ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠦᠷ᠎ᠡ | ᠴᠢᠬᠢ ᠶᠢᠨ ᠶᠡᠷᠦᠩᠬᠡᠶ ᠥᠷᠲᠡᠭᠡ ᠶᠢᠨ ᠲᠤᠭᠤᠷᠪᠢᠵᠤ ᠵᠠᠰᠠᠪᠤᠷᠢ ᠣᠷᠣᠭᠤᠯᠤᠭᠰᠠᠨ ︽ᠭᠤᠤᠯ ᠪᠣᠯᠬᠤ | ᠣᠶᠢᠵᠢᠭᠤᠯᠤᠯᠲᠠ ᠶᠢᠨ ᠦᠷ᠎ᠡ ᠴᠢᠬᠢ ᠶᠢᠨ ᠶᠠᠰᠤ ᠴᠢᠨᠠᠷ ᠤᠨ ᠲᠠᠰ ᠬᠤᠪᠢᠶᠠᠷᠯᠠᠯᠳᠠ︾ ︵DB 15 / T 374— | 2023︶ ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠲᠡᠯᠡᠨ ᠬᠡᠷᠡᠭᠵᠢᠬᠦᠯᠦᠨ᠎ᠡ᠃ ᠲᠣᠰ ᠤᠳᠠᠭ᠎ᠠ ᠵᠠᠰᠠᠪᠤᠷᠢ | ᠣᠷᠣᠭᠤᠯᠬᠤ ᠳᠤ ︽ᠪᠠᠷᠢᠮᠵᠢᠶᠠᠵᠢᠭᠤᠯᠬᠤ ᠠᠵᠢᠯ ᠤᠨ ᠵᠢᠯᠣᠭᠤᠳᠬᠤ ᠲᠦᠷᠢᠮ︾ ︵GB/ T1.1—-2020︶ | ᠶᠤᠰᠤᠭᠠᠷ ︽ᠪᠠᠷᠢᠮᠵᠢᠶᠠᠵᠢᠭᠤᠯᠬᠤ ᠪᠢᠴᠢᠭ ᠮᠠᠲ᠋ᠧᠷᠢᠶᠠᠯ ᠤᠨ ᠪᠦᠲᠦᠴᠡ ᠪᠠ ᠲᠤᠭᠤᠷᠪᠢᠬᠤ ᠲᠦᠷᠢᠮ︾ ᠶᠣᠰᠣᠭᠠᠷ | ᠬᠡᠷᠡᠭᠵᠢᠬᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠪᠣᠯᠬᠤ ᠣᠶᠢᠵᠢᠭᠤᠯᠤᠯᠲᠠ ᠶᠢᠨ | ᠦᠷ᠎ᠡ ᠴᠢᠬᠢ ᠶᠢᠨ ᠶᠠᠰᠤ ᠴᠢᠨᠠᠷ ᠤᠨ ᠲᠠᠰ ᠬᠤᠪᠢᠶᠠᠷᠯᠠᠯᠳᠠ︾ ︵DB 15 / 374—2002︶ ᠶᠢ | ᠤᠷᠤᠯᠠᠭᠤᠯᠤᠨ᠎ᠠ᠃ | ᠲᠣᠰ ᠤᠳᠠᠭ᠎ᠠ ᠵᠠᠰᠠᠪᠤᠷᠢ ᠣᠷᠣᠭᠤᠯᠬᠤ ᠳᠠᠭᠠᠨ ᠲᠤᠰᠬᠠᠶ ᠮᠡᠷᠭᠡᠵᠢᠯ ᠤᠨ ᠨᠡᠷ᠎ᠡ ᠲᠣᠮᠢᠶ᠎ᠠ ᠪᠠ ᠲᠣᠮᠢᠶᠠᠯᠠᠯ ᠢ | ᠵᠢᠷᠤᠮᠵᠢᠭᠤᠯᠵᠤ᠂ ᠪᠠᠶᠢᠴᠠᠭᠠᠨ ᠰᠢᠯᠭᠠᠬᠤ ᠬᠦᠢᠴᠡᠳᠬᠡᠯ ᠲᠤᠭ᠎ᠠ ᠪᠠ ᠠᠭᠤᠯᠭ᠎ᠠ ᠶᠢ ᠨᠠᠷᠢᠯᠢᠬᠵᠢᠭᠤᠯᠤᠨ᠂ ᠵᠠᠭ ᠮᠣᠳᠣ᠂ | ᠴᠠᠷᠠᠰᠤ᠂ ᠲᠠᠩᠭᠤᠳ ᠬᠠᠷᠮᠠᠭ᠂ ᠮᠦᠩᠬᠡ ᠬᠠᠷᠠᠭᠠᠨ᠎ᠠ᠂ ᠴᠢᠪᠠᠭ᠎ᠠ᠂ ᠬᠤᠰᠢᠭ᠎ᠠ ᠶᠢᠨ ᠮᠣᠳᠣ ᠵᠡᠷᠭᠡ 6 ᠲᠦᠷᠦᠯ ᠤᠨ | ︽ᠭᠤᠷᠪᠠᠨ ᠤᠮᠠᠷᠠᠲᠤ︾ ᠤ ᠭᠤᠤᠯ ᠪᠣᠯᠬᠤ ᠣᠶᠢᠵᠢᠭᠤᠯᠤᠯᠲᠠ ᠶᠢᠨ ᠴᠢᠬᠢ ᠮᠣᠳᠣᠨ ᠤ ᠶᠠᠰᠤ ᠴᠢᠨᠠᠷ ᠤᠨ | ᠬᠦᠢᠴᠡᠳᠬᠡᠯ ᠲᠤᠭ᠎ᠠ ᠶᠢᠨ ᠳᠡᠰ ᠢ ᠨᠡᠮᠡᠵᠦ᠂ ᠶᠠᠰᠤ ᠴᠢᠨᠠᠷ ᠤᠨ ᠬᠦᠢᠴᠡᠳᠬᠡᠯ ᠲᠤᠭ᠎ᠠ ᠶᠢᠨ ᠳᠡᠰ ᠤᠨ ᠯᠠᠪᠯᠠᠯᠲᠠ ᠶᠢᠨ | ᠮᠣᠳᠣᠨ ᠤ ᠲᠥᠷᠥᠯ 36 ᠪᠠᠶᠢᠭᠰᠠᠨ ᠠᠴᠠ ᠪᠠᠨ 42 ᠪᠣᠯᠵᠣ ᠨᠡᠮᠡᠭᠳᠡᠨ᠂ ᠪᠥᠬᠦ ᠣᠷᠣᠨ ᠤ ᠭᠤᠤᠯ ᠪᠣᠯᠬᠤ | ᠣᠶᠢᠵᠢᠭᠤᠯᠤᠯᠲᠠ ᠶᠢᠨ ᠴᠢᠬᠢ ᠮᠣᠳᠣᠨ ᠤ ᠶᠠᠰᠤ ᠴᠢᠨᠠᠷ ᠤᠨ ᠲᠠᠰ ᠬᠤᠪᠢᠶᠠᠬᠤ ᠪᠠᠷᠢᠮᠵᠢᠶ᠎ᠠ ᠶᠢ ᠦᠨᠳᠦᠰᠦᠨ ᠳᠡᠭᠡᠨ | ᠬᠦᠢᠴᠡᠳᠬᠡᠬᠦ ᠳᠤ ᠦᠨᠳᠦᠰᠦᠯᠡᠯ ᠲᠠᠢ ᠪᠣᠯᠪᠠ᠃ ᠲᠤᠰ ᠪᠠᠷᠢᠮᠵᠢᠶ᠎ᠠ ᠶᠢ ᠨᠡᠶᠢᠲᠡᠯᠡᠨ ᠬᠡᠷᠡᠭᠵᠢᠭᠦᠯᠦᠭᠰᠡᠨ ᠨᠢ᠂ ᠮᠠᠨ ᠤ | ᠣᠷᠣᠨ ᠤ ᠣᠶᠢᠵᠢᠭᠤᠯᠤᠯᠲᠠ ᠶᠢᠨ ᠴᠢᠬᠢ ᠮᠣᠳᠣᠨ ᠤ ᠶᠠᠰᠤ ᠴᠢᠨᠠᠷ ᠢ ᠦᠨᠡᠯᠡᠬᠦ ᠰᠢᠰᠲ᠋ᠧᠮᠵᠢ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠥᠷᠭᠡᠨ ᠣᠯᠠᠨ | ᠠᠵᠢᠯᠯᠠᠭᠰᠠᠳ ᠤᠨ ᠴᠢᠬᠢ ᠮᠣᠳᠣᠨ ᠤ ᠶᠠᠰᠤ ᠴᠢᠨᠠᠷ ᠢ ᠬᠢᠨᠠᠨ ᠬᠠᠮᠢᠶᠠᠷᠬᠤ᠂ ᠦᠢᠯᠡᠳᠪᠦᠷᠢᠯᠡᠯ ᠠᠷᠠᠯᠵᠢᠶᠠᠨ ᠤ | ᠭᠦᠢᠯᠭᠡᠭᠡᠨ ᠵᠢᠴᠢ ᠣᠶᠢᠵᠢᠭᠤᠯᠤᠯᠲᠠ ᠶᠢᠨ ᠠᠵᠢᠯᠯᠠᠭᠠᠨ ᠤ ᠵᠢᠷᠤᠭ ᠲᠥᠯᠥᠪᠯᠡᠭᠡ᠂ ᠢᠨᠵᠧᠨᠧᠷᠢᠩ ᠤᠨ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠢᠨᠵᠧᠨᠧᠷᠢᠩ ᠢ ᠰᠢᠯᠭᠠᠨ ᠠᠪᠬᠤ ᠵᠡᠷᠭᠡ ᠡᠯ᠎ᠡ ᠲᠠᠯ᠎ᠠ ᠶᠢᠨ | ᠠᠵᠢᠯ ᠳᠤ ᠯᠠᠪᠯᠠᠯᠲᠠ ᠪᠠ ᠦᠨᠳᠦᠰᠦᠯᠡᠯ ᠬᠠᠩᠭᠠᠵᠤ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ︽ᠭᠤᠷᠪᠠᠨ ᠶᠡᠭᠡ | ᠳᠠᠶᠢᠯᠠᠯᠳᠤᠭᠠᠨ︾ ᠤ ᠢᠯᠠᠯᠲᠠ ᠶᠢ ᠣᠯᠬᠤ ᠪᠠ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ | ᠠᠬᠤᠶ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠲᠦᠯᠬᠢᠨ ᠠᠬᠢᠭᠤᠯᠬᠤ ᠳᠤ | ᠮᠡᠷᠭᠡᠵᠢᠯ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ |