ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠣᠳᠤᠭ ᠪᠡᠯᠴᠢᠭᠡᠷ ᠤᠨ ᠲᠣᠪᠴᠢᠶ᠎ᠠ ᠶᠢᠨ ︽2023 ᠣᠨ ᠤ | ᠨᠠᠷᠠᠰᠤᠨ ᠮᠣᠳᠣᠨ ᠤ ᠤᠲᠠᠰᠤᠯᠢᠭ ᠬᠤᠷᠣᠬᠠᠢ ᠶᠢᠨ ᠡᠪᠡᠳᠴᠢᠨ ᠤ ᠬᠢᠵᠢᠭ ᠤᠨ ᠪᠠᠶᠢᠳᠠᠯ ᠤᠨ ᠨᠠᠮᠤᠷ ᠤᠨ | ᠤᠯᠠᠷᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ | ᠬᠢᠵᠢᠭ ᠪᠠᠶᠢᠴᠠᠭᠠᠬᠤ ᠶᠡᠷᠦᠩᠬᠡᠢ ᠥᠷᠲᠡᠭᠡ ᠶᠢᠨ ᠮᠡᠳᠡᠭᠳᠡᠯ︾ ᠤᠨ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ 9 ᠰᠠᠷ᠎ᠠ ᠶᠢᠨ ᠡᠬᠢ ᠠᠴᠠ ᠡᠬᠢᠯᠡᠨ᠂ ᠷᠠᠰᠢᠶᠠᠨ ᠬᠤᠲᠠ ᠶᠢᠨ ᠣᠶ ᠰᠢᠭᠤᠢ | ᠨᠣᠳᠤᠭ ᠪᠡᠯᠴᠢᠭᠡᠷ ᠤᠨ ᠲᠣᠪᠴᠢᠶ᠎ᠠ ᠶᠢᠨ ᠦᠢᠯᠡᠴᠢᠯᠡᠭᠡᠨ ᠤ ᠲᠥᠪ 2023 ᠣᠨ ᠤ ᠨᠠᠷᠠᠰᠤᠨ ᠮᠣᠳᠣᠨ ᠤ | ᠤᠲᠠᠰᠤᠯᠢᠭ ᠬᠤᠷᠣᠬᠠᠢ ᠶᠢᠨ ᠡᠪᠡᠳᠴᠢᠨ ᠤ ᠬᠢᠵᠢᠭ ᠤᠨ ᠪᠠᠶᠢᠳᠠᠯ ᠤᠨ ᠨᠠᠮᠤᠷ ᠤᠨ ᠤᠯᠠᠷᠢᠯ ᠤᠨ ᠨᠠᠷᠠᠰᠤᠨ ᠣᠶ ᠶᠢᠨ | ᠨᠡᠶᠢᠳᠡᠮ ᠪᠠᠶᠢᠴᠠᠭᠠᠯᠲᠠ ᠶᠢᠨ ᠵᠢᠵᠢᠭ ᠠᠩᠭᠢ ᠭᠠᠳᠡᠷ ᠠᠵᠢᠯ ᠤᠨ ᠪᠠᠶᠢᠴᠠᠭᠠᠯᠳᠡ ᠶᠢᠨ ᠠᠵᠢᠯ ᠢ ᠪᠦᠬᠦ ᠲᠠᠯ᠎ᠠ ᠪᠠᠷ | ᠦᠷᠨᠢᠬᠦᠯᠪᠡ᠃ | ᠲᠤᠰ ᠤᠳᠠᠭᠠᠨ ᠤ ᠨᠡᠶᠢᠳᠡᠮ ᠤᠨ ᠪᠠᠶᠢᠴᠠᠭᠠᠯᠲᠠ ᠳᠤ ᠵᠠᠮ ᠱᠤᠭᠤᠮ ᠤᠨ ᠪᠠᠶᠢᠴᠠᠭᠠᠯᠲᠠ᠂ ᠭᠤᠣᠯᠳᠠᠯᠭ᠎ᠠ | ᠲᠠᠢ ᠪᠠᠶᠢᠴᠠᠭᠠᠯᠲᠠ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢ ᠤᠶᠠᠯᠳᠤᠭᠤᠯᠤᠭᠰᠠᠨ ᠪᠠᠶᠢᠴᠠᠭᠠᠯᠲᠠ ᠶᠢᠨ | ᠠᠷᠭ᠎ᠠ ᠶᠢ ᠠᠪᠴᠤ᠂ ᠱᠠᠭᠠᠷᠳᠠᠯᠭ᠎ᠠ ᠶᠣᠰᠣᠭᠠᠷ ᠰᠢᠨ᠎ᠡ ᠬᠡᠯᠪᠡᠷᠢ ᠶᠢᠨ ᠨᠠᠷᠠᠰᠤᠨ ᠮᠣᠳᠣᠨ ᠤ ᠤᠲᠠᠰᠤᠯᠢᠭ | ᠬᠤᠷᠣᠬᠠᠢ ᠶᠢᠨ ᠡᠪᠡᠳᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠨ ᠬᠠᠮᠢᠶᠠᠷᠬᠤ ᠲᠠᠪᠴᠠᠩ ᠤᠨ | ᠰᠢᠯᠵᠢᠮᠡᠯ ᠦᠵᠦᠭᠦᠷ ᠢ ᠬᠡᠷᠡᠭᠯᠡᠨ APP ᠶᠢ ᠬᠢᠨᠠᠨ ᠬᠡᠮᠵᠢᠵᠦ᠂ ᠡᠭᠦᠰᠦᠭᠰᠡᠨ ᠭᠠᠵᠠᠷ᠂ ᠲᠥᠷᠥᠯ ᠵᠦᠢᠯ᠂ | ᠡᠪᠡᠳᠴᠢᠨ ᠢᠶᠠᠷ ᠦᠬᠦᠭᠰᠡᠨ ᠪᠠ ᠪᠤᠰᠤᠳ ᠰᠢᠯᠲᠠᠭᠠᠨ ᠢᠶᠠᠷ ᠦᠬᠦᠭᠰᠡᠨ ᠨᠠᠷᠠᠰᠤᠨ ᠮᠣᠳᠣᠨ ᠤ ᠲᠤᠭ᠎ᠠ ᠬᠡᠮᠵᠢᠶ᠎ᠡ᠂ | ᠣᠶ ᠶᠢᠨ ᠬᠡᠰᠡᠭᠯᠡᠯ ᠤᠨ ᠪᠠᠶᠢᠳᠠᠯ ᠵᠡᠷᠭᠡ ᠰᠠᠭᠤᠷᠢ ᠮᠡᠳᠡᠭᠡ ᠵᠠᠩᠭᠢ ᠶᠢ ᠪᠠᠶᠢᠴᠠᠭᠠᠨ ᠲᠡᠮᠳᠡᠭᠯᠡᠬᠦ ᠶᠢᠨ ᠬᠠᠮᠲᠤ᠂ | ᠦᠵᠡᠭᠳᠡᠮᠡᠯ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠴᠤᠭᠯᠠᠭᠤᠯᠤᠨ ᠳᠡᠭᠡᠭᠰᠢ ᠳᠠᠮᠵᠢᠭᠤᠯᠵᠤ᠂ ᠨᠠᠮᠣᠷ ᠤᠨ | ᠪᠠᠶᠢᠴᠠᠭᠠᠯᠳᠡ ᠶᠢᠨ ᠡᠭᠦᠷᠭᠡᠳᠣ ᠪᠠᠭ᠎ᠠ ᠠᠩᠭᠢ ᠶᠢᠨ ᠨᠡᠶᠢᠳᠡᠮ ᠪᠠᠶᠢᠴᠠᠭᠠᠯᠲᠠ ᠶᠢᠨ ᠨᠣᠷᠮ᠎ᠠ 100% ᠳᠤ ᠬᠦᠷᠪᠡ᠃ | ᠣᠲᠣ ᠪᠣᠯᠲᠠᠯ᠎ᠠ᠂ ᠷᠠᠰᠢᠶᠠᠨ ᠬᠤᠲᠠ ︵ᠲᠢᠶᠠᠨ ᡂᠢ ᠪᠠᠯᠭᠠᠰᠤ︶ ᠶᠢᠨ ᠬᠠᠷᠢᠶ᠎ᠠ ᠲᠣᠭᠤᠷᠢᠭ ᠤᠨ 340 | ᠨᠠᠮᠤᠷ ᠤᠨ ᠤᠯᠠᠷᠢᠯ ᠤᠨ ᠪᠠᠶᠢᠴᠠᠭᠠᠯᠳᠠ ᠳᠤ᠂ ᠶᠡᠷᠦᠩᠬᠡᠢ ᠲᠠᠯᠠᠪᠠᠶ ᠨᠢ 5.5110 ᠲᠦᠮᠡᠨ ᠮᠦ᠂ ᠨᠠᠷᠠᠰᠤᠨ | ᠮᠣᠳᠣᠨ ᠤ ᠤᠲᠠᠰᠤᠯᠢᠭ ᠬᠤᠷᠣᠬᠠᠢ ᠶᠢᠨ ᠬᠢᠵᠢᠭ ᠤᠨ ᠪᠠᠶᠢᠳᠠᠯ ᠤᠨ ᠨᠠᠮᠤᠷ ᠤᠨ ᠤᠯᠠᠷᠢᠯ ᠤᠨ ᠨᠡᠶᠢᠳᠡᠮ | ᠪᠠᠶᠢᠴᠠᠭᠠᠯᠲᠠ ᠶᠢᠨ ᠡᠭᠦᠷᠭᠡ ᠶᠢ ᠴᠠᠭ ᠲᠤᠬᠠᠢ ᠳᠤᠨᠢ ᠠᠮᠵᠢᠯᠳᠠ ᠲᠠᠢ ᠪᠡᠶᠡᠯᠡᠭᠦᠯᠦᠭᠰᠡᠨ ᠪᠠᠶᠢᠨ᠎ᠠ᠃ | |