ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠡ᠄ ᠡᠨᠡ ᠵᠢᠯ ᠡᠬᠢᠯᠡᠭᠰᠡᠨ ᠠᠴᠠ | ᠨᠠᠭᠠᠰᠢ᠂ ᠥᠪᠥᠷ ᠮᠣᠩᠭᠤᠯ ᠤᠨ ᠡᠯ᠎ᠡ ᠱᠠᠲᠤᠨ ᠤ ᠡᠳ᠋ ᠤᠨ ᠵᠠᠰᠠᠭ ᠤᠨ ᠨᠢᠭᠡᠳᠦᠯᠲᠡᠢ ᠲᠥᠯᠥᠪᠯᠡᠬᠦ ᠪᠡᠯᠡ ᠮᠥᠩᠭᠦ ᠨᠢ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠳᠤ | ᠠᠩᠬᠠᠷᠤᠯ ᠪᠠ ᠬᠦᠴᠦ ᠪᠠᠨ ᠲᠥᠪᠯᠡᠷᠡᠭᠦᠯᠵᠦ᠂ ᠡᠳ᠋ ᠤᠨ ᠵᠠᠰᠠᠭ ᠠᠴᠠ ︽ᠲᠠᠪᠤᠨ ᠶᠡᠭᠡ ᠡᠭᠦᠷᠭᠡ︾ ᠶᠢ ᠳᠡᠮᠵᠢᠬᠦ | ᠪᠡᠯᠡ ᠮᠥᠩᠭᠦ ᠶᠢᠨ ᠣᠷᠣᠭᠤᠯᠤᠯᠲᠠ ᠶᠢᠨ ᠪᠠᠷᠢᠮᠵᠢᠶ᠎ᠠ ᠪᠠᠷ ᠪᠦᠷᠢᠳᠬᠡᠪᠡᠯ᠂ 1 – 9 ᠳ᠋ᠦ᠋ᠭᠡᠷ ᠰᠠᠷ᠎ᠠ ᠳᠤ ᠪᠥᠬᠦ | ᠣᠷᠣᠨ ᠤ ︽ᠲᠠᠪᠤᠨ ᠶᠡᠭᠡ ᠡᠭᠦᠷᠭᠡ︾ ᠶᠢ ᠪᠠᠲᠤᠯᠠᠬᠤ ᠵᠠᠷᠤᠯᠭ᠎ᠠ 1767 ᠳ᠋ᠦᠩᠰᠢᠭᠤᠷ ᠲᠥᠭᠦᠷᠢᠭ ᠲᠤ ᠬᠦᠷᠴᠦ᠂ | ᠡᠩ ᠤᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 38% ᠶᠢ ᠡᠵᠡᠯᠡᠪᠡ᠃ ᠡᠨᠡ ᠵᠢᠯ ᠤᠨ 1 – 9 ᠳ᠋ᠦ᠋ᠭᠡᠷ | ᠰᠠᠷ᠎ᠠ ᠳᠤ᠂ ᠪᠥᠬᠦ ᠣᠷᠣᠨ ᠤ ᠡᠩ ᠤᠨ ᠨᠡᠶᠢᠲᠡ ᠶᠢᠨ ᠲᠥᠰᠥᠪ ᠤᠨ ᠵᠠᠷᠤᠯᠭ᠎ᠠ 4651.1 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 288.3 ᠳ᠋ᠦᠩᠰᠢᠭᠤᠷ ᠲᠥᠭᠦᠷᠢᠭ ᠨᠡᠮᠡᠭᠳᠡᠨ᠂ 6. | 6% ᠪᠠᠷ ᠨᠡᠮᠡᠭᠳᠡᠵᠦ᠂ 1 – 8 ᠳ᠋ᠤᠭᠠᠷ ᠰᠠᠷ᠎ᠠ ᠶᠢᠨ ᠬᠢ ᠠᠴᠠ 1.6 ᠵᠠᠭᠤᠨ ᠤ ᠴᠡᠭ ᠳᠡᠭᠡᠭᠰᠢᠯᠡᠵᠡᠢ᠃ | ᠡᠮᠦᠨ᠎ᠡ ᠭᠤᠷᠪᠠᠨ ᠤᠯᠠᠷᠢᠯ ᠳᠤ᠂ ᠪᠥᠬᠦ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ | ᠭᠤᠣᠯᠳᠠᠯᠭ᠎ᠠ ᠲᠠᠢ ᠵᠠᠷᠤᠯᠭ᠎ᠠ ᠶᠢᠨ ᠪᠠᠲᠤᠯᠠᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ 21 | ᠵᠦᠢᠯ ᠤᠨ ᠭᠤᠣᠯ ᠪᠣᠯᠬᠤ ᠵᠠᠷᠤᠯᠭ᠎ᠠ ᠶᠢᠨ ᠲᠥᠷᠥᠯ ᠤᠨ 19 ᠵᠦᠢᠯ ᠨᠢ ᠠᠳᠠᠯᠢ ᠬᠤᠭᠤᠴᠠᠭᠠᠨ ᠤ ᠬᠢ ᠠᠴᠠ | ᠨᠡᠮᠡᠭᠳᠡᠯ ᠢᠶᠠᠨ ᠪᠠᠲᠤᠯᠠᠵᠤ᠂ ᠡᠩ ᠤᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠨᠡᠯᠢᠶᠡᠳ ᠲᠦᠷᠭᠡᠨ ᠨᠡᠮᠡᠭᠳᠡᠯ ᠢ | ᠳᠠᠶᠢᠴᠢᠯᠠᠪᠠ᠃ ᠡᠭᠦᠨ ᠳᠤ᠂ ᠰᠢᠨᠵᠢᠯᠡᠬᠦ ᠤᠬᠠᠭᠠᠨ ᠮᠡᠷᠭᠡᠵᠢᠯ᠂ ᠬᠤᠳᠠᠯᠳᠤᠭᠠᠨ ᠤ ᠦᠢᠯᠡᠴᠢᠯᠡᠭᠡᠨ ᠤ ᠦᠢᠯᠡᠰ᠂ ᠵᠠᠮ | ᠬᠠᠷᠢᠯᠴᠠᠭ᠎ᠠ ᠲᠡᠭᠡᠭᠡᠪᠦᠷᠢ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠠᠮᠤ ᠲᠣᠰᠣ ᠡᠳ᠋ ᠪᠣᠳᠠᠰ ᠤᠨ ᠨᠥᠭᠡᠴᠡ᠂ ᠡᠬᠢ | ᠪᠠᠶᠠᠯᠢᠭ ᠤᠨ ᠬᠠᠶᠢᠨ ᠰᠢᠨᠵᠢᠯᠡᠯᠲᠡ ᠶᠢᠨ ᠮᠡᠳᠡᠭᠡᠯᠡᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ | ᠵᠠᠭᠤᠴᠢᠯᠠᠭᠤᠷ᠂ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ ᠶᠢᠨ ᠨᠡᠮᠡᠭᠳᠡᠯ ᠤᠨ ᠬᠡᠮᠵᠢᠶ᠎ᠡ ᠴᠥᠮ 10% ᠶᠢ | ᠳᠠᠪᠠᠵᠤ᠂ ᠪᠣᠳᠠᠲᠠᠢ ᠨᠡᠮᠡᠭᠳᠡᠯ ᠤᠨ ᠬᠡᠮᠵᠢᠶ᠎ᠡ ᠨᠢ ᠲᠣᠰ ᠲᠣᠰ᠄ 107.1%᠂ 46.2%᠂ 17.2%᠂ 10. | 6%᠂ 13.5%᠂ 31.9%᠂ 19.8%᠂ 10.6% ᠪᠣᠯᠣᠨ᠎ᠠ᠃ ᠡᠨᠡ ᠵᠢᠯ ᠤᠨ 1 – 9 ᠳ᠋ᠦ᠋ᠭᠡᠷ | ᠰᠠᠷ᠎ᠠ ᠳᠤ᠂ ᠥᠪᠥᠷ ᠮᠣᠩᠭᠤᠯ ᠤᠨ ᠡᠩ ᠤᠨ ᠨᠡᠶᠢᠲᠡ ᠶᠢᠨ ᠲᠥᠰᠥᠪ ᠤᠨ ᠣᠷᠣᠯᠭ᠎ᠠ 2411.1 ᠳ᠋ᠦᠩᠰᠢᠭᠤᠷ | ᠲᠥᠭᠦᠷᠢᠭ ᠲᠤ ᠬᠦᠷᠴᠦ᠂ ᠵᠢᠯ ᠤᠨ ᠡᠬᠢᠨ ᠤ ᠵᠢᠱᠢᠯᠲᠡ ︵2850 ᠳ᠋ᠦᠩᠰᠢᠭᠤᠷ ᠲᠥᠭᠦᠷᠢᠭ︶ ᠶᠢᠨ 84. | 6% ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 176.6 ᠳ᠋ᠦᠩᠰᠢᠭᠤᠷ ᠲᠥᠭᠦᠷᠢᠭ ᠨᠡᠮᠡᠭᠳᠡᠨ᠂ 7. | 9% ᠪᠠᠷ ᠨᠡᠮᠡᠭᠳᠡᠪᠡ᠃ ᠡᠭᠦᠨ ᠤ ᠳᠣᠲᠣᠷ᠎ᠠ ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠡᠵᠡᠯᠡᠬᠦ ᠬᠠᠷᠢᠴᠠᠯ 74. | 4% ᠳᠤ ᠬᠦᠷᠴᠡᠢ᠃ |