ᠶᠠᠮᠠᠷ ᠪᠠᠶᠢᠳᠠᠯ ᠳᠣᠣᠷ᠎ᠠ ᠰᠢᠭᠤᠶᠢᠲᠤ ᠭᠠᠵᠠᠷ ᠢ ᠬᠡᠷᠡᠭᠯᠡᠬᠦ ᠭᠠᠷ ᠭᠦᠢᠴᠡᠳᠬᠡᠯ ᠬᠢᠬᠦ ᠬᠡᠷᠡᠭᠲᠡᠶ ᠪᠤᠢ︖
ᠨᠡᠶᠢᠲᠡᠯᠡᠭᠰᠡᠨ ᠴᠠᠭ᠄
2023/10/17
     ᠶᠠᠮᠠᠷ ᠪᠠᠶᠢᠳᠠᠯ ᠳᠣᠣᠷ᠎ᠠ ᠰᠢᠭᠤᠶᠢᠲᠤ ᠭᠠᠵᠠᠷ ᠢ ᠬᠡᠷᠡᠭᠯᠡᠬᠦ ᠭᠠᠷ ᠭᠦᠢᠴᠡᠳᠬᠡᠯ ᠬᠢᠬᠦ ᠬᠡᠷᠡᠭᠲᠡᠶ ᠪᠤᠢ︖        ᠬᠠᠷᠢᠭᠤᠯᠲᠠ᠄  ︽ᠣᠶ ᠰᠢᠭᠤᠶ ᠶᠢᠨ ᠬᠠᠤᠯᠢ︾᠂ ︽ᠣᠶ ᠰᠢᠭᠤᠶ ᠶᠢᠨ ᠬᠠᠤᠯᠢ ᠶᠢ ᠬᠡᠷᠡᠭᠵᠢᠭᠦᠯᠬᠦ ᠳᠦᠷᠢᠮ ︾ ᠵᠢᠴᠢ ︽ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠤᠶᠢᠲᠤ ᠭᠠᠵᠠᠷ ᠢ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ︾᠎ ᠶᠢᠨ ᠲᠣᠭᠲᠠᠭᠠᠯ ᠢ ᠦᠨᠳᠦᠰᠦᠯᠡᠨ᠂ ᠤᠶᠢᠲᠤ ᠭᠠᠵᠠᠷ ᠳᠡᠭᠡᠷ᠎ᠡ ᠡᠭᠦᠷᠢᠳᠡ ᠶᠢᠨ ᠴᠢᠨᠠᠷᠲᠠᠶ᠂ ᠲᠦᠷ ᠴᠠᠭ ᠤᠨ ᠴᠢᠨᠠᠷᠲᠠᠶ ᠪᠠᠷᠢᠯᠭ᠎ᠠ᠂ ᠪᠠᠷᠢᠯᠭ᠎ᠠ ᠶᠢᠨ ᠵᠦᠢᠯᠡᠰ ᠪᠠᠶᠢᠭᠤᠯᠬᠤ ᠵᠢᠴᠢ ᠤᠶᠢᠲᠤ ᠭᠠᠵᠠᠷ ᠤᠨ ᠬᠡᠷᠡᠭᠴᠡᠭᠡ ᠶᠢ ᠬᠤᠪᠢᠷᠠᠭᠤᠯᠤᠭᠰᠠᠨ ᠪᠤᠰᠤᠳ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠳᠤ ᠤᠶᠢᠲᠤ ᠭᠠᠵᠠᠷ ᠢ ᠬᠡᠷᠡᠭᠯᠡᠬᠦ ᠭᠠᠷᠳᠠᠮ ᠭᠦᠢᠴᠡᠳᠬᠡᠬᠦ ᠬᠡᠷᠡᠭᠲᠡᠶ᠃ ᠭᠤᠤᠯᠳᠠᠭᠤ ᠬᠠᠶᠢᠨ ᠪᠠᠶᠢᠴᠠᠭᠠᠬᠤ᠂ ᠠᠭᠤᠷᠬᠠᠶ ᠮᠠᠯᠲᠠᠬᠤ ᠪᠠ ᠡᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠨᠢ ᠣᠶᠢᠲᠤ ᠭᠠᠵᠠᠷ ᠢ ᠡᠵᠡᠯᠡᠨ ᠬᠡᠷᠡᠭᠯᠡᠭᠰᠡᠨ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠣᠶᠢᠲᠤ ᠭᠠᠵᠠᠷ ᠢ ᠲᠦᠷ ᠴᠠᠭ ᠡᠵᠡᠯᠡᠨ ᠬᠡᠷᠡᠭᠯᠡᠬᠦ᠂ ᠣᠶ ᠰᠢᠭᠤᠶ ᠶᠢᠨ ᠡᠵᠡᠩᠨᠡᠯᠲᠡ ᠶᠢᠨ ᠨᠢᠭᠡᠴᠡ ᠠᠴᠠ ᠡᠵᠡᠩᠨᠡᠵᠦ ᠪᠦᠬᠦᠢ ᠤᠶᠢᠲᠦ ᠭᠠᠵᠠᠷ ᠤᠨ ᠢᠶᠠᠨ ᠬᠡᠪᠴᠢᠶᠡᠨ ᠳᠤ ᠣᠶ ᠰᠢᠭᠤᠶ ᠶᠢᠨ ᠦᠢᠯᠡᠰ ᠤᠨ ᠦᠢᠯᠡᠳᠪᠦᠷᠢᠯᠡᠯ ᠳᠤ ᠰᠢᠭᠤᠳ ᠦᠢᠯᠡᠴᠢᠯᠡᠵᠦ ᠪᠠᠶᠢᠭ᠎ᠠ ᠪᠠᠷᠢᠯᠭ᠎ᠠ ᠵᠢᠴᠢ ᠲᠦᠬᠦᠭᠡᠷᠤᠮᠵᠢ ᠪᠠᠶᠢᠭᠤᠯᠬᠤ ᠳᠤ ᠤᠶᠢᠲᠤ ᠭᠠᠵᠠᠷ ᠢ ᠡᠵᠡᠯᠡᠨ ᠬᠡᠷᠡᠭᠯᠡᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号