᠷᠬᠤ ᠪᠠ | ᠨᠠᠷᠢᠨ ᠨᠢᠭᠲᠠ ᠪᠤᠳᠤᠵᠦ ᠰᠡᠳᠬᠢᠬᠦ ᠴᠢᠳᠠᠪᠤᠷᠢ ᠪᠠᠨ ᠴᠢᠩᠭᠠᠷᠠᠭᠤᠯᠤᠨ᠂ ᠦᠵᠡᠯ ᠰᠠᠨᠠᠭ᠎ᠠ ᠪᠠᠨ ᠴᠢᠯᠦᠭᠡᠯᠡᠨ᠂ | ᠦᠵᠡᠯᠲᠡ ᠪᠠᠨ ᠰᠢᠨᠡᠳᠬᠡᠵᠦ ᠪᠠᠶᠢᠭᠠᠳ ᠬᠥᠭᠵᠢᠯᠲᠡ ᠶᠢ ᠲᠦᠷᠭᠡᠳᠬᠡᠬᠦ᠂ ᠬᠥᠭᠵᠢᠯᠲᠡ ᠶᠢ ᠴᠢᠩᠭ᠎ᠠ ᠠᠳᠬᠤᠬᠤ | ᠴᠤᠭ ᠵᠣᠯᠢ ᠪᠠᠨ ᠪᠦᠭᠦ ᠲᠠᠯ᠎ᠠ ᠪᠠᠷ ᠪᠠᠳᠠᠷᠠᠭᠠᠨ᠎ᠠ᠃ ᠠᠷᠠᠳ ᠲᠤ ᠦᠨᠡᠨᠴᠢ ᠪᠠᠷ ᠦᠢᠯᠡᠴᠢᠯᠡᠨ᠎ᠡ᠃ ᠵᠣᠷᠢᠯᠲᠠ ᠶᠢᠨ | ᠤᠬᠠᠮᠰᠠᠷ ᠢᠶᠠᠨ ᠴᠢᠩᠭᠠᠷᠠᠭᠤᠯᠵᠤ᠂ ᠠᠷᠠᠳ ᠲᠤ ᠠᠰᠢᠭ ᠬᠦᠷᠲᠡᠭᠡᠬᠦ ᠪᠠᠷ ᠦᠨᠳᠦᠰᠦ ᠪᠤᠯᠭᠠᠬᠤ ᠶᠢ ᠪᠠᠷᠢᠮᠲᠠᠯᠠᠨ᠂ | ᠵᠥᠪ ᠤᠨᠤᠪᠴᠢᠳᠠᠢ ᠵᠠᠰᠠᠭ ᠤᠨ ᠠᠵᠢᠯ ᠤᠨ ᠪᠦᠳᠦᠮᠵᠢ ᠶᠢᠨ ᠦᠵᠡᠯᠲᠡ ᠶᠢ ᠪᠤᠢ ᠪᠤᠯᠭᠠᠬᠤ ᠪᠠ | ᠦᠢᠯᠡᠳᠦᠯᠭᠡᠵᠢᠭᠦᠯᠵᠦ᠂ ᠠᠯᠢᠪᠠ ᠤᠴᠢᠷ ᠶᠠᠪᠤᠳᠠᠯ ᠢ ᠬᠢᠬᠦ ᠳᠤ ᠪᠠᠨ ᠶᠠᠭᠤᠨ ᠤ ᠡᠮᠦᠨ᠎ᠡ ᠠᠷᠠᠳ ᠢᠷᠭᠡᠳ ᠲᠤ ᠶᠠᠭᠤ | ᠨᠢᠭᠡ ᠱᠠᠭᠠᠷᠳᠠᠭᠳᠠᠵᠤ ᠪᠠᠶᠢᠬᠤ᠂ ᠲᠡᠳᠡ ᠶᠠᠭᠤ ᠨᠢᠭᠡ ᠶᠢ ᠬᠦᠰᠡᠵᠦ ᠪᠠᠶᠢᠬᠤ ᠭᠡᠳᠡᠭ ᠢ ᠪᠣᠳᠣᠯᠬᠢᠯᠠᠨ᠂ ᠤᠯᠠᠨ | ᠲᠦᠮᠡᠨ ᠤ ᠳᠤᠮᠳᠠ ᠭᠦᠨᠵᠡᠭᠡᠶᠢᠷᠡᠨ ᠬᠤᠲᠠᠯᠠ ᠤᠯᠠᠨ ᠢᠶᠠᠷ ᠢᠶᠠᠨ ᠵᠥᠪᠳᠡᠯᠴᠡᠨ ᠲᠣᠬᠢᠷᠠᠯᠴᠠᠵᠤ ᠪᠠᠶᠢᠭᠠᠳ | ᠬᠠᠮᠲᠤ ᠪᠠᠷ ᠭᠦᠢᠴᠡᠳᠬᠡᠨ ᠬᠢᠵᠦ᠂ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠳᠤ ᠲᠦᠰᠢᠭᠯᠡᠨ ᠲᠣᠮᠣ | ᠠᠵᠢᠯ ᠦᠢᠯᠡᠰ ᠪᠠ ᠪᠣᠳᠠᠲᠤ ᠠᠵᠢᠯ ᠶᠠᠪᠤᠳᠠᠯ ᠪᠦᠲᠦᠭᠡᠨ᠂ ᠠᠷᠠᠳ ᠤᠨ ᠬᠦᠴᠦᠨ ᠢ ᠨᠢᠭᠲᠠᠷᠠᠭᠤᠯᠤᠨ᠂ ᠠᠷᠠᠳ ᠤᠨ | ᠰᠡᠳᠬᠢᠯ ᠢ ᠳᠤᠯᠠᠭᠠᠴᠠᠭᠤᠯᠤᠨ᠎ᠠ᠃ ᠦᠨᠳᠦᠰᠦᠨ ᠱᠠᠲᠤᠨ ᠤ ᠤᠳᠤᠷᠢᠳᠤᠮᠵᠢ ᠶᠢ ᠲᠣᠪᠦ᠋ᠢᠯᠭᠠᠨᠠ᠃ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠠᠴᠠ ᠦᠨᠳᠦᠰᠦᠨ ᠱᠠᠲᠤᠨ ᠤ ᠬᠢᠨ ᠢ ᠳᠠᠶᠢᠴᠢᠯᠠᠨ ᠳᠠᠭᠠᠭᠤᠯᠵᠤ ᠪᠠᠶᠢᠭᠠᠳ | ᠵᠣᠷᠢᠭᠲᠠᠢ ᠪᠠᠷ ᠪᠣᠳᠠᠲᠤ ᠶᠠᠪᠤᠳᠠᠯ ᠬᠢᠵᠦ᠂ ᠲᠡᠭᠦᠨ ᠢ ᠪᠠᠨ ᠬᠢᠵᠦ ᠪᠦᠲᠦᠭᠡᠬᠦ ᠮᠥᠷᠲᠡᠭᠡᠨ ᠦᠨᠳᠦᠰᠦᠨ | ᠱᠠᠲᠤᠨ ᠤ ᠬᠢᠨ ᠢ ᠢᠯᠡᠭᠦᠬᠡᠨ ᠬᠠᠪᠰᠤᠷᠴᠤ ᠪᠠᠶᠢᠭᠠᠳ ᠢᠯᠡᠭᠦᠬᠡᠨ ᠠᠷᠭ᠎ᠠ ᠰᠠᠮᠪᠠᠭ᠎ᠠ ᠰᠦᠪᠡᠭᠴᠢᠯᠡᠵᠦ᠂ ᠲᠡᠳᠡᠨ ᠳᠤ | ᠤᠬᠠᠭᠠᠨ ᠪᠣᠳᠣᠯᠭ᠎ᠠ ᠭᠠᠷᠭᠠᠵᠤ ᠥᠭᠭᠦᠨ᠎ᠡ᠂ ᠡᠭᠦᠨ ᠤ ᠳᠠᠭᠠᠤ ᠳᠤ ᠲᠦᠷᠦ ᠶᠢᠨ ᠪᠣᠳᠣᠯᠭ᠎ᠠ ᠪᠠ ᠲᠦᠷᠦᠯ ᠵᠦᠢᠯ | ᠣᠯᠬᠤ ᠪᠠᠷ ᠨᠢᠭᠡᠳᠦᠯᠲᠡᠢ ᠪᠠᠷ ᠬᠠᠮᠲᠤ ᠳᠤ ᠪᠠᠨ ᠴᠢᠷᠮᠠᠶᠢᠬᠤ᠂ ᠬᠤᠳᠠᠯᠳᠤᠭᠠᠴᠢᠨ ᠢ ᠤᠷᠢᠬᠤ ᠪᠠᠷ ᠨᠢᠭᠡᠳᠦᠯᠲᠡᠢ ᠪᠠᠷ | ᠬᠠᠮᠲᠤ ᠳᠤ ᠪᠠᠨ ᠮᠡᠷᠡᠶᠢᠬᠦ ᠮᠥᠷᠲᠡᠭᠡᠨ ᠦᠨᠳᠦᠰᠦᠨ ᠱᠠᠲᠤᠨ ᠳᠤ ᠭᠦᠨᠵᠡᠭᠡᠶᠢᠷᠡᠨ ᠠᠰᠠᠭᠤᠳᠠᠯ ᠢ ᠠᠳᠬᠤᠵᠤ᠂ | ᠲᠦᠪᠡᠭᠲᠡᠢ ᠰᠡᠳᠦᠪ ᠲᠤ ᠰᠢᠪᠲᠤᠯᠤᠯᠲᠠ ᠭᠠᠷᠭᠠᠨ᠂ ᠬᠦᠴᠢᠷᠲᠡᠢ ᠵᠦᠢᠯ ᠢ ᠨᠢ ᠰᠢᠢᠳᠪᠦᠷᠢᠯᠡᠵᠦ ᠦᠭᠬᠦᠨ᠎ᠡ︔ | ᠲᠢᠩᠬᠢᠮ ᠲᠣᠪᠴᠢᠶ᠎ᠠ ᠰᠠᠯᠠᠭ᠎ᠠ ᠮᠥᠴᠢᠷ ᠤᠳ ᠪᠦᠭᠦ ᠲᠠᠯ᠎ᠠ ᠶᠢᠨ ᠵᠣᠭᠰᠣᠴᠠ ᠠᠴᠠ ᠦᠢᠯᠡᠴᠢᠯᠡᠭᠡᠨ ᠤ ᠤᠬᠠᠮᠰᠠᠷ᠂ | ᠠᠵᠢᠭᠯᠠᠵᠤ ᠰᠡᠳᠬᠢᠨ ᠰᠢᠢᠳᠪᠦᠷᠢᠯᠡᠬᠦ ᠰᠡᠳᠬᠢᠬᠦᠢ ᠪᠠᠨ ᠴᠢᠩᠭᠠᠷᠠᠭᠤᠯᠵᠤ᠂ ᠬᠢᠨᠠᠭᠤᠯᠵᠤ ᠵᠥᠪᠰᠢᠶᠡᠷᠡᠭᠦᠯᠬᠦ ᠪᠠᠷ | ᠢᠷᠡᠭᠦᠯᠦᠭᠰᠡᠨ ᠲᠦᠷᠦᠯ ᠵᠦᠢᠯ ᠤᠨ ᠵᠥᠪᠰᠢᠶᠡᠷᠡᠵᠦ ᠪᠣᠯᠬᠤ ᠶᠢ ᠨᠢ ᠲᠦᠷᠭᠡᠨ ᠬᠢᠨᠠᠨ ᠵᠥᠪᠰᠢᠶᠡᠷᠡᠵᠦ᠂ ᠲᠤᠰᠢᠶᠠᠨ | ᠭᠦᠢᠴᠡᠳᠬᠡᠯᠭᠡᠬᠦ ᠪᠠᠷ ᠢᠷᠡᠭᠦᠯᠦᠭᠰᠡᠨ ᠵᠦᠢᠯᠡᠰ ᠤᠨ ᠭᠦᠢᠴᠡᠳᠬᠡᠵᠦ ᠪᠣᠯᠬᠤ ᠶᠢ ᠨᠢ ᠭᠦᠢᠴᠡᠳ ᠭᠦᠢᠴᠡᠳᠬᠡᠵᠦ᠂ | ᠬᠤᠪᠢᠳᠠᠵᠤ ᠥᠭᠭᠦᠭᠰᠡᠨ ᠡᠭᠦᠷᠭᠡ ᠶᠢ ᠨᠢ ᠱᠠᠯᠠᠪᠳᠠᠵᠤ ᠪᠠᠶᠢᠭᠠᠳ ᠭᠦᠢᠴᠡᠳᠬᠡᠯᠭᠡᠬᠦ ᠶᠢᠨ ᠳᠠᠭᠠᠤ ᠳᠤ ᠪᠠᠰᠠ | ᠬᠠᠪᠰᠤᠷᠤᠨ ᠭᠦᠢᠴᠡᠳᠬᠡᠵᠦ ᠦᠭᠬᠦᠨ᠎ᠡ︔ ᠠᠶᠢᠮᠠᠭ ᠬᠤᠳᠠ ᠬᠤᠰᠢᠭᠤ ᠰᠢᠶᠠᠨ ᠨᠤᠭᠤᠳ ᠪᠦᠭᠦ ᠣᠷᠣᠨ ᠢᠶᠠᠷ ᠢᠶᠠᠨ | ︽ᠨᠢᠭᠡ ᠬᠥᠯᠭᠡ ᠰᠢᠲᠠᠷ᠎ᠠ︾ ᠠᠳᠠᠯᠢ ᠪᠠᠶᠢᠬᠤ ᠶᠢ ᠪᠠᠷᠢᠮᠲᠠᠯᠠᠨ᠂ ᠪᠦᠭᠦ ᠲᠠᠯ᠎ᠠ ᠶᠢᠨ ᠪᠠᠶᠢᠷᠢ ᠲᠣᠭᠲᠠᠭᠠᠯᠲᠠ ᠶᠢ | ᠣᠨᠣᠴᠠᠲᠠᠢ ᠣᠯᠵᠤ᠂ ᠣᠨᠴᠠᠯᠢᠭ ᠳᠠᠪᠠᠭᠤᠯᠢᠭ ᠲᠤ ᠪᠠᠨ ᠰᠠᠭᠤᠷᠢᠯᠠᠨ᠂ ᠭᠤᠣᠯᠯᠠᠨ ᠰᠢᠪᠲᠤᠯᠬᠤ ᠴᠢᠭᠯᠡᠯ ᠢᠶᠠᠨ | ᠲᠣᠳᠣᠷᠬᠠᠢ ᠲᠣᠭᠲᠠᠭᠠᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ ᠪᠠᠶᠢᠭᠠᠳ ᠲᠦᠷᠭᠡᠨ ᠬᠥᠭᠵᠢᠯᠲᠡ ᠪᠠᠨ | ᠤᠯᠠᠮ ᠠᠴᠠ ᠲᠦᠷᠭᠡᠳᠬᠡᠨ᠎ᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠪᠠᠶᠢᠭᠤᠯᠤᠮᠵᠢ᠂ | ᠡᠭᠦᠷᠭᠡ ᠴᠢᠳᠠᠪᠤᠷᠢ᠂ ᠡᠷᠬᠡ ᠮᠡᠳᠡᠯ᠂ ᠲᠡᠰ ᠳᠠᠷᠠᠭᠠᠯᠠᠯ᠂ ᠬᠠᠷᠢᠭᠤᠴᠠᠯᠭ᠎ᠠ ᠶᠢᠨ ᠬᠠᠤᠯᠢ ᠶᠣᠰᠣᠨ ᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠵᠢᠷᠤᠮᠯᠠᠯ ᠢᠶᠠᠷ ᠠᠰᠠᠭᠤᠳᠠᠯ ᠢ | ᠪᠣᠳᠣᠯᠬᠢᠯᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠨ᠂ ᠠᠵᠢᠯ ᠶᠠᠪᠤᠳᠠᠯ ᠬᠢᠵᠦ᠂ ᠵᠠᠰᠠᠭ ᠵᠠᠬᠢᠷᠭᠠᠨ ᠤ ᠬᠠᠤᠯᠢ | ᠲᠣᠭᠲᠠᠭᠠᠬᠤ ᠴᠢᠨᠠᠷ ᠴᠢᠨᠰᠠᠭ᠎ᠠ ᠦᠷ᠎ᠡ ᠠᠰᠢᠭ ᠢ ᠳᠡᠬᠡᠭᠰᠢᠯᠡᠬᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯᠯᠠᠭᠠᠨ ᠢ ᠵᠢᠷᠤᠮᠵᠢᠭᠤᠯᠤᠨ᠂ ᠡᠯ᠎ᠡ ᠲᠠᠯ᠎ᠠ ᠶᠢᠨ ᠬᠢᠨ ᠤ ᠬᠢᠨᠠᠯᠲᠠ ᠲᠠᠯᠪᠢᠯᠲᠠ ᠶᠢ ᠤᠯᠠᠮ ᠢᠯᠡᠭᠦᠦ | ᠤᠬᠠᠮᠰᠠᠷ ᠠᠴᠠ ᠪᠠᠨ ᠬᠦᠯᠢᠶᠡᠵᠦ᠂ ᠵᠠᠰᠠᠭ ᠤᠨ ᠣᠷᠳᠣᠨ ᠤ ᠠᠵᠢᠯᠯᠠᠭᠠᠨ ᠢ ᠪᠦᠭᠦ ᠲᠠᠯ᠎ᠠ ᠪᠠᠷ ᠬᠠᠤᠯᠢᠵᠢᠯ ᠤᠨ ᠵᠠᠮ | ᠮᠥᠷ ᠲᠤ ᠣᠷᠣᠭᠤᠯᠤᠨ᠂ ᠵᠠᠰᠠᠭ ᠵᠠᠬᠢᠷᠭᠠᠨ ᠤ ᠦᠷ᠎ᠡ ᠠᠰᠢᠭᠯᠠᠮᠵᠢ ᠪᠠ ᠨᠡᠶᠢᠲᠡ ᠳᠤ ᠢᠳᠡᠬᠡᠭᠦᠯᠬᠦ ᠬᠦᠴᠦᠨ ᠢ ᠨᠢ | ᠲᠡᠬᠡᠭᠰᠢᠯᠡᠬᠦᠯᠦᠨ᠎ᠡ᠃ ᠰᠤᠷᠲᠠᠯ ᠢ ᠴᠡᠭᠴᠡᠯᠡᠨ ᠰᠠᠬᠢᠯᠭ᠎ᠠ ᠶᠢ ᠴᠢᠩᠳᠠᠯᠠᠬᠤ ᠪᠠᠨ ᠴᠢᠩᠭᠠᠳᠬᠠᠨ᠎ᠠ᠃ ᠨᠠᠮ ᠢ ᠬᠠᠮᠢᠶᠠᠷᠴᠤ | ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠠᠬᠢᠵᠢᠭᠦᠯᠦᠨ ᠪᠣᠳᠠᠲᠠᠶᠢᠵᠢᠭᠤᠯᠵᠤ᠂ ᠲᠥᠪ ᠤᠨ | ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠤᠨ᠂ ︽ᠲᠦᠷᠪᠡᠨ | ᠰᠤᠷᠲᠠᠯ︾ ᠤᠨ ᠠᠰᠠᠭᠤᠳᠠᠯ ᠢᠯᠠᠩᠭᠤᠶ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠦᠷᠭᠦᠯᠵᠢᠯᠡᠨ ᠵᠠᠰᠠᠨ | ᠵᠠᠯᠠᠷᠠᠭᠤᠯᠵᠤ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠡᠷᠬᠡ ᠲᠥᠪᠯᠡᠷᠡᠩᠭᠦᠢ᠂ ᠪᠡᠯᠡ ᠮᠥᠩᠭᠦ ᠣᠯᠠᠨᠲᠠᠢ᠂ ᠡᠬᠢ ᠪᠠᠶᠠᠯᠢᠭ ᠦᠯᠡᠮᠵᠢ ᠬᠦᠷᠢᠶᠡᠨ ᠳᠠᠬᠢ | ᠬᠢᠨᠠᠯᠲᠠ ᠲᠠᠯᠪᠢᠯᠲᠠ ᠪᠠ ᠬᠢᠵᠠᠭᠠᠷᠯᠠᠯ ᠢ ᠴᠢᠩᠭᠠᠷᠠᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ | ᠪᠠ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠤᠨ᠎ᠠ᠃ ᠠᠵᠢᠯ ᠤᠨ | ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ᠎ᠠ᠃ ᠠᠵᠢᠯ ᠢᠶᠠᠨ ᠲᠣᠳᠣᠷᠬᠠᠶᠢᠯᠠᠬᠤ ᠤᠬᠠᠮᠰᠠᠷ᠂ ᠡᠭᠦᠷᠭᠡ ᠪᠠᠨ | ᠪᠡᠶᠡᠯᠡᠭᠦᠯᠬᠦ ᠤᠬᠠᠮᠰᠠᠷ᠂ ᠦᠷ᠎ᠡ ᠪᠦᠳᠦᠮᠵᠢ ᠭᠠᠷᠭᠠᠬᠤ ᠤᠬᠠᠮᠰᠠᠷ ᠢ ᠴᠢᠩᠭᠠᠷᠠᠭᠤᠯᠤᠨ᠂ ᠬᠠᠷᠠᠯᠲᠠ ᠳᠤ ᠪᠠᠨ | ᠴᠢᠭᠯᠡᠭᠦᠯᠵᠦ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠢᠵᠠᠭᠠᠷᠯᠠᠯ ᠬᠦᠯᠢᠶᠡᠰᠦᠯᠡᠯ ᠠᠴᠠ ᠨᠢ ᠴᠢᠯᠦᠭᠡᠯᠡᠵᠦ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠤᠷᠳᠤᠴᠠ ᠪᠠ ᠦᠷ᠎ᠡ ᠪᠦᠳᠦᠮᠵᠢ ᠪᠠᠨ ᠳᠡᠭᠡᠭᠰᠢᠯᠡᠭᠦᠯᠦᠨ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠡᠳᠦᠵᠦ ᠲᠥᠯᠥᠪᠯᠡᠭᠰᠡᠨ ᠠᠵᠢᠯ ᠶᠠᠪᠤᠳᠠᠯ ᠢᠶᠠᠨ ᠤᠷᠢᠳᠴᠢᠯᠠᠭᠠᠳ | ᠲᠦᠷᠦᠭᠦᠯᠡᠨ ᠬᠢᠵᠦ᠂ ᠡᠷᠲᠡᠬᠡᠨ ᠮᠥᠷᠲᠡᠭᠡᠨ ᠪᠤᠰᠢᠭᠤ ᠬᠥᠳᠡᠯᠦᠯᠴᠡᠨ᠂ ᠲᠣᠭᠲᠠᠭᠰᠠᠨ ᠠᠵᠢᠯ ᠶᠠᠪᠤᠳᠠᠯ ᠢᠶᠠᠨ | ᠴᠢᠩᠭ᠎ᠠ ᠠᠳᠬᠤᠨ ᠲᠦᠷᠭᠡᠨ ᠭᠦᠢᠴᠡᠳᠬᠡᠵᠦ᠂ ᠦᠷ᠎ᠡ ᠪᠦᠳᠦᠮᠵᠢ ᠭᠠᠷᠭᠠᠵᠤ ᠦᠷ᠎ᠡ ᠳ᠋ᠦᠩ ᠲᠠᠢ ᠪᠤᠯᠭᠠᠵᠦ᠂ ︽ | ᠬᠢᠭᠰᠡᠨ ᠬᠤᠷᠠᠯ ᠢᠶᠠᠨ ᠦᠪᠡᠰᠦᠪᠡᠨ ᠲᠤᠭᠤᠰᠢᠯᠠᠭᠤᠯᠬᠤ᠂ ᠭᠠᠷᠭᠠᠭᠰᠠᠨ ᠴᠣᠬᠤᠯᠠᠪᠤᠷᠢ ᠪᠠᠨ ᠦᠪᠡᠰᠦᠪᠡᠨ | ᠨᠠᠶᠢᠳᠠᠪᠤᠷᠢᠵᠢᠭᠤᠯᠬᠤ᠂ ᠲᠣᠭᠲᠠᠭᠠᠭᠰᠠᠨ ᠲᠦᠷᠦ ᠶᠢᠨ ᠪᠣᠳᠣᠯᠭ᠎ᠠ ᠪᠠᠨ ᠦᠪᠡᠰᠦᠪᠡᠨ ᠪᠣᠳᠠᠲᠠᠶᠢᠵᠢᠭᠤᠯᠬᠤ︾ ᠶᠢ | ᠦᠨᠡᠨ ᠬᠦ ᠪᠡᠶᠡᠯᠡᠭᠦᠯᠦᠨ᠎ᠡ᠃ | ᠲᠥᠯᠥᠭᠡᠯᠡᠭᠴᠢᠳ ᠠ᠋︕ ᠰᠢᠨ᠎ᠡ ᠠᠶᠠᠨ ᠵᠠᠮ ᠤᠨ ᠰᠠᠷᠠᠭᠤᠯ ᠢᠷᠡᠭᠡᠳᠦᠢ ᠪᠢᠳᠡᠨ ᠢ ᠬᠤᠷᠦ᠋ᠢᠯᠠᠵᠤ᠂ | ᠣᠳᠣᠬᠢᠴᠢᠯᠠᠯᠲᠠ ᠶᠢᠨ ᠠᠤᠭ᠎ᠠ ᠲᠥᠰᠥᠪ ᠪᠢᠳᠡᠨ ᠤ ᠤᠷᠮ᠎ᠠ ᠵᠣᠷᠢᠭ ᠢ ᠬᠥᠭᠵᠢᠭᠡᠵᠦ ᠪᠠᠶᠢᠨ᠎ᠠ᠃ ᠪᠢᠳᠡ ᠰᠢ ᠶᠢᠨ | ᠫᠢᠩ ᠨᠥᠬᠦᠷ ᠢᠶᠠᠷ ᠭᠤᠣᠯ ᠪᠣᠯᠭᠠᠨᠨᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠤᠯᠠᠮ ᠴᠢᠩᠭ᠎ᠠ ᠨᠢᠭᠲᠠᠷᠠᠨ | ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠠᠭᠠᠭᠤᠯᠭ᠎ᠠ ᠳᠣᠣᠷ᠎ᠠ᠂ ᠨᠢᠭᠡ ᠰᠡᠳᠬᠢᠯ | ᠨᠢᠭᠡ ᠵᠣᠷᠢᠭ ᠢᠶᠠᠷ ᠦᠨᠡᠨ ᠬᠦ ᠰᠢᠷᠭᠠᠭᠤ ᠦᠨᠡᠨᠴᠢ ᠪᠠᠷ ᠠᠵᠢᠯᠯᠠᠨ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠠᠶᠢᠭᠤᠯᠵᠤ᠂ ᠲᠣᠮᠳᠠᠳᠣ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠣᠯᠳᠡ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ︕ | | ᠳᠠᠭᠠᠯᠳᠤᠭᠤᠯᠤᠯ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠳᠠᠬᠢ ᠠᠷᠠᠳ ᠤᠨ ᠠᠮᠢᠳᠤᠷᠠᠯ ᠤᠨ | ᠪᠣᠳᠠᠲᠠᠢ ᠶᠠᠪᠤᠳᠠᠯ ᠤᠨ 43 ᠲᠥᠷᠥᠯ ᠵᠦᠢᠯ ᠵᠢᠴᠢ ᠲᠦᠷᠦᠭᠦᠯᠡᠨ ᠬᠠᠷᠢᠭᠤᠴᠠᠬᠤ ᠨᠢᠭᠡᠴᠢ ᠨᠢᠭᠡ᠂ ᠣᠯᠠᠨ | ᠲᠦᠮᠡᠨ ᠤ ᠠᠵᠢᠯ ᠣᠯᠵᠤ ᠣᠷᠣᠯᠭ᠎ᠠ ᠨᠡᠮᠡᠭᠳᠡᠬᠦ ᠶᠢ ᠨᠢ ᠠᠬᠢᠭᠤᠯᠬᠤ 7 ᠵᠦᠢᠯ | 1. ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠤ ᠦᠨᠡᠨ ᠨᠡᠷ᠎ᠡ ᠶᠢᠨ ᠳᠦᠷᠢᠮᠲᠦ ᠬᠠᠪᠰᠤᠷᠤᠨ ᠲᠡᠳᠭᠦᠬᠦ ᠠᠵᠢᠯᠯᠠᠭᠠᠨ ᠢ ᠬᠡᠷᠡᠭᠵᠢᠭᠦᠯᠵᠦ᠂ ᠵᠢᠯ ᠤᠨ | ᠰᠡᠭᠦᠯᠴᠢ ᠪᠣᠯᠬᠤ ᠳᠤ ᠠᠵᠢᠯ ᠣᠯᠭᠤᠯᠲᠠ ᠶᠢᠨ ᠨᠣᠷᠮ᠎ᠠ ᠪᠠᠨ 90% ᠠᠴᠠ ᠳᠡᠭᠡᠭᠰᠢ ᠪᠣᠯᠭᠠᠬᠤ ᠶᠢ ᠦᠨᠡᠨ ᠬᠦ | ᠪᠠᠲᠤᠯᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶᠃ | 2. ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠪᠠ ᠨᠡᠶᠢᠭᠡᠮ ᠲᠣᠭᠤᠷᠢᠭ ᠤᠨ ᠠᠷᠠᠳ ᠤᠨ | ᠠᠮᠢᠳᠤᠷᠠᠯ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠲᠥᠯᠥᠪᠯᠡᠭᠡ ᠶᠢ ᠬᠡᠷᠡᠭᠵᠢᠭᠦᠯᠵᠦ᠂ ᠲᠥᠷᠥᠯ ᠵᠦᠢᠯ ᠤᠨ | ᠠᠵᠢᠯᠲᠠᠨ ᠢ 7500 ᠡᠯᠰᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶᠃ | 3. 19.62 ᠲᠦᠮᠡᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠪᠣᠯᠣᠨ ᠪᠤᠴᠠᠭᠠᠳ ᠶᠠᠳᠠᠭᠤᠷᠠᠬᠤ ᠪᠠ | ᠶᠠᠳᠠᠭᠤ ᠪᠠᠶᠢᠳᠠᠯ ᠳᠤ ᠣᠷᠣᠬᠤ ᠶᠢ ᠨᠢ ᠰᠡᠷᠭᠡᠶᠢᠯᠡᠨ ᠠᠵᠢᠭᠯᠠᠵᠤ ᠪᠠᠶᠢᠭᠰᠠᠨ ᠬᠡᠪᠴᠢᠶᠡᠨ ᠳᠠᠬᠢ ᠬᠥᠮᠥᠰ ᠤᠨ ᠬᠦᠴᠦ | ᠶᠠᠪᠤᠵᠤ ᠠᠵᠢᠯ ᠣᠯᠬᠤ ᠶᠢ ᠠᠬᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠃ | 4. ᠬᠤᠰᠢᠭᠤ ᠰᠢᠶᠠᠨ ︵ᠬᠤᠲᠠ᠂ ᠲᠣᠭᠤᠷᠢᠭ︶ ᠪᠣᠯᠭᠠᠨ ᠳᠤ ᠡᠳᠦᠷ ᠤᠨ ᠬᠦᠴᠦ ᠶᠠᠪᠤᠭᠰᠠᠳ ᠤᠨ ᠵᠠᠬ᠎ᠠ | ᠳᠡᠯᠭᠡᠭᠦᠷ ᠢ ᠠᠳᠠᠭ ᠲᠤ ᠪᠠᠨ 1 ᠪᠠᠶᠢᠭᠤᠯᠵᠤ᠂ ᠤᠶᠠᠨ ᠠᠮᠢᠳᠤᠯᠢᠭ ᠢᠶᠠᠷ ᠠᠵᠢᠯᠯᠠᠬᠤ ᠬᠥᠮᠥᠰ ᠲᠤ ᠠᠵᠢᠯ | ᠣᠯᠭᠤᠬᠤ ᠶᠢ ᠠᠬᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶᠃ | 5. ᠵᠡᠮᠳᠡᠭᠴᠦᠳ ᠲᠤ ᠠᠵᠢᠯ ᠣᠯᠭᠤᠬᠤ ᠭᠤᠷᠪᠠᠨ ᠵᠢᠯ ᠤᠨ ᠠᠵᠢᠯᠯᠠᠭᠠᠨ ᠢ ᠬᠡᠷᠡᠭᠵᠢᠭᠦᠯᠵᠦ᠂ ᠠᠵᠢᠯ | ᠣᠯᠣᠭᠰᠠᠳ ᠢ 8000 ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ︶᠃ | 6. ᠵᠠᠰᠠᠭ ᠤᠨ ᠣᠷᠳᠣᠨ ᠤ ᠨᠥᠬᠦᠪᠦᠷᠢ ᠥᠭᠬᠦ ᠴᠢᠨᠠᠷᠲᠠᠢ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ | ᠪᠣᠯᠪᠠᠰᠤᠷᠠᠯ ᠢ 25 ᠲᠦᠮᠡᠨ ᠬᠥᠮᠥᠨ ᠤᠳᠠᠭ᠎ᠠ ᠥᠷᠨᠢᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ | ︶︔ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠵᠣᠬᠢᠶᠠᠨ ᠪᠠᠶᠢᠭᠤᠯᠵᠤ ᠪᠠᠶᠢᠭᠠᠳ ᠬᠥᠯᠥᠰᠦᠨ ᠲᠠᠷᠢᠶᠠᠴᠢᠨ | ᠮᠠᠯᠴᠢᠳ᠂ ᠠᠵᠢᠯ ᠣᠯᠬᠤ ᠳᠤ ᠬᠦᠴᠢᠷᠲᠡᠢ ᠬᠥᠮᠥᠰ᠂ ᠨᠢᠭᠡ ᠨᠢ ᠴᠦ ᠠᠵᠢᠯ ᠣᠯᠣᠭᠰᠠᠨ ᠦᠭᠡᠢ ᠭᠡᠷ ᠪᠦᠯᠢ᠂ | ᠴᠡᠷᠢᠭ ᠤᠨ ᠠᠯᠪᠠ ᠠᠴᠠ ᠬᠠᠯᠠᠭᠳᠠᠭᠰᠠᠳ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ | ᠵᠡᠷᠭᠡ ᠬᠥᠮᠥᠰ ᠲᠤ ᠮᠡᠷᠭᠡᠵᠢᠯ ᠤᠷ᠎ᠠ ᠮᠡᠷᠭᠡᠰᠢᠯ ᠤᠨ ᠲᠠᠯ᠎ᠠ ᠪᠠᠷ 10 ᠲᠦᠮᠡᠨ ᠬᠥᠮᠥᠨ ᠤᠳᠠᠭ᠎ᠠ ᠪᠣᠯᠪᠠᠰᠤᠷᠠᠯ | ᠬᠦᠷᠲᠡᠭᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ︶︔ ᠥᠨᠳᠥᠷ ᠬᠡᠪ ᠴᠢᠨᠠᠷ ᠲᠠᠢ ᠲᠠᠷᠢᠶᠠᠴᠢᠨ ᠮᠠᠯᠴᠢᠨ ᠢ 1.5 ᠲᠦᠮᠡ ᠭᠠᠷᠤᠢ ᠬᠥᠮᠥᠵᠢᠭᠦᠯᠦᠨ | ᠪᠤᠶᠢᠵᠢᠭᠤᠯᠵᠤ᠂ ᠬᠥᠳᠡᠭᠡ ᠲᠤᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ︽ᠬᠤᠰᠢᠭᠤᠴᠢ | ᠭᠠᠯᠠᠭᠤ︾ ᠪᠣᠯᠬᠤ 780 ᠬᠥᠮᠥᠨ ᠢ ᠬᠥᠮᠥᠵᠢᠭᠦᠯᠦᠨ ᠪᠤᠶᠢᠵᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ︶᠃ | 7. ᠴᠠᠯᠢᠩ ᠦᠷᠢᠲᠦᠬᠦ ᠶᠢ ᠰᠡᠷᠭᠡᠶᠢᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭᠠᠨ ᠢ ᠥᠷᠨᠢᠭᠦᠯᠵᠦ᠂ | ᠬᠥᠯᠥᠰᠦᠨ ᠲᠠᠷᠢᠶᠠᠴᠢᠨ ᠮᠠᠯᠴᠢᠳ ᠤᠨ ᠴᠠᠯᠢᠩ ᠢᠶᠠᠨ ᠴᠠᠭ ᠲᠤ ᠪᠠᠨ ᠲᠤᠭ᠎ᠠ ᠶᠣᠰᠣᠭᠠᠷ ᠭᠠᠷᠳᠠᠬᠤ ᠶᠢ ᠦᠨᠡᠨ ᠬᠦ | ᠪᠠᠲᠤᠯᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶᠃ | ᠬᠤᠶᠠᠷ᠂ ᠨᠡᠶᠢᠭᠡᠮ ᠤᠨ ᠪᠠᠲᠤᠯᠠᠭ᠎ᠠ ᠶᠢ ᠴᠢᠩᠭᠠᠳᠬᠠᠬᠤ 10 ᠵᠦᠢᠯ | 8. ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠳ ᠢ 50 ᠲᠦᠮᠡ ᠰᠢᠨ᠎ᠡ ᠪᠠᠷ ᠨᠡᠮᠡᠭᠳᠡᠭᠦᠯᠵᠦ᠂ | ᠶᠡᠷᠦᠩᠬᠡᠢ ᠳᠤ ᠨᠢ 1733 ᠲᠦᠮᠡ ᠳᠤ ᠬᠦᠷᠭᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶᠃ | 9. ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ | ᠳᠡᠭᠡᠭᠰᠢᠯᠡᠭᠦᠯᠵᠦ᠂ ᠨᠡᠮᠡᠭᠳᠡᠯ ᠤᠨ ᠬᠡᠮᠵᠢᠶ᠎ᠡ ᠶᠢ 5% ᠠᠴᠠ ᠳᠣᠣᠷ᠎ᠠ ᠪᠠᠶᠢᠯᠭᠠᠬᠤ ᠦᠭᠡᠢ ︵ᠲᠦᠷᠦᠭᠦᠯᠡᠨ | ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ︶᠃ | 10. ᠥᠨᠥᠴᠢᠨ ᠬᠡᠦᠬᠡᠳ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠨᠡᠮᠡᠭᠳᠡᠯ ᠤᠨ | ᠬᠡᠮᠵᠢᠶ᠎ᠡ ᠶᠢ 8.3% ᠠᠴᠠ ᠳᠣᠣᠷ᠎ᠠ ᠪᠠᠶᠢᠯᠭᠠᠬᠤ ᠦᠭᠡᠢ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ︶᠃ | 11. ᠬᠤᠲᠠ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠣᠭᠤᠷᠢᠭ ᠤᠨ ᠨᠢᠭᠡ | ᠮᠥᠴᠡ ᠶᠢᠨ ᠬᠡᠪᠴᠢᠶᠡᠨ ᠳᠤ ᠭᠦᠢᠴᠡᠳᠬᠡᠬᠦ ᠴᠢᠳᠠᠮᠵᠢ ᠶᠢ ᠪᠠᠲᠤᠳᠬᠠᠨ ᠳᠡᠭᠡᠭᠰᠢᠯᠡᠭᠦᠯᠵᠦ᠂ ᠣᠨᠴᠠ ᠬᠦᠴᠢᠷᠳᠡᠯᠲᠡᠢ | ᠨᠠᠰᠤᠲᠠᠶᠢᠴᠤᠳ ᠤᠨ ᠭᠡᠷ ᠪᠦᠯᠢ ᠶᠢᠨ 2.6 ᠲᠦᠮᠡᠨ ᠡᠷᠦᠬᠡ ᠶᠢ ᠥᠲᠡᠭᠦᠰ ᠲᠤ ᠲᠣᠬᠢᠷᠠᠭᠤᠯᠬᠤ ᠪᠠᠷ ᠥᠭᠡᠷᠡᠴᠢᠯᠡᠨ | ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ | ᠲᠢᠩᠬᠢᠮ︶︔ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠣᠭᠤᠷᠢᠭ ᠲᠤ ᠨᠠᠰᠤᠵᠢᠯ ᠤᠨ | ᠦᠢᠯᠡᠴᠢᠯᠡᠭᠡᠨ ᠤ ᠪᠡᠯᠡᠳᠬᠡᠮᠵᠢ ᠶᠢ ᠪᠦᠷᠢᠨ ᠲᠣᠬᠢᠷᠠᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶᠃ | 12. ᠰᠢᠶᠠᠩ ᠪᠠᠯᠭᠠᠰᠤᠨ ᠤ ᠨᠠᠰᠤᠵᠢᠯ ᠤᠨ ᠦᠢᠯᠡᠴᠢᠯᠡᠭᠡᠨ ᠤ ᠲᠥᠪ ᠢ 350᠂ ᠲᠤᠰᠬᠤᠨ ᠤ ᠱᠠᠲᠤᠨ ᠤ | ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 2000 ᠰᠢᠨ᠎ᠡ ᠪᠠᠷ ᠪᠠᠶᠢᠭᠤᠯᠵᠤ᠂ ᠬᠥᠳᠡᠭᠡ ᠲᠤᠰᠬᠤᠨ ᠤ | ᠬᠠᠷᠢᠯᠴᠠᠨ ᠲᠤᠰᠠᠯᠠᠯᠴᠠᠬᠤ ᠨᠠᠰᠤᠵᠢᠯ ᠤᠨ ᠠᠮᠤᠷ ᠵᠢᠷᠭᠠᠯᠲᠤ ᠬᠦᠷᠢᠶᠡᠯᠡᠩ ᠤᠨ 200 ᠬᠦᠷᠢᠶᠡᠯᠡᠩ ᠤᠨ | ᠦᠢᠯᠡᠴᠢᠯᠡᠭᠡᠨ ᠤ ᠴᠢᠳᠠᠮᠵᠢ ᠶᠢ ᠥᠷᠭᠡᠳᠬᠡᠨ ᠳᠡᠭᠡᠭᠰᠢᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ︶᠃ | 13. ᠨᠥᠬᠦᠴᠡᠯ ᠳᠤ ᠨᠡᠶᠢᠴᠡᠭᠰᠡᠨ ᠠᠮᠢᠳᠤᠷᠠᠯ ᠢᠶᠠᠨ ᠦᠪᠡᠰᠦᠪᠡᠨ ᠠᠷᠭᠠᠴᠠᠭᠠᠵᠤ ᠳᠡᠶᠢᠯᠬᠦ ᠦᠭᠡᠢ ᠭᠡᠵᠦ | ᠮᠠᠭᠠᠳᠯᠠᠨ ᠲᠣᠭᠲᠠᠭᠠᠭᠳᠠᠭᠰᠠᠨ ᠠᠵᠤ ᠠᠬᠤᠢ ᠨᠢ ᠬᠦᠴᠢᠷᠳᠡᠯᠲᠡᠢ ᠨᠠᠰᠤᠲᠠᠶᠢᠴᠤᠳ ᠲᠤ ᠠᠰᠠᠷᠠᠨ ᠰᠤᠪᠢᠯᠠᠬᠤ | ᠨᠥᠬᠦᠪᠦᠷᠢ ᠣᠯᠭᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ︶᠃ | 14. ᠴᠡᠴᠡᠷᠯᠢᠭ ᠤᠨ ᠨᠢᠯᠬ᠎ᠠ ᠨᠢᠷᠠᠢ ᠬᠡᠦᠬᠡᠳ ᠤᠨ ᠣᠷᠣ ᠶᠢ 2 ᠲᠦᠮᠡ ᠰᠢᠨ᠎ᠡ ᠪᠠᠷ ᠨᠡᠮᠡᠭᠳᠡᠭᠦᠯᠵᠦ᠂ | ᠬᠡᠦᠬᠡᠳ ᠰᠠᠭᠠᠲᠠᠭᠤᠯᠵᠤ ᠬᠥᠮᠥᠵᠢᠭᠦᠯᠬᠦ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠵᠢᠷᠤᠮᠵᠢᠭᠤᠯᠤᠨ | ᠳᠡᠭᠡᠭᠰᠢᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ︶᠃ | 15. ᠬᠤᠰᠢᠭᠤ ᠰᠢᠶᠠᠨ ᠤ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ 7 ᠲᠥᠪ ᠢ ᠥᠭᠡᠷᠡᠴᠢᠯᠡᠨ | ᠰᠢᠨᠡᠳᠬᠡᠵᠦ ᠳᠡᠭᠡᠭᠰᠢᠯᠡᠭᠦᠯᠦᠨ᠂ ᠰᠢᠶᠠᠩ ᠪᠠᠯᠭᠠᠰᠤᠨ ᠤ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ 150 | ᠠᠵᠢᠯ ᠤᠨ ᠥᠷᠲᠡᠭᠡ ᠶᠢ ᠰᠢᠨ᠎ᠡ ᠪᠠᠷ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠠᠷᠠᠳ ᠤᠨ ᠶᠠᠪᠤᠳᠠᠯ ᠤᠨ ᠲᠢᠩᠬᠢᠮ︶᠃ | 16. ᠬᠦᠴᠢᠷᠳᠡᠯᠲᠡᠢ ᠬᠦᠨᠳᠦ ᠵᠡᠮᠳᠡᠭᠴᠦᠳ ᠤᠨ ᠭᠡᠷ ᠪᠦᠯᠢ ᠶᠢᠨ 6500 ᠡᠷᠦᠬᠡ ᠳᠤ ᠰᠠᠭᠠᠳ ᠦᠭᠡᠢ | ᠲᠥᠬᠦᠭᠡᠷᠦᠮᠵᠢ ᠥᠭᠡᠷᠡᠴᠢᠯᠡᠨ ᠰᠢᠨᠡᠳᠬᠡᠬᠦ ᠶᠢ ᠬᠡᠷᠡᠭᠵᠢᠭᠦᠯᠵᠦ᠂ ᠣᠶᠣᠨ ᠤᠬᠠᠭᠠᠨ ᠤ᠂ ᠤᠶᠤᠨ ᠮᠡᠳᠡᠷᠡᠯ ᠤᠨ ᠪᠠ | ᠬᠦᠨᠳᠦ ᠳᠡᠰ ᠤᠨ ᠦᠶ᠎ᠡ ᠮᠥᠴᠢ ᠨᠢ ᠵᠡᠮᠳᠡᠭ 6500 ᠬᠥᠮᠥᠨ ᠳᠤ ᠨᠠᠶᠢᠳᠠᠨ ᠠᠰᠠᠷᠠᠭᠤᠯᠬᠤ ᠦᠢᠯᠡᠴᠢᠯᠡᠭᠡ | ᠬᠠᠩᠭᠠᠨ᠂ 0 – 59 ᠨᠠᠰᠤᠨ ᠤ 41.3 ᠲᠦᠮᠡᠨ ᠵᠡᠮᠳᠡᠭᠴᠦᠳ ᠲᠤ ᠰᠠᠨᠠᠭᠠᠨ ᠳᠤ ᠦᠭᠡᠢ ᠰᠢᠷᠬᠠᠲᠤᠯ | ᠭᠡᠮᠲᠦᠯ ᠤᠨ ᠳᠠᠭᠠᠳᠬᠠᠯ ᠢ ᠬᠤᠳᠠᠯᠳᠤᠨ ᠠᠪᠴᠤ ᠥᠭᠭᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ︶᠃ | 17. ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠭᠰᠡᠨ ᠭᠡᠷ ᠪᠦᠯᠢ ᠶᠢᠨ ᠵᠣᠬᠢᠬᠤ ᠨᠠᠰᠤᠨ ᠤ ᠡᠮᠡᠭᠲᠡᠶᠢᠴᠦᠳ ᠲᠤ | ︽ᠬᠤᠶᠠᠷ ᠵᠦᠢᠯ ᠤᠨ ᠦᠮᠠᠨ ᠡᠪᠡᠳᠴᠢᠨ︾ ᠢ ᠨᠢ ᠰᠢᠭᠰᠢᠨ ᠪᠠᠶᠢᠴᠠᠭᠠᠬᠤ ᠠᠵᠢᠯ ᠢ ᠥᠷᠨᠢᠭᠦᠯᠦᠨ᠎ᠡ ︵ | ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ︶᠂ ᠣᠨᠣᠰᠢᠯᠠᠭᠳᠠᠭᠰᠠᠨ ᠡᠪᠡᠳᠴᠢᠲᠡᠨ ᠪᠦᠷᠢ ᠳᠤ ᠲᠤᠬᠠᠢ ᠶᠢᠨ ᠵᠢᠯ ᠳᠤ ᠨᠢ ᠲᠦᠮᠡᠨ ᠲᠥᠭᠦᠷᠢᠭ ᠤᠨ | ᠲᠤᠰᠠᠯᠠᠮᠵᠢ ᠣᠯᠭᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠡᠮᠡᠭᠲᠡᠶᠢᠴᠦᠳ ᠤᠨ ᠬᠤᠯᠪᠣᠭᠠᠲᠤ ᠬᠤᠷᠠᠯ︶᠃ | ᠭᠤᠷᠪᠠ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ 15 ᠵᠦᠢᠯ ᠢ ᠰᠢᠯᠢᠳᠡᠭᠵᠢᠭᠦᠯᠦᠨ᠎ᠡ | 18. ᠬᠡᠦᠬᠡᠳ ᠤᠨ ᠴᠡᠴᠡᠷᠯᠢᠭ ᠢ 204᠂ ᠳᠤᠮᠳᠠᠲᠤ ᠪᠠᠭ᠎ᠠ ᠰᠤᠷᠭᠠᠭᠤᠯᠢ ᠶᠢ 676 ᠰᠢᠨ᠎ᠡ ᠪᠠᠷ | ᠪᠠᠶᠢᠭᠤᠯᠬᠤ ᠪᠠ ᠥᠭᠡᠷᠡᠴᠢᠯᠡᠨ ᠰᠢᠨᠡᠳᠬᠡᠵᠦ ᠥᠷᠭᠡᠳᠬᠡᠨ ᠪᠠᠶᠢᠭᠤᠯᠵᠤ᠂ ᠬᠡᠦᠬᠡᠳ ᠪᠠ ᠰᠤᠷᠤᠭᠴᠢᠳ ᠤᠨ ᠣᠷᠣ ᠶᠢ | 6.6 ᠲᠦᠮᠡ ᠰᠢᠨ᠎ᠡ ᠪᠠᠷ ᠨᠡᠮᠡᠭᠳᠡᠭᠦᠯᠵᠦ᠂ ᠵᠤᠨ ᠤ ᠠᠮᠠᠷᠠᠯᠲᠠ ᠶᠢᠨ ᠬᠤᠭᠤᠴᠠᠭᠠᠨ ᠳᠠᠬᠢ ᠨᠠᠶᠢᠳᠠᠨ ᠬᠠᠮᠢᠶᠠᠷᠬᠤ | ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠦᠨ᠎ᠡ︔ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢ 13 | ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠢᠨᠡᠳᠬᠡᠵᠦ ᠥᠷᠭᠡᠳᠬᠡᠨ ᠪᠠᠶᠢᠭᠤᠯᠵᠤ᠂ ᠬᠡᠦᠬᠡᠳ ᠪᠠ | ᠰᠤᠷᠤᠭᠴᠢᠳ ᠤᠨ ᠣᠷᠣ ᠶᠢ 3400 ᠰᠢᠨ᠎ᠡ ᠪᠠᠷ ᠨᠡᠮᠡᠭᠳᠡᠭᠦᠯᠵᠦ᠂ ᠵᠡᠮᠳᠡᠭ ᠬᠡᠦᠬᠡᠳ ᠤᠨ ᠠᠯᠪᠠᠨ ᠵᠢᠷᠤᠮ ᠤᠨ | ᠰᠤᠷᠭᠠᠨ ᠬᠥᠮᠦᠵᠢᠯ ᠬᠦᠷᠲᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ︔ ᠬᠤᠲᠠ ᠶᠢᠨ 1000 ᠰᠢᠯᠢᠳᠡᠭ | ᠪᠠᠭᠰᠢ ᠶᠢ ᠬᠥᠳᠡᠭᠡ ᠲᠤᠰᠬᠤᠨ ᠤ ᠨᠥᠬᠦᠴᠡᠯ ᠢᠶᠠᠷ ᠪᠠᠷᠤᠭᠲᠠᠢ ᠰᠤᠷᠭᠠᠭᠤᠯᠢ ᠳᠤ ᠰᠣᠩᠭᠤᠨ ᠲᠣᠮᠢᠯᠠᠵᠤ | ᠬᠤᠷᠰᠢᠯᠴᠠᠨ ᠬᠠᠪᠰᠤᠷᠤᠯᠴᠠᠵᠤ ᠲᠡᠳᠬᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ︶᠃ | 19. ᠤᠯᠤᠰ ᠤᠨ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠣᠶᠤᠨᠯᠢᠭ | ᠲᠠᠪᠴᠠᠩ ᠤᠨ ᠥᠪᠥᠷ ᠮᠣᠩᠭᠤᠯ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ | ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠣᠭᠠᠵᠢᠭᠤᠯᠤᠭᠰᠠᠨ ᠪᠠᠷᠢᠮᠵᠢᠶᠠᠲᠤ ᠰᠢᠯᠭᠠᠯᠲᠠ ᠶᠢᠨ 2 | ᠲᠦᠮᠡᠨ ᠲᠠᠯᠠᠪᠤᠷ ᠢ ᠳᠡᠰ ᠳᠡᠪᠰᠢᠭᠦᠯᠦᠨ ᠥᠭᠡᠷᠡᠴᠢᠯᠡᠵᠦ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ︶᠃ | 20. ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠡᠮᠨᠡᠯᠭᠡ ᠶᠢᠨ ᠬᠤᠷᠢᠶ᠎ᠠ ᠶᠢ 43 ᠪᠠᠶᠢᠭᠤᠯᠤᠨ᠂ | ᠨᠢᠭᠲᠠ ᠬᠡᠯᠪᠡᠷᠢ ᠪᠦᠬᠦᠢ ᠡᠮᠴᠢᠯᠡᠭᠡᠨ ᠤ ᠬᠠᠮᠲᠤ ᠶᠢᠨ ᠴᠣᠭᠴᠠ ᠶᠢ 20 ᠴᠣᠭᠴᠠᠯᠠᠨ ᠪᠠᠶᠢᠭᠤᠯᠵᠤ᠂ ᠴᠢᠨᠠᠷ ᠰᠠᠶᠢᠲᠠᠢ | ᠡᠮᠴᠢᠯᠡᠭᠡᠨ ᠤ ᠡᠬᠢ ᠪᠠᠶᠠᠯᠢᠭ ᠢ ᠥᠷᠭᠡᠳᠬᠡᠬᠦ ᠪᠠ ᠣᠷᠣᠨ ᠪᠦᠰᠡ ᠳᠤ ᠲᠡᠩᠴᠡᠭᠦᠷᠢᠲᠡᠢ ᠪᠠᠶᠢᠷᠢᠰᠢᠭᠤᠯᠬᠤ ᠶᠢ | ᠠᠬᠢᠭᠤᠯᠵᠤ᠂ ᠤᠯᠠᠨ ᠲᠦᠮᠡᠨ ᠤ ᠡᠮᠨᠡᠭᠦᠯᠵᠦ ᠡᠮ ᠬᠤᠳᠠᠯᠳᠤᠨ ᠠᠪᠬᠤ ᠲᠠᠯ᠎ᠠ ᠪᠠᠷ ᠬᠢ ᠲᠦᠭᠦᠮ ᠳᠥᠲᠡ | ᠪᠠᠶᠢᠯᠭᠠᠬᠤ ᠴᠢᠨᠠᠷ᠂ ᠥᠨᠳᠥᠷ ᠪᠦᠲᠦᠮᠵᠢᠲᠦ ᠴᠢᠨᠠᠷ᠂ ᠠᠮᠤᠷ ᠲᠦᠪᠰᠢᠨ ᠴᠢᠨᠠᠷ ᠢ ᠲᠡᠬᠡᠭᠰᠢᠯᠡᠬᠦᠯᠦᠨ᠎ᠡ ︵ | ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ︶᠃ | 21. ᠬᠤᠰᠢᠭᠤ ᠰᠢᠶᠠᠨ ᠤ ᠬᠤᠶᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠢᠨᠲ᠋ᠧᠷ | ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ 77 ᠪᠠᠶᠢᠭᠤᠯᠵᠤ᠂ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ | ᠡᠮᠨᠡᠯᠭᠡ ᠶᠢᠨ ᠬᠤᠷᠢᠶᠠᠨ ᠤ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ 33 ᠪᠠᠶᠢᠭᠤᠯᠵᠤ᠂ ᠭᠤᠷᠪᠠᠳᠤᠭᠠᠷ | ᠳᠠᠰ ᠤᠨ ᠬᠢᠲᠠᠳ ︵ᠮᠣᠩᠭᠤᠯ︶ ᠡᠮᠨᠡᠯᠭᠡ ᠶᠢᠨ ᠬᠤᠷᠢᠶᠠᠨ ᠤ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ | 30 ᠪᠠᠶᠢᠭᠤᠯᠵᠤ᠂ ᠬᠦᠬᠡᠬᠤᠲᠠ ᠪᠤᠭᠤᠲᠤ ᠣᠷᠳᠣᠰ ᠣᠯᠠᠭᠠᠴᠠᠪ ᠳᠦᠷᠪᠡᠨ ᠬᠤᠲᠠ ᠶᠢᠨ ᠪᠠᠶᠢᠴᠠᠭᠠᠨ ᠰᠢᠯᠭᠠᠭᠰᠠᠨ | ᠦᠷ᠎ᠡ ᠳ᠋ᠦᠩ ᠢᠶᠠᠨ ᠬᠠᠷᠢᠯᠴᠠᠨ ᠮᠡᠳᠡᠷᠡᠯᠴᠡᠬᠦ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃ | 22. ᠦᠨᠳᠦᠰᠦᠨ ᠱᠠᠲᠤᠨ ᠤ ᠬᠢᠲᠠᠳ ︵ᠮᠣᠩᠭᠤᠯ︶ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ ᠠᠵᠢᠯᠯᠠᠭᠠᠨ ᠢ ᠥᠷᠨᠢᠭᠦᠯᠵᠦ᠂ ᠬᠢᠲᠠᠳ ︵ᠮᠣᠩᠭᠤᠯ︶ ᠡᠮ ᠡᠮᠨᠡᠯᠭᠡ ᠶᠢᠨ ᠶᠡᠷᠦᠩᠬᠡᠢ ᠰᠠᠯᠠᠭᠠᠨ ᠤ | ᠴᠢᠳᠠᠪᠤᠷᠢᠲᠠᠨ ᠢ 120᠂ ᠬᠢᠲᠠᠳ ︵ᠮᠣᠩᠭᠤᠯ︶ ᠡᠮᠨᠡᠯᠭᠡ ᠶᠢᠨ ᠭᠠᠵᠠᠷ ᠤᠨ ᠭᠤᠣᠯᠯᠠᠭᠴᠢ ᠪᠣᠯᠬᠤ ᠴᠢᠳᠠᠪᠤᠷᠢᠲᠠᠨ ᠢ | 320 ᠬᠥᠮᠥᠵᠢᠭᠦᠯᠦᠨ ᠪᠤᠶᠢᠵᠢᠭᠤᠯᠵᠤ᠂ ᠬᠢᠲᠠᠳ ︵ᠮᠣᠩᠭᠤᠯ︶ ᠡᠮ ᠡᠮᠨᠡᠯᠭᠡ ᠶᠢᠨ ᠡᠪᠡᠳᠴᠢᠨ ᠰᠡᠷᠭᠡᠶᠢᠯᠡᠵᠦ | ᠡᠮᠨᠡᠨ ᠵᠠᠰᠠᠬᠤ ᠳᠤ ᠲᠣᠬᠢᠷᠠᠬᠤ ᠮᠡᠷᠭᠡᠵᠢᠯ ᠢ 60 ᠵᠦᠢᠯ ᠳᠡᠯᠭᠡᠷᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃ | 23. ᠭᠡᠷ ᠪᠦᠯᠢ ᠶᠢᠨ ᠡᠮᠴᠢ ᠯᠦᠭᠡ ᠭᠡᠷ᠎ᠡ ᠲᠣᠭᠲᠠᠭᠰᠠᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ | ᠭᠤᠣᠯᠳᠠᠯᠭ᠎ᠠ ᠪᠣᠯᠬᠤ ᠬᠥᠮᠥᠰ ᠢ ᠬᠠᠮᠤᠷᠤᠭᠰᠠᠨ ᠨᠣᠷᠮ᠎ᠠ ᠪᠠᠨ 78% ᠠᠴᠠ ᠳᠡᠭᠡᠭᠰᠢ ᠪᠣᠯᠭᠠᠨ ᠳᠡᠭᠡᠭᠰᠢᠯᠡᠭᠦᠯᠦᠨ᠎ᠡ ︵ | ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ︶᠃ | 24. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠰᠤᠷᠤᠭᠴᠢᠳ ᠤᠨ ᠣᠶᠢᠷ᠎ᠠ ᠬᠠᠷᠠᠭ᠎ᠠ ᠶᠢ | ᠰᠡᠷᠭᠡᠶᠢᠯᠡᠨ ᠵᠠᠰᠠᠬᠤ ᠠᠵᠢᠯ ᠳᠤ ᠨᠡᠶᠢᠳᠡᠮ ᠰᠢᠭᠰᠢᠨ ᠪᠠᠶᠢᠴᠠᠭᠠᠯᠲᠠ ᠬᠢᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ︶︔ ᠬᠦᠴᠢᠷᠳᠡᠯᠲᠡᠢ ᠭᠡᠷ ᠪᠦᠯᠢ ᠶᠢᠨ ᠬᠡᠦᠬᠡᠳ ᠲᠤ ᠰᠦᠢᠳᠬᠡᠯ ᠬᠤᠷᠢᠶᠠᠬᠤ | ᠦᠭᠡᠢ ᠪᠠᠷ ᠨᠢᠳᠦᠨ ᠰᠢᠯ ᠲᠠᠭᠠᠷᠠᠭᠤᠯᠤᠨ ᠥᠭᠬᠦ᠂ ᠰᠦᠢᠳᠬᠡᠯ ᠬᠤᠷᠢᠶᠠᠬᠤ ᠦᠭᠡᠢ ᠪᠠᠷ ᠬᠢᠯᠠᠷ ᠬᠠᠷᠠᠭ᠎ᠠ ᠰᠤᠯᠠ | ᠬᠠᠷᠠᠭ᠎ᠠ ᠶᠢ ᠨᠢ ᠵᠠᠰᠠᠵᠤ ᠥᠭᠬᠦ ᠪᠤᠶᠤ ᠮᠡᠰᠡ ᠵᠠᠰᠠᠯ ᠬᠢᠵᠦ ᠥᠭᠭᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ︶᠃ | 25. ᠨᠡᠶᠢᠭᠡᠮ ᠤᠨ ︽ᠭᠡᠷᠡᠯ ᠭᠡᠭᠡ ᠶᠢᠨ ᠠᠶᠠᠯᠠᠯ︾ ᠤᠨ ᠨᠡᠶᠢᠲᠡ ᠤᠨ ᠠᠰᠠᠷᠠᠮᠵᠢ ᠶᠢᠨ ᠠᠵᠢᠯᠯᠠᠭ᠎ᠠ ᠶᠢ | ᠥᠷᠨᠢᠭᠦᠯᠦᠨ᠂ ᠣᠷᠣᠯᠭ᠎ᠠ ᠪᠠᠭᠠᠲᠠᠢ ᠬᠦᠴᠢᠷᠳᠡᠯᠲᠡᠢ ᠭᠡᠷ ᠪᠦᠯᠢ ᠶᠢᠨ ᠴᠠᠭᠠᠨ ᠬᠠᠷᠠᠩ ᠲᠠᠢ 1000 ᠭᠠᠷᠤᠢ | ᠡᠪᠡᠳᠴᠢᠲᠡᠨ ᠳᠤ ᠰᠦᠢᠳᠬᠡᠯ ᠬᠤᠷᠢᠶᠠᠬᠤ ᠦᠭᠡᠢ ᠪᠠᠷ ᠬᠠᠷᠠᠭ᠎ᠠ ᠣᠷᠣᠭᠤᠯᠬᠤ ᠮᠡᠰᠡ ᠵᠠᠰᠠᠯ ᠬᠢᠵᠦ ᠥᠭᠭᠦᠨ᠎ᠡ ︵ | ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ︶᠃ | | 26. ᠬᠠᠮᠠᠷ ᠤᠨ ᠬᠠᠷᠰᠢᠮᠠᠲᠠᠭᠠᠢ ᠦᠷᠪᠢᠰᠦᠯ ᠤᠨ ᠶᠡᠷᠦᠩᠬᠡᠢ ᠳᠤ ᠨᠢ ᠰᠡᠷᠭᠡᠶᠢᠯᠡᠨ ᠵᠠᠰᠠᠬᠤ ᠶᠢ ᠥᠷᠨᠢᠭᠦᠯᠦᠨ᠎ᠡ | ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ︶᠃ | 27. ︽ᠵᠠᠭᠤᠨ ᠪᠦᠯᠬᠦᠮ ᠮᠢᠩᠭᠠᠨ ᠲᠠᠯᠠᠪᠤᠷ ᠲᠣᠨᠨᠯᠠᠯᠲᠠ ᠶᠢ ᠦᠨᠳᠦᠰᠦᠨ ᠱᠠᠲᠤᠨ ᠳᠤ ᠬᠦᠷᠭᠡᠵᠦ︾ | ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠶᠢ ᠥᠷᠨᠢᠭᠦᠯᠦᠨ᠂ ᠤᠯᠠᠭᠠᠨᠮᠥ᠋ᠴᠢᠷ ᠪᠠ ᠡᠯ᠎ᠡ | ᠱᠠᠲᠤᠨ ᠤ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠦᠨᠳᠦᠰᠦᠨ ᠱᠠᠲᠤᠨ ᠳᠤ | ᠣᠴᠢᠵᠤ ᠲᠦᠮᠡ ᠭᠠᠷᠤᠢ ᠲᠠᠯᠠᠪᠤᠷ ᠲᠣᠭᠯᠠᠯᠲᠠ ᠭᠠᠷᠭᠠᠬᠤ ᠶᠢ ᠵᠣᠬᠢᠶᠠᠨ ᠪᠠᠶᠢᠭᠤᠯᠤᠨ᠎ᠠ ︵ᠲᠦᠷᠦᠭᠦᠯᠡᠨ | ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ︶᠃ | 28. 35 ᠲᠥᠷᠥᠯ ᠤᠨ ᠥᠨᠳᠥᠷ ᠳᠠᠪᠲᠠᠮᠵᠢᠲᠤ ᠡᠯᠧᠺᠳ᠋ᠷᠣᠨ ᠭᠡᠷᠡᠴᠢ ᠦᠨᠡᠮᠯᠡᠯ ᠢ ᠪᠦᠬᠦ ᠤᠯᠤᠰ ᠲᠤ | ᠬᠠᠷᠢᠯᠴᠠᠨ ᠮᠡᠳᠡᠷᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 350 ᠵᠦᠢᠯᠡᠰ ᠲᠤ ︽ᠭᠡᠷᠡᠴᠢ ᠦᠨᠡᠮᠯᠡᠯ | ᠠᠪᠬᠤ ᠦᠭᠡᠢ ᠪᠠᠷ ᠭᠦᠢᠴᠡᠳᠬᠡᠬᠦ︾᠂ 115 ᠵᠦᠢᠯᠡᠰ ᠲᠤ ︽ᠨᠢᠭᠡ ᠠᠵᠢᠯ ᠶᠠᠪᠤᠳᠠᠯ ᠢ ᠨᠢᠭᠡ ᠯᠡ ᠤᠳᠠᠭ᠎ᠠ ᠳᠤ | ᠭᠦᠢᠴᠡᠳᠬᠡᠬᠦ︾ ᠶᠢ ᠪᠡᠶᠡᠯᠡᠭᠦᠯᠵᠦ᠂ ᠲᠤᠰᠬᠤᠨ ᠤ ᠱᠠᠲᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ | ᠲᠥᠪ ᠤᠨ ︽ᠬᠠᠪᠰᠤᠷᠴᠤ ᠣᠷᠣᠯᠠᠨ ᠭᠦᠢᠴᠡᠳᠬᠡᠬᠦ︾ ᠶᠢ ᠭᠦᠨᠵᠡᠭᠡᠢ ᠬᠡᠷᠡᠭᠵᠢᠭᠦᠯᠦᠨ᠎ᠡ ︵ᠲᠦᠷᠦᠭᠦᠯᠡᠨ | ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ | ᠃ | 29. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠩ ᠣᠯᠠᠨ ᠵᠦᠢᠯᠡᠰ ᠲᠤ ᠴᠠᠭ ᠢᠶᠠᠨ ᠤᠷᠲᠤᠳᠬᠠᠭᠰᠠᠨ | ᠦᠢᠯᠡᠴᠢᠯᠡᠭᠡ ᠬᠠᠩᠭᠠᠬᠤ ᠶᠢ ᠠᠬᠢᠭᠤᠯᠤᠨ᠂ ᠲᠦᠷ ᠴᠠᠭ ᠤᠨ ᠪᠡᠶ᠎ᠡ ᠶᠢᠨ ᠦᠨᠡᠮᠯᠡᠯ᠂ ᠨᠠᠰᠤᠵᠢᠯ ᠤᠨ ᠳᠠᠭᠠᠳᠬᠠᠯ᠂ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠵᠠᠰᠠᠭ ᠤᠨ ᠶᠠᠪᠤᠳᠠᠯ ᠤᠨ ᠥᠨᠳᠥᠷ | ᠳᠠᠪᠲᠠᠮᠵᠢᠲᠤ ᠦᠢᠯᠡᠴᠢᠯᠡᠭᠡᠨ ᠤ ᠨᠡᠩ ᠣᠯᠠᠨ ᠵᠦᠢᠯᠡᠰ ᠤᠨ ︽ᠪᠦᠭᠦ ᠣᠷᠣᠨ ᠳᠤ ᠭᠦᠢᠴᠡᠳᠬᠡᠵᠦ ᠪᠣᠯᠬᠤ︾ ᠶᠢ | ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ︶᠃ | 30. ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ︽ᠰᠦᠯᠵᠢᠶ᠎ᠡ ᠪᠠᠷ ᠭᠦᠢᠴᠡᠳᠬᠡᠵᠦ | ᠴᠡᠴᠡᠷᠯᠢᠭ ᠲᠤ ᠰᠠᠭᠤᠯᠭᠠᠬᠤ︾ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠰᠦᠯᠵᠢᠶ᠎ᠡ ᠪᠠᠷ | ᠭᠦᠢᠴᠡᠳᠬᠡᠵᠦ ᠰᠤᠷᠭᠠᠭᠤᠯᠢ ᠳᠤ ᠰᠤᠷᠤᠯᠴᠠᠭᠤᠯᠬᠤ︾ ᠦᠢᠯᠡᠴᠢᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ ︵ | ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ︶᠃ | 31. ᠰᠤᠮᠤ ᠰᠢᠶᠠᠩ ᠪᠠᠯᠭᠠᠰᠤᠨ ︵ᠵᠡᠭᠡᠯᠢ ᠭᠤᠳᠤᠮᠵᠢ︶ ᠳᠤ ᠡᠮᠴᠢᠯᠡᠭᠡᠨ ᠤ ᠪᠠᠲᠤᠯᠠᠭ᠎ᠠ ᠶᠢᠨ | ᠦᠢᠯᠡᠴᠢᠯᠡᠭᠡᠨ ᠤ ᠦᠷᠲᠡᠭᠡ ᠶᠢ 1025᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠳᠤ ᠡᠮᠴᠢᠯᠡᠭᠡᠨ ᠤ | ᠪᠠᠲᠤᠯᠠᠭ᠎ᠠ ᠶᠢᠨ ᠦᠢᠯᠡᠴᠢᠯᠡᠭᠡᠨ ᠤ ᠴᠡᠭ ᠢ 3900 ᠪᠠᠶᠢᠭᠤᠯᠤᠨ᠂ ᠠᠷᠠᠳ ᠲᠤ ᠳᠦᠭᠦᠮ ᠦᠵᠡᠭᠦᠯᠬᠦ ᠡᠮᠴᠢᠯᠡᠭᠡᠨ ᠤ | ᠪᠠᠲᠤᠯᠠᠭ᠎ᠠ ᠶᠢᠨ ᠦᠢᠯᠡᠴᠢᠯᠡᠭᠡ ᠶᠢ 15 ᠮᠢᠨᠦ᠋ᠲ ᠤᠨ ᠬᠡᠪᠴᠢᠶᠡᠨ ᠳᠤ ᠭᠦᠢᠴᠡᠳᠬᠡᠬᠦ ᠪᠣᠯᠭᠠᠨ᠎ᠠ ︵ᠲᠦᠷᠦᠭᠦᠯᠡᠨ | ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ︶᠃ | 32. ᠬᠤᠰᠢᠭᠤ ᠰᠢᠶᠠᠨ ᠤ ᠱᠠᠲᠤᠨ ᠳᠠᠬᠢ ᠣᠷᠣᠰᠢᠭᠤᠯᠭ᠎ᠠ ᠶᠢᠨ ᠭᠠᠵᠠᠷ ᠢ 13 ᠰᠢᠨ᠎ᠡ ᠪᠠᠷ ᠨᠡᠮᠡᠭᠳᠡᠭᠦᠯᠦᠨ᠎ᠡ | ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ︶᠃ | | ᠳᠥᠷᠪᠡ᠂ ᠣᠯᠠᠨ ᠲᠦᠮᠡᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠰᠠᠶᠢᠵᠢᠷᠠᠭᠤᠯᠬᠤ 11 | ᠵᠦᠢᠯ | 33. ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ 1602᠂ ᠲᠥᠭᠦᠮ ᠪᠦᠲᠦᠴᠡᠲᠦ | ᠣᠷᠣᠨ ᠰᠠᠭᠤᠴᠠ ᠶᠢᠨ ᠲᠣᠭᠤᠷᠢᠭ ᠢ 1.5 ᠲᠦᠮᠡᠨ ᠢᠵᠢ ᠥᠭᠡᠷᠡᠴᠢᠯᠡᠨ ᠰᠢᠨᠡᠳᠬᠡᠵᠦ᠂ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢ 1.1 ᠲᠦᠮᠡᠨ ᠢᠵᠢ ᠪᠠᠶᠢᠭᠤᠯᠤᠨ᠂ ᠬᠤᠲᠠ ᠪᠠᠯᠭᠠᠰᠤᠨ ᠤ ᠣᠷᠣᠨ | ᠰᠠᠭᠤᠴᠠ ᠶᠢᠨ ᠪᠠᠲᠤᠯᠠᠭ᠎ᠠ ᠶᠢᠨ 2.6 ᠲᠦᠮᠡᠨ ᠭᠡᠷ ᠪᠦᠯᠢ ᠳᠤ ᠲᠦᠷᠢᠶᠡᠰᠦᠨ ᠨᠥᠬᠦᠪᠦᠷᠢ ᠣᠯᠭᠤᠵᠤ᠂ ᠭᠡᠷ | ᠪᠠᠶᠢᠰᠢᠩ ᠭᠠᠵᠠᠷ ᠬᠥᠷᠥᠩᠭᠡ ᠶᠢᠨ ᠥᠩᠭᠡᠷᠡᠭᠰᠡᠨ ᠤ ᠦᠯᠡᠳᠡᠭᠳᠡᠵᠦ ᠪᠠᠶᠢᠭᠰᠠᠨ ᠠᠰᠠᠭᠤᠳᠠᠯ ᠢ ᠰᠢᠢᠳᠪᠦᠷᠢᠯᠡᠬᠦ ᠪᠠᠨ | ᠦᠷᠭᠦᠯᠵᠢᠯᠡᠨ ᠠᠬᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶᠃ | 34. ᠰᠢᠲᠠᠮᠠᠬᠠᠢ ᠬᠡᠢ᠂ ᠤᠰᠤ ᠬᠠᠩᠭᠠᠬᠤ᠂ ᠤᠰᠤ ᠵᠠᠯᠠᠬᠤ᠂ ᠢᠯᠴᠢ ᠬᠠᠩᠭᠠᠬᠤ ᠵᠡᠷᠭᠡ ᠬᠠᠭᠤᠴᠢᠷᠠᠭᠰᠠᠨ | ᠬᠤᠭᠤᠯᠠᠢ ᠭᠤᠤᠷᠰᠤ ᠶᠢ 1500 ᠺᠢᠯᠤᠮᠧᠲᠷ ᠥᠭᠡᠷᠡᠴᠢᠯᠡᠨ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ | ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ︶᠃ | 35. ᠬᠤᠲᠠ ᠶᠢᠨ ︽ᠠᠯᠠᠭᠠᠨ ᠴᠡᠴᠡᠷᠯᠢᠭ︾ ᠢ 150᠂ ᠬᠤᠲᠠ ᠶᠢᠨ ᠨᠣᠭᠤᠭᠠᠨ ᠵᠠᠮ ᠢ 120 | ᠺᠢᠯᠤᠮᠧᠲᠷ ᠰᠢᠨ᠎ᠡ ᠪᠠᠷ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠳᠡᠭ ᠵᠢᠱᠢᠶ᠎ᠡ ᠦᠵᠡᠭᠦᠯᠬᠦ | ᠬᠡᠰᠡᠭ ᠤᠨ ᠲᠣᠭᠤᠷᠢᠭ ᠢ 12 ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶᠃ | 36. ᠪᠡᠶ᠎ᠡ ᠶᠢᠨ ᠲᠠᠮᠢᠷ ᠤᠨ ᠴᠡᠴᠡᠷᠯᠢᠭ ᠢ 36᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ | 32᠂ ᠲᠡᠰᠢᠯᠲᠡ ᠶᠢᠨ ᠲᠠᠯᠠᠪᠤᠷ ᠢ 33᠂ ᠣᠯᠠᠨ ᠴᠢᠳᠠᠮᠵᠢᠲᠤ ᠲᠠᠮᠢᠷ ᠤᠨ ᠬᠥᠳᠡᠯᠭᠡᠭᠡᠨ ᠤ ᠲᠠᠯᠠᠪᠤᠷ ᠢ 103 ᠪᠠ | ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠢ 335 ᠺᠢᠯᠤᠮᠧᠲᠷ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ | ᠰᠢᠨᠡᠳᠬᠡᠵᠦ ᠥᠷᠭᠡᠳᠬᠡᠨ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠪᠡᠶ᠎ᠡ ᠶᠢᠨ ᠲᠠᠮᠢᠷ ᠤᠨ ᠲᠣᠪᠴᠢᠶ᠎ᠠ︶᠃ | 37. 21.2 ᠲᠦᠮᠡᠨ ᠡᠷᠦᠬᠡ ᠶᠢᠨ ᠴᠡᠪᠡᠷ ᠳᠤᠯᠠᠭᠠᠯᠠᠯᠭ᠎ᠠ ᠶᠢ ᠥᠭᠡᠷᠡᠴᠢᠯᠡᠨ ᠰᠢᠨᠡᠳᠬᠡᠨ᠎ᠡ ︵ᠲᠦᠷᠦᠭᠦᠯᠡᠨ | ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ︶᠃ | 38. ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ 3000 ᠭᠠᠷᠤᠢ | ᠥᠭᠡᠷᠡᠴᠢᠯᠡᠨ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶᠃ | 39. ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ 5000 ᠺᠢᠯᠤᠮᠧᠲᠷ ᠰᠢᠨ᠎ᠡ ᠪᠠᠷ ᠳᠡᠪᠢᠰᠭᠦ ᠪᠠ | ᠥᠭᠡᠷᠡᠴᠢᠯᠡᠨ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ︶᠃ | 40. ᠲᠠᠷᠢᠶᠠᠯᠠᠬᠤ ᠮᠠᠯᠵᠢᠬᠤ ᠣᠷᠣᠨ ᠤ ᠡᠷᠦᠬᠡ ᠶᠢᠨ ᠵᠣᠷᠯᠤᠩ ᠢ 6 ᠲᠦᠮᠡ ᠰᠢᠨ᠎ᠡ ᠪᠠᠷ ᠪᠠᠶᠢᠭᠤᠯᠬᠤ ᠪᠠ | ᠥᠭᠡᠷᠡᠴᠢᠯᠡᠨ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠃ | 41. ᠲᠠᠷᠢᠶᠠᠯᠠᠬᠤ ᠮᠠᠯᠵᠢᠬᠤ ᠣᠷᠣᠨ ᠳᠤ ᠤᠰᠤ ᠲᠥᠪᠯᠡᠷᠡᠭᠦᠯᠵᠦ ᠬᠠᠩᠭᠠᠬᠤ ᠪᠠᠷᠢᠯᠭ᠎ᠠ ᠶᠢ 500᠂ ᠬᠢᠯᠢ | ᠬᠢᠵᠠᠭᠠᠷ ᠤᠨ ᠮᠠᠯᠵᠢᠬᠤ ᠣᠷᠣᠨ ᠤ ᠲᠠᠷᠠᠬᠠᠢ ᠪᠤᠲᠠᠷᠬᠠᠢ ᠤᠰᠤᠨ ᠰᠤᠷᠪᠤᠯᠵᠢ ᠶᠢᠨ ᠴᠡᠭ ᠤᠨ ᠢᠨᠵᠧᠨᠧᠷᠢᠩ ᠢ 820 | ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠢᠭᠤᠯᠦᠨᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ︶︔ 400 ᠵᠠᠰᠠᠭ ᠵᠠᠬᠢᠷᠭᠠᠨ ᠤ ᠲᠤᠰᠬᠤᠨ ᠤ | ᠠᠮᠢᠳᠤᠷᠠᠯ ᠤᠨ ᠪᠣᠬᠢᠷ ᠤᠰᠤᠨ ᠤ ᠵᠠᠰᠠᠯᠲᠠ ᠶᠢᠨ ᠡᠭᠦᠷᠭᠡ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ︶︔ ᠰᠢᠶᠠᠩ | ᠪᠠᠯᠭᠠᠰᠤᠨ ︵ᠰᠤᠮᠤ︶ ᠤ ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠤᠨ ᠰᠢᠨᠵᠢᠵᠦ ᠰᠢᠯᠭᠠᠬᠤ | ᠠᠵᠢᠯ ᠢ ᠨᠡᠶᠢᠳᠡᠮ ᠪᠦᠷᠬᠦᠭᠦᠯᠵᠦ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃ | 42. ᠭᠠᠴᠠᠭ᠎ᠠ ᠲᠤᠰᠬᠤᠨ ᠳᠠᠬᠢ ᠭᠤᠪᠢᠭᠤᠯᠵᠤ ᠢᠯᠡᠭᠡᠬᠦ ᠪᠠᠷᠠᠭᠠᠨ ᠤ ᠭᠦᠢᠯᠭᠡᠭᠡᠨ ᠤ ᠴᠡᠭ ᠢ 3500 | ᠰᠢᠨ᠎ᠡ ᠪᠠᠷ ᠨᠡᠮᠡᠭᠳᠡᠭᠦᠯᠵᠦ᠂ ᠲᠠᠷᠢᠶᠠᠯᠠᠬᠤ ᠮᠠᠯᠵᠢᠬᠤ ᠣᠷᠣᠨ ᠳᠠᠬᠢ ᠭᠤᠪᠢᠭᠤᠯᠵᠤ ᠢᠯᠡᠭᠡᠬᠦ ᠪᠠᠷᠠᠭᠠᠨ ᠤ | ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡ ᠶᠢᠨ ᠪᠦᠷᠢᠨ ᠪᠦᠷᠬᠦᠬᠦ ᠶᠢ ᠦᠨᠳᠦᠰᠦᠨ ᠳᠤ ᠪᠠᠨ ᠪᠡᠶᠡᠯᠡᠭᠦᠯᠦᠨ᠎ᠡ ︵ | ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ | ᠲᠣᠪᠴᠢᠶ᠎ᠠ︶᠃ | 43. ᠬᠢᠯᠢ ᠬᠢᠵᠠᠭᠠᠷ ᠤᠨ 11 ᠬᠤᠰᠢᠭᠤ ᠰᠢᠶᠠᠨ ᠤ ᠷᠠᠳᠢᠣ᠋ ᠲᠧᠯᠸᠢᠰ ᠤᠨ ᠳᠠᠮᠵᠢᠭᠤᠯᠭ᠎ᠠ ᠶᠢᠨ ᠲᠣᠣᠷ | ᠰᠦᠯᠵᠢᠶ᠎ᠡ ᠶᠢᠨ ᠪᠦᠷᠬᠦᠬᠦ ᠴᠢᠳᠠᠪᠤᠷᠢ ᠶᠢ ᠥᠭᠡᠷᠡᠴᠢᠯᠡᠨ ᠰᠢᠨᠡᠳᠬᠡᠵᠦ ᠳᠡᠭᠡᠭᠰᠢᠯᠡᠭᠦᠯᠦᠨ᠂ ᠣᠯᠠᠨ ᠨᠡᠶᠢᠲᠡ ᠶᠢᠨ | ᠦᠢᠯᠡᠴᠢᠯᠡᠭᠡᠨ ᠤ ᠬᠠᠮᠢᠶᠠᠷᠤᠯᠲᠠ ᠪᠠ ᠲᠤᠰᠬᠠᠢ ᠬᠡᠷᠡᠭᠯᠡᠭᠡᠨ ᠤ ᠰᠣᠶᠣᠯ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ | ᠬᠢᠷᠢ ᠲᠦᠪᠰᠢᠨ ᠢ ᠳᠡᠭᠡᠭᠰᠢᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠷᠠᠳᠢᠣ᠋ ᠨᠡᠪᠲᠡᠷᠡᠭᠦᠯᠭᠡ ᠲᠧᠯᠸᠢᠰ ᠤᠨ ᠲᠣᠪᠴᠢᠶ᠎ᠠ︶᠃ | |