ᠨᠠᠮᠣᠷ ᠮᠤᠳᠤ ᠲᠠᠷᠢᠬᠤ ᠳᠤᠬᠠᠢ
ᠨᠡᠶᠢᠲᠡᠯᠡᠭᠰᠡᠨ ᠴᠠᠭ᠄
2023/1/6
     ᠮᠠᠨ ᠤ ᠤᠷᠤᠨ ᠤ ᠪᠤᠷᠤᠭ᠎ᠠ ᠤᠷᠤᠬᠤ ᠭᠤᠤᠯ ᠤᠯᠠᠷᠢᠯ ᠪᠤᠯ 7 — 9 ᠰᠠᠷ᠎ᠠ ᠪᠤᠯᠤᠨ᠎ᠠ᠃ ᠵᠢᠯ ᠪᠦᠷᠢ ᠶᠢᠨ ᠨᠠᠮᠤᠷ ᠤᠨ ᠴᠢᠬᠢᠭ ᠬᠠᠮᠤᠭ ᠠᠴᠠ ᠰᠠᠶᠢᠨ ᠪᠦᠭᠡᠳ ᠳᠤᠯᠠᠭᠠᠨ ᠤ ᠬᠡᠮᠵᠢᠶ᠎ᠡ ᠠᠭᠠᠵᠢᠮ ᠠᠭᠠᠵᠢᠮ ᠢᠶᠠᠷ ᠤᠷᠤᠭᠰᠢᠯᠠᠵᠤ᠂ ᠬᠦᠷᠦᠰᠦ ᠰᠢᠷᠤᠢ ᠪᠠ ᠴᠢᠬᠢ ᠮᠤᠳᠤᠨ ᠤ ᠠᠭᠤᠷᠰᠢᠯᠲᠠ ᠶᠢᠨ ᠬᠡᠮᠵᠢᠶ᠎ᠡ ᠨᠡᠯᠢᠶᠡᠳ ᠪᠠᠭ᠎ᠠ ᠪᠤᠯᠬᠤ ᠲᠤᠯᠠ᠂ ᠮᠤᠳᠤ ᠲᠠᠷᠢᠬᠤ ᠳᠤ ᠲᠤᠬᠢᠷᠠᠮᠵᠢᠲᠠᠢ ᠴᠠᠭ ᠪᠤᠯᠤᠨ᠎ᠠ᠃ ᠨᠠᠮᠤᠷ ᠤᠨ ᠤᠯᠠᠷᠢᠯ ᠤᠨ ᠮᠤᠳᠤ ᠲᠠᠷᠢᠬᠤ ᠴᠠᠭ ᠪᠤᠯ ᠨᠡᠯᠢᠶᠡᠳ ᠤᠷᠳᠤ ᠪᠠᠶᠢᠳᠠᠭ᠂ 10 ᠰᠠᠷ᠎ᠠ ᠶᠢᠨ ᠳᠤᠮᠳᠠᠴᠢ ᠠᠴᠠ 11 ᠰᠠᠷ᠎ᠠ ᠶᠢᠨ ᠳᠤᠮᠳᠠᠴᠢ ᠪᠤᠯᠳᠠᠯ᠎ᠠ ᠪᠦᠷ ᠮᠤᠳᠤ ᠲᠠᠷᠢᠵᠤ ᠪᠤᠯᠤᠨ᠎ᠠ᠃ ᠬᠡᠪᠡᠴᠤ ᠮᠠᠨ ᠤ ᠤᠷᠤᠨ ᠤ ᠨᠤᠲᠤᠭ ᠳᠡᠪᠢᠰᠭᠡᠷ ᠦᠷᠭᠡᠨ ᠠᠭᠤᠳᠠᠮ ᠠᠭᠤᠷ ᠠᠮᠢᠰᠬᠤᠯ ᠤᠨ ᠵᠦᠷᠢᠶ᠎ᠡ ᠨᠡᠯᠢᠶᠡᠳ ᠶᠡᠭᠡ ᠲᠤᠯᠠ ᠡᠯ᠎ᠡ ᠭᠠᠵᠠᠷ ᠤᠨ ᠮᠤᠳᠤ ᠲᠠᠷᠢᠬᠤ ᠴᠠᠭ ᠨᠢ ᠪᠠᠰᠠ ᠠᠳᠠᠯᠢ ᠦᠬᠡᠢ ᠪᠠᠶᠢᠳᠠᠭ᠃ ᠬᠡᠲᠦᠷᠭᠡᠢ ᠡᠷᠳᠡ ᠪᠤᠶᠤ ᠭᠡᠲᠦᠷᠬᠡᠢ ᠤᠷᠤᠢ ᠲᠠᠷᠢᠬᠤ ᠨᠢ ᠪᠦᠷ ᠮᠠᠭᠤ ᠶᠤᠮ᠃ ᠮᠤᠳᠤᠨ ᠤ ᠲᠦᠷᠦᠯ ᠵᠦᠢᠯ ᠢ ᠰᠤᠩᠭᠤᠬᠤ ᠶᠠᠪᠤᠳᠠᠯ ᠲᠦᠢᠯ ᠤᠨ ᠴᠢᠬᠤᠯᠠ ᠶᠤᠮ᠃ ᠭᠠᠭᠴᠠ ᠬᠦ ᠲᠤᠬᠠᠢ ᠶᠢᠨ ᠭᠠᠵᠠᠷ ᠲᠠᠭᠠᠨ ᠳᠤᠬᠢᠷᠠᠬᠤ ᠮᠤᠳᠤ ᠶᠢ ᠰᠤᠩᠭᠤᠪᠠᠯ ᠰᠠᠶ᠋ᠢ ᠡᠳᠡᠭᠡᠷᠡᠯᠲᠡ ᠶᠢᠨ ᠨᠤᠷᠮ᠎ᠠ ᠨᠢ ᠦᠨᠳᠦᠷ ᠪᠤᠯᠵᠤ ᠴᠢᠳᠠᠨ᠎ᠠ᠃ ᠤᠰᠤᠯᠤᠯᠳᠠ ᠶᠢᠨ ᠨᠦᠬᠦᠴᠡᠯ ᠲᠠᠢ ᠴᠢᠬᠢᠭ ᠰᠠᠶᠢᠲᠠᠢ ᠭᠤᠤᠯ ᠰᠤᠪᠠᠭ ᠤᠨ ᠬᠦᠪᠡᠭᠡ᠂ ᠭᠤᠤᠯ ᠵᠢᠯᠠᠭ᠎ᠠ ᠳᠤ ᠪᠤᠯ ᠤᠯᠢᠶᠠᠰᠤ ᠤᠳᠠ᠂ ᠬᠠᠶᠢᠯᠠᠰᠤ ᠶᠢ ᠲᠠᠷᠢᠵᠤ᠂ ᠠᠭᠤᠯᠠ ᠳᠤᠪᠤᠷᠬᠠᠭ ᠭᠠᠵᠠᠷ ᠲᠤ ᠬᠠᠷ᠎ᠠ ᠨᠠᠷᠠᠰᠤ ᠵᠡᠷᠭᠡ ᠰᠢᠯᠮᠤᠤᠰᠤᠲᠤ ᠮᠤᠳᠤ ᠶᠢ ᠲᠠᠷᠢᠵᠤ᠂ ᠪᠤᠰᠤᠳ ᠡᠯᠡᠰᠦᠷᠭᠡᠭ ᠤᠷᠤᠨ ᠠᠭᠤᠯᠠᠷᠬᠠᠭ ᠤᠷᠤᠨ᠂ ᠬᠤᠵᠢᠷᠯᠢᠭ ᠭᠠᠵᠠᠷ ᠲᠤ ᠬᠠᠷᠭᠠᠨ᠎ᠠ᠂ ᠪᠤᠷᠭᠠᠰᠤ᠂ ᠴᠢᠴᠠᠷᠭᠠᠨ᠎ᠠ᠂ ᠬᠡᠬᠡᠷ᠎ᠡ ᠶᠢᠨ ᠬᠦᠢᠯᠡᠰᠦ ᠵᠡᠷᠭᠡ ᠪᠤᠳᠠᠯᠢᠭ ᠮᠤᠳᠤ ᠶᠢ ᠲᠠᠷᠢᠪᠠᠯ ᠵᠤᠬᠢᠨ᠎ᠠ᠃ ᠪᠤᠳᠠᠯᠢᠭ ᠮᠤᠳᠤ ᠪᠤᠯ ᠭᠠᠩ ᠬᠠᠭᠤᠷᠠᠢ ᠳᠤ ᠳᠠᠭᠠᠭᠠᠴᠢᠲᠠᠢ᠂ ᠳᠠᠴᠢᠷ ᠨᠢᠮᠬᠡᠨ ᠪᠠ ᠬᠤᠵᠢᠷᠯᠢᠭ ᠭᠠᠵᠠᠷ ᠲᠤ ᠤᠷᠭᠤᠬᠤ ᠮᠦᠷᠲᠡᠬᠡᠨ ᠡᠳᠡᠭᠡᠷᠡᠬᠦ ᠳᠤ ᠬᠢᠯᠪᠠᠷ ᠪᠠᠶᠢᠳᠠᠭ᠃ ᠴᠢᠬᠢ ᠮᠤᠳᠤ ᠪᠠ ᠰᠠᠭᠤᠯᠭᠠᠬᠤ ᠮᠤᠳᠤᠨ ᠤ ᠴᠢᠬᠢᠭ ᠢ ᠬᠠᠮᠠᠭᠠᠯᠠᠬᠤ ᠶᠠᠪᠤᠳᠠᠯ ᠪᠤᠯ ᠲᠦᠢᠯ ᠤᠨ ᠴᠢᠬᠤᠯᠠ ᠪᠠᠶᠢᠳᠠᠭ᠃ ᠡᠨᠡ ᠨᠢ ᠲᠠᠷᠢᠭᠰᠠᠨ ᠮᠤᠳᠤᠨ ᠤ ᠡᠳᠡᠭᠡᠷᠡᠬᠦ ᠡᠰᠡᠬᠦ ᠳᠤ ᠬᠤᠯᠪᠤᠭᠳᠠᠨ᠎ᠠ᠃ ᠡᠶᠢᠮᠦ ᠠᠴᠠ ᠪᠤᠯᠬᠤ ᠶᠢᠨ ᠬᠢᠷᠢ ᠳᠤ ᠴᠢᠬᠢ ᠮᠤᠳᠤ ᠪᠠᠨ ᠠᠪᠤᠮᠠᠭᠴᠠ ᠲᠠᠷᠢᠵᠤ ᠲᠠᠷᠢᠵᠤ᠂ ᠴᠢᠬᠢ ᠮᠤᠳᠤ ᠪᠠᠨ ᠤᠷᠳᠤ ᠬᠤᠭᠤᠴᠠᠭ᠎ᠠ ᠪᠠᠷ ᠰᠠᠯᠬᠢᠨ ᠳᠤ ᠦᠯᠢᠶᠡᠭᠲᠡᠵᠤ᠂ ᠨᠠᠷᠠᠨ ᠳᠤ ᠰᠢᠷᠠᠭᠲᠠᠬᠤ ᠶᠢ ᠰᠡᠷᠬᠡᠶᠢᠯᠡᠪᠡᠯ ᠵᠤᠬᠢᠨ᠎ᠠ᠃ ᠮᠤᠳᠤ ᠲᠠᠷᠢᠬᠤ ᠳᠠᠭᠠᠨ ᠪᠠᠰᠠ ᠨᠠᠮᠤᠷ ᠤᠨ ᠤᠯᠠᠷᠢᠯ ᠤᠨ ᠤᠨᠴᠠᠯᠢᠭ ᠢ ᠪᠤᠳᠤᠯᠬᠢᠯᠠᠬᠤ ᠬᠡᠷᠡᠭᠲᠠᠢ᠃ ᠨᠠᠮᠤᠷ ᠪᠤᠯ ᠬᠤᠲᠠ᠂ ᠬᠦᠷᠢᠶ᠎ᠡ ᠬᠠᠰᠢᠶ᠎ᠠ ᠶᠢ ᠨᠤᠭᠤᠭᠠᠷᠠᠭᠤᠯᠬᠤ ᠠᠴᠠ ᠭᠠᠳᠠᠨ᠎ᠠ᠂ ᠡᠩ ᠤᠨ ᠪᠠᠶᠢᠳᠠᠯ ᠳᠤᠤᠷ᠎ᠠ ᠦᠨᠳᠦᠷ ᠡᠰᠢᠲᠤ ᠮᠤᠳᠤ ᠶᠢ ᠰᠠᠭᠤᠯᠭᠠᠬᠤ ᠳᠤ ᠪᠠᠰᠠ ᠳᠤᠬᠢᠷᠠᠬᠤ ᠦᠬᠡᠢ ᠪᠠᠶᠢᠳᠠᠭ᠂ ᠤᠴᠢᠷ ᠨᠢ ᠡᠪᠦᠯ ᠬᠠᠪᠤᠷ ᠤᠨ ᠤᠯᠠᠷᠢᠯ ᠤᠷᠳᠤ᠂ ᠰᠠᠯᠬᠢ ᠡᠯᠡᠰᠦ ᠶᠡᠭᠡ᠂ ᠴᠢᠬᠢ ᠮᠤᠳᠤ ᠬᠢᠯᠪᠠᠷᠬᠠᠨ ᠬᠠᠲᠠᠵᠤ᠂ ᠮᠠᠯ ᠤᠨᠤᠭ᠎ᠠ ᠳᠤ ᠬᠡᠮᠡᠯᠢᠭᠳᠡᠭᠡᠳ ᠡᠳᠡᠭᠡᠷᠡᠯᠲᠡ ᠶᠢᠨ ᠨᠤᠷᠮ᠎ᠠ ᠨᠢ ᠳᠤᠷᠤᠭᠰᠢᠯᠠᠳᠠᠭ ᠶᠤᠮ᠃ ᠡᠶᠢᠮᠦ ᠠᠴᠠ ᠬᠠᠳᠬᠤᠨ ᠰᠠᠭᠤᠯᠭᠠᠬᠤ᠂ ᠡᠰᠢ ᠶᠢ ᠨᠢ ᠪᠤᠯᠠᠬᠤ ᠪᠠ ᠨᠢᠯᠬ᠎ᠠ ᠮᠤᠳᠤ ᠶᠢ ᠰᠠᠭᠤᠯᠭᠠᠪᠠᠯ ᠵᠤᠬᠢᠨ᠎ᠠ᠂ ᠪᠤᠯᠠᠵᠤ ᠲᠠᠷᠢᠬᠤ ᠪᠠ ᠵᠠᠶᠢᠳᠠᠰᠤ ᠬᠠᠳᠬᠤᠨ ᠲᠠᠷᠢᠬᠤ ᠮᠤᠳᠤᠨ ᠤ ᠦᠵᠦᠬᠦᠷ ᠢ ᠨᠢ ᠭᠠᠵᠠᠷ ᠤᠨ ᠭᠠᠳᠠᠷᠭᠤ ᠲᠠᠢ ᠳᠡᠭᠰᠢ ᠪᠠᠶᠢᠯᠭᠠᠵᠤ ᠨᠦᠬᠡ ᠮᠠᠯᠲᠠᠵᠤ ᠲᠠᠷᠢᠭᠰᠠᠨ ᠪᠤᠯ ᠨᠦᠬᠡᠨ ᠤ ᠢᠷᠮᠡᠭ ᠠᠴᠠ 10 — 20 ᠮᠢᠯᠯᠢᠮᠧᠳ᠋ᠷ ᠲᠤᠤᠷ᠎ᠠ ᠪᠠᠶᠢᠯᠭᠠᠪᠠᠯ ᠰᠠᠶᠢᠨ ᠶᠤᠮ᠃ ᠨᠠᠮᠤᠷ ᠤᠨ ᠤᠯᠠᠷᠢᠯ ᠳᠤ ᠬᠡᠬᠡᠷ᠎ᠡ ᠎ ᠶᠢᠨ ᠬᠦᠢᠯᠡᠰᠦ᠂ ᠬᠡᠬᠡᠷ᠎ᠡ ᠶᠢᠨ ᠢᠩᠲᠤᠤᠷ᠂ ᠱᠠᠩᠳᠦ᠋ᠩ ᠮᠤᠳᠤ ᠵᠡᠷᠭᠡ ᠪᠦᠳᠦᠬᠦᠨ ᠦᠷ᠎ᠡ ᠲᠠᠢ ᠮᠤᠳᠤ ᠶᠢ ᠰᠢᠭᠤᠳ ᠲᠠᠷᠢᠬᠤ ᠳᠤ ᠰᠠᠶᠢᠨ ᠪᠠᠶᠢᠳᠠᠭ᠃      ︽ᠮᠠᠯ ᠲᠠᠷᠢᠶᠠᠯᠠᠩ ᠤᠨ ᠬᠡᠷᠡᠭᠯᠡᠬᠡᠨ ᠤ ᠰᠢᠨ᠎ᠡ ᠮᠡᠷᠭᠡᠵᠢᠯ︾ ᠬᠡᠬᠦ ᠨᠤᠮ ᠠᠴᠠ ᠪᠠᠭᠤᠯᠭᠠᠪᠠ
 
ᠢᠷᠡᠯᠲᠡ᠄ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号