ᠬᠥᠯᠥᠨ ᠪᠤᠶᠢᠷ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠲᠤᠰᠬᠠᠢ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠰᠢᠨ᠎ᠡ ᠪᠠᠷᠭᠤ ᠪᠠᠷᠠᠭᠤᠨ ᠬᠤᠰᠢᠭᠤᠨ ᠳᠤ ᠭᠦᠷᠴᠦ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/10/23
      10 ᠰᠠᠷ᠎ᠠ ᠶᠢᠨ 19᠎ ᠤ ᠡᠳᠦᠷ᠂ ᠬᠥᠯᠥᠨ ᠪᠤᠶᠢᠷ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠲᠤᠰᠬᠠᠢ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠰᠢᠨ᠎ᠡ ᠪᠠᠷᠭᠤ ᠪᠠᠷᠠᠭᠤᠨ ᠬᠤᠰᠢᠭᠤᠨ ᠳᠤ ᠭᠦᠷᠴᠦ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠤᠭᠤᠳᠬᠤ ᠶᠢᠨ ᠬᠠᠮᠲᠤ᠂ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠵᠧᠦ ᠬᠠᠢ ᠯᠢᠩ ᠬᠤᠷᠠᠯ ᠳᠤ ᠣᠷᠣᠯᠴᠠᠵᠠᠢ᠃ 
6383341329208090439896828.jpg        
           ᠬᠤᠷᠠᠯ ᠳᠡᠭᠡᠷ᠎ᠡ᠂ ᠬᠥᠯᠥᠨ ᠪᠤᠶᠢᠷ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠲᠤᠰᠬᠠᠢ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠣᠳᠠᠲᠠᠢ ᠠᠵᠢᠯ ᠤᠨ ᠰᠠᠨᠠᠯ ᠰᠠᠨᠠᠭᠤᠯᠭ᠎ᠠ ᠳᠤᠷᠠᠳᠪᠠ᠃             ᠵᠧᠦ ᠬᠠᠢ ᠯᠢᠩ᠂ ᠮᠠᠨ ᠤ ᠬᠤᠰᠢᠭᠤ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠲᠠᠨᠢᠵᠤ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠵᠥᠪ ᠴᠢᠭᠯᠡᠯ ᠢᠶᠠᠷ ᠬᠦᠴᠦᠯᠡᠵᠦ᠂ ᠲᠣᠰ ᠤᠳᠠᠭᠠᠨ ᠤ ᠱᠠᠯᠠᠪᠳᠠᠭᠤᠯᠤᠨ ᠪᠠᠶᠢᠴᠠᠭᠠᠯᠲᠠ ᠪᠠᠷ ᠲᠣᠬᠢᠶᠠᠯ ᠪᠣᠯᠭᠠᠨ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠲᠥᠷᠥᠯ ᠵᠦᠢᠯ ᠤᠨ ᠪᠡᠯᠡ ᠮᠥᠩᠭᠦ ᠶᠢ ᠬᠡᠷᠡᠭᠯᠡᠬᠦ ᠪᠠ ᠣᠶ ᠰᠢᠭᠤᠢ ᠨᠤᠲᠤᠭ ᠪᠡᠯᠴᠢᠭᠡᠷ ᠤᠨ ᠲᠤᠰᠬᠠᠢ ᠪᠡᠯᠡ ᠮᠥᠩᠭᠦ ᠶᠢ ᠰᠠᠯᠭᠠᠨ ᠥᠭᠬᠦ ᠠᠵᠢᠯ ᠤᠨ ᠡᠭᠦᠷᠭᠡ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠴᠢᠩᠭ᠎ᠠ ᠱᠠᠭᠠᠷᠳᠠᠯᠭ᠎ᠠ᠂ ᠪᠣᠳᠠᠲᠠᠢ ᠠᠷᠭ᠎ᠠ ᠬᠡᠮᠵᠢᠶ᠎ᠡ ᠪᠠᠷ ᠣᠶ ᠰᠢᠭᠤᠢ ᠨᠤᠲᠤᠭ ᠪᠡᠯᠴᠢᠭᠡᠷ ᠤᠨ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃  
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号