ᠦᠪᠦᠷ ᠮᠤᠩᠭᠤᠯ ᠤᠨ ᠲᠠᠪᠤᠨ ᠶᠡᠭᠡ ᠡᠯᠡᠰᠦᠷᠬᠡᠭ ᠭᠠᠵᠠᠷ
ᠨᠡᠶᠢᠲᠡᠯᠡᠭᠰᠡᠨ ᠴᠠᠭ᠄
2023/1/9
     ᠬᠤᠷᠴᠢᠨ ᠤ ᠡᠯᠡᠰᠦᠷᠬᠡᠭ ᠭᠠᠵᠠᠷ      ᠥᠪᠥᠷ ᠮᠣᠩᠭᠤᠯ ᠤᠨ ᠵᠡᠭᠦᠨ ᠡᠮᠦᠨᠡᠲᠦ ᠬᠡᠰᠡᠭ᠂ ᠶᠡᠭᠡ ᠬᠢᠩᠭᠠᠨ ᠳᠠᠪᠠᠭ᠎ᠠ ᠪᠠ ᠾᠧᠪᠸᠢ ᠶᠢᠨ ᠬᠤᠶᠢᠲᠤ ᠬᠡᠰᠡᠭ ᠤᠨ ᠠᠭᠤᠯᠠᠷᠬᠠᠭ ᠭᠠᠵᠠᠷ ᠤᠨ ᠬᠤᠭᠤᠷᠣᠨᠳᠣᠬᠢ ᠭᠤᠷᠪᠠᠯᠵᠢᠨ ᠣᠷᠣᠨ ᠪᠦᠰᠡ ᠳᠤ ᠣᠷᠣᠰᠢᠵᠤ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ ᠵᠢᠴᠢ ᠯᠢᠶᠣᠤᠨᠢᠩ ᠤᠨ ᠪᠠᠷᠠᠭᠤᠨ ᠬᠤᠶᠢᠲᠤ ᠬᠡᠰᠡᠭ᠂ ᠭᠢᠷᠢᠨ ᠤ ᠪᠠᠷᠠᠭᠤᠨ ᠬᠡᠰᠡᠭ ᠤᠨ ᠡᠯᠡᠰᠦᠷᠬᠡᠭ ᠤᠷᠤᠨ ᠪᠦᠰᠡ ᠶᠢ ᠪᠠᠭᠲᠠᠭᠠᠨ᠎ᠠ᠃ ᠶᠡᠷᠦᠩᠬᠡᠶ ᠲᠠᠯᠠᠪᠠᠶ ᠨᠢ ᠪᠠᠷᠤᠭ 5.06 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠳᠤᠮᠳᠠᠳᠤ ᠤᠯᠤᠰ ᠤᠨ ᠬᠠᠮᠤᠭ ᠤᠨ ᠶᠡᠭᠡ ᠡᠯᠡᠰᠦᠷᠬᠡᠭ ᠭᠠᠵᠠᠷ ᠪᠣᠯᠤᠨ᠎ᠠ᠂ ᠭᠠᠵᠠᠷ ᠤᠨ ᠪᠠᠶᠢᠴᠠ ᠨᠢ ᠡᠮᠦᠨ᠎ᠡ ᠤᠮᠠᠷ᠎ᠠ ᠥᠨᠳᠥᠷ᠂ ᠳᠤᠮᠳᠠ ᠬᠡᠰᠡᠭ ᠨᠢ ᠳᠣᠣᠷ᠎ᠠ᠂ ᠪᠠᠷᠠᠭᠤᠨ ᠬᠡᠰᠡᠭ ᠨᠢ ᠥᠨᠳᠥᠷ᠂ ᠵᠡᠭᠦᠨ ᠬᠡᠰᠡᠭ ᠨᠢ ᠳᠣᠣᠷ᠎ᠠ ᠪᠠᠶᠢᠵᠤ᠂ ᠭᠤᠣᠯ ᠪᠣᠯᠬᠤ ᠪᠦᠯᠦᠭᠯᠡᠯ ᠤᠨ ᠲᠥᠷᠥᠯ ᠵᠦᠢᠯ ᠨᠢ ᠰᠢᠷᠠᠯᠵᠢ᠂ ᠠᠭᠤᠯᠠ ᠶᠢᠨ ᠬᠦᠢᠯᠡᠰᠦ ᠢᠶᠠᠷ ᠭᠤᠤᠯᠯᠠᠭᠰᠠᠨ ᠬᠡᠭᠡᠷ᠎ᠡ ᠲᠠᠯ᠎ᠠ ᠪᠣᠯᠤᠨ᠎ᠠ᠃          ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ      ᠥᠪᠥᠷ ᠮᠣᠩᠭᠤᠯ ᠤᠨ ᠳᠤᠮᠳᠠᠳᠤ ᠬᠡᠰᠡᠭ ᠤᠨ ᠰᠢᠯᠢ ᠶᠢᠨ ᠭᠤᠣᠯ ᠤᠨ ᠥᠨᠳᠦᠷᠯᠢᠭ ᠤᠨ ᠳᠤᠮᠳᠠᠳᠤ ᠡᠮᠦᠨᠡᠲᠦ ᠬᠡᠰᠡᠭ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠡᠮᠦᠨ᠎ᠡ ᠵᠠᠬ᠎ᠠ ᠳᠤ ᠪᠠᠶᠢᠷᠢᠯᠠᠵᠦ᠂ ᠶᠡᠷᠦᠩᠬᠡᠶ ᠲᠠᠯᠠᠪᠠᠶ ᠨᠢ ᠪᠠᠷᠤᠭ 2.38 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠭᠠᠵᠠᠷ ᠤᠨ ᠪᠠᠶᠢᠴᠠ ᠨᠢ ᠵᠡᠭᠦᠨ ᠡᠮᠦᠨ᠎ᠡ ᠪᠠᠨ ᠥᠨᠳᠥᠷ ᠪᠠᠷᠠᠭᠤᠨ ᠬᠤᠶᠢᠨ᠎ᠠ ᠪᠠᠨ ᠳᠣᠣᠷ᠎ᠠ᠂ ᠭᠠᠵᠠᠷ ᠤᠨ ᠭᠠᠳᠠᠷᠭᠤ ᠶᠢᠨ ᠡᠷᠬᠦᠭᠳᠡᠭᠴᠡ ᠶᠢᠨ ᠵᠦᠷᠢᠶ᠎ᠡ ᠶᠡᠭᠡ ᠪᠢᠰᠢ᠃ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠲᠤ ᠮᠠᠰᠢ ᠣᠯᠠᠨ ᠵᠢᠵᠢᠭ ᠨᠠᠭᠤᠷ ᠪᠠ ᠪᠤᠯᠠᠭ ᠲᠠᠷᠬᠠᠵᠤ᠂ ᠡᠯᠡᠰᠦᠷᠬᠡᠭ ᠭᠠᠵᠠᠷ ᠤᠨ ᠵᠠᠬ᠎ᠠ ᠨᠢ ᠪᠣᠭᠤᠨᠢ ᠠᠭᠤᠯᠠ᠂ ᠳᠣᠪᠣᠷᠬᠠᠭ ᠤᠷᠤᠨ ᠪᠦᠰᠡ ᠪᠤᠯᠤᠨ᠎ᠠ᠃           ᠬᠥᠯᠥᠨ ᠪᠤᠶᠢᠷ ᠤᠨ ᠡᠯᠡᠰᠦᠷᠬᠡᠭ ᠭᠠᠵᠠᠷ     ᠬᠥᠯᠥᠨ ᠪᠤᠶᠢᠷ ᠬᠤᠲᠠ ᠶᠢᠨ ᠪᠠᠷᠠᠭᠤᠨ ᠬᠡᠰᠡᠭ᠂ ᠶᠡᠭᠡ ᠬᠢᠩᠭᠠᠨ ᠳᠠᠪᠠᠭ᠎ᠠ ᠶᠢᠨ ᠳᠤᠮᠳᠠ ᠬᠡᠰᠡᠭ᠂ ᠬᠥᠯᠥᠨ ᠨᠠᠭᠤᠷ ᠠᠴᠠ ᠵᠡᠭᠦᠨᠰᠢ᠂ ᠬᠥᠯᠥᠨ ᠪᠤᠶᠢᠷ ᠤᠨ ᠲᠠᠯ᠎ᠠ ᠨᠤᠲᠤᠭ ᠤᠨ ᠥᠷᠥᠴᠡᠨ ᠳᠤ ᠪᠠᠶᠢᠷᠢᠰᠢᠵᠤ᠂ ᠶᠡᠷᠦᠩᠬᠡᠶ ᠲᠠᠯᠠᠪᠠᠶ ᠨᠢ ᠪᠠᠷᠤᠭ 0.91 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠭᠠᠵᠠᠷ ᠤᠨ ᠪᠠᠶᠢᠴᠠ ᠨᠢ ᠵᠡᠭᠦᠨ ᠠᠴᠠ ᠪᠠᠷᠠᠭᠤᠨᠰᠢ ᠠᠭᠠᠵᠢᠮ ᠢᠶᠠᠷ ᠳᠣᠷᠣᠭᠰᠢᠯᠠᠵᠤ᠂  ᠭᠤᠤᠯ ᠮᠥᠷᠡᠨ᠂ ᠨᠠᠭᠤᠷ᠂ ᠨᠠᠮᠤᠭ ᠭᠠᠵᠠᠷ ᠨᠡᠯᠢᠶᠡᠳ ᠤᠯᠠᠨ ᠪᠤᠢ᠃ ᠤᠰᠤᠨ ᠤ ᠨᠥᠬᠦᠴᠡᠯ ᠨᠢ ᠳᠠᠪᠠᠭᠤᠯᠢᠭ ᠪᠠᠶᠢᠳᠠᠭ᠃          ᠦᠵᠦᠮᠦᠴᠢᠨ ᠤ ᠡᠯᠡᠰᠦᠷᠬᠡᠭ ᠭᠠᠵᠠᠷ      ᠰᠢᠯᠢ ᠶᠢᠨ ᠭᠤᠤᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤ᠂ ᠵᠡᠭᠦᠨ ᠦᠵᠦᠮᠦᠴᠢᠨ ᠬᠤᠰᠢᠭᠤᠨ ᠳᠤ ᠪᠠᠶᠢᠷᠢᠯᠠᠵᠤ᠂ ᠶᠡᠷᠦᠩᠬᠡᠢ ᠲᠠᠯᠠᠪᠠᠶ ᠨᠢ ᠪᠠᠷᠤᠭ 0.304 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠨ᠎ᠠ᠃          ᠮᠤᠤᠠᠤᠰᠤ ᠶᠢᠨ ᠡᠯᠡᠰᠦᠷᠬᠡᠭ ᠭᠠᠵᠠᠷ      ᠪᠠᠰᠠ ᠣᠷᠳᠣᠰ ᠤᠨ ᠡᠯᠡᠰᠦᠷᠬᠡᠭ ᠭᠠᠵᠠᠷ ᠭᠡᠳᠡᠭ᠂ ᠭᠤᠤᠯᠳᠠᠭᠤ ᠣᠷᠳᠣᠰ ᠤᠨ ᠥᠨᠳᠦᠷᠯᠢᠭ ᠬᠢᠭᠡᠳ ᠰᠢᠷ᠎ᠠ ᠬᠥᠷᠥᠰᠥᠲᠦ ᠥᠨᠳᠦᠷᠯᠢᠭ ᠤᠨ ᠬᠤᠭᠤᠷᠣᠨᠳᠣᠬᠢ ᠲᠤᠨᠤᠮᠠᠯ ᠲᠠᠯ᠎ᠠ ᠭᠠᠵᠠᠷ ᠲᠤ ᠣᠷᠣᠰᠢᠵᠤ᠂ ᠥᠪᠥᠷ ᠮᠣᠩᠭᠤᠯ᠂ ᠱᠠᠨᠰᠢ᠂ ᠨᠢᠩᠰᠢᠶᠠ ᠵᠡᠷᠭᠡ ᠭᠠᠵᠠᠷ ᠢ ᠰᠤᠨᠳᠠᠯᠠᠵᠤ᠂ ᠶᠡᠷᠦᠩᠬᠡᠶ ᠲᠠᠯᠠᠪᠠᠶ ᠨᠢ 3.21 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠨ᠎ᠠ᠃    
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号