︽ᠠᠯᠠᠱᠠ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠣᠶᠢᠯᠠᠯᠭ᠎ᠠ ︵2006 — 2021︶︾᠎ ᠶᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2023/10/18
      10 ᠰᠠᠷ᠎ᠠ ᠶᠢᠨ 16᠎ ᠤ ᠡᠳᠦᠷ᠂ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ 20 ᠰᠠᠷ᠎ᠠ ᠶᠢᠨ ᠬᠤᠭᠤᠴᠠᠭ᠎ᠠ ᠶᠢ ᠵᠠᠷᠣᠴᠠᠭᠤᠯᠣᠨ ᠨᠠᠶᠢᠷᠠᠭᠤᠯᠤᠨ ᠵᠣᠬᠢᠶᠠᠭᠰᠠᠨ ︽ᠠᠯᠠᠱᠠ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠣᠶᠢᠯᠠᠯᠭ᠎ᠠ ︵2006 — 2021︶︾᠎ ᠶᠢ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠪᠯᠡᠯ ᠤᠨ ᠬᠤᠷᠢᠶ᠎ᠠ ᠠᠴᠠ ᠬᠡᠪᠯᠡᠨ ᠲᠠᠷᠬᠠᠭᠠᠪᠠ᠃ 
2023-10-17-55ed14daec-4ab8-4b65-8b6b-6ae142a2654e.jpg
      ᠣᠶᠢᠯᠠᠭᠠᠭᠰᠠᠨ ᠢᠶᠠᠷ᠂ ︽ᠠᠯᠠᠱᠠ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠣᠶᠢᠯᠠᠯᠭ᠎ᠠ ︵2006 — 2021︶︾ ᠪᠣᠯ 2007 ᠣᠨ ᠤ 10 ᠳ᠋ᠤᠭᠠᠷ ᠰᠠᠷ᠎ᠠ ᠳᠤ ᠬᠡᠪᠯᠡᠭᠦᠯᠦᠭᠰᠡᠨ ︽ᠠᠯᠠᠱᠠ ᠠᠶᠢᠮᠠᠭ ᠤᠨ ᠣᠶ ᠰᠢᠭᠤᠶ ᠶᠢᠨ ᠣᠶᠢᠯᠠᠯᠭ᠎ᠠ︾᠎ ᠶᠢᠨ ᠳᠠᠷᠠᠭ᠎ᠠ᠂ ᠠᠯᠠᠱᠠ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ ᠳᠣᠪᠴᠢᠶ᠎ᠠ ᠠᠴᠠ ᠨᠠᠶᠢᠷᠠᠭᠤᠯᠣᠭᠰᠠᠨ ᠵᠠᠯᠭᠠᠮᠵᠢ ᠣᠶᠢᠯᠠᠯᠭ᠎ᠠ ᠪᠣᠯᠬᠤ ᠶᠣᠮ᠃ ᠪᠦᠬᠦ ᠨᠣᠮ ᠨᠢ ᠨᠡᠶᠢᠲᠡ 17 ᠪᠦᠯᠦᠭ 77 ᠬᠡᠰᠡᠭ ᠢᠶᠠᠷ ᠪᠦᠷᠢᠯᠳᠦᠵᠦ᠂ 152 ᠲᠦᠮᠡ ᠭᠠᠷᠤᠢ ᠦᠰᠦᠭ ᠲᠠᠢ ᠪᠠᠶᠢᠵᠤ᠂ ᠠᠯᠠᠱᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠪᠠᠶᠢᠭᠤᠯᠤᠮᠵᠢ ᠶᠢᠨ ᠬᠤᠪᠢᠰᠤᠯᠲᠠ᠂ ᠤᠢ ᠰᠢᠭᠤᠢ ᠨᠤᠲᠤᠭ ᠪᠡᠯᠴᠢᠭᠡᠷ ᠨᠤᠭᠤ ᠭᠠᠵᠠᠷ ᠪᠠ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ᠂ ᠤᠢ ᠰᠢᠭᠤᠢ ᠪᠠ ᠨᠤᠲᠤᠭ ᠪᠡᠯᠴᠢᠭᠡᠷ ᠤᠨ ᠠᠵᠤ ᠦᠢᠯᠡᠰ᠂ ᠤᠨᠴᠠᠯᠢᠬᠳᠤ ᠡᠯᠡᠰᠦᠨ ᠤ ᠠᠵᠤ ᠦᠢᠯᠡᠰ᠂ ᠨᠡᠶᠢᠲᠡ ᠶᠢᠨ ᠠᠰᠠᠷᠠᠮᠵᠢ ᠵᠢᠴᠢ ᠨᠡᠶᠢᠭᠡᠮᠴᠢᠯᠡᠭᠰᠡᠨ ᠣᠶᠢᠵᠢᠭᠤᠯᠤᠯᠲᠠ ᠶᠢᠨ ᠠᠵᠢᠯ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ ᠵᠦᠢᠯ᠂ ᠡᠬᠢ ᠪᠠᠶᠠᠯᠢᠭ ᠤᠨ ᠬᠠᠮᠠᠭᠠᠯᠠᠯᠲᠠ᠂ ᠬᠠᠤᠯᠢ ᠪᠠᠷ ᠵᠠᠰᠠᠬᠤ ᠪᠠᠶᠢᠭᠤᠯᠤᠯᠲᠠ᠂ ᠤᠢ ᠰᠢᠭᠤᠢ ᠪᠠ ᠨᠤᠲᠤᠭ ᠪᠡᠯᠴᠢᠭᠡᠷ ᠤᠨ ᠥᠭᠡᠷᠡᠴᠢᠯᠡᠯᠲᠡ᠂ ᠪᠠᠶᠢᠴᠠᠭᠠᠨ ᠬᠡᠮᠵᠢᠬᠦ ᠪᠠ ᠲᠥᠯᠥᠪᠵᠢᠭᠦᠯᠬᠦ᠂ ᠤᠬᠠᠭᠤᠯᠭ᠎ᠠ ᠬᠥᠮᠦᠵᠢᠯ᠂ ᠲᠥᠯᠥᠪᠯᠡᠭᠡ ᠪᠦᠷᠢᠳᠬᠡᠯ ᠡᠳ᠋ ᠤᠨ ᠶᠠᠪᠤᠳᠠᠯ᠂ ᠨᠠᠮ ᠪᠠ ᠤᠯᠠᠨ ᠲᠦᠮᠡᠨ ᠤ ᠠᠵᠢᠯ ᠵᠡᠷᠭᠡ ᠪᠠᠶᠢᠳᠠᠯ ᠢ ᠨᠠᠷᠢᠨ ᠲᠡᠮᠳᠡᠭᠯᠡᠪᠡ᠃ 
2023-10-17-151c74b24f-226b-476e-924f-6f36b9e9fb26.jpg 
      ᠲᠤᠰ ᠨᠣᠮ ᠪᠣᠯ ᠣᠷᠣᠨ ᠨᠤᠲᠤᠭ ᠤᠨ ᠨᠢᠭᠡᠨ ᠲᠤᠰᠬᠠᠶ ᠣᠶᠢᠯᠠᠯᠭ᠎ᠠ ᠮᠥᠷᠲᠡᠭᠡᠨ ᠪᠠᠰᠠ ᠮᠠᠲ᠋ᠧᠷᠢᠶᠠᠯ ᠬᠠᠩᠭᠠᠬᠤ ᠪᠦᠷᠢᠨ ᠪᠢᠴᠢᠭ ᠪᠣᠯᠤᠨ᠎ᠠ᠃ ᠨᠣᠮ ᠳᠤ᠂ ︽ᠠᠷᠪᠠᠨ ᠨᠢᠬᠡᠳᠦᠭᠡᠷ ᠳᠠᠪᠣᠨ ᠵᠢᠯ︾᠎ ᠤᠨ ᠲᠦᠯᠦᠪᠵᠢᠭᠦᠯᠭᠡ ᠠᠴᠠ ᠨᠠᠰᠢᠬᠢ ᠮᠠᠨ ᠤ ᠠᠶᠢᠮᠠᠭ ᠤᠨ ᠤᠢ ᠰᠢᠭᠤᠢ ᠨᠣᠳᠤᠭ ᠪᠡᠯᠴᠢᠭᠡᠷ ᠤᠨ ᠠᠵᠢᠯᠳᠠᠨ ᠰᠢᠷᠭᠠᠭᠤ ᠬᠠᠲᠠᠭᠤᠵᠢᠯᠲᠠᠢ ᠠᠵᠢᠯᠯᠠᠵᠤ᠂ ᠤᠢ ᠰᠢᠭᠤᠢ ᠶᠢ ᠰᠠᠬᠢᠨ ᠬᠠᠮᠠᠭᠠᠯᠠᠵᠤ᠂ ᠠᠭᠤᠯᠠᠨ ᠳᠤ ᠬᠦᠨᠵᠡᠭᠡᠶᠢᠷᠡᠨ᠂ ᠡᠯᠡᠰᠦ ᠮᠠᠩᠬ᠎ᠠ ᠶᠢ ᠬᠠᠮᠠᠭᠠᠯᠠᠨ ᠨᠣᠭᠤᠭᠠᠷᠠᠭᠤᠯᠵᠤ᠂ ᠴᠦᠯᠯᠡᠷᠭᠡᠭᠵᠢᠭᠰᠡᠨ ᠭᠤᠪᠢ᠂ ᠦᠷᠬᠦᠯᠵᠢᠯᠡᠭᠰᠡᠨ ᠨᠢᠷᠣᠭᠤ᠂ ᠨᠡᠯᠦᠭᠡᠷ ᠶᠡᠭᠡ ᠮᠠᠩᠬᠠᠨ ᠳᠤ ᠨᠣᠭᠤᠭᠠᠨ ᠪᠦᠰᠡ ᠶᠢ ᠪᠦᠷᠢᠯᠳᠦᠬᠦᠯᠵᠦ᠂ ᠪᠦᠬᠦ ᠠᠶᠢᠮᠠᠭ ᠤᠨ ᠤᠢ ᠰᠢᠭᠤᠢ ᠶᠢᠨ ᠲᠠᠯᠠᠪᠠᠢ ᠪᠣᠯᠤᠨ ᠬᠡᠮᠵᠢᠶ᠎ᠡ ᠦᠷᠭᠦᠯᠵᠢᠯᠡᠨ ︽ᠬᠤᠣᠰ ᠨᠡᠮᠡᠭᠳᠡᠯ︾᠎ ᠢ ᠪᠡᠶᠡᠯᠡᠬᠦᠯᠵᠦ᠂ ᠪᠦᠬᠦ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ︽ᠪᠦᠬᠦᠯᠢ ᠴᠣᠭᠴᠠ ᠪᠠᠷ ᠨᠢ ᠬᠤᠷᠢᠭᠯᠠᠵᠤ᠂ ᠬᠡᠰᠡᠭ ᠲᠠᠯ᠎ᠠ ᠪᠠᠷ ᠰᠠᠶᠢᠵᠢᠷᠠᠬᠤ︾ ᠴᠢᠬᠤᠯᠠ ᠶᠡᠭᠡ ᠬᠤᠪᠢᠷᠠᠯᠲᠠ ᠲᠠᠢ ᠪᠣᠯᠣᠭᠰᠠᠨ ᠢ ᠳᠡᠮᠳᠡᠭᠯᠡᠪᠡ᠃ ᠡᠭᠦᠨ ᠤ ᠬᠠᠮᠲᠤ᠂ ᠠᠯᠠᠱᠠ ᠶᠢᠨ ᠭᠠᠵᠠᠷ ᠣᠷᠣᠨ ᠤ ᠣᠨᠴᠠᠯᠢᠭ᠂ ᠡᠬᠢ ᠪᠠᠶᠠᠯᠢᠭ ᠤᠨ ᠣᠨᠴᠠᠯᠢᠭ ᠲᠠᠢ ᠤᠶᠠᠯᠳᠤᠭᠤᠯᠤᠨ᠂ ︽ᠤᠨᠴᠠᠯᠢᠬᠳᠤ ᠡᠯᠡᠰᠦᠨ ᠤ ᠠᠵᠤ ᠦᠢᠯᠡᠰ︾ ᠪᠠ ︽ᠨᠡᠶᠢᠲᠡ ᠶᠢᠨ ᠠᠰᠠᠷᠠᠮᠵᠢ ᠵᠢᠴᠢ ᠨᠡᠶᠢᠭᠡᠮᠴᠢᠯᠡᠭᠰᠡᠨ ᠣᠢᠵᠢᠭᠤᠯᠤᠯᠲᠠ︾᠎ ᠶᠢᠨ ᠪᠦᠯᠦᠭ ᠢ ᠣᠨᠴᠣᠭᠤᠶᠢᠯᠠᠨ ᠨᠡᠮᠡᠵᠤ᠂ ᠪᠦᠬᠦ᠋ᠢᠯᠡ ᠣᠷᠣᠨ ᠨᠤᠲᠤᠭ ᠤᠨ ᠣᠶᠢᠯᠠᠯᠭ᠎ᠠ ᠶᠢᠨ ᠠᠭᠤᠯᠭ᠎ᠠ ᠨᠢ ᠪᠦᠬᠦ ᠲᠠᠯ᠎ᠠ ᠶᠢᠨ᠂ ᠪᠦᠲᠦᠴᠡ ᠨᠢ ᠵᠦᠶ ᠵᠣᠬᠢᠰᠲᠠᠶ᠂ ᠣᠨᠴᠠᠯᠢᠭ ᠨᠢ ᠢᠯᠡ ᠲᠣᠳᠣ ᠪᠣᠯᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号